



ᠨᠡᠢᠭᠡᠮ
✦ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ᠎ᠶᠢᠨ 29᠎ᠦ ᠡᠳᠦᠷ᠎ᠤᠨ ᠮᠡᠳᠡᠭᠡ᠎ᠶᠢ ᠦᠨᠳᠦᠰᠦᠯᠡᠪᠡᠯ᠂ ᠡᠨᠡ ᠵᠢᠯ᠎ᠦᠨ ᠲᠡᠭᠡᠷ᠎ᠡ ᠬᠠᠭᠠᠰ ᠵᠢᠯ᠎ᠳᠦ
ᠢᠳᠡᠭᠡᠨ᠎ᠦ ᠵᠦᠢᠯᠡᠰ᠎ᠦᠨ ᠬᠠᠤᠯᠢ᠎ᠠᠴᠠ ᠵᠥᠷᠢᠴᠡᠭᠰᠡᠨ ᠬᠡᠷᠡᠭ᠎ᠢ ᠨᠡᠢᠲᠡ 18.1 ᠲᠦᠮᠡᠨ ᠬᠤᠪᠢ ᠪᠠᠢᠴᠠᠭᠠᠨ ᠰᠢᠢᠳᠪᠦᠷᠢᠯᠡᠵᠦ᠂ 653 ᠬᠡᠷᠡᠭ ᠢ ᠬᠠᠤᠯᠢ ᠴᠠᠭᠠᠵᠠ᠎ᠶᠢᠨ ᠪᠠᠢᠭᠤᠯᠭ᠎ᠠ᠎ᠳᠤ ᠰᠢᠯᠵᠢᠭᠦᠯᠦᠨ
ᠲᠤᠰᠢᠶᠠᠪᠠ᠃

✦ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ
ᠵᠥᠪᠯᠡᠯ ᠤ᠋ᠨ ᠮᠡᠳᠡᠭᠡ᠎ᠶᠢ ᠦᠨᠳᠦᠰᠦᠯᠡᠪᠡᠯ᠂ ᠳᠡᠭᠡᠷ᠎ᠡ ᠬᠠᠭᠠᠰ ᠵᠢᠯ ᠳᠦ
ᠠᠵᠢᠯ ᠣᠯᠭᠣᠬᠤ᠎ᠪᠠᠷ ᠲᠡᠳᠬᠦᠮᠵᠢ ᠶᠢ ᠣᠷᠣᠯᠠᠭᠤᠯᠬᠤ ᠪᠡᠷ ᠳᠠᠮᠵᠢᠭᠤᠯᠤᠨ 208 ᠲᠦᠮᠡᠨ ᠣᠷᠣᠯᠭ᠎ᠠ ᠪᠠᠭ᠎ᠠ ᠲᠠᠶ ᠣᠯᠠᠨ ᠲᠦᠮᠡᠨ ᠢ ᠬᠡᠷ᠎ᠤᠨ
ᠤᠢᠷ᠎ᠠ ᠬᠠᠪᠢ᠎ᠳᠤᠨᠢ ᠠᠵᠢᠯ ᠣᠯᠭᠣᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ᠎ᠡᠴᠡ 32%᠎ᠢᠶᠠᠷ ᠨᠡᠮᠡᠭᠳᠡᠪᠡ᠃
✦ᠣᠢᠷ᠎ᠠ ᠳᠤ ᠱᠠᠨᠳᠦ᠋ᠩ ᠶᠡᠬᠡ ᠰᠤᠷᠭᠠᠭᠤᠯᠢ ᠶᠢᠨ
ᠥᠪᠥᠷ ᠮᠣᠩᠭᠣᠯ ᠤᠨ ᠰᠤᠳᠤᠯᠭᠠᠨ ᠤ ᠬᠦᠷᠢᠶᠡᠯᠡᠩ ᠫᠠᠢᠰᠠ ᠰᠡᠬᠦᠵᠦ ᠪᠠᠢᠭᠤᠯᠤᠭᠳᠠᠪᠠ᠃

✦ᠬᠥᠬᠡᠬᠣᠲᠠ᠎ᠶᠢᠨ ᠬᠤᠳᠠᠯᠳᠤᠭᠠᠨ᠎ᠤ ᠶᠠᠪᠤᠳᠠᠯ᠎ᠤᠨ
ᠲᠣᠪᠴᠢᠶ᠎ᠠ᠎ᠶᠢᠨ ᠮᠡᠳᠡᠭᠡ ᠵᠢ ᠦᠨᠳᠦᠰᠦᠯᠡᠪᠡᠯ᠂ ᠬᠥᠬᠡᠬᠣᠲᠠ ᠶᠢᠨ 2025 ᠣᠨ ᠤ ᠬᠣᠶᠠᠳᠤᠭᠠᠷ ᠡᠭᠡᠯᠵᠢ᠎ᠶᠢᠨ ᠰᠢᠨ᠎ᠡ ᠮᠠᠰᠢᠨ ᠲᠡᠷᠭᠡ
ᠬᠤᠳᠠᠯᠳᠤᠨ ᠠᠪᠬᠤ ᠳ᠋ᠤ ᠨᠥᠬᠥᠪᠥᠷᠢ ᠤᠯᠭᠤᠬᠤ ᠠᠵᠢᠯᠯᠠᠭ᠎ᠠ 7 ᠰᠠᠷ᠎ᠠ ᠵᠢᠨ 28 ᠤ᠋ ᠡᠳᠤᠷ ᠡᠴᠡ ᠡᠬᠢᠯᠡᠵᠦ᠂ 8 ᠰᠠᠷ᠎ᠠ᠎ᠶᠢᠨ 3 ᠤ ᠡᠳᠦᠷ ᠪᠤᠯᠲᠠᠯ᠎ᠠ ᠶᠠᠪᠤᠭᠳᠠᠨ᠎ᠠ᠃ ᠨᠥᠬᠥᠪᠥᠷᠢ᠎ᠶᠢᠨ ᠪᠠᠷᠢᠮᠵᠢᠶ᠎ᠠ᠎ᠶᠢ
ᠮᠠᠰᠢᠨ ᠲᠡᠷᠭᠡ ᠬᠤᠳᠠᠯᠳᠤᠨ ᠠᠪᠤᠭᠰᠠᠨ ᠪᠠᠷᠢᠮᠲᠠ᠎ᠶᠢᠨ ᠵᠣᠭᠣᠰ᠎ᠤᠨ ᠲᠣᠭ᠎ᠠ ( ᠭᠠᠢᠯᠢ᠎ᠶᠢᠨ ᠦᠨ᠎ᠡ᠎ᠶᠢ ᠪᠠᠭᠲᠠᠭᠠᠨ᠎ᠠ ) ᠪᠠᠷ ᠳᠥᠷᠪᠡᠨ ᠳᠡᠰ ᠬᠤᠪᠢᠶᠠᠵᠤ᠂ ᠬᠠᠮᠤᠭ ᠤ᠋ᠨ ᠥᠨᠳᠥᠷ ᠲᠡᠬᠡᠨ
6000 ᠲᠥᠭᠥᠷᠢᠭ᠎ᠤᠨ ᠨᠥᠬᠥᠪᠥᠷᠢ ᠥᠭᠭᠥᠨ᠎ᠡ᠃
✦ᠤᠢᠷ᠎ᠠ ᠳᠦ ᠪᠠᠶᠠᠨᠨᠠᠭᠤᠷ ᠬᠤᠲᠠ ᠵᠢᠨ
ᠤᠷᠠᠳ᠎ᠤᠨ ᠬᠤᠢᠲᠤ ᠬᠤᠰᠢᠭᠤᠨ᠎ᠤ ᠠᠷᠠᠳ᠎ᠤᠨ ᠡᠮᠨᠡᠯᠭᠡ᠎ᠵᠢᠨ ᠬᠤᠷᠢᠶ᠎ᠠ᠎ᠵᠢᠨ ᠠᠵᠢᠯᠲᠠᠳ ᠬᠠᠷᠢᠶᠠᠲᠤ
ᠲᠤᠭᠤᠷᠢᠭ᠎ᠤᠨ ᠪᠦᠬᠦᠯᠢ 65 ᠨᠠᠰᠤᠨ᠎ᠡᠴᠡ ᠳᠡᠭᠡᠭᠰᠢᠬᠢ ᠨᠠᠰᠤᠲᠠᠢᠴᠤᠳ᠎ᠤᠨ ᠭᠡᠷ᠎ᠲᠦ
ᠬᠦᠷᠴᠦ᠂ ᠰᠦᠢᠳᠬᠡᠯ ᠬᠤᠷᠢᠶᠠᠬᠤ ᠦᠭᠡᠢ᠎ᠪᠡᠷ ᠪᠡᠶ᠎ᠡ᠎ᠵᠢᠨ ᠪᠠᠢᠴᠠᠭᠠᠯᠲᠠ ᠬᠢᠬᠦ ᠦᠢᠯᠡᠴᠢᠯᠡᠭᠡ ᠬᠠᠩᠭᠠᠵᠠᠢ᠃

ᠠᠵᠤ ᠠᠬᠤᠢ
✦7 ᠰᠠᠷ᠎ᠠ᠎ᠶᠢᠨ 29᠎ᠦ ᠡᠳᠦᠷ᠎ᠦᠨ 14 ᠴᠠᠭ 57 ᠮᠢᠨᠦ᠋ᠲ
ᠪᠣᠯᠲᠠᠯ᠎ᠠ᠂ 2025 ᠣᠨ᠎ᠤ ᠵᠣᠨ᠎ᠤ ᠠᠮᠠᠷᠠᠯᠲᠠ᠎ᠶᠢᠨ
ᠬᠤᠭᠤᠴᠠᠭᠠᠨ ( 6 - 8 ᠰᠠᠷ᠎ᠠ ) ᠤ
ᠪᠥᠬᠥ ᠤᠯᠤᠰ᠎ᠤᠨ ᠺᠢᠨᠣ᠋᠎ᠶᠢᠨ ᠪᠢᠯᠧᠲ ᠦᠨ ᠪᠥᠬᠥ ᠣᠷᠣᠯᠭ᠎ᠠ (ᠤᠷᠢᠳᠴᠢᠯᠠᠨ
ᠬᠤᠳᠠᠯᠳᠤᠭᠰᠠᠨ ᠢ ᠪᠠᠭᠲᠠᠭᠠᠨ᠎ᠠ ) 55 ᠳ᠋ᠦᠩᠰᠢᠭᠤᠷ ᠲᠥᠭᠥᠷᠢᠭ᠎ᠢ ᠳᠠᠪᠠᠪᠠ᠃
✦ᠡᠨᠡ ᠵᠢᠯ᠎ᠦᠨ ᠳᠡᠭᠡᠷ᠎ᠡ ᠬᠠᠭᠠᠰ ᠵᠢᠯ᠎ᠳᠦ᠂
ᠪᠥᠬᠥ ᠤᠯᠤᠰ᠎ᠤᠨ ᠤᠯᠤᠰ ᠤᠨ ᠥᠮᠴᠢᠯᠡᠯ ᠪᠠ ᠤᠯᠤᠰ᠎ᠤᠨ ᠥᠮᠴᠢᠯᠡᠯ᠎ᠦᠨ ᠬᠤᠪᠢ ᠡᠵᠡᠮᠳᠡᠭᠰᠡᠨ ᠠᠵᠤ ᠠᠬᠤᠢᠯᠠᠯ᠎ᠤᠨ
ᠡᠵᠡᠩᠨᠡᠯᠲᠡ᠎ᠶᠢᠨ ᠪᠥᠬᠥ ᠣᠷᠣᠯᠭ᠎ᠠ 407495.9 ᠳ᠋ᠦᠩᠰᠢᠭᠤᠷ ᠲᠥᠭᠥᠷᠢᠭ᠎ᠲᠦ ᠬᠦᠷᠴᠡᠶ᠃

ᠰᠤᠶᠤᠯ
✦7 ᠰᠠᠷ᠎ᠠ᠎ᠶᠢᠨ 28᠎ᠦ ᠡᠳᠦᠷ᠂
ᠶᠢᠰᠦᠳᠦᠭᠡᠷ ᠬᠤᠭᠤᠴᠠᠭᠠᠨ ᠤ ᠪᠦᠬᠦ ᠤᠯᠤᠰ ᠤᠨ ᠴᠥᠬᠡᠨ ᠲᠤᠭᠠᠲᠤ ᠦᠨᠳᠦᠰᠦᠲᠡᠨ ᠤ ᠳᠠᠭᠤᠷᠢᠯᠠᠭᠤᠨ
ᠦᠵᠡᠭᠦᠯᠭᠡ᠎ᠵᠢᠨ ᠲᠤᠭᠯᠠᠯᠲᠠ᠎ᠵᠢᠨ ᠡᠬᠢᠯᠡᠯᠲᠡ᠎ᠵᠢᠨ ᠶᠤᠰᠤᠯᠠᠯ ᠵᠢᠴᠢ ᠠᠩᠬᠠᠨ᠎ᠤ ᠲᠤᠭᠯᠠᠯᠲᠠ
ᠬᠦᠬᠡᠬᠤᠲᠠ᠎ᠵᠢᠨ ᠷᠦ ᠢ ᠠᠭᠤᠳᠠᠮ ᠲᠠᠯᠠᠪᠠᠢ᠎ᠳᠦ ᠶᠠᠪᠤᠭᠳᠠᠵᠤ᠂ ᠨᠡᠢᠲᠡ 3
ᠡᠳᠦᠷ᠎ᠤᠨ ᠬᠤᠭᠤᠴᠠᠭ᠎ᠠ ᠲᠠᠢ ᠶᠠᠪᠤᠭᠳᠠᠬᠤ ᠪᠤᠯᠤᠨ᠎ᠠ᠃
ᠲᠠᠮᠢᠷ
✦7 ᠰᠠᠷ᠎ᠠ᠎ᠶᠢᠨ 29᠎ᠦ ᠡᠳᠦᠷ᠂
2025 ᠣᠨ᠎ᠤ ᠤᠮᠪᠠᠯᠲᠠ᠎ᠶᠢᠨ ᠳᠡᠯᠡᠬᠡᠶ᠎ᠶᠢᠨ ᠮᠠᠩᠯᠠᠶ ᠰᠢᠯᠭᠠᠷᠠᠭᠤᠯᠬᠤ
ᠤᠷᠤᠯᠳᠤᠭᠠᠨ᠎ᠤ ᠤᠰᠤᠨ᠎ᠳᠤ ᠬᠠᠷᠠᠢᠬᠤ ᠡᠷᠡᠭᠲᠡᠶ᠎ᠶᠢᠨ ᠬᠣᠣᠰ ᠬᠥᠮᠦᠨ᠎ᠦ 10 ᠮᠧᠲ᠋ᠷ᠎ᠦᠨ
ᠲᠠᠪᠴᠠᠩ᠎ᠡᠴᠡ ᠬᠠᠷᠠᠢᠬᠤ ᠰᠢᠢᠳᠪᠦᠷᠢᠲᠦ ᠤᠷᠤᠯᠳᠤᠭᠠᠨ᠎ᠳᠤ ᠳᠤᠮᠳᠠᠳᠤ ᠤᠯᠤᠰ᠎ᠤᠨ ᠲᠠᠮᠢᠷᠴᠢᠨ ᠴᠧᠩ ᠽᠢ ᠯᠦᠩ ᠪᠠ
ᠵᠦ ᠽᠢ ᠹᠧᠩ ᠠᠯᠲᠠᠨ ᠮᠧᠳᠠᠯ ᠬᠦᠷᠲᠡᠪᠡ᠃

✦ᠲᠤᠬᠠᠶ᠎ᠶᠢᠨ ᠭᠠᠵᠠᠷ᠎ᠤᠨ ᠴᠠᠭ᠎ᠢᠶᠠᠷ 29᠎ᠦ ᠡᠳᠦᠷ᠂
2026 ᠤᠨ᠎ᠤ ᠡᠮᠡᠭᠲᠡᠶ᠎ᠶᠢᠨ ᠬᠥᠯ ᠪᠥᠮᠪᠥᠭᠡ᠎ᠶᠢᠨ ᠠᠽᠢᠶᠠᠲᠢᠪ
ᠬᠤᠨᠳᠠᠭᠠᠲᠤ ᠬᠥᠯ ᠪᠥᠮᠪᠥᠭᠡ᠎ᠶᠢᠨ ᠤᠷᠤᠯᠳᠤᠭᠠᠨ ᠠᠦ᠋ᠰᠲ᠋ᠷᠠᠯᠢᠶ᠎ᠠ᠎ᠶᠢᠨ ᠰᠢᠳ᠋ᠨᠢᠳ᠋ᠥ ᠰᠢᠪᠠᠭ᠎ᠠ ᠰᠤᠭᠤᠯᠬᠤ
ᠶᠣᠰᠣᠯᠠᠯ ᠶᠠᠪᠤᠭᠳᠠᠭᠤᠯᠵᠤ᠂ ᠳᠤᠮᠳᠠᠳᠤ ᠤᠯᠤᠰ᠎ᠤᠨ ᠠᠩᠭᠢ
ᠨᠢ ᠰᠣᠯᠣᠩᠭᠣᠰ᠂ ᠪᠧᠩᠭᠠᠯ᠂ ᠦᠽᠪᠧᠺᠰᠲ᠋ᠠᠨ᠎ᠤ
ᠠᠩᠭᠢ᠎ᠲᠠᠶ ᠨᠢᠭᠡ ᠳᠤᠭᠤᠢᠯᠠᠩ᠎ᠳᠦ ᠬᠤᠪᠢᠶᠠᠭᠳᠠᠵᠠᠢ᠃
✦7 ᠰᠠᠷ᠎ᠠ᠎ᠶᠢᠨ 29᠎ᠦ ᠡᠳᠦᠷ᠂
2025 ᠣᠨ᠎ᠤ 12 ᠳ᠋ᠤᠭᠠᠷ
ᠬᠤᠭᠤᠴᠠᠭᠠᠨ᠎ᠤ ᠳᠡᠯᠡᠬᠡᠶ᠎ᠶᠢᠨ ᠪᠡᠶ᠎ᠡ᠎ᠶᠢᠨ ᠲᠠᠮᠢᠷ᠎ᠤᠨ ᠴᠤᠭᠯᠠᠭᠠᠨ ᠳ᠋ᠤ ᠤᠷᠤᠯᠴᠠᠬᠤ ᠳᠤᠮᠳᠠᠳᠤ ᠤᠯᠤᠰ᠎ᠤᠨ
ᠪᠡᠶ᠎ᠡ᠎ᠶᠢᠨ ᠲᠠᠮᠢᠷ᠎ᠤᠨ ᠲᠥᠯᠥᠭᠡᠯᠡᠭᠴᠢᠳ ᠤ᠋ᠨ ᠪᠦᠯᠬᠦᠮ ᠪᠠᠢᠭᠤᠯᠤᠭᠳᠠᠵᠤ᠂ 10 ᠵᠡᠮᠳᠡᠭ
ᠲᠠᠮᠢᠷᠴᠢᠨ ᠢ᠋ ᠪᠠᠭᠲᠠᠭᠠᠬᠰᠠᠨ ᠨᠡᠢᠳᠡ 321 ᠳᠠᠮᠢᠷᠴᠢᠨ ᠵᠢᠡᠷ
ᠪᠦᠷᠢᠯᠳᠦᠵᠡᠢ᠃ ᠡᠨᠡ ᠪᠣᠯ ᠮᠠᠨ᠎ᠤ ᠤᠯᠤᠰ ᠠᠩᠬ᠎ᠠ ᠤᠳᠠᠭ᠎ᠠ ᠵᠡᠮᠳᠡᠭ ᠲᠠᠮᠢᠷᠴᠢᠨ᠎ᠢ ᠰᠣᠩᠭᠣᠨ ᠳᠡᠯᠡᠬᠡᠢ
ᠵᠢᠨ ᠪᠡᠶ᠎ᠡ ᠵᠢᠨ ᠳᠠᠮᠢᠷ ᠤ᠋ᠨ ᠴᠤᠬᠯᠠᠭᠠᠨ᠎ᠳᠤ ᠣᠷᠣᠯᠴᠠᠭᠤᠯᠵᠤ ᠪᠠᠢᠭ᠎ᠠ ᠶᠠᠪᠤᠳᠠᠯ ᠪᠣᠯᠤᠨ᠎ᠠ᠃

✦7 ᠰᠠᠷ᠎ᠠ᠎ᠶᠢᠨ 28᠎ᠤ ᠡᠳᠦᠷ᠂
2025 ᠣᠨ᠎ᠤ ᠬᠥᠯᠥᠨ ᠪᠣᠢᠷ ( ᠮᠣᠷᠢᠨᠳᠠᠪᠠᠭ᠎ᠠ ) ᠤᠨ
ᠠᠩᠬᠠᠳᠤᠭᠠᠷ ᠬᠤᠭᠤᠴᠠᠭᠠᠨ᠎ᠤ ᠡᠷᠡᠭᠲᠡᠶ᠎ᠶᠢᠨ ᠪᠤᠢᠺᠤ ᠪᠥᠮᠪᠥᠭᠡ᠎ᠶᠢᠨ ᠣᠯᠠᠨ ᠤᠯᠤᠰ᠎ᠤᠨ ᠤᠷᠢᠯᠭ᠎ᠠ᠎ᠶᠢᠨ ᠤᠷᠤᠯᠳᠤᠭᠠᠨ
ᠶᠠᠪᠤᠭᠳᠠᠵᠤ᠂ ᠥᠪᠥᠷ ᠮᠣᠩᠭᠣᠯ᠎ᠤᠨ ᠡᠷᠡᠭᠲᠡᠶ᠎ᠶᠢᠨ ᠪᠤᠢᠺᠤ ᠪᠥᠮᠪᠥᠭᠡ᠎ᠶᠢᠨ ᠠᠩᠭᠢ 1᠄
0᠎ᠤᠨ ᠬᠢᠷᠢ ᠪᠥᠲᠥᠮᠵᠢ᠎ᠪᠡᠷ ᠠᠦ᠋ᠰᠲ᠋ᠷᠠᠯᠢᠶ᠎ᠠ᠎ᠶᠢᠨ ᠠᠩᠭᠢ᠎ᠶᠢ ᠢᠯᠠᠵᠤ᠂ ᠬᠠᠭᠠᠰ ᠰᠢᠢᠳᠪᠦᠷᠢᠲᠦ
ᠤᠷᠤᠯᠳᠤᠭᠠᠨ᠎ᠳᠦ ᠳᠠᠪᠰᠢᠪᠠ᠃
ᠲᠡᠯᠡᠬᠡᠢ
✦ᠲᠥᠪ ᠲᠸᠯᠸᠢᠰ ᠤᠨ ᠮᠡᠳᠡᠭᠡ᠎ᠶᠢ ᠦᠨᠳᠦᠰᠦᠯᠡᠪᠡᠯ᠂ ᠲᠤᠬᠠᠶ ᠶᠢᠨ
ᠭᠠᠵᠠᠷ ᠤᠨ ᠴᠠᠭ᠎ᠢᠶᠠᠷ 29᠎ᠦ ᠡᠳᠦᠷ᠂ ᠠᠩᠭᠯᠢ ᠶᠢᠨ ᠭᠠᠳᠠᠭᠠᠳᠤ
ᠶᠠᠪᠤᠳᠠᠯ᠎ᠤᠨ ᠰᠠᠢᠳ ᠫᠠᠯᠸᠰᠲ᠋ᠠᠢᠨ ᠤᠯᠤᠰ᠎ᠢ ᠵᠥᠪᠰᠢᠶᠡᠷᠡᠨ᠎ᠡ ᠭᠡᠵᠦ ᠨᠡᠢᠲᠡᠯᠡᠪᠡ᠃
✦ᠲᠤᠬᠠᠢ ᠵᠢ ᠭᠠᠵᠠᠷ᠎ᠤᠨ ᠴᠠᠭ᠎ᠢᠶᠠᠷ 29᠎ᠦ ᠡᠳᠦᠷ᠂
ᠦᠺᠷᠠᠢᠨ ᠤ ᠶᠡᠷᠦᠩᠬᠡᠢᠯᠡᠭᠴᠢ ᠽᠸᠯᠢᠶᠠᠨᠰᠺᠢ ᠬᠣᠯᠪᠣᠭᠳᠠᠯ ᠪᠦᠬᠦᠢ ᠬᠠᠤᠯᠢ ᠶᠢᠨ ᠲᠥᠰᠥᠯ ᠳᠦ ᠭᠠᠷᠤᠨ ᠦᠰᠦᠭ
ᠵᠢᠷᠤᠵᠤ᠂ ᠡᠮᠨᠡᠯᠭᠡ᠎ᠶᠢᠨ ᠳᠡᠭᠡᠳᠦ ᠰᠤᠷᠭᠠᠭᠤᠯᠢ᠎ᠶᠢᠨ ᠰᠤᠷᠤᠭ᠍ᠴᠢᠳ ᠡᠷᠬᠡᠪᠰᠢ ᠪᠡᠯᠡᠳᠬᠡᠯ ᠠᠯᠪᠠᠨ ᠤ ᠡᠮᠴᠢᠯᠡᠭᠡᠨ᠎ᠦ
ᠦᠢᠯᠡᠴᠢᠯᠡᠭᠡᠨ ᠦ ᠣᠹᠢᠼᠧᠷ᠎ᠦᠨ ᠴᠡᠷᠢᠭ ᠦᠨ ᠪᠣᠯᠪᠠᠰᠤᠷᠠᠯ ᠬᠦᠷᠲᠡᠬᠦ ᠬᠡᠷᠡᠭᠲᠡᠢ ᠭᠡᠵᠦ ᠲᠣᠭᠲᠠᠭᠠᠵᠠᠢ᠃ ᠡᠭᠦᠨ᠎ᠡᠴᠡ
ᠭᠠᠳᠠᠨ᠎ᠠ ᠪᠦᠬᠦᠯᠢ 60 ᠨᠠᠰᠤᠨ ᠠᠴᠠ ᠳᠡᠭᠡᠭᠰᠢᠬᠢ ᠦᠺᠷᠠᠢᠨ ᠤ ᠠᠷᠠᠳ ᠢᠷᠭᠡᠨ᠎ᠦ ᠴᠡᠷᠢᠭ ᠦᠨ
ᠲᠠᠯ᠎ᠠ᠎ᠲᠠᠢ ᠭᠡᠷ᠎ᠡ ᠲᠣᠭᠲᠠᠵᠤ ᠠᠯᠪᠠ ᠬᠠᠭᠠᠬᠤ᠎ᠶᠢ ᠵᠥᠪᠰᠢᠶᠡᠷᠡᠨ᠎ᠡ ᠭᠡᠪᠡ᠃

✦ᠰᠢᠨᠬᠤᠸᠠ ᠬᠤᠷᠢᠶ᠎ᠠ᠎ᠵᠢᠨ ᠮᠡᠳᠡᠭᠡ᠎ᠶᠢ ᠦᠨᠳᠦᠰᠦᠯᠡᠪᠡᠯ᠂ ᠳᠡᠯᠡᠬᠡᠶ ᠵᠢᠨ ᠴᠠᠭ ᠠᠭᠤᠷ᠎ᠤᠨ ᠵᠣᠬᠢᠶᠠᠨ ᠪᠠᠢᠭᠤᠯᠤᠯᠲᠠ᠎ᠵᠢᠨ ᠬᠢᠨ ᠴᠢᠩᠭ᠎ᠠ
ᠬᠦᠴᠦᠲᠡᠶ ᠠᠭᠠᠬᠢᠮ᠎ᠠ ᠬᠠᠯᠠᠭᠤᠨ ᠴᠠᠭ ᠠᠭᠤᠷ ᠨᠢ ᠶᠠᠭ ᠪᠥᠬᠥ ᠳᠡᠯᠡᠬᠡᠶ᠎ᠵᠢᠨ ᠮᠠᠰᠢ ᠣᠯᠠᠨ ᠤᠯᠤᠰ᠎ᠢ ᠨᠥᠯᠥᠭᠡᠯᠡᠵᠦ
ᠪᠤᠢ᠂ ᠡᠨᠡ ᠨᠢ ᠠᠭᠠᠬᠢᠮ᠎ᠠ ᠬᠠᠯᠠᠭᠤᠨ ᠴᠠᠭ ᠠᠭᠤᠷ᠎ᠢ ᠤᠷᠢᠳᠴᠢᠯᠠᠨ ᠰᠡᠷᠡᠮᠵᠢᠯᠡᠭᠦᠯᠬᠦ ᠪᠠ ᠬᠣᠯᠪᠣᠭᠳᠠᠯ ᠪᠥᠬᠥᠶ
ᠡᠷᠡᠭᠦᠯ ᠮᠡᠨᠳᠦ᠎ᠶᠢᠨ ᠠᠵᠢᠯᠯᠠᠭᠠᠨ᠎ᠤ ᠲᠥᠯᠥᠪᠯᠡᠭᠡ᠎ᠶᠢᠨ ᠴᠢᠬᠤᠯᠠ ᠴᠢᠨᠠᠷ᠎ᠢ ᠳᠣᠪᠣᠢᠯᠭᠠᠵᠤ ᠪᠠᠢᠨ᠎ᠠ
ᠭᠡᠪᠡ᠃
ᠦᠢᠯᠡᠴᠢᠯᠡᠭᠡ
✦ᠤᠯᠠᠭᠠᠨᠬᠠᠳᠠ᠎ᠶᠢᠨ ᠤᠮᠠᠷᠠᠲᠤ᠎ᠶᠢᠨ ᠴᠠᠬᠢᠯᠭᠠᠨ ᠬᠦᠴᠦᠨ᠎ᠦ ᠠᠵᠢᠯ ᠮᠡᠷᠭᠡᠵᠢᠯ᠎ᠦᠨ
ᠰᠤᠷᠭᠠᠭᠤᠯᠢ ᠪᠠᠭᠰᠢ ᠡᠯᠰᠡᠵᠦ ᠪᠤᠢ᠃
ᠲᠠᠨ ᠤ ᠲᠤᠰᠡ ᠳ᠋ᠤ
✦ᠵᠦᠷᠵᠢ ᠳᠦ ᠸᠢᠲ᠋ᠠᠮᠢᠨ
C ᠡᠯᠪᠡᠭ
ᠠᠭᠤᠯᠤᠭᠳᠠᠳᠠᠭ᠂ ᠡᠨᠡᠬᠦ ᠢᠰᠦᠯᠳᠦᠬᠦ ᠶᠢ ᠡᠰᠡᠷᠭᠦᠴᠡᠬᠦ ᠡᠳ᠋᠎ᠨᠢ ᠬᠥᠮᠦᠨ᠎ᠦ ᠪᠡᠶ᠎ᠡ᠎ᠶᠢᠨ ᠢᠰᠦᠯᠳᠦᠬᠦ ᠤᠷᠪᠠᠯ ᠢ ᠨᠠᠮᠳᠠᠭᠤᠯᠵᠤ᠂ ᠳᠠᠷᠤᠯᠲᠠᠲᠤ ᠬᠣᠷᠮᠣᠨ ( ᠵᠢᠱ᠌ᠢᠶᠡᠯᠡᠪᠡᠯ ᠬᠦᠷᠦᠰᠦᠮᠡᠭ ᠠᠯᠺᠣᠣᠯ ) ᠤ ᠱ᠌ᠦᠭᠦᠷᠡᠯᠲᠡᠶᠢ
ᠪᠠᠭᠠᠰᠬᠠᠳᠠᠭ᠃ ᠬᠦᠷᠦᠰᠦᠮᠡᠭᠠᠯᠺᠣᠣᠯᠤᠨ ᠲᠦᠪᠰᠢᠨ ᠳᠣᠷᠣᠭᠰᠢᠯᠠᠬᠤ ᠦᠶ᠎ᠡ᠎ᠳᠦ ᠪᠡᠶ᠎ᠡ ᠲᠠᠢᠪᠤᠩ ᠪᠠᠢᠳᠠᠯ
ᠲᠠᠢ ᠪᠤᠯᠵᠤ᠂ ᠤᠨᠲᠠᠬᠤ᠎ᠳᠤ ᠲᠤᠰᠠᠲᠠᠢ ᠪᠠᠢᠳᠠᠭ᠃
ᠵᠠᠯᠭᠠᠭᠠᠳ 《ᠳᠤᠷᠠᠰᠤᠮᠵᠢ》 ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ
ᠵᠢᠷᠭᠠᠭᠠᠶ᠎ᠠ᠂ ᠨᠡᠪᠳᠡᠷᠡᠭᠦᠯᠬᠡ ᠮᠠᠨᠢ ᠲᠠ ᠪᠦᠬᠦᠨ᠎ᠳᠦ ᠲᠠᠭᠠᠯᠠᠬᠳᠠᠬᠰᠠᠨ ᠪᠤᠯ ᠤᠳᠤᠨ ᠳᠡᠮᠳᠡᠭ ᠱᠠᠩᠨᠠᠵᠤ
ᠪᠢᠳᠡᠨ᠎ᠳᠤ ᠤᠷᠮ᠎ᠠ ᠬᠠᠢᠷᠠᠯᠠᠭᠠᠷᠠᠢ!ᠲᠠ ᠪᠦᠬᠦᠨ᠎ᠤ ᠬᠦᠯᠢᠶᠡᠨ ᠠᠪᠴᠤ᠌ ᠰᠤᠨᠤᠰᠤᠬ᠍ᠰᠠᠨ᠎ᠳᠤ ᠪᠠᠶᠠᠷᠯᠠᠯ᠎ᠠ᠂
ᠪᠠᠶᠠᠷᠳᠠᠢ!
(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ
ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ
ᠲᠠᠪᠴᠠᠩ᠂ ᠮᠠᠨ᠎ᠤ ᠤᠷᠤᠨ᠎ᠤ ᠡᠯ᠎ᠠ ᠠᠢᠮᠠᠭ
ᠬᠤᠳᠠ᠂ ᠬᠤᠰᠢᠭᠤ ᠰᠢᠶᠠᠨ᠎ᠤ ᠵᠢᠷᠬᠢᠶ᠎ᠠ᠎ᠶᠢᠨ ᠲᠠᠪᠴᠠᠩ)