



ᠴᠠᠭ ᠲᠦᠷᠦ
• 8 ᠰᠠᠷ᠎ᠠ᠎ᠶᠢᠨ 1᠎ᠤ ᠡᠳᠦᠷ ᠬᠡᠪᠯᠡᠭᠳᠡᠭᠰᠡᠨ 15᠎ᠳᠤᠭᠠᠷ ᠬᠤᠭᠤᠴᠠᠭᠠᠨ᠎ᠤ 《ᠦᠨᠡᠨ》 ᠰᠡᠳᠬᠦᠯ
ᠨᠠᠮ᠎ᠤᠨ ᠲᠦᠪ ᠬᠤᠷᠢᠶᠠᠨ᠎ᠤ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠦᠪ᠎ᠤᠨ ᠴᠡᠷᠢᠭ᠎ᠤᠨ ᠶᠠᠪᠤᠳᠠᠯ᠎ᠤᠨ
ᠬᠤᠷᠢᠶᠠᠨ᠎ᠤ ᠲᠡᠷᠢᠭᠦᠯᠡᠭᠴᠢ ᠰᠢ ᠵᠢᠨ ᠫᠢᠩ᠎ᠦᠨ 《ᠳᠤᠮᠳᠠᠳᠤ ᠤᠯᠤᠰ᠎ᠤᠨ ᠠᠷᠠᠳ᠎ᠤᠨ ᠴᠢᠯᠥᠭᠡᠯᠡᠬᠦ᠌ ᠴᠡᠷᠢᠭ ᠪᠠᠢᠭᠤᠯᠤᠭ᠍ᠳᠠᠭ᠍ᠰᠠᠨ
90 ᠵᠢᠯ᠎ᠦᠨ ᠤᠢ᠎ᠶ᠋ᠢ ᠪᠡᠯᠭᠡᠯᠡᠬᠦ᠌ ᠶᠡᠬᠡ ᠬᠤᠷᠠᠯ ᠳᠡᠭᠡᠷᠡᠬᠢ ᠶᠠᠷᠢᠶ᠎ᠠ 》 ᠬᠡᠬᠦ ᠴᠢᠬᠤᠯᠠ ᠵᠤᠬᠢᠶᠠᠯ᠎ᠢ ᠨᠡᠢᠲᠡᠯᠡᠪᠡ᠃
ᠨᠡᠢᠭᠡᠮ
• 2022 ᠣᠨ᠎ᠤ ᠥᠪᠥᠷ ᠮᠣᠩᠭᠣᠯ᠎ᠤᠨ ᠠᠵᠢᠯ ᠣᠯᠭᠣᠯᠲᠠ᠎ᠶ᠋ᠢ ᠲᠤᠰᠠᠯᠠᠬᠤ 《ᠰᠡᠳᠭᠢᠯ᠎ᠢ
ᠳᠤᠯᠠᠭᠠᠴᠠᠭᠤᠯᠬᠤ ᠠᠵᠢᠯᠯᠠᠭ᠎ᠠ》 ᠲᠦᠷᠦᠭᠦᠭᠡᠨ ᠬᠥᠬᠡᠬᠣᠲᠠ᠎ᠶ᠋ᠢᠨ ᠭᠤᠤᠯ ᠬᠤᠷᠠᠯ᠎ᠤᠨ ᠲᠠᠯᠠᠪᠠᠶ ᠵᠢᠴᠢ ᠡᠯ᠎ᠡ
ᠠᠢᠮᠠᠭ ᠬᠣᠲᠠ᠎ᠶ᠋ᠢᠨ ᠬᠤᠪᠢᠶᠠᠷᠢ ᠬᠤᠷᠠᠯ᠎ᠤᠨ ᠲᠠᠯᠠᠪᠠᠶ᠎ᠳᠤ ᠵᠡᠷᠭᠡ᠎ᠪᠡᠷ ᠡᠬᠢᠯᠡᠵᠡᠢ᠃

• ᠲᠦᠷᠦᠭᠦᠬᠡᠨ ᠨᠡᠢᠳᠡᠯᠡᠭᠳᠡᠭᠰᠡᠨ 2022 ᠣᠨ᠎ᠤ 《ᠳᠤᠮᠳᠠᠳᠤ ᠤᠯᠤᠰ᠎ᠤᠨ 500 ᠬᠠᠮᠤᠭ᠎ᠤᠨ
