



ᠨᠡᠢᠭᠡᠮ
✦ ᠣᠢᠷ᠎ᠠ᠎ᠳᠤ
ᠤᠯᠤᠰ᠎ᠤᠨ ᠢᠨᠲᠧᠷ ᠰᠦᠯᠵᠢᠶᠡᠨ᠎ᠦ ᠮᠡᠳᠡᠭᠡ ᠵᠠᠩᠭᠢ᠎ᠶᠢᠨ ᠠᠯᠪᠠᠨ ᠭᠡᠷ《ᠢᠨᠲᠧᠷ ᠰᠦᠯᠵᠢᠶᠡᠨ᠎ᠦ ᠮᠡᠳᠡᠭᠡ ᠵᠠᠩᠭᠢ᠎ᠶᠢᠨ ᠰᠠᠯᠠᠭ᠎ᠠ ᠮᠥᠴᠢᠷ᠎ᠦᠨ ᠵᠠᠰᠠᠭ ᠵᠠᠬᠢᠷᠭᠠᠨ᠎ᠤ
ᠰᠢᠢᠳᠬᠡᠯ᠎ᠦᠨ ᠲᠠᠰᠤᠯᠤᠯᠲᠠ᠎ᠶᠢᠨ ᠡᠷᠬᠡ᠎ᠶᠢᠨ ᠰᠠᠭᠤᠷᠢ ᠪᠠᠷᠢᠮᠵᠢᠶ᠎ᠠ᠎ᠶᠢ ᠬᠡᠷᠡᠭᠯᠡᠬᠦ ᠲᠣᠭᠲᠠᠭᠠᠯ》᠎ᠢ ᠨᠡᠢᠲᠡᠯᠡᠵᠦ᠂ ᠢᠨᠲᠧᠷ ᠰᠦᠯᠵᠢᠶᠡᠨ᠎ᠦ ᠮᠡᠳᠡᠭᠡ ᠵᠠᠩᠭᠢ᠎ᠶᠢᠨ ᠰᠠᠯᠠᠭ᠎ᠠ ᠮᠥᠴᠢᠷ᠎ᠦᠨ
ᠵᠠᠰᠠᠭ ᠵᠠᠬᠢᠷᠭᠠᠨ᠎ᠤ ᠰᠢᠢᠳᠬᠡᠯ᠎ᠦᠨ ᠦᠶ᠋ᠯᠡ ᠠᠵᠢᠯᠯᠠᠭ᠎ᠠ᠎ᠶᠢ ᠵᠢᠷᠤᠮᠵᠢᠭᠤᠯᠵᠤ᠂ 8 ᠰᠠᠷ᠎ᠠ᠎ᠶᠢᠨ
1 ᠤ᠋ ᠡᠳᠦᠷ᠎ᠡᠴᠡ ᠡᠬᠢᠯᠡᠵᠦ ᠬᠡᠷᠡᠭᠵᠢᠭᠦᠯᠬᠦ᠎ᠪᠡᠷ ᠪᠤᠢ᠃
✦ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠶᠡᠷᠦᠩᠬᠡᠢ
ᠲᠣᠪᠴᠢᠶ᠎ᠠ᠎ᠶᠢᠨ ᠲᠣᠭ᠎ᠠ ᠪᠠᠷᠢᠮᠲᠠ᠎ᠶᠢ ᠦᠨᠳᠦᠰᠦᠯᠡᠪᠡᠯ᠂ 2025 ᠣᠨ᠎ᠤ 5 ᠰᠠᠷ᠎ᠠ᠎ᠶᠢᠨ ᠰᠡᠭᠦᠯᠴᠢ ᠪᠣᠯᠲᠠᠯ᠎ᠠ ᠪᠥᠬᠥ ᠤᠯᠤᠰ᠎ᠤᠨ ᠠᠷᠠᠳ᠎ᠤᠨ
ᠡᠵᠡᠩᠨᠡᠯᠲᠡ ᠶ᠋ᠢᠨ ᠠᠵᠤ ᠠᠬᠤᠢ᠎ᠶᠢᠨ ᠵᠣᠬᠢᠶᠠᠨ ᠪᠠᠢᠭᠤᠯᠤᠯᠲᠠ 1.85 ᠳ᠋ᠦᠩᠰᠢᠭᠤᠷ ᠡᠷᠦᠬᠡ᠎ᠳᠦ ᠬᠦᠷᠴᠡᠢ᠃
