7 ᠰᠠᠷ᠎ᠠ ᠵᠢᠨ 1 ᠎ᠤ ᠡᠳᠤᠷ
ᠡᠬᠢᠯᠡᠬᠦ᠌ ᠴᠠᠭ᠄
2025-07-01 09:47:46
ᠨᠠᠶ᠋ᠢᠷᠠᠭᠤᠯᠤᠭᠴᠢ ᠄

ᠨᠡᠪᠲᠡᠷᠡᠬᠦᠯᠦᠭᠴᠢ ᠄

ᠮᠡᠷᠭᠡᠵᠢᠯ ᠄

ᠤᠩᠰᠢᠭᠰᠠᠨ ᠤᠳᠠᠭ᠎ᠠ᠄


ᠨᠡᠢᠭᠡᠮ                                   

✦ᠰᠢᠨᠬᠤᠸᠠ ᠬᠤᠷᠢᠶ᠎ᠠ ᠵᠢᠨ ᠮᠡᠳᠡᠭᠡ ᠵᠢ ᠦᠨᠳᠦᠰᠦᠯᠡᠪᠡᠯ᠂ 《ᠬᠥᠳᠡᠯᠮᠦᠷᠢ  ᠶ᠋ᠢᠨ ᠴᠢᠳᠠᠪᠤᠷᠢ  ᠶ᠋ᠢ ᠬᠢᠨᠠᠨ ᠲᠣᠭᠲᠠᠭᠠᠬᠤ ᠬᠠᠮᠢᠶᠠᠷᠤᠯᠲᠠ ᠶ᠋ᠢᠨ ᠠᠷᠭ᠎ᠠ》᠎ᠶᠢ ᠦᠨᠦᠳᠦᠷ᠎ᠡᠴᠡ ᠡᠬᠢᠯᠡᠨ ᠬᠡᠷᠡᠭᠵᠢᠭᠦᠯᠵᠦ᠂ ᠠᠵᠢᠯ ᠡᠴᠡ ᠪᠤᠯᠵᠤ ᠰᠢᠷᠬᠠᠳᠤᠭᠰᠠᠨ ᠠᠵᠢᠯᠲᠠᠨ ᠠᠵᠢᠯᠴᠢᠨ᠂ ᠡᠪᠡᠳᠴᠢᠨ᠎ᠡᠴᠡ ᠪᠣᠯᠤᠭᠰᠠᠨ ᠪᠤᠶᠤ ᠠᠵᠢᠯ᠎ᠤᠨ ᠪᠤᠰᠤ ᠰᠢᠯᠲᠠᠭᠠᠨ᠎ᠢᠶᠠᠷ ᠵᠡᠮᠳᠡᠭ ᠪᠣᠯᠤᠭᠰᠠᠨ ᠬᠥᠮᠥᠰ᠎ᠦᠨ ᠬᠥᠳᠡᠯᠮᠦᠷᠢ  ᠶ᠋ᠢᠨ ᠴᠢᠳᠠᠪᠤᠷᠢ ᠶ᠋ᠢ ᠬᠢᠨᠠᠨ ᠲᠣᠭᠲᠠᠭᠠᠬᠤ ᠠᠵᠢᠯ  ᠢ᠋ ᠨᠢᠭᠡᠳᠦᠯᠲᠡᠢ ᠲᠥᠯᠥᠪᠯᠡᠨ ᠵᠢᠷᠤᠮᠵᠢᠭᠤᠯᠤᠨ᠎ᠠ᠃

 

✦5 ᠰᠠᠷ᠎ᠠ ᠎ᠶᠢᠨ ᠡᠴᠦᠰ ᠪᠣᠯᠲᠠᠯ᠎ᠠ᠂ ᠰᠠᠭᠤᠷᠢ ᠴᠠᠬᠢᠯᠭᠠᠨ ᠬᠣᠯᠪᠣᠭᠠᠨ ᠤ᠋ ᠭᠤᠷᠪᠠᠨ ᠠᠵᠤ ᠠᠬᠤᠢᠯᠠᠯ᠎ᠤᠨ ᠮᠢᠩᠭᠠᠨ ᠮᠸᠭ᠎ᠠ ᠵᠢᠴᠢ ᠲᠡᠭᠦᠨ ᠎ᠡᠴᠡ ᠳᠡᠭᠡᠭᠰᠢᠬᠢ ᠵᠠᠯᠭᠠᠯᠲᠠ᠎ᠶᠢᠨ ᠬᠤᠷᠳᠤᠴᠠ᠎ᠲᠠᠢ ᠲᠣᠭᠲᠠᠮᠠᠯ ᠢᠨᠲᠧᠷ ᠰᠦᠯᠵᠢᠶᠡᠨ ᠎ᠦ ᠥᠷᠭᠡᠨ ᠪᠦᠰᠡ᠎ᠶᠢᠨ ᠬᠡᠷᠡᠭᠯᠡᠭᠴᠢ 2.23 ᠳ᠋ᠦᠩᠰᠢᠭᠤᠷ᠎ᠲᠤ ᠬᠦᠷᠴᠦ᠂ 5G ᠰᠢᠯᠵᠢᠮᠡᠯ ᠬᠤᠯᠪᠤᠭ᠎ᠠ᠎ᠶᠢᠨ ᠬᠡᠷᠡᠭᠯᠡᠭᠴᠢ 11 ᠳ᠋ᠦᠩᠰᠢᠭᠤᠷ ᠲᠦ᠍ ᠣᠢᠷᠠᠳᠴᠠᠢ᠃

 