ᠦᠨ᠎ᠡ ᠥᠷᠲᠡᠭ᠎ᠲᠡᠶ ᠨᠠᠷᠠᠲᠤ ᠲᠡᠮᠳᠡᠭ᠌ᠲᠦ》 ᠶᠢᠨ ᠵᠠᠳᠠᠯᠤᠯᠲᠠ᠎ᠶ᠋ᠢᠨ ᠮᠡᠳᠡᠭᠦᠯᠦᠯᠲᠡ᠎ᠳᠦ᠂ ᠣᠷᠳᠣᠰ1506.75
ᠳ᠋ᠦᠩᠱᠢᠭᠤᠷ ᠲᠥᠭᠥᠷᠢᠭ᠎ᠦᠨ ᠨᠠᠷᠠᠲᠤ ᠲᠡᠮᠳᠡᠭ᠎ᠤᠨ ᠥᠷᠲᠡᠭ᠎ᠢᠶᠡᠷ 2022 ᠣᠨ᠎ᠤ ᠳᠤᠮᠳᠠᠳᠤ ᠤᠯᠤᠰ᠎ᠤᠨ 500 ᠬᠠᠮᠤᠭ᠎ᠤᠨ
ᠦᠨ᠎ᠡ ᠥᠷᠲᠡᠭ᠎ᠲᠡᠶ ᠨᠠᠷᠠᠲᠤ ᠲᠡᠮᠳᠡᠭ᠎ᠤᠨ 51ᠳᠦᠭᠡᠷ᠎ᠲᠦ ᠤᠷᠤᠵᠦ᠂ 16 ᠵᠢᠯ ᠳᠠᠷᠠᠭᠠᠯᠠᠨ ᠵᠠᠯᠭᠠᠭ᠎ᠠ᠎ᠪᠠᠷ ᠨᠡᠬᠡᠮᠡᠯ ᠬᠤᠪᠴᠠᠰᠤᠨ᠎ᠤ ᠠᠵᠢᠯ ᠲᠥᠷᠥᠯ᠎ᠦᠨ ᠲᠡᠷᠢᠭᠦᠨ᠎ᠳᠦ
ᠵᠢᠭ᠍ᠰᠠᠭᠠᠭ᠍ᠳᠠᠪᠠ᠃

• ᠤᠢᠷ᠎ᠠ᠎ᠳᠦ ᠪᠠᠶᠠᠨᠨᠠᠭᠤᠷ ᠬᠤᠳᠠ᠎ᠶᠢᠨ ᠠᠶᠤᠯᠬᠦᠢ ᠦᠢᠯᠡᠳᠪᠦᠷᠢᠯᠡᠯ᠎ᠤᠨ ᠵᠦᠪᠯᠡᠯ᠎ᠤᠨ
ᠠᠯᠪᠠᠨ ᠭᠡᠷ ᠵᠡᠷᠭᠡ 6 ᠰᠠᠯᠠᠭ᠎ᠠ ᠮᠦᠴᠢᠷ ᠡᠴᠡ ᠮᠡᠳᠡᠭᠳᠡᠯ ᠨᠡᠢᠳᠡᠯᠡᠵᠦ᠂ ᠪᠦᠬᠦ ᠬᠤᠳᠠ᠎ᠶᠢᠨ ᠢᠳᠡᠭᠡᠨ ᠤᠮᠳᠠᠭᠠᠨ
ᠵᠡᠷᠭᠡ ᠠᠵᠢᠯ ᠲᠦᠷᠦᠯ᠎ᠤᠨ ᠰᠢᠳᠠᠮᠠᠬᠠᠢ ᠬᠡᠢ ᠬᠡᠷᠡᠭᠯᠡᠵᠦ ᠪᠠᠢᠭ᠎ᠠ ᠦᠢᠯᠡᠳᠪᠦᠷᠢᠯᠡᠯ ᠡᠵᠡᠩᠨᠡᠯᠳᠡ᠎ᠶᠢᠨ ᠨᠢᠭᠡᠴᠢ 2022 ᠤᠨ᠎ᠤ 10 ᠰᠠᠷ᠎ᠠ᠎ᠶᠢᠨ ᠰᠡᠭᠦᠯᠴᠢ ᠡᠴᠡ ᠡᠮᠦᠨ᠎ᠡ ᠪᠦᠬᠦᠨ᠎ᠢᠶᠡᠷ᠎ᠢᠶᠡᠨ
