


ᠴᠠᠭ ᠲᠦᠷᠦ
·ᠰᠢ ᠵᠢᠨ ᠫᠢᠩ᠎ᠤᠨ ᠰᠢᠨ᠎ᠡ ᠴᠠᠭ
ᠦᠶ᠎ᠡ ᠵᠢᠨ ᠳᠤᠮᠳᠠᠳᠤ ᠤᠯᠤᠰ᠎ᠤᠨ ᠤᠨᠴᠠᠯᠢᠬ ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ
ᠢᠯᠠᠩᠭᠤᠶ᠎ᠠ ᠰᠢ ᠵᠢᠨ ᠫᠢᠩ᠎ᠤᠨ ᠠᠮᠢ ᠠᠬᠤᠢ ᠵᠢᠨ ᠪᠤᠯᠪᠠᠰᠤᠨ᠎ᠤ ᠦᠵᠡᠯ ᠰᠠᠨᠠᠭ᠎ᠠ ᠵᠢ ᠬᠦᠨᠵᠡᠭᠡᠢ
ᠰᠤᠷᠤᠯᠴᠠᠨ ᠲᠤᠭᠤᠰᠢᠯᠠᠭᠤᠯᠬᠤ ᠵᠢᠨ ᠲᠦᠯᠦᠭᠡ᠂ ᠲᠦᠪ ᠤᠨ ᠤᠬᠠᠭᠤᠯᠬᠤ ᠭᠡᠯᠳᠡᠰ᠂ ᠠᠮᠢ ᠠᠬᠤᠢ ᠤᠷᠴᠢᠨ ᠲᠤᠭᠤᠷᠢᠨ᠎ᠤ ᠶᠠᠮᠤᠨ ᠡᠴᠡ ᠵᠤᠬᠢᠶᠠᠨ ᠪᠠᠢᠭᠤᠯᠵᠤ
ᠨᠠᠢᠷᠠᠭᠤᠯᠤᠬᠰᠠᠨ《ᠰᠢ ᠵᠢᠨ ᠫᠢᠩ᠎ᠤᠨ ᠠᠮᠢ ᠠᠬᠤᠢ ᠵᠢᠨ
ᠪᠤᠯᠪᠠᠰᠤᠨ᠎ᠤ ᠦᠵᠡᠯ ᠰᠠᠨᠠᠭ᠎ᠠ ᠵᠢᠨ ᠰᠤᠷᠤᠯᠴᠠᠯᠭ᠎ᠠ ᠵᠢᠨ ᠬᠦᠲᠦᠯᠪᠤᠷᠢ》ᠭᠡᠬᠦ ᠨᠤᠮ᠎ᠢ ᠰᠤᠷᠤᠯᠴᠠᠯᠭ᠎ᠠ ᠬᠡᠪᠯᠡᠯ᠎ᠤᠨ ᠬᠤᠷᠢᠶ᠎ᠠ᠂ ᠠᠷᠠᠳ᠎ᠤᠨ
ᠬᠡᠪᠯᠡᠯ᠎ᠤᠨ ᠬᠤᠷᠢᠶ᠎ᠠ ᠬᠠᠮᠳᠤᠷᠠᠨ ᠬᠡᠪᠯᠡᠬᠦᠯᠵᠤ᠂ 7 ᠰᠠᠷ᠎ᠠ ᠵᠢᠨ 30᠎ᠤ ᠡᠳᠤᠷ ᠡᠴᠡ ᠡᠬᠢᠯᠡᠨ ᠪᠦᠬᠦ ᠤᠯᠤᠰ᠎ᠲᠦ
ᠳᠠᠷᠬᠠᠭᠠᠪᠠ᠃

ᠨᠡᠢᠭᠡᠮ
·ᠤᠷᠴᠢᠮᠬᠠᠨ ᠦᠪᠡᠷᠲᠡᠭᠡᠨ ᠵᠠᠰᠠᠬᠤ ᠤᠷᠤᠨ᠎ᠤ ᠦᠶᠡᠷ᠎ᠢ ᠰᠡᠷᠭᠡᠢᠯᠡᠵᠤ ᠭᠠᠩ ᠬᠠᠬᠰᠠᠷᠠᠭᠠᠨ ᠲᠠᠢ ᠲᠡᠮᠡᠴᠡᠬᠦ
