



ᠨᠡᠢᠭᠡᠮ
✦ ᠡᠨᠡ ᠡᠳᠦᠷ᠎ᠤᠨ ᠦᠳᠡ ᠵᠢᠨ ᠡᠮᠦᠨᠡᠬᠢ
10 ᠴᠠᠭ᠎ᠲᠤ ᠲᠥᠷᠥ ᠶ᠋ᠢᠨ ᠶᠠᠪᠤᠳᠠᠯ᠎ᠤᠨ ᠬᠤᠷᠢᠶ᠎ᠠ ᠵᠢᠨ ᠰᠣᠨᠢᠨ ᠮᠡᠳᠡᠭᠡᠨ᠎ᠦ ᠠᠯᠪᠠᠨ ᠭᠡᠷ ᠡᠴᠡ ᠰᠣᠨᠢᠨ ᠮᠡᠳᠡᠭᠡ
ᠨᠡᠢᠲᠡᠯᠡᠬᠦ ᠬᠤᠷᠠᠯ ᠬᠢᠵᠦ᠂ ᠳᠤᠮᠳᠠᠳᠤ ᠤᠯᠤᠰ᠎ᠤᠨ ᠠᠷᠠᠳ ᠲᠦᠮᠡᠨ᠎ᠦ ᠶᠠᠫᠤᠨ ᠢ᠋ ᠡᠰᠡᠷᠭᠦᠴᠡᠬᠦ ᠳᠠᠶ᠋ᠢᠨ ᠵᠢᠴᠢ
ᠳᠡᠯᠡᠬᠡᠢ ᠶ᠋ᠢᠨ ᠹᠠᠱ᠌ᠢᠰ ᠢ᠋ ᠡᠰᠡᠷᠭᠦᠴᠡᠬᠦ ᠳᠠᠶ᠋ᠢᠨ ᠢᠯᠠᠯᠲᠠ ᠣᠯᠣᠭᠰᠠᠨ 80 ᠵᠢᠯ ᠦᠨ ᠣᠶ ᠵᠢ ᠲᠤᠷᠠᠰᠬᠠᠬᠤ ᠭᠣᠣᠯ ᠰᠡᠳᠦᠪᠲᠦ ᠦᠵᠡᠰᠬᠦᠯᠡᠨᠭ ᠪᠠ ᠰᠢᠯᠢᠳᠡᠭ
ᠤᠳᠬ᠎ᠠ ᠤᠷᠠᠯᠢᠭ᠋ ᠤ᠋ᠨ ᠪᠦᠲᠦᠭᠡᠯ᠂ ᠤᠳᠬ᠎ᠠ ᠤᠷᠠᠯᠢᠭ᠋᠎ᠤᠨ ᠠᠵᠢᠯᠯᠠᠭ᠎ᠠ ᠶ᠋ᠢᠨ ᠳᠤᠬᠠᠢ ᠳᠠᠨᠢᠯᠴᠠᠭᠤᠯᠤᠨ᠎ᠠ᠃
✦ 7 ᠰᠠᠷ᠎ᠠ ᠶ᠋ᠢᠨ
1᠎ᠦ ᠡᠳᠦᠷ ᠤᠯᠤᠰ᠎ᠤᠨ ᠰᠠᠨᠰᠠᠷ᠎ᠤᠨ ᠠᠶᠠᠯᠠᠯ᠎ᠤᠨ ᠲᠣᠪᠴᠢᠶ᠎ᠠ ᠭᠠᠷᠠᠭ ᠣᠳᠣ ᠵᠢ ᠬᠠᠢᠨ ᠬᠡᠮᠵᠢᠬᠦ ᠢᠨᠵᠧᠨᠧᠷᠢᠩ᠎ᠦᠨ
ᠲᠢᠶᠠᠨ ᠸᠸᠨ ᠬᠣᠶᠠᠳᠤᠭᠠᠷ ᠬᠠᠢᠭᠤᠷ᠎ᠤᠨ ᠲᠣᠭᠣᠷᠢᠯᠲᠠ ᠶ᠋ᠢᠨ ᠵᠠᠮ ᠳᠡᠭᠡᠷ᠎ᠡ ᠰᠡᠭᠦᠳᠡᠷᠯᠡᠭᠰᠡᠨ ᠳᠡᠯᠡᠬᠡᠢ ᠶ᠋ᠢᠨ
ᠪᠥᠮᠪᠥᠷᠴᠡᠭ ᠪᠠ ᠰᠠᠷᠠᠨ ᠪᠥᠮᠪᠥᠷᠴᠡᠭ᠎ᠦᠨ ᠵᠢᠷᠤᠭ᠎ᠢ ᠨᠡᠢᠲᠡᠯᠡᠵᠡᠢ᠃ ᠣᠳᠣᠬᠠᠨ᠎ᠳᠤ ᠲᠢᠶᠠᠨ ᠸᠸᠨ ᠬᠣᠶᠠᠳᠤᠭᠠᠷ
ᠬᠠᠢᠭᠤᠷ ᠨᠢᠭᠡᠨᠲᠡ ᠲᠣᠭᠣᠷᠢᠯᠲᠠ᠎ᠶᠢᠨ ᠵᠠᠮ ᠳᠡᠭᠡᠷ᠎ᠡ 33 ᠡᠳᠦᠷ ᠠᠶᠠᠯᠠᠵᠤ᠂ ᠳᠡᠯᠡᠬᠡᠢ᠎ᠶᠢᠨ ᠪᠥᠮᠪᠥᠷᠴᠡᠭ᠎ᠡᠴᠡ