ᠰᠢᠳᠠᠮᠠᠬᠠᠢ ᠬᠡᠢ᠎ᠶᠢᠨ ᠰᠡᠷᠡᠮᠵᠢᠯᠡᠭᠦᠯᠬᠦ ᠲᠤᠨᠤᠭᠯᠠᠯ᠎ᠢ ᠤᠭᠰᠠᠷᠠᠭᠰᠠᠨ ᠪᠠᠢᠬᠤ ᠬᠡᠷᠡᠭᠳᠡᠢ ᠭᠡᠵᠦ ᠱᠠᠭᠠᠷᠳᠠᠵᠠᠢ᠃
• ᠤᠯᠠᠭᠠᠨᠬᠠᠳᠠ ᠬᠤᠳᠠ᠎ᠶᠢᠨ ᠡᠮᠡᠭᠳᠡᠢᠴᠤᠳ᠎ᠤᠨ ᠬᠤᠯᠪᠤᠭ᠎ᠠ᠎ᠶᠢᠨ ᠬᠢᠨ 8 ᠰᠠᠷ᠎ᠠ᠎ᠶᠢᠨ
5 ᠡᠴᠡ 7᠎ᠤ ᠡᠳᠦᠷ ᠪᠤᠯᠳᠠᠯ᠎ᠠ ᠰᠢᠨ᠎ᠡ ᠬᠤᠳᠠ ᠲᠤᠭᠤᠷᠢᠭ᠎ᠤᠨ ᠵᠦᠩ ᠯᠢᠶᠠᠨ ᠠᠭᠤᠳᠠᠮ ᠲᠠᠯᠠᠪᠠᠢ᠎ᠳᠦ 《ᠤᠯᠠᠭᠠᠨᠬᠠᠳᠠ ᠬᠤᠳᠠ᠎ᠶᠢᠨ ᠡᠮᠡᠭᠳᠡᠢᠴᠦᠳ᠎ᠤᠨ
ᠭᠠᠷ ᠤᠷᠠᠯᠠᠯ᠎ᠤᠨ ᠪᠦᠳᠦᠭᠡᠭᠳᠡᠭᠦᠨ᠎ᠢ ᠲᠡᠯᠭᠡᠨ ᠪᠤᠷᠤᠯᠠᠭᠤᠯᠬᠤ ᠠᠵᠢᠯᠯᠠᠭ᠎ᠠ》 ᠦᠷᠨᠢᠭᠦᠯᠬᠦ ᠪᠡᠷ ᠲᠤᠭᠳᠠᠵᠠᠢ᠃

• ᠳᠤᠮᠳᠠᠳᠤ ᠤᠯᠤᠰ᠎ᠤᠨ ᠠᠷᠠᠳ᠎ᠤᠨ ᠴᠢᠯᠥᠭᠡᠯᠡᠬᠦ᠌ ᠴᠡᠷᠢᠭ ᠪᠠᠢᠭᠤᠯᠤᠭ᠍ᠳᠠᠭ᠍ᠰᠠᠨ
95 ᠵᠢᠯ᠎ᠦᠨ ᠣᠶ᠎ᠶ᠋ᠢᠨ ᠲᠠᠱᠢᠷᠠᠮ᠎ᠢᠶᠠᠷ᠂ ᠲᠥᠪ᠎ᠦᠨ ᠤᠬᠠᠭᠤᠯᠬᠤ ᠬᠡᠯᠲᠡᠰ᠂ ᠲᠥᠪ᠎ᠦᠨ ᠴᠡᠷᠢᠭ᠎ᠦᠨ ᠶᠠᠪᠤᠳᠠᠯ᠎ᠤᠨ
ᠬᠣᠷᠢᠶᠠᠨ᠎ᠤ ᠤᠯᠤᠰ ᠲᠥᠷᠥ᠎ᠶ᠋ᠢᠨ ᠠᠵᠢᠯ᠎ᠤᠨ ᠬᠡᠯᠲᠡᠰ ᠬᠠᠮᠲᠤᠷᠠᠨ 12 《ᠬᠠᠮᠤᠭ᠎ᠤᠨ ᠭᠣᠶᠣ ᠱᠢᠨ᠎ᠡ ᠴᠠᠭ ᠦᠶ᠎ᠡ᠎ᠶ᠋ᠢᠨ
ᠬᠤᠪᠢᠰᠭᠠᠯᠲᠤ ᠴᠡᠷᠢᠭ 》 ᠢ ᠨᠡᠢᠲᠡᠯᠡᠪᠡ᠃
• ᠬᠤᠳᠠᠯᠳᠤᠭᠠᠨ᠎ᠤ ᠶᠠᠪᠤᠳᠠᠯ᠎ᠤᠨ ᠶᠠᠮᠤᠨ ᠵᠡᠷᠭᠡ 13 ᠰᠠᠯᠠᠭ᠎ᠠ ᠮᠦᠴᠢᠷ ᠡᠴᠡ ᠮᠡᠳᠡᠭᠳᠡᠯ