✦ 27᠎ᠤ ᠡᠳᠦᠷ᠂ ᠬᠣᠷᠢᠳᠤᠭᠠᠷ ᠬᠤᠭᠤᠴᠠᠭᠠᠨ᠎ᠤ ᠳᠤᠮᠳᠠᠳᠤ ᠤᠯᠤᠰ᠎ᠤᠨ
ᠤᠯᠠᠨ ᠤᠯᠤᠰ᠎ᠤᠨ ᠳᠤᠮᠳᠠ ᠪᠠᠭ᠎ᠠ ᠠᠵᠤ ᠠᠬᠤᠢᠯᠠᠯ᠎ᠤᠨ ᠦᠵᠡᠰᠬᠦᠯᠡᠩ ᠭᠤᠸᠠᠩᠵᠧᠦ᠎ᠳᠦ ᠡᠬᠢᠯᠡᠵᠦ᠂ 30᠎ᠤ ᠡᠳᠦᠷ ᠪᠤᠯᠲᠠᠯ᠎ᠠ ᠶᠠᠪᠤᠭᠳᠠᠨ᠎ᠠ᠃

✦ ᠰᠤᠷᠭᠠᠨ ᠬᠥᠮᠦᠵᠢᠯ᠎ᠦᠨ ᠶᠠᠮᠤᠨ᠎ᠤ ᠮᠡᠳᠡᠭᠡ᠎ᠶᠢ
ᠦᠨᠳᠦᠰᠦᠯᠡᠪᠡᠯ᠂ 2025 ᠣᠨ᠎ᠤ 6 ᠰᠠᠷ᠎ᠠ᠎ᠶᠢᠨ 20᠎ᠤ ᠡᠳᠦᠷ ᠪᠣᠯᠲᠠᠯ᠎ᠠ᠂ ᠪᠥᠬᠥ ᠤᠯᠤᠰ᠎ᠤᠨ ᠶᠡᠬᠡ ᠳᠡᠭᠡᠳᠦ ᠰᠤᠷᠭᠠᠭᠤᠯᠢ
ᠨᠡᠶ᠋ᠢᠲᠡ 3167 ( ᠰᠢᠶᠠᠩᠭᠠᠩ ᠣᠣᠮᠧᠨ ᠲᠠᠢᠸᠠᠨ᠎ᠤ ᠶᠡᠬᠡ ᠳᠡᠭᠡᠳᠦ ᠰᠤᠷᠭᠠᠭᠤᠯᠢ᠎ᠶᠢ
ᠪᠠᠭᠲᠠᠭᠠᠬᠤ ᠦᠭᠡᠢ ) ᠪᠣᠶ᠃
✦ ᠣᠢᠷ᠎ᠠ᠎ᠳᠤ ᠥᠪᠡᠷᠲᠡᠭᠡᠨ ᠵᠠᠰᠠᠬᠤ ᠣᠷᠣᠨ᠎ᠤ
ᠡᠨᠧᠷᠬᠢ᠎ᠶᠢᠨ ᠲᠣᠪᠴᠢᠶ᠎ᠠ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠦ ᠲᠠᠷᠠᠬᠠᠢ ᠪᠠᠢᠭᠤᠯᠤᠭᠰᠠᠨ ᠭᠡᠷᠡᠯᠴᠢ
ᠴᠠᠨᠡᠭ᠎ᠦᠨ ᠲᠦᠰᠣᠯᠢ ᠨᠡᠬᠡᠭᠡᠨ ᠬᠥᠭᠵᠢᠭᠦᠯᠵᠤ ᠪᠦᠲᠦᠭᠡᠨ ᠪᠠᠢᠭᠤᠯᠬᠤ ᠬᠠᠮᠢᠶᠠᠷᠤᠯᠲᠠ᠎ᠶᠢᠨ ᠬᠡᠷᠡᠭᠵᠢᠭᠦᠯᠬᠦ