1200 ᠲᠦᠮᠡᠨ ᠺᠢᠯᠣᠮᠧᠲᠷ᠎ᠦᠨ ᠵᠠᠢᠲᠠᠢ ᠪᠠᠢᠵᠤ᠂ ᠠᠵᠢᠯᠯᠠᠭᠠᠨ᠎ᠤ ᠪᠠᠢᠳᠠᠯ ᠨᠢ ᠮᠠᠰᠢ ᠰᠠᠢᠨ ᠪᠠᠢᠨ᠎ᠠ᠃

✦ ᠤᠯᠤᠰ᠎ᠤᠨ ᠲᠡᠮᠦᠷ ᠵᠠᠮ᠎ᠤᠨ ᠪᠦᠯᠦᠭᠯᠡᠯ᠎ᠤᠨ ᠬᠢᠨ ᠢᠯᠡᠷᠬᠡᠢᠯᠡᠬᠦ ᠳ᠋ᠡᠭᠡᠨ᠂
ᠣᠳᠣᠬᠠᠨ᠎ᠳᠤ ᠠᠶᠠᠨᠴᠢᠳ ᠭᠠᠯᠲᠤ ᠲᠡᠷᠭᠡᠨ᠎ᠳᠦ ᠰᠠᠭᠤᠬᠤ ᠳ᠋ᠤ ᠴᠠᠬᠢᠯᠭᠠᠨ ᠴᠡᠨᠡᠭᠯᠡᠬᠦᠷ 3C ᠵᠢᠨ ᠭᠡᠷᠡᠴᠢᠯᠡᠯ ᠪᠠᠢᠬᠤ ᠡᠰᠡᠬᠦ ᠶ᠋ᠢ
ᠪᠠᠢᠴᠠᠭᠠᠬᠤ ᠦᠭᠡᠢ᠂ ᠲᠣᠭᠲᠠᠭᠰᠠᠨ ᠡᠨᠧᠷᠭᠢ ᠨᠢ 100WH ᠠ᠋ᠴᠠ ᠬᠡᠲᠦᠷᠡᠬᠦ ᠦᠭᠡᠢ ᠪᠣᠯ ᠠᠪᠴᠤ
ᠶᠠᠪᠤᠵᠤ ᠪᠣᠯᠣᠨ᠎ᠠ ᠭᠡᠵᠡᠢ᠃

✦ 2025 ᠣᠨ᠎ᠤ ᠳᠣᠣᠷ᠎ᠠ ᠬᠠᠭᠠᠰ ᠵᠢᠯ᠎ᠦᠨ ᠳᠤᠮᠳᠠᠳᠤ ᠪᠠᠭ᠎ᠠ ᠰᠤᠷᠭᠠᠭᠤᠯᠢ
ᠶ᠋ᠢᠨ ᠪᠠᠭ᠍ᠰᠢ᠎ᠶᠢᠨ ᠬᠢᠷᠢ ᠬᠡᠮ᠎ᠦᠨ ᠰᠢᠯᠭᠠᠯᠲᠠ᠎ᠶᠢᠨ ᠨᠡᠷ᠎ᠡ ᠮᠡᠳᠡᠭᠦᠯᠬᠦ ᠠᠵᠢᠯ 7 ᠰᠠᠷ᠎ᠠ᠎ᠶᠢᠨ 4᠎ᠦ ᠡᠳᠦᠷ᠎ᠡᠴᠡ
ᠡᠬᠢᠯᠡᠨ᠎ᠡ᠃ ᠲᠣᠰ ᠤᠳᠠᠭᠠᠨ᠎ᠤ ᠪᠢᠷ᠎ᠤᠨ ᠰᠢᠯᠭᠠᠯᠲᠠ᠎ᠶᠢ 31 ᠮᠤᠵᠢ (ᠥᠪᠡᠷᠲᠡᠭᠡᠨ ᠵᠠᠰᠠᠬᠤ ᠣᠷᠣᠨ᠂ ᠰᠢᠭᠤᠳ
ᠬᠠᠷᠢᠶ᠎ᠠ ᠬᠣᠲᠠ) ᠳ᠋ᠤ ᠶᠠᠪᠤᠭᠳᠠᠭᠤᠯᠤᠨ᠎ᠠ᠃
✦ 7 ᠰᠠᠷ᠎ᠠ ᠶ᠋ᠢᠨ
1᠎ᠦ ᠡᠳᠦᠷ᠎ᠡᠴᠡ ᠡᠬᠢᠯᠡᠨ᠂ ᠬᠥᠬᠡᠬᠣᠲᠠ᠎ᠵᠢᠨ ᠵᠡᠭᠦᠨ ᠦᠷᠲᠡᠭᠡ ᠡᠴᠡ ᠶᠠᠩᠵᠸᠤ ᠬᠠᠨᠺᠸᠤ ᠬᠦᠷᠬᠦ ᠲᠦᠷᠭᠡᠨ᠎ᠤ