ᠨᠡᠢᠳᠡᠯᠡᠵᠦ᠂ ᠪᠦᠬᠦ ᠤᠯᠤᠰ᠎ᠤᠨ ᠬᠡᠪᠴᠢᠶᠡᠨ᠎ᠳᠡᠬᠢ ᠬᠡᠷ᠎ᠤᠨ ᠴᠠᠬᠢᠯᠭᠠᠨ ᠬᠡᠷᠡᠭᠰᠡᠯ ᠤᠨ 《ᠬᠠᠭᠤᠴᠢᠨ ᠢᠶᠡᠷ
ᠰᠢᠨ᠎ᠡ᠎ᠶᠢ ᠰᠤᠯᠢᠬᠤ》 ᠠᠵᠢᠯᠯᠠᠭ᠎ᠠ ᠦᠷᠨᠢᠭᠦᠯᠬᠦ ᠵᠡᠷᠭᠡ ᠠᠷᠭ᠎ᠠ ᠬᠡᠮᠵᠢᠶ᠎ᠡ ᠪᠡᠷ ᠪᠤᠬᠢᠷᠳᠤᠯ ᠦᠭᠡᠢ ᠤᠶᠤᠨᠳᠤ
ᠭᠡᠷ᠎ᠤᠨ ᠬᠡᠷᠡᠭᠰᠡᠯ᠎ᠤᠨ ᠬᠡᠷᠡᠭᠯᠡᠭᠡ᠎ᠶᠢ ᠠᠬᠢᠭᠤᠯᠬᠤ ᠪᠡᠷ ᠪᠤᠢ᠃
• ᠤᠯᠤᠰ᠎ᠤᠨ ᠰᠦᠯᠵᠢᠶᠡᠨ᠎ᠦ ᠠᠮᠤᠷ ᠲᠦᠪᠰᠢᠨ ᠪᠠ ᠮᠡᠳᠡᠭᠡ ᠵᠠᠩᠬᠢᠵᠢᠯᠳᠠ᠎ᠶᠢᠨ ᠵᠦᠪᠯᠡᠯ᠎ᠤᠨ
ᠮᠡᠳᠡᠭᠡ᠎ᠡᠴᠡ ᠦᠵᠡᠪᠡᠯ᠂ ᠡᠨᠡ ᠵᠢᠯ᠎ᠦᠨ ᠲᠦᠷᠦᠭᠦᠦ ᠬᠠᠭᠠᠰ ᠵᠢᠯ᠎ᠳᠦ ᠬᠠᠮᠢᠶ᠎ᠠ ᠪᠦᠬᠦᠢ ᠨᠢᠭᠡᠴᠢ 3491 ᠰᠦᠯᠵᠢᠶᠡᠨ᠎ᠦ
ᠲᠠᠪᠴᠠᠩ ᠲᠠᠢ ᠪᠤᠯᠵᠤᠨ ᠶᠠᠷᠢᠯᠴᠠᠪᠠ᠃
• 8 ᠰᠠᠷ᠎ᠠ᠎ᠶ᠋ᠢᠨ 5 ᠤ ᠡᠳᠦᠷ᠎ᠦᠨ ᠲᠡᠭ ᠴᠠᠭ᠎ᠠᠴᠠ ᠡᠬᠢᠯᠡᠨ᠂ ᠤᠯᠤᠰ᠎ᠤᠨ ᠳᠣᠲᠣᠭᠠᠳᠤ᠎ᠶ᠋ᠢᠨ ᠠᠭᠠᠷ᠎ᠤᠨ
ᠠᠶᠠᠯᠠᠯ᠎ᠤᠨ ᠱᠢᠲᠠᠭᠠᠯᠭ᠎ᠠ᠎ᠶ᠋ᠢᠨ ᠲᠣᠰᠣᠨ᠎ᠤ ᠨᠡᠮᠡᠯᠲᠡ ᠰᠦᠢᠳᠬᠡᠯ ᠬᠤᠷᠢᠶᠠᠬᠤ ᠪᠠᠷᠢᠮᠵᠢᠶ᠎ᠠ᠎ᠳᠤ ᠲᠣᠬᠢᠷᠠᠭᠤᠯᠤᠯᠲᠠ
