8 ᠰᠠᠷ᠎ᠠ ᠵᠢᠨ 5 ᠎ᠦ ᠡᠳᠦᠷ
ᠡᠬᠢᠯᠡᠬᠦ᠌ ᠴᠠᠭ᠄
2022-08-05 09:37:21
ᠨᠠᠶ᠋ᠢᠷᠠᠭᠤᠯᠤᠭᠴᠢ ᠄
 
ᠨᠡᠪᠲᠡᠷᠡᠬᠦᠯᠦᠭᠴᠢ ᠄
 
ᠮᠡᠷᠭᠡᠵᠢᠯ ᠄
 
ᠤᠩᠰᠢᠭᠰᠠᠨ ᠤᠳᠠᠭ᠎ᠠ᠄

新-语音播报-封面.jpg


jie9.png


最新 天气预报模板_01.jpg


jie1.png


ᠴᠠᠭ ᠲᠦᠷᠦ

• 8 ᠰᠠᠷ᠎ᠠ᠎ᠶᠢᠨ 4᠎ᠤ 12 ᠴᠠᠭ ᠡᠴᠡ 8 ᠰᠠᠷ᠎ᠠ᠎ᠶᠢᠨ 7᠎ᠤ 12 ᠴᠠᠭ ᠪᠤᠯᠳᠠᠯ᠎ᠠ᠂ ᠴᠢᠯᠦᠭᠡᠯᠡᠬᠦ ᠴᠡᠷᠢᠭ᠎ᠤᠨ ᠴᠢᠬᠤᠯᠠ ᠰᠤᠷᠢᠯᠳᠠ ᠪᠤᠯᠪᠠᠰᠤᠷᠠᠯ ᠶᠠᠪᠤᠭᠳᠠᠵᠦ᠂ ᠦᠨᠡᠨ ᠰᠤᠮᠤ ᠪᠡᠷ ᠬᠠᠷᠪᠤᠬᠤ᠎ᠶᠢ ᠵᠤᠬᠢᠶᠠᠨ ᠪᠠᠢᠭᠤᠯᠬᠤ ᠪᠡᠷ ᠪᠤᠢ᠃

ᠨᠡᠢᠭᠡᠮ

• 2022ᠤᠨ᠎ᠤ ᠮᠠᠨ᠎ᠤ ᠤᠷᠤᠨ᠎ᠤ ᠰᠤᠶᠤᠯ ᠵᠢᠭᠤᠯᠴᠢᠯᠠᠯ᠎ᠢ ᠬᠦᠭᠡᠮᠦ᠋ᠷᠡᠨ᠎ᠤ ᠭᠤᠷᠪᠠᠯᠵᠢᠨ ᠬᠤᠢᠭ᠎ᠤᠨ ᠬᠤᠳᠠ᠎ᠳᠦ ᠲᠠᠨᠢᠯᠴᠠᠭᠤᠯᠬᠤ ᠬᠤᠷᠠᠯ ᠲᠦᠷᠦᠭᠦᠭᠡᠨ ᠰᠦᠵᠧᠦ ᠬᠤᠳᠠ᠎ᠳᠦ ᠶᠠᠪᠤᠭᠳᠠᠵᠠᠢ᠃• ᠤᠢᠷ᠎ᠠ᠎ᠳᠦ ᠤᠯᠤᠰ᠎ᠤᠨ ᠲᠤᠳᠤᠭᠠᠳᠤ᠎ᠶᠢᠨ ᠨᠢᠭᠡᠳᠦᠭᠡᠷ ᠲᠡᠰ᠎ᠤᠨ ᠮᠤᠷᠢᠨ ᠮᠡᠷᠭᠡᠵᠢᠯ᠎ᠤᠨ ᠨᠡᠢᠭᠡᠮ᠎ᠤᠨ ᠪᠡᠶ᠎ᠡ᠎ᠶᠢᠨ ᠲᠠᠮᠢᠷ᠎ᠤᠨ ᠵᠢᠭᠠᠨ ᠵᠢᠯᠤᠭᠤᠳᠤᠭᠴᠢ᠎ᠶᠢᠨ ᠪᠤᠯᠪᠠᠰᠤᠷᠠᠯ ᠬᠦᠬᠡᠬᠤᠳᠠ᠎ᠳᠦ ᠶᠠᠪᠤᠭᠳᠠᠪᠠ᠃• ᠲᠡᠭᠡᠷ᠎ᠡ ᠬᠠᠭᠠᠰ ᠵᠢᠯ᠎ᠳᠦ ᠤᠷᠳᠤᠰ ᠬᠤᠳᠠ᠎ᠶᠢᠨ 12345 ᠬᠠᠯᠠᠮᠰᠢᠯ ᠤᠳᠠᠰᠤ ᠨᠢ ᠪᠦᠬᠦ ᠬᠤᠳᠠ᠎ᠶᠢᠨ ᠠᠵᠤ ᠠᠬᠤᠢᠯᠠᠯ ᠪᠠ ᠤᠯᠠᠨ ᠲᠦᠮᠡᠨ᠎ᠤ 25 ᠲᠦᠮᠡ ᠭᠠᠷᠤᠢ ᠬᠦᠰᠡᠯ ᠱᠠᠭᠠᠷᠳᠠᠯᠭ᠎ᠠ᠎ᠶᠢ ᠬᠦᠯᠢᠶᠡᠨ ᠲᠤᠰᠴᠠᠢ᠃