ᠲᠡᠮᠦᠷ ᠵᠠᠮ ᠪᠠ ᠬᠦᠳᠡᠯᠭᠡᠬᠦ ᠬᠦᠴᠦᠨᠲᠦ ᠭᠠᠯᠳᠤ ᠲᠡᠷᠭᠡ ᠠᠶᠠᠯᠠᠯ ᠵᠢᠡᠨ ᠡᠬᠢᠯᠡᠬᠦᠯᠵᠠᠢ᠃ ᠡᠭᠦᠨ ᠡᠴᠡ ᠥᠪᠥᠷ
ᠮᠣᠩᠭᠣᠯ᠎ᠤᠨ ᠬᠦᠳᠡᠯᠭᠡᠬᠦ ᠬᠦᠴᠦᠨᠲᠦ ᠭᠠᠯᠳᠤ ᠲᠡᠷᠭᠡ ᠨᠡᠪᠳᠡᠷᠡᠭᠰᠡᠨ ᠮᠤᠵᠢ 18 ᠪᠣᠯᠵᠤ᠂ ᠨᠡᠪᠲᠡᠷᠡᠬᠦ ᠬᠡᠪᠴᠢᠶ᠎ᠡ
ᠲᠠᠰᠤᠷᠠᠯᠲᠠ ᠦᠭᠡᠢ ᠥᠷᠭᠡᠳᠴᠦ ᠪᠠᠢᠬᠤ᠎ᠶᠢ ᠬᠠᠷᠠᠭᠤᠯᠵᠤ ᠪᠠᠢᠨ᠎ᠠ᠃
✦ ᠵᠤᠨ᠎ᠤ ᠠᠮᠠᠷᠠᠯᠲᠠ᠎ᠶᠢᠨ ᠵᠥᠭᠡᠭᠡᠪᠦᠷᠢ᠎ᠶᠢᠨ ᠬᠤᠭᠤᠴᠠᠭᠠᠨ᠎ᠳᠤ᠂ ᠳᠤᠮᠳᠠᠳᠤ
ᠤᠯᠤᠰ᠎ᠤᠨ ᠲᠡᠮᠦᠷ ᠵᠠᠮ᠎ᠤᠨ ᠬᠥᠬᠡᠬᠣᠲᠠ᠎ᠶᠢᠨ ᠲᠣᠪᠴᠢᠶ᠎ᠠ ᠵᠢᠱ᠌ᠢᠯᠲᠡ᠎ᠪᠡᠷ᠂ 951 ᠲᠦᠮᠡᠨ ᠬᠥᠮᠥᠨ ᠤᠳᠠᠭ᠎ᠠ
ᠠᠶᠠᠨᠴᠢᠨ᠎ᠢ ᠵᠦᠭᠡᠭᠡᠪᠦᠷᠢᠯᠡᠵᠤ᠂ ᠡᠳᠦᠷ ᠳᠤᠮᠳᠠᠴᠢ᠎ᠪᠠᠷ 15.3 ᠲᠦᠮᠡᠨ ᠬᠥᠮᠥᠨ ᠤᠳᠠᠭ᠎ᠠ ᠳ᠋ᠤ ᠬᠦᠷᠬᠦ
ᠪᠤᠯᠤᠨ᠎ᠠ᠃ ᠡᠨᠡ ᠨᠢ 2024 ᠣᠨ᠎ᠤ ᠠᠳᠠᠯᠢ ᠬᠤᠭᠤᠴᠠᠭᠠᠨ᠎ᠤ ᠬᠢ᠎ᠡᠴᠡ ᠵᠢᠱ᠌ᠢᠯᠲᠡ᠎ᠪᠡᠷ 7.8% ᠪᠡᠷ ᠨᠡᠮᠡᠭᠳᠡᠨ᠎ᠡ᠃
✦ ᠤᠢᠷ᠎ᠠ ᠳ᠋ᠤ ᠲᠠᠢᠫᠤᠰᠧ ᠬᠣᠰᠢᠭᠤᠨ᠎ᠤ ᠠᠷᠠᠳ᠎ᠤᠨ ᠵᠠᠰᠠᠭ᠎ᠤᠨ ᠣᠷᠳᠣᠨ 《ᠰᠦᠨ
ᠨᠠᠭᠤᠷ᠎ᠤᠨ ᠬᠥᠪᠡᠭᠡᠨ᠎ᠳᠦ ᠬᠦᠷᠬᠦ ᠵᠠᠮ᠎ᠳᠤ ᠵᠠᠮ ᠬᠠᠷᠢᠯᠴᠠᠭᠠᠨ᠎ᠤ ᠵᠠᠬᠢᠷᠤᠨ ᠬᠠᠮᠢᠶᠠᠷᠤᠯᠲᠠ ᠶᠠᠪᠤᠭᠤᠯᠬᠤ
ᠲᠤᠬᠠᠢ ᠨᠥᠬᠥᠪᠦᠷᠢ ᠠᠯᠪᠠᠨ ᠵᠠᠷᠯᠠᠯ》 ᠨᠡᠢᠲᠡᠯᠡᠪᠡ᠃ ᠡᠭᠦᠨ᠎ᠳᠦ᠂ ᠰᠢᠨ᠎ᠡ ᠪᠡᠷ ᠨᠡᠮᠡᠭᠰᠡᠨ ᠵᠠᠮ ᠬᠠᠷᠢᠯᠴᠠᠭᠠᠨ᠎ᠤ
