6 ᠰᠠᠷ᠎ᠠ ᠵᠢᠨ 30 ᠎ᠤ ᠡᠳᠤᠷ
ᠡᠬᠢᠯᠡᠬᠦ᠌ ᠴᠠᠭ᠄
2025-06-30 11:04:26
ᠨᠠᠶ᠋ᠢᠷᠠᠭᠤᠯᠤᠭᠴᠢ ᠄

ᠨᠡᠪᠲᠡᠷᠡᠬᠦᠯᠦᠭᠴᠢ ᠄

ᠮᠡᠷᠭᠡᠵᠢᠯ ᠄
 
ᠤᠩᠰᠢᠭᠰᠠᠨ ᠤᠳᠠᠭ᠎ᠠ᠄

                       


ᠨᠡᠢᠭᠡᠮ  

✦ᠤᠯᠤᠰ ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠎ᠶᠢᠨ ᠵᠦᠪᠯᠡᠯ ᠡᠴᠠ ᠭᠦᠢᠵᠧᠦ᠎ᠶᠢᠨ ᠬᠦᠨᠳᠦ ᠨᠣᠴᠢᠲᠠᠢ ᠦᠶᠡᠷ ᠤᠰᠤᠲᠤᠯ᠎ᠤᠨ ᠭᠠᠮᠰᠢᠭ᠋᠎ᠤᠨ ᠳᠠᠷᠠᠭᠠᠬᠢ ᠪᠠᠴᠢᠮ ᠪᠠᠢᠳᠠᠯ᠎ᠢ ᠠᠷᠭᠠᠴᠠᠭᠠᠬᠤ ᠪᠠ ᠰᠡᠷᠭᠦᠭᠡᠬᠦ᠎ᠶᠢ ᠳᠡᠮᠵᠢᠬᠦ ᠵᠢᠨ ᠲᠦᠯᠦᠭᠡ 1 ᠳ᠋ᠦᠩᠰᠢᠭᠤᠷ ᠲᠥᠭᠥᠷᠢᠭ ᠨᠡᠮᠡᠵᠦ ᠳᠤᠬᠢᠷᠠᠭᠤᠯᠪᠠ᠃

 

✦ᠠᠷᠠᠳ᠎ᠤᠨ ᠶᠠᠪᠤᠳᠠᠯ᠎ᠤᠨ ᠶᠠᠮᠤᠨ᠂ ᠰᠤᠷᠭᠠᠨ ᠬᠥᠮᠦᠵᠢᠯ᠎ᠦᠨ ᠶᠠᠮᠤᠨ ᠲᠦᠷᠦᠭᠦᠬᠡᠨ ᠮᠡᠳᠡᠭᠳᠡᠯ ᠳᠠᠷᠤᠮᠠᠯᠯᠠᠨ ᠲᠠᠷᠬᠠᠭᠠᠵᠤ᠂ ᠡᠯ᠎ᠡ ᠭᠠᠵᠠᠷ᠎ᠤᠨ ᠬᠢᠨ ᠨᠡᠢᠭᠡᠮ᠎ᠦᠨ ᠵᠣᠬᠢᠶᠠᠨ ᠪᠠᠢᠭᠤᠯᠤᠯᠲᠠ᠎ᠶᠢᠨ ᠦᠢᠯᠡᠳᠦᠯ᠎ᠢ ᠢᠳᠡᠪᠬᠢᠲᠡᠢ ᠪᠠᠳᠠᠷᠠᠭᠤᠯᠵᠤ᠂ ᠨᠠᠩ ᠣᠯᠠᠨ ᠠᠵᠢᠯ᠎ᠤᠨ ᠪᠠᠢᠷᠢ᠎ᠶᠢ ᠨᠡᠭᠡᠭᠡᠨ ᠬᠥᠭᠵᠢᠭᠦᠯᠬᠦ᠂ ᠠᠵᠢᠯ ᠣᠯᠭᠣᠯᠲᠠ᠎ᠶᠢᠨ ᠡᠬᠢ ᠪᠠᠶᠠᠯᠢᠭ᠋᠎ᠢ ᠵᠣᠯᠭᠠᠭᠤᠯᠬᠤ ᠲᠠᠪᠴᠠᠩ᠎ᠢ ᠪᠠᠢᠭᠤᠯᠤᠨ ᠲᠡᠭᠦᠯᠳᠡᠷᠵᠢᠭᠦᠯᠬᠦ ᠵᠡᠷᠭᠡ ᠠᠷᠭ᠎ᠠ ᠬᠡᠮᠵᠢᠶ᠎ᠡ᠎ᠪᠡᠷ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ᠎ᠦᠨ ᠠᠵᠢᠯ ᠣᠯᠭᠣᠯᠲᠠ᠎ᠳᠤ ᠬᠦᠴᠦᠨ ᠨᠡᠮᠡᠷᠢᠯᠡᠬᠦ ᠬᠡᠷᠡᠭᠲᠡᠢ ᠭᠡᠵᠦ ᠱᠠᠭᠠᠷᠳᠠᠪᠠ᠃


