



ᠨᠡᠢᠭᠡᠮ
✦ᠮᠠᠨ᠎ᠤ ᠤᠯᠤᠰ 3 ᠵᠢᠯ᠎ᠳᠦ ᠠᠮᠤ ᠪᠤᠳᠠᠭᠠᠨ᠎ᠤ ᠬᠣᠬᠢᠷᠠᠯ ᠢ ᠨᠡᠶ᠋ᠢᠲᠡ 500 ᠳ᠋ᠦᠩᠰᠢᠭᠤᠷ ᠵᠢᠩ ᠪᠠᠭᠠᠰᠬᠠᠪᠠ᠃
✦ᠤᠯᠤᠰ ᠤᠨ ᠣᠢ ᠰᠢᠭᠤᠢ ᠪᠠ ᠨᠤᠲᠤᠭ ᠪᠡᠯᠴᠢᠭᠡᠷ᠎ᠤᠨ ᠲᠣᠪᠴᠢᠶ᠎ᠠ
ᠶ᠋ᠢᠨ ᠮᠡᠳᠡᠭᠡ᠎ᠶᠢ ᠦᠨᠳᠦᠰᠦᠯᠡᠪᠡᠯ᠂ ᠮᠠᠨ᠎ᠤ ᠤᠯᠤᠰ᠎ᠤᠨ ᠱᠠᠩᠬᠠᠢ᠎ᠶᠢᠨ ᠴᠦᠩ ᠮᠢᠩ᠂ ᠶᠦᠨᠨᠠᠨ᠎ᠤ ᠳ᠋ᠠᠯᠢ᠂ ᠹᠦᠵᠢᠶᠠᠨ᠎ᠤ
ᠹᠦᠵᠧᠦ ᠵᠡᠷᠭᠡ 9 ᠬᠣᠲᠠ 《ᠣᠯᠠᠨ ᠤᠯᠤᠰ ᠤᠨ ᠨᠤᠭᠤ ᠭᠠᠵᠠᠷ ᠤᠨ
ᠬᠣᠲᠠ》᠎ᠶᠢᠨ ᠭᠡᠷᠡᠴᠢᠯᠡᠯ ᠣᠯᠣᠭᠰᠠᠨ᠎ᠠᠴᠠ
ᠮᠠᠨ᠎ᠤ ᠤᠯᠤᠰ᠎ᠤᠨ ᠣᠯᠠᠨ ᠤᠯᠤᠰ᠎ᠤᠨ ᠨᠤᠭᠤ ᠭᠠᠵᠠᠷ᠎ᠤᠨ ᠬᠤᠲᠠ᠎ᠶᠢᠨ ᠶᠡᠷᠦᠩᠬᠡᠢ ᠲᠣᠭ᠎ᠠ ᠨᠡᠮᠡᠭᠳᠡᠭᠡᠳ 22 ᠪᠣᠯᠵᠤ᠂ ᠪᠦᠬᠦ
ᠳᠡᠯᠡᠬᠡᠢ᠎ᠳᠤ ᠲᠦᠷᠦᠬᠦᠯᠡᠵᠤ ᠪᠠᠢᠨ᠎ᠠ᠃
✦ᠤᠢᠷ᠎ᠠ ᠵᠢᠨ ᠬᠤᠭᠤᠴᠠᠭᠠᠨ᠎ᠳᠤ ᠥᠪᠡᠷᠲᠡᠭᠡᠨ ᠵᠠᠰᠠᠬᠤ ᠣᠷᠣᠨ ᠤ
ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ ᠢᠳᠡᠭᠡᠨ᠎ᠦ ᠠᠮᠤᠷ ᠲᠦᠪᠰᠢᠨ᠎ᠳᠦ ᠬᠢᠨᠠᠯᠲᠠ