ᠵᠢᠯᠤᠭᠤᠳᠬᠤ ᠭᠠᠵᠠᠷ ᠡᠴᠡ ᠬᠦᠬᠡᠬᠤᠳᠠ᠂ ᠪᠤᠭᠤᠳᠤ ᠬᠤᠲᠠ᠂ ᠤᠷᠳᠤᠰ ᠬᠤᠳᠠ᠂ ᠪᠠᠶᠠᠠᠨᠠᠭᠤᠷ ᠬᠤᠳᠠ᠂ ᠦᠬᠠᠢ
ᠬᠤᠳᠠ᠂ ᠠᠯᠠᠱᠠ ᠠᠢᠮᠠᠭ᠎ᠤᠨ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠳᠠ ᠵᠢᠨ ᠰᠠᠯᠠᠭ᠎ᠠ ᠮᠦᠴᠢᠷ᠎ᠢ
ᠵᠤᠬᠢᠶᠠᠨ ᠪᠠᠢᠭᠤᠯᠵᠤ᠂ ᠪᠠᠶᠠᠠᠨᠠᠭᠤᠷ ᠬᠤᠳᠠ᠎ᠳᠤ ᠬᠠᠳᠤᠨ ᠭᠤᠤᠯ ᠳᠠᠭᠠᠤ 6 ᠠᠢᠮᠠᠭ ᠬᠤᠳᠠ ᠵᠢᠨ ᠦᠶᠡᠷ ᠲᠠᠢ ᠳᠡᠮᠡᠴᠡᠨ ᠠᠶᠤᠯ ᠡᠴᠡ ᠠᠪᠤᠷᠠᠬᠤ
ᠬᠠᠮᠳᠤᠷᠠᠯᠴᠠᠭᠠᠨ᠎ᠤ ᠬᠡᠯᠡᠯᠴᠡᠭᠡᠷ᠎ᠲᠦ ᠭᠠᠷᠤᠨ ᠦᠰᠦᠭ ᠵᠢᠷᠤᠪᠠ᠃
·ᠬᠦᠬᠡᠬᠤᠳᠠ᠂ ᠪᠤᠭᠤᠳᠤ᠂ ᠤᠷᠳᠤᠰ ᠂ ᠤᠯᠠᠭᠠᠠᠴᠠᠪ ᠵᠡᠷᠭᠡ 4 ᠬᠤᠳᠠ ᠵᠢᠨ《120 ᠪᠠᠴᠢᠮ ᠠᠪᠤᠷᠠᠯᠳᠠ》ᠵᠢᠨ ᠮᠡᠳᠡᠭᠡ ᠵᠠᠩᠭᠢᠵᠢᠯᠠᠭᠤᠯᠤᠬᠰᠠᠨ ᠤᠢᠯᠡᠴᠢᠯᠡᠭᠡᠨ᠎ᠤ ᠰᠢᠰᠲᠸᠮ ᠡᠨᠡ ᠵᠢᠯ
ᠬᠠᠷᠢᠯᠴᠠᠨ ᠬᠤᠯᠪᠤᠭᠠᠯᠠᠵᠤ ᠨᠡᠪᠲᠡᠷᠡᠬᠦ ᠪᠤᠯᠤᠨ᠎ᠠ᠃

·ᠤᠢᠷ᠎ᠠ᠎ᠳᠤ ᠰᠢᠯᠢ ᠵᠢᠨ ᠭᠤᠤᠯ ᠠᠵᠢᠯ ᠮᠡᠷᠭᠡᠵᠢᠯ᠎ᠤᠨ ᠳᠡᠭᠡᠳᠤ ᠰᠤᠷᠭᠠᠭᠤᠯᠢ《ᠦᠪᠡᠷᠲᠡᠭᠡᠨ ᠵᠠᠰᠠᠬᠤ ᠤᠷᠤᠨ᠎ᠤ ᠰᠢᠨ᠎ᠡ ᠴᠠᠭ ᠦᠶ᠎ᠡ ᠵᠢᠨ ᠰᠤᠷᠭᠠᠨ