✦ᠨᠢᠳᠤᠨᠤᠨ᠎ᠤ ᠵᠢᠯ᠎ᠦᠨ ᠡᠴᠦᠰ ᠪᠣᠯᠲᠠᠯ᠎ᠠ᠂ ᠪᠥᠬᠥ ᠤᠯᠤᠰ᠎ᠲᠤ 4.8 ᠲᠦᠮᠡ ᠭᠠᠷᠤᠢ ᠬᠠᠷᠮᠠᠨ ᠴᠡᠴᠡᠷᠯᠢᠭ ᠪᠠᠢᠭᠤᠯᠵᠤ᠂ ᠨᠣᠭᠣᠭᠠᠨ ᠵᠠᠮ 12.8 ᠲᠦᠮᠡᠨ ᠺᠢᠯᠣᠮᠧᠲᠷ᠎ᠢ ᠳᠠᠪᠠᠵᠠᠢ᠃

 

✦7 ᠰᠠᠷ᠎ᠠ᠎ᠶᠢᠨ 1᠎ᠦ ᠡᠳᠦᠷ᠎ᠦᠨ ᠲᠡᠭ ᠴᠠᠭ᠎ᠠᠴᠠ ᠡᠬᠢᠯᠡᠨ ᠪᠦᠬᠦ ᠤᠯᠤᠰ᠎ᠤᠨ ᠲᠡᠮᠦᠷ ᠵᠠᠮ᠎ᠦᠨ ᠰᠢᠰᠲᠧᠮ᠎ᠦᠨ ᠬᠢᠨ ᠭᠠᠯᠲᠤ ᠲᠡᠷᠭᠡᠨ᠎ᠦ ᠰᠢᠨ᠎ᠡ ᠠᠶᠠᠯᠠᠯ᠎ᠤᠨ ᠵᠢᠷᠤᠭ᠎ᠢ ᠬᠡᠷᠡᠭᠵᠢᠭᠦᠯᠬᠦ ᠪᠣᠯᠣᠨ᠎ᠠ᠃ ᠰᠢᠨ᠎ᠡ ᠠᠶᠠᠯᠠᠯ᠎ᠤᠨ ᠵᠢᠷᠤᠭ᠎ᠢ ᠬᠡᠷᠡᠭᠵᠢᠭᠦᠯᠦᠭᠰᠡᠨ᠎ᠤ ᠳᠠᠷᠠᠭ᠎ᠠ᠂ ᠥᠪᠥᠷ ᠮᠣᠩᠭᠣᠯ ᠣᠷᠣᠨ᠎ᠤ ᠳᠤᠮᠳᠠ ᠪᠠᠷᠠᠭᠤᠨ ᠪᠡᠶ᠎ᠡ᠎ᠡᠴᠡ ᠮᠣᠷᠳᠠᠬᠤ ᠲᠦᠷᠭᠡᠨ᠎ᠤ ᠲᠡᠮᠦᠷ ᠵᠠᠮ ᠪᠠ ᠬᠥᠳᠡᠯᠭᠡᠭᠦ ᠬᠦᠴᠦᠨᠳᠦ ᠭᠠᠯᠲᠤ ᠲᠡᠷᠭᠡ ᠪᠡᠭᠡᠵᠢᠩ᠂ ᠱᠠᠩᠬᠠᠢ᠂ ᠰᠸᠴᠤᠸᠠᠨ ᠵᠡᠷᠭᠡ ᠪᠦᠬᠦ ᠤᠯᠤᠰ᠎ᠤᠨ 15 ᠮᠤᠵᠢ ᠪᠠ ᠰᠢᠭᠤᠳ ᠬᠠᠷᠢᠶ᠎ᠠ ᠬᠣᠲᠠ ᠳ᠋ᠤ ᠨᠡᠪᠲᠡᠷᠡᠬᠦ ᠪᠣᠯᠣᠨ᠎ᠠ᠃

 

✦ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ ᠡᠴᠡ ᠣᠢᠷ᠎ᠠ᠎ᠳᠤ 1 ᠳ᠋ᠦᠩᠰᠢᠭᠤᠷ ᠲᠥᠭᠥᠷᠢᠭ᠎ᠦᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠲᠤᠰᠬᠠᠢ ᠪᠡᠯᠡ ᠮᠥᠩᠭᠥ ᠪᠠᠭᠤᠯᠭᠠᠵᠤ ᠤᠯᠤᠰ᠎ᠤᠨ ᠰᠦᠨ᠎ᠤ ᠦᠢᠯᠡᠰ᠎ᠦᠨ ᠮᠡᠷᠭᠡᠵᠢᠯ᠎ᠦᠨ ᠰᠢᠨ᠎ᠡ᠎ᠶᠢ ᠡᠭᠦᠳᠬᠦ ᠲᠥᠪ᠎ᠦᠨ ᠪᠦᠲᠦᠭᠡᠨ ᠪᠠᠢᠭᠤᠯᠤᠯᠳᠠ ᠵᠢ ᠳᠡᠮᠵᠢᠪᠡ᠃ ᠲᠣᠰ ᠲᠥᠪ᠎ᠨᠢ ᠮᠠᠨ᠎ᠤ ᠤᠯᠤᠰ᠎ᠤᠨ ᠰᠦᠨ᠎ᠤ ᠦᠢᠯᠡᠰ᠎ᠦᠨ ᠬᠦᠷᠢᠶᠡᠨ᠎ᠳᠡᠬᠢ ᠴᠣᠷ᠎ᠤᠨ ᠭᠠᠭᠴᠠ ᠤᠯᠤᠰ᠎ᠤᠨ ᠲᠠᠰ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠦ᠋ᠨ ᠰᠢᠨ᠎ᠡ᠎ᠶᠢ ᠡᠭᠦᠳᠬᠦ ᠲᠠᠪᠴᠠᠩ ᠪᠠᠢᠵᠤ᠂ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ ᠠ᠋ᠴᠠ 4 ᠵᠢᠯ ᠳᠠᠷᠠᠭᠠᠯᠠᠨ ᠳ᠋ᠦᠩᠰᠢᠭᠤᠷ ᠭᠠᠷᠤᠢ ᠲᠥᠭᠥᠷᠢᠭ᠎ᠦᠨ ᠪᠡᠯᠡ ᠮᠥᠩᠭᠥ ᠲᠤᠬᠢᠷᠠᠭᠤᠯᠤᠨ ᠭᠣᠣᠯᠯᠠᠬᠤ ᠮᠡᠷᠭᠡᠵᠢᠯ᠎ᠤᠨ ᠪᠤᠭᠤᠮᠳᠠ ᠰᠢᠪᠲᠤᠯᠬᠤ᠎ᠵᠢ ᠲᠡᠮᠵᠢᠵᠤ ᠪᠤᠢ᠃