ᠵᠠᠬᠢᠷᠤᠨ ᠬᠠᠮᠢᠶᠠᠷᠤᠯᠲᠠ᠎ᠶᠢᠨ C003 ᠵᠠᠮ᠎ᠤᠨ ᠬᠡᠰᠡᠭ᠎ᠲᠦ ᠲᠠᠪᠤᠨ ᠬᠣᠰᠢᠭᠤᠨ᠎ᠤ ᠣᠪᠣᠭ᠎ᠠ ᠡᠴᠡ ᠬᠠᠰᠢᠶᠠᠲᠤ ᠬᠦᠷᠬᠦ ᠪᠥᠬᠥ ᠱᠤᠭᠤᠮ
ᠳ᠋ᠤ ᠪᠦᠲᠦᠭᠡᠨ ᠪᠠᠢᠭᠤᠯᠤᠯᠳᠠ ᠬᠢᠵᠦ ᠪᠠᠢᠭ᠎ᠠ ᠡᠴᠠ ᠪᠣᠯᠵᠣ ᠪᠣᠶ ᠪᠦᠬᠦᠢ ᠲᠡᠷᠭᠡ ᠬᠥᠰᠬᠡ᠎ᠶᠢᠨ ᠣᠷᠣᠵᠤ ᠢᠷᠡᠬᠦ᠎ᠶᠢ
ᠬᠤᠷᠢᠬᠯᠠᠨ᠎ᠠ ᠬᠡᠵᠡᠢ᠃

ᠠᠵᠤ ᠠᠬᠤᠢ
✦ 7
ᠰᠠᠷ᠎ᠠ ᠶ᠋ᠢᠨ 1᠎ᠦ ᠡᠳᠦᠷ᠂ ᠳᠤᠮᠳᠠᠳᠤ ᠤᠯᠤᠰ᠎ᠤᠨ ᠣᠯᠠᠨ ᠤᠯᠤᠰ ᠤ᠋ᠨ ᠠᠭᠠᠷ᠎ᠤᠨ ᠠᠶᠠᠯᠠᠯ᠎ᠤᠨ ᠺᠣᠮᠫᠠᠨᠢ᠎ᠳᠤ
ᠬᠠᠷᠢᠶᠠᠯᠠᠭᠳᠠᠬᠤ C909 ᠨᠢᠰᠬᠡᠯ ᠮᠣᠩᠭᠣᠯ ᠤᠯᠤᠰ᠎ᠤᠨ ᠨᠡᠢᠰᠯᠡᠯ ᠤᠯᠠᠭᠠᠨᠪᠠᠭᠠᠲᠤᠷᠬᠤᠳᠠ ᠵᠢᠨ ᠴᠢᠩᠭᠢᠰ ᠬᠠᠭᠠᠨ
ᠣᠯᠠᠨ ᠤᠯᠤᠰ᠎ᠤᠨ ᠨᠢᠰᠬᠡᠯ᠎ᠦᠨ ᠪᠠᠭᠤᠳᠠᠯ᠎ᠳᠤ ᠲᠣᠭᠲᠠᠭᠤᠨ᠎ᠢᠶᠠᠷ ᠭᠠᠵᠠᠷᠳᠠᠵᠠᠢ᠃ ᠡᠨᠡ ᠨᠢ ᠣᠯᠠᠨ ᠤᠯᠤᠰ᠎ᠤᠨ
ᠠᠭᠠᠷ᠎ᠤᠨ ᠠᠶᠠᠯᠠᠯ᠎ᠤᠨ ᠺᠣᠮᠫᠠᠨᠢ᠎ᠶᠢᠨ C909 ᠨᠢᠰᠬᠡᠯ ᠵᠢᠩᠬᠢᠨᠢ᠎ᠪᠡᠷ ᠣᠯᠠᠨ
ᠤᠯᠤᠰ᠎ᠤᠨ ᠬᠤᠳᠠᠯᠳᠤᠭᠠᠨ᠎ᠤ ᠡᠵᠡᠩᠨᠡᠯᠲᠡ᠎ᠶᠢᠨ ᠰᠢᠨ᠎ᠡ ᠱᠠᠲᠤᠨ᠎ᠳᠤ ᠣᠷᠣᠭᠰᠠᠨ᠎ᠢ ᠬᠠᠷᠠᠭᠤᠯᠵᠤ ᠪᠠᠢᠨ᠎ᠠ᠃

✦ ᠤᠯᠤᠰ᠎ᠤᠨ
ᠬᠥᠭᠵᠢᠭᠦᠯᠦᠯᠲᠡ ᠪᠠ ᠥᠭᠡᠷᠡᠴᠢᠯᠡᠯᠲᠡ ᠶ᠋ᠢᠨ ᠵᠦᠪᠯᠡᠯ ᠤ᠋ᠨ ᠮᠡᠳᠡᠭᠡ ᠶ᠋ᠢ ᠦᠨᠳᠦᠰᠦᠯᠡᠪᠡᠯ᠂ 7 ᠰᠠᠷ᠎ᠠ ᠶ᠋ᠢᠨ
1᠎ᠦ ᠡᠳᠦᠷ᠎ᠦᠨ 24 ᠴᠠᠭ ᠠ᠋ᠴᠠ ᠤᠯᠤᠰ᠎ᠤᠨ ᠳᠣᠲᠣᠭᠠᠳᠤ ᠶ᠋ᠢᠨ ᠴᠢᠶᠢᠦ ᠲᠣᠰᠣᠨ᠎ᠤ ᠲᠣᠨ ᠪᠦᠷᠢ ᠶ᠋ᠢᠨ ᠦᠨ᠎ᠡ