ᠬᠢᠬᠦ ᠪᠡᠷ ᠪᠤᠢ᠂ ᠲᠣᠬᠢᠷᠠᠭᠤᠯᠤᠯᠲᠠ ᠬᠢᠭ᠌ᠰᠡᠨ᠎ᠦ ᠳᠠᠷᠠᠭᠠᠬᠢ ᠪᠠᠷᠢᠮᠵᠢᠶ᠎ᠠ ᠪᠣᠯ 800 ᠺᠢᠯᠣᠮᠧᠲ᠋ᠷ(ᠪᠠᠭ᠍ᠲᠠᠨ᠎ᠠ)᠎ᠠᠴᠠ ᠳᠣᠷᠣᠭ᠍ᠰᠢᠬᠢ ᠠᠭᠠᠷ᠎ᠤᠨ ᠠᠶᠠᠯᠠᠯ᠎ᠳᠦ ᠠᠶᠠᠨᠴᠢᠳ ᠨᠢᠭᠡᠪᠦᠷᠢ ᠡᠴᠡ 80ᠲᠥᠭᠥᠷᠢᠭ ᠬᠤᠷᠢᠶᠠᠨ᠎ᠠ᠂
800 ᠺᠢᠯᠣᠮᠧᠲ᠋ᠷ᠎ᠡᠴᠡ ᠳᠡᠭᠡᠭ᠌ᠰᠢᠬᠢ ᠠᠭᠠᠷ᠎ᠤᠨ ᠠᠶᠠᠯᠠᠯ᠎ᠳᠦ ᠠᠶᠠᠨᠴᠢᠳ ᠨᠢᠭᠡᠪᠦᠷᠢ ᠡᠴᠡ140 ᠲᠥᠭᠥᠷᠢᠭ ᠬᠤᠷᠢᠶᠠᠵᠤ᠂
ᠲᠣᠬᠢᠷᠠᠭᠤᠯᠤᠯᠲᠠ ᠬᠢᠬᠦ᠌᠎ᠡᠴᠡ ᠡᠮᠦᠨᠡᠬᠢ᠎ᠲᠡᠶ ᠬᠠᠷᠢᠴᠠᠭᠤᠯᠪᠠᠯ ᠲᠣᠰ ᠲᠣᠰ 20 ᠲᠥᠭᠥᠷᠢᠭ᠂ 60 ᠲᠥᠭᠥᠷᠢᠭ
ᠪᠠᠭᠤᠷᠠᠭ᠍ᠰᠠᠨ ᠪᠠᠢᠨ᠎ᠠ᠃
• ᠲᠤᠮᠳᠠᠳᠤ ᠤᠯᠤᠰ᠎ᠤᠨ ᠠᠷᠠᠳ᠎ᠤᠨ ᠪᠠᠩᠬᠢ 8 ᠰᠠᠷ᠎ᠠ᠎ᠶᠢᠨ 7᠎ᠤ ᠡᠳᠦᠷ ᠬᠤᠷᠢᠨ ᠲᠦᠷᠪᠡᠨ
ᠴᠠᠭ ᠤᠯᠠᠷᠢᠯ᠎ᠤᠨ ᠠᠯᠳᠠ ᠮᠦᠩᠭᠦᠨ᠎ᠤ ᠲᠤᠷᠠᠰᠬᠠᠯ᠎ᠤᠨ ᠵᠤᠭᠤᠰ ᠨᠢᠭᠡ ᠢᠵᠢ᠎ᠶᠢ ᠲᠠᠷᠬᠠᠭᠠᠬᠤ ᠪᠡᠷ ᠪᠤᠢ᠃
ᠰᠤᠶᠤᠯ
•
8 ᠰᠠᠷ᠎ᠠ᠎ᠶᠢᠨ 2᠎ᠤᠨ ᠡᠳᠦᠷ᠂ ᠪᠡᠭᠡᠵᠢᠩ᠎ᠤᠨ ᠲᠠᠭᠤᠤ ᠬᠦᠭᠵᠢᠮ᠎ᠤᠨ ᠨᠡᠢᠭᠡᠮᠯᠢᠭ᠎ᠤᠨ
ᠨᠠᠢᠷᠠᠯ ᠲᠠᠭᠤᠤ᠎ᠶᠢᠨ ᠪᠦᠯᠬᠦᠮ᠂ ᠦᠪᠦᠷ ᠮᠤᠩᠭᠤᠯ᠎ᠤᠨ ᠤᠷᠠᠯᠢᠭ ᠵᠦᠴᠦᠬᠡ᠎ᠶᠢᠨ ᠬᠦᠷᠢᠶᠡᠯᠡᠩ᠎ᠤᠨ ᠨᠠᠢᠷᠠᠯ ᠬᠦᠭᠵᠢᠮ᠎ᠤᠨ
ᠪᠦᠯᠬᠦᠮ᠎ᠤᠨ 《ᠲᠤᠮᠳᠠᠳᠤ ᠭᠠᠳᠠᠭᠠᠳᠤ᠎ᠶᠢᠨ ᠨᠡᠷᠡᠳᠦ ᠬᠦᠮᠦᠰ᠎ᠤᠨ ᠰᠤᠩᠭᠤᠳᠠᠭ