 

✦ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠰᠢᠯᠭᠠᠯᠲᠠ᠎ᠶᠢᠨ ᠬᠦᠷᠢᠶᠡᠯᠡᠩ᠎ᠤᠨ 29 ᠎ᠦ ᠡᠳᠦᠷ ᠎ᠤᠨ ᠨᠡᠢᠲᠡᠯᠡᠭᠰᠡᠨ ᠠᠯᠪᠠᠨ ᠵᠠᠷᠯᠠᠯ᠎ᠢ ᠦᠨᠳᠦᠰᠦᠯᠡᠪᠡᠯ᠂ ᠵᠢᠩᠬᠢᠨᠢ ᠠᠩᠭᠢ᠎ᠶᠢᠨ ᠤᠷᠢᠳᠴᠢᠯᠠᠭᠰᠠᠨ ᠪᠦᠯᠦᠭ(A ᠬᠡᠰᠡᠭ᠂ B ᠬᠡᠰᠡᠭ᠂ C ᠬᠡᠰᠡᠭ ᠪᠠᠭᠲᠠᠨ᠎ᠠ )᠂ ᠵᠢᠩᠬᠢᠨᠢ ᠠᠩᠭᠢ᠎ᠶᠢᠨ ᠪᠦᠯᠦᠭ ᠵᠢᠴᠢ ᠡᠩ᠎ᠦᠨ ᠲᠥᠷᠥᠯ᠎ᠦᠨ ᠳᠡᠭᠡᠳᠦ ᠵᠡᠷᠭᠡ᠎ᠶᠢᠨ ᠠᠵᠢᠯ ᠮᠡᠷᠭᠡᠵᠢᠯ (ᠲᠤᠰᠬᠠᠢ ᠮᠡᠷᠭᠡᠵᠢᠯ)᠎ᠤᠨ ᠤᠷᠢᠳᠴᠢᠯᠠᠭᠰᠠᠨ ᠪᠦᠯᠦᠭ᠎ᠤᠨ ᠡᠷᠡᠮᠡᠯᠵᠡᠯ ᠲᠠᠭᠯᠠᠬᠤ ᠠᠵᠢᠯ 6 ᠰᠠᠷ᠎ᠠ᠎ᠶᠢᠨ 30᠎ᠤ  ᠡᠳᠦᠷ᠎ᠦᠨ  9᠄ 00 ᠴᠠᠭ᠎ᠠᠴᠠ ᠡᠬᠢᠯᠡᠨ᠂ ᠡᠳᠦᠷ ᠪᠦᠷᠢ᠎ᠶᠢᠨ 9 ᠄ 00 ︱ 22 ᠄ 00 ᠲᠦ᠍ ᠡᠷᠡᠮᠡᠯᠵᠡᠯ ᠲᠠᠭᠯᠠᠵᠤ᠂ 7 ᠰᠠᠷ᠎ᠠ᠎ᠶᠢᠨ 4᠎ᠦ ᠡᠳᠦᠷ᠎ᠦᠨ 17 ᠄ 00 ᠴᠠᠭ᠎ᠲᠤ ᠳᠠᠭᠤᠰᠤᠨ᠎ᠠ ᠃

 

