



ᠨᠡᠢᠭᠡᠮ
✦ᠪᠥᠬᠥ ᠤᠯᠤᠰ᠎ᠤᠨ ᠵᠣᠨ᠎ᠤ ᠠᠮᠤ ᠪᠤᠳᠠᠭ᠎ᠠ ᠬᠤᠳᠠᠯᠳᠤᠨ ᠠᠪᠬᠤ ᠠᠵᠢᠯ ᠣᠷᠭᠢᠯ᠎ᠤᠨ
ᠬᠤᠭᠤᠴᠠᠭᠠᠨ᠎ᠳᠤ ᠤᠷᠤᠵᠤ᠂ ᠣᠲᠣᠬᠠᠨ᠎ᠳᠤ ᠨᠡᠶ᠋ᠢᠲᠡ 5000 ᠲᠦᠮᠡᠨ
ᠲᠣᠨ ᠵᠣᠨ᠎ᠤ ᠠᠮᠤ ᠪᠤᠳᠠᠭ᠎ᠠ ᠬᠤᠳᠠᠯᠳᠤᠨ ᠠᠪᠴᠠᠢ᠃

✦3᠎ᠤ ᠡᠳᠦᠷ᠂ ᠪᠦᠬᠦ ᠤᠯᠤᠰ᠎ᠤᠨ ᠢᠳᠡᠭᠡᠨ᠎ᠦ ᠠᠮᠤᠷ ᠲᠦᠪᠰᠢᠨ᠎ᠦ
ᠳᠣᠲᠣᠭᠠᠳᠤ᠎ᠶᠢᠨ ᠪᠠᠢᠳᠠᠯ ᠢ ᠢᠯᠡᠴᠢᠯᠡᠨ ᠮᠡᠳᠡᠭᠦᠯᠬᠦ ᠰᠢᠰᠲᠧᠮ ᠠᠰᠢᠭ᠍ᠯᠠᠯᠲᠠ ᠳᠤ ᠣᠷᠣᠪᠠ᠃
✦ᠵᠠᠬ᠎ᠠ
ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠶᠡᠷᠦᠩᠬᠡᠢ ᠲᠣᠪᠴᠢᠶ᠎ᠠ ᠵᠡᠷᠭᠡ 9 ᠰᠠᠯᠠᠭ᠎ᠠ ᠮᠥᠴᠢᠷ ᠪᠢᠴᠢᠭ ᠮᠠᠲᠧᠷᠢᠶᠠᠯ ᠪᠠᠭᠤᠯᠭᠠᠵᠤ᠂ 《ᠬᠤᠪᠢ᠎ᠶᠢᠨ ᠦᠢᠯᠡᠳᠪᠦᠷᠢ ᠬᠤᠳᠠᠯᠳᠤᠭᠠᠨ᠎ᠤ ᠡᠷᠦᠬᠡ᠎ᠶᠢ ᠳᠡᠰ
ᠳᠡᠪᠰᠢᠭᠦᠯᠦᠨ ᠬᠤᠪᠢᠷᠠᠭᠤᠯᠵᠤ ᠠᠵᠤ ᠠᠬᠤᠢᠯᠠᠯ ᠪᠣᠯᠭᠠᠬᠤ》᠎ᠶᠢ ᠭᠦᠢᠴᠡᠳᠬᠡᠬᠦ ᠶᠠᠪᠤᠴᠠ᠎ᠶᠢ ᠰᠢᠯᠢᠳᠡᠭᠵᠢᠭᠦᠯᠦᠨ᠂ ᠬᠤᠪᠢ᠎ᠶᠢᠨ
ᠠᠵᠤ ᠦᠢᠯᠡᠳᠪᠦᠷᠢ ᠬᠤᠳᠠᠯᠳᠤᠭᠠᠨ᠎ᠤ ᠡᠷᠦᠬᠡ᠎ᠶᠢᠨ ᠬᠡᠯᠪᠡᠷᠢ᠎ᠪᠡᠨ ᠬᠤᠪᠢᠷᠠᠭᠤᠯᠤᠨ ᠲᠠᠰ ᠳᠡᠪᠰᠢᠭᠦ᠎ᠶᠢ ᠳᠡᠮᠵᠢᠵᠦ᠂