• ᠤᠳᠤᠬᠠᠨ ᠪᠤᠯᠳᠠᠯ᠎ᠠ ᠬᠦᠯᠦᠨ ᠪᠤᠢᠷ ᠬᠤᠳᠠ ᠴᠡᠷᠢᠭ ᠡᠴᠡ ᠬᠠᠯᠠᠭᠳᠠᠭᠰᠠᠳ᠎ᠤᠨ ᠦᠢᠯᠡᠴᠢᠯᠡᠭᠡᠨ᠎ᠤ ᠲᠦᠪ  (ᠦᠷᠳᠡᠭᠡ) ᠎ᠢ ᠨᠡᠢᠳᠡ 529 ᠪᠠᠢᠭᠤᠯᠪᠠ᠃

• ᠲᠦᠷᠦᠭᠦᠭᠡᠨ ᠲᠤᠮᠳᠠᠳᠤ ᠤᠯᠤᠰ᠎ᠤᠨ ᠠᠳᠤᠭᠤᠨ᠎ᠤ ᠨᠡᠢᠭᠡᠮᠯᠢᠭ ᠡᠴᠡ ᠰᠢᠯᠢᠩᠬᠤᠳᠠ᠎ᠶᠢᠨ ᠪᠠᠶᠠᠨᠰᠢᠯᠢ ᠮᠠᠯᠵᠢᠯ᠎ᠤᠨ ᠲᠠᠯᠠᠪᠠᠢ᠎ᠳᠦ 《ᠪᠦᠬᠦ ᠤᠯᠤᠰ᠎ᠤᠨ ᠠᠳᠤᠭᠤᠨ᠎ᠤ ᠴᠢᠨᠠᠷ ᠴᠢᠨᠰᠠᠭ᠎ᠠ᠎ᠶᠢ ᠬᠢᠨᠠᠨ ᠲᠤᠭᠳᠠᠭᠠᠬᠤ ᠲᠠᠯᠠᠪᠠᠢ (ᠰᠢᠯᠢ᠎ᠶᠢᠨ ᠭᠤᠤᠯ)》  ᠭᠡᠬᠦ ᠫᠠᠢᠰᠠ ᠢᠯᠡᠷᠭᠡᠢᠯᠡᠯ ᠤᠯᠭᠤᠪᠠ᠃• ᠬᠦᠪᠡᠭᠡᠳᠦ ᠰᠢᠷ᠎ᠠ ᠬᠤᠰᠢᠭᠤᠨ᠎ᠤ ᠡᠪᠯᠡᠯ ᠎ᠤᠨ ᠬᠤᠷᠢᠶ᠎ᠠ ᠨᠢ ᠵᠠᠯᠠᠭᠤ ᠰᠠᠢᠨ ᠲᠤᠷᠠᠴᠤᠳ᠎ᠢ ᠵᠤᠬᠢᠶᠠᠨ ᠪᠠᠢᠭᠤᠯᠵᠦ ᠪᠤᠯᠪᠠᠰᠤᠨ ᠵᠠᠮ ᠬᠠᠷᠢᠯᠴᠠᠭᠠᠨ᠎ᠤ ᠦᠢᠯᠡᠴᠢᠯᠡᠭᠡᠨ᠎ᠤ ᠬᠦᠳᠡᠯᠭᠡᠭᠡᠨ ᠦᠷᠨᠢᠭᠦᠯᠵᠡᠢ᠃