✦29᠎ᠦ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠦ ᠪᠠᠲᠤᠯᠠᠭ᠎ᠠ᠎ᠶᠢᠨ ᠲᠣᠪᠴᠢᠶ᠎ᠠ ᠡᠮ ᠡᠮᠨᠡᠯᠭᠡ ᠵᠢᠨ ᠳᠠᠭᠠᠳᠬᠠᠯ ᠤ᠋ᠨ ᠴᠡᠭ ᠲᠣᠭᠲᠠᠭᠠᠭᠰᠠᠨ ᠪᠠᠢᠭᠤᠯᠤᠮᠵᠢ᠎ᠶᠢ ᠱᠠᠲᠤ ᠬᠤᠪᠢᠶᠠᠨ ᠬᠠᠮᠢᠶᠠᠷᠬᠤ᠎ᠶᠢ ᠬᠡᠷᠡᠭᠵᠢᠭᠦᠯᠬᠦ ᠲᠤᠬᠠᠢ ᠠᠯᠪᠠᠨ ᠵᠠᠷᠯᠠᠯ ᠨᠡᠢᠲᠡᠯᠡᠵᠦ᠂ 2025 ᠣᠨ᠎ᠳᠤ ᠨᠢᠭᠡᠳᠦᠭᠡᠷ ᠳᠡᠰ ᠵᠢᠴᠢ ᠲᠡᠭᠦᠨ᠎ᠡᠴᠡ ᠳᠣᠷᠣᠭ᠍ᠰᠢᠬᠢ ᠴᠡᠭ ᠲᠣᠭᠲᠠᠭᠠᠭᠰᠠᠨ ᠡᠮᠴᠢᠯᠡᠭᠡᠨ᠎ᠦ ᠪᠠᠢᠭᠤᠯᠤᠮᠵᠢ ᠪᠠ ᠴᠡᠭ ᠲᠣᠭᠲᠠᠭᠠᠭᠰᠠᠨ ᠵᠢᠵᠢᠭᠯᠡᠨ ᠬᠤᠳᠠᠯᠳᠤᠬᠤ ᠡᠮ᠎ᠦᠨ ᠳᠡᠯᠭᠡᠭᠦᠷ᠎ᠲᠦ ᠡᠮ ᠡᠮᠨᠡᠯᠭᠡ ᠵᠢᠨ ᠳᠠᠭᠠᠳᠬᠠᠯ᠎ᠤᠨ ᠳ᠋ᠦᠩᠨᠡᠨ ᠪᠣᠳᠣᠯᠲᠠ᠎ᠶᠢ ᠱᠠᠲᠤ ᠬᠤᠪᠢᠶᠠᠨ ᠬᠠᠮᠢᠶᠠᠷᠴᠤ᠂ 7 ᠰᠠᠷ᠎ᠠ᠎ᠶᠢᠨ 1᠎ᠦ ᠡᠳᠦᠷ᠎ᠡᠴᠡ ᠪᠥᠬᠥ ᠲᠠᠯ᠎ᠠ᠎ᠪᠠᠷ ᠨᠠᠢᠳᠠᠪᠤᠷᠢᠵᠢᠭᠤᠯᠤᠨ ᠬᠡᠷᠡᠭᠵᠢᠭᠦᠯᠦᠨ᠎ᠡ᠃

 

✦6 ᠰᠠᠷ᠎ᠠ᠎ᠶᠢᠨ 27᠎ᠤ ᠡᠳᠦᠷ ᠪᠣᠯᠲᠠᠯ᠎ᠠ᠂ ᠰᠢᠯᠢ᠎ᠶᠢᠨ ᠭᠣᠣᠯ ᠬᠣᠨᠢᠨ᠎ᠤ ᠣᠷᠣᠨ ᠪᠦᠰᠡ ᠶ᠋ᠢᠨ ᠨᠡᠢᠲᠡ᠎ᠶᠢᠨ ᠬᠡᠷᠡᠭᠯᠡᠭᠡᠨ᠎ᠦ ᠲᠥᠷᠥᠯ ᠲᠡᠮᠳᠡᠭ᠎ᠤᠨ ᠡᠷᠬᠡ ᠣᠯᠭᠣᠭᠰᠠᠨ 17 ᠠᠵᠤ ᠠᠬᠤᠢᠯᠠᠯᠯ ᠡᠴᠡ 57 ᠰᠤᠮᠤ ᠪᠠᠯᠭᠠᠰᠤᠨ᠎ᠤ 381 ᠭᠠᠴᠠᠭ᠎ᠠ(ᠬᠣᠷᠰᠢᠶ᠎ᠠ)ᠶ᠋ᠢᠨ 5307 ᠮᠠᠯᠴᠢᠨ ᠲᠠᠢ ᠰᠢᠯᠢ᠎ᠶᠢᠨ ᠭᠣᠣᠯ ᠬᠣᠨᠢ ᠬᠤᠳᠠᠯᠳᠤᠨ ᠠᠪᠬᠤ ᠬᠡᠯᠡᠯᠴᠡᠭᠡᠷ ᠲᠣᠭᠲᠠᠵᠤ᠂ ᠬᠣᠨᠢᠨ᠎ᠤ ᠢᠷᠡᠯᠲᠡ ᠶ᠋ᠢᠨ ᠶᠡᠷᠦᠩᠬᠡᠢ ᠬᠡᠮᠵᠢᠶ᠎ᠡ 124.1 ᠲᠦᠮᠡ ᠎ᠳᠦ ᠬᠦᠷᠴᠦ᠂ ᠬᠤᠳᠠᠯᠳᠤᠨ ᠠᠪᠬᠤ ᠲᠥᠯᠥᠪᠯᠡᠭᠡ᠎ᠶᠢ 24.1 ᠲᠦᠮᠡ ᠳᠠᠪᠠᠭᠤᠯᠤᠨ ᠲᠣᠭᠲᠠᠭᠠᠪᠠ᠃

 

ᠠᠵᠤ ᠠᠬᠤᠢ  

 

✦ᠡᠨᠡ ᠵᠢᠯ᠎ᠦᠨ ᠲᠦᠷᠦᠭᠦᠸ᠋ ᠲᠠᠪᠤᠨ ᠰᠠᠷ᠎ᠠ᠎ᠳᠤ ᠪᠥᠬᠥ ᠤᠯᠤᠰ᠎ᠤᠨ ᠨᠡᠢᠭᠡᠮ᠎ᠦᠨ ᠪᠠᠷᠠᠭᠠᠨ᠎ᠤ ᠭᠦᠢᠯᠭᠡᠭᠡᠨ᠎ᠦ ᠪᠥᠬᠥ ᠬᠡᠮᠵᠢᠶ᠎ᠠ ᠨᠢᠳᠤᠨᠤᠨ᠎ᠤ ᠠᠳᠠᠯᠢ ᠬᠤᠭᠤᠴᠠᠭᠠᠨ ᠤ᠋ ᠬᠢ᠎ᠡᠴᠡ 5.3% ᠪᠡᠷ ᠨᠡᠮᠡᠭᠳᠡᠪᠡ᠃