ᠪᠤᠵᠠᠭᠠᠢᠷᠠᠭᠤᠯᠤᠨ ᠬᠦᠴᠦᠷᠬᠡᠭᠵᠢᠭᠦᠯᠬᠦ᠎ᠶᠢ ᠵᠤᠷᠢᠭᠵᠢᠭᠤᠯᠵᠠᠢ᠃
✦2025 ᠣᠨ᠎ᠤ ᠳᠡᠭᠡᠷ᠎ᠡ ᠬᠠᠭᠠᠰ ᠵᠢᠯ᠎ᠳᠦ᠂ ᠮᠠᠨ᠎ᠤ ᠤᠷᠤᠨ 34 ᠪᠡᠶ᠎ᠡ᠎ᠪᠡᠨ ᠳᠠᠭᠠᠭᠠᠭᠰᠠᠨ ᠰᠢᠨ᠎ᠡ ᠬᠡᠯᠪᠡᠷᠢ᠎ᠶᠢᠨ ᠡᠨᠧᠷᠭᠢ
ᠬᠠᠳᠠᠭᠠᠯᠠᠬᠤ ᠴᠠᠬᠢᠯᠭᠠᠨ ᠥᠷᠲᠡᠭᠡ᠎ᠶᠢ ᠰᠢᠨ᠎ᠡ᠎ᠪᠡᠷ ᠡᠬᠢᠯᠡᠨ
ᠪᠠᠢᠭᠤᠯᠪᠠ᠃
✦ᠤᠯᠤᠰ᠎ᠤᠨ
ᠳᠣᠲᠣᠭᠠᠳᠤ᠎ᠶᠢᠨ ᠠᠩᠬᠠᠳᠠᠭ᠍ᠴᠢ ᠮᠤᠵᠢ ᠠᠯᠤᠰᠯᠠᠭᠰᠠᠨ ᠠᠯᠤᠰ ᠵᠠᠢ᠎ᠵᠢᠨ᠂ ᠶᠡᠬᠡ ᠬᠡᠪᠴᠢᠶᠡᠨ᠎ᠦ ᠪᠤᠬᠢᠷᠳᠤᠯ
ᠦᠭᠡᠢ ᠤᠰᠤᠲᠥ᠋ᠷᠥᠭᠴᠢ ᠬᠣᠭᠣᠯᠠᠢ᠎ᠶᠢᠨ ᠲᠥᠷᠥᠯ ᠵᠦᠢᠯ — ᠮᠠᠨ᠎ᠤ ᠤᠷᠤᠨ᠎ᠤ ᠤᠯᠠᠭᠠᠨᠴᠠᠪ
ᠬᠣᠲᠠ᠎ᠠᠴᠠ ᠪᠡᠭᠡᠵᠢᠩ ᠲᠢᠶᠠᠨᠵᠢᠨ ᠾᠧᠪᠧᠢ ᠬᠦᠷᠬᠦ ᠤᠰᠤᠲᠥ᠋ᠷᠥᠭᠴᠢ ᠬᠡᠢ ᠳᠠᠮᠵᠢᠭᠤᠯᠬᠤ ᠬᠣᠭᠣᠯᠠᠢ᠎ᠶᠢᠨ ᠵᠢᠱ᠌ᠢᠶ᠎ᠡ
ᠦᠵᠡᠭᠦᠯᠬᠦ ᠢᠨᠵᠧᠨᠧᠷᠢᠩ᠎ᠦᠨ ᠥᠪᠥᠷ ᠮᠣᠩᠭᠣᠯ᠎ᠤᠨ ᠬᠡᠰᠡᠭ ᠣᠢᠷ᠎ᠠ᠎ᠳᠤ ᠵᠥᠪᠰᠢᠶᠡᠷᠡᠯ ᠤᠯᠪᠠ᠃

✦ᠥᠪᠡᠷᠲᠡᠭᠡᠨ
ᠵᠠᠰᠠᠬᠤ ᠣᠷᠣᠨ᠎ᠤ ᠡᠪᠯᠡᠯ᠎ᠦᠨ ᠬᠣᠷᠢᠶ᠎ᠠ᠎ᠶᠢᠨ ᠮᠡᠳᠡᠭᠡ᠎ᠶᠢ ᠦᠨᠳᠦᠰᠦᠯᠡᠪᠡᠯ᠂ 2᠎ᠤᠨ ᠡᠳᠦᠷ 2025 ᠣᠨ᠎ᠤ ᠥᠪᠡᠷᠲᠡᠭᠡᠨ ᠵᠠᠰᠠᠬᠤ ᠣᠷᠣᠨ᠎ᠤ ᠣᠶᠤᠲᠠᠳ᠎ᠤᠨ ᠵᠣᠨ᠎ᠤ