ᠬᠦᠮᠦᠵᠢᠯ᠎ᠤᠨ ᠦᠨᠡᠯᠡᠯᠳᠡ᠎ᠳᠤ ᠦᠭᠡᠷᠡᠴᠢᠯᠡᠯᠳᠡ ᠬᠢᠬᠦ ᠵᠢ ᠭᠦᠨᠵᠡᠭᠡᠢᠷᠡᠬᠦᠯᠬᠦ ᠳᠤᠷᠰᠢᠯᠳᠠ ᠵᠢᠨ ᠶᠡᠬᠡ
ᠳᠡᠭᠡᠳᠤ ᠰᠤᠷᠭᠠᠭᠤᠯᠢ》ᠵᠢᠨ ᠢᠷᠠᠭᠤ ᠠᠯᠳᠠᠷ᠎ᠢ
ᠬᠦᠷᠳᠡᠵᠤ᠂ ᠪᠦᠬᠦ ᠤᠷᠤᠨ᠎ᠤ 6 ᠳᠤᠷᠰᠢᠯᠳᠠ ᠵᠢᠨ
ᠶᠡᠬᠡ ᠳᠡᠭᠡᠳᠤ ᠰᠤᠷᠭᠠᠭᠤᠯᠢ ᠵᠢᠨ ᠨᠢᠭᠡ ᠨᠢ ᠪᠤᠯᠵᠠᠢ᠃
·ᠤᠷᠳᠤᠰ ᠬᠤᠳᠠ ᠵᠢᠨ ᠤᠶᠤᠨᠳᠤ ᠰᠦᠯᠵᠢᠶᠡᠨ᠎ᠤ ᠰᠢᠨ᠎ᠡ ᠵᠢ ᠡᠭᠦᠳᠬᠦ ᠲᠦᠪ᠎ᠤᠨ ᠳᠤᠰᠬᠠᠢ
ᠮᠡᠷᠭᠡᠵᠢᠯᠳᠡᠨ᠎ᠤ ᠵᠦᠪᠯᠡᠯ ᠤᠢᠷ᠎ᠠ᠎ᠳᠤ ᠪᠠᠢᠭᠤᠯᠤᠬᠳᠠᠪᠠ᠃
·ᠬᠦᠯᠦᠨ ᠪᠤᠢᠷ ᠬᠤᠳᠠ ᠵᠢᠨ ᠰᠢᠨ᠎ᠡ ᠪᠠᠷᠭᠤ ᠪᠠᠷᠠᠭᠤᠨ ᠬᠤᠰᠢᠭᠤ ᠪᠡᠷ ᠨᠤᠲᠤᠬᠳᠠᠢ ᠵᠠᠯᠠᠭᠤ ᠳᠠᠭᠤᠴᠢᠨ ᠨᠠᠰᠤᠠᠪᠦ᠋ᠬᠡ
ᠨᠤᠲᠤᠭ᠎ᠤᠨ ᠵᠢᠡᠨ ᠮᠠᠯᠴᠢᠳ᠎ᠤᠨ ᠬᠠᠨᠳᠢᠪᠯᠠᠬᠰᠠᠨ 7 ᠲᠦᠮᠡ ᠭᠠᠷᠤᠢ ᠲᠦᠭᠦᠷᠢᠭ ᠤᠨ ᠦᠷᠳᠡᠭ ᠪᠦᠬᠦᠢ 480 ᠪᠤᠭᠤᠯᠳᠠ ᠡᠪᠡᠰᠦ᠂ 5000 ᠭᠠᠷᠤᠢ ᠲᠦᠭᠦᠷᠢᠭ᠎ᠤᠨ
ᠬᠠᠨᠳᠢᠪ᠎ᠤᠨ ᠮᠦᠩᠬᠦ ᠵᠢ ᠤᠷᠴᠢᠮᠬᠠᠨ ᠰᠦᠨᠢᠳ ᠪᠠᠷᠠᠭᠤᠨ ᠬᠤᠰᠢᠭᠤᠨ᠎ᠤ ᠦᠷᠭᠡᠨᠳᠠᠯᠠ ᠪᠠᠯᠭᠠᠰᠤᠨ᠎ᠤ
ᠰᠠᠷᠠᠭᠤᠯᠳᠠᠯ᠎ᠠ ᠭᠠᠴᠠᠭᠠᠨ᠎ᠤ ᠮᠠᠯᠴᠢᠳ᠎ᠲᠦ ᠬᠦᠷᠭᠡᠨ ᠢᠷᠡᠵᠤ᠂ ᠮᠠᠯᠴᠢᠳ᠎ᠤᠨ ᠰᠡᠳᠬᠢᠯ᠎ᠢ ᠠᠷᠢᠭᠤᠨ ᠬᠠᠢᠷ᠎ᠠ