 

✦ᠬᠠᠮᠢᠶ᠎ᠠ ᠪᠦᠬᠦᠢ ᠮᠡᠳᠡᠭᠡᠯᠡᠯ᠎ᠢ ᠦᠨᠳᠦᠰᠦᠯᠡᠪᠡᠯ᠂ 7 ᠰᠠᠷ᠎ᠠ᠎ᠶᠢᠨ 1᠎ᠦ ᠡᠳᠦᠷ ᠦ᠋ᠨ 24 ᠴᠠᠭ᠎ᠲᠤ ᠤᠯᠤᠰ᠎ᠤᠨ ᠳᠣᠲᠣᠭᠠᠳᠤ ᠶ᠋ᠢᠨ ᠪᠣᠯᠪᠠᠰᠤᠷᠠᠭᠤᠯᠤᠭᠰᠠᠨ ᠴᠢᠯᠠᠭᠤᠨ ᠲᠣᠰᠣᠨ᠎ᠤ ᠦᠨ᠎ᠡ ᠥᠰᠦᠨ᠎ᠡ᠃ ᠵᠢᠱ᠌ᠢᠯᠲᠡ᠎ᠪᠡᠷ ᠴᠢᠶᠢᠦ᠂ ᠴᠠᠢᠶᠢᠦ ᠲᠣᠰᠣᠨ᠎ᠤ ᠦᠨ᠎ᠡ ᠲᠣᠨ ᠪᠦᠷᠢ᠎ᠳᠡᠭᠡᠨ 600 ᠲᠥᠭᠥᠷᠢᠭ ᠥᠰᠴᠦ᠂ ᠯᠢᠲᠷ ᠪᠦᠷᠢ᠎ᠳᠡᠭᠡᠨ 0.49 ᠡᠴᠡ 0.51 ᠲᠥᠭᠥᠷᠢᠭ ᠥᠰᠦᠨ᠎ᠡ᠃ ᠡᠭᠦᠨ ᠵᠢᠡᠷ ᠪᠤᠳᠤᠪᠠᠯ᠂ 50 ᠯᠢᠲᠷ᠎ᠦᠨ ᠲᠤᠰᠤᠨ᠎ᠤ ᠰᠠᠪᠠ᠎ᠳᠦ 92 ᠨᠣᠮᠧᠷᠲᠦ ᠴᠢᠶᠢᠦ᠎ᠶᠢ ᠳᠦᠭᠦᠷᠭᠡᠬᠦ᠎ᠳᠦ ᠪᠠᠷᠤᠭ 24 ᠡᠴᠡ 25 ᠲᠥᠭᠥᠷᠢᠭ ᠢᠯᠡᠭᠦᠦ ᠵᠠᠷᠤᠴᠠᠭᠤᠯᠤᠨ᠎ᠠ᠃

 

ᠰᠤᠶᠤᠯ 

 

✦6 ᠰᠠᠷ᠎ᠠ᠎ᠶᠢᠨ 29᠎ᠦ ᠣᠷᠣᠢ ᠠᠷᠪᠠᠳᠤᠭᠠᠷ ᠬᠤᠭᠤᠴᠠᠭᠠᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠠᠭᠠᠨᠮᠥ᠋ᠴᠢᠷ᠎ᠦᠨ ᠤᠷᠠᠯᠢᠭ᠋᠎ᠤᠨ ᠨᠠᠢᠷ ᠬᠥᠬᠡᠬᠣᠲᠠ᠎ᠳᠤ ᠡᠬᠢᠯᠡᠵᠦ᠂ 7ᠰᠠᠷ᠎ᠠ᠎ᠶᠢᠨ 8᠎ᠤ ᠡᠳᠦᠷ ᠪᠣᠯᠲᠠᠯ᠎ᠠ ᠦᠷᠬᠦᠯᠵᠢᠯᠡᠵᠦ᠂ ᠪᠦᠬᠦ ᠣᠷᠣᠨ᠎ᠤ 19 ᠬᠣᠰᠢᠭᠤ ᠰᠢᠶᠠᠨ᠎ᠤ ᠤᠯᠠᠭᠠᠨᠮᠥ᠋ᠴᠢᠷ᠎ᠦᠨ ᠡᠩᠨᠡᠭᠡ᠎ᠶᠢᠨ 1050 ᠰᠢᠬᠠᠮ ᠬᠥᠮᠥᠨ ᠲᠤᠰ ᠬᠤᠭᠤᠴᠠᠭᠠᠨ᠎ᠤ ᠤᠷᠠᠯᠢᠭ᠋᠎ᠤᠨ ᠨᠠᠢᠷ᠎ᠲᠤ ᠣᠷᠣᠯᠴᠠᠨ᠎ᠠ᠃ ᠤᠷᠠᠯᠢᠭ᠎ᠤᠨ  ᠨᠠᠢᠷ ᠨᠢ ᠡᠬᠢᠯᠡᠬᠦ ᠲᠡᠭᠦᠰᠬᠦ ᠶᠣᠰᠣᠯᠠᠯ᠂ ᠤᠷᠠᠨ ᠰᠠᠢᠬᠠᠨ᠎ᠤ ᠬᠠᠮᠲᠤᠷᠠᠭᠰᠠᠨ ᠲᠣᠭᠯᠠᠯᠲᠠ᠂ ᠰᠢᠨ᠎ᠡ ᠬᠥᠮᠥᠨ᠎ᠦ ᠰᠢᠨ᠎ᠡ ᠪᠦᠲᠦᠭᠡᠯ᠎ᠦᠨ ᠤᠷᠤᠯᠳᠤᠭᠠᠨ ᠵᠡᠷᠭᠡ ᠵᠢᠷᠭᠤᠭᠠᠨ ᠵᠦᠢᠯ ᠎ᠦᠨ ᠭᠣᠣᠯ ᠠᠵᠢᠯᠯᠠᠭ᠎ᠠ᠎ᠶᠢ ᠲᠤᠬᠢᠷᠠᠭᠤᠯᠵᠠᠢ᠃


