8 ᠰᠠᠷ᠎ᠠ ᠵᠢᠨ 4᠎ᠤ ᠡᠳᠦᠷ
ᠡᠬᠢᠯᠡᠬᠦ᠌ ᠴᠠᠭ᠄
2022-08-04 09:39:48
ᠨᠠᠶ᠋ᠢᠷᠠᠭᠤᠯᠤᠭᠴᠢ ᠄
 
ᠨᠡᠪᠲᠡᠷᠡᠬᠦᠯᠦᠭᠴᠢ ᠄
 
ᠮᠡᠷᠭᠡᠵᠢᠯ ᠄
 
ᠤᠩᠰᠢᠭᠰᠠᠨ ᠤᠳᠠᠭ᠎ᠠ᠄

1.png


2.png


3.png


4.png


ᠨᠡᠢᠭᠡᠮ

·ᠡᠨᠡ ᠵᠢᠯ ᠦᠪᠡᠷᠲᠡᠭᠡᠨ ᠵᠠᠰᠠᠬᠤ ᠤᠷᠤᠨ᠎ᠤ ᠡᠳ᠋᠎ᠤᠨ ᠵᠠᠰᠠᠭ᠎ᠤᠨ ᠳᠢᠩᠬᠢᠮ ᠡᠴᠡ ᠠᠵᠢᠯ ᠮᠡᠷᠭᠡᠵᠢᠯ᠎ᠤᠨ ᠰᠤᠷᠭᠠᠨ ᠬᠦᠮᠦᠵᠢᠯ᠎ᠤᠨ ᠪᠡᠯᠡ ᠮᠦᠩᠬᠦ ᠵᠢ 29.2᠎ᠳ᠋ᠦᠩᠰᠢᠭᠤᠷ ᠲᠦᠭᠦᠷᠢᠭ ᠳᠤᠬᠢᠷᠠᠭᠤᠯᠵᠤ᠂ ᠠᠵᠢᠯ ᠮᠡᠷᠭᠡᠵᠢᠯ᠎ᠤᠨ ᠰᠤᠷᠭᠠᠨ ᠬᠦᠮᠦᠵᠢᠯ᠎ᠤᠨ ᠴᠢᠨᠠᠷ ᠰᠠᠢᠳᠠᠢ ᠬᠦᠭᠵᠢᠯᠳᠡ ᠵᠢ ᠪᠠᠳᠤᠯᠠᠬᠤ ᠬᠢᠷᠢ ᠳᠦᠪᠰᠢᠨ᠎ᠢ ᠳᠡᠭᠡᠭᠰᠢᠯᠡᠬᠦᠯᠵᠤ ᠪᠠᠢᠨ᠎ᠠ᠃

·ᠪᠦᠬᠦ ᠤᠷᠤᠨ᠎ᠤ ᠠᠩᠬᠠᠳᠠᠬᠴᠢ 《ᠴᠡᠷᠢᠭ᠎ᠲᠦ ᠬᠠᠷᠠᠭᠠᠯᠵᠠᠯ ᠦᠵᠡᠬᠦᠯᠬᠦ ᠭᠤᠤᠯ ᠰᠡᠳᠤᠪᠳᠤ ᠰᠢᠤᠳᠠᠨ ᠳᠤᠪᠴᠢᠶ᠎ᠠ》 ᠤᠷᠴᠢᠮᠬᠠᠨ ᠬᠦᠬᠡᠬᠤᠳᠠ᠎ᠳᠤ ᠪᠠᠢᠭᠤᠯᠤᠬᠳᠠᠪᠠ᠃