ᠨᠠᠷᠢᠨ ᠲᠦᠷᠢᠮ》᠎ᠢ ᠳᠠᠷᠤᠮᠠᠯᠯᠠᠨ ᠲᠠᠷᠬᠠᠭᠠᠵᠤ᠂ ᠲᠠᠷᠠᠬᠠᠢ ᠪᠠᠢᠭᠤᠯᠤᠭᠰᠠᠨ ᠭᠡᠷᠡᠯᠴᠢ ᠴᠠᠨᠡᠭ᠎ᠦᠨ ᠲᠦᠰᠣᠯᠢ
ᠨᠡᠬᠡᠭᠡᠨ ᠬᠥᠭᠵᠢᠭᠦᠯᠵᠦ ᠪᠦᠲᠦᠭᠡᠨ ᠪᠠᠢᠭᠤᠯᠬᠤ ᠬᠠᠮᠢᠶᠠᠷᠤᠯᠲᠠ᠎ᠶᠢᠨ ᠱᠠᠭᠠᠷᠳᠠᠯᠭ᠎ᠠ᠎ᠶᠢ ᠤᠯᠠᠮ ᠨᠢᠭᠡ ᠠᠯᠠᠬᠤᠮ
ᠨᠠᠷᠢᠯᠢᠭ᠍ᠵᠢᠭᠤᠯᠪᠠ᠃
✦ ᠡᠨᠡ ᠵᠢᠯ ᠨᠢ᠋ᠮᠠᠨ ᠬᠤᠰᠢᠭᠤᠨ᠎ᠤ
ᠡᠪᠡᠰᠦ ᠪᠤᠷᠳᠤᠭ᠎ᠠ ᠲᠠᠷᠢᠭᠰᠠᠨ ᠲᠠᠯᠠᠪᠠᠢ
70.25 ᠲᠥᠮᠡᠨ ᠮᠦ᠍᠎ᠳᠦ ᠬᠦᠷᠴᠡᠢ᠂ ᠡᠭᠦᠨ᠎ᠳᠦ
ᠪᠤᠷᠤ ᠴᠠᠷᠭᠠᠰᠤ ᠲᠠᠷᠢᠭᠰᠠᠨ ᠲᠠᠯᠠᠪᠠᠢ ᠨᠢ ᠪᠠᠷᠤᠭ 5 ᠲᠥᠮᠡᠨ ᠮᠦ᠍᠎ᠳᠦ ᠬᠦᠷᠦᠭᠰᠡᠨ ᠪᠠᠢᠨ᠎ᠠ᠃

ᠠᠵᠤ ᠠᠬᠤᠢ
✦ ᠲᠤᠭ᠎ᠠ ᠪᠠᠷᠢᠮᠲᠠ᠎ᠶᠢ ᠦᠨᠳᠦᠰᠦᠯᠡᠪᠡᠯ᠂
2024 ᠣᠨ᠎ᠳᠤ ᠪᠥᠬᠥ ᠤᠯᠤᠰ᠎ᠤᠨ ᠰᠣᠶᠣᠯ᠎ᠤᠨ ᠠᠵᠤ ᠦᠢᠯᠡᠰ 191423 ᠳ᠋ᠦᠩᠰᠢᠭᠤᠷ ᠲᠥᠭᠥᠷᠢᠭ ᠦ᠋ᠨ ᠡᠵᠡᠩᠨᠡᠯᠲᠡ᠎ᠶᠢᠨ ᠣᠷᠣᠯᠭ᠎ᠠ᠎ᠶᠢ
ᠪᠡᠶᠡᠯᠡᠭᠦᠯᠵᠦ᠂ ᠡᠵᠡᠩᠨᠡᠯᠲᠡ᠎ᠶᠢᠨ ᠬᠡᠮᠵᠢᠶ᠎ᠡ ᠨᠢ ᠳᠠᠬᠢᠨᠲᠠ ᠲᠡᠦᠬᠡ᠎ᠶᠢᠨ ᠰᠢᠨ᠎ᠡ ᠲᠡᠮᠳᠡᠭᠯᠡᠯ᠎ᠢ ᠡᠭᠦᠳᠴᠦ᠂
ᠲᠦᠷᠦᠭᠦᠦ ᠵᠢᠯ᠎ᠦᠨ ᠬᠢ᠎ᠡᠴᠡ 7.1% ᠪᠠᠷ ᠨᠡᠮᠡᠭᠳᠡᠪᠡ᠃
✦ ᠡᠨᠡ ᠵᠢᠯ᠎ᠤᠨ 1᠎ᠡᠴᠡ 5 ᠰᠠᠷ᠎ᠠ᠎ᠳᠦ᠂ ᠪᠥᠬᠥ ᠤᠯᠤᠰ᠎ᠤᠨ ᠬᠡᠪᠴᠢᠶᠡᠵᠢᠯ ᠡᠴᠡ ᠳᠡᠭᠡᠭᠰᠢᠬᠢ