1.png

 

✦ᠣᠢᠷ᠎ᠠ ᠎ᠶᠢᠨ ᠡᠳᠦᠷ ᠨᠠᠢ᠍ᠮᠠᠳᠤᠭᠠᠷ ᠬᠤᠭᠤᠴᠠᠭᠠᠨ᠎ᠤ ᠪᠦᠬᠦ ᠤᠯᠤᠰ ᠤ᠋ᠨ ᠳᠤᠮᠳᠠᠳᠤ ᠪᠠᠭ᠎ᠠ ᠰᠤᠷᠭᠠᠭᠤᠯᠢ᠎ᠶᠢᠨ ᠰᠤᠷᠤᠭ᠍ᠴᠢᠳ ᠎ᠤᠨ ᠤᠷᠠᠯᠢᠭ᠋᠎ᠤᠨ ᠦᠵᠡᠭᠦᠯᠭᠡ᠎ᠶᠢᠨ ᠲᠣᠭᠯᠠᠯᠲᠠ ᠎ᠶᠢᠨ ᠠᠵᠢᠯᠯᠠᠭ᠎ᠠ᠎ᠶᠢᠨ ᠰᠢᠯᠭᠠᠷᠠᠭᠤᠯᠤᠯᠲᠠ ᠶ᠋ᠢᠨ ᠦᠷ᠎ᠡ ᠳ᠋ᠦᠩ ᠵᠢᠩᠬᠢᠨᠢ᠎ᠪᠡᠷ ᠲᠣᠳᠣᠷᠠᠵᠤ᠂ ᠦᠬᠠᠢ ᠬᠤᠳᠠ᠎ᠶᠢᠨ ᠠᠵᠢᠯ ᠮᠡᠷᠭᠡᠵᠢᠯ᠎ᠦᠨ ᠰᠤᠷᠭᠠᠭᠤᠯᠢ᠎ᠶᠢᠨ ᠰᠤᠷᠤᠭ᠍ᠴᠢᠳ᠎ᠤᠨ ᠪᠦᠲᠦᠭᠡᠯ ᠭᠠᠷ ᠤᠷᠠᠯᠠᠯ ᠤ᠋ᠨ ᠦᠢᠯᠡᠳᠬᠡᠯ᠎ᠦᠨ ᠲᠦᠷᠦᠯ ᠵᠦᠢᠯ᠎ᠳ᠋ᠤ ᠪᠦᠬᠦ ᠤᠯᠤᠰ᠎ᠤᠨ ᠨᠢᠭᠡᠳᠦᠭᠡᠷ ᠳᠡᠰ᠎ᠤᠨ ᠱᠠᠩᠨᠠᠯ᠎ᠢ ᠲᠤᠰᠴᠠᠢ᠃


2.png


ᠲᠠᠮᠢᠷ  


✦2025 ᠣᠨ ᠎ᠤ ᠳᠡᠭᠡᠷ᠎ᠡ ᠬᠠᠭᠠᠰ ᠵᠢᠯ᠎ᠳᠦ᠂ ᠥᠪᠡᠷᠲᠡᠭᠡᠨ ᠵᠠᠰᠠᠬᠤ ᠣᠷᠣᠨ ᠎ᠤ ᠪᠡᠶ᠎ᠡ᠎ᠶᠢᠨ ᠲᠠᠮᠢᠷ᠎ᠤᠨ ᠰᠤᠷᠭᠠᠨ ᠬᠥᠮᠦᠵᠢᠯ᠎ᠢ ᠳᠡᠮᠵᠢᠬᠦ ᠰᠠᠢᠨ ᠳᠤᠷ᠎ᠠ᠎ᠶᠢᠨ ᠦᠢᠯᠡᠴᠢᠯᠡᠭᠡᠨ᠎ᠦ ᠠᠵᠢᠯᠯᠠᠭ᠎ᠠ᠎ᠶᠢ ᠲᠦᠩᠯᠢᠶᠣᠣ ᠬᠣᠲᠠ᠎ᠶᠢᠨ ᠨᠠᠢ᠍ᠮᠠᠨ ᠬᠣᠰᠢᠭᠤ᠂ ᠰᠢᠯᠢ᠎ᠶᠢᠨ ᠭᠣᠣᠯ ᠠᠢᠮᠠᠭ᠎ᠤᠨ ᠲᠤᠯᠤᠨ ᠨᠤᠤᠷ ᠰᠢᠶᠠᠨ᠎ᠤ 13 ᠳᠤᠮᠳᠠᠳᠤ ᠪᠠᠭ᠎ᠠ ᠰᠤᠷᠭᠠᠭᠤᠯᠢ᠎ᠳᠤ ᠥᠷᠨᠢᠭᠦᠯᠵᠦ᠂ 3 ᠲᠦᠮᠡ ᠭᠠᠷᠤᠢ ᠰᠣᠷᠣᠭ᠍ᠴᠢ᠎ᠳᠤ ᠠᠰᠢᠭ᠋ ᠬᠦᠷᠲᠡᠭᠡᠪᠡ᠃