ᠵᠢᠨ ᠬᠤᠷ᠎ᠠ ᠪᠡᠷ ᠤᠮᠳᠠᠯᠠᠯᠠ᠃

·ᠤᠢᠷ᠎ᠠ᠎ᠳᠤ ᠤᠷᠠᠳ᠎ᠤᠨ ᠳᠤᠮᠳᠠᠳᠤ ᠬᠤᠰᠢᠭᠤ 359.4 ᠲᠦᠮᠡᠨ ᠲᠦᠭᠦᠷᠢᠭ᠎ᠤᠨ ᠪᠡᠯᠡ ᠤᠷᠤᠭᠤᠯᠵᠤ᠂
ᠬᠠᠯᠢᠭᠤᠳᠤ ᠪᠠᠯᠭᠠᠰᠤᠨ᠎ᠤ ᠸᠸᠨ ᠮᠢᠩ᠂ ᠵᠢᠶᠠ ᠡᡁᠸ᠂ ᠵᠢᠨᠳ᠋ᠢᠩ ᠭᠦᠸᠸ ᠵᠢᠢ ᠵᠡᠷᠭᠡ ᠭᠤᠷᠪᠠᠨ ᠰᠠᠭᠤᠭᠠᠯᠢ
ᠠᠷᠠᠳ᠎ᠤᠨ ᠲᠤᠭᠤᠷᠢᠭ᠎ᠤᠨ ᠡᠷᠬᠢᠨ ᠳᠤᠭᠤᠷᠢᠨ᠎ᠳᠤ 3 ᠠᠷᠠᠳ᠎ᠲᠦ ᠳᠦᠭᠦᠮ ᠦᠵᠡᠬᠦᠯᠬᠦ ᠲᠡᠷᠭᠡᠨ ᠵᠤᠬᠰᠤᠭᠠᠯ ᠪᠠᠢᠭᠤᠯᠵᠤ᠂ ᠪᠠᠷᠢᠯᠭ᠎ᠠ ᠵᠢᠨ ᠳᠠᠯᠠᠪᠠᠢ ᠨᠢ 2.08 ᠲᠦᠮᠡᠨ ᠳᠡᠭᠰᠢ
ᠳᠦᠷᠪᠡᠯᠵᠢᠨ ᠮᠸᠲᠷ᠎ᠲᠦ ᠬᠦᠷᠴᠠᠢ᠃
·ᠠᠪᠠᠭ᠎ᠠ ᠬᠤᠰᠢᠭᠤ 7 ᠰᠤᠮᠤ ᠪᠠᠯᠭᠠᠰᠤᠨ᠎ᠤ
ᠳᠡᠰ᠂ 71 ᠭᠠᠴᠠᠭᠠᠨ᠎ᠤ ᠳᠡᠰ᠎ᠤᠨ ᠡᠯᠸᠺᠲᠷᠤᠨ
ᠬᠤᠳᠠᠯᠳᠤᠭ᠎ᠠ ᠵᠢᠨ ᠪᠠᠷᠠᠭ᠎ᠠ ᠳᠠᠸᠠᠷ᠎ᠢ ᠢᠯᠡᠭᠡᠨ ᠬᠦᠷᠭᠡᠬᠦ ᠨᠡᠢᠳᠡ ᠵᠢᠨ ᠤᠢᠯᠡᠴᠢᠯᠡᠭᠡᠨ᠎ᠤ ᠴᠡᠭ
ᠪᠠᠢᠭᠤᠯᠵᠤ᠂ ᠮᠠᠯᠴᠢᠳ᠎ᠤᠨ ᠰᠦᠯᠵᠢᠶᠡᠨ ᠡᠴᠡ ᠠᠪᠤᠬᠰᠠᠨ ᠪᠠᠷᠠᠭ᠎ᠠ ᠳᠠᠸᠠᠷ᠎ᠢ ᠴᠠᠭ ᠳᠤᠬᠠᠢ᠎ᠳᠤ ᠨᠢ
ᠬᠦᠷᠭᠡᠬᠦ ᠠᠰᠠᠭᠤᠳᠠᠯ ᠢ ᠰᠢᠢᠳᠪᠤᠷᠢᠯᠡᠵᠤ ᠪᠠᠢᠨ᠎ᠠ᠃