ᠲᠠᠭᠤᠤ ᠬᠦᠭᠵᠢᠮ᠎ᠤᠨ ᠴᠤᠭᠯᠠᠭᠠᠨ》 ᠦᠪᠦᠷ ᠮᠤᠩᠭᠤᠯ᠎ᠤᠨ ᠤᠷᠠᠯᠢᠭ ᠵᠦᠴᠦᠬᠡ᠎ᠶᠢᠨ
ᠬᠦᠷᠢᠶᠡᠯᠡᠩ᠎ᠤᠨ ᠲᠠᠭᠤᠤ ᠬᠦᠭᠵᠢᠮ᠎ᠤᠨ ᠲᠢᠩᠬᠢᠮ᠎ᠳᠦ ᠶᠠᠪᠤᠭᠳᠠᠨ᠎ᠠ᠃


• ᠤᠷᠳᠤᠰ ᠬᠤᠳᠠ ᠶᠢᠨ ᠶᠢᠰᠦᠳᠦᠭᠡᠷ ᠬᠤᠭᠤᠴᠠᠭᠠᠨ᠎ᠤ 《ᠬᠤᠰᠢᠭᠤᠴᠢ》 ᠢᠷᠠᠭᠤ ᠨᠠᠢᠷᠠᠭ᠎ᠤᠨ
ᠤᠷᠤᠯᠳᠤᠭᠠᠨ ᠲᠦᠷᠦᠭᠦᠭᠡᠨ ᠳ᠋ᠦᠩᠱᠧᠩ ᠲᠤᠭᠤᠷᠢᠭ᠎ᠤᠨ ᠮᠤᠩᠭᠤᠯ ᠦᠨᠳᠦᠰᠦᠳᠡᠨ᠎ᠤ ᠰᠤᠷᠭᠠᠭᠤᠯᠢ᠎ᠳᠦ ᠶᠠᠪᠤᠭᠳᠠᠵᠠᠢ᠃
• 《ᠲᠠᠮᠢᠷ᠎ᠤᠨ ᠱᠠᠩᠨᠠᠯ᠎ᠳᠤ ᠰᠤᠭᠤᠯᠤᠭ᠎ᠠ》 ᠬᠤᠨᠳᠠᠭᠠᠳᠤ ᠰᠢᠯᠤᠭᠤᠨ ᠬᠦᠬᠡ ᠬᠤᠰᠢᠭᠤᠨ᠎ᠤ
ᠪᠦᠬᠦ ᠠᠷᠠᠳ᠎ᠤᠨ ᠪᠡᠶ᠎ᠡ ᠴᠢᠬᠢᠷᠠᠭᠵᠢᠭᠤᠯᠬᠤ ᠰᠢᠷᠢᠰ ᠬᠦᠳᠡᠯᠭᠡᠭᠡᠨ᠎ᠤ ᠨᠢᠭᠡ ᠪᠤᠯᠬᠤ ᠫᠢᠩᠫᠠᠩ ᠪᠦᠮᠪᠦᠭᠡ᠎ᠶᠢᠨ
ᠤᠷᠤᠯᠳᠤᠭᠠᠨ ᠲᠦᠷᠦᠭᠦᠭᠡᠨ ᠶᠠᠪᠤᠭᠳᠠᠵᠠᠢ᠃
• ᠤᠢᠷ᠎ᠠ᠎ᠳᠦ ᠦᠪᠦᠷ ᠮᠤᠩᠭᠤᠯ᠎ᠤᠨ ᠮᠤᠩᠭᠤᠯ ᠷᠠᠳᠢᠤ᠋᠎ᠶᠢᠨ ᠨᠡᠷᠡᠳᠦ ᠰᠤᠷᠪᠤᠯᠵᠢᠯᠠᠭᠴᠢ᠂
ᠵᠤᠬᠢᠶᠠᠯᠴᠢ ᠰ᠂ ᠮᠡᠰᠢᠪᠢᠯᠢᠭ᠎ᠤᠨ ᠲᠦᠷᠪᠡᠳᠡᠬᠢ ᠷᠤᠮᠠᠨ 《ᠬᠠᠨ ᠲᠡᠭᠷᠢ ᠠᠯᠠᠱᠠ》 ᠬᠡᠪᠯᠡᠭᠳᠡᠵᠡᠢ᠃