ᠠᠮᠠᠷᠠᠯᠲᠠ᠎ᠶᠢᠨ ᠬᠤᠭᠤᠴᠠᠭᠠᠨ ᠳ᠋ᠡᠬᠢ ᠳᠠᠳᠤᠯᠭ᠎ᠠ᠎ᠵᠢᠨ ᠲᠥᠯᠥᠪᠯᠡᠭᠡ ᠡᠬᠢᠯᠡᠵᠤ᠂ ᠰᠤᠷᠭᠠᠭᠤᠯᠢ᠎ᠳᠤ
ᠪᠠᠢᠭ᠎ᠠ ᠣᠶᠤᠲᠠᠳ᠂ ᠲᠡᠭᠦᠰᠦᠭᠰᠡᠳ ᠵᠢᠴᠢ ᠲᠡᠭᠦᠰᠦᠭᠡᠳ ᠬᠣᠶᠠᠷ ᠵᠢᠯ᠎ᠦᠨ ᠳᠣᠲᠣᠷ᠎ᠠ ᠠᠵᠢᠯ ᠣᠯᠣᠭᠠᠳᠤᠢ ᠬᠦᠮᠦᠰ᠎ᠲᠦ
2 ᠲᠦᠮᠨ ᠭᠠᠷᠤᠢ ᠳᠠᠳᠤᠯᠭ᠎ᠠ᠎ᠵᠢᠨ ᠠᠵᠢᠯ᠎ᠤᠨ ᠪᠠᠢᠷᠢᠬᠠᠩᠭᠠᠬᠤ
ᠪᠤᠯᠤᠨ᠎ᠠ᠃

✦2025 ᠤᠨ᠎ᠤ ᠵᠤᠬᠢᠶᠠᠮᠠᠯ ᠤᠶᠤᠨ ᠴᠢᠳᠠᠪᠤᠷᠢ ᠵᠢᠨ ᠬᠤᠷᠠᠯ 7 ᠰᠠᠷ᠎ᠠ᠎ᠵᠢᠨ 12᠎ᠤᠨ ᠡᠳᠦᠷ ᠬᠦᠬᠡᠬᠤᠲᠠ᠎ᠳᠦ ᠬᠤᠷᠠᠯᠳᠤᠬᠤ ᠪᠡᠷ ᠪᠤᠢ᠂ ᠡᠨᠡ
ᠨᠢ ᠲᠤᠭᠠᠴᠠᠯᠠᠭᠰᠠᠨ ᠠᠵᠤ ᠠᠬᠤᠢ᠎ᠵᠢᠨ ᠬᠦᠷᠢᠶᠡᠨ᠎ᠳᠡᠬᠢ ᠪᠠᠰᠠ ᠨᠢᠭᠡᠨ ᠥᠪᠡᠳᠡᠭᠰᠢ ᠶᠠᠪᠤᠳᠠᠯ ᠪᠤᠯᠤᠨ᠎ᠠ᠃
✦4᠎ᠤ ᠡᠳᠦᠷ᠎ᠡᠴᠡ ᠡᠬᠢᠯᠡᠨ᠂ ᠬᠦᠪᠡᠭᠡᠲᠦ ᠰᠢᠷ᠎ᠠ ᠬᠤᠰᠢᠭᠤ
ᠪᠠ ᠰᠢᠯᠢᠩᠬᠤᠲᠠ᠎ᠵᠢᠨ ᠬᠤᠭᠤᠷᠤᠨᠳᠤᠬᠢ ᠤᠢᠷ᠎ᠠ ᠵᠠᠮ᠎ᠤᠨ ᠵᠥᠭᠡᠭᠡᠪᠦᠷᠢ᠎ᠵᠢᠨ ᠠᠭᠠᠷ᠎ᠤᠨ ᠠᠶᠠᠯᠠᠯ᠎ᠤᠨ
ᠱᠤᠭᠤᠮ ᠠᠶᠠᠯᠠᠯᠵᠢᠡᠨ ᠰᠡᠷᠭᠦᠭᠡᠪᠡ᠃

ᠠᠵᠤ ᠠᠬᠤᠢ
✦ᠬᠤᠳᠠᠯᠳᠤᠭᠠᠨ᠎ᠤ
ᠶᠠᠪᠤᠳᠠᠯ᠎ᠤᠨ ᠶᠠᠮᠤᠨ᠎ᠤ ᠲᠣᠭ᠎ᠠ ᠪᠠᠷᠢᠮᠲᠠ᠎ᠳᠤ ᠢᠯᠡᠷᠡᠭᠦᠯᠦᠭᠰᠡᠨ᠎ᠢᠶᠡᠷ᠂ ᠡᠨᠡ ᠵᠢᠯ᠎ᠦᠨ ᠳᠡᠭᠡᠷ᠎ᠡ ᠬᠠᠭᠠᠰ
ᠵᠢᠯ᠎ᠳᠦ ᠪᠥᠬᠥ ᠤᠯᠤᠰ᠎ᠤᠨ ᠬᠠᠭᠤᠴᠢᠨ᠎ᠢᠶᠠᠷ ᠰᠢᠨ᠎ᠡ᠎ᠶᠢ ᠰᠣᠯᠢᠬᠤ ᠠᠷᠭ᠎ᠠ ᠮᠠᠶᠢᠭ᠋᠎ᠢᠶᠠᠷ ᠪᠣᠷᠣᠯᠠᠭᠤᠯᠤᠭᠰᠠᠨ
ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠨᠢ ᠰᠠᠷ᠎ᠠ ᠪᠦᠷᠢ ᠳᠤᠮᠳᠠᠴᠢ᠎ᠪᠠᠷ 113.5% ᠪᠡᠷ ᠨᠡᠮᠡᠭᠳᠡᠵᠡᠢ᠃
✦ᠰᠢᠯᠤᠭᠤᠨ
ᠬᠥᠬᠡ ᠬᠤᠰᠢᠭᠤᠨ᠎ᠤ ᠤᠷᠠᠴᠤᠤᠯ ᠭᠠᠷ ᠤᠷᠠᠯᠠᠯ᠎ᠤᠨ ᠰᠠᠭᠤᠷᠢᠨ᠎ᠤ ᠬᠢᠨ ᠡᠯ᠎ᠡ ᠲᠥᠷᠥᠯ᠎ᠤᠨ ᠭᠠᠷ ᠤᠷᠠᠯᠠᠯ᠎ᠤᠨ
ᠪᠤᠯᠪᠠᠰᠤᠷᠠᠯ ᠡᠷᠬᠢᠯᠡᠬᠦ᠎ᠪᠡᠷ ᠳᠠᠮᠵᠢᠨ᠂ ᠮᠠᠯᠴᠢᠨ ᠪᠥᠰᠡᠭᠦᠢᠴᠦᠦᠯᠳᠦ ᠭᠠᠷ ᠤᠷᠠᠯᠠᠯ᠂ ᠢᠰᠡᠭᠡᠢ ᠤᠷᠠᠯᠠᠯ
ᠵᠢᠭᠠᠵᠤ᠂ ᠤᠳᠤᠬᠠᠨ᠎ᠳᠤ ᠨᠢᠭᠡᠨᠲᠡ 408 ᠬᠤᠭᠤᠴᠠᠭᠠᠨ᠎ᠤ ᠪᠤᠯᠪᠠᠰᠤᠷᠠᠯ ᠡᠷᠬᠢᠯᠡᠵᠦ᠂ 3000 ᠭᠠᠷᠤᠢ ᠤᠷᠠᠯᠢᠭᠴᠢ᠎ᠨᠢ ᠬᠥᠮᠥᠵᠢᠭᠦᠯᠵᠦ᠂ ᠰᠤᠶᠤᠯ᠎ᠤᠨ
ᠡᠭᠦᠳᠦᠯᠲᠡ᠎ᠵᠢᠨ ᠦᠢᠯᠡᠳᠬᠦᠨ᠎ᠤ ᠪᠤᠷᠤᠯᠠᠭᠤᠯᠤᠯᠲᠠ᠎ᠵᠢᠨ ᠬᠡᠮᠵᠢᠶ᠎ᠡ 300 ᠲᠥᠮᠡᠨ ᠲᠥᠭᠥᠷᠢᠭ᠎ᠲᠦ ᠬᠦᠷᠴᠡᠢ᠃
ᠰᠤᠶᠤᠯ
✦2025 ᠣᠨ᠎ᠤ ᠱᠠᠩᠬᠠᠢ᠎ᠶᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ᠎ᠶᠢᠨ