img3862e3659b9795e.jpg


·ᠳᠤᠮᠳᠠᠳᠤ ᠤᠯᠤᠰ᠎ᠤᠨ ᠴᠠᠭ ᠠᠭᠤᠷ᠎ᠤᠨ ᠤᠢᠯᠡᠴᠢᠯᠡᠭᠡᠨ᠎ᠤ ᠨᠡᠢᠭᠡᠮᠯᠢᠭ ᠡᠴᠡ ᠮᠠᠨ᠎ᠤ ᠤᠯᠤᠰ᠎ᠤᠨ ᠲᠦᠷᠦᠬᠦᠦ ᠪᠦᠯᠦᠭ᠎ᠤᠨ  《ᠴᠠᠭ ᠠᠭᠤᠷ ᠠᠭᠤᠷ ᠠᠮᠢᠰᠬᠤᠯ᠎ᠤᠨ ᠦᠵᠡᠮᠵᠢ ᠵᠢᠨ ᠤᠷᠤᠨ》  ᠵᠢᠡᠷ ᠦᠨᠡᠯᠡᠭᠳᠡᠭᠰᠡᠨ 15 ᠦᠵᠡᠮᠵᠢ ᠵᠢᠨ ᠤᠷᠤᠨ᠎ᠤ ᠨᠡᠷᠡᠰ᠎ᠢ ᠵᠢᠩᠬᠢᠨᠢ ᠪᠡᠷ ᠨᠡᠢᠲᠡᠯᠡᠵᠤ᠂ ᠮᠠᠨ᠎ᠤ ᠤᠷᠤᠨ᠎ᠤ ᠠᠯᠠᠱᠠ ᠠᠢᠮᠠᠭ᠎ᠤᠨ ᠡᠵᠡᠨ᠎ᠡ ᠬᠤᠰᠢᠭᠤᠨ᠎ᠤ ᠲᠤᠤᠷᠠᠢ ᠵᠢᠨ ᠤᠢ ᠡᠨᠡᠬᠦ ᠨᠡᠷᠡᠰ᠎ᠤᠨ ᠵᠢᠬᠰᠠᠭᠠᠯᠳᠠ᠎ᠳᠤ ᠤᠷᠤᠬᠰᠠᠨ ᠪᠠᠢᠨ᠎ᠠ᠃

·14.01᠎ᠳ᠋ᠦᠩᠰᠢᠭᠤᠷ ᠲᠦᠭᠦᠷᠢᠭ ᠎ᠤᠨ ᠪᠡᠯᠡ ᠤᠷᠤᠭᠤᠯᠤᠯᠳᠠ ᠲᠠᠢ ᠤᠯᠠᠭᠠᠠᠬᠠᠳᠠ ᠵᠢᠨ ᠨᠢᠰᠬᠡᠯ ᠎ᠤᠨ ᠪᠠᠭᠤᠳᠠᠯ᠎ᠢ ᠦᠷᠭᠡᠳᠬᠡᠨ ᠪᠠᠢᠭᠤᠯᠬᠤ ᠢᠨᠵᠸᠨ᠋ᠸᠷᠢᠩ ᠪᠠᠷᠢᠯᠭ᠎ᠠ ᠳᠠᠭᠤᠰᠴᠤ ᠲᠦᠷᠦᠭᠦᠭᠡᠨ ᠠᠰᠢᠬᠯᠠᠯᠳᠠ᠎ᠳᠤ ᠤᠷᠤᠪᠠ᠃

·ᠪᠠᠶᠠᠠᠨᠠᠭᠤᠷ ᠬᠤᠳᠠ ᠤᠷᠤᠰᠢᠨ ᠰᠠᠭᠤᠷᠢᠰᠢᠬᠤ ᠤᠷᠴᠢᠨ ᠲᠤᠭᠤᠷᠢᠨ᠎ᠤ ᠴᠡᠭᠴᠡᠯᠡᠨ ᠵᠠᠰᠠᠯᠳᠠ ᠵᠢ ᠬᠦᠳᠡᠭᠡ ᠳᠤᠰᠬᠤᠨ᠎ᠢ ᠬᠦᠭᠵᠢᠬᠦᠯᠦᠨ ᠮᠠᠨᠳᠤᠭᠤᠯᠬᠤ ᠵᠢᠨ ᠴᠢᠬᠤᠯᠠ ᠭᠠᠷᠳᠠᠴᠠ ᠪᠤᠯᠭᠠᠵᠤ᠂ ᠤᠳᠤᠬᠠᠨ ᠪᠤᠯᠳᠠᠯ᠎ᠠ 7 ᠬᠤᠰᠢᠭᠤ ᠰᠢᠶᠠᠨ ᠲᠤᠭᠤᠷᠢᠭ᠎ᠤᠨ ᠬᠢᠨ ᠠᠢᠯ ᠳᠤᠰᠬᠤᠨ᠎ᠢ ᠲᠦᠷᠦᠯ ᠬᠤᠪᠢᠶᠠᠬᠤ ᠪᠠ ᠰᠢᠶᠠᠨ᠎ᠤ ᠬᠡᠪᠴᠢᠶᠡᠨ᠎ᠤ ᠬᠦᠳᠡᠭᠡ ᠳᠤᠰᠬᠤᠨ᠎ᠢ ᠪᠦᠲᠦᠭᠡᠨ ᠪᠠᠢᠭᠤᠯᠬᠤ ᠲᠦᠯᠦᠪᠵᠢᠬᠦᠯᠬᠡ ᠵᠢ ᠪᠦᠬᠦᠨ᠎ᠢ ᠪᠡᠶᠡᠯᠡᠬᠦᠯᠪᠡ᠃