1.jpg

 

ᠲᠡᠯᠡᠬᠡᠢ 

 

✦ᠰᠢᠨᠬᠤᠸᠠ ᠬᠤᠷᠢᠶ᠎ᠠ ᠵᠢᠨ ᠮᠡᠳᠡᠭᠡ ᠵᠢ ᠦᠨᠳᠦᠰᠦᠯᠡᠪᠡᠯ᠂ 28᠎ᠤ ᠡᠳᠦᠷ ᠡᠸᠦ᠋ᠷᠦᠫᠡ ᠲᠢᠪ᠎ᠦᠨ ᠡᠮᠦᠨᠡᠲᠦ ᠬᠡᠰᠡᠭ ᠨᠢ ᠡᠨᠡ ᠵᠢᠯ᠎ᠦᠨ ᠵᠣᠨ᠎ᠤ ᠤᠯᠠᠷᠢᠯ᠎ᠤᠨ ᠠᠩᠬᠠᠳᠠᠭ᠍ᠴᠢ ᠬᠠᠯᠠᠭᠤᠨ ᠳᠠᠪᠠᠯᠭᠠᠨ ᠢ᠋ ᠤᠭᠲᠤᠵᠤ᠂ ᠬᠡᠰᠡᠭ ᠭᠠᠵᠠᠷ ᠣᠷᠣᠨ᠎ᠤ ᠬᠠᠮᠤᠭ᠎ᠤᠨ ᠥᠨᠳᠥᠷ ᠠᠭᠠᠷ᠎ᠤᠨ ᠳᠤᠯᠠᠭᠠᠨ 40 ᠭᠠᠷᠤᠢ ᠭᠷᠡᠳᠦ᠋ᠰ᠎ᠲᠦ ᠬᠦᠷᠴᠦ᠂ ᠠᠳᠠᠯᠢ ᠬᠤᠭᠤᠴᠠᠭᠠᠨ᠎ᠤ ᠬᠠᠮᠤᠭ᠎ᠤᠨ ᠥᠨᠳᠥᠷ ᠲᠡᠮᠳᠡᠭᠯᠡᠯ ᠢ᠋ ᠰᠢᠨᠡᠳᠬᠡᠪᠡ᠃


ᠦᠢᠯᠡᠴᠢᠯᠡᠭᠡ  


✦ᠣᠷᠳᠣᠰ ᠬᠣᠲᠠ᠎ᠶᠢᠨ ᠵᠡᠭᠦᠨᠭᠠᠷ ᠬᠣᠰᠢᠭᠤᠨ᠎ᠤ ᠡᠷᠡᠨ ᠵᠠᠭᠤᠨ ᠳᠤᠮᠳᠠᠳᠤ ᠰᠤᠷᠭᠠᠭᠤᠯᠢ ᠪᠦᠬᠦ ᠤᠯᠤᠰ᠎ᠤᠨ ᠬᠡᠪᠴᠢᠶᠡᠨ᠎ᠡᠴᠡ ᠳᠡᠭᠡᠳᠦ ᠲᠡᠰ᠎ᠤᠨ ᠪᠠᠭ᠍ᠰᠢ᠂ ᠨᠠᠷᠠᠲᠦ ᠰᠢᠯᠢᠳᠡᠭ ᠪᠠᠭ᠍ᠰᠢ ᠪᠣᠯᠣᠨ《ᠪᠤᠭᠤᠷᠤᠯ ᠪᠠᠭ᠍ᠰᠢ》 ᠤᠷᠢᠨ ᠡᠯᠰᠡᠬᠦ᠎ᠪᠡᠷ ᠪᠤᠢ᠃ ᠤᠷᠢᠨ ᠡᠯᠰᠡᠬᠦ ᠨᠥᠬᠥᠴᠡᠯ᠎ᠳᠦ ᠨᠡᠢᠴᠡᠬᠦ ᠨᠠᠷᠠᠲᠤ ᠰᠢᠯᠢᠳᠡᠭ ᠪᠠᠭ᠍ᠰᠢ᠎ᠶᠢᠨ ᠵᠢᠯᠣᠭᠣᠳᠤᠨ ᠳᠠᠭᠠᠭᠤᠯᠤᠭᠰᠠᠨ ᠰᠤᠷᠤᠭ᠍ᠴᠢ ᠨᠢ ᠴᠢᠩᠬᠤᠸᠠ ᠶᠡᠬᠡ ᠰᠤᠷᠭᠠᠭᠤᠯᠢ᠂ ᠪᠡᠭᠡᠵᠢᠩ ᠶᠡᠬᠡ ᠰᠤᠷᠭᠠᠭᠤᠯᠢ᠎ᠳᠤ ᠰᠢᠯᠭᠠᠭᠤᠯᠤᠨ ᠣᠷᠣᠭᠰᠠᠨ ᠪᠠᠢᠪᠠᠯ᠂ ᠤᠷᠢᠵᠤ ᠬᠡᠷᠡᠭᠯᠡᠭᠰᠡᠨ ᠪ ᠳᠠᠷᠠᠭ᠎ᠠ ᠵᠢᠯ᠎ᠦᠨ ᠴᠠᠯᠢᠩ᠎ᠢ 70 ᠲᠦᠮᠡᠨ ᠲᠥᠭᠥᠷᠢᠭ᠎ᠦᠨ ᠪᠠᠷᠢᠮᠵᠢᠶ᠎ᠠ ᠪᠠᠷ ᠣᠯᠭᠣᠵᠤ᠂ ᠪᠤᠰᠤᠳ᠎ᠢ ᠨᠢ 30 ᠲᠦᠮᠡᠨ ᠲᠥᠭᠥᠷᠢᠭ᠎ᠦᠨ ᠪᠠᠷᠢᠮᠵᠢᠶ᠎ᠠ ᠪᠠᠷ ᠣᠯᠭᠣᠨ᠎ᠠ ᠬᠡᠵᠤ ᠲᠤᠬᠳᠠᠭᠠᠪᠠ᠃ 