1.png

 

✦2025 ᠣᠨ᠎ᠤ ᠡᠩ᠎ᠦᠨ ᠶᠡᠬᠡ ᠳᠡᠭᠡᠳᠦ ᠰᠤᠷᠭᠠᠭᠤᠯᠢ᠎ᠶᠢᠨ ᠰᠣᠷᠣᠭ᠍ᠴᠢ ᠡᠯᠰᠡᠬᠦ ᠠᠵᠢᠯ ᠤᠳᠠᠯ ᠦᠭᠡᠢ ᠡᠬᠢᠯᠡᠬᠦ ᠭᠡᠵᠦ ᠪᠠᠢᠭ᠎ᠠ ᠳᠠᠰᠢᠷᠠᠮ ᠵᠢᠡᠷ ᠰᠤᠷᠭᠠᠨ ᠬᠥᠮᠦᠵᠢᠯ᠎ᠦᠨ ᠶᠠᠮᠤᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠥᠷᠭᠡᠨ ᠣᠯᠠᠨ ᠰᠢᠯᠭᠠᠭᠤᠯᠤᠭ᠍ᠴᠢ ᠪᠣᠯᠣᠨ ᠭᠡᠷ᠎ᠦᠨ ᠠᠬᠠᠮᠠᠳ ᠲᠦ᠍᠂ ᠠᠯᠪᠠᠨ᠎ᠤ ᠲᠠᠯ᠎ᠠ᠎ᠶᠢᠨ ᠠᠷᠭ᠎ᠠ ᠵᠠᠮ᠎ᠢᠶᠠᠷ ᠬᠣᠯᠪᠣᠭᠳᠠᠯ ᠪᠦᠬᠦᠢ ᠮᠡᠳᠡᠭᠡ ᠵᠠᠩᠭᠢ᠎ᠶᠢ ᠠᠰᠠᠭᠤᠨ ᠯᠠᠪᠯᠠᠵᠤ᠂ ᠠᠰᠠᠭᠤᠨ ᠯᠠᠪᠯᠠᠬᠤ᠎ᠳᠠᠭᠠᠨ ᠵᠠᠪᠰᠢᠬᠤ ᠪᠣᠳᠣᠯ ᠡᠪᠦᠷᠯᠡᠬᠦ ᠦᠭᠡᠢ ᠪᠠᠢᠵᠤ᠂ ᠬᠤᠳᠠᠯ ᠬᠠᠭᠤᠷᠮᠠᠭ ᠮᠡᠳᠡᠭᠡ ᠵᠠᠩᠭᠢ᠎ᠶᠢ ᠢᠲᠡᠭᠡᠵᠦ ᠪᠣᠯᠬᠤ ᠦᠭᠡᠢ᠂ ᠭᠡᠨᠡᠳᠡᠭᠳᠡᠨ ᠮᠡᠬᠡᠯᠡᠭᠳᠡᠬᠦ᠎ᠡᠴᠡ ᠰᠡᠷᠭᠡᠢᠯᠡᠬᠦ ᠬᠡᠷᠡᠭᠲᠡᠢ ᠭᠡᠵᠦ ᠰᠠᠨᠠᠭᠤᠯᠵᠠᠢ᠃