·ᠤᠢᠷ᠎ᠠ ᠎ᠳᠤ ᠠᠯᠠᠱᠠ ᠠᠢᠮᠠᠭ ᠎ᠤᠨ ᠶᠢᠰᠦᠳᠦᠭᠡᠷ ᠬᠤᠭᠤᠴᠠᠭᠠᠨ᠎ᠤ 《ᠰᠤᠳᠤᠨ ᠰᠤᠷᠪᠤᠯᠵᠢᠯᠠᠬᠴᠢ ᠰᠠᠢᠬᠠᠨ ᠦᠯᠢᠭᠡᠷ ᠶᠠᠷᠢᠬᠤ》 ᠶᠠᠷᠢᠶ᠎ᠠ ᠢᠯᠡᠳᠬᠡᠯ᠎ᠤᠨ ᠤᠷᠤᠯᠳᠤᠭᠠᠨ ᠶᠠᠪᠤᠬᠳᠠᠵᠤ᠂ 10 ᠰᠤᠨᠢᠨ ᠮᠡᠳᠡᠭᠡᠨ᠎ᠤ ᠠᠵᠢᠯᠳᠠᠨ ᠤᠷᠤᠯᠴᠠᠵᠤ᠂ ᠦᠪᠡᠷ᠎ᠤᠨ ᠠᠵᠢᠯ ᠠᠮᠢᠳᠤᠷᠠᠯ᠎ᠤᠨ ᠳᠤᠮᠳᠠᠬᠢ ᠦᠯᠢᠭᠡᠷ ᠤᠴᠠᠷᠠᠯ ᠵᠢᠡᠨ ᠤᠯᠠᠨ ᠲᠠᠢ ᠬᠤᠪᠢᠶᠠᠯᠴᠠᠬᠰᠠᠨ ᠪᠠᠢᠨ᠎ᠠ᠃


微信图片_20220803171738.jpg


·ᠤᠢᠷ᠎ᠠ᠎ᠳᠤ ᠤᠷᠠᠳ᠎ᠤᠨ ᠳᠤᠮᠳᠠᠳᠤ ᠬᠤᠰᠢᠭᠤᠨ᠎ᠤ ᠪᠠᠶᠠᠠᠠᠤᠯᠠᠭᠠᠨ ᠰᠤᠮᠤᠨ᠎ᠤ ᠳᠤᠮᠳᠠᠠᠤᠰᠤ ᠭᠠᠴᠠᠭᠠᠨ᠎ᠤ ᠬᠢᠯᠢ ᠵᠢᠨ ᠬᠠᠮᠠᠭᠠᠯᠠᠯᠳᠠ ᠵᠢᠨ ᠠᠵᠢᠯᠳᠠᠨ ᠶᠠᠩ᠎ᠳ᠋ᠦᠩ ᠠᠭᠠᠷ᠎ᠤᠨ ᠳᠤᠯᠠᠭᠠᠨ᠂ ᠬᠦᠷᠦᠰᠦᠨ᠎ᠤ ᠴᠢᠬᠢᠭ᠎ᠤᠨ ᠬᠡᠮᠵᠢᠶ᠎ᠡ ᠵᠢ ᠳᠠᠬᠢᠨ ᠳᠠᠪᠳᠠᠨ ᠳᠤᠬᠢᠷᠠᠭᠤᠯᠬᠤ ᠪᠡᠷ ᠳᠠᠮᠵᠢᠨ ᠤᠰᠤᠨ᠎ᠳᠤ ᠡᠪᠡᠰᠦ ᠳᠤᠷᠰᠢᠵᠤ ᠳᠠᠷᠢᠭᠠᠳ ᠠᠮᠵᠢᠯᠳᠠ ᠤᠯᠵᠠᠢ᠃