ᠲᠠᠯᠪᠢᠵᠤ ᠰᠤᠭᠤᠴᠢᠨ ᠪᠠᠢᠴᠠᠭᠠᠬᠤ ᠠᠵᠢᠯ᠎ᠢ ᠥᠷᠭᠦᠯᠵᠢᠯᠡᠨ ᠥᠷᠨᠢᠭᠦᠯᠵᠦ᠂ ᠡᠷᠡᠭᠦᠯᠵᠢᠯ᠎ᠦᠨ ᠢᠳᠡᠭᠡᠨ᠂ ᠪᠢᠩᠭᠠᠨ
ᠵᠡᠷᠭᠡ 23 ᠲᠥᠷᠥᠯ᠎ᠦᠨ ᠢᠳᠡᠭᠡᠨ ᠤ᠋ ᠨᠡᠢᠲᠡ 596 ᠪᠦᠯᠦᠭ ᠤᠳᠠᠭ᠎ᠠ᠎ᠶᠢᠨ ᠦᠯᠢᠭᠡᠷ ᠡᠳ᠋᠎ᠢ ᠰᠣᠩᠭᠣᠨ ᠪᠠᠢᠴᠠᠭᠠᠵᠠᠢ᠃ ᠡᠭᠦᠨ᠎ᠳᠦ
18 ᠪᠦᠯᠦᠭ ᠤᠳᠠᠭ᠎ᠠ᠎ᠶᠢᠨ ᠬᠢᠷᠢ ᠲᠡᠩᠴᠡᠬᠦ ᠦᠭᠡᠢ ᠦᠯᠢᠭᠡᠷ ᠡᠳ᠋᠎ᠢ ᠪᠠᠢᠴᠠᠭᠠᠨ ᠭᠠᠷᠭᠠᠪᠠ᠂ ᠭᠣᠣᠯᠳᠠᠭᠤ
ᠲᠠᠷᠢᠶᠠᠨ ᠡᠮ ᠮᠠᠯ᠎ᠤᠨ ᠡᠮ᠎ᠦᠨ ᠦᠯᠡᠳᠡᠭᠳᠡᠯ ᠨᠢ ᠪᠠᠷᠢᠮᠵᠢᠶ᠎ᠠ᠎ᠠᠴᠠ ᠬᠡᠲᠦᠷᠡᠭᠰᠡᠨ᠂ ᠢᠳᠡᠭᠡᠨ᠎ᠦ ᠨᠡᠮᠡᠯᠲᠡ
ᠡᠳ᠋᠎ᠢ ᠪᠠᠷᠢᠮᠵᠢᠶ᠎ᠠ᠎ᠠᠴᠠ ᠬᠡᠲᠦᠷᠡᠭᠦᠯᠦᠨ ᠬᠡᠷᠡᠭᠯᠡᠭᠰᠡᠨ᠂ ᠮᠢᠺᠷᠣᠪ᠎ᠤᠨ ᠪᠣᠬᠢᠷᠲᠤᠯ ᠵᠡᠷᠭᠡ ᠠᠰᠠᠭᠤᠳᠠᠯ
ᠣᠷᠣᠰᠢᠵᠤ ᠪᠣᠶ᠃

✦2025 ᠣᠨ ᠤ 37 ᠳ᠋ᠤᠭᠠᠷ ᠬᠤᠭᠤᠴᠠᠭᠠᠨ ᠤ ᠥᠪᠥᠷ ᠮᠣᠩᠭᠣᠯ ᠤᠨ ᠬᠥᠳᠡᠭᠡ ᠠᠵᠤ ᠠᠬᠤᠢ᠎ᠶᠢᠨ ᠦᠵᠡᠰᠭᠦᠯᠡᠩ
ᠵᠢᠴᠢ 13 ᠳ᠋ᠤᠭᠠᠷ ᠬᠤᠭᠤᠴᠠᠭᠠᠨ᠎ᠤ ᠥᠪᠥᠷ ᠮᠣᠩᠭᠣᠯ ( ᠥᠪᠥᠷ ᠮᠣᠩᠭᠣᠯ ᠤᠨ ᠵᠡᠭᠦᠨ ᠬᠡᠰᠠᠩ)᠎ᠤᠨ ᠲᠠᠷᠢᠶᠠᠯᠠᠩ ᠤᠨ
ᠮᠠᠰᠢᠨ ᠮᠸᠬᠠᠨᠢᠭ᠎ᠤᠨ ᠦᠵᠠᠰᠬᠦᠯᠡᠩ ᠲᠦᠷᠦᠬᠦᠬᠡᠨ