✦ᠮᠠᠨ ᠎ᠤ ᠣᠷᠣᠨ᠎ᠤ ᠠᠩᠬᠠᠳᠠᠭ᠍ᠴᠢ ᠣᠶᠤᠨᠲᠤ ᠨᠠᠰᠤᠵᠢᠯ ᠎ᠤᠨ ᠠᠰᠠᠷᠠᠮᠵᠢ᠎ᠶᠢᠨ ᠬᠣᠭᠣᠯᠠᠨ ᠭᠡᠷ ᠦᠢᠷ᠎ᠡ᠎ᠳᠦ ᠠᠰᠢᠭ᠍ᠯᠠᠯᠲᠠ᠎ᠳᠤ ᠣᠷᠣᠪᠠ᠃ ᠡᠨᠡ ᠬᠦ᠌ ᠣᠶᠤᠨᠲᠤ ᠨᠠᠰᠤᠵᠢᠯ᠎ᠤᠨ ᠠᠰᠠᠷᠠᠮᠵᠢ᠎ᠶᠢᠨ ᠬᠣᠭᠣᠯᠠᠨ ᠭᠡᠷ ᠨᠢ ᠬᠥᠬᠡᠬᠣᠲᠠ ᠶ᠋ᠢᠨ ᠰᠠᠢᠬᠠᠨ ᠲᠣᠭᠣᠷᠢᠭ᠋᠎ᠤᠨ ᠲᠠᠷᠢᠶᠠᠯᠠᠩ ᠎ᠢ ᠳᠡᠮᠵᠢᠬᠦ ᠨᠡᠢᠭᠡᠮ ᠲᠣᠭᠣᠷᠢᠭ᠋᠎ᠲᠤ ᠪᠠᠢᠷᠢᠯᠠᠵᠤ 368 ᠲᠡᠭᠰᠢ ᠳᠥᠷᠪᠡᠯᠵᠢᠨ ᠮᠧᠲᠷ ᠲᠠᠯᠠᠪᠠᠢ᠎ᠲᠠᠢ ᠪᠠᠢᠵᠤ᠂ 112 ᠬᠥᠮᠥᠨ ᠬᠠᠮᠲᠤ ᠬᠣᠭᠣᠯᠠᠯᠵᠤ ᠪᠣᠯᠣᠨ᠎ᠠ᠃ ᠬᠣᠭᠣᠯᠠᠨ ᠭᠡᠷ ᠨᠢ ᠣᠶᠤᠨᠴᠢ ᠢᠯᠭᠠᠨ ᠲᠠᠨᠢᠬᠤ ᠰᠢᠰᠲᠧᠮ᠎ᠢᠶᠡᠷ ᠳᠠᠮᠵᠢᠨ ᠥᠪᠡᠷ᠎ᠢᠶᠡᠨ ᠬᠣᠭᠣᠯᠠ ᠠᠪᠬᠤ ᠵᠡᠷᠭᠡ ᠴᠢᠳᠠᠮᠵᠢ᠎ᠶᠢ ᠪᠡᠶᠡᠯᠡᠭᠦᠯᠦᠬᠰᠡᠨ᠎ᠤ ᠬᠠᠮᠲᠤ᠂ ᠠᠳᠠᠯᠢ ᠪᠤᠰᠤ ᠨᠠᠰᠤᠨ᠎ᠤ ᠨᠠᠰᠤᠲᠠᠢᠴᠤᠳ᠎ᠲᠤ ᠴᠢᠭᠯᠡᠭᠦᠯᠦᠨ ᠬᠢᠮᠳᠠᠷᠠᠯ᠎ᠦᠵᠡᠬᠦᠯᠵᠦ᠂ ᠰᠢᠯᠵᠢᠮᠡᠯ ᠲᠣᠭᠠᠴᠠᠭ᠎ᠠ ᠬᠢᠬᠦ ᠮᠡᠷᠭᠡᠵᠢᠯ᠎ᠲᠠᠢ ᠤᠶᠠᠯᠳᠤᠭᠤᠯᠤᠭᠰᠠᠨ ᠎ᠢᠶᠠᠷ ᠮᠥᠷᠯᠡᠬᠦ ᠴᠠᠭ᠎ᠢ ᠶᠡᠬᠡ ᠬᠡᠮᠵᠢᠶ᠎ᠡ᠎ᠪᠡᠷ ᠪᠣᠭᠣᠨᠢᠰᠬᠠᠭᠰᠠᠨ ᠪᠠᠢᠨ᠎ᠠ᠃


2.png

 

✦6 ᠰᠠᠷ᠎ᠠ᠎ᠶᠢᠨ 27᠎ᠤ ᠡᠳᠦᠷ᠂ 2025 ᠣᠨ᠎ᠤ ᠭᠤᠷᠪᠠᠳᠤᠭᠠᠷ ᠬᠤᠭᠤᠴᠠᠭᠠᠨ᠎ᠤ ᠮᠣᠩᠭᠣᠯ ᠤᠯᠤᠰ᠎ᠲᠠᠬᠢ ᠳᠤᠮᠳᠠᠳᠤ ᠤᠯᠤᠰ᠎ᠤᠨ ᠲᠠᠸᠠᠷ᠎ᠤᠨ ᠦᠵᠡᠰᠬᠦᠯᠡᠩ ᠮᠣᠩᠭᠣᠯ ᠤᠯᠤᠰ᠎ᠤᠨ ᠨᠡᠢᠰᠯᠡᠯ ᠤᠯᠠᠭᠠᠨᠪᠠᠭᠠᠲᠤᠷ ᠬᠣᠲᠠ᠎ᠳᠤ ᠡᠬᠢᠯᠡᠪᠡ᠃ ᠲᠤᠰ ᠤᠳᠠᠭᠠᠨ᠎ᠤ ᠦᠵᠡᠰᠬᠦᠯᠡᠩ᠎ᠳᠦ ᠥᠪᠥᠷ ᠮᠣᠩᠭᠣᠯ ᠣᠷᠣᠨ᠎ᠤ ᠬᠢᠨ ᠨᠡᠢ᠍ᠢᠲᠡ 60 ᠰᠢᠬᠠᠮ ᠰᠢᠯᠢᠳᠡᠭ ᠠᠵᠤ ᠠᠬᠤᠢᠯᠠᠯ᠎ᠢ ᠵᠣᠬᠢᠶᠠᠨ ᠪᠠᠢᠭᠤᠯᠵᠤ ᠣᠷᠣᠯᠴᠠᠭᠤᠯᠤᠭᠰᠠᠨ ᠪᠠᠢᠨ᠎ᠠ᠃