·2020 ᠤᠨ᠎ᠤ 5 ᠰᠠᠷ᠎ᠠ ᠡᠴᠡ ᠡᠨᠡ
ᠵᠢᠯ᠎ᠤᠨ 6 ᠰᠠᠷ᠎ᠠ ᠪᠤᠯᠳᠠᠯ᠎ᠠ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ᠎ᠤ
ᠬᠤᠩ ᠠᠨᠳᠠ ᠮᠢᠶᠤᠤ ᠦᠬᠡᠷ ᠬᠤᠨᠢᠨ᠎ᠤ ᠠᠷᠠᠯᠵᠢᠶᠡᠨ᠎ᠤ ᠵᠠᠬ᠎ᠠ ᠵᠢᠨ ᠦᠬᠡᠷ ᠬᠤᠨᠢᠨ᠎ᠤ ᠠᠷᠠᠯᠵᠢᠶᠡᠨ᠎ᠤ
ᠶᠡᠷᠤᠩᠬᠡᠢ ᠦᠷᠳᠡᠭ ᠨᠢ 42ᠳ᠋ᠦᠩᠰᠢᠭᠤᠷ ᠲᠦᠭᠦᠷᠢᠭ᠎ᠢ ᠳᠠᠪᠠᠵᠠᠢ᠃
·ᠰᠤᠷᠭᠠᠨ ᠬᠦᠮᠦᠵᠢᠯ᠎ᠤᠨ ᠶᠠᠮᠤᠨ ᠵᠡᠷᠭᠡ ᠳᠠᠪᠤᠨ ᠰᠠᠯᠠᠭ᠎ᠠ ᠮᠦᠴᠢᠷ
ᠮᠡᠳᠡᠭᠳᠡᠯ ᠭᠠᠷᠭᠠᠵᠤ᠂ ᠰᠤᠷᠤᠬᠴᠢᠳ᠎ᠤᠨ ᠤᠰᠤᠨ᠎ᠳᠤ ᠤᠨᠠᠬᠤ ᠬᠡᠷᠡᠭᠡᠭᠦᠰᠬᠦ ᠵᠢ ᠡᠷᠡᠰ ᠰᠡᠷᠭᠡᠢᠯᠡᠨ
ᠬᠤᠷᠢᠬᠯᠠᠬᠤ ᠬᠡᠷᠡᠭᠳᠡᠢ ᠭᠡᠵᠤ ᠱᠠᠭᠠᠷᠳᠠᠵᠠᠢ᠃
·ᠪᠡᠭᠡᠵᠢᠩ ᠬᠤᠳᠠ ᠵᠢᠨ ᠬᠢᠨ ᠨᠡᠢᠳᠡ ᠵᠢᠨ ᠬᠤᠷᠠᠮᠳᠤᠭᠤᠯᠭ᠎ᠠ ᠵᠢᠨ ᠮᠦᠩᠬᠦ
ᠵᠢᠨ ᠳᠤᠰᠢᠶᠠᠨ ᠬᠠᠳᠠᠭᠠᠯᠠᠭᠤᠯᠬᠤ ᠰᠠᠭᠤᠷᠢ ᠳᠤᠭᠠᠨ᠎ᠤ ᠳᠡᠭᠡᠳᠤ ᠬᠢᠵᠠᠭᠠᠷ᠎ᠢ ᠳᠡᠭᠡᠭᠰᠢᠯᠡᠬᠦᠯᠵᠤ᠂ ᠰᠠᠷ᠎ᠠ
ᠪᠦᠷᠢ ᠬᠠᠮᠤᠭ᠎ᠤᠨ ᠤᠯᠠᠨ᠎ᠳᠠᠭᠠᠨ 7652 ᠲᠦᠭᠦᠷᠢᠭ ᠳᠤᠰᠢᠶᠠᠨ ᠬᠠᠳᠠᠭᠠᠯᠠᠭᠤᠯᠵᠤ ᠳᠡᠢᠯᠬᠦ ᠪᠤᠯᠵᠤ᠂ ᠡᠨᠡ ᠨᠢ