·ᠵᠡᠬᠦᠨ ᠦᠵᠦᠮᠦᠴᠢᠨ ᠬᠤᠰᠢᠭᠤᠨ᠎ᠤ ᠡᠪᠯᠡᠯ᠎ᠤᠨ ᠬᠤᠷᠢᠶ᠎ᠠ ᠤᠷᠴᠢᠮᠬᠠᠨ 《ᠦᠪᠤᠷ ᠮᠤᠩᠭᠤᠯ ᠵᠢᠠᠨ ᠬᠠᠢᠷᠠᠯᠠᠵᠤ᠂ ᠦᠪᠤᠷ ᠮᠤᠩᠭᠤᠯ ᠵᠢᠠᠨ ᠪᠦᠲᠦᠭᠡᠨ ᠪᠠᠢᠭᠤᠯᠤᠶ᠎ᠠ — ᠤᠮᠠᠷᠠᠳᠤ ᠬᠢᠯᠢ᠎ᠳᠡᠭᠡᠨ ᠪᠢᠳᠡ ᠦᠩᠭᠡ ᠭᠡᠷᠡᠯ ᠨᠡᠮᠡᠷᠢᠯᠡᠶ᠎ᠡ》 ᠭᠡᠬᠦ ᠰᠢᠯᠢᠳᠡᠭ ᠵᠠᠯᠠᠭᠤ ᠴᠢᠳᠠᠪᠤᠷᠢᠳᠠᠨ᠎ᠤ ᠤᠮᠠᠷᠠᠳᠤ ᠬᠢᠯᠢ ᠵᠢᠨ ᠠᠶᠠᠯᠠᠯ᠎ᠤᠨ ᠠᠵᠢᠯᠯᠠᠭ᠎ᠠ ᠦᠷᠨᠢᠬᠦᠯᠵᠤ᠂ ᠪᠦᠬᠦ ᠬᠤᠰᠢᠭᠤᠨ᠎ᠤ ᠨᠤᠲᠤᠭ ᠲᠠᠭᠠᠨ ᠪᠤᠴᠠᠬᠰᠠᠨ 40 ᠭᠠᠷᠤᠢ ᠤᠶᠤᠳᠠᠨ ᠠᠵᠢᠯᠯᠠᠭ᠎ᠠ᠎ᠳᠤ ᠤᠷᠤᠯᠴᠠᠵᠠᠢ᠃


微信图片_20220803171804.jpg


·ᠤᠯᠤᠰ᠎ᠤᠨ ᠡᠷᠡᠬᠦᠯ ᠬᠠᠮᠠᠭᠠᠯᠠᠯ ᠡᠷᠡᠬᠦᠯ ᠮᠡᠨᠳᠤ ᠵᠢᠨ ᠵᠦᠪᠯᠡᠯ᠎ᠤᠨ ᠮᠡᠳᠡᠭᠡ ᠵᠢ ᠦᠨᠳᠦᠰᠦᠯᠡᠪᠡᠯ᠂ 2020 ᠤᠨ᠎ᠤ ᠡᠴᠤᠰ ᠪᠤᠯᠳᠠᠯ᠎ᠠ ᠪᠦᠬᠦ ᠤᠯᠤᠰ᠎ᠤᠨ 86% ᠵᠢᠨ ᠰᠢᠶᠠᠨ᠎ᠤ ᠱᠠᠳᠤᠨ᠎ᠤ ᠤᠷᠤᠨ ᠪᠦᠰᠡ᠎ᠳᠤ ᠨᠢᠭᠡᠨᠳᠡ ᠰᠢᠶᠠᠨ᠎ᠤ ᠱᠠᠳᠤᠨ᠎ᠤ ᠬᠢᠳᠠᠳ ᠡᠮᠨᠡᠯᠭᠡ ᠵᠢᠨ ᠬᠤᠷᠢᠶ᠎ᠠ ᠭᠠᠷᠭᠠᠬᠰᠠᠨ ᠪᠠᠢᠨ᠎ᠠ᠃