ᠠᠵᠤ ᠦᠢᠯᠡᠳᠪᠦᠷᠢ᠎ᠶᠢᠨ ᠠᠵᠤ ᠠᠬᠤᠢᠯᠠᠯ ᠤ᠋ᠨ ᠪᠡᠶᠡᠯᠡᠭᠦᠯᠦᠭᠰᠡᠨ ᠠᠰᠢᠭ᠋ ᠬᠣᠨᠵᠢᠪᠤᠷᠢ᠎ᠶᠢᠨ ᠪᠥᠬᠥ ᠬᠡᠮᠵᠢᠶ᠎ᠠ
27204.3 ᠳ᠋ᠦᠩᠰᠢᠭᠤᠷ ᠲᠥᠭᠥᠷᠢᠭ᠎ᠲᠦ ᠬᠦᠷᠴᠡᠢ᠃
ᠰᠣᠶᠣᠯ
✦ᠲᠦᠷᠦᠭᠦᠬᠡᠨ
30 ᠳ᠋ᠤᠭᠠᠷ ᠬᠤᠭᠤᠴᠠᠭᠠᠨ᠎ᠤ ᠱᠠᠩᠬᠠᠢ᠎ᠶᠢᠨ ᠲᠧᠯᠸᠢᠰ ᠦ᠋ᠨ ᠨᠠᠢᠷ᠎ᠤᠨ ᠱᠠᠩᠨᠠᠯ
ᠣᠯᠭᠣᠬᠤ ᠶᠣᠰᠣᠯᠠᠯ ᠶᠠᠪᠤᠭᠳᠠᠪᠡ᠃

ᠲᠠᠮᠢᠷ
✦ 2025 ᠳᠤᠮᠳᠠᠳᠤ ᠤᠯᠤᠰ᠎ᠤᠨ ᠬᠤᠷᠳᠤᠨ ᠮᠤᠷᠢᠨ᠎ᠤ ᠤᠷᠤᠯᠳᠤᠭᠠᠨ᠎ᠤ
ᠢᠯᠡ ᠤᠷᠤᠯᠳᠤᠭᠠᠨ (ᠬᠦᠬᠡᠬᠤᠲᠠ ᠥᠷᠲᠡᠭᠡ) 6 ᠰᠠᠷ᠎ᠠ᠎ᠵᠢᠨ 29᠎ᠤ ᠡᠳᠦᠷ᠎ᠤᠨ 14 ᠴᠠᠭ 30 ᠮᠢᠨᠦ᠋ᠲ᠎ᠲᠦ ᠥᠪᠥᠷ ᠮᠤᠩᠭᠤᠯ᠎ᠤᠨ ᠥᠪᠡᠷᠲᠡᠭᠡᠨ ᠵᠠᠰᠠᠬᠤ
ᠤᠷᠤᠨ᠎ᠤ ᠤᠯᠠᠨ ᠲᠥᠮᠡᠨᠴᠢ ᠰᠤᠶᠤᠯ ᠪᠡᠶ᠎ᠡ᠎ᠵᠢᠨ ᠲᠠᠮᠢᠷ᠎ᠤᠨ ᠬᠥᠳᠡᠯᠭᠡᠭᠡᠨ᠎ᠤ ᠲᠥᠪ᠎ᠤᠨ ᠮᠤᠷᠢᠨ
ᠤᠷᠤᠯᠳᠤᠭᠠᠨ᠎ᠤ ᠳᠠᠯᠠᠪᠠᠢ᠎ᠳᠦ ᠡᠬᠢᠯᠡᠬᠦ ᠪᠤᠯᠤᠨ᠎ᠠ᠃
✦ 27᠎ᠤ ᠡᠳᠦᠷ᠂ ᠰᠢᠯᠢ᠎ᠵᠢᠨ ᠭᠤᠤᠯ ᠠᠢᠮᠠᠭ᠎ᠤᠨ ᠵᠡᠭᠦᠨ ᠥᠵᠥᠮᠥᠴᠢᠨ ᠬᠤᠰᠢᠭᠤᠨ᠎ᠤ ᠴᠠᠢᠳᠠᠮ᠎ᠤᠨ ᠪᠠᠶᠠᠨ ᠤᠪᠤᠭ᠎ᠠ ᠵᠢᠨ ᠳᠠᠬᠢᠯᠭ᠎ᠠ᠎ᠵᠢᠨ ᠨᠠᠢᠷ ᠶᠠᠪᠤᠭᠳᠠᠵᠤ᠂ 35 ᠭᠠᠵᠠᠷ᠎ᠤᠨ ᠠᠯᠤᠰ᠎ᠤᠨ ᠮᠤᠷᠢᠨ᠎ᠤ ᠤᠷᠤᠯᠳᠤᠭᠠᠨ᠎ᠳᠦ ᠰᠥᠨᠢᠳ ᠪᠠᠷᠠᠭᠤᠨ ᠬᠤᠰᠢᠭᠤᠨ᠎ᠤ ᠠᠯᠳᠠᠨᠰᠦ᠋ᠬᠡ᠎ᠵᠢᠨ ᠰᠢᠭᠤᠷᠭᠠᠨ ᠬᠠᠯᠳᠠᠷ ᠮᠤᠷᠢ ᠲᠦᠷᠦᠭᠦᠯᠡᠪᠡ᠃

ᠳᠡᠯᠡᠬᠡᠢ
✦ ᠲᠥᠪ ᠲᠸᠯᠸᠢᠰ᠎ᠤᠨ ᠮᠡᠳᠡᠭᠡ᠎ᠶᠢ ᠦᠨᠳᠦᠰᠦᠯᠡᠪᠡᠯ᠂ ᠲᠤᠬᠠᠢ᠎ᠶᠢᠨ ᠭᠠᠵᠠᠷ᠎ᠤᠨ ᠴᠠᠭ᠎ᠢᠶᠠᠷ
26᠎ᠤ ᠡᠳᠦᠷ᠂ ᠣᠯᠠᠨ ᠤᠯᠤᠰ᠎ᠤᠨ ᠣᠯᠢᠮᠫᠢᠺ᠎ᠤᠨ ᠵᠥᠪᠯᠡᠯ᠎ᠦᠨ ᠰᠢᠨ᠎ᠡ᠎ᠪᠡᠷ
ᠲᠤᠰᠢᠶᠠᠯ᠎ᠳᠤ ᠭᠠᠷᠤᠭᠰᠠᠨ ᠲᠡᠷᠢᠭᠦᠯᠡᠭᠴᠢ ᠢᠯᠡᠷᠬᠡᠢᠯᠡᠬᠦ᠎ᠳᠡᠭᠡᠨ ᠡᠨᠡ ᠵᠢᠯ᠎ᠦᠨ 11 ᠰᠠᠷ᠎ᠠ᠎ᠳᠤ ᠳᠤᠮᠳᠠᠳᠤ ᠤᠯᠤᠰ᠎ᠲᠤ ᠠᠢᠯᠴᠢᠯᠠᠬᠤ᠎ᠪᠠᠷ ᠲᠥᠯᠥᠪᠯᠡᠵᠦ
ᠪᠠᠢᠨ᠎ᠠ ᠭᠡᠵᠡᠢ᠃
✦ ᠰᠢᠨᠬᠤᠸᠠ ᠬᠤᠷᠢᠶ᠎ᠠ᠎ᠵᠢᠨ ᠮᠡᠳᠡᠭᠡ᠎ᠶᠢ ᠦᠨᠳᠦᠰᠦᠯᠡᠪᠡᠯ᠂ ᠦᠷᠦ᠋ᠭᠤᠸᠠᠢ᠎ᠳᠦ ᠡᠨᠡ ᠭᠠᠷᠠᠭ
ᠲᠤᠢᠯ᠎ᠤᠨ ᠬᠦᠢᠲᠡᠨ ᠠᠭᠤᠷ ᠠᠮᠢᠰᠬᠤᠯ ᠢᠯᠡᠷᠡᠵᠦ᠂ 6 ᠰᠠᠷ᠎ᠠ᠎ᠶᠢᠨ
26᠎ᠤ ᠡᠳᠦᠷ ᠪᠣᠯᠲᠠᠯ᠎ᠠ 7 ᠬᠥᠮᠥᠨ
ᠡᠨᠳᠡᠵᠡᠢ᠃

ᠦᠢᠯᠡᠴᠢᠯᠡᠭᠡ
✦ ᠥᠪᠡᠷᠲᠡᠭᠡᠨ
ᠵᠠᠰᠠᠬᠤ ᠣᠷᠣᠨ᠎ᠤ ᠤᠯᠤᠰ᠎ᠤᠨ ᠶᠡᠷᠦᠩᠬᠡᠢᠯᠡᠭᠰᠡᠨ ᠴᠢᠨᠠᠷᠲᠠᠢ ᠭᠠᠯ ᠰᠡᠷᠭᠡᠢᠯᠡᠵᠦ ᠭᠠᠯ ᠤᠨᠲᠠᠷᠠᠭᠠᠬᠤ ᠠᠪᠤᠷᠠᠨ