 

✦6 ᠰᠠᠷ᠎ᠠ ᠵᠢᠨ 28᠎ᠤ ᠡᠳᠦᠷ᠂ ᠤᠷᠠᠳ᠎ᠤᠨ ᠬᠣᠢᠲᠤ ᠬᠣᠰᠢᠭᠤᠨ ᠤ᠋ ᠮᠠᠨᠤ ᠨᠠᠭᠤᠷ᠎ᠤᠨ ᠠᠷᠪᠠᠨ ᠨᠢᠭᠡᠳᠦᠭᠡᠷ ᠬᠤᠭᠤᠴᠠᠭᠠᠨ᠎ᠤ ᠦᠵᠡᠮᠦᠷᠢ᠎ᠶᠢᠨ ᠴᠢᠯᠠᠭᠤᠨ ᠤ᠋ ᠰᠣᠶᠣᠯ ᠵᠢᠭᠤᠯᠴᠢᠯᠠᠯ᠎ᠤᠨ ᠦᠵᠡᠰᠬᠦᠯᠡᠩ ᠡᠬᠢᠯᠡᠪᠡ᠂ ᠲᠤᠰ ᠤᠳᠠᠭᠠᠨ᠎ᠤ ᠦᠵᠡᠰᠬᠦᠯᠡᠩ ᠨᠢ 7 ᠰᠠᠷ᠎ᠠ᠎ᠶᠢᠨ 4᠎ᠦ ᠡᠳᠦᠷ ᠪᠣᠯᠲᠠᠯ᠎ᠠ ᠶᠠᠪᠤᠭᠳᠠᠵᠤ᠂ ᠪᠥᠬᠥ ᠤᠯᠤᠰ᠎ᠤᠨ ᠴᠢᠯᠠᠭᠤᠨ᠎ᠤ ᠪᠠᠬᠠᠲᠠᠳ᠎ᠲᠤ ᠥᠨᠳᠥᠷ ᠬᠡᠪ ᠪᠠᠷᠢᠮᠵᠢᠶᠠᠨ᠎ᠤ ᠰᠣᠯᠢᠯᠴᠠᠭᠠᠨ᠎ᠤ ᠲᠠᠪᠴᠠᠩ ᠬᠠᠩᠭᠠᠵᠠᠢ᠃

 

ᠠᠵᠤ ᠠᠬᠤᠢ  

 