ᠤᠯᠠᠭᠠᠠᠬᠠᠳᠠ ᠵᠢᠨ ᠣᠯᠠᠨ ᠤᠯᠤᠰ᠎ᠤᠨ ᠬᠤᠷᠠᠯ ᠦᠵᠡᠰᠬᠦᠯᠡᠩ᠎ᠤᠨ ᠲᠥᠪ᠎ᠲᠦ ᠡᠬᠢᠯᠡᠪᠡ᠃
✦ ᠣᠢᠷ᠎ᠠ ᠳᠦ ᠪᠠᠶᠠᠠᠨᠠᠭᠤᠷ ᠬᠣᠲᠠ ᠶᠢᠨ《ᠣᠯᠠᠭᠠᠨᠪᠤᠬᠠ ᠡᠯᠡᠰᠦᠨ ᠴᠦᠯ᠎ᠦᠨ ᠣᠷᠳᠤ ᠪᠠᠷᠢᠭᠤᠯᠲᠤ ᠪᠦᠢᠯᠡᠰᠦᠨ ᠲᠤᠭᠤᠷ
ᠲᠠᠷᠢᠬᠤ ᠮᠡᠷᠭᠡᠵᠢᠯ》 ᠨᠢ ᠤᠯᠤᠰ᠎ᠤᠨ ᠣᠢ ᠰᠢᠭᠤᠢ ᠪᠠ ᠨᠤᠲᠤᠭ ᠪᠡᠯᠴᠢᠭᠡᠷ᠎ᠦᠨ ᠲᠣᠪᠴᠢᠶ᠎ᠠ᠎ᠶᠢᠨ ᠰᠢᠨᠵᠢᠯᠡᠬᠦ ᠤᠬᠠᠭᠠᠨ ᠲᠸᠭᠨᠢᠭ
ᠮᠡᠷᠭᠡᠵᠢᠯ᠎ᠦᠨ ᠦᠷ᠎ᠡ ᠪᠦᠲᠦᠭᠡᠯ᠎ᠦᠨ ᠬᠥᠮᠥᠷᠭᠡ᠎ᠳᠦ ᠰᠣᠩᠭᠣᠭᠳᠠᠵᠠᠢ᠃

✦2025 ᠣᠨ᠎ᠤ ᠣᠷᠳᠣᠰ ᠬᠣᠲᠠ᠎ᠶᠢᠨ《ᠬᠡᠷᠡᠭᠯᠡᠭᠡ᠎ᠪᠡᠷ ᠬᠠᠪᠰᠤᠷᠤᠨ ᠲᠡᠳᠬᠦᠬᠦ》ᠲᠠᠷᠢᠶᠠᠯᠠᠩ ᠮᠠᠯ ᠠᠵᠤ ᠠᠬᠤᠢ᠎ᠶᠢ ᠳᠡᠮᠵᠢᠬᠦ ᠭᠠᠷᠠᠭ ᠵᠢᠴᠢ《ᠳᠤᠯᠠᠭᠠᠨ ᠬᠣᠲᠠ᠎ᠶᠢᠨ ᠲᠠᠩᠰᠤᠭ ᠢᠳᠡᠭᠡᠨ》ᠵᠤᠰᠠᠯᠠᠩ᠎ᠤᠨ ᠭᠠᠷᠠᠭ᠎ᠤᠨ ᠠᠵᠢᠯᠯᠠᠭ᠎ᠠ 8 ᠰᠠᠷ᠎ᠠ᠎ᠶᠢᠨ 1᠎ᠤ ᠡᠳᠦᠷ ᠤᠷᠳᠤᠰ ᠬᠤᠳᠠ ᠵᠢᠨ
ᠬᠢᠶ᠎ᠡ ᠪᠠᠭ᠍ᠰᠢ ᠲᠣᠭᠣᠷᠢᠭ᠋᠎ᠲᠤ ᠶᠠᠪᠤᠭᠳᠠᠬᠤ᠎ᠪᠠᠷ ᠪᠠᠢᠨ᠎ᠠ᠃
ᠰᠤᠶᠤᠯ