ᠨᠢᠳᠤᠨᠤᠨ᠎ᠤ ᠬᠢ ᠡᠴᠡ 878 ᠲᠦᠭᠦᠷᠢᠭ ᠳᠡᠭᠡᠭᠰᠢᠯᠡᠵᠡᠢ᠃
ᠰᠤᠶᠤᠯ
·7 ᠰᠠᠷ᠎ᠠ ᠵᠢᠨ 31᠎ᠤ ᠡᠳᠤᠷ᠂ ᠦᠪᠤᠷ
ᠮᠤᠩᠭᠤᠯ᠎ᠤᠨ ᠤᠷᠠᠯᠢᠭ ᠵᠦᠴᠦᠭᠡ ᠵᠢᠨ ᠬᠦᠷᠢᠶᠡᠯᠡᠩ᠎ᠤᠨ ᠼᠢᠷᠺ᠎ᠤᠨ ᠪᠦᠯᠬᠦᠮ᠎ᠤᠨ《ᠮᠠᠨ᠎ᠤ ᠰᠠᠢᠨ ᠰᠠᠢᠬᠠᠨ
ᠠᠮᠢᠳᠤᠷᠠᠯ》ᠭᠡᠬᠦ ᠼᠢᠷᠺ᠎ᠤᠨ ᠵᠦᠴᠦᠭᠡ ᠵᠢᠨ ᠳᠤᠬᠯᠠᠯᠳᠠ ᠦᠪᠤᠷ ᠮᠤᠩᠭᠤᠯ᠎ᠤᠨ ᠤᠷᠠᠯᠢᠭ
ᠵᠦᠴᠦᠭᠡ ᠵᠢᠨ ᠬᠦᠷᠢᠶᠡᠯᠡᠩ᠎ᠤᠨ ᠳᠠᠭᠤᠤ ᠬᠦᠭᠵᠢᠮ᠎ᠤᠨ ᠳᠢᠩᠬᠢᠮ᠎ᠳᠤ ᠶᠠᠪᠤᠬᠳᠠᠨ᠎ᠠ᠃

·ᠤᠷᠴᠢᠮᠬᠠᠨ ᠲᠤᠤ ᠹᠸᠨ ᠰᠠᠭᠤᠷᠢ ᠮᠦᠩᠬᠦᠨ᠎ᠤ ᠨᠡᠢᠭᠡᠮᠯᠢᠭ ᠡᠴᠡ ᠬᠦᠪᠡᠭᠡᠳᠤ ᠰᠢᠷ᠎ᠠ ᠬᠤᠰᠢᠭᠤᠨ᠎ᠤ 5 ᠳᠤᠮᠳᠠᠳᠤ ᠪᠠᠭ᠎ᠠ ᠰᠤᠷᠭᠠᠭᠤᠯᠢ ᠳᠤ 100 ᠲᠦᠮᠡᠨ ᠲᠦᠭᠦᠷᠢᠭ᠎ᠤᠨ ᠦᠷᠳᠡᠭ ᠪᠦᠬᠦᠢ 28 ᠲᠦᠮᠨ ᠭᠠᠷᠤᠢ ᠳᠡᠪᠳᠡᠷ ᠨᠤᠮ ᠬᠠᠨᠳᠢᠪᠯᠠᠪᠠ᠃
·ᠤᠢᠷ᠎ᠠ᠎ᠳᠤ ᠦᠪᠤᠷ ᠮᠤᠩᠭᠤᠯ᠎ᠤᠨ ᠶᠡᠬᠡ ᠰᠤᠷᠭᠠᠭᠤᠯᠢ ᠵᠢᠨ ᠨᠠᠰᠤᠠᠠᠤᠷᠳᠤ ᠵᠡᠷᠭᠡ ᠡᠷᠳᠡᠮᠳᠡᠳ ᠪᠠ
ᠤᠷᠤᠨ ᠨᠤᠲᠤᠭ᠎ᠤᠨ ᠬᠢᠳᠠᠨ ᠰᠤᠶᠤᠯ᠎ᠤᠨ ᠪᠠᠬᠠᠳᠠᠳ ᠪᠠᠭᠠᠷᠢᠨ ᠵᠡᠬᠦᠨ ᠬᠤᠰᠢᠭᠤᠨ᠎ᠤ ᠯᠢᠨᠳᠦ᠋ᠩ ᠪᠠᠯᠭᠠᠰᠤᠨ᠎ᠤ