·ᠰᠤᠷᠭᠠᠨ ᠬᠦᠮᠦᠵᠢᠯ᠎ᠤᠨ ᠶᠠᠮᠤᠨ᠎ᠤ ᠠᠯᠪᠠᠨ ᠳᠢᠩᠬᠢᠮ ᠤᠢᠷ᠎ᠠ᠎ᠳᠤ ᠮᠡᠳᠡᠭᠳᠡᠯ ᠳᠠᠷᠤᠮᠠᠯᠯᠠᠨ ᠳᠠᠷᠬᠠᠭᠠᠵᠤ᠂ ᠪᠦᠬᠦ ᠤᠯᠤᠰ᠎ᠤᠨ ᠵᠠᠯᠠᠭᠤᠴᠤᠳ ᠪᠠᠭᠠᠴᠤᠳ᠎ᠤᠨ ᠤᠢᠷ᠎ᠠ ᠬᠠᠷᠠᠭ᠎ᠠ ᠵᠢ ᠰᠡᠷᠭᠡᠢᠯᠡᠬᠦ ᠲᠦᠷᠦᠭᠦᠦ ᠪᠦᠯᠦᠭ᠎ᠤᠨ ᠰᠠᠭᠤᠷᠢᠨ᠎ᠢ ᠰᠢᠯᠢᠨ ᠰᠤᠩᠭᠤᠬᠤ ᠪᠡᠷ ᠪᠠᠢᠨ᠎ᠠ᠃

·ᠳᠤᠮᠳᠠᠳᠤ ᠤᠯᠤᠰ᠎ᠤᠨ ᠬᠡᠷᠡᠭᠯᠡᠭᠴᠢᠳ᠎ᠤᠨ ᠨᠡᠢᠭᠡᠮᠯᠢᠭ᠎ᠤᠨ ᠮᠡᠳᠡᠭᠡ ᠵᠢ ᠦᠨᠳᠦᠰᠦᠯᠡᠪᠡᠯ ᠳᠡᠭᠡᠷ᠎ᠡ ᠬᠠᠭᠠᠰ ᠵᠢᠯ᠎ᠳᠤ ᠪᠦᠬᠦ ᠤᠯᠤᠰ᠎ᠤᠨ ᠬᠡᠷᠡᠭᠯᠡᠭᠴᠢᠳ᠎ᠤᠨ ᠨᠡᠢᠭᠡᠮᠯᠢᠭ᠎ᠤᠨ ᠵᠤᠬᠢᠶᠠᠨ ᠪᠠᠢᠭᠤᠯᠤᠯᠳᠠ ᠵᠢᠨ ᠵᠠᠭᠠᠯᠳᠤᠯᠭ᠎ᠠ ᠵᠢ ᠬᠦᠯᠢᠶᠡᠨ ᠠᠪᠴᠤ ᠰᠢᠢᠳᠪᠤᠷᠢᠯᠡᠭᠰᠡᠨ ᠨᠤᠷᠮ᠎ᠠ 81.52%᠎ᠲᠦ ᠬᠦᠷᠴᠤ᠂ 73863 ᠲᠦᠮᠡᠨ ᠲᠦᠭᠦᠷᠢᠭ᠎ᠤᠨ ᠬᠤᠬᠢᠷᠠᠯ᠎ᠢ ᠡᠭᠡᠭᠦᠯᠦᠨ ᠠᠪᠴᠢᠷᠠᠵᠠᠢ᠃