• ᠤᠢᠷ᠎ᠠ᠎ᠶᠢᠨ ᠡᠳᠦᠷ ᠠᠷᠤ ᠬᠤᠷᠴᠢᠨ ᠬᠤᠰᠢᠭᠤᠨ᠎ᠤ ᠱᠤᠤ ᠪᠠᠯᠭᠠᠰᠤ᠎ᠶᠢᠨ ᠱᠤᠤ ᠭᠠᠴᠠᠭ᠎ᠠ ᠨᠢ ᠨᠠᠮ᠎ᠤᠨ ᠬᠡᠰᠢᠭᠦᠨ᠎ᠤ 《ᠬᠠᠢᠷ᠎ᠠ ᠬᠠᠯᠠᠮᠵᠢ᠎ᠶᠢᠨ ᠬᠤᠨᠢᠨ ᠰᠦᠷᠦᠭ》᠎ᠢ ᠡᠷᠦᠬᠡ᠎ᠳᠦ ᠬᠦᠷᠭᠡᠬᠦ ᠠᠵᠢᠯᠯᠠᠭ᠎ᠠ ᠶᠠᠪᠤᠭᠳᠠᠭᠤᠯᠵᠠᠢ᠃• ᠤᠢᠷ᠎ᠠ᠎ᠳᠦ ᠪᠦᠬᠦ ᠤᠯᠤᠰ᠎ᠤᠨ ᠠᠵᠢᠯᠴᠢᠨ᠎ᠤ ᠶᠡᠷᠦᠩᠬᠡᠢ ᠡᠪᠯᠡᠯ 《2022 ᠤᠨ᠎ᠤ ᠲᠦᠪ᠎ᠤᠨ ᠡᠳ᠋᠎ᠤᠨ ᠵᠠᠰᠠᠭ᠎ᠤᠨ ᠲᠤᠰᠬᠠᠢ ᠲᠦᠷᠦᠯ᠎ᠤᠨ ᠬᠠᠪᠰᠤᠷᠤᠨ ᠲᠡᠳᠬᠦᠬᠦ ᠪᠡᠯᠡ ᠮᠦᠩᠭᠦ᠎ᠶᠢᠨ ᠬᠤᠪᠢᠶᠠᠷᠢᠯᠠᠯᠳᠠ᠎ᠶᠢ ᠲᠤᠷᠤᠭᠰᠢ ᠪᠠᠭᠤᠯᠭᠠᠬᠤ ᠪᠠ ᠬᠡᠷᠡᠭᠯᠡᠬᠦ ᠬᠤᠯᠪᠤᠭᠳᠠᠯ ᠪᠦᠬᠦᠢ ᠵᠦᠢᠯᠡᠰ᠎ᠤᠨ ᠲᠤᠬᠠᠢ ᠮᠡᠳᠡᠭᠳᠡᠯ》 ᠎ᠢ ᠲᠠᠷᠬᠠᠭᠠᠭᠰᠠᠨ ᠪᠦᠭᠡᠳ 5.64 ᠎ᠳ᠋ᠦ᠋ᠩᠰᠢᠭᠤᠷ ᠲᠦᠭᠦᠷᠢᠭ᠎ᠤᠨ ᠲᠦᠪ᠎ᠤᠨ ᠡᠳ᠋᠎ᠤᠨ ᠵᠠᠰᠠᠭ᠎ᠤᠨ ᠲᠤᠰᠬᠠᠢ ᠲᠦᠷᠦᠯ᠎ᠤᠨ ᠬᠠᠪᠰᠤᠷᠤᠨ ᠲᠡᠳᠬᠦᠬᠦ ᠪᠡᠯᠡ ᠮᠦᠩᠭᠦ ᠪᠠᠭᠤᠯᠭᠠᠵᠦ᠂ ᠬᠦᠴᠢᠷᠳᠡᠯᠳᠡᠢ ᠠᠵᠢᠯᠳᠠᠨ ᠠᠵᠢᠯᠴᠢᠨ᠎ᠤ ᠦᠨᠳᠦᠰᠦᠨ ᠠᠮᠢᠳᠤᠷᠠᠯ᠎ᠢ ᠪᠠᠳᠤᠯᠠᠬᠤ᠎ᠳᠦ ᠬᠡᠷᠡᠭᠯᠡᠬᠦ ᠪᠡᠷ ᠪᠤᠢ᠃