ᠤᠯᠤᠰ᠎ᠤᠨ ᠺᠢᠨᠣ᠋ ᠶᠢᠨ ᠨᠠᠢᠷ᠎ᠤᠨ ᠡᠬᠢᠯᠡᠯᠲᠡ᠎ᠶᠢᠨ ᠶᠣᠰᠣᠯᠠᠯ 3᠎ᠤ ᠡᠳᠦᠷ ᠴᠦᠩᠴᠢᠩ᠎ᠳᠤ ᠶᠠᠪᠤᠭᠳᠠᠪᠠ᠃

✦ᠤᠢᠷ᠎ᠠ᠎ᠳᠦ
ᠠᠯᠠᠱᠠ ᠠᠢᠮᠠᠭ᠎ᠤᠨ ᠭᠡᠷᠡᠯ ᠵᠢᠷᠤᠭᠴᠢᠨ ᠰ·ᠬᠠᠰᠪᠠᠭᠠᠨ᠎ᠠ᠎ᠵᠢᠨ 《ᠬᠤᠯᠠ᠎ᠶᠢ ᠵᠤᠷᠢᠬᠤᠢ》 ᠪᠥᠲᠥᠭᠡᠯ ᠨᠢ ᠰᠢᠶᠠᠩᠭᠠᠩ᠎ᠤᠨ 15 ᠳ᠋ᠤᠭᠠᠷ ᠬᠤᠭᠤᠴᠠᠭᠠᠨ᠎ᠤ ᠪᠦᠬᠦ ᠤᠯᠤᠰ᠎ᠤᠨ ᠭᠡᠷᠡᠯ
ᠵᠢᠷᠤᠭ᠎ᠤᠨ ᠦᠵᠡᠰᠬᠦᠯᠡᠩ᠎ᠤᠨ ᠥᠩᠭᠡ ᠦᠵᠡᠮᠵᠢ᠎ᠵᠢᠨ ᠭᠡᠷᠡᠯ ᠵᠢᠷᠤᠭ᠎ᠤᠨ ᠠᠯᠲᠠᠨ ᠱᠠᠩᠨᠠᠯ ᠪᠤᠯᠤᠨ 2025 ᠤᠨ᠎ᠤ ᠳᠤᠮᠳᠠᠳᠤ ᠤᠯᠤᠰ᠎ᠤᠨ ᠭᠡᠷᠡᠯ ᠵᠢᠷᠤᠭ᠎ᠤᠨ 《ᠠᠯᠲᠠᠨ ᠯᠤᠤ》 ᠱᠠᠩᠨᠠᠯ᠎ᠤᠨ ᠰᠢᠯᠢᠳᠡᠭ ᠪᠥᠲᠥᠭᠡᠯ᠎ᠤᠨ ᠠᠮᠵᠢᠯᠲᠠ
ᠪᠥᠲᠥᠮᠵᠢ᠎ᠵᠢᠨ ᠱᠠᠩᠨᠠᠯ᠎ᠢ ᠲᠤᠰᠴᠠᠢ᠃

ᠲᠠᠮᠢᠷ
✦2025 ᠤᠨ᠎ᠤ ᠪᠦᠬᠦ ᠤᠯᠤᠰ᠎ᠤᠨ U17 ᠳᠡᠯᠡᠬᠡᠢ᠎ᠵᠢᠨ ᠪᠦᠬᠡ᠎ᠵᠢᠨ ᠺᠯᠦᠪ᠎ᠤᠨ
ᠤᠷᠤᠯᠳᠤᠭᠠᠨ ᠲᠦᠷᠦᠭᠦᠬᠡᠨ ᠴᠦᠩᠴᠢᠩ ᠬᠤᠲᠠ᠎ᠳᠦ ᠶᠠᠪᠤᠭᠳᠠᠵᠤ᠂ ᠵᠡᠭᠦᠨ ᠥᠵᠥᠮᠥᠴᠢᠨ ᠬᠤᠰᠢᠭᠤᠨ᠎ᠤ《ᠪᠤᠷᠬᠠᠨᠲᠤ》 ᠥᠰᠪᠥᠷᠢ ᠪᠠᠭᠠᠴᠤᠳ᠎ᠤᠨ ᠴᠢᠯᠦᠭᠡᠲᠦ ᠪᠥᠭᠡᠵᠢᠨ ᠺᠯᠦᠪ᠎ᠤᠨ
ᠲᠠᠮᠢᠷᠴᠢᠳ ᠨᠢᠭᠡᠴᠢ᠎ᠵᠢᠨ ᠪᠠᠷᠢᠯᠳᠤᠭᠠᠨ᠎ᠳᠦ ᠲᠦᠷᠦᠭᠦᠯᠡᠵᠦ᠂ ᠬᠤᠪᠢ ᠬᠦᠮᠦᠨ᠎ᠤ ᠪᠠᠷᠢᠯᠳᠤᠭᠠᠨ᠎ᠳᠤ 4 ᠠᠯᠲᠠᠨ ᠮᠸᠲᠡᠯ᠂ 2 ᠮᠥᠩᠭᠥᠨ ᠮᠸᠲᠡᠯ᠂ 3 ᠬᠦᠷᠡᠯ ᠮᠸᠲᠡᠯ ᠬᠦᠷᠲᠡᠵᠡᠢ᠃

ᠳᠡᠯᠡᠬᠡᠢ
✦ᠲᠥᠪ
ᠲᠸᠯᠸᠢᠰ᠎ᠤᠨ ᠮᠡᠳᠡᠭᠡ᠎ᠶᠢ ᠦᠨᠳᠦᠰᠦᠯᠡᠪᠡᠯ᠂ ᠲᠤᠬᠠᠢ᠎ᠶᠢᠨ ᠭᠠᠵᠠᠷ᠎ᠤᠨ ᠴᠠᠭ᠎ᠢᠶᠠᠷ 3᠎ᠤ ᠡᠳᠦᠷ᠂ ᠤᠷᠤᠰ᠎ᠤᠨ ᠶᠡᠷᠦᠩᠬᠡᠢᠯᠡᠭᠴᠢ ᠫᠦᠲ᠋ᠢᠨ ᠠᠮᠧᠷᠢᠺᠠ᠎ᠶᠢᠨ
ᠶᠡᠷᠦᠩᠬᠡᠢᠯᠡᠭᠴᠢ ᠲᠸᠷᠠᠮᠫᠦ᠋ ᠲᠠᠢ ᠤᠲᠠᠰᠤ᠎ᠪᠠᠷ 1 ᠴᠠᠭ ᠭᠠᠷᠤᠢ ᠶᠠᠷᠢᠯᠴᠠᠵᠤ᠂ ᠬᠣᠶᠠᠷ ᠲᠠᠯ᠎ᠠ᠎ᠪᠠᠷ᠎ᠢᠶᠠᠨ ᠳᠤᠮᠳᠠᠳᠤ
ᠳᠣᠷᠣᠨᠠᠲᠤ᠎ᠶᠢᠨ ᠪᠠᠢᠳᠠᠯ᠂ ᠤᠷᠤᠰ ᠦᠺᠷᠠᠢᠨ᠎ᠤ ᠬᠡᠯᠡᠯᠴᠡᠭᠡᠷ ᠵᠡᠷᠭᠡ ᠠᠰᠠᠭᠤᠳᠠᠯ ᠢ ᠶᠠᠷᠢᠯᠴᠠᠪᠠ᠃

✦ᠲᠤᠬᠠᠢ᠎ᠶᠢᠨ
ᠭᠠᠵᠠᠷ᠎ᠤᠨ ᠴᠠᠭ᠎ᠢᠶᠠᠷ 3᠎ᠤ ᠡᠳᠦᠷ᠎ᠦᠨ ᠥᠷᠯᠥᠭᠡ ᠢᠨᠳᠤᠨᠧᠰᠢᠶ᠎ᠠ᠎ᠶᠢᠨ ᠨᠢᠭᠡᠨ ᠠᠶᠠᠨᠴᠢᠨ᠎ᠤ
ᠣᠩᠭᠣᠴᠠ ᠵᠢᠪᠪᠦᠭᠰᠡᠨ ᠡᠨᠳᠡᠯ ᠭᠠᠷᠴᠤ᠂ 6 ᠬᠥᠮᠥᠨ ᠡᠨᠳᠡᠭᠰᠡᠨ ᠢ ᠲᠣᠳᠣᠯᠠᠭᠠᠳ ᠪᠤᠢ᠃
ᠦᠢᠯᠡᠴᠢᠯᠡᠭᠡ
✦ᠥᠪᠥᠷ ᠮᠣᠩᠭᠣᠯ᠎ᠤᠨ ᠠᠨᠠᠭᠠᠬᠤ ᠤᠬᠠᠭᠠᠨ᠎ᠤ
ᠶᠡᠬᠡ ᠰᠤᠷᠭᠠᠭᠤᠯᠢ ᠡᠷᠳᠡᠮ ᠰᠢᠨᠵᠢᠯᠡᠭᠡᠨ᠎ᠦ ᠲᠤᠰᠠᠯᠠᠭ᠍ᠴᠢ ᠡᠯᠰᠡᠵᠦ ᠪᠤᠢ᠃
ᠲᠠᠨ᠎ᠤ ᠲᠤᠰᠡ ᠳ᠋ᠤ
✦ᠮᠠᠷᠢᠶ᠎ᠠ ᠰᠢᠭᠤᠷᠠᠭᠤᠯᠬᠤ ᠬᠤᠭᠤᠴᠠᠭᠠᠨ᠎ᠳᠤ ᠤᠭᠤᠷᠠᠭ ᠡᠯᠪᠡᠭ ᠢᠳᠡᠭᠡᠨ᠎ᠢ
ᠭᠦᠢᠴᠡᠳ ᠢᠳᠡᠬᠦ ᠶᠢ ᠠᠩᠬᠠᠷᠬᠤ ᠬᠡᠷᠡᠭᠲᠡᠢ᠃ ᠥᠭᠡᠬᠦ ᠪᠠ ᠤᠭᠤᠷᠠᠭ ᠡᠯᠪᠡᠭ ᠢᠳᠡᠭᠡᠨ᠂ ᠵᠢᠱ᠌ᠢᠶᠡᠯᠡᠪᠡᠯ ᠵᠢᠭᠠᠰᠤ᠂
ᠰᠠᠮ ᠬᠣᠷᠣᠬᠠᠢ᠂ ᠲᠠᠬᠢᠶᠠᠨᠡᠪᠴᠢᠭᠦᠨ ᠮᠢᠬ᠎ᠠ᠂ ᠰᠢᠷ᠎ᠠ ᠪᠤᠷᠴᠠᠭ᠎ᠤᠨ ᠢᠳᠡᠭᠡᠨ᠂ ᠥᠭᠡᠬᠦ ᠦᠭᠡᠢᠳᠡᠭᠦᠯᠦᠭᠰᠡᠨ
ᠰᠦ᠂ ᠦᠬᠡᠷ᠎ᠦᠨ ᠬᠠᠷ᠎ᠠ ᠮᠢᠬ᠎ᠠ ᠵᠡᠷᠭᠡ ᠨᠢ ᠪᠤᠯᠴᠢᠩ ᠰᠤᠯᠠᠷᠠᠬᠤ ᠲᠦᠭᠰᠢᠭᠦᠷᠢ᠎ᠶᠢ ᠪᠠᠭᠠᠰᠬᠠᠬᠤ᠎ᠳᠦ
ᠠᠰᠢᠭᠲᠠᠢ᠃
ᠵᠠᠯᠭᠠᠭᠠᠳ 《ᠵᠢᠷᠦᠬᠡᠨ᠎ᠡᠴᠡ
ᠤᠶᠠᠭᠠᠲᠠᠢ ᠨᠤᠲᠤᠭ》 ᠬᠡᠬᠦ ᠲᠠᠭᠤᠤ
ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠲᠠ ᠪᠦᠬᠦᠨ᠎ᠤ
ᠬᠦᠯᠢᠶᠡᠨ ᠠᠪᠴᠤ᠌ ᠰᠤᠨᠤᠰᠤᠬ᠍ᠰᠠᠨ᠎ᠳᠤ ᠪᠠᠶᠠᠷᠯᠠᠯ᠎ᠠ᠂ ᠪᠠᠶᠠᠷᠳᠠᠢ!
(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ
ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ
ᠲᠠᠪᠴᠠᠩ᠂ ᠮᠠᠨ᠎ᠤ ᠤᠷᠤᠨ᠎ᠤ ᠡᠯ᠎ᠠ ᠠᠢᠮᠠᠭ
ᠬᠤᠳᠠ᠂ ᠬᠤᠰᠢᠭᠤ ᠰᠢᠶᠠᠨ᠎ᠤ ᠵᠢᠷᠬᠢᠶ᠎ᠠ᠎ᠶᠢᠨ ᠲᠠᠪᠴᠠᠩ)