✦ᠬᠠᠮᠤᠭ᠎ᠤᠨ ᠰᠢᠨ᠎ᠡ ᠲᠣᠭ᠎ᠠ ᠪᠠᠷᠢᠮᠲᠠ᠎ᠳᠤ ᠢᠯᠡᠷᠡᠭᠦᠯᠦᠭᠰᠡᠨ᠎ᠢᠶᠡᠷ᠂ ᠡᠨᠡ ᠵᠢᠯ ᠎ᠦᠨ ᠲᠦᠷᠦᠭᠦᠸ᠋ 5 ᠰᠠᠷ᠎ᠠ᠎ᠳᠤ᠂ ᠮᠠᠨ᠎ᠤ ᠤᠯᠤᠰ᠎ᠤᠨ ᠬᠡᠪᠴᠢᠶᠡᠵᠢᠯ᠎ᠡᠴᠡ ᠳᠡᠭᠡᠭᠰᠢᠬᠢ ᠠᠵᠤ ᠦᠢᠯᠡᠳᠪᠦᠷᠢ᠎ᠶᠢᠨ ᠳᠤᠮᠳᠠ ᠪᠠᠭ᠎ᠠ ᠠᠵᠤ ᠠᠬᠤᠢᠯᠠᠯ᠎ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ᠎ᠤ ᠬᠢ᠎ᠡᠴᠡ 8.0% ᠵᠢᠡᠷ ᠨᠡᠮᠡᠭᠳᠡᠵᠦ᠂ ᠦᠢᠯᠡᠳᠬᠦ ᠦᠢᠯᠡᠰ᠎ᠦᠨ 31 ᠶᠡᠬᠡ ᠲᠥᠷᠥᠯ ᠎ᠦᠨ ᠠᠵᠢᠯ ᠲᠥᠷᠥᠯ᠎ᠦᠨ ᠳᠣᠲᠣᠷ᠎ᠠ 28 ᠠᠵᠢᠯ ᠲᠥᠷᠥᠯ ᠨᠢ ᠨᠡᠮᠡᠭᠳᠡᠯ᠎ᠢᠶᠡᠨ ᠪᠠᠲᠤᠯᠠᠪᠠ᠃ ᠮᠠᠨ᠎ᠤ ᠤᠯᠤᠰ᠎ᠤᠨ ᠳᠤᠮᠳᠠ ᠪᠠᠭ᠎ᠠ ᠠᠵᠤ ᠠᠬᠤᠢᠯᠠᠯ᠎ᠤᠨ ᠠᠵᠤ ᠠᠬᠤᠢ ᠶ᠋ᠢᠨ ᠠᠵᠢᠯᠯᠠᠭ᠎ᠠ ᠶᠡᠷᠦᠨᠭᠬᠡᠢ ᠳ᠋ᠡᠭᠡᠨ ᠳᠤᠭᠲᠠᠭᠤᠨ ᠪᠠᠢᠨ᠎ᠠ᠃

 

ᠰᠤᠶᠤᠯ 

 

✦ᠪᠠᠭᠠᠷᠢᠨ ᠪᠠᠷᠠᠭᠤᠨ ᠬᠣᠰᠢᠭᠤᠨ᠎ᠤ ᠰᠣᠶᠣᠯ ᠵᠢᠭᠤᠯᠴᠢᠯᠠᠯ ᠪᠡᠶ᠎ᠡ᠎ᠶᠢᠨ ᠲᠠᠮᠢᠷ᠎ᠤᠨ ᠲᠣᠪᠴᠢᠶ᠎ᠠ ᠭᠣᠣᠯᠯᠠᠨ ᠡᠷᠬᠢᠯᠡᠵᠦ᠂ ᠪᠠᠭᠠᠷᠢᠨ ᠪᠠᠷᠠᠭᠤᠨ ᠬᠣᠰᠢᠭᠤᠨ᠎ᠤ ᠭᠡᠰᠡᠷ ᠰᠤᠶᠤᠯ᠎ᠤᠨ ᠠᠮᠢ ᠠᠬᠤᠢ᠎ᠶᠢ ᠬᠠᠮᠠᠭᠠᠯᠠᠵᠤ ᠬᠥᠭᠵᠢᠭᠦᠯᠬᠦ ᠲᠦᠪ᠂ ᠪᠠᠭᠠᠷᠢᠨ ᠪᠠᠷᠠᠭᠤᠨ ᠬᠣᠰᠢᠭᠤᠨ᠎ᠤ ᠠᠷᠠᠳ᠎ᠤᠨ ᠰᠣᠶᠣᠯ ᠤᠷᠠᠯᠢᠭ᠋᠎ᠤᠨ ᠨᠥᠬᠥᠷᠯᠡᠯ᠎ᠤᠨ ᠬᠣᠯᠪᠣᠭ᠎ᠠ ᠡᠴᠡ ᠳᠠᠭᠠᠭᠠᠴᠢᠯᠠᠨ ᠡᠷᠬᠢᠯᠡᠬᠦ 《ᠪᠠᠭᠠᠷᠢᠨ ᠠᠷᠠᠳ ᠎ᠤᠨ ᠳᠠᠭᠤᠤ》᠎ᠶᠢᠨ ᠤᠷᠤᠯᠳᠤᠭᠠᠨ᠎ᠢ 7 ᠰᠠᠷ᠎ᠠ ᠵᠢᠨ 12᠎ᠤᠨ ᠡᠳᠦᠷ ᠶᠠᠪᠤᠭᠳᠠᠭᠤᠯᠬᠤ ᠪᠡᠷ ᠲᠦᠯᠦᠪᠯᠡᠵᠦ ᠪᠤᠢ᠃


3.png

 