• 7 ᠰᠠᠷ᠎ᠠ᠎ᠶᠢᠨ 31᠎ᠤ ᠡᠳᠦᠷ᠂ 2022 ᠣᠨ᠎ᠤ ᠲᠡᠯᠡᠭᠡᠢ᠎ᠶᠢᠨ ᠮᠠᠶᠢᠭ᠎ᠤᠨ ᠪᠥᠬᠡ᠎ᠶ᠋ᠢᠨ
A ᠲᠡᠰ᠎ᠤᠨ ᠤᠷᠤᠯᠳᠤᠭᠠᠨ᠎ᠤ ᠷᠣᠮᠠᠨᠢᠶ᠎ᠠ ᠥᠷᠲᠡᠭᠡ᠎ᠶᠢᠨ ᠤᠷᠤᠯᠳᠤᠭᠠᠨ᠎ᠳᠦ ᠮᠠᠨ᠎ᠤ ᠤᠯᠤᠰ᠎ᠤᠨ
ᠠᠩᠭᠢ ᠡᠷᠡᠭ᠌ᠲᠡᠶ᠎ᠶ᠋ᠢᠨ ᠴᠢᠯᠥᠭᠡᠲᠦ ᠪᠥᠬᠡ᠎ᠶ᠋ᠢᠨ 97 ᠺᠢᠯᠣᠭ᠌ᠷᠠᠮ᠎ᠤᠨ ᠳᠡᠰ᠂ 125 ᠺᠢᠯᠣᠭ᠌ᠷᠠᠮ᠎ᠤᠨ ᠳᠡᠰ
ᠪᠠ ᠡᠷᠡᠭ᠌ᠲᠡᠶ᠎ᠶ᠋ᠢᠨ ᠡᠷᠲᠡᠨ᠎ᠦ ᠮᠠᠶᠢᠭ᠎ᠤᠨ ᠪᠥᠬᠡ᠎ᠶ᠋ᠢᠨ 130 ᠺᠢᠯᠣᠭ᠌ᠷᠠᠮ᠎ᠤᠨ ᠲᠡᠰ᠎ᠤᠨ ᠤᠷᠤᠯᠳᠤᠭᠠᠨ᠎ᠳᠤ
ᠲᠤᠰ ᠲᠤᠰ ᠠᠯᠲᠠᠨ ᠮᠧᠳᠠᠯ ᠤᠯᠵᠠᠢ ᠃

• ᠲᠡᠯᠡᠭᠡᠢ᠎ᠶᠢᠨ ᠮᠠᠶᠢᠭ᠎ᠤᠨ ᠪᠥᠬᠡ᠎ᠶ᠋ᠢᠨ A ᠲᠡᠰ᠎ᠤᠨ ᠤᠷᠤᠯᠳᠤᠭᠠᠨ᠎ᠤ ᠷᠣᠮᠠᠨᠢᠶ᠎ᠠ
ᠥᠷᠲᠡᠭᠡ᠎ᠶᠢᠨ ᠤᠷᠤᠯᠳᠤᠭᠠᠨ ᠰᠠᠶᠢᠬᠠᠨ ᠦᠨᠳᠦᠷᠯᠡᠵᠦ᠂ ᠮᠠᠨ᠎ᠤ ᠤᠯᠤᠰ᠎ᠤᠨ ᠠᠩᠭᠢ 8 ᠠᠯᠲᠠᠨ ᠮᠧᠳᠠᠯ᠂ 4 ᠮᠥᠩᠭᠥᠨ ᠮᠧᠳᠠᠯ᠂ 5 ᠬᠦᠷᠡᠯ ᠮᠧᠳᠠᠯᠤᠯᠵᠠᠢ᠃
• ᠪᠡᠭᠡᠵᠢᠩ᠎ᠦᠨ ᠣᠯᠠᠨ ᠤᠯᠤᠰ᠎ᠤᠨ ᠺᠢᠨᠣ᠋᠎ᠶ᠋ᠢᠨ ᠨᠠᠢᠷ 8 ᠰᠠᠷ᠎ᠠ᠎ᠶ᠋ᠢᠨ 13 ᠤ ᠡᠳᠦᠷ ᠡᠬᠢᠯᠡᠬᠦ ᠪᠡᠷ ᠪᠤᠢ᠃
ᠦᠢᠯᠡᠴᠢᠯᠡᠬᠡ
• ᠤᠩᠨᠢᠭᠤᠳ ᠬᠤᠰᠢᠭᠤᠨ᠎ᠤ ᠬᠡᠤᠬᠡᠳ᠎ᠤᠨ ᠴᠡᠴᠡᠷᠯᠢᠭ ᠨᠡᠢᠭᠡᠮ ᠨᠡᠢᠳᠡ ᠡᠴᠡ ᠢᠯᠡ ᠪᠡᠷ