✦7 ᠰᠠᠷ᠎ᠠ᠎ᠶᠢᠨ 26᠎ᠤ ᠡᠳᠦᠷ᠂ ᠳᠠᠭᠤᠴᠢᠨ ᠨᠠᠷᠠᠰᠤ᠎ᠶᠢᠨ 《ᠣᠳᠣᠳ ᠣᠷᠣᠰᠢᠬᠤ ᠬᠢᠵᠠᠭᠠᠷ》ᠲᠤᠰᠬᠠᠢ ᠲᠠᠯᠠᠪᠠᠢ ᠲᠣᠭᠯᠠᠯᠲᠠ ᠬᠠᠩᠭᠢᠨ ᠬᠣᠰᠢᠭᠤᠨ᠎ᠤ ᠳᠠᠭᠤᠲᠤ ᠨᠠᠭᠤᠷ᠎ᠤᠨ ᠡᠯᠡᠰᠦᠨ
ᠴᠥᠯ᠎ᠤᠨ ᠠᠮᠢ ᠠᠬᠤᠢ᠎ᠶᠢᠨ ᠵᠢᠭᠤᠯᠴᠢᠯᠠᠯ᠎ᠤᠨ ᠣᠷᠣᠨ᠎ᠳᠤ ᠶᠠᠪᠤᠬᠳᠠᠪᠠ᠃
✦ᠣᠲᠣᠭ ᠬᠣᠰᠢᠭᠤᠨ ᠤ ᠠᠩᠬᠠᠳᠤᠭᠠᠷ ᠤᠳᠠᠭᠠᠨ᠎ᠤ ᠣᠷᠳᠣᠰ ᠬᠤᠷᠢᠮ ᠤᠨ
ᠬᠣᠨᠵᠢᠨ ᠳᠡᠮᠴᠢ ᠪᠡᠷᠭᠡᠳ᠎ᠦᠨ ᠪᠣᠯᠪᠠᠰᠤᠷᠠᠯ ᠤᠷᠴᠢᠮᠬᠠᠨ ᠤᠯᠠᠭᠠᠨᠪᠠᠯᠭᠠᠰᠤᠨ᠎ᠳᠤ ᠠᠮᠵᠢᠯᠲᠠ᠎ᠲᠠᠢ ᠶᠠᠪᠤᠭᠳᠠᠪᠠ᠃

✦2025 ᠣᠨ ᠤ ᠭᠤᠷᠪᠠᠳᠤᠭᠠᠷ ᠬᠤᠭᠤᠴᠠᠭᠠᠨ ᠤ 《ᠤᠯᠠᠭᠠᠨᠰᠤᠬᠠᠢ ᠬᠤᠨᠳᠠᠭᠠᠲᠤ》 ᠥᠪᠥᠷ ᠮᠣᠩᠭᠣᠯ᠎ᠤᠨ ᠣᠯᠠᠨ ᠤᠯᠤᠰ ᠤᠨ ᠰᠢᠲᠠᠷ᠎ᠠ᠎ᠶᠢᠨ ᠳᠡᠰ ᠬᠤᠪᠢᠶᠠᠬᠤ ᠤᠷᠤᠯᠳᠤᠭᠠᠨ ᠲᠦᠷᠦᠬᠦᠬᠡᠨ
ᠤᠷᠠᠳ᠎ᠤᠨ ᠡᠮᠦᠨᠡᠲᠦ ᠬᠣᠰᠢᠭᠤᠨ᠎ᠳᠤ ᠡᠬᠢᠯᠡᠵᠦ᠂ ᠣᠯᠠᠨ ᠤᠯᠤᠰ᠎ᠤᠨ ᠰᠢᠲᠠᠷ᠎ᠠ ᠵᠢᠨ ᠪᠠᠬᠠᠳᠠᠨ 158 ᠴᠤᠭᠯᠠᠷᠠᠵᠤ ᠤᠷ᠎ᠠ ᠤᠬᠠᠭᠠᠨ ᠢᠶᠠᠨ ᠰᠣᠷᠢᠵᠠᠢ᠃
ᠲᠠᠮᠢᠷ
✦7 ᠰᠠᠷ᠎ᠠ ᠵᠢᠨ 26 ᠤ ᠡᠳᠦᠷ᠂ ᠠᠷᠪᠠᠨ ᠬᠣᠶᠠᠳᠤᠭᠠᠷ ᠬᠤᠭᠤᠴᠠᠭᠠᠨ᠎ᠤ ᠳᠡᠯᠡᠬᠡᠢ᠎ᠶᠢᠨ ᠪᠡᠶ᠎ᠡ᠎ᠶᠢᠨ ᠲᠠᠮᠢᠷ᠎ᠤᠨ ᠴᠤᠭᠯᠠᠭᠠᠨ᠎ᠤ