235 ᠲᠥᠭᠥᠷᠢᠭ ᠥᠰᠴᠦ᠂ ᠴᠠᠢᠶᠢᠦ ᠲᠣᠰᠣᠨ᠎ᠤ ᠲᠣᠨ ᠪᠦᠷᠢ ᠶ᠋ᠢᠨ ᠦᠨ᠎ᠡ 225 ᠲᠥᠭᠥᠷᠢᠭ ᠥᠰᠴᠠᠢ᠃ 92 ᠨᠣᠮᠧᠷᠲᠦ
ᠴᠢᠶᠢᠦ᠎ᠪᠡᠷ 50 ᠯᠢᠲᠷ ᠲᠣᠰᠣᠨ᠎ᠤ ᠰᠠᠪᠠ ᠵᠢ ᠳᠦᠭᠦᠷᠭᠡᠬᠦ᠎ᠳᠦ ᠢᠯᠡᠭᠦᠦ 9 ᠲᠥᠭᠥᠷᠢᠭ ᠵᠠᠷᠤᠴᠠᠭᠤᠯᠤᠨ᠎ᠠ᠃
ᠰᠣᠶᠣᠯ
✦
2025 ᠣᠨ᠎ᠤ ᠳᠤᠮᠳᠠᠳᠤ ᠤᠯᠤᠰ᠎ᠤᠨ ᠢᠵᠠᠭᠤᠷ ᠠᠷᠠᠳ᠎ᠤᠨ ᠳᠠᠭᠤᠤ ᠵᠢᠨ ᠨᠠᠢᠷ ᠡᠨᠡ ᠡᠳᠦᠷ ᠬᠥᠬᠡᠬᠣᠲᠠ᠎ᠶᠢᠨ ᠴᠡᠯᠡᠭᠡᠷ
ᠲᠠᠯ᠎ᠠ ᠳ᠋ᠤ ᠡᠬᠢᠯᠡᠬᠦ ᠪᠣᠯᠣᠨ᠎ᠠ᠃ ᠳᠤᠮᠳᠠᠳᠤ ᠤᠯᠤᠰ᠎ᠤᠨ ᠢᠵᠠᠭᠤᠷ ᠠᠷᠠᠳ᠎ᠤᠨ ᠳᠠᠭᠤᠤ ᠵᠢᠨ ᠨᠠᠢᠷ ᠪᠣᠯ ᠪᠥᠬᠥ
ᠤᠯᠤᠰ᠎ᠤᠨ ᠴᠢᠨᠠᠷᠲᠠᠢ 9 ᠪᠠᠶᠠᠷ ᠳᠤᠷᠠᠰᠬᠠᠯ᠎ᠤᠨ ᠠᠵᠢᠯᠯᠠᠭ᠎ᠠ ᠶ᠋ᠢᠨ ᠨᠢᠭᠡ ᠪᠠᠢᠵᠤ᠂ ᠬᠣᠶᠠᠷ ᠵᠢᠯ᠎ᠳᠦ ᠨᠢᠭᠡ
ᠤᠳᠠᠭ᠎ᠠ ᠡᠷᠭᠢᠯᠡᠳᠡᠭ᠃
✦ ᠤᠯᠤᠰ᠎ᠤᠨ
ᠺᠢᠨᠣ᠋᠎ᠶᠢᠨ ᠲᠣᠪᠴᠢᠶ᠎ᠠ᠎ᠶᠢᠨ ᠪᠦᠷᠢᠳᠬᠡᠯ᠎ᠢ ᠦᠨᠳᠦᠰᠦᠯᠡᠪᠡᠯ᠂ 2025 ᠣᠨ᠎ᠤ ᠳᠡᠭᠡᠷ᠎ᠡ ᠬᠠᠭᠠᠰ ᠵᠢᠯ᠎ᠳᠦ ᠺᠢᠨᠣ᠋᠎ᠶᠢᠨ
ᠪᠢᠯᠧᠲ᠎ᠤᠨ ᠤᠷᠤᠯᠭ᠎ᠠ 292.31 ᠳ᠋ᠦᠩᠰᠢᠭᠤᠷ ᠲᠥᠭᠥᠷᠢᠭ ᠲᠦ᠍ ᠬᠦᠷᠴᠦ᠂ ᠺᠢᠨᠣ᠋ ᠦᠵᠡᠭᠴᠢᠳ 6.41 ᠳ᠋ᠦᠩᠰᠢᠭᠤᠷ
ᠬᠥᠮᠥᠨ ᠤᠳᠠᠭ᠎ᠠ ᠵᠢ ᠳᠠᠪᠠᠵᠤ᠂ ᠠᠳᠠᠯᠢ ᠬᠤᠭᠤᠴᠠᠭᠠᠨ᠎ᠤ ᠬᠢ᠎ᠡᠴᠡ ᠲᠣᠰ ᠲᠣᠰ 22.91% ᠪᠠ 16.89% ᠪᠡᠷ ᠨᠡᠮᠡᠭᠳᠡᠵᠡᠢ᠃
ᠤᠯᠤᠰ᠎ᠲᠠᠭᠠᠨ ᠦᠢᠯᠡᠳᠦᠭᠰᠡᠨ ᠺᠢᠨᠣ᠋᠎ᠶᠢᠨ ᠪᠢᠯᠧᠲ᠎ᠤᠨ ᠤᠷᠤᠯᠭ᠎ᠠ 91.2%᠎ᠢ ᠡᠵᠡᠯᠡᠪᠡ᠃ ᠪᠢᠯᠧᠲ᠎ᠤᠨ
ᠤᠷᠤᠯᠭ᠎ᠠ ᠳ᠋ᠦᠩᠰᠢᠭᠤᠷ ᠲᠥᠭᠥᠷᠢᠭ᠎ᠢ ᠳᠠᠪᠠᠭᠰᠠᠨ 25 ᠺᠢᠨᠣ᠋᠎ᠶᠢᠨ ᠳᠣᠲᠣᠷ᠎ᠠ ᠤᠯᠤᠰ᠎ᠲᠠᠭᠠᠨ ᠦᠢᠯᠡᠳᠦᠭᠰᠡᠨ
16 ᠺᠢᠨᠣ᠋᠂ ᠭᠠᠳᠠᠭᠠᠳᠤ ᠵᠢᠨ ᠺᠢᠨᠣ᠋ 9 ᠪᠣᠶ᠃
✦ 2025
ᠣᠨ᠎ᠤ ᠥᠪᠥᠷ ᠮᠣᠩᠭᠣᠯ᠎ᠤᠨ ᠬᠥᠳᠡᠭᠡ ᠨᠤᠲᠤᠭ ᠭᠠᠴᠠᠭ᠎ᠠ ᠲᠣᠰᠬᠣᠨ᠎ᠤ ᠤᠶᠠᠩᠭᠠᠲᠤ ᠳᠠᠭᠤᠨ᠎ᠤ ᠤᠷᠤᠯᠳᠤᠭᠠᠨ ᠣᠢᠷ᠎ᠠ
ᠳᠤ ᠤᠯᠠᠭᠠᠨᠴᠠᠪ ᠬᠤᠲᠠ᠎ᠶᠢᠨ ᠰᠢᠩ ᠾᠧ ᠰᠢᠶᠠᠨ᠎ᠳᠤ ᠶᠠᠪᠤᠭᠳᠠᠪᠠ᠃ ᠣᠲᠤᠭ ᠤ᠋ᠨ ᠡᠮᠦᠨᠡᠲᠦ ᠬᠣᠰᠢᠭᠤᠨ᠎ᠤ ᠰᠣᠩᠭᠣᠨ ᠳᠡᠪᠰᠢᠬᠦᠯᠦᠭᠰᠡᠨ ᠰᠢᠨ᠎ᠡ ᠳᠠᠭᠤᠤ 《ᠪᠠᠶᠠᠰᠤᠯᠲᠤ ᠠᠯᠠᠭᠠᠳᠠᠬᠤ ᠪᠥᠮᠪᠥᠭᠡ》 ᠨᠢ ᠤᠷᠤᠯᠳᠤᠭᠠᠨ ᠤ ᠬᠣᠶᠠᠳᠤᠭᠠᠷᠳᠡᠰ
ᠲᠦ᠍ ᠣᠷᠣᠵᠤ᠂ 《ᠬᠠᠮᠤᠭ᠎ᠤᠨ ᠭᠣᠶᠤ ᠬᠥᠳᠡᠭᠡ ᠨᠤᠲᠤᠭ᠎ᠤᠨ ᠳᠠᠭᠤᠤ᠎ᠶᠢᠨ ᠱᠠᠩᠨᠠᠯ》 ᠬᠦᠷᠲᠡᠭᠰᠡᠨ ᠪᠥᠭᠡᠳ ᠪᠥᠬᠥ ᠤᠯᠤᠰ
ᠤ᠋ᠨ 《ᠲᠤᠰᠬᠤᠨ᠎ᠤ ᠦᠳᠡᠰᠢᠯᠡᠭᠡ》 ᠤᠶᠠᠩᠭᠠᠲᠤ ᠳᠠᠭᠤᠨ ᠤ ᠤᠷᠤᠯᠳᠤᠭᠠᠨ᠎ᠳᠤ ᠣᠷᠤᠯᠴᠠᠬᠤ ᠪᠠᠷ ᠳᠡᠪᠰᠢᠭᠦᠯᠦᠭᠳᠡᠭᠰᠡᠨ
ᠪᠠᠢᠨ᠎ᠠ᠃

ᠳᠡᠯᠡᠬᠡᠢ
✦ ᠰᠢᠨᠬᠤᠸᠠ
ᠬᠤᠷᠢᠶ᠎ᠠ ᠵᠢᠨ ᠮᠡᠳᠡᠭᠡ ᠵᠢ ᠦᠨᠳᠦᠰᠦᠯᠡᠪᠡᠯ᠂ ᠲᠠᠢ ᠤᠯᠤᠰ᠎ᠤᠨ ᠦᠨᠳᠦᠰᠦᠨ ᠬᠠᠤᠯᠢ ᠶ᠋ᠢᠨ ᠰᠢᠭᠦᠬᠦ ᠬᠣᠷᠢᠶ᠎ᠠ
ᠶᠡᠷᠦᠩᠬᠡᠢ ᠰᠠᠢᠳ ᠫᠢᠲ᠋ᠤᠨᠭᠲ᠋ᠠᠷᠨᠨ ᠤ᠋ ᠡᠷᠬᠡ ᠲᠤᠰᠢᠶᠠᠯ ᠢ᠋ ᠲᠦᠷ ᠵᠣᠭᠰᠤᠭᠠᠬᠤ᠎ᠪᠠᠷ ᠲᠣᠭᠲᠠᠵᠠᠢ᠂ ᠫᠢᠲ᠋ᠤᠨᠭᠲ᠋ᠠᠷᠨᠨ
15 ᠡᠳᠦᠷ᠎ᠦᠨ ᠳᠣᠲᠣᠷ᠎ᠠ ᠴᠢᠷᠮᠠᠢᠨ ᠵᠥᠪᠲᠥᠭᠡᠨ ᠲᠣᠳᠣᠷᠬᠠᠢᠯᠠᠨ᠎ᠠ ᠭᠡᠵᠦ ᠢᠯᠡᠷᠬᠡᠢᠯᠡᠵᠡᠢ᠃
✦ᠲᠦᠪ
ᠲᠸᠯᠸᠢᠰ᠎ᠤᠨ ᠮᠡᠳᠡᠭᠡ ᠵᠢ ᠦᠨᠳᠦᠰᠦᠯᠡᠪᠡᠯ᠂ ᠳᠠᠭᠠᠭᠤᠯᠢ ᠣᠳᠣᠨ᠎ᠤ ᠵᠢᠷᠤᠭ ᠳᠦᠷᠰᠦ᠎ᠡᠴᠡ ᠦᠵᠡᠪᠡᠯ᠂ ᠠᠮᠧᠷᠢᠺᠠ
ᠴᠡᠷᠢᠭ᠎ᠦᠨ ᠠᠭᠠᠷ᠎ᠤᠨ ᠳᠠᠭᠠᠷᠢᠯᠲᠠ᠎ᠳᠤ ᠤᠴᠠᠷᠠᠭᠰᠠᠨ ᠢᠷᠠᠨ᠎ᠤ ᠹᠤᠯᠳᠤ᠋ ᠴᠥᠮ᠎ᠡ᠎ᠶᠢᠨ ᠲᠥᠬᠦᠭᠡᠷᠦᠮᠵᠢ᠎ᠶᠢᠨ
ᠣᠢᠷ᠎ᠠ ᠬᠠᠪᠢ᠎ᠳᠤ ᠮᠥᠨ ᠬᠦ᠌ ᠬᠠᠮᠢᠶ᠎ᠠ ᠪᠦᠬᠦᠢ ᠠᠵᠢᠯᠯᠠᠭ᠎ᠠ ᠦᠷᠬᠦᠯᠵᠢᠯᠡᠭᠰᠡᠭᠡᠷ ᠪᠠᠢᠨ᠎ᠠ ᠭᠡᠵᠡᠢ᠃

ᠦᠢᠯᠡᠴᠢᠯᠡᠭᠡ
✦ ᠪᠤᠭᠤᠲᠤ ᠬᠣᠲᠠ᠎ᠶᠢᠨ ᠠᠵᠢᠯ ᠦᠢᠯᠡᠰ᠎ᠦᠨ
ᠨᠢᠭᠡᠴᠢ ᠢᠯᠡ᠎ᠪᠡᠷ 309 ᠠᠵᠢᠯᠲᠠᠨ ᠡᠯᠰᠡᠵᠦ᠂ ᠡᠨᠡ ᠡᠳᠦᠷ ᠡᠴᠡ ᠡᠬᠢᠯᠡᠨ ᠨᠡᠷ᠎ᠠ ᠮᠡᠳᠡᠭᠦᠯᠦᠨ᠎ᠠ᠃
ᠲᠠᠨ᠎ᠤ ᠲᠤᠰᠠ᠎ᠳᠤ
✦ ᠪᠤᠰᠤᠳ᠎ᠤᠨ ᠲᠠᠮᠠᠬᠢᠨ ᠤᠳᠤᠭ᠎ᠠ ᠨᠢ ᠳᠠᠮᠠᠬᠢ ᠳᠠᠳᠠᠭᠰᠠᠨ
ᠡᠴᠡ ᠨᠠᠩ ᠶᠡᠬᠡ ᠬᠣᠣᠷ ᠬᠥᠨᠥᠭᠡᠯ᠎ᠲᠠᠢ ᠪᠠᠢᠳᠠᠭ᠃ ᠲᠠᠮᠠᠬᠢᠨ ᠤᠳᠤᠭ᠎ᠠ ᠨᠢ ᠪᠤᠰᠤᠳ᠎ᠲᠤ ᠢᠯᠡᠭᠦᠦ 2 ᠳᠠᠬᠢᠨ
ᠨᠢᠺᠦᠲ᠋ᠢᠨ᠂ 3 ᠳᠠᠬᠢᠨ ᠬᠡᠦᠳᠡᠰᠦ ᠠᠮᠢᠰᠬᠤᠭᠤᠯᠵᠤ᠂ 50 ᠳᠠᠬᠢᠨ ᠬᠦᠴᠦᠲᠡᠢ ᠥᠮᠡᠨ ᠡᠭᠦᠰᠬᠡᠬᠦ ᠪᠣᠳᠠᠰ᠎ᠲᠤ ᠬᠦᠷᠭᠡᠨ᠎ᠡ᠃
ᠣᠷᠳᠣ᠌ ᠬᠤᠭᠤᠴᠠᠭ᠎ᠠ᠎ᠪᠠᠷ ᠪᠤᠰᠤᠳ᠎ᠤᠨ ᠲᠠᠮᠠᠬᠢᠨ ᠤᠳᠤᠭᠠᠨ ᠳ᠋ᠤ ᠪᠠᠢᠪᠠᠯ ᠠᠷᠠᠰᠤᠨ᠎ᠤ ᠦᠵᠢᠷᠡᠬᠦ᠎ᠶᠢ ᠲᠦᠷᠭᠡᠳᠬᠡᠵᠦ᠂
ᠡᠭᠡᠯᠢᠯᠡᠭᠡ᠎ᠶᠢᠨ ᠴᠢᠳᠠᠯ᠎ᠢ ᠪᠠᠭᠤᠷᠠᠭᠤᠯᠤᠨ᠂ ᠪᠠᠰᠠ ᠡᠯ᠎ᠡ ᠵᠦᠢᠯ᠎ᠦᠨ ᠡᠪᠡᠳᠴᠢᠨ ᠡᠮᠭᠡᠭ ᠪᠠ ᠥᠮᠡᠨᠦ ᠬᠤᠪᠢᠷᠠᠯᠲᠠ᠎ᠶᠢ
ᠡᠭᠦᠰᠬᠡᠵᠦ ᠮᠡᠳᠡᠨ᠎ᠡ᠃ ᠣᠷᠳᠣ᠌ ᠬᠤᠭᠤᠴᠠᠭ᠎ᠠ ᠪᠠᠷ ᠲᠠᠮᠠᠬᠢᠨ᠎ᠤ ᠣᠷᠴᠢᠨ᠎ᠳᠤ ᠪᠠᠢᠭᠰᠠᠨ ᠬᠡᠦᠬᠡᠳ ᠨᠠᠩ ᠠᠮᠠᠷᠬᠠᠨ
ᠲᠠᠮᠠᠬᠢᠨ ᠰᠢᠨᠤᠯᠲᠠᠢ ᠪᠣᠯᠳᠠᠭ᠃ ᠲᠠᠮᠠᠬᠢ ᠲᠠᠲᠠᠬᠤ᠎ᠪᠠᠨ ᠡᠷᠲᠡᠬᠡᠨ ᠵᠣᠭᠰᠣᠵᠤ᠂ ᠣᠯᠠᠨ ᠨᠡᠶ᠋ᠢᠲᠡ᠎ᠶᠢᠨ ᠲᠠᠯᠠᠪᠤᠷ᠎ᠲᠤ
ᠲᠠᠮᠠᠬᠢ ᠲᠠᠲᠠᠬᠤ ᠦᠭᠡᠢ ᠪᠠᠢᠬᠤ ᠨᠢ ᠦᠪᠡᠷ ᠪᠤᠰᠤᠳ᠎ᠤᠨ ᠡᠷᠡᠬᠦᠯ ᠮᠡᠨᠳᠦ ᠳ᠋ᠤ ᠳᠤᠰᠠᠳᠠᠢ᠃
ᠵᠠᠯᠭᠠᠭᠠᠳ 《ᠠᠯᠲᠠᠨ ᠠᠷᠤᠷ᠎ᠠ》 ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ
ᠵᠢᠷᠭᠠᠭᠠᠶ᠎ᠠ᠂ ᠲᠠ ᠪᠦᠬᠦᠨ᠎ᠤ ᠬᠦᠯᠢᠶᠡᠨ ᠠᠪᠴᠤ᠌ ᠰᠤᠨᠤᠰᠤᠬ᠍ᠰᠠᠨ᠎ᠳᠤ ᠪᠠᠶᠠᠷᠯᠠᠯ᠎ᠠ᠂ ᠪᠠᠶᠠᠷᠳᠠᠢ!
(ᠢᠷᠡᠯᠳᠡ᠄ ᠰᠢᠨᠬᠤᠧᠠ
ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ
ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂
ᠮᠠᠨ᠎ᠤ ᠤᠷᠤᠨ᠎ᠤ ᠡᠯ᠎ᠠ ᠠᠢᠮᠠᠭ ᠬᠤᠳᠠ᠂
ᠬᠤᠰᠢᠭᠤ ᠰᠢᠶᠠᠨ᠎ᠤ ᠵᠢᠷᠬᠢᠶ᠎ᠠ᠎ᠶᠢᠨ
ᠲᠠᠪᠴᠠᠩ)