✦2025 ᠣᠨ᠎ᠤ ᠬᠣᠶᠠᠳᠤᠭᠠᠷ ᠬᠤᠭᠤᠴᠠᠭᠠᠨ᠎ᠤ ᠣᠷᠳᠣᠰ᠎ᠤᠨ ᠴᠠᠢ᠎ᠶᠢᠨ ᠰᠣᠶᠣᠯ᠎ᠤᠨ ᠦᠵᠡᠰᠬᠦᠯᠡᠩ ᠤᠢᠷ᠎ᠠ ᠳ᠋ᠤ ᠣᠷᠳᠣᠰ᠎ᠤᠨ ᠣᠯᠠᠨ ᠤᠯᠤᠰ᠎ᠤᠨ ᠬᠤᠷᠠᠯ ᠦᠵᠡᠰᠬᠦᠯᠡᠩ᠎ᠦᠨ ᠲᠥᠪ᠎ᠲᠦ ᠡᠬᠢᠯᠡᠪᠡ᠃ ᠦᠵᠡᠰᠬᠦᠯᠡᠩ᠎ᠳᠦ ᠹᠦᠵᠢᠶᠠᠨ᠂ ᠭᠤᠸᠠᠩᠳᠦᠩ᠂ ᠶᠦᠨᠨᠠᠨ ᠵᠡᠷᠭᠡ ᠪᠥᠬᠥ ᠤᠯᠤᠰ᠎ᠤᠨ ᠡᠯ᠎ᠡ ᠭᠠᠵᠠᠷ᠎ᠠᠴᠠ ᠬᠦᠷᠦᠯᠴᠡᠨ ᠢᠷᠡᠭᠰᠡᠨ 120 ᠭᠠᠷᠤᠢ ᠴᠠᠢ᠂ ᠴᠠᠢ᠎ᠶᠢᠨ ᠬᠡᠷᠡᠭᠰᠡᠯ᠎ᠦᠨ ᠠᠵᠤ ᠠᠬᠤᠢᠯᠠᠯ ᠣᠷᠣᠯᠴᠠᠵᠤ᠂ 30᠎ᠤ ᠡᠳᠦᠷ ᠪᠣᠯᠲᠠᠯ᠎ᠠ ᠶᠠᠪᠤᠭᠳᠠᠨ᠎ᠠ᠃


ᠲᠠᠮᠢᠷ 


✦6 ᠰᠠᠷ᠎ᠠ᠎ᠶᠢᠨ 28 ᠎ᠤ ᠡᠳᠦᠷ᠂ 《ᠠᠶᠠᠯᠭᠤᠲᠤ ᠵᠢᠭᠤᠯᠴᠢᠯᠠᠯ ᠦᠪᠦᠷ ᠮᠤᠨᠭᠭᠤᠯ》2025 ᠣᠨ᠎ᠤ ᠰᠢᠯᠢ᠎ᠶᠢᠨ ᠭᠣᠣᠯ᠎ᠤᠨ ᠮᠣᠩᠭᠣᠯ ᠮᠣᠷᠢᠨ᠎ᠤ ᠬᠡᠳᠦ ᠳᠡᠰ᠎ᠤᠨ ᠬᠣᠯᠪᠣᠭᠠᠲᠤ ᠤᠷᠤᠯᠳᠤᠭᠠᠨ ᠎ᠤ ᠰᠢᠢᠳᠪᠦᠷᠢᠲᠦ ᠤᠷᠤᠯᠳᠤᠭᠠᠨ ᠰᠢᠯᠢ᠎ᠶᠢᠨ ᠭᠣᠣᠯ ᠠᠢᠮᠠᠭ ᠎ᠤᠨ ᠲᠠᠢ᠍ᠢᠹᠤᠰᠸ ᠬᠣᠰᠢᠭᠤᠨ ᠳ᠋ᠤ ᠡᠬᠢᠯᠡᠪᠡ᠃ ᠤᠷᠤᠯᠳᠤᠭᠠᠨ᠎ᠳᠤ ᠨᠡᠶ᠋ᠢᠲᠡ ᠮᠣᠩᠭᠣᠯ ᠮᠣᠷᠢᠨ ᠎ᠤ 30 ᠺᠢᠯᠣᠮᠧᠲᠷ᠎ᠦᠨ ᠳᠠᠭᠠᠭᠠᠴᠠ᠎ᠶᠢᠨ ᠤᠷᠤᠯᠳᠤᠭᠠᠨ᠂ 9.6 ᠺᠢᠯᠣᠮᠧᠲᠷ᠎ᠦᠨ 3 ᠬᠥᠮᠥᠨ᠎ᠦ ᠪᠤᠤᠬᠢᠶ᠎ᠠ ᠤᠷᠤᠯᠳᠤᠭᠠᠨ ᠵᠡᠷᠭᠡ 8 ᠤᠯᠠᠮᠵᠢᠯᠠᠯᠲᠤ ᠣᠨᠴᠠᠯᠢᠭ᠍ᠲᠤ ᠤᠷᠤᠯᠳᠤᠭᠠᠨ᠎ᠤ ᠲᠦᠷᠦᠯ᠎ᠢ ᠲᠣᠬᠢᠷᠠᠭᠤᠯᠵᠠᠢ᠃


