7 ᠰᠠᠷ᠎ᠠ᠎ᠶ᠋ᠢᠨ 4᠎ᠦ ᠡᠳᠦᠷ
ᠡᠬᠢᠯᠡᠬᠦ᠌ ᠴᠠᠭ᠄
2025-07-04 10:57:31
ᠨᠠᠶ᠋ᠢᠷᠠᠭᠤᠯᠤᠭᠴᠢ ᠄
ᠭᠢᠯᠪᠡᠭᠡᠨ
ᠨᠡᠪᠲᠡᠷᠡᠬᠦᠯᠦᠭᠴᠢ ᠄
ᠭᠢᠯᠪᠡᠭᠡᠨ
ᠮᠡᠷᠭᠡᠵᠢᠯ ᠄
  
ᠤᠩᠰᠢᠭᠰᠠᠨ ᠤᠳᠠᠭ᠎ᠠ᠄


01封面.jpg


语言播报 日期_01.jpg


最新 天气预报模板_01.jpg


天气模板 各盟市_01.jpg


ᠨᠡᠢᠭᠡᠮ

✦ ᠰᠤᠷᠭᠠᠨ ᠬᠥᠮᠦᠵᠢᠯ᠎ᠦᠨ ᠶᠠᠮᠤᠨ ᠣᠢᠷ᠎ᠠ᠎ᠳᠤ ᠡᠩ᠎ᠦᠨ ᠥᠨᠳᠥᠷ ᠵᠡᠷᠭᠡ᠎ᠶᠢᠨ ᠳᠤᠮᠳᠠᠳᠤ ᠰᠤᠷᠭᠠᠭᠤᠯᠢ᠎ᠶᠢᠨ ᠲᠣᠭᠠᠨ᠎ᠤ ᠤᠬᠠᠭᠠᠨ᠂ ᠹᠢᠽᠢᠺ᠂ ᠬᠢᠮᠢ᠂ ᠠᠮᠢᠳᠤ ᠪᠣᠳᠠᠰ᠎ᠤᠨ ᠤᠬᠠᠭᠠᠨ ᠵᠡᠷᠭᠡ 7 ᠰᠢᠨᠵᠢᠯᠡᠭᠡᠨ᠎ᠦ ᠰᠠᠯᠠᠭ᠎ᠠ᠎ᠶᠢᠨ ᠵᠢᠭᠠᠨ ᠰᠤᠷᠭᠠᠯᠲᠠ᠎ᠶᠢᠨ ᠲᠣᠨᠣᠭ ᠲᠥᠬᠦᠭᠡᠷᠦᠮᠵᠢ᠎ᠶᠢᠨ ᠲᠣᠬᠢᠷᠠᠭᠤᠯᠤᠯᠲᠠ ᠶ᠋ᠢᠨ ᠪᠠᠷᠢᠮᠵᠢᠶ᠎ᠠ᠎ᠶᠢ ᠨᠡᠢᠲᠡᠯᠡᠵᠦ᠂ ᠰᠠᠭᠤᠷᠢ ᠰᠤᠷᠭᠠᠨ ᠬᠥᠮᠦᠵᠢᠯ᠎ᠦᠨ ᠴᠢᠨᠠᠷ ᠰᠠᠢᠳᠠᠢ ᠬᠦᠭᠵᠢᠯᠳᠡ ᠵᠢ ᠠᠬᠢᠭᠤᠯᠵᠠᠢ᠃

✦ 2᠎ᠤᠨ ᠡᠳᠦᠷ᠂ ᠰᠤᠷᠭᠠᠨ ᠬᠥᠮᠦᠵᠢᠯ᠎ᠦᠨ ᠶᠠᠮᠤᠨ ᠮᠡᠳᠡᠭᠡ ᠨᠡᠢᠲᠡᠯᠡᠵᠦ᠂ ᠡᠯ᠎ᠡ ᠶᠡᠬᠡ ᠳᠡᠭᠡᠳᠦ ᠰᠤᠷᠭᠠᠭᠤᠯᠢ᠎ᠵᠢᠨ ᠵᠣᠬᠢᠶᠠᠮᠠᠯ ᠣᠶᠤᠨ ᠴᠢᠳᠠᠪᠤᠷᠢ᠂ ᠤᠢᠷ᠎ᠠ ᠤᠭᠲᠠᠷᠭᠤᠢ᠎ᠵᠢᠨ ᠠᠵᠤ ᠠᠬᠤᠢ ᠵᠡᠷᠭᠡ ᠪᠠᠴᠢᠮ ᠬᠡᠷᠡᠭᠴᠡᠭᠡ᠎ᠲᠠᠢ ᠳᠤᠲᠠᠭᠳᠠᠵᠤ ᠪᠠᠢᠭ᠎ᠠ 12 ᠬᠦᠷᠢᠶᠡᠨ᠎ᠦ 60 ᠭᠣᠣᠯᠳᠠᠯᠭ᠎ᠠ᠎ᠲᠠᠢ ᠴᠢᠭᠯᠡᠯ᠎ᠦᠨ ᠲᠣᠭᠣᠷᠢᠨ᠎ᠳᠤ 《ᠪᠢᠴᠢᠯ ᠲᠤᠰᠬᠠᠢ ᠮᠡᠷᠭᠡᠵᠢᠯ》 ᠪᠠ ᠠᠵᠢᠯ ᠮᠡᠷᠭᠡᠵᠢᠯ᠎ᠦᠨ ᠴᠢᠳᠠᠪᠤᠷᠢ᠎ᠶᠢᠨ ᠪᠣᠯᠪᠠᠰᠤᠷᠠᠯ᠎ᠤᠨ ᠬᠢᠴᠢᠶᠡᠯ᠎ᠢ ᠵᠤᠬᠢᠶᠠᠨ ᠪᠠᠢᠭᠤᠯᠵᠤ᠂ ᠠᠵᠢᠯ ᠣᠯᠬᠤ ᠴᠢᠳᠠᠪᠤᠷᠢ᠎ᠶᠢ ᠳᠡᠭᠡᠭᠰᠢᠯᠡᠭᠦᠯᠬᠦ᠎ᠶᠢ ᠵᠤᠷᠢᠭᠵᠢᠭᠤᠯᠪᠠ᠃

✦ ᠣᠢᠷ᠎ᠠ ᠎ᠳᠤ ᠤᠯᠤᠰ ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ 2025 ᠣᠨ᠎ᠤ ᠭᠤᠷᠪᠠᠳᠤᠭᠠᠷ ᠪᠦᠯᠦᠭ᠎ᠦᠨ 《ᠬᠣᠶᠠᠷ ᠴᠢᠬᠤᠯᠠ》 ᠪᠦᠲᠦᠭᠡᠨ ᠪᠠᠢᠭᠤᠯᠤᠯᠲᠠ᠎ᠶᠢᠨ ᠲᠥᠷᠥᠯ ᠵᠦᠢᠯ ᠎ᠢ ᠳᠡᠮᠵᠢᠬᠦ 3000 ᠭᠠᠷᠤᠢ ᠳ᠋ᠦᠩᠰᠢᠭᠤᠷ ᠲᠥᠭᠥᠷᠢᠭ᠎ᠤᠨ ᠪᠡᠯᠡ ᠮᠥᠩᠭᠦ ᠪᠠᠭᠤᠯᠭᠠᠪᠠ᠃

✦ 1᠎ᠦ ᠡᠳᠦᠷ᠂ ᠪᠥᠬᠥ ᠤᠯᠤᠰ᠎ᠤᠨ ᠴᠡᠷᠢᠭ ᠡᠯᠰᠡᠬᠦ (ᠡᠮᠡᠭᠲᠡᠢ ᠴᠡᠷᠢᠭ) ᠠᠵᠢᠯ᠎ᠤᠨ 2025 ᠣᠨ᠎ᠤ ᠳᠣᠣᠷ᠎ᠠ ᠬᠠᠭᠠᠰ ᠵᠢᠯ᠎ᠦᠨ ᠨᠡᠷ᠎ᠡ ᠮᠡᠳᠡᠭᠦᠯᠬᠦ ᠠᠵᠢᠯ ᠡᠬᠢᠯᠡᠵᠦ᠂ 8 ᠰᠠᠷ᠎ᠠ᠎ᠶᠢᠨ 10᠎ᠤ ᠡᠳᠦᠷ ᠪᠤᠯᠳᠠᠯ᠎ᠠ ᠶᠠᠪᠤᠭᠳᠠᠨ᠎ᠠ᠃


1.gif


✦ ᠲᠦᠷᠦᠭᠦᠬᠡᠨ 2025 ᠣᠨ᠎ᠤ ᠠᠷᠠᠳ᠎ᠤᠨ ᠠᠭᠠᠷ᠎ᠤᠨ ᠠᠶᠠᠯᠠᠯ᠎ᠤᠨ ᠵᠤᠨ᠎ᠤ ᠠᠮᠠᠷᠠᠯᠲᠠ ᠵᠢᠨ ᠵᠥᠭᠡᠭᠡᠪᠦᠷᠢ ᠵᠢᠩᠬᠢᠨᠢ᠎ᠪᠡᠷ ᠡᠬᠢᠯᠡᠪᠡ᠃ ᠥᠪᠡᠷᠲᠡᠭᠡᠨ ᠵᠠᠰᠠᠬᠤ ᠤᠷᠤᠨ᠎ᠤ ᠨᠢᠰᠬᠡᠯ᠎ᠦᠨ ᠪᠠᠭᠤᠳᠠᠯ᠎ᠤᠨ ᠪᠦᠯᠦᠭᠯᠡᠯ᠎ᠤᠨ ᠬᠢᠨ 70 ᠭᠠᠷᠤᠢ ᠠᠭᠠᠷ᠎ᠤᠨ ᠠᠶᠠᠯᠠᠯ᠎ᠤᠨ ᠱᠤᠭᠤᠮ᠎ᠤᠨ ᠡᠭᠡᠯᠵᠢ᠎ᠶᠢᠨ ᠨᠢᠰᠬᠡᠯ᠎ᠢ ᠰᠢᠨ᠎ᠡ᠎ᠪᠡᠷ ᠨᠡᠮᠡᠵᠦ᠂ ᠡᠳᠦᠷ ᠳᠤᠮᠳᠠᠴᠢ ᠪᠡᠷ 75 ᠡᠭᠡᠯᠵᠢ᠎ᠶᠢᠨ ᠨᠢᠰᠬᠡᠯ ᠨᠡᠮᠡᠭᠰᠡᠨ ᠪᠠᠢᠨ᠎ᠠ᠃


2.png


✦ ᠪᠠᠭᠠᠷᠢᠨ ᠵᠡᠭᠦᠨ ᠬᠣᠰᠢᠭᠤᠨ᠎ᠤ ᠯᠢᠨᠳᠦ᠋ᠩ᠎ᠦᠨ ᠨᠢᠰᠬᠡᠯ᠎ᠦᠨ ᠪᠠᠭᠤᠳᠠᠯ ᠣᠢᠷ᠎ᠠ᠎ᠳᠤ ᠠᠷᠠᠳ᠎ᠤᠨ ᠠᠭᠠᠷ᠎ᠤᠨ ᠲᠡᠭᠡᠭᠡᠪᠦᠷᠢ᠎ᠶᠢᠨ ᠤᠮᠠᠷᠠᠲᠤ ᠣᠷᠣᠨ᠎ᠤ ᠬᠠᠮᠢᠶᠠᠷᠤᠯᠲᠠ᠎ᠶᠢᠨ ᠲᠣᠪᠴᠢᠶ᠎ᠠ᠎ᠵᠢᠨ ᠨᠡᠢᠳᠡᠮ ᠬᠡᠷᠡᠭᠯᠡᠭᠡᠨ᠎ᠦ ᠨᠢᠰᠬᠡᠯ᠎ᠦᠨ ᠪᠠᠭᠤᠳᠠᠯ᠎ᠢ ᠬᠡᠷᠡᠭᠯᠡᠬᠦ ᠵᠥᠪᠰᠢᠶᠡᠷᠡᠯ᠎ᠦᠨ ᠦᠨᠡᠮᠯᠡᠯ᠎ᠢ ᠣᠯᠵᠠᠢ᠃ ᠡᠨᠡ ᠨᠢ ᠲᠣᠰ ᠨᠢᠰᠬᠡᠯ᠎ᠦᠨ ᠪᠠᠭᠤᠳᠠᠯ᠎ᠤᠨ ᠲᠥᠬᠦᠭᠡᠷᠦᠮᠵᠢ ᠵᠢᠴᠢ ᠡᠵᠡᠩᠨᠡᠯᠲᠡ ᠬᠠᠮᠢᠶᠠᠷᠤᠯᠲᠠ ᠨᠢ ᠴᠥᠮ ᠠᠶᠠᠯᠠᠯ ᠨᠡᠪᠲᠡᠷᠡᠬᠦ ᠱᠠᠭᠠᠷᠳᠠᠯᠭ᠎ᠠ᠎ᠳᠤ ᠨᠡᠢᠴᠡᠵᠦ᠂ ᠵᠢᠩᠬᠢᠨᠢ᠎ᠪᠡᠷ ᠠᠰᠢᠭ᠍ᠯᠠᠯᠲᠠ᠎ᠳᠤ ᠣᠷᠣᠬᠤ ᠨᠥᠬᠥᠴᠡᠯ᠎ᠢ ᠪᠦᠷᠢᠯᠳᠦᠭᠦᠯᠦᠭᠰᠡᠨ᠎ᠢ ᠬᠠᠷᠠᠭᠤᠯᠵᠤ ᠪᠠᠢᠨ᠎ᠠ᠃


3.jpg


✦ ᠬᠥᠬᠡᠬᠣᠲᠠ ᠎ᠶᠢᠨ ᠨᠠᠮ᠎ᠤᠨ ᠬᠤᠷᠢᠶ᠎ᠠ ᠎ᠵᠢᠨ ᠵᠣᠬᠢᠶᠠᠨ ᠪᠠᠢᠭᠤᠯᠬᠤ ᠬᠡᠯᠲᠡᠰ ᠡᠴᠡ 2025 ᠣᠨ᠎ᠤ ᠬᠥᠬᠡᠬᠤᠲᠠ ᠎ᠶᠢᠨ ᠰᠢᠭᠤᠳ ᠬᠠᠷᠢᠶ᠎ᠠ ᠪᠠᠢᠭᠤᠯᠭ᠎ᠠ (《ᠠᠯᠪᠠᠳᠠᠨ᠎ᠤ ᠬᠠᠤᠯᠢ》 ᠵᠢᠨ ᠬᠠᠮᠢᠶᠠᠷᠤᠯᠲᠠ ᠵᠢᠨ ᠠᠵᠢᠯ ᠦᠢᠯᠡᠰ᠎ᠤᠨ ᠪᠠᠢᠭᠤᠯᠭ᠎ᠠ ᠨᠢᠭᠡᠴᠢ) ᠵᠢᠨ ᠠᠯᠪᠠᠲᠠᠨ ᠢᠯᠡ ᠎ᠪᠠᠷ  ᠰᠢᠯᠢᠨ ᠰᠤᠩᠭᠤᠬᠤ ᠠᠵᠢᠯ᠎ᠢ ᠵᠣᠬᠢᠶᠠᠨ ᠪᠠᠢᠭᠤᠯᠤᠨ ᠦᠷᠨᠢᠭᠦᠯᠬᠦ᠎ᠪᠠᠷ ᠲᠣᠭᠲᠠᠪᠠ᠃ ᠲᠣᠰ ᠤᠳᠠᠭ᠎ᠠ ᠢᠯᠡ ᠎ᠪᠠᠷ 33 ᠠᠯᠪᠠᠳᠡᠨ ᠰᠢᠯᠢᠨ ᠡᠯᠰᠡᠬᠦ ᠎ᠪᠠᠷ ᠪᠠᠢᠵᠤ᠂ ᠨᠡᠷ᠎ᠡ ᠮᠡᠳᠡᠭᠦᠯᠬᠦ  ᠠᠵᠢᠯ 7 ᠰᠠᠷ᠎ᠠ ᠎ᠶᠢᠨ 7᠎ᠤ ᠡᠳᠤᠷ᠎ᠦᠨ 9 ᠴᠠᠭ ᠎ᠠᠴᠠ 7 ᠰᠠᠷ᠎ᠠ ᠎ᠶᠢᠨ 13᠎ᠤ ᠡᠳᠤᠷ᠎ᠤᠨ 1 ᠴᠠᠭ ᠪᠣᠯᠳᠠᠯ᠎ᠠ ᠶᠠᠪᠤᠭᠳᠠᠨ᠎ᠠ᠃

✦ 《ᠥᠪᠥᠷ ᠮᠤᠩᠭᠤᠯ᠎ᠤᠨ ᠥᠪᠡᠷᠲᠡᠭᠡᠨ ᠵᠠᠰᠠᠬᠤ ᠤᠷᠤᠨ᠎ᠤ ᠬᠥᠯᠥᠰᠥᠨ ᠠᠵᠢᠯᠴᠢᠨ᠎ᠤ ᠴᠠᠯᠢᠩ ᠎ᠢ ᠦᠭᠭᠦ᠎ᠶᠢ ᠪᠠᠲᠤᠯᠠᠬᠤ ᠳᠥᠷᠢᠮ》᠎ᠢ 7 ᠰᠠᠷ᠎ᠠ᠎ᠵᠢᠨ 1᠎ᠤ ᠡᠳᠦᠷ᠎ᠡᠴᠡ ᠡᠬᠢᠯᠡᠨ ᠬᠡᠷᠡᠭᠵᠢᠭᠦᠯᠪᠡ᠂ ᠡᠨᠡ ᠪᠤᠯ ᠤᠳᠤᠬᠠᠨ᠎ᠤ ᠤᠯᠤᠰ᠎ᠤᠨ ᠲᠤᠳᠤᠭᠠᠳᠤ᠎ᠵᠢᠨ ᠠᠩᠬᠠᠳᠠᠭᠴᠢ ᠬᠥᠯᠥᠰᠥᠨ ᠠᠵᠢᠯᠴᠢᠨ᠎ᠤ ᠴᠠᠯᠢᠩ᠎ᠤᠨ ᠡᠷᠬᠡ ᠠᠰᠢᠭ᠎ᠢ ᠪᠠᠲᠤᠯᠠᠬᠤ ᠤᠷᠤᠨ ᠨᠤᠲᠤᠭ᠎ᠤᠨ ᠴᠢᠨᠠᠷᠲᠠᠢ ᠬᠠᠤᠯᠢ ᠲᠤᠭᠲᠠᠭᠠᠯ ᠪᠤᠯᠤᠨ᠎ᠠ᠃

✦ ᠡᠨᠡ ᠵᠢᠯ ᠲᠦᠩᠯᠢᠶᠤᠤ ᠬᠤᠲᠠ ᠡᠩ᠎ᠤᠨ ᠥᠨᠳᠥᠷ ᠵᠡᠷᠭᠡ᠎ᠵᠢᠨ ᠳᠤᠮᠳᠠᠳᠤ ᠰᠤᠷᠭᠠᠭᠤᠯᠢ᠎ᠳᠦ 1680 ᠰᠤᠷᠤᠭᠴᠢ ᠨᠡᠮᠡᠨ ᠡᠯᠰᠡᠬᠦ᠎ᠪᠡᠷ ᠲᠥᠯᠥᠪᠯᠡᠵᠦ ᠪᠤᠢ᠃ ᠡᠭᠦᠨ᠎ᠳᠦ ᠬᠤᠲᠠ᠎ᠵᠢᠨ ᠳᠡᠰ᠎ᠡᠴᠡ ᠳᠡᠭᠡᠭᠰᠢᠬᠢ ᠰᠢᠯᠢᠳᠡᠭ ᠥᠨᠳᠥᠷ ᠵᠡᠷᠭᠡ᠎ᠵᠢᠨ ᠳᠤᠮᠳᠠᠳᠤ ᠰᠤᠷᠭᠠᠭᠤᠯᠢ ᠎ᠳᠦ 925 ᠰᠤᠷᠤᠭᠴᠢ ᠨᠡᠮᠡᠨ ᠡᠯᠰᠡᠬᠦ ᠪᠤᠯᠤᠨ᠎ᠠ᠃


4.png


ᠠᠵᠤ ᠠᠬᠤᠢ 

✦ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠎ᠶᠢᠨ ᠶᠠᠮᠤᠨ᠎ᠤ ᠮᠡᠳᠡᠭᠡ᠎ᠶᠢ ᠦᠨᠳᠦᠰᠦᠯᠡᠪᠡᠯ᠂ 1 — 5 ᠰᠠᠷ᠎ᠠ ᠎ᠳᠦ ᠮᠠᠨ᠎ᠤ ᠤᠯᠤᠰ᠎ᠤᠨ ᠬᠡᠪᠴᠢᠶᠡᠵᠢᠯ᠎ᠡᠴᠡ ᠳᠡᠭᠡᠭᠰᠢᠬᠢ ᠢᠨᠲᠧᠷ ᠰᠦᠯᠵᠢᠶ᠎ᠡ ᠪᠠ ᠬᠣᠯᠪᠣᠭᠳᠠᠯ ᠪᠦᠬᠦᠢ ᠦᠢᠯᠡᠴᠢᠯᠡᠭᠡᠨ ᠎ᠦ ᠠᠵᠤ ᠠᠬᠤᠢᠯᠠᠯ᠎ᠤᠨ ᠢᠨᠲᠧᠷ ᠰᠦᠯᠵᠢᠶᠡᠨ᠎ᠦ ᠲᠤᠬᠠᠢᠯᠠᠭᠰᠠᠨ ᠠᠵᠢᠯ᠎ᠤᠨ ᠣᠷᠣᠯᠭ᠎ᠠ ᠲᠣᠭᠲᠠᠭᠤᠨ᠎ᠢᠶᠠᠷ ᠨᠡᠮᠡᠭᠳᠡᠵᠦ᠂ ᠢᠨᠲᠧᠷ ᠰᠦᠯᠵᠢᠶᠡᠨ᠎ᠦ ᠲᠤᠬᠠᠢᠯᠠᠭᠰᠠᠨ ᠠᠵᠢᠯ᠎ᠤᠨ ᠣᠷᠣᠯᠭ᠎ᠠ 7735 ᠳ᠋ᠦᠩᠰᠢᠭᠤᠷ ᠲᠥᠭᠥᠷᠢᠭ᠎ᠲᠦ ᠬᠦᠷᠴᠦ᠂ ᠠᠳᠠᠯᠢ ᠬᠤᠭᠤᠴᠠᠭᠠᠨ᠎ᠤ ᠬᠢ᠎ᠡᠴᠡ 0.9% ᠪᠡᠷ ᠨᠡᠮᠡᠭᠳᠡᠪᠡ᠃

✦ ᠦᠢᠷ᠎ᠡ᠎ᠳᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠣᠨ ᠮᠠᠯᠵᠢᠬᠤ ᠣᠷᠣᠨ᠎ᠤ ᠲᠢᠩᠬᠢᠮ᠎ᠠᠴᠠ ᠭᠣᠣᠯᠯᠠᠨ ᠡᠷᠬᠢᠯᠡᠭᠰᠡᠨ ᠥᠪᠥᠷ ᠮᠣᠩᠭᠣᠯ᠎ᠤᠨ ᠰᠢᠨ᠎ᠡ ᠰᠣᠷᠭᠣᠭ ᠦᠬᠡᠷ᠎ᠦᠨ ᠮᠢᠬᠠᠨ᠎ᠤ ᠠᠵᠤ ᠦᠢᠯᠡᠰ᠎ᠤᠨ ᠲᠥᠷᠥᠯ ᠲᠡᠮᠳᠡᠭ᠎ᠢ ᠨᠡᠢᠲᠡᠯᠡᠬᠦ ᠬᠤᠷᠠᠯ ᠱᠧᠨᠵᠧᠨ᠎ᠳᠦ ᠶᠠᠪᠤᠭᠳᠠᠵᠤ᠂ ᠲᠤᠬᠠᠢ᠎ᠶᠢᠨ ᠲᠠᠯᠠᠪᠤᠷ᠎ᠲᠤ 107 ᠳ᠋ᠦᠩᠰᠢᠭᠤᠷ ᠲᠥᠭᠥᠷᠢᠭ᠎ᠦᠨ ᠭᠡᠷ᠎ᠡ ᠲᠣᠭᠲᠠᠪᠠ᠃


ᠲᠠᠮᠢᠷ 

✦ 7 ᠰᠠᠷ᠎ᠠ᠎ᠵᠢᠨ 2᠎ᠤᠨ ᠡᠳᠦᠷ᠂ ᠰᠢᠯᠢ᠎ᠵᠢᠨ ᠭᠤᠤᠯ ᠠᠢᠮᠠᠭ᠎ᠤᠨ ᠤᠯᠠᠭᠠᠢ ᠬᠠᠮᠢᠶᠠᠷᠤᠯᠲᠠ᠎ᠵᠢᠨ ᠤᠷᠤᠨ᠎ᠳᠦ 《ᠤᠴᠠᠷᠠᠯ᠎ᠤᠨ ᠰᠠᠢᠬᠠᠨ ᠤᠯᠠᠭᠠᠢ ᠤᠯᠠᠮᠵᠢᠯᠠᠯᠲᠤ ᠲᠠᠩᠰᠤᠭ ᠨᠠᠭᠠᠳᠤᠮ》᠎ᠤᠨ 256 ᠬᠦᠴᠦᠳᠦ ᠪᠦᠬᠡ᠎ᠵᠢᠨ ᠪᠠᠷᠢᠯᠳᠤᠭᠠᠨ ᠶᠠᠪᠤᠭᠳᠠᠵᠤ᠂ ᠵᠡᠭᠦᠨ ᠥᠵᠥᠮᠥᠴᠢᠨ ᠬᠤᠰᠢᠭᠤᠨ᠎ᠤ ᠲᠦᠮᠡᠨᠪᠠᠶᠠᠷ ᠲᠡᠷᠢᠭᠦᠯᠡᠪᠡ᠃


5.jpg


ᠳᠡᠯᠡᠬᠡᠢ

✦ ᠲᠥᠪ ᠲᠸᠯᠸᠢᠰ᠎ᠤᠨ ᠮᠡᠳᠡᠭᠡ᠎ᠶᠢ ᠦᠨᠳᠦᠰᠦᠯᠡᠪᠡᠯ᠂ ᠣᠢᠷ᠎ᠠ᠎ᠳᠤ ᠢᠰᠷᠧᠯ ᠪᠣᠯᠣᠨ ᠢᠷᠠᠨ ᠲᠤᠯᠤᠯᠳᠤᠬᠤ᠎ᠪᠠᠨ ᠵᠣᠭᠰᠣᠭᠰᠠᠨ ᠪᠣᠯᠪᠠᠴᠤ ᠭᠠᠵᠠᠷ ᠣᠷᠣᠨ᠎ᠤ ᠪᠠᠢᠳᠠᠯ ᠮᠥᠨ ᠬᠦ᠌ ᠮᠠᠰᠢ ᠲᠣᠭᠲᠠᠪᠤᠷᠢ ᠦᠭᠡᠢ ᠪᠠᠢᠵᠤ᠂ ᠢᠷᠠᠨ᠎ᠤ ᠠᠮᠤᠷ ᠲᠦᠪᠰᠢᠨ᠎ᠦ ᠪᠠᠢᠳᠠᠯ ᠮᠥᠨ ᠬᠦ᠌ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ ᠪᠠᠢᠨ᠎ᠠ᠃ ᠢᠷᠠᠨ᠎ᠳᠤ ᠰᠠᠭᠤᠭ᠎ᠠ ᠳᠤᠮᠳᠠᠳᠤ ᠤᠯᠤᠰ᠎ᠤᠨ ᠡᠯᠴᠢᠨ ᠰᠠᠢᠳ᠎ᠤᠨ ᠶᠠᠮᠤᠨ 2᠎ᠤᠨ ᠡᠳᠦᠷ ᠳᠤᠮᠳᠠᠳᠤ ᠤᠯᠤᠰ᠎ᠤᠨ ᠠᠷᠠᠳ ᠢᠷᠭᠡᠨ᠎ᠢ ᠢᠷᠠᠨ᠎ᠳᠤ ᠲᠦᠷ ᠣᠴᠢᠬᠤ ᠦᠭᠡᠢ ᠪᠠᠢᠬᠤ᠎ᠶᠢ ᠰᠠᠨᠠᠭᠤᠯᠪᠠ᠃

✦ ᠲᠥᠪ ᠲᠸᠯᠸᠢᠰ᠎ᠤᠨ ᠮᠡᠳᠡᠭᠡ᠎ᠶᠢ ᠦᠨᠳᠦᠰᠦᠯᠡᠪᠡᠯ᠂ ᠹᠷᠠᠨᠼᠢ᠎ᠶᠢᠨ ᠳ᠋ᠠᠷ᠎ᠠ ᠡᠬᠡ᠎ᠶᠢᠨ ᠰᠦᠮ᠎ᠡ ᠡᠨᠡ ᠵᠢᠯ᠎ᠦᠨ 9 ᠰᠠᠷ᠎ᠠ᠎ᠠᠴᠠ ᠡᠬᠢᠯᠡᠨ ᠵᠢᠭᠤᠯᠴᠢᠯᠠᠭᠰᠠᠳ᠎ᠢ ᠬᠦᠯᠢᠶᠡᠨ ᠠᠪᠴᠤ ᠲᠣᠭᠣᠷᠢᠨ ᠦᠵᠡᠬᠦᠯᠬᠦ᠎ᠪᠡᠷ ᠪᠤᠢ᠃ ᠡᠨᠡ ᠨᠢ 2019 ᠣᠨ᠎ᠳᠤ ᠭᠠᠯ ᠭᠠᠷᠤᠭᠰᠠᠨ᠎ᠡᠴᠡ ᠨᠠᠭᠠᠰᠢ 6 ᠵᠢᠯ᠎ᠦᠨ ᠳᠠᠷᠠᠭ᠎ᠠ ᠠᠩᠬ᠎ᠠ ᠤᠳᠠᠭ᠎ᠠ ᠵᠢᠭᠤᠯᠴᠢᠯᠠᠭᠰᠠᠳ᠎ᠲᠤ ᠨᠡᠭᠡᠭᠡᠯᠲᠡ ᠬᠢᠵᠦ ᠪᠠᠢᠭ᠎ᠠ ᠶᠠᠪᠤᠳᠠᠯ ᠪᠣᠯᠣᠨ᠎ᠠ᠃


6.png


✦ ᠡᠸᠦ᠋ᠷᠦᠫᠡ ᠲᠢᠪ᠎ᠦᠨ ᠴᠠᠭ ᠠᠭᠤᠷ᠎ᠤᠨ ᠤᠷᠢᠳᠴᠢᠯᠠᠨ ᠮᠡᠳᠡᠭᠡᠯᠡᠬᠦ ᠲᠥᠪ᠎ᠦᠨ 1᠎ᠦ ᠡᠳᠦᠷ᠎ᠤᠨ ᠨᠡᠢᠲᠡᠯᠡᠭᠰᠡᠨ ᠮᠡᠳᠡᠭᠦᠯᠦᠯᠲᠡ᠎ᠶᠢ ᠦᠨᠳᠦᠰᠦᠯᠡᠪᠡᠯ᠂ ᠡᠨᠡ ᠵᠢᠯ᠎ᠦᠨ 6 ᠳ᠋ᠤᠭᠠᠷ ᠰᠠᠷ᠎ᠠ ᠨᠢ ᠡᠸᠦ᠋ᠷᠦᠫᠡ ᠲᠢᠪ᠎ᠦᠨ ᠲᠡᠮᠳᠡᠭᠯᠡᠯ᠎ᠲᠠᠢ ᠪᠣᠯᠤᠭᠰᠠᠨ᠎ᠠᠴᠠ ᠨᠠᠭᠠᠰᠢᠬᠢ ᠬᠠᠮᠤᠭ᠎ᠤᠨ ᠬᠠᠯᠠᠭᠤᠨ 6 ᠳ᠋ᠤᠭᠠᠷ ᠰᠠᠷ᠎ᠠ᠎ᠶᠢᠨ ᠨᠢᠭᠡ ᠪᠣᠯᠵᠠᠢ᠃


7.jpg


ᠦᠢᠯᠡᠴᠢᠯᠡᠭᠡ 

✦ ᠬᠥᠬᠡᠬᠣᠲᠠ᠎ᠶᠢᠨ ᠬᠣᠲᠣᠩ ᠠᠷᠠᠳ᠎ᠤᠨ ᠲᠣᠭᠣᠷᠢᠭ᠋᠎ᠤᠨ ᠲᠠᠷᠢᠶᠠᠯᠠᠩ ᠮᠠᠯ ᠠᠵᠤ ᠠᠬᠤᠢ ᠤᠰᠤᠨ ᠠᠰᠢᠭ᠍ᠯᠠᠯᠲᠠ᠎ᠶᠢᠨ ᠲᠣᠪᠴᠢᠶ᠎ᠠ ᠢᠯᠡ᠎ᠪᠡᠷ ᠠᠵᠢᠯᠲᠠᠨ ᠡᠯᠰᠡᠵᠦ ᠪᠤᠢ᠃

 

ᠲᠠᠨ᠎ᠤ ᠲᠤᠰᠠ᠎ᠳᠤ

✦ ᠠᠮᠧᠷᠢᠺᠠ᠎ᠶᠢᠨ ᠨᠢᠭᠡᠨ ᠰᠤᠳᠤᠯᠭᠠᠨ᠎ᠳᠦ ᠢᠯᠡᠷᠡᠭᠦᠯᠦᠭᠰᠡᠨ᠎ᠵᠢᠡᠷ᠂ ᠣᠴᠣᠢᠵᠤ ᠰᠠᠭᠤᠬᠤ ᠵᠡᠷᠭᠡ ᠰᠡᠯᠭᠦᠭᠡ ᠴᠢᠨᠠᠷᠲᠠᠢ ᠬᠥᠳᠡᠯᠭᠡᠭᠡᠨ ᠨᠢ ᠤᠳᠠᠭᠠᠨ ᠰᠠᠭᠤᠬᠤ᠎ᠡᠴᠡ ᠪᠤᠯᠤᠭᠰᠠᠨ ᠶᠡᠬᠡ ᠲᠠᠷᠢᠬᠢᠨ᠎ᠳᠤ ᠦᠵᠡᠭᠦᠯᠬᠦ ᠨᠠᠵᠠᠭᠠᠢ ᠨᠥᠯᠥᠭᠡ᠎ᠶᠢ ᠪᠠᠭᠠᠰᠬᠠᠬᠤ᠎ᠳᠦ ᠠᠰᠢᠭᠲᠠᠢ᠃ ᠣᠴᠣᠢᠵᠤ ᠰᠠᠭᠤᠨ ᠪᠣᠯᠪᠠᠰᠤᠷᠠᠬᠤ ᠦᠶᠡᠰ ᠬᠥᠳᠡᠯᠭᠡᠭᠡᠨ᠎ᠢᠶᠡᠨ ᠵᠥᠪ ᠪᠠᠢᠯᠭᠠᠵᠤ᠂ ᠡᠪᠦᠳᠦᠭ᠎ᠦᠨ ᠦᠶ᠎ᠡ᠎ᠪᠡᠨ ᠪᠦᠬᠦ ᠶᠠᠪᠤᠴᠠ᠎ᠳᠤ ᠳᠣᠲᠣᠭ᠍ᠰᠢ ᠬᠤᠮᠢᠬᠤ ᠦᠭᠡᠢ ᠪᠠᠢᠵᠤ᠂ ᠦᠶ᠎ᠡ᠎ᠪᠡᠨ ᠭᠡᠮᠲᠦᠭᠡᠬᠦ᠎ᠡᠴᠡ ᠬᠢᠴᠢᠶᠡᠪᠡᠯ ᠵᠤᠬᠢᠨ᠎ᠠ᠃


8.jpg

 

ᠵᠠᠯᠭᠠᠭᠠᠳ 《ᠮᠢᠨᠤ ᠠᠷᠠᠳ᠎ᠤᠨ ᠳᠠᠭᠤᠤ》 ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠲᠠ ᠪᠦᠬᠦᠨ᠎ᠤ ᠬᠦᠯᠢᠶᠡᠨ ᠠᠪᠴᠤ᠌ ᠰᠤᠨᠤᠰᠤᠬ᠍ᠰᠠᠨ᠎ᠳᠤ  ᠪᠠᠶᠠᠷᠯᠠᠯ᠎ᠠ᠂  ᠪᠠᠶᠠᠷᠳᠠᠢ!

(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂  ᠮᠠᠨ᠎ᠤ ᠤᠷᠤᠨ᠎ᠤ ᠡᠯ᠎ᠠ ᠠᠢᠮᠠᠭ ᠬᠤᠳᠠ᠂  ᠬᠤᠰᠢᠭᠤ ᠰᠢᠶᠠᠨ᠎ᠤ  ᠵᠢᠷᠬᠢᠶ᠎ᠠ᠎ᠶᠢᠨ ᠲᠠᠪᠴᠠᠩ)

ᠬᠤᠪᠢᠶᠠᠯᠴᠠᠬᠤ᠄
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄0471-6635435 ᠢᠮᠧᠯ᠄mgyxw@163.com   蒙ICP备10000005号