ᠪᠠᠭᠰᠢ ᠠᠵᠢᠯᠳᠠᠨ ᠡᠯᠰᠡᠬᠦ ᠪᠡᠷ ᠪᠤᠢ᠃
• ᠠᠮᠢᠳᠤᠷᠠᠯ᠎ᠤᠨ ᠮᠡᠳᠡᠯᠭᠡ ᠡᠴᠡ ᠬᠤᠪᠢᠶᠠᠯᠴᠠᠶ᠎ᠠ᠂ ᠬᠦᠮᠦᠨ᠎ᠤ ᠪᠡᠶ᠎ᠡ ᠲᠤᠳᠤᠷᠠᠬᠢ
ᠠᠮᠢᠳᠤ ᠪᠤᠳᠠᠰ᠎ᠤᠨ ᠴᠠᠭ 90 ᠮᠢᠨᠦ᠋ᠲ ᠪᠦᠷᠢ ᠨᠢᠭᠡ ᠤᠳᠠᠭ᠎ᠠ
ᠤᠷᠴᠢᠨ ᠰᠤᠯᠢᠭᠳᠠᠳᠠᠭ᠃ ᠬᠡᠷᠪᠡ ᠲᠠ ᠦᠷᠯᠦᠭᠡ ᠠᠶᠠᠨ᠎ᠳᠠᠭᠠᠨ ᠤᠨᠳᠠᠭᠠᠳ ᠰᠡᠷᠢᠭᠰᠡᠨ ᠪᠠᠢᠪᠠᠯ ᠵᠠᠯᠭᠠᠭᠠᠳ ᠤᠷᠤᠨ᠎ᠳᠠᠭᠠᠨ
ᠬᠤᠷᠭᠤᠳᠠᠭᠰᠠᠨᠤ ᠴᠢᠬᠤᠯᠠ ᠦᠭᠡᠢ᠂ ᠤᠴᠢᠷ ᠨᠢ ᠲᠠᠬᠢᠭᠠᠳ ᠤᠨᠳᠠᠪᠠᠯ ᠲᠠᠬᠢᠨ ᠰᠢᠨ᠎ᠡ ᠨᠢᠭᠡᠨ 90 ᠮᠢᠨᠦ᠋ᠲ ᠤᠨ
ᠤᠨᠳᠠᠯᠭ᠎ᠠ᠎ᠶᠢᠨ ᠤᠷᠴᠢᠯᠳᠦ ᠤᠷᠤᠳᠠᠭ᠂ ᠡᠢᠮᠦ ᠡᠴᠡ ᠤᠷᠤᠨ᠎ᠳᠠᠭᠠᠨ 30 ᠮᠢᠨᠦ᠋ᠲ ᠪᠤᠶᠤ 40 ᠮᠢᠨᠦ᠋ᠲ ᠬᠤᠷᠭᠤᠳᠤᠭᠠᠳ
ᠰᠡᠷᠢᠭᠰᠡᠨᠤ ᠲᠠᠷᠠᠭ᠎ᠠ ᠬᠦᠮᠦᠨ ᠬᠡᠳᠡᠷᠬᠦ ᠪᠡᠨ ᠲᠠᠮᠢᠷ ᠲᠡᠩᠭᠡᠭᠡ ᠦᠭᠡᠢ ᠪᠤᠯᠵᠦ ᠴᠢᠨᠠᠭᠰᠢᠯᠠᠨ ᠲᠤᠯᠤᠭᠠᠢ
ᠡᠷᠬᠢᠬᠦ ᠪᠦᠬᠡᠯᠵᠢᠰᠦ ᠬᠦᠷᠬᠦ ᠪᠠᠢᠳᠠᠯ ᠲᠠᠢ ᠪᠤᠯᠳᠠᠭ᠃
ᠵᠠᠯᠭᠠᠭᠠᠳ 《ᠪᠤᠷᠤᠭ᠎ᠠ》 ᠲᠠᠭᠤᠤ
ᠪᠡᠷ ᠠᠶ᠎ᠠ ᠪᠠᠷᠢᠵᠦ᠍ ᠨᠡᠪᠳᠡᠷᠡᠭᠦᠯᠭᠡ ᠪᠡᠨ ᠵᠢᠷᠭᠠᠭᠠᠶ᠎ᠠ᠃ ᠲᠠ ᠪᠦᠬᠦᠨ ᠤ ᠬᠦᠯᠢᠶᠡᠨ ᠠᠪᠴᠤ᠌ ᠰᠤᠨᠤᠰᠤᠬ᠍ᠰᠠᠨ᠎ᠳᠤ ᠪᠠᠶᠠᠷᠯᠠᠯ᠎ᠠ᠂ ᠪᠠᠶᠠᠷᠳᠠᠢ!