ᠰᠢᠩ ᠯᠦᠩ ᠵᠤᠸᠠᠩ ᠳᠤᠰᠬᠤᠨ᠎ᠤ ᠬᠠᠳᠠᠳᠤ ᠠᠢᠯ᠎ᠤᠨ ᠠᠷᠤ ᠵᠢᠨ ᠠᠭᠤᠯᠠᠨ᠎ᠳᠤ ᠬᠦᠷᠴᠤ ᠲᠤᠭᠤᠷᠢᠨ ᠦᠵᠡᠬᠦ
ᠶᠠᠪᠤᠴᠠ᠎ᠳᠠᠭᠠᠨ ᠵᠡᠭᠦᠨᠰᠢ ᠬᠠᠨᠳᠤᠬᠰᠠᠨ ᠪᠤᠰᠤᠭ᠎ᠠ ᠬᠠᠳᠠᠨ ᠨᠦᠮᠦᠷᠢ ᠡᠴᠡ ᠬᠢᠳᠠᠨ᠂ ᠬᠢᠳᠠᠳ᠂ ᠤᠢᠭᠤᠷᠵᠢᠨ
ᠮᠤᠩᠭᠤᠯ ᠭᠤᠷᠪᠠᠨ ᠲᠦᠷᠦᠯ᠎ᠤᠨ ᠬᠡᠯᠡ ᠪᠡᠷ ᠪᠢᠴᠢᠭᠳᠡᠭᠰᠡᠨ ᠬᠠᠳᠠᠨ ᠪᠢᠴᠢᠭ᠎ᠢ ᠢᠯᠡᠷᠡᠬᠦᠯᠵᠡᠢ᠃
·ᠤᠢᠷ᠎ᠠ ᠵᠢᠨ ᠡᠳᠤᠷ ᠦᠤᠰᠢᠨ ᠬᠤᠰᠢᠭᠤᠨ᠎ᠤ ᠤᠳᠬ᠎ᠠ ᠤᠷᠠᠯᠢᠭ᠎ᠤᠨ ᠬᠢᠨ ᠤ ᠬᠤᠯᠪᠤᠭ᠎ᠠ᠂ ᠤᠷᠠᠨ
ᠪᠢᠴᠢᠯᠭᠡᠳᠡᠳ᠎ᠤᠨ ᠡᠪᠯᠡᠯ ᠡᠴᠡ ᠡᠷᠬᠢᠯᠡᠭᠰᠡᠨ ᠮᠤᠩᠭᠤᠯ ᠤᠷᠠᠨ ᠪᠢᠴᠢᠯᠭᠡ ᠵᠢᠨ ᠪᠤᠯᠪᠠᠰᠤᠷᠠᠯ᠎ᠤᠨ ᠠᠩᠬᠢ
ᠳᠠᠪᠤᠨ ᠡᠳᠤᠷ᠎ᠤᠨ ᠬᠤᠭᠤᠴᠠᠭ᠎ᠠ ᠲᠠᠢ ᠶᠠᠪᠤᠬᠳᠠᠨ᠂ ᠤᠷᠳᠤᠰ ᠬᠤᠳᠠ ᠵᠢᠨ ᠡᠯ᠎ᠡ ᠬᠤᠰᠢᠭᠤ ᠲᠤᠭᠤᠷᠢᠭ ᠡᠴᠡ
ᠢᠷᠡᠭᠰᠡᠨ 50 ᠭᠠᠷᠤᠢ ᠤᠷᠠᠨ ᠪᠢᠴᠢᠯᠭᠡ ᠵᠢᠨ ᠳᠤᠷ᠎ᠠ
ᠪᠠᠬᠠᠳᠠᠳ ᠤᠷᠤᠯᠴᠠᠬᠰᠠᠨ ᠪᠠᠢᠨ᠎ᠠ᠃

ᠤᠢᠯᠡᠴᠢᠯᠡᠭᠡ
·ᠤᠯᠠᠭᠠᠠᠴᠠᠪ ᠬᠤᠳᠠ ᠵᠢᠨ ᠠᠵᠢᠯ ᠤᠢᠯᠡᠰ᠎ᠤᠨ ᠨᠢᠭᠡᠴᠢ ᠠᠵᠢᠯᠳᠠᠨ ᠡᠯᠰᠡᠬᠦ ᠪᠡᠷ ᠪᠤᠢ᠃ ᠨᠠᠷᠢᠨ ᠠᠭᠤᠯᠭ᠎ᠠ ᠵᠢ ᠳᠤᠤᠷᠠᠬᠢ ᠬᠠᠶᠢᠭ᠎ᠢ ᠳᠤᠪᠴᠢᠳᠠᠵᠤ ᠦᠵᠡᠭᠡᠷᠡᠢ!