ᠭᠠᠯ ᠪᠠᠮᠪᠠᠷ ᠳᠠᠮᠵᠢᠭᠤᠯᠬᠤ ᠠᠵᠢᠯᠯᠠᠭ᠎ᠠ ᠰᠸᠴᠤᠸᠠᠨ᠎ᠤ ᠰᠠᠨ ᠰᠢᠩ ᠳ᠋ᠦᠢ᠎ᠶᠢᠨ ᠮᠦᠽᠧᠢ᠎ᠳᠦ ᠡᠬᠢᠯᠡᠪᠡ᠂ ᠡᠨᠡ
ᠪᠣᠯ ᠳᠡᠯᠡᠬᠡᠢ᠎ᠶᠢᠨ ᠪᠡᠶ᠎ᠡ᠎ᠶᠢᠨ ᠲᠠᠮᠢᠷ᠎ᠤᠨ ᠴᠤᠭᠯᠠᠭᠠᠨ᠎ᠤ ᠲᠡᠦᠬᠡᠨ ᠳᠡᠭᠡᠷ᠎ᠡ ᠠᠩᠬ᠎ᠠ ᠤᠳᠠᠭ᠎ᠠ ᠭᠠᠯ ᠪᠠᠮᠪᠠᠷ
ᠳᠠᠮᠵᠢᠭᠤᠯᠬᠤ ᠠᠵᠢᠯᠯᠠᠭ᠎ᠠ ᠪᠣᠯᠣᠨ᠎ᠠ᠃

✦7 ᠰᠠᠷ᠎ᠠ᠎ᠶᠢᠨ 27᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭᠠᠨ ᠤ
ᠴᠥᠭᠡᠨ ᠲᠣᠭᠠᠲᠤ ᠦᠨᠳᠦᠰᠦᠲᠡᠨ᠎ᠦ ᠤᠯᠠᠮᠵᠢᠯᠠᠯᠲᠤ ᠪᠡᠶ᠎ᠡ᠎ᠶᠢᠨ ᠲᠠᠮᠢᠷ᠎ᠤᠨ ᠴᠤᠭᠯᠠᠭᠠᠨ᠎ᠤ ᠳᠤᠮᠳᠠᠳᠤ ᠮᠠᠶᠢᠭ᠋᠎ᠤᠨ
ᠪᠥᠬᠡ᠎ᠶᠢᠨ ᠪᠠᠷᠢᠯᠳᠤᠭᠠᠨ ᠤᠯᠠᠭᠠᠨᠬᠠᠳᠠ ᠬᠤᠲᠠ᠎ᠶᠢᠨ ᠪᠡᠶ᠎ᠡ ᠶᠢᠨ ᠲᠠᠮᠢᠷ᠎ᠤᠨ ᠬᠣᠶᠠᠳᠤᠭᠠᠷ ᠲᠥᠪ᠎ᠲᠦ ᠡᠬᠢᠯᠡᠪᠡ᠃
ᠪᠦᠬᠦ ᠣᠷᠣᠨ᠎ᠤ 10 ᠠᠢᠮᠠᠭ ᠬᠣᠲᠠ᠎ᠶᠢᠨ ᠲᠥᠯᠥᠭᠡᠯᠡᠭᠴᠢᠳ᠎ᠤᠨ ᠪᠦᠯᠬᠦᠮ᠎ᠦᠨ 147 ᠲᠠᠮᠢᠷᠴᠢᠨ ᠣᠷᠤᠯᠳᠤᠭᠠᠨ᠎ᠳᠤ ᠣᠷᠣᠯᠴᠠᠪᠠ᠃
✦2025CTCC ᠳᠤᠮᠳᠠᠳᠤ ᠤᠯᠤᠰ᠎ᠤᠨ ᠮᠠᠰᠢᠨ ᠲᠡᠷᠭᠡᠨ᠎ᠦ ᠲᠠᠯᠠᠪᠤᠷ᠎ᠲᠠᠬᠢ