• ᠤᠯᠤᠰ᠎ᠤᠨ ᠬᠢᠳᠠᠳ ᠡᠮ ᠡᠮᠨᠡᠯᠭᠡ᠎ᠶᠢᠨ ᠬᠠᠮᠢᠶᠠᠷᠤᠯᠳᠠ᠎ᠶᠢᠨ ᠲᠤᠪᠴᠢᠶ᠎ᠠ ᠡᠴᠡ ᠬᠤᠳᠠᠯ ᠬᠠᠭᠤᠷᠮᠠᠭ ᠬᠠᠤᠯᠢ ᠡᠴᠡ ᠵᠦᠷᠢᠴᠡᠭᠰᠡᠨ ᠬᠢᠳᠠᠳ ᠡᠮᠨᠡᠯᠭᠡ᠎ᠶᠢᠨ ᠡᠮᠴᠢᠯᠡᠭᠡᠨ᠎ᠤ ᠵᠠᠷ᠎ᠲᠦ ᠦᠷᠬᠦᠯᠵᠢᠯᠡᠨ ᠴᠢᠩᠭ᠎ᠠ ᠴᠤᠭᠢᠯᠳᠠ ᠦᠭᠭᠦᠨ᠎ᠡ ᠭᠡᠵᠡᠢ᠃


ᠰᠤᠶᠤᠯ

• 8 ᠰᠠᠷ᠎ᠠ᠎ᠶᠢᠨ 5᠂ 6 ᠎ᠤ ᠡᠳᠦᠷ᠂ ᠦᠪᠦᠷ ᠮᠤᠩᠭᠤᠯ᠎ᠤᠨ ᠤᠳᠬ᠎ᠠ ᠤᠷᠠᠯᠢᠭ᠎ᠤᠨ ᠬᠢᠨ᠎ᠤ ᠬᠤᠯᠪᠤᠭ᠎ᠠ ᠡᠴᠡ ᠲᠠᠭᠠᠭᠠᠴᠢᠯᠠᠨ ᠡᠷᠬᠢᠯᠡᠭᠰᠡᠨ《ᠲᠤᠮᠳᠠᠳᠤ᠎ᠶᠢᠨ ᠰᠢ ᠲᠠᠭᠤᠤᠷᠢᠯᠢᠭ᠎ᠤᠨ ᠨᠡᠷᠡᠳᠦ ᠬᠦᠮᠦᠰ᠎ᠤᠨ ᠰᠤᠩᠭᠤᠳᠠᠭ ᠪᠠᠳᠠᠭ᠎ᠤᠨ ᠲᠤᠭᠯᠠᠯᠳᠠ》 ᠦᠪᠦᠷ ᠮᠤᠩᠭᠤᠯ᠎ᠤᠨ ᠤᠷᠠᠯᠢᠭ ᠵᠦᠴᠦᠬᠡ᠎ᠶᠢᠨ ᠬᠦᠷᠢᠶᠡᠯᠡᠩ᠎ᠤᠨ ᠲᠠᠭᠤᠤ ᠬᠦᠭᠵᠢᠮ ᠎ᠤᠨ ᠲᠢᠩᠬᠢᠮ᠎ᠳᠦ ᠶᠠᠪᠤᠭᠳᠠᠨ᠎ᠠ᠃

jie6.png


• ᠶᠢᠰᠦᠳᠦᠭᠡᠷ ᠬᠤᠭᠤᠴᠠᠭᠠᠨ᠎ᠤ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠯᠠᠭᠠᠨᠮᠦ᠋ᠴᠢᠷ᠎ᠤᠨ ᠤᠷᠠᠯᠢᠭ᠎ᠤᠨ ᠨᠠᠢᠷ  8  ᠰᠠᠷ᠎ᠠ ᠎ᠶᠢᠨ 8 — 15᠎ᠤ ᠡᠳᠦᠷ ᠪᠤᠯᠳᠠᠯ᠎ᠠ ᠬᠢᠩᠭᠠᠨ ᠠᠢᠮᠠᠭ᠎ᠤᠨ ᠬᠤᠷᠴᠢᠨ ᠪᠠᠷᠠᠭᠤᠨ ᠭᠠᠷᠤᠨ ᠡᠮᠦᠨᠡᠳᠦ ᠬᠤᠰᠢᠭᠤᠨ᠎ᠳᠦ ᠶᠠᠪᠤᠭᠳᠠᠬᠤ ᠪᠡᠷ ᠪᠤᠢ᠃