ᠰᠤᠶᠤᠯ

·ᠦᠪᠡᠷᠲᠡᠭᠡᠨ ᠵᠠᠰᠠᠬᠤ ᠤᠷᠤᠨ᠎ᠤ 《ᠳᠤᠮᠳᠠᠳᠤ ᠤᠯᠤᠰ᠎ᠤᠨ ᠪᠡᠶ᠎ᠡ ᠵᠢᠨ ᠳᠠᠮᠢᠷ᠎ᠤᠨ ᠱᠠᠩᠨᠠᠯᠳᠤ ᠰᠤᠭᠤᠯᠤᠭ᠎ᠠ ᠬᠤᠨᠳᠠᠭᠠᠳᠤ》 ᠵᠠᠯᠠᠭᠤᠴᠤᠳ ᠪᠠᠭᠠᠴᠤᠳ (ᠳᠤᠮᠳᠠᠳᠤ ᠰᠤᠷᠭᠠᠭᠤᠯᠢ ᠵᠢᠨ ᠰᠤᠷᠤᠬᠴᠢ) ᠎ᠤᠨ ᠤᠷᠢᠶᠠᠩᠭᠤ ᠪᠦᠮᠪᠦᠭᠡ ᠵᠢᠨ ᠮᠠᠩᠯᠠᠢ ᠰᠢᠯᠭᠠᠷᠠᠭᠤᠯᠬᠤ ᠤᠷᠤᠯᠳᠤᠭᠠᠨ ᠤᠢᠷ᠎ᠠ ᠎ᠳᠤ ᠶᠠᠬᠰᠢ ᠬᠤᠳᠠ ᠎ᠳᠤ ᠶᠠᠪᠤᠬᠳᠠᠵᠤ᠂ ᠤᠷᠤᠯᠳᠤᠭᠠᠨ᠎ᠳᠤ13 ᠲᠦᠯᠦᠭᠡᠯᠡᠭᠴᠢᠳ᠎ᠤᠨ ᠠᠩᠬᠢ ᠵᠢᠨ 75 ᠳᠠᠮᠢᠷᠴᠢᠨ ᠤᠷᠤᠯᠴᠠᠪᠠ᠃


20220803100222501zq2270.jpg


·ᠪᠠᠷᠠᠭᠤᠨ ᠦᠵᠦᠮᠦᠴᠢᠨ ᠬᠤᠰᠢᠭᠤᠨ᠎ᠤ ᠳᠠᠪᠤᠳᠤᠭᠠᠷ ᠬᠤᠭᠤᠴᠠᠭᠠᠨ᠎ᠤ ᠤᠯᠠᠨ ᠲᠦᠮᠡᠨ᠎ᠤ ᠤᠷᠠᠯᠢᠭ᠎ᠤᠨ ᠴᠤᠬᠯᠠᠭᠠᠨ ᠵᠢᠴᠢ 2022 ᠤᠨ᠎ᠤ ᠠᠵᠢᠯ᠎ᠤᠨ ᠴᠢᠯᠦᠭᠡᠨ᠎ᠤ ᠤᠯᠠᠭᠠᠠᠮᠦ᠋ᠴᠢᠷ᠎ᠤᠨ ᠬᠠᠮᠳᠤᠷᠠᠬᠰᠠᠨ ᠳᠤᠬᠯᠠᠯᠳᠠ ᠤᠷᠴᠢᠮᠬᠠᠨ ᠡᠬᠢᠯᠡᠨ ᠶᠠᠪᠤᠬᠳᠠᠵᠤ᠂ ᠨᠡᠢᠳᠡ 10 ᠳᠠᠯᠠᠪᠤᠷ ᠶᠠᠪᠤᠬᠳᠠᠬᠤ ᠪᠡᠷ ᠪᠠᠢᠨ᠎ᠠ᠃


微信图片_20220803172112.jpg


·ᠤᠢᠷ᠎ᠠ ᠵᠢᠨ ᠡᠳᠤᠷ ᠠᠪᠠᠭ᠎ᠠ ᠬᠤᠰᠢᠭᠤᠨ᠎ᠤ ᠪᠡᠯᠭᠦᠳᠠᠢ ᠪᠠᠯᠭᠠᠰᠤᠨ᠎ᠳᠤ ᠠᠷᠪᠠᠨ ᠳᠦᠷᠪᠡᠳᠡᠬᠢ ᠤᠳᠠᠭᠠᠨ᠎ᠤ《ᠲᠡᠭᠡᠭ ᠎ᠤᠨ ᠨᠠᠮᠤᠷ》 ᠰᠤᠶᠤᠯ ᠤᠷᠠᠯᠢᠭ᠎ᠤᠨ ᠴᠢᠭᠤᠯᠭᠠᠨ ᠠᠮᠵᠢᠯᠳᠠ ᠲᠠᠢ ᠶᠠᠪᠤᠬᠳᠠᠪᠠ᠃