 

ᠲᠠᠨ ᠎ᠤ ᠲᠤᠰᠡ ᠳ᠋ᠤ  

✦ᠪᠡᠯᠡᠨ ᠪᠤᠳᠠᠭ᠎ᠠ ᠨᠤᠭᠤᠭ᠎ᠠ ᠵᠢᠨ ᠬᠣᠣᠷ ᠬᠥᠨᠥᠭᠡᠯ ᠎ᠢ ᠬᠦᠮᠦᠰ ᠦᠷᠬᠦᠯᠵᠢ ᠤᠮᠳᠤᠭᠠᠢᠯᠠᠳᠠᠭ᠃ ᠪᠡᠯᠡᠨ ᠪᠤᠳᠠᠭ᠎ᠠ ᠨᠤᠭᠤᠭ᠎ᠠ ᠨᠢ ᠪᠠᠺᠲᠧᠷᠢ ᠠᠮᠠᠷᠬᠠᠨ ᠡᠭᠦᠰᠴᠦ ᠬᠣᠳᠣᠭᠣᠳᠤ ᠭᠡᠳᠡᠰᠦ ᠵᠢ ᠡᠪ ᠦᠭᠡᠢᠷᠡᠬᠦᠯᠬᠦ ᠪᠤᠶᠤ ᠴᠢᠨᠠᠭᠰᠢᠯᠠᠪᠠᠯ ᠢᠳᠡᠭᠡᠨ᠎ᠳᠦ ᠬᠣᠣᠷᠳᠠᠭᠳᠠᠵᠤ ᠮᠡᠳᠡᠬᠦ ᠪᠦᠭᠡᠳ ᠰᠢᠮ᠎ᠡ ᠲᠡᠵᠢᠭᠡᠯ᠎ᠦᠨ ᠪᠦᠷᠢᠯᠳᠦᠭᠦᠨ ᠨᠢ ᠶᠡᠬᠡ ᠬᠡᠮᠵᠢᠶ᠎ᠡ᠎ᠪᠡᠷ ᠠᠯᠳᠠᠭᠳᠠᠵᠦ ᠰᠢᠮ᠎ᠡ ᠲᠡᠵᠢᠭᠡᠯ ᠳᠤᠲᠠᠭᠳᠠᠬᠤ ᠪᠥᠭᠡᠳ ᠳᠤᠲᠠᠭᠤ ᠠᠽᠣᠲ ᠬᠦᠴᠢᠯ ᠎ᠦᠨ ᠳᠠᠪᠤᠰᠤᠨ ᠤ᠋ ᠠᠭᠤᠯᠤᠭᠳᠠᠴᠠ ᠨᠡᠮᠡᠭᠳᠡᠭᠰᠡᠨ ᠡᠴᠡ ᠪᠣᠯᠵᠤ ᠥᠮᠡᠨ ᠎ᠳᠦ ᠨᠡᠷᠪᠡᠭᠳᠡᠬᠦ ᠲᠦᠭᠰᠢᠭᠦᠷᠢ᠎ᠶᠢ ᠨᠡᠮᠡᠭᠳᠡᠭᠦᠯᠵᠦ ᠮᠡᠳᠡᠨ᠎ᠡ᠃

 

ᠵᠠᠯᠭᠠᠭᠠᠳ 《ᠢᠷᠡᠭᠡᠳᠦᠢ》 ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠨᠡᠪᠳᠡᠷᠡᠭᠦᠯᠬᠡ ᠮᠠᠨᠢ ᠲᠠ ᠪᠦᠬᠦᠨ᠎ᠳᠦ ᠲᠠᠭᠠᠯᠠᠬᠳᠠᠬᠰᠠᠨ ᠪᠤᠯ ᠤᠳᠤᠨ ᠳᠡᠮᠳᠡᠭ ᠱᠠᠩᠨᠠᠵᠤ ᠪᠢᠳᠡᠨ᠎ᠳᠤ ᠤᠷᠮ᠎ᠠ ᠬᠠᠢᠷᠠᠯᠠᠭᠠᠷᠠᠢ!ᠲᠠ ᠪᠦᠬᠦᠨ᠎ᠤ ᠬᠦᠯᠢᠶᠡᠨ ᠠᠪᠴᠤ᠌ ᠰᠤᠨᠤᠰᠤᠬ᠍ᠰᠠᠨ᠎ᠳᠤ  ᠪᠠᠶᠠᠷᠯᠠᠯ᠎ᠠ᠂  ᠪᠠᠶᠠᠷᠳᠠᠢ!

 

ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂  ᠮᠠᠨ᠎ᠤ ᠤᠷᠤᠨ᠎ᠤ ᠡᠯ᠎ᠠ ᠠᠢᠮᠠᠭ ᠬᠤᠳᠠ᠂  ᠬᠤᠰᠢᠭᠤ ᠰᠢᠶᠠᠨ᠎ᠤ  ᠵᠢᠷᠬᠢᠶ᠎ᠠ᠎ᠶᠢᠨ ᠲᠠᠪᠴᠠᠩ


ᠬᠤᠪᠢᠶᠠᠯᠴᠠᠬᠤ᠄
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄0471-6635435 ᠢᠮᠧᠯ᠄mgyxw@163.com   蒙ICP备10000005号