4.png

 

ᠲᠡᠯᠡᠬᠡᠢ 

 

✦ᠰᠢᠨᠬᠤᠸᠠ ᠬᠤᠷᠢᠶ᠎ᠠ ᠵᠢᠨ ᠮᠡᠳᠡᠭᠡᠯᠡᠯ᠎ᠢ ᠦᠨᠳᠦᠰᠦᠯᠡᠪᠡᠯ᠂ ᠫᠠᠺᠢᠰᠲ᠋ᠠᠨ ᠎ᠤ ᠠᠮᠤᠷ ᠢ᠋ ᠬᠠᠮᠠᠭᠠᠯᠠᠬᠤ ᠴᠡᠷᠢᠭ ᠠᠩᠭᠢ ᠰᠦᠷᠳᠡᠭᠦᠯᠦᠯ᠎ᠦᠨ ᠳᠠᠭᠠᠷᠢᠯᠲᠠ᠎ᠳᠤ ᠤᠴᠠᠷᠠᠵᠤ᠂ 13 ᠬᠥᠮᠥᠨ ᠡᠨᠳᠡᠵᠦ᠂ 29 ᠬᠥᠮᠥᠨ ᠰᠢᠷᠬᠠᠲᠤᠵᠠᠢ᠃

✦ᠰᠢᠨᠬᠤᠸᠠ ᠬᠤᠷᠢᠶ᠎ᠠ ᠵᠢᠨ ᠮᠡᠳᠡᠭᠡᠯᠡᠯ᠎ᠢ ᠦᠨᠳᠦᠰᠦᠯᠡᠪᠡᠯ᠂ ᠹᠢᠯᠢᠫᠢᠨ ᠤ᠋ ᠡᠮᠦᠨᠡᠲᠦ ᠬᠡᠰᠡᠭ᠎ᠦᠨ ᠲᠡᠯᠡᠶ᠎ᠶᠢᠨ ᠣᠷᠣᠨ᠎ᠳᠤ 6.1 ᠲᠠᠰ᠎ᠤᠨ ᠭᠠᠵᠠᠷ ᠬᠥᠳᠡᠯᠪᠡ᠃

 

ᠦᠢᠯᠡᠴᠢᠯᠡᠭᠡ 

 

✦ ᠵᠠᠯᠠᠨ ᠠᠢᠯ ᠬᠣᠲᠠ᠎ᠶᠢᠨ ᠠᠷᠠᠳ᠎ᠤᠨ ᠡᠮᠨᠡᠯᠭᠡ᠎ᠶᠢᠨ ᠬᠣᠷᠢᠶ᠎ᠠ ᠣᠷᠣᠨ ᠳᠤᠭ᠎ᠠ ᠠ᠋ᠴᠠ ᠭᠠᠳᠠᠨᠠᠬᠢ 5 ᠠᠵᠢᠯ᠎ᠤᠨ ᠪᠠᠢᠷᠢ ᠳ᠋ᠤ  40 ᠬᠦᠮᠦᠨ ᠡᠯᠰᠡᠬᠦ ᠪᠡᠷ ᠪᠤᠢ᠃ 