ᠠᠵᠢᠯ ᠮᠡᠷᠭᠡᠵᠢᠯ᠎ᠦᠨ ᠬᠣᠯᠪᠣᠭᠠᠲᠤ ᠤᠷᠤᠯᠳᠤᠭᠠᠨ 8 ᠰᠠᠷ᠎ᠠ᠎ᠶᠢᠨ 8 — 10᠎ᠤ ᠡᠳᠦᠷ ᠪᠤᠯᠳᠠᠯ᠎ᠠ ᠣᠷᠳᠣᠰ ᠬᠤᠲᠠ᠎ᠳᠤ ᠶᠠᠪᠤᠬᠳᠠᠬᠤ᠎ᠪᠠᠷ
ᠪᠠᠢᠨ᠎ᠠ᠃ ᠲᠤᠰ ᠤᠳᠠᠭᠠᠨ᠎ᠤ ᠣᠷᠤᠯᠳᠤᠭᠠᠨ ᠣᠷᠳᠣᠰ ᠬᠣᠲᠠ᠎ᠶᠢᠨ 《ᠪᠡᠶ᠎ᠡ᠎ᠶᠢᠨ ᠲᠠᠮᠢᠷ + ᠰᠣᠶᠣᠯ ᠵᠢᠭᠤᠯᠴᠢᠯᠠᠯ》᠎ᠤᠨ ᠠᠵᠤ ᠦᠢᠯᠡᠰ᠎ᠦᠨ ᠠᠭᠤᠰᠤᠯᠴᠠᠯ᠎ᠢ ᠭᠦᠨᠵᠡᠭᠡᠢᠷᠡᠭᠦᠯᠵᠦ᠂
ᠴᠢᠨᠠᠷ ᠰᠠᠢᠲᠠᠢ ᠬᠥᠭᠵᠢᠯᠲᠡ᠎ᠳᠦ ᠬᠦᠴᠦᠷᠬᠡᠭ ᠶᠡᠬᠡ ᠬᠥᠳᠡᠯᠭᠡᠬᠦ ᠬᠦᠴᠦᠨ ᠨᠡᠮᠡᠷᠢᠯᠡᠬᠦ ᠪᠤᠯᠤᠨ᠎ᠠ᠃

ᠲᠡᠯᠡᠬᠡᠢ
✦ᠰᠢᠨᠬᠤᠸᠠ ᠬᠣᠷᠢᠶ᠎ᠠ᠎ᠶᠢᠨ ᠮᠡᠳᠡᠭᠡ᠎ᠶᠢ
ᠦᠨᠳᠦᠰᠦᠯᠡᠪᠡᠯ᠂ ᠺᠣᠷᠢᠶᠠ᠎ᠶᠢᠨ ᠲᠣᠭ᠎ᠠ ᠪᠦᠷᠢᠳᠬᠡᠯ᠎ᠦᠨ ᠲᠢᠩᠬᠢᠮ᠎ᠦᠨ ᠨᠡᠢᠲᠡᠯᠡᠭᠰᠡᠨ ᠲᠣᠭ᠎ᠠ ᠪᠠᠷᠢᠮᠲᠠ᠎ᠠᠴᠠ
ᠦᠵᠡᠪᠡᠯ᠂ 2024 ᠣᠨ᠎ᠤ 7 ᠰᠠᠷ᠎ᠠ᠎ᠠᠴᠠ 2025 ᠣᠨ᠎ᠤ
5 ᠰᠠᠷ᠎ᠠ ᠪᠣᠯᠲᠠᠯ᠎ᠠ᠂ ᠺᠣᠷᠢᠶᠠ᠎ᠶᠢᠨ ᠰᠠᠷ᠎ᠠ ᠪᠦᠷᠢ ᠲᠥᠷᠥᠭᠰᠡᠨ
ᠬᠥᠮᠥᠨ ᠠᠮᠠ 11 ᠰᠠᠷ᠎ᠠ ᠳᠠᠷᠠᠭᠠᠯᠠᠨ ᠨᠡᠮᠡᠭᠳᠡᠬᠦ ᠬᠠᠨᠳᠤᠰᠢ᠎ᠪᠠᠨ ᠪᠠᠲᠤᠯᠠᠵᠤ᠂
ᠣᠷᠣᠭ ᠳᠠᠩᠰᠠᠯᠠᠭᠤᠯᠤᠭᠰᠠᠨ ᠬᠡᠮᠵᠢᠶ᠎ᠡ ᠨᠢ ᠴᠦ᠍ ᠨᠡᠮᠡᠭᠳᠡᠬᠦ ᠬᠠᠨᠳᠤᠰᠢ᠎ᠲᠠᠢ ᠪᠠᠢᠨ᠎ᠠ᠃
✦ᠫᠤᠯᠠᠨᠳ᠋᠎ᠦᠨ ᠲᠠᠮᠢᠷᠴᠢᠨ ᠫᠠᠧᠸᠷ·ᠳ᠋ᠦᠯᠡᠺᠧᠸᠢᠴᠢ
4 ᠴᠠᠭ 57 ᠮᠢᠨᠦ᠋ᠲ 54 ᠰᠸᠺᠦ᠋ᠨ᠋ᠳ᠋
ᠬᠡᠷᠡᠭᠰᠡᠵᠦ ᠪᠠᠢᠭᠠᠳ ᠨᠣᠷᠸᠠᠶ᠎ᠶᠢᠨ ᠭᠤᠷᠰᠹᠶᠸᠯᠠᠶ᠋ᠢᠲᠤᠨ ᠮᠥᠰᠥᠳᠦᠭᠰᠡᠨ ᠨᠠᠭᠤᠷ ᠳᠡᠭᠡᠷ᠎ᠡ ᠬᠥᠯ ᠨᠢᠴᠦᠭᠦᠨ
ᠢᠶᠡᠷ 42.2 ᠺᠢᠯᠣᠮᠧᠲᠷ ᠭᠦᠶᠦᠵᠦ᠂ ᠮᠥᠰᠥᠨ ᠳᠡᠭᠡᠷ᠎ᠡ
ᠬᠥᠯ ᠨᠢᠴᠦᠭᠦᠨᠢᠶᠡᠷᠬᠠᠮᠤᠭᠤᠨ ᠬᠤᠷᠳᠤᠨ ᠮᠠᠷᠠᠽᠤᠨ ᠭᠦᠶᠦᠭᠰᠡᠨ ᠭᠢᠨᠢᠰ᠎ᠤᠨ ᠳᠡᠯᠡᠬᠡᠢ᠎ᠶᠢᠨ ᠲᠡᠮᠳᠡᠭᠯᠡᠯ᠎ᠢ
ᠡᠭᠦᠳᠴᠡᠢ᠃

ᠦᠢᠯᠡᠴᠢᠯᠡᠭᠡ
✦ᠬᠦᠬᠡᠬᠤᠳᠠ ᠵᠢᠨ ᠠᠷᠪᠠᠨ ᠳᠤᠯᠤᠳᠤᠭᠠᠷ ᠳᠤᠮᠳᠠᠳᠤ
ᠰᠤᠷᠭᠠᠭᠤᠯᠢ ᠳᠠᠮᠢᠷ᠎ᠤᠨ ᠪᠠᠬᠰᠢ ᠡᠯᠰᠡᠵᠤ ᠪᠤᠢ᠃
ᠲᠠᠠ ᠤ ᠲᠤᠰᠡ ᠳ᠋ᠤ
✦ᠣᠯᠠᠩᠬᠢ ᠬᠥᠮᠥᠨ ᠶᠠᠰᠤ ᠰᠡᠢᠷᠡᠭᠵᠢᠬᠦ
ᠡᠪᠡᠳᠴᠢᠨ ᠳᠦ ᠨᠡᠷᠪᠡᠭᠳᠡᠭᠰᠡᠳ ᠨᠢ ᠭᠣᠣᠯᠳᠠᠭᠤ ᠨᠠᠰᠤᠲᠠᠢᠴᠤᠳ ᠭᠡᠵᠤ ᠪᠤᠳᠤᠳᠠᠭ᠂ ᠦᠨᠡᠨ᠎ᠳᠡᠭᠡᠨ ᠵᠠᠯᠠᠭᠤ ᠬᠥᠮᠥᠨ ᠴᠦ᠍ ᠶᠠᠰᠤ ᠰᠡᠢᠷᠡᠭᠵᠢᠬᠦ
ᠪᠣᠯᠣᠮᠵᠢ ᠲᠠᠢ ᠪᠠᠢᠳᠠᠭ᠃ ᠲᠡᠭᠡᠪᠡᠯ ᠶᠠᠰᠤ
ᠰᠡᠢᠷᠡᠭᠵᠢᠬᠦ ᠶᠢ ᠬᠡᠷᠬᠢᠨ ᠰᠡᠷᠭᠡᠢᠯᠡᠬᠦ ᠪᠣᠢ?
