7 ᠰᠠᠷ᠎ᠠ ᠵᠢᠨ 2 ᠎ᠤᠨ ᠡᠳᠤᠷ
ᠡᠬᠢᠯᠡᠬᠦ᠌ ᠴᠠᠭ᠄
2025-07-02 10:23:13
ᠨᠠᠶ᠋ᠢᠷᠠᠭᠤᠯᠤᠭᠴᠢ ᠄

ᠨᠡᠪᠲᠡᠷᠡᠬᠦᠯᠦᠭᠴᠢ ᠄

ᠮᠡᠷᠭᠡᠵᠢᠯ ᠄
  
ᠤᠩᠰᠢᠭᠰᠠᠨ ᠤᠳᠠᠭ᠎ᠠ᠄




ᠨᠡᠢᠭᠡᠮ                                   

 

✦6 ᠰᠠᠷ᠎ᠠ ᠎ᠶᠢᠨ 30 ᠎ᠤ ᠡᠳᠦᠷ᠂ ᠡᠳ᠋᠎ᠦᠨ ᠵᠠᠰᠠᠭ᠎ᠤᠨ ᠶᠠᠮᠤᠨ᠂ ᠪᠠᠴᠢᠮ ᠪᠠᠢᠳᠠᠯ ᠎ᠢ ᠠᠷᠭᠠᠴᠠᠭᠠᠬᠤ ᠬᠠᠮᠢᠶᠠᠷᠤᠯᠲᠠ᠎ᠶᠢᠨ ᠶᠠᠮᠤᠨ ᠡᠴᠡ ᠭᠦᠢᠵᠧᠦ᠂ ᠬᠤᠨᠠᠨ᠎ᠳᠤ 1.6 ᠳ᠋ᠦᠩᠰᠢᠭᠤᠷ ᠲᠥᠭᠥᠷᠢᠭ ᠤᠷᠢᠳᠴᠢᠯᠠᠨ ᠪᠠᠭᠤᠯᠭᠠᠭᠰᠠᠨ ᠰᠠᠭᠤᠷᠢᠨ ᠳᠡᠭᠡᠷ᠎ᠡ᠂ 1.4 ᠳ᠋ᠦᠩᠰᠢᠭᠤᠷ ᠲᠥᠭᠥᠷᠢᠭ᠎ᠦᠨ ᠲᠥᠪ ᠎ᠦᠨ ᠪᠠᠢᠭᠠᠯᠢ᠎ᠶᠢᠨ ᠭᠠᠮᠰᠢᠭ᠋ ᠠ᠋ᠴᠠ ᠠᠪᠤᠷᠠᠬᠤ ᠪᠡᠯᠡ ᠮᠥᠩᠭᠥ ᠎ᠶᠢ ᠳᠠᠬᠢᠨᠲᠠ ᠪᠠᠴᠢᠮ ᠪᠠᠭᠤᠯᠭᠠᠵᠤ᠂ ᠬᠣᠶᠠᠷ ᠮᠤᠵᠢ᠎ᠶᠢᠨ ᠭᠠᠮᠰᠢᠭ᠍ᠳᠠᠭᠰᠠᠨ ᠣᠯᠠᠨ ᠲᠦᠮᠡᠨ ᠎ᠢ ᠠᠪᠤᠷᠠᠨ ᠲᠤᠰᠠᠯᠠᠬᠤ ᠠᠵᠢᠯ ᠎ᠢ ᠰᠠᠢᠲᠤᠷ ᠬᠢᠬᠦ ᠎ᠶᠢ ᠳᠡᠮᠵᠢᠪᠡ᠃

 