• 8 ᠰᠠᠷ᠎ᠠ᠎ᠶᠢᠨ 3᠎ᠤ ᠡᠳᠦᠷ᠂ ᠦᠪᠦᠷ ᠮᠤᠩᠭᠤᠯ᠎ᠤᠨ ᠠᠷᠪᠠᠨ ᠲᠠᠪᠤᠳᠤᠭᠠᠷ ᠬᠤᠭᠤᠴᠠᠭᠠᠨ᠎ᠤ ᠲᠤᠯᠤᠨ ᠨᠤᠤᠷ᠎ᠢ ᠲᠤᠭᠤᠷᠢᠬᠤ ᠲᠤᠭᠤᠢ ᠲᠡᠷᠭᠡᠨ᠎ᠤ ᠤᠷᠤᠯᠳᠤᠭᠠᠨ ᠲᠤᠯᠤᠨ ᠨᠤᠤᠷ ᠰᠢᠶᠠᠨ᠎ᠳᠦ ᠶᠠᠪᠤᠭᠳᠠᠵᠠᠢ᠃


微信图片_20220804155032.jpg


• ᠲᠦᠷᠦᠭᠦᠭᠡᠨ 2022 ᠤᠨ᠎ᠤ ᠪᠦᠬᠦ ᠤᠯᠤᠰ᠎ᠤᠨ ᠠᠩᠬᠠᠳᠤᠭᠠᠷ ᠬᠤᠭᠤᠴᠠᠭᠠᠨ᠎ᠤ ᠦᠱᠦ᠎ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ ᠦᠨᠳᠦᠷᠯᠡᠵᠦ᠂ ᠬᠦᠬᠡᠬᠤᠳᠠ᠎ᠶᠢᠨ ᠪᠡᠶ᠎ᠡ᠎ᠶᠢᠨ ᠲᠠᠮᠢᠷ᠎ᠤᠨ ᠰᠤᠷᠭᠠᠭᠤᠯᠢ ᠎ᠶᠢᠨ 5 ᠲᠠᠮᠢᠷᠴᠢᠨ ᠤᠷᠤᠯᠴᠠᠵᠦ᠂ ᠮᠠᠨ᠎ᠤ ᠤᠷᠤᠨ᠎ᠳᠦ 1 ᠠᠯᠳᠠᠨ ᠮᠧᠳᠡᠯ᠂ 1 ᠮᠦᠩᠭᠦᠨ ᠮᠧᠳᠡᠯ᠂ 2 ᠬᠦᠷᠡᠯ ᠮᠧᠳᠡᠯ ᠠᠪᠴᠢᠷᠠᠭᠰᠠᠨ ᠪᠠᠢᠨ᠎ᠠ᠃ 


jie7.png


• ᠠᠯᠠᠱᠠ᠎ᠶᠢᠨ ᠵᠠᠯᠠᠭᠤᠴᠤᠳ ᠪᠠᠭᠠᠴᠤᠳ᠎ᠤᠨ 《ᠤᠯᠠᠮᠵᠢᠯᠠᠯ》 ᠬᠤᠨᠳᠠᠭᠠᠳᠤ ᠮᠤᠩᠭᠤᠯ ᠰᠢᠳᠠᠷ᠎ᠠ᠎ᠶᠢᠨ ᠤᠷᠤᠯᠳᠤᠭᠠᠨ ᠲᠦᠷᠦᠭᠦᠭᠡᠨ ᠠᠯᠠᠱᠠ ᠵᠡᠭᠦᠨ ᠬᠤᠰᠢᠭᠤᠨ᠎ᠤ ᠪᠤᠳᠠᠰ᠎ᠤᠨ ᠪᠤᠰᠤ ᠰᠤᠶᠤᠯ᠎ᠤᠨ ᠦᠪ᠎ᠢ ᠤᠯᠠᠮᠵᠢᠯᠠᠨ ᠬᠠᠮᠠᠭᠠᠯᠠᠬᠤ ᠰᠠᠭᠤᠷᠢᠨ᠎ᠳᠦ ᠶᠠᠪᠤᠭᠳᠠᠵᠠᠢ᠃


微信图片_20220804155514.jpg


• ᠲᠦᠷᠦᠭᠦᠭᠡᠨ ᠠᠯᠠᠱᠠ ᠵᠡᠭᠦᠨ ᠬᠤᠰᠢᠭᠤᠨ᠎ᠤ ᠠᠷᠠᠳ᠎ᠤᠨ ᠲᠠᠭᠤᠴᠢᠳ᠎ᠤᠨ ᠨᠡᠢᠭᠡᠮᠯᠢᠭ᠎ᠤᠨ ᠵᠤᠨ᠎ᠤ ᠰᠡᠯᠡᠭᠦᠴᠡᠯ᠎ᠤᠨ ᠲᠤᠰᠬᠠᠢ ᠲᠤᠭᠯᠠᠯᠳᠠ ᠪᠠᠶᠠᠨᠬᠤᠳᠠ᠎ᠳᠦ ᠬᠦᠭᠵᠢᠶᠡᠨᠳᠡᠢ ᠶᠠᠪᠤᠭᠳᠠᠵᠠᠢ᠃