ᠲᠤᠰᠠᠯᠠᠬᠤ ᠡᠩᠨᠡᠭᠡ᠎ᠶᠢᠨ ᠬᠢᠨ ᠠᠵᠢᠯᠲᠠᠨ ᠡᠯᠰᠡᠵᠦ ᠪᠤᠢ᠃
ᠲᠠᠨ᠎ᠤ ᠲᠤᠰᠠ᠎ᠳᠤ
✦ 1 ᠴᠠᠭ ᠠᠵᠢᠯᠯᠠᠬᠤ ᠪᠦᠷᠢ 10
ᠮᠢᠨᠦ᠋ᠲ ᠬᠣᠯᠠ᠎ᠶᠢ ᠪᠠᠷᠠᠯᠠᠵᠤ᠂ 5 ᠮᠧᠲᠷ᠎ᠦᠨ ᠴᠠᠭᠠᠨᠠᠬᠢ ᠶᠠᠭᠤᠮ᠎ᠠ᠎ᠶᠢ ᠬᠠᠷᠠᠪᠠᠯ
ᠨᠢᠳᠤᠨ᠎ᠤ ᠶᠠᠳᠠᠷᠠᠭ᠎ᠠ᠎ᠶᠢ ᠲᠠᠢᠯᠬᠤ᠎ᠳᠦ ᠠᠰᠢᠭᠲᠠᠢ ᠪᠠᠢᠵᠤ᠂ ᠨᠢᠳᠦ᠎ᠪᠡᠨ ᠬᠣᠶᠠᠷ ᠭᠠᠷᠢᠶᠠᠷᠵᠢᠡᠨ
ᠵᠥᠭᠡᠯᠡᠨ ᠨᠤᠬᠤᠯᠠᠬᠤ ᠨᠢ ᠨᠢᠳᠤᠨ᠎ᠤ ᠬᠠᠪᠢ᠎ᠵᠢᠨ ᠴᠢᠰᠤᠨ᠎ᠤ ᠡᠷᠭᠢᠯᠲᠡ᠎ᠳᠤ ᠰᠠᠢᠨ᠃

ᠵᠠᠯᠭᠠᠭᠠᠳ 《ᠢᠲᠡᠭᠡᠯ ᠬᠠᠢᠷ᠎ᠠ》 ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ
ᠵᠢᠷᠭᠠᠭᠠᠶ᠎ᠠ᠂ ᠲᠠ ᠪᠦᠬᠦᠨ᠎ᠤ ᠬᠦᠯᠢᠶᠡᠨ ᠠᠪᠴᠤ᠌ ᠰᠤᠨᠤᠰᠤᠬ᠍ᠰᠠᠨ᠎ᠳᠤ ᠪᠠᠶᠠᠷᠯᠠᠯ᠎ᠠ᠂
ᠪᠠᠶᠠᠷᠳᠠᠢ!
(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ
ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ
ᠲᠠᠪᠴᠠᠩ᠂ ᠮᠠᠨ᠎ᠤ ᠤᠷᠤᠨ᠎ᠤ ᠡᠯ᠎ᠠ ᠠᠢᠮᠠᠭ
ᠬᠤᠳᠠ᠂ ᠬᠤᠰᠢᠭᠤ ᠰᠢᠶᠠᠨ᠎ᠤ ᠵᠢᠷᠬᠢᠶ᠎ᠠ᠎ᠶᠢᠨ ᠲᠠᠪᠴᠠᠩ)