https://mp.weixin.qq.com/s/3-md4utKXUb0Z-Xkvl95iQ?scene=25#wechat_redirect
·ᠨᠤᠤᠰᠤᠨ ᠴᠠᠮᠴᠠ ᠵᠢ ᠤᠳᠠᠭᠠᠨ ᠡᠮᠦᠰᠪᠡᠯ ᠵᠠᠷᠢᠮ ᠭᠡᠰᠡᠭ ᠨᠢ ᠬᠠᠭᠤᠴᠢᠷᠠᠵᠤ ᠡᠯᠡᠭᠳᠡᠳᠡᠭ᠂ ᠡᠨᠡ
ᠦᠶᠡᠰ᠎ᠲᠦ ᠰᠦᠷᠴᠢᠬᠦᠷ ᠯᠤᠩᠬᠤᠨ᠎ᠳᠤ ᠼᠦ᠍ ᠪᠠ ᠤᠰᠤ ᠵᠢ ᠠᠳᠠᠯᠢ ᠬᠠᠷᠢᠴᠠᠯ ᠵᠢᠡᠷ ᠬᠢᠵᠤ ᠡᠯᠡᠭᠳᠡᠵᠤ
ᠬᠠᠭᠤᠴᠢᠷᠠᠬᠰᠠᠨ ᠭᠡᠰᠡᠭ᠎ᠲᠦ ᠰᠦᠷᠴᠢᠪᠡᠯ ᠤᠤᠯ ᠶᠠᠩᠵᠤ ᠲᠠᠢ ᠪᠡᠨ ᠠᠳᠠᠯᠢᠬᠠᠨ ᠪᠤᠯᠳᠠᠭ᠃

ᠵᠠᠯᠭᠠᠭᠠᠳ《ᠮᠤᠩᠭᠤᠯ ᠠᠳᠤᠭᠤᠨ᠎ᠤ ᠭᠠᠢᠬᠠᠮᠰᠢᠭ》ᠳᠠᠭᠤᠤ ᠪᠡᠷ ᠠᠶ᠎ᠠ ᠪᠠᠷᠢᠵᠤ ᠨᠡᠪᠲᠡᠷᠡᠬᠦᠯᠭᠡ ᠪᠡᠨ ᠵᠢᠷᠭᠠᠭᠠᠶ᠎ᠠ᠃ ᠨᠡᠪᠲᠡᠷᠡᠬᠦᠯᠭᠡ ᠮᠠᠨᠢ ᠲᠠ ᠪᠦᠬᠦᠨ᠎ᠳᠤ
ᠲᠠᠭᠠᠯᠠᠬᠳᠠᠬᠰᠠᠨ ᠪᠤᠯ᠂ ᠤᠳᠤᠨ ᠳᠡᠮᠳᠡᠭ ᠱᠠᠩᠨᠠᠵᠦ ᠪᠢᠳᠡᠨ᠎ᠳᠤ ᠤᠷᠮ᠎ᠡ ᠬᠠᠢᠷᠠᠯᠠᠭᠠᠷᠠᠢ!ᠲᠠ ᠪᠦᠬᠦᠨ ᠤ
ᠬᠦᠯᠢᠶᠡᠨ ᠠᠪᠴᠤ ᠰᠤᠨᠤᠰᠤᠬᠰᠠᠨ᠎ᠳᠤ ᠪᠠᠶᠠᠷᠯᠠᠯ᠎ᠠ᠂ ᠪᠠᠶᠠᠷᠲᠠᠢ!