ᠲᠠᠨ ᠎ᠤ ᠲᠤᠰᠡ ᠳ᠋ᠤ  

✦ᠥᠯᠥᠰᠦᠭᠰᠡᠨ ᠦᠶ᠎ᠡ ᠎ᠳ᠋ᠤ ᠠᠯᠪᠠ ᠪᠡᠷ ᠳᠡᠰᠪᠦᠷᠢᠯᠡᠨ ᠬᠣᠭᠣᠯᠠ ᠢᠳᠡᠬᠦ ᠴᠠᠭ ᠎ᠢ ᠤᠳᠠᠭᠠᠰᠢᠷᠠᠭᠤᠯᠵᠤ ᠪᠣᠯᠬᠤ ᠦᠭᠡᠢ᠂ ᠡᠰᠡ ᠲᠡᠭᠡᠪᠡᠯ ᠬᠣᠳᠣᠭᠣᠳᠤ ᠭᠡᠳᠡᠰᠦ ᠠᠪᠴᠢᠬᠤ᠂ ᠬᠡᠪᠡᠯᠢ᠎ᠤᠨ ᠬᠡᠰᠡᠭ ᠵᠢᠡᠷ ᠡᠪᠡᠳᠬᠦ᠂ ᠴᠢᠰᠤᠨ ᠰᠢᠬᠢᠷ ᠬᠦᠨᠳᠦ ᠨᠣᠴᠢᠲᠠᠢ ᠳᠣᠣᠷ᠎ᠠ ᠪᠣᠯᠬᠤ᠂ ᠭᠠᠷ ᠬᠥᠯ ᠤᠨᠲᠠᠷᠠᠵᠤ ᠴᠡᠴᠡᠷᠡᠬᠦ᠂ ᠲᠣᠯᠣᠭᠠᠢ ᠡᠷᠭᠢᠬᠦ᠂ ᠴᠢᠨᠠᠭᠰᠢᠯᠠᠪᠠᠯ ᠮᠠᠨᠠᠷᠠᠬᠤ ᠵᠡᠷᠭᠡ ᠪᠠᠢᠳᠠᠯ᠎ᠢ ᠡᠭᠦᠰᠬᠡᠵᠦ ᠮᠡᠳᠡᠨ᠎ᠡ᠃ ᠦᠷᠭᠦᠯᠵᠢ ᠥᠯᠥᠰᠥᠭᠡᠳ ᠬᠣᠭᠣᠯᠠ ᠢᠳᠡᠬᠦ ᠦᠭᠡᠢ ᠪᠣᠯ ᠰᠢᠷᠬᠠᠯᠠᠭ᠎ᠠ᠂ ᠬᠣᠳᠣᠭᠣᠳᠤᠨ᠎ᠤ ᠦᠷᠪᠢᠰᠦᠯ᠂ ᠰᠢᠩᠭᠡᠭᠡᠯᠲᠡ ᠮᠠᠭᠤᠳᠠᠬᠤ ᠵᠡᠷᠭᠡ ᠡᠪᠡᠳᠴᠢᠨ᠎ᠢ ᠠᠮᠠᠷᠬᠠᠨ ᠡᠭᠦᠰᠬᠡᠳᠡᠭ᠃ ᠡᠷᠢᠨ᠎ᠤ ᠬᠤᠭᠤᠯᠠ ᠪᠠᠨ ᠴᠠᠭ ᠲᠠᠭᠠᠨ ᠢᠳᠡᠵᠦ ᠪᠠᠢᠬᠤ ᠨᠢ ᠡᠷᠡᠬᠦᠯ ᠮᠡᠨᠳᠦ ᠳ᠋ᠤ ᠳᠤᠰᠠᠳᠠᠢ᠃

 

ᠵᠠᠯᠭᠠᠭᠠᠳ 《ᠠᠭᠤᠯᠠ ᠠᠭᠤᠯᠠ ᠵᠢᠨ ᠴᠠᠭᠠᠨ᠎ᠠ》ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠨᠡᠪᠳᠡᠷᠡᠭᠦᠯᠬᠡ ᠮᠠᠨᠢ ᠲᠠ ᠪᠦᠬᠦᠨ᠎ᠳᠦ ᠲᠠᠭᠠᠯᠠᠬᠳᠠᠬᠰᠠᠨ ᠪᠤᠯ ᠤᠳᠤᠨ ᠳᠡᠮᠳᠡᠭ ᠱᠠᠩᠨᠠᠵᠤ ᠪᠢᠳᠡᠨ᠎ᠳᠤ ᠤᠷᠮ᠎ᠠ ᠬᠠᠢᠷᠠᠯᠠᠭᠠᠷᠠᠢ!ᠲᠠ ᠪᠦᠬᠦᠨ᠎ᠤ ᠬᠦᠯᠢᠶᠡᠨ ᠠᠪᠴᠤ᠌ ᠰᠤᠨᠤᠰᠤᠬ᠍ᠰᠠᠨ᠎ᠳᠤ  ᠪᠠᠶᠠᠷᠯᠠᠯ᠎ᠠ᠂  ᠪᠠᠶᠠᠷᠳᠠᠢ!

ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂  ᠮᠠᠨ᠎ᠤ ᠤᠷᠤᠨ᠎ᠤ ᠡᠯ᠎ᠠ ᠠᠢᠮᠠᠭ ᠬᠤᠳᠠ᠂  ᠬᠤᠰᠢᠭᠤ ᠰᠢᠶᠠᠨ ᠎ᠤ  ᠵᠢᠷᠬᠢᠶ᠎ᠠ᠎ᠶᠢᠨ ᠲᠠᠪᠴᠠᠩ

ᠬᠤᠪᠢᠶᠠᠯᠴᠠᠬᠤ᠄
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄0471-6635435 ᠢᠮᠧᠯ᠄mgyxw@163.com   蒙ICP备10000005号