微信图片_20220803172137.jpg


·ᠤᠷᠴᠢᠮᠬᠠᠨ ᠠᠷᠤ ᠬᠤᠷᠴᠢᠨ ᠬᠤᠰᠢᠭᠤᠨ᠎ᠤ ᠪᠠᠶᠠᠠᠠᠦ᠋ᠨᠳᠤᠷ ᠰᠤᠮᠤᠨ᠎ᠳᠤ  《ᠳᠡᠭᠰᠢᠪᠠᠶᠠᠷ》 ᠬᠤᠨᠳᠠᠭᠠᠳᠤ ᠨᠤᠲᠤᠭ ᠤᠰᠤ ᠪᠡᠨ ᠤᠶᠠᠩᠭᠠᠯᠠᠬᠰᠠᠨ ᠰᠢᠯᠦᠭ᠎ᠤᠨ ᠤᠷᠤᠯᠳᠤᠭᠠᠨ ᠶᠠᠪᠤᠬᠳᠠᠪᠠ᠃

·ᠪᠡᠭᠡᠵᠢᠩ᠎ᠤᠨ ᠤᠯᠠᠨ ᠤᠯᠤᠰ᠎ᠤᠨ ᠺᠢᠨᠤ᠋ ᠵᠢᠨ ᠨᠠᠢᠷ 8 ᠰᠠᠷ᠎ᠠ ᠵᠢᠨ 13᠎ᠤ ᠡᠳᠤᠷ ᠡᠬᠢᠯᠡᠬᠦ ᠪᠡᠷ ᠪᠤᠢ᠃

ᠤᠢᠯᠡᠴᠢᠯᠡᠭᠡ

·ᠪᠤᠭᠤᠳᠤ ᠬᠤᠳᠠ ᠵᠢᠨ ᠎ᠳ᠋ᠦᠩ ᠡᡁᠸ ᠲᠤᠭᠤᠷᠢᠭ᠎ᠤᠨ ᠠᠵᠢᠯ ᠤᠢᠯᠡᠰ᠎ᠤᠨ ᠨᠢᠭᠡᠴᠢ ᠠᠵᠢᠯᠳᠠᠨ ᠡᠯᠰᠡᠬᠦ  ᠪᠡᠷ  ᠪᠤᠢ᠃ 

·ᠳᠠᠬᠢᠶᠠᠨ ᠦᠨᠳᠡᠭᠡ ᠴᠢᠨᠠᠬᠤ᠎ᠳᠤ ᠤᠰᠤᠨ᠎ᠳᠠᠭᠠᠨ ᠪᠠᠭ᠎ᠠ ᠳᠠᠪᠤᠰᠤ ᠨᠡᠮᠡᠪᠡᠯ ᠳᠠᠬᠢᠶᠠᠨ ᠦᠨᠳᠡᠭᠡᠨ᠎ᠤ ᠬᠠᠯᠢᠰᠤ ᠬᠠᠭᠠᠷᠠᠬᠤ ᠵᠢ ᠰᠡᠷᠭᠡᠢᠯᠡᠵᠤ ᠳᠡᠢᠯᠦᠨ᠎ᠡ᠃

ᠵᠠᠯᠭᠠᠭᠠᠳ 《ᠠᠵᠢᠨᠠᠢ》 ᠳᠠᠭᠤᠤ ᠪᠡᠷ ᠠᠶ᠎ᠠ ᠪᠠᠷᠢᠵᠤ ᠨᠡᠪᠲᠡᠷᠡᠬᠦᠯᠭᠡ ᠪᠡᠨ ᠵᠢᠷᠭᠠᠭᠠᠶ᠎ᠠ᠃ ᠲᠠ ᠪᠦᠬᠦᠨ ᠎ᠤ ᠬᠦᠯᠢᠶᠡᠨ ᠠᠪᠴᠤ ᠰᠤᠨᠤᠰᠤᠬᠰᠠᠨ᠎ᠳᠤ ᠪᠠᠶᠠᠷᠯᠠᠯ᠎ᠠ᠂  ᠪᠠᠶᠠᠷᠲᠠᠢ! 


5.png


ᠬᠤᠪᠢᠶᠠᠯᠴᠠᠬᠤ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ
2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄0471-6659832 ᠢᠮᠧᠯ᠄tn@mgyxw.net   蒙ICP备10000005号