✦ 6 ᠰᠠᠷ᠎ᠠ ᠎ᠶᠢᠨ 30᠎ᠤ ᠡᠳᠦᠷ ᠭᠠᠳᠠᠭᠠᠳᠤ ᠶᠠᠪᠤᠳᠠᠯ᠎ᠤᠨ ᠶᠠᠮᠤᠨ ᠎ᠤ ᠥᠭᠦᠯᠡᠭᠴᠢ ᠡᠴᠡ ᠳᠤᠮᠳᠠᠳᠤ ᠤᠯᠤᠰ᠎ᠤᠨ ᠪᠣᠭᠣᠮᠲᠠ ᠎ᠶᠢᠨ ᠶᠡᠷᠦᠩᠬᠡᠢ ᠵᠠᠬᠢᠷᠭ᠎ᠠ᠎ᠵᠢᠨ ᠶᠠᠫᠤᠨ᠎ᠤ ᠬᠡᠰᠡᠭ ᠭᠠᠵᠠᠷ ᠣᠷᠣᠨ ᠎ᠤ ᠤᠰᠤᠨ ᠭᠠᠷᠤᠯᠲᠠ᠎ᠶᠢ ᠭᠠᠳᠠᠭᠠᠳᠤ᠎ᠠᠴᠠ ᠣᠷᠣᠭᠤᠯᠬᠤ ᠎ᠶᠢ ᠨᠥᠬᠥᠴᠡᠯ᠎ᠲᠠᠢ ᠪᠡᠷ ᠰᠡᠷᠭᠦᠭᠡᠬᠦ ᠲᠤᠬᠠᠢ  ᠬᠠᠷᠢᠭᠤ ᠲᠤᠰᠬᠠᠬᠤ᠎ᠳᠠᠭᠠᠨ᠂ ᠳᠤᠮᠳᠠᠳᠤ ᠤᠯᠤᠰ ᠎ᠤᠨ ᠲᠠᠯ᠎ᠠ ᠎ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠬᠢᠨᠠᠨ ᠬᠠᠮᠢᠶᠠᠷᠬᠤ ᠠᠷᠭ᠎ᠠ ᠬᠡᠮᠵᠢᠶ᠎ᠡ᠎ᠪᠡᠨ ᠦᠷᠭᠦᠯᠵᠢᠯᠡᠨ ᠴᠢᠩᠭᠠᠷᠠᠭᠤᠯᠵᠤ᠂ ᠶᠠᠮᠠᠷᠪᠠ ᠠᠶᠤᠯ ᠲᠦᠭᠰᠢᠭᠦᠷᠢ ᠎ᠶᠢ ᠣᠯᠵᠤ ᠮᠡᠳᠡᠮᠡᠭᠴᠡ ᠳᠠᠷᠤᠢ ᠳ᠋ᠤᠨᠢ ᠬᠠᠤᠯᠢ ᠶᠣᠰᠣᠭᠠᠷ ᠭᠠᠳᠠᠭᠠᠳᠤ᠎ᠠᠴᠠ ᠣᠷᠣᠭᠤᠯᠬᠤ ᠶ᠋ᠢ ᠬᠢᠵᠠᠭᠠᠷᠯᠠᠬᠤ ᠴᠢᠬᠤᠯᠠ ᠪᠦᠬᠦᠢ ᠠᠷᠭ᠎ᠠ ᠬᠡᠮᠵᠢᠶ᠎ᠡ ᠠᠪᠤᠨ᠎ᠠ ᠭᠡᠵᠡᠢ᠃


微信图片_20250701085717.png

 

✦2025 ᠣᠨ᠎ᠤ ᠳᠡᠯᠡᠬᠡᠢ᠎ᠶᠢᠨ ᠬᠦᠮᠦᠨ ᠳᠦᠷᠰᠦ ᠪᠦᠬᠦᠢ ᠮᠠᠰᠢᠨ ᠬᠥᠮᠥᠨ᠎ᠦ ᠲᠠᠮᠢᠷ᠎ᠤᠨ ᠴᠤᠭᠯᠠᠭᠠᠨ᠎ᠤ ᠰᠦᠯᠳᠡ ᠵᠢ 6 ᠰᠠᠷ᠎ᠠ᠎ᠶᠢᠨ 30᠎ᠤ ᠡᠳᠦᠷ ᠨᠡᠢᠲᠡᠯᠡᠪᠡ᠃ ᠲᠣᠰ ᠲᠠᠮᠢᠷ᠎ᠤᠨ ᠴᠤᠭᠯᠠᠭᠠᠨ ᠡᠨᠡ ᠵᠢᠯ᠎ᠦᠨ 8 ᠰᠠᠷ᠎ᠠ ᠶ᠋ᠢᠨ 14᠎ᠡᠴᠡ 17 ᠎ᠤ ᠡᠳᠦᠷ ᠪᠣᠯᠲᠠᠯ᠎ᠠ ᠪᠡᠭᠡᠵᠢᠩ᠎ᠳᠦ ᠶᠠᠪᠤᠭᠳᠠᠨ᠎ᠠ᠃

✦ᠬᠣᠶᠠᠷ ᠰᠠᠷ᠎ᠠ ᠎ᠦᠷᠬᠦᠯᠵᠢᠯᠡᠬᠦ ᠵᠣᠨ ᠎ᠤ ᠠᠮᠠᠷᠠᠯᠲᠠ ᠎ᠶᠢᠨ ᠬᠤᠭᠤᠴᠠᠭᠠᠨ ᠎ᠤ ᠵᠦᠭᠡᠭᠡᠪᠦᠷᠢ 7 ᠰᠠᠷ᠎ᠠ᠎ᠶᠢᠨ 1᠎ᠦ ᠡᠳᠦᠷ᠎ᠡᠴᠡ ᠵᠢᠩᠬᠢᠨᠢ ᠎ᠪᠡᠷ ᠡᠬᠢᠯᠡᠵᠦ᠂ 8 ᠰᠠᠷ᠎ᠠ᠎ᠶᠢᠨ 31᠎ᠦ ᠡᠳᠦᠷ ᠳᠠᠭᠤᠰᠤᠨ᠎ᠠ᠃ ᠵᠢᠱ᠌ᠢᠯᠲᠡ᠎ᠪᠡᠷ ᠡᠨᠡ ᠬᠤᠭᠤᠴᠠᠭᠠᠨ ᠳ᠋ᠤ ᠠᠶᠠᠨᠴᠢᠳ ᠎ᠢ 9.53 ᠳ᠋ᠦᠩᠰᠢᠭᠤᠷ ᠬᠥᠮᠥᠨ ᠤᠳᠠᠭ᠎ᠠ ᠵᠦᠭᠡᠭᠡᠪᠦᠷᠢᠯᠡᠵᠤ᠂ ᠠᠳᠠᠯᠢ ᠬᠤᠭᠤᠴᠠᠭᠠᠨ᠎ᠤ ᠬᠢ᠎ᠡᠴᠡ 5.8% ᠪᠡᠷ ᠨᠡᠮᠡᠭᠳᠡᠨ᠂ ᠡᠳᠦᠷ ᠪᠦᠷᠢ ᠳᠤᠮᠳᠠᠴᠢ᠎ᠪᠠᠷ 1537 ᠲᠦᠮᠡᠨ ᠬᠥᠮᠥᠨ ᠤᠳᠠᠭ᠎ᠠ ᠳ᠋ᠤ ᠬᠦᠷᠬᠦ ᠪᠣᠯᠣᠨ᠎ᠠ᠃

 

✦6 ᠰᠠᠷ᠎ᠠ᠎ᠶᠢᠨ 30᠎ᠤ ᠡᠳᠦᠷ᠎ᠡᠴᠡ ᠡᠬᠢᠯᠡᠨ᠂ ᠡᠮ ᠡᠮᠨᠡᠯᠭᠡ᠎ᠶᠢᠨ ᠳᠠᠭᠠᠳᠬᠠᠯ ᠳ᠋ᠤ ᠤᠷᠤᠯᠴᠠᠭᠰᠠᠨ ᠡᠪᠡᠳᠴᠢᠲᠡᠨ᠎ᠦ ᠠᠯᠪᠠᠨ ᠠ᠋ᠴᠠ ᠪᠠᠢᠭᠤᠯᠤᠭᠰᠠᠨ  ᠡᠮᠴᠢᠯᠡᠭᠡᠨ᠎ᠦ ᠪᠠᠢᠭᠤᠯᠤᠮᠵᠢ᠎ᠳᠤ ᠡᠮᠴᠢᠯᠡᠬᠦᠯᠬᠦ᠂ ᠡᠮᠨᠡᠯᠭᠡ ᠳ᠋ᠦ ᠰᠠᠭᠤᠬᠤ᠎ᠳᠤ ᠤᠷᠢᠳᠴᠢᠯᠠᠨ ᠲᠤᠰᠢᠶᠠᠬᠤ ᠵᠣᠭᠣᠰ ᠎ᠢ ᠠᠳᠠᠯᠢ ᠡᠪᠡᠳᠴᠢᠨ ᠤ᠋ ᠲᠥᠷᠥᠯ ᠎ᠦᠨ ᠬᠤᠪᠢ ᠬᠥᠮᠥᠨ᠎ᠦ ᠥᠪᠡᠰᠦᠪᠡᠨ ᠲᠥᠯᠥᠬᠦ ᠳᠤᠮᠳᠠᠴᠢ ᠬᠢᠷᠢ ᠲᠦᠪᠰᠢᠨ᠎ᠳᠦ ᠬᠦᠷᠲᠡᠯ᠎ᠡ ᠪᠠᠭᠤᠷᠠᠭᠤᠯᠵᠠᠢ᠃


微信图片_20250701090800.jpg

 

✦ᠪᠥᠬᠥ ᠤᠯᠤᠰ ᠎ᠤᠨ ᠵᠣᠨ ᠎ᠤ ᠠᠮᠠᠷᠠᠯᠲᠠ᠎ᠶᠢᠨ ᠰᠣᠶᠣᠯ  ᠵᠢᠭᠤᠯᠴᠢᠯᠠᠯ  6 ᠰᠠᠷ᠎ᠠ᠎ᠶᠢᠨ 30᠎ᠤ ᠡᠳᠦᠷ᠎ᠡᠴᠡ ᠡᠬᠢᠯᠡᠵᠦ᠂ ᠡᠯ᠎ᠡ ᠭᠠᠵᠠᠷ᠎ᠤᠨ ᠬᠢᠨ ᠪᠠᠷᠤᠭ 3.9 ᠲᠦᠮᠡᠨ ᠤᠳᠠᠭ᠎ᠠ ᠵᠢᠨ ᠰᠣᠶᠣᠯ ᠵᠢᠭᠤᠯᠴᠢᠯᠠᠯ᠎ᠤᠨ ᠬᠡᠷᠡᠭᠯᠡᠭᠡᠨ᠎ᠦ ᠠᠵᠢᠯᠯᠠᠭ᠎ᠠ ᠡᠷᠭᠢᠯᠡᠵᠦ᠂ 5.7 ᠳ᠋ᠦᠩᠰᠢᠭᠤᠷ ᠲᠥᠭᠥᠷᠢᠭ᠎ᠦᠨ ᠬᠡᠷᠡᠭᠯᠡᠭᠡᠨ᠎ᠦ ᠨᠥᠬᠥᠪᠦᠷᠢ ᠣᠯᠭᠣᠬᠤ᠎ᠪᠠᠷ ᠪᠣᠶ᠃

 

✦7 ᠰᠠᠷ᠎ᠠ ᠎ᠶᠢᠨ 1᠎ᠤ ᠡᠳᠦᠷ ᠡᠴᠡ ᠣᠷᠣᠨ ᠰᠠᠭᠤᠴᠠ᠎ᠶᠢᠨ ᠨᠡᠢᠲᠡ ᠵᠢᠨ ᠬᠤᠷᠠᠮᠳᠤᠭᠤᠯᠭ᠎ᠠ᠎ᠶᠢᠨ ᠮᠥᠩᠭᠥ ᠵᠢᠨ ᠬᠦᠦ ᠮᠥᠩᠭᠥ᠎ᠶᠢ ᠳ᠋ᠦᠩᠨᠡᠨ ᠪᠤᠳᠤᠭᠰᠠᠨ ᠤ᠋ ᠳᠠᠷᠠᠭ᠎ᠠ ᠬᠤᠪᠢ ᠬᠥᠮᠥᠨ᠎ᠦ ᠨᠡᠢᠲᠡ ᠶ᠋ᠢᠨ ᠬᠤᠷᠠᠮᠳᠤᠭᠤᠯᠭ᠎ᠠ ᠶ᠋ᠢᠨ ᠮᠥᠩᠭᠥ᠎ᠶᠢᠨ ᠳᠠᠩᠰᠠᠨ᠎ᠳᠤ ᠰᠢᠭᠤᠳ ᠣᠷᠣᠭᠤᠯᠤᠨ᠎ᠠ᠃

 

✦6 ᠰᠠᠷ᠎ᠠ᠎ᠶᠢᠨ 30᠎ᠤ ᠡᠳᠦᠷ᠂ ᠤᠯᠤᠰ᠎ᠤᠨ ᠴᠢᠬᠤᠯᠠ ᠶᠡᠬᠡ ᠤᠰᠤᠨ ᠠᠰᠢᠭ᠍ᠯᠠᠯᠲᠠ᠎ᠶᠢᠨ ᠪᠠᠷᠢᠯᠭ᠎ᠠ — ᠴᠤᠤᠯ ᠭᠣᠣᠯ ᠎ᠤᠨ ᠤᠰᠤ᠎ᠶᠢ ᠯᠢᠶᠣᠤᠾᠧ ᠭᠣᠣᠯ᠎ᠳᠤ ᠲᠠᠲᠠᠬᠤ ᠪᠠᠷᠢᠯᠭ᠎ᠠ ᠪᠥᠬᠥ ᠱᠤᠭᠤᠮ ᠎ᠢᠶᠠᠷ ᠲᠤᠷᠰᠢᠨ ᠤᠰᠤ ᠨᠠᠪᠲᠠᠷᠡᠭᠦᠯᠵᠦ᠂ ᠵᠢᠩᠬᠢᠨᠢ᠎ᠪᠡᠷ ᠲᠤᠷᠰᠢᠨ ᠠᠵᠢᠯᠯᠠᠭᠤᠯᠬᠤ ᠱᠠᠲᠤᠨ᠎ᠳᠤ ᠣᠷᠣᠪᠠ᠃

 

ᠠᠵᠤ ᠠᠬᠤᠢ  

 

✦ᠳᠤᠮᠳᠠᠳᠤ ᠤᠯᠤᠰ ᠎ᠤᠨ ᠨᠡᠬᠡᠮᠡᠯ ᠎ᠦᠨ ᠠᠵᠤ ᠦᠢᠯᠡᠳᠪᠦᠷᠢ᠎ᠶᠢᠨ ᠬᠣᠯᠪᠣᠭᠠᠲᠤ ᠬᠤᠷᠠᠯ ᠎ᠤᠨ ᠮᠡᠳᠡᠭᠡ᠎ᠶᠢ ᠦᠨᠳᠦᠰᠦᠯᠡᠪᠡᠯ᠂ 1 — 5 ᠰᠠᠷ᠎ᠠ ᠎ᠳᠤ ᠪᠥᠬᠥ ᠤᠯᠤᠰ᠎ᠤᠨ ᠬᠡᠪᠴᠢᠶᠡᠵᠢᠯ᠎ᠡᠴᠡ ᠳᠡᠭᠡᠭᠰᠢᠬᠢ ᠨᠡᠬᠡᠮᠡᠯ᠎ᠦᠨ ᠠᠵᠤ ᠠᠬᠤᠢᠯᠠᠯ ᠤ᠋ᠨ ᠠᠵᠤ ᠦᠢᠯᠡᠳᠪᠦᠷᠢ᠎ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠎ᠤ ᠬᠢ᠎ᠡᠴᠡ 3.4% ᠪᠡᠷ ᠨᠡᠮᠡᠭᠳᠡᠪᠡ᠃ ᠬᠢᠵᠠᠭᠠᠷ ᠲᠣᠭ᠎ᠠ ᠡᠴᠠ ᠳᠡᠭᠡᠭᠰᠢᠬᠢ ᠬᠤᠪᠴᠠᠰᠤ ᠬᠤᠨᠠᠷ᠂ ᠱᠠᠬᠠᠢ ᠮᠠᠯᠠᠭᠠᠢ᠂ ᠨᠡᠬᠡᠮᠡᠯ ᠦ᠋ᠨ ᠵᠦᠢᠯ ᠦ᠋ᠨ ᠲᠠᠸᠠᠷ᠎ᠤᠨ ᠵᠢᠵᠢᠭᠯᠡᠨ ᠬᠤᠳᠠᠯᠳᠤᠭᠰᠠᠨ ᠬᠡᠮᠵᠢᠶ᠎ᠠ ᠠᠳᠠᠯᠢ ᠬᠤᠭᠤᠴᠠᠭᠠᠨ᠎ᠤ ᠬᠢ᠎ᠡᠴᠡ 3.3% ᠪᠡᠷ ᠨᠡᠮᠡᠭᠳᠡᠪᠡ᠃


0c45b344cd01a4736690b6c0a3693a7f.jpeg

 

✦ᠱᠧᠨᠵᠧᠨ ᠪᠣᠭᠣᠮᠲᠠ᠎ᠶᠢᠨ ᠪᠦᠷᠢᠳᠬᠡᠯ᠎ᠢ ᠦᠨᠳᠦᠰᠦᠯᠡᠪᠡᠯ᠂ ᠰᠢᠶᠠᠩᠭᠠᠩ ᠡᠬᠡ ᠤᠯᠤᠰ᠎ᠲᠠᠭᠠᠨ ᠪᠤᠴᠠᠵᠤ ᠢᠷᠡᠭᠰᠡᠨ 28 ᠵᠢᠯ᠎ᠦᠨ ᠲᠤᠷᠰᠢ᠂ ᠳᠣᠲᠣᠷ ᠭᠠᠵᠠᠷ ᠪᠣᠯᠣᠨ ᠰᠢᠶᠠᠩᠭᠠᠩ᠎ᠤᠨ ᠠᠷᠠᠯᠵᠢᠶᠠᠨ᠎ᠤ ᠦᠷᠳᠡᠭ 1997 ᠣᠨ᠎ᠳᠤ 4208.7 ᠳ᠋ᠦᠩᠰᠢᠭᠤᠷ ᠲᠥᠭᠥᠷᠢᠭ ᠪᠠᠢᠭᠰᠠᠨ᠎ᠠᠴᠠ ᠪᠠᠨ 2024 ᠣᠨ᠎ᠳᠤ 2.2 ᠲᠦᠮᠡᠨ ᠳ᠋ᠦᠩᠰᠢᠭᠤᠷ ᠲᠥᠭᠥᠷᠢᠭ ᠪᠣᠯᠣᠨ ᠨᠡᠮᠡᠭᠳᠡᠵᠦ᠂ ᠵᠢᠯ ᠳᠤᠮᠳᠠᠴᠢ᠎ᠪᠠᠷ 6.3% ᠪᠡᠷ ᠨᠡᠮᠡᠭᠳᠡᠵᠡᠢ᠃


 ᠰᠤᠶᠤᠯ  


 

✦《ᠨᠸ ᠵᠠ ᠳᠠᠯᠠᠶ ᠲᠠᠩᠭᠢᠰ ᠢ᠋ ᠲᠦᠢᠪᠡᠭᠡᠭᠰᠡᠨ ᠨᠢ 》ᠭᠡᠬᠦ ᠺᠢᠨᠣ᠋  ᠶ᠋ᠢᠨ ᠪᠢᠯᠧᠲ᠎ᠦᠨ ᠶᠡᠷᠦᠩᠬᠡᠢ ᠣᠷᠣᠯᠭ᠎ᠠ 154.45 ᠳ᠋ᠦᠩᠰᠢᠭᠤᠷ ᠲᠦᠬᠦᠷᠢᠭ᠂ ᠦᠵᠡᠭᠴᠢᠳ ᠦ᠋ᠨ ᠶᠡᠷᠦᠩᠬᠡᠢ ᠲᠣᠭ᠎ᠠ 3.24 ᠳ᠋ᠦᠩᠰᠢᠭᠤᠷ᠎ᠲᠤ ᠬᠦᠷᠴᠦ᠂ ᠣᠳᠣᠬᠠᠨ ᠪᠣᠯᠲᠠᠯ᠎ᠠ ᠨᠡᠶ᠋ᠢᠲᠡ 113 ᠵᠦᠢᠯ᠎ᠦᠨ ᠲᠡᠮᠳᠡᠭᠯᠡᠯ ᠢ᠋ ᠰᠢᠨᠡᠳᠬᠡᠵᠦ᠂ 308 ᠵᠦᠢᠯ᠎ᠦᠨ ᠬᠥᠰᠢᠶ᠎ᠡ ᠳᠤᠷᠠᠰᠬᠠᠯ᠎ᠤᠨ ᠴᠢᠨᠠᠷᠳᠠᠢ ᠠᠮᠵᠢᠯᠲᠠ ᠣᠯᠵᠠᠢ᠃

✦6 ᠰᠠᠷ᠎ᠠ᠎ᠶᠢᠨ 29 ᠎ᠦ ᠡᠳᠦᠷ ᠪᠣᠯᠳᠠᠯ᠎ᠠ ᠥᠪᠥᠷ ᠮᠣᠩᠭᠣᠯ᠎ᠤᠨ ᠮᠦᠽᠧᠢ ᠵᠢᠨ ᠰᠢᠨ᠎ᠡ ᠣᠷᠳᠣᠨ ᠎ᠢ ᠲᠤᠷᠰᠢᠨ ᠠᠵᠢᠯᠯᠠᠭᠤᠯᠤᠭᠠᠳ 10 ᠡᠳᠦᠷ ᠪᠤᠯᠵᠤ ᠪᠣᠢ᠂ ᠡᠨᠡ ᠬᠣᠭᠣᠴᠠᠭᠠᠨ ᠳ᠋ᠦ ᠵᠢᠭᠤᠯᠴᠢᠯᠠᠭᠰᠠᠳ ᠎ᠢ ᠨᠡᠶ᠋ᠢᠲᠡ 217545 ᠬᠥᠮᠥᠨ ᠤᠳᠠᠭ᠎ᠠ ᠭᠥᠯᠢᠶᠡᠨ ᠠᠪᠴᠤ᠂ ᠡᠳᠦᠷ ᠳᠤᠮᠳᠠᠴᠢ ᠎ᠶᠢᠨ ᠵᠢᠭᠤᠯᠴᠢᠯᠠᠭᠰᠠᠳ  2.1 ᠲᠦᠮᠡᠨ ᠬᠥᠮᠥᠨ ᠤᠳᠠᠭ᠎ᠠ᠎ᠶᠢ ᠳᠠᠪᠠᠵᠠᠢ᠃

 

ᠲᠠᠮᠢᠷ

 

✦ᠣᠲᠣᠬᠠᠨ ᠪᠣᠯᠲᠠᠯ᠎ᠠ ᠬᠥᠬᠡᠬᠣᠲᠠ᠎ᠳᠤ ᠨᠡᠶ᠋ᠢᠲᠡ 6457 ᠪᠡᠶ᠎ᠡ᠎ᠶᠢᠨ ᠲᠠᠮᠢᠷ᠎ᠤᠨ ᠲᠠᠯᠠᠪᠠᠶ ᠪᠠᠢᠵᠤ᠂ ᠨᠡᠢᠭᠡᠮ ᠲᠣᠭᠣᠷᠢᠭ᠋᠂ ᠵᠠᠰᠠᠭ ᠵᠠᠬᠢᠷᠭᠠᠨ᠎ᠤ ᠲᠣᠰᠬᠣᠨ᠎ᠤ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠪᠡᠶ᠎ᠡ᠎ᠶᠢᠨ ᠲᠠᠮᠢᠷ᠎ᠤᠨ ᠲᠥᠬᠦᠭᠡᠷᠦᠮᠵᠢ᠎ᠶᠢᠨ ᠪᠦᠷᠬᠦᠴᠡ ᠶ᠋ᠢᠨ ᠨᠣᠷᠮ᠎ᠠ 100% ᠳ᠋ᠤ ᠬᠦᠷᠴᠦ᠂ ᠬᠥᠮᠥᠨ ᠳᠤᠮᠳᠠᠴᠢ᠎ᠶᠢᠨ ᠲᠠᠯᠠᠪᠠᠶ ᠨᠢ 2.72 ᠲᠡᠭᠰᠢ ᠳᠥᠷᠪᠡᠯᠵᠢᠨ ᠮᠧᠲᠷ᠎ᠪᠠᠢᠵᠤ᠂ 《ᠠᠯᠬᠤᠭᠠᠳ 10 ᠮᠢᠨᠦ᠋ᠲ ᠶᠠᠪᠤᠪᠠᠯ ᠬᠦᠷᠴᠢᠬᠡᠬᠦ 》 ᠪᠡᠶ᠎ᠡ᠎ᠶᠢᠨ ᠲᠠᠮᠢᠷ᠎ᠤᠨ ᠴᠠᠭᠠᠷᠢᠭ᠋᠎ᠢ ᠪᠣᠶ ᠪᠣᠯᠭᠠᠪᠠ᠃


ef7f183c4afb4919a2219b0a73fe7c82.jpg

 

✦6 ᠰᠠᠷ᠎ᠠ᠎ᠶᠢᠨ 30᠎ᠤ ᠡᠳᠦᠷ᠂ 5 ᠡᠳᠦᠷ ᠶᠠᠪᠤᠭᠳᠠᠬᠤ 2025 ᠣᠨ ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶᠤᠲᠠᠳ᠎ᠤᠨ ᠬᠦᠨᠳᠦ ᠬᠥᠩᠭᠡᠨ ᠪᠡᠶ᠎ᠡ ᠵᠢᠨ ᠲᠠᠮᠢᠷ᠎ᠤᠨ ᠮᠠᠩᠯᠠᠢ ᠰᠢᠯᠭᠠᠷᠠᠭᠤᠯᠬᠤ ᠤᠷᠤᠯᠳᠤᠭᠠᠨ ᠥᠪᠥᠷ ᠮᠣᠩᠭᠣᠯ᠎ᠤᠨ ᠪᠠᠭ᠍ᠰᠢ᠎ᠶᠢᠨ ᠶᠡᠬᠡ ᠰᠤᠷᠭᠠᠭᠤᠯᠢ᠎ᠳᠤ ᠡᠬᠢᠯᠡᠪᠡ᠃ ᠲᠣᠰ ᠤᠳᠠᠭᠠᠨ᠎ᠤ ᠤᠷᠤᠯᠳᠤᠭᠠᠨ᠎ᠳᠤ ᠨᠡᠶ᠋ᠢᠲᠡ 60 ᠭᠠᠷᠤᠢ ᠠᠩᠭᠢ᠂ 1100 ᠰᠢᠬᠠᠮ ᠲᠠᠮᠢᠷᠴᠢᠨ ᠤᠷᠤᠯᠴᠠᠵᠠᠢ᠃

 


ᠲᠡᠯᠡᠬᠡᠢ  

✦ᠰᠢᠨᠬᠤᠸᠠ ᠬᠤᠷᠢᠶ᠎ᠠ ᠵᠢᠨ ᠮᠡᠳᠡᠭᠡ ᠵᠢ ᠦᠨᠳᠦᠰᠦᠯᠡᠪᠡᠯ᠂ ᠫᠠᠺᠢᠰᠲ᠋ᠠᠨ᠎ᠳᠤ ᠠᠭᠠᠳᠠᠷ ᠪᠤᠷᠤᠭᠠᠨ ᠤᠷᠤᠵᠤ 4 ᠡᠳᠦᠷ᠎ᠦᠨ ᠳᠣᠲᠣᠷ᠎ᠠ 45 ᠬᠥᠮᠥᠨ ᠡᠨᠳᠡᠵᠡᠢ᠃

 

ᠦᠢᠯᠡᠴᠢᠯᠡᠭᠡ 

 

✦ᠴᠡᠯᠡᠭᠡᠷ ᠲᠠᠯ᠎ᠠ ᠲᠤᠷᠰᠢᠯᠲᠠ᠎ᠶᠢᠨ ᠰᠤᠷᠭᠠᠭᠤᠯᠢ 10 ᠪᠠᠭ᠍ᠰᠢ ᠡᠯᠰᠡᠬᠦ ᠪᠡᠷ ᠪᠤᠢ᠃ 

 

ᠲᠠᠨ ᠎ᠤ ᠲᠤᠰᠡ ᠳ᠋ᠤ 

 

✦ᠨᠤᠢᠷ ᠠᠯᠳᠠᠬᠤ ᠨᠢ ᠬᠥᠮᠥᠨ ᠎ᠦ ᠪᠡᠶ᠎ᠡ᠎ᠳᠦ ᠣᠯᠠᠨ ᠲᠠᠯ᠎ᠠ᠎ᠶᠢᠨ ᠬᠣᠣᠷ ᠬᠥᠨᠥᠭᠡᠯ ᠎ᠲᠠᠢ ᠶᠤᠮ᠃ ᠣᠷᠳᠣ᠌ ᠬᠤᠭᠤᠴᠠᠭ᠎ᠠ ᠎ᠪᠠᠷ ᠨᠤᠢᠷ ᠠᠯᠳᠠᠬᠤ ᠨᠢ ᠵᠢᠷᠦᠬᠡᠨ᠎ᠦ ᠳᠠᠷᠤᠭᠠᠰᠤ ᠎ᠶᠢ ᠬᠦᠨᠳᠦᠷᠡᠭᠦᠯᠵᠦ᠂ ᠵᠢᠷᠦᠬᠡᠨ ᠴᠣᠬᠢᠯᠭ᠎ᠠ᠎ᠶᠢ ᠲᠦᠷᠭᠡᠳᠬᠡᠨ᠂ ᠬᠣᠳᠣᠭᠣᠳᠤᠨ ᠬᠦᠴᠢᠯ᠎ᠦᠨ ᠱᠦᠭᠦᠷᠡᠯᠲᠡ᠎ᠶᠢ ᠬᠡᠲᠦᠷᠡᠭᠦᠯᠵᠦ᠂ ᠬᠣᠳᠣᠭᠣᠳᠤᠨ᠎ᠤ ᠦᠷᠪᠢᠰᠦᠯ᠂ ᠬᠣᠳᠣᠭᠣᠳᠤᠨ᠎ᠤ ᠰᠢᠷᠬᠠᠯᠠᠭ᠎ᠠ ᠵᠡᠷᠭᠡ ᠰᠢᠩᠭᠡᠭᠡᠯᠲᠡ᠎ᠶᠢᠨ ᠰᠢᠰᠲᠧᠮ ᠎ᠦᠨ ᠡᠪᠡᠳᠴᠢᠨ ᠎ᠢ ᠡᠭᠦᠰᠬᠡᠳᠡᠭ᠃ ᠠᠷᠠᠰᠤᠨ ᠎ᠤ ᠰᠢᠨ᠎ᠡ ᠬᠠᠭᠤᠴᠢᠨ᠎ᠤ ᠰᠣᠯᠢᠯᠴᠠᠭ᠎ᠠ᠎ᠶᠢ ᠨᠥᠯᠥᠭᠡᠯᠡᠵᠦ᠂ ᠠᠲᠤᠷᠢᠶ᠎ᠠ᠂ ᠢᠯᠡᠷᠡᠨ᠎ᠡ᠃ ᠶᠡᠬᠡ ᠲᠠᠷᠢᠬᠢᠨ᠎ᠤ ᠲᠠᠨᠢᠨ ᠮᠡᠳᠡᠬᠦᠢ ᠎ᠶᠢᠨ ᠴᠢᠳᠠᠪᠤᠷᠢ ᠪᠠ ᠰᠡᠳᠬᠢᠬᠦᠢ᠎ᠶᠢᠨ ᠠᠮᠢᠳᠤᠯᠢᠭ᠋ ᠴᠢᠨᠠᠷ ᠎ᠢ ᠨᠥᠯᠥᠭᠡᠯᠡᠵᠦ᠂ ᠰᠤᠷᠤᠯᠴᠠᠬᠤ ᠪᠠ ᠴᠡᠭᠡᠵᠢᠯᠡᠬᠦ ᠴᠢᠳᠠᠪᠤᠷᠢ᠎ᠶᠢ ᠪᠠᠭᠤᠷᠠᠭᠤᠯᠤᠨ᠂ ᠳᠣᠲᠣᠭᠠᠳᠤ ᠱᠦᠭᠦᠷᠡᠯ ᠎ᠦᠨ ᠬᠣᠷᠮᠣᠨ ᠎ᠤ ᠲᠦᠪᠰᠢᠨ᠎ᠢ ᠰᠠᠮᠠᠭᠤᠷᠠᠭᠤᠯᠵᠤ᠂ ᠪᠡᠯᠭᠡ᠎ᠶᠢᠨ ᠬᠣᠷᠮᠣᠨ ᠎ᠤ ᠱᠦᠭᠦᠷᠡᠯᠲᠡ᠎ᠶᠢ ᠨᠥᠯᠥᠭᠡᠯᠡᠨ᠂ ᠦᠷᠡᠵᠢᠯ᠎ᠦᠨ ᠰᠢᠰᠲᠧᠮ ᠎ᠳᠦ ᠠᠰᠢᠭ᠋ ᠦᠭᠡᠢ ᠨᠥᠯᠥᠭᠡ ᠦᠵᠡᠭᠦᠯᠵᠦ᠂ ᠥᠮᠡᠨ ᠎ᠳᠦ ᠨᠡᠷᠪᠡᠭᠳᠡᠬᠦ ᠲᠦᠭᠰᠢᠭᠦᠷᠢ᠎ᠶᠢ ᠨᠡᠮᠡᠭᠳᠡᠭᠦᠯᠦᠨ᠎ᠡ᠃ ᠲᠠ ᠠᠵᠢᠯᠯᠠᠵᠤ ᠠᠮᠠᠷᠠᠬᠤ ᠴᠠᠭ ᠵᠢᠡᠨ ᠠᠶᠠᠳᠠᠢᠬᠠᠨ ᠳᠤᠬᠢᠷᠠᠭᠤᠯᠤᠭᠠᠷᠠᠢ᠃

 

ᠵᠠᠯᠭᠠᠭᠠᠳ《ᠠᠯᠢᠶᠠᠬᠠᠨ ᠪᠠᠭ᠎ᠠ ᠵᠢᠨ ᠨᠤᠲᠤᠭ》 ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠨᠡᠪᠳᠡᠷᠡᠭᠦᠯᠬᠡ ᠮᠠᠨᠢ ᠲᠠ ᠪᠦᠬᠦᠨ ᠎ᠳᠦ ᠲᠠᠭᠠᠯᠠᠬᠳᠠᠬᠰᠠᠨ ᠪᠤᠯ ᠤᠳᠤᠨ ᠳᠡᠮᠳᠡᠭ ᠱᠠᠩᠨᠠᠵᠤ ᠪᠢᠳᠡᠨ ᠎ᠳᠤ ᠤᠷᠮ᠎ᠠ ᠬᠠᠢᠷᠠᠯᠠᠭᠠᠷᠠᠢ!ᠲᠠ ᠪᠦᠬᠦᠨ ᠎ᠤ ᠬᠦᠯᠢᠶᠡᠨ ᠠᠪᠴᠤ᠌ ᠰᠤᠨᠤᠰᠤᠬ᠍ᠰᠠᠨ᠎ᠳᠤ  ᠪᠠᠶᠠᠷᠯᠠᠯ᠎ᠠ᠂  ᠪᠠᠶᠠᠷᠳᠠᠢ!

 

ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂  ᠮᠠᠨ᠎ᠤ ᠤᠷᠤᠨ᠎ᠤ ᠡᠯ᠎ᠠ ᠠᠢᠮᠠᠭ ᠬᠤᠳᠠ᠂  ᠬᠤᠰᠢᠭᠤ ᠰᠢᠶᠠᠨ᠎ᠤ  ᠵᠢᠷᠬᠢᠶ᠎ᠠ᠎ᠶᠢᠨ ᠲᠠᠪᠴᠠᠩ

ᠬᠤᠪᠢᠶᠠᠯᠴᠠᠬᠤ᠄
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄0471-6635435 ᠢᠮᠧᠯ᠄mgyxw@163.com   蒙ICP备10000005号