• 2022 ᠤᠨ᠎ᠤ ᠲᠤᠮᠳᠠᠳᠤ ᠤᠯᠤᠰ᠎ᠤᠨ ᠪᠡᠶ᠎ᠡ᠎ᠶᠢᠨ ᠲᠠᠮᠢᠷ᠎ᠤᠨ ᠰᠤᠶᠤᠯ᠂ ᠪᠡᠶ᠎ᠡ᠎ᠶᠢᠨ ᠲᠠᠮᠢᠷ᠎ᠤᠨ ᠵᠢᠭᠤᠯᠴᠢᠯᠠᠯ᠎ᠤᠨ ᠦᠵᠡᠰᠭᠦᠯᠡᠩ᠎ᠤᠨ ᠴᠤᠭᠯᠠᠭᠠᠨ 11 ᠰᠠᠷ᠎ᠠ᠎ᠶᠢᠨ 25 — 27᠎ᠤ ᠡᠳᠦᠷ ᠪᠤᠯᠳᠠᠯ᠎ᠠ ᠭᠤᠧᠠᠩᠵᠧᠦ᠎ᠳᠦ ᠶᠠᠪᠤᠭᠳᠠᠬᠤ ᠪᠡᠷ ᠪᠤᠢ ᠃


ᠦᠢᠯᠡᠴᠢᠯᠡᠬᠡ

• ᠬᠢᠩᠭᠠᠨ ᠠᠢᠮᠠᠭ᠎ᠤᠨ ᠬᠡᠰᠡᠭ ᠰᠢᠭᠤᠳ ᠬᠠᠷᠢᠶ᠎ᠠ ᠠᠵᠢᠯ ᠦᠢᠯᠡᠰ᠎ᠤᠨ ᠨᠢᠭᠡᠴᠢ ᠴᠢᠳᠠᠪᠤᠷᠢᠳᠠᠨ ᠤᠷᠢᠨ ᠡᠯᠰᠡᠬᠦ ᠪᠡᠷ ᠪᠤᠢ᠃

• ᠲᠠᠳᠠᠮᠠᠯ ᠲᠤᠪᠴᠢᠯᠠᠭᠤᠷ ᠬᠠᠪᠴᠢᠭᠳᠠᠭᠠᠳ ᠬᠦᠳᠡᠯᠬᠦ ᠦᠭᠡᠢ ᠦᠶ᠎ᠡ᠎ᠳᠦ ᠭᠤᠯᠭᠤᠭᠤᠷ ᠲᠤᠰᠤ ᠪᠠᠭ᠎ᠠ ᠲᠦᠷᠬᠢᠪᠡᠯ ᠪᠤᠯᠴᠢᠬᠠᠨ᠎ᠠ᠃ 

ᠵᠠᠯᠭᠠᠭᠠᠳ 《ᠡᠷᠬᠡᠯᠡᠨ ᠵᠢᠷᠭᠠᠮᠠᠷ ᠡ》ᠲᠠᠭᠤᠤ ᠪᠡᠷ ᠠᠶ᠎ᠠ ᠪᠠᠷᠢᠵᠦ᠍ ᠨᠡᠪᠳᠡᠷᠡᠭᠦᠯᠭᠡ ᠪᠡᠨ ᠵᠢᠷᠭᠠᠭᠠᠶ᠎ᠠ᠃ ᠲᠠ ᠪᠦᠬᠦᠨ ᠎ᠤ ᠬᠦᠯᠢᠶᠡᠨ ᠠᠪᠴᠤ᠌ ᠰᠤᠨᠤᠰᠤᠬ᠍ᠰᠠᠨ᠎ᠳᠤ  ᠪᠠᠶᠠᠷᠯᠠᠯ᠎ᠠ᠂  ᠪᠠᠶᠠᠷᠳᠠᠢ!

 

jie7.png
ᠬᠤᠪᠢᠶᠠᠯᠴᠠᠬᠤ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ
2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄0471-6659832 ᠢᠮᠧᠯ᠄tn@mgyxw.net   蒙ICP备10000005号