ᠡᠩ ᠲᠡᠷᠢᠭᠦᠨ᠎ᠳᠦ᠂ ᠡᠷᠡᠭᠦᠯ ᠪᠤᠰᠤ ᠳᠠᠳᠬᠠᠯ᠎ᠢᠶᠠᠨ ᠲᠡᠪᠴᠢᠬᠦ ᠬᠡᠷᠡᠭᠲᠡᠢ᠃ ᠵᠢᠱ᠌ᠢᠶᠡᠯᠡᠪᠡᠯ
ᠲᠠᠮᠠᠬᠢ ᠲᠠᠲᠠᠬᠤ᠂ ᠠᠷᠢᠬᠢ ᠤᠤᠭᠤᠬᠤ᠂ ᠺᠣᠹᠧ ᠵᠢᠴᠢ ᠥᠳᠬᠡᠨ ᠴᠠᠢ ᠤᠤᠭᠤᠬᠤ᠎ᠠᠴᠠ ᠵᠠᠢᠯᠠᠰᠬᠢᠬᠦ᠂ ᠣᠨᠴᠠᠭᠠᠢᠯᠠᠨ
ᠤᠷᠳᠤ ᠬᠤᠭᠤᠴᠠᠭ᠎ᠠ ᠪᠠᠷ ᠨᠡᠭᠦᠷᠡᠰᠦ ᠬᠦᠴᠢᠯ ᠦᠨ ᠤᠮᠳᠠᠭᠠᠨ ᠤᠤᠭᠤᠬᠤ᠎ᠠᠴᠠ ᠵᠠᠢᠯᠠᠰᠬᠢᠵᠦ᠂ ᠦᠨᠢᠶᠡᠨ ᠰᠦ᠂ ᠪᠤᠷᠴᠠᠭ ᠤᠨ
ᠢᠳᠡᠭᠡᠨ᠂ ᠵᠢᠭᠠᠰᠤ᠂ ᠨᠣᠭᠣᠭ᠎ᠠ᠎ᠶᠢ ᠢᠯᠡᠭᠦᠦ ᠢᠳᠡᠪᠡᠯ ᠵᠣᠬᠢᠨ᠎ᠠ᠃
ᠲᠠᠬᠢᠪᠠᠯ᠂ ᠨᠡᠷᠡᠨ ᠳᠦ ᠢᠯᠡᠭᠦᠦ ᠡᠭᠡᠭᠡᠨ᠎ᠡ᠃ ᠣᠨᠴᠠᠭᠠᠢᠯᠠᠨ ᠺᠠᠯᠼ ᠠᠮᠠᠷᠬᠠᠨ ᠳᠤᠲᠠᠭᠳᠠᠬᠤ
ᠡᠪᠦᠯ ᠦᠨ ᠤᠯᠠᠷᠢᠯ᠎ᠳᠤ ᠡᠳᠦᠷ ᠪᠦᠷᠢ ᠠᠳᠠᠭ ᠲᠠᠭᠠᠨ 30 ᠮᠢᠨᠦ᠋ᠲ
ᠡᠴᠡ ᠢᠯᠡᠭᠦᠦ ᠨᠡᠷᠡᠨ᠎ᠳᠦ ᠡᠭᠡᠭᠡᠪᠡᠯ ᠵᠣᠬᠢᠨ᠎ᠠ᠃
ᠡᠭᠦᠨ᠎ᠡᠴᠡ ᠭᠠᠳᠠᠨ᠎ᠠ᠂ ᠵᠣᠬᠢᠰᠲᠠᠢ ᠳᠠᠮᠢᠷ ᠤᠨ ᠬᠥᠳᠡᠯᠭᠡᠭᠡᠨ ᠬᠢᠨ᠎ᠡ᠃
ᠵᠠᠯᠭᠠᠭᠠᠳ《ᠭᠠᠩᠭᠠᠩ ᠰᠢᠷᠭ᠎ᠠ》 ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ
ᠵᠢᠷᠭᠠᠭᠠᠶ᠎ᠠ᠂ ᠨᠡᠪᠳᠡᠷᠡᠭᠦᠯᠬᠡ ᠮᠠᠨᠢ ᠲᠠ ᠪᠦᠬᠦᠨ᠎ᠳᠦ ᠲᠠᠭᠠᠯᠠᠬᠳᠠᠬᠰᠠᠨ ᠪᠤᠯ ᠤᠳᠤᠨ ᠳᠡᠮᠳᠡᠭ ᠱᠠᠩᠨᠠᠵᠤ
ᠪᠢᠳᠡᠨ᠎ᠳᠤ ᠤᠷᠮ᠎ᠠ ᠬᠠᠢᠷᠠᠯᠠᠭᠠᠷᠠᠢ!ᠲᠠ ᠪᠦᠬᠦᠨ ᠤ ᠬᠦᠯᠢᠶᠡᠨ ᠠᠪᠴᠤ᠌ ᠰᠤᠨᠤᠰᠤᠬ᠍ᠰᠠᠨ ᠳ᠋ᠦ ᠪᠠᠶᠠᠷᠯᠠᠯ᠎ᠠ᠂
ᠪᠠᠶᠠᠷᠳᠠᠢ!
(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ
ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ
ᠲᠠᠪᠴᠠᠩ᠂ ᠮᠠᠨ᠎ᠤ ᠤᠷᠤᠨ᠎ᠤ ᠡᠯ᠎ᠠ ᠠᠢᠮᠠᠭ
ᠬᠤᠳᠠ᠂ ᠬᠤᠰᠢᠭᠤ ᠰᠢᠶᠠᠨ᠎ᠤ ᠵᠢᠷᠬᠢᠶ᠎ᠠ᠎ᠶᠢᠨ ᠲᠠᠪᠴᠠᠩ)