8 ᠰᠠᠷ᠎ᠠ ᠵᠢᠨ 1 ᠎ᠤ ᠡᠳᠤᠷ
ᠡᠬᠢᠯᠡᠬᠦ᠌ ᠴᠠᠭ᠄
2025-08-01 10:29:59
ᠨᠠᠶ᠋ᠢᠷᠠᠭᠤᠯᠤᠭᠴᠢ ᠄
ᠤᠷᠠᠨᠲᠠᠨ᠎ᠡ
ᠨᠡᠪᠲᠡᠷᠡᠬᠦᠯᠦᠭᠴᠢ ᠄
ᠤᠷᠠᠨᠲᠠᠨ᠎ᠠ
ᠮᠡᠷᠭᠡᠵᠢᠯ ᠄

ᠤᠩᠰᠢᠭᠰᠠᠨ ᠤᠳᠠᠭ᠎ᠠ᠄



ᠨᠡᠢᠭᠡᠮ 

                       

✦ᠮᠠᠨ ᠎ᠤ ᠤᠯᠤᠰ ᠢᠨᠲᠧᠷ ᠰᠦᠯᠵᠢᠶᠡᠨ᠎ᠦ ᠳᠣᠣᠷ᠎ᠠ ᠲᠣᠭᠣᠷᠢᠯ ᠵᠠᠮ ᠎ᠤᠨ ᠳᠠᠭᠠᠭᠤᠯᠢ ᠣᠲᠣ᠌᠎ᠶᠢ ᠠᠮᠵᠢᠯᠲᠠᠲᠠᠢ ᠬᠠᠷᠪᠤᠪᠠ᠃

✦ᠪᠦᠬᠦ ᠤᠯᠤᠰ ᠎ᠤᠨ ᠰᠢᠶᠠᠩ ᠪᠠᠯᠭᠠᠰᠤ (ᠵᠡᠭᠡᠯᠢ ᠭᠤᠳᠤᠮᠵᠢ)ᠵᠢᠨ ᠡᠭᠦᠷᠭᠡ ᠲᠤᠰᠢᠶᠠᠯ ᠎ᠢᠶᠠᠨ ᠭᠦᠢᠴᠡᠳᠬᠡᠬᠦ ᠵᠦᠢᠯᠡᠰ᠎ᠦᠨ ᠨᠠᠷᠢᠨ ᠳᠠᠨᠭᠰᠠ ᠵᠢ  ᠪᠦᠬᠦᠨ ᠎ᠢ ᠨᠠᠢᠷᠠᠭᠤᠯᠤᠨ ᠵᠣᠬᠢᠶᠠᠪᠠ᠃

✦ᠠᠩᠬᠠᠳᠤᠭᠠᠷ ᠬᠤᠭᠤᠴᠠᠭᠠᠨ ᠎ᠤ ᠪᠥᠬᠥ ᠤᠯᠤᠰ ᠎ᠤᠨ ᠵᠠᠯᠠᠭᠤᠴᠤᠳ ᠪᠠᠭᠠᠴᠤᠳ᠎ᠤᠨ ᠬᠦᠨᠳᠦ ᠬᠥᠩᠭᠡᠨ ᠪᠡᠶ᠎ᠡ᠎ᠶᠢᠨ ᠲᠠᠮᠢᠷ᠎ᠤᠨ ᠴᠤᠭᠯᠠᠭᠠᠨ᠎ᠤ ᠤᠷᠢᠶ᠎ᠠ᠂ ᠴᠤᠭᠯᠠᠭᠠᠨ ᠎ᠤ ᠰᠦᠯᠳᠡ᠂ ᠥᠯᠵᠡᠢᠲᠦ ᠠᠮᠢᠲᠠᠨ᠎ᠢ ᠨᠡᠢᠲᠡᠯᠡᠪᠡ᠃

✦ᠥᠪᠡᠷᠲᠡᠭᠡᠨ ᠵᠠᠰᠠᠬᠤ ᠣᠷᠣᠨ ᠎ᠦ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ ᠎ᠦᠨ ᠪᠠᠲᠤᠯᠠᠭ᠎ᠠ᠎ᠶᠢᠨ ᠲᠢᠩᠬᠢᠮ ᠲᠦᠷᠦᠭᠦᠬᠡᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠎ᠤ ᠠᠵᠢᠯ ᠦᠢᠯᠡᠰ ᠎ᠦᠨ ᠨᠢᠭᠡᠴᠢ᠎ᠶᠢᠨ ᠠᠵᠢᠯᠲᠠᠨ ᠠᠯᠪᠠᠨ ᠲᠤᠰᠢᠶᠠᠯ ᠥᠷᠢᠰᠦᠯᠳᠦᠵᠦ ᠠᠵᠢᠯ᠎ᠤᠨ ᠪᠠᠢᠷᠢ ᠎ᠳᠤ ᠭᠠᠷᠬᠤ ᠬᠠᠮᠢᠶᠠᠷᠤᠯᠲᠠ᠎ᠶᠢᠨ ᠠᠷᠭ᠎ᠠ》ᠵᠢ ᠳᠠᠷᠤᠮᠠᠯᠯᠠᠨ ᠲᠠᠷᠬᠠᠭᠠᠪᠠ᠃  


7ebf7e58-1ee8-4ce3-acd2-8577599498cc.jpg

✦7 ᠰᠠᠷ᠎ᠠ᠎ᠶᠢᠨ 29᠎ᠤ ᠡᠳᠦᠷ᠂ ᠶᠢᠰᠦᠳᠦᠭᠡᠷ ᠬᠤᠭᠤᠴᠠᠭᠠᠨ᠎ᠤ ᠪᠥᠬᠥ ᠤᠯᠤᠰ ᠎ᠤᠨ ᠳᠤᠮᠳᠠᠳᠤ ᠰᠤᠷᠭᠠᠭᠤᠯᠢ᠎ᠶᠢᠨ ᠰᠤᠷᠤᠭ᠍ᠴᠢᠳ᠎ᠤᠨ ᠳᠠᠭᠤᠷᠢᠶᠠᠮᠠᠯ ᠣᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶᠢᠨ ᠶᠡᠬᠡ ᠬᠤᠷᠠᠯ ᠬᠥᠬᠡᠬᠣᠲᠠ᠎ᠳᠤ ᠶᠠᠪᠤᠭᠳᠠᠪᠠ᠃ ᠡᠨᠡᠬᠦ ᠤᠯᠤᠰ ᠎ᠤᠨ ᠳᠡᠰ᠎ᠤᠨ ᠵᠠᠯᠠᠭᠤᠴᠤᠳ ᠪᠠᠭᠠᠴᠤᠳ᠎ᠤᠨ ᠡᠷᠳᠡᠮ ᠰᠢᠨᠵᠢᠯᠡᠭᠡᠨ ᠎ᠤ ᠠᠵᠢᠯᠯᠠᠭ᠎ᠠ ᠠᠩᠬ᠎ᠠ ᠤᠳᠠᠭ᠎ᠠ ᠮᠠᠨ᠎ᠤ ᠣᠷᠣᠨ᠎ᠳᠤ ᠶᠠᠪᠤᠭᠳᠠᠵᠤ᠂ ᠪᠥᠬᠥ ᠤᠯᠤᠰ᠎ᠤᠨ 25 ᠮᠤᠵᠢ᠂ 60 ᠭᠠᠷᠤᠢ ᠰᠤᠷᠭᠠᠭᠤᠯᠢ᠎ᠶᠢᠨ 500 ᠭᠠᠷᠤᠢ ᠪᠠᠭ᠍ᠰᠢ ᠰᠤᠷᠤᠭ᠍ᠴᠢ ᠤᠷᠤᠯᠴᠠᠵᠠᠢ᠃

✦ᠣᠢᠷ᠎ᠠ᠎ᠳᠤ ᠠᠯᠠᠱᠠ ᠠᠢᠮᠠᠭ 《ᠵᠠᠭ ᠎ᠤᠨ ᠴᠢᠬᠢ ᠮᠣᠳᠣ᠌ ᠪᠣᠢᠵᠢᠭᠤᠯᠬᠤ ᠮᠡᠷᠭᠡᠵᠢᠯ᠎ᠦᠨ ᠳᠦᠷᠢᠮ》᠎ᠤᠨ ᠰᠢᠨ᠎ᠡ ᠬᠡᠪᠯᠡᠯ ᠎ᠢ ᠨᠡᠢᠲᠡᠯᠡᠵᠦ᠂ ᠲᠠᠷᠢᠶᠠᠨ ᠡᠮ᠎ᠢ ᠬᠡᠷᠡᠭᠯᠡᠬᠦ᠎ᠳᠦ ᠬᠢᠵᠠᠭᠠᠷᠯᠠᠬᠤ ᠲᠣᠬᠢᠷᠠᠭᠤᠯᠤᠯᠲᠠ ᠬᠢᠵᠡᠢ᠃


640 (3).jpg


✦ᠵᠢᠱ᠌ᠢᠯᠳᠡ ᠪᠡᠷ᠂ 2030 ᠤᠨ ᠪᠤᠯᠬᠤ᠎ᠳᠤ ᠲᠦᠩᠯᠢᠶᠤᠤ ᠬᠤᠳᠠ ᠵᠢᠨ ᠤᠢ ᠰᠢᠭᠤᠢ ᠵᠢᠨ ᠪᠦᠷᠬᠦᠴᠡ᠎ᠶᠢᠨ ᠨᠣᠷᠮ᠎ᠠ᠂ ᠨᠤᠲᠤᠭ ᠪᠡᠯᠴᠢᠭᠡᠷ᠎ᠦᠨ ᠶᠡᠷᠦᠩᠬᠡᠢᠯᠡᠭᠰᠡᠨ ᠤᠷᠭᠤᠮᠠᠯ᠎ᠤᠨ ᠬᠤᠴᠢᠯᠭ᠎ᠠ ᠲᠣᠭᠲᠠᠭᠤᠨ ᠵᠢᠡᠷ ᠳᠡᠭᠡᠭᠰᠢᠯᠡᠵᠦ᠂ ᠡᠯᠡᠰᠦᠷᠬᠡᠭ ᠣᠷᠣᠨ᠎ᠤ ᠲᠠᠷᠢᠶᠠᠨ ᠭᠠᠵᠠᠷ ᠎ᠦᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠎ᠤᠨ ᠪᠦᠲᠦᠭᠡᠨ ᠪᠠᠢᠭᠤᠯᠤᠯᠲᠠ 100%᠎ᠳᠤ ᠬᠦᠷᠴᠦ᠂ ᠡᠯᠡᠰᠦᠷᠬᠡᠭ ᠣᠷᠣᠨ ᠎ᠤ ᠬᠥᠮᠥᠨ ᠳᠤᠮᠳᠠᠴᠢ᠎ᠶᠢᠨ ᠡᠵᠡᠮᠳᠡᠵᠦ ᠪᠣᠯᠬᠤᠢᠴᠠ ᠣᠷᠣᠯᠭ᠎ᠠ ᠵᠢᠯ ᠳᠤᠮᠳᠠᠴᠢ᠎ᠪᠠᠷ 8%᠎ᠪᠠᠷ ᠳᠡᠭᠡᠭᠰᠢᠯᠡᠬᠦ ᠪᠣᠯᠣᠨ᠎ᠠ᠃

✦ᠣᠳᠣᠬᠠᠨ ᠪᠣᠯᠲᠠᠯ᠎ᠠ᠂ ᠪᠠᠶᠠᠠᠨᠠᠭᠤᠷ ᠬᠣᠳᠠ᠎ᠶᠢᠨ 26 ᠡᠮᠴᠢᠯᠡᠭᠡᠨ ᠎ᠦ ᠪᠠᠢᠭᠤᠯᠤᠮᠵᠢ ᠪᠡᠶ᠎ᠡ᠎ᠶᠢᠨ ᠬᠦᠨᠳᠦ ᠵᠢᠨ ᠬᠠᠮᠢᠶᠠᠷᠤᠯᠲᠠ᠎ᠶᠢᠨ ᠡᠭᠦᠳᠡᠨ ᠡᠮᠨᠡᠯᠭᠡ᠎ᠶᠢ ᠲᠣᠬᠢᠷᠠᠭᠤᠯᠵᠤ᠂ ᠨᠡᠶ᠋ᠢᠲᠡ 4217 ᠬᠥᠮᠥᠨ᠎ᠢ ᠬᠦᠯᠢᠶᠡᠨ ᠠᠪᠴᠤ ᠡᠮᠴᠢᠯᠡᠨ᠂ 2430 ᠬᠥᠮᠥᠨ ᠮᠠᠷᠢᠶ᠎ᠠ᠎ᠪᠠᠨ ᠰᠢᠭᠤᠷᠠᠭᠤᠯᠵᠠᠢ᠃


ᠲᠦᠩᠯᠢᠦᠤᠤ.jpg


ᠠᠵᠤ ᠠᠬᠤᠢ  


✦ᠳᠡᠭᠡᠷ᠎ᠡ ᠬᠠᠭᠠᠰ ᠵᠢᠯ᠎ᠳᠦ ᠪᠥᠬᠥ ᠤᠯᠤᠰ᠎ᠤᠨ ᠬᠡᠪᠴᠢᠶᠡᠵᠢᠯ᠎ᠡᠴᠡ ᠳᠡᠭᠡᠭᠰᠢᠬᠢ ᠰᠣᠶᠣᠯ ᠵᠢᠴᠢ ᠬᠣᠯᠪᠣᠭᠳᠠᠯ ᠪᠦᠬᠦᠢ ᠠᠵᠤ ᠦᠢᠯᠡᠰ᠎ᠦᠨ ᠠᠵᠤ ᠠᠬᠤᠢᠯᠠᠯ᠎ᠤᠨ ᠪᠡᠶᠡᠯᠡᠭᠦᠯᠦᠭᠰᠡᠨ ᠡᠵᠡᠩᠨᠡᠯᠲᠡ᠎ᠶᠢᠨ ᠣᠷᠣᠯᠭ᠎ᠠ 71292 ᠳ᠋ᠦᠩᠰᠢᠭᠤᠷ ᠲᠥᠭᠥᠷᠢᠭ᠎ᠲᠦ ᠬᠦᠷᠴᠦ᠂ ᠲᠦᠷᠦᠭᠦᠦ ᠵᠢᠯ᠎ᠦᠨ ᠠᠳᠠᠯᠢ ᠬᠤᠭᠤᠴᠠᠭᠠᠨ᠎ᠤ ᠬᠢ᠎ᠡᠴᠡ 7.4%᠎ᠪᠠᠷ ᠨᠡᠮᠡᠭᠳᠡᠪᠡ᠃


ᠰᠤᠶᠤᠯ 

✦7 ᠰᠠᠷ᠎ᠠ ᠵᠢᠨ 28 ᠎ᠤ ᠡᠳᠦᠷ᠂ ᠦᠦᠰᠢᠨ ᠬᠣᠰᠢᠭᠤᠨ ᠎ᠤ 《ᠵᠠᠩᠭᠠᠷ》 ᠪᠠᠭᠠᠴᠤᠳ ᠬᠡᠦᠬᠡᠳ᠎ᠦᠨ ᠤᠷᠠᠯᠢᠭ᠋ ᠎ᠤᠨ ᠪᠦᠯᠬᠦᠮ ᠎ᠦᠨ ᠪᠢᠴᠢᠬᠠᠨ ᠵᠠᠩᠭᠠᠷᠴᠢᠳ ᠪᠡᠭᠡᠵᠢᠩ᠎ᠳᠤ ᠬᠦᠷᠴᠦ ᠤᠯᠤᠰ ᠎ᠤᠨ ᠶᠡᠬᠡ ᠵᠦᠴᠦᠭᠡ᠎ᠶᠢᠨ ᠬᠦᠷᠢᠶᠡᠯᠡᠩ᠎ᠤᠨ ᠬᠡᠦᠬᠡᠳ ᠪᠠᠭᠠᠴᠤᠳ᠎ᠦᠨ ᠤᠷᠠᠯᠢᠭ᠋ ᠰᠣᠶᠣᠯ ᠎ᠤᠨ ᠲᠤᠰᠬᠠᠢ ᠲᠠᠯᠠᠪᠠᠢ ᠲᠣᠭᠯᠠᠯᠲᠠ᠎ᠳᠤ ᠤᠷᠤᠯᠴᠠᠵᠤ᠂ 《ᠵᠠᠩᠭᠠᠷ》᠎ᠤᠨ ᠳᠤᠤᠯᠢ ᠵᠢᠨ ᠡᠭᠡᠰᠢᠭ ᠠᠶᠠᠯᠭᠤ ᠵᠢ ᠦᠵᠡᠭᠴᠢ ᠤᠯᠠᠨ᠎ᠳᠤ ᠰᠤᠨᠢᠷᠬᠠᠭᠤᠯᠵᠠᠢ᠃


b715-153096cba45b67cfb2c196c182793af8.jpg


✦2025 ᠣᠨ᠎ᠤ ᠤᠯᠠᠭᠠᠨᠴᠠᠪ ᠬᠤᠲᠠ᠎ᠶᠢᠨ ᠠᠷᠪᠠᠨ ᠳᠥᠷᠪᠡᠳᠦᠭᠡᠷ ᠬᠤᠭᠤᠴᠠᠭᠠᠨ᠎ᠤ 《ᠲᠠᠯ᠎ᠠ ᠨᠤᠲᠤᠭ᠎ᠤᠨ ᠠᠶᠠᠯᠠᠯ》ᠨᠠᠭᠠᠳᠤᠮ ᠪᠠ ᠤᠯᠠᠭᠠᠨᠴᠠᠪ ᠬᠣᠲᠠ᠎ᠶᠢᠨ ᠮᠣᠩᠭᠣᠯ ᠮᠣᠷᠢᠨ᠎ᠤ ᠳᠡᠰ᠎ᠠᠴᠠ ᠳᠠᠪᠠᠭᠰᠠᠨ ᠬᠣᠯᠪᠣᠭᠠᠲᠤ ᠤᠷᠤᠯᠳᠤᠭᠠᠨ 8 ᠰᠠᠷ᠎ᠠ᠎ᠶᠢᠨ 8 — 12᠎ᠤᠨ ᠡᠳᠦᠷ ᠪᠣᠯᠲᠠᠯ᠎ᠠ ᠳᠥᠷᠪᠡᠳ ᠬᠣᠰᠢᠭᠤᠨ᠎ᠤ ᠭᠡᠭᠡᠨᠲᠠᠯ᠎ᠠ ᠲᠠᠯ᠎ᠠ ᠨᠤᠲᠤᠭ᠎ᠤᠨ ᠵᠢᠭᠤᠯᠴᠢᠯᠠᠯ᠎ᠤᠨ ᠦᠵᠡᠮᠵᠢ᠎ᠶᠢᠨ ᠣᠷᠣᠨ᠎ᠳᠤ ᠶᠠᠪᠤᠬᠳᠠᠬᠤ ᠪᠡᠷ ᠪᠤᠢ᠃


9c4fd2a99d3c289c5e1bb0f82673f10b.jpeg


✦ᠤᠷᠴᠢᠮᠬᠠᠨ ᠤᠷᠠᠳ ᠎ᠤᠨ ᠬᠣᠢᠲᠤ ᠬᠣᠰᠢᠭᠤᠨ ᠎ᠤ ᠴᠤᠠᠠᠠᠦ᠋ᠨᠳᠤᠷ ᠪᠠᠯᠭᠠᠰᠤᠨ ᠎ᠤ ᠺᠢᠨᠤ᠋ ᠵᠦᠴᠦᠭᠡ᠎ᠶᠢᠨ ᠲᠢᠶᠠᠲᠷ ᠎ᠲᠤ ᠨᠠᠰᠤᠲᠠᠢᠴᠤᠳ ᠎ᠤᠨ ᠤᠷᠠᠨ ᠰᠠᠢᠬᠠᠨ᠎ᠤ ᠲᠣᠭᠯᠠᠯᠲᠠ ᠬᠥᠷ ᠬᠥᠭᠵᠢᠶᠡᠨᠲᠡᠢ ᠶᠠᠪᠤᠭᠳᠠᠵᠠᠢ᠃ ᠲᠣᠭᠯᠠᠯᠲᠠ᠎ᠳᠤ ᠨᠠᠰᠤᠲᠠᠢᠴᠤᠳ ᠤᠶᠠᠩᠭ᠎ᠠ ᠳᠠᠭᠤᠤ᠎ᠪᠠᠨ ᠳᠠᠭᠤᠯᠠᠨ ᠤᠷᠠᠨ ᠪᠥᠵᠢᠭ᠎ᠢᠶᠡᠨ ᠪᠥᠵᠢᠭᠯᠡᠵᠦ᠂ ᠬᠤᠭᠤᠷ ᠬᠥᠭᠵᠢᠮ ᠎ᠢᠶᠡᠨ ᠡᠭᠡᠰᠢᠭᠯᠡᠭᠦᠯᠵᠦ ᠥᠲᠡᠯᠦᠭᠡ ᠨᠠᠰᠤᠨ᠎ᠤ ᠴᠤᠭ ᠵᠢᠪᠬᠤᠭ᠎ᠠ᠎ᠪᠠᠨ ᠬᠠᠷᠠᠭᠤᠯᠵᠠᠢ᠃


640 (1).jpg


640.jpg 

ᠲᠠᠮᠢᠷ 


✦ᠠᠷᠪᠠᠨ ᠨᠢᠭᠡᠳᠦᠭᠡᠷ ᠬᠤᠭᠤᠴᠠᠭᠠᠨ᠎ᠦ ᠴᠥᠭᠡᠨ ᠲᠣᠭᠠᠲᠤ ᠦᠨᠳᠦᠰᠦᠲᠡᠨ᠎ᠦ ᠤᠯᠠᠮᠵᠢᠯᠠᠯᠲᠤ ᠪᠡᠶ᠎ᠡ᠎ᠶᠢᠨ ᠲᠠᠮᠢᠷ᠎ᠤᠨ ᠴᠤᠭᠯᠠᠭᠠᠨ᠎ᠳᠤ ᠬᠦᠯᠦᠨ ᠪᠤᠢᠷ ᠬᠣᠲᠠ ᠵᠢᠨ ᠰᠢᠲᠠᠷᠠᠴᠢᠳ ᠮᠣᠩᠭᠣᠯ ᠰᠢᠲᠠᠷ᠎ᠠ᠎ᠶᠢᠨ ᠤᠷᠤᠯᠳᠤᠭᠠᠨ᠎ᠳᠤ ᠬᠤᠪᠢ ᠬᠥᠮᠥᠨ᠎ᠦ ᠤᠷᠤᠯᠳᠤᠭᠠᠨ᠎ᠤ ᠠᠯᠲᠠᠨ ᠮᠧᠳᠠᠯ᠂ ᠬᠠᠮᠲᠤ ᠨᠢᠭᠡᠴᠢ᠎ᠶᠢᠨ ᠤᠷᠤᠯᠳᠤᠭᠠᠨ᠎ᠤ ᠮᠥᠩᠭᠥᠨ ᠮᠧᠳᠡᠯ ᠬᠦᠷᠲᠡᠪᠡ᠃

✦7 ᠰᠠᠷ᠎ᠠ ᠵᠢᠨ 29᠎ᠤ ᠡᠳᠦᠷ᠂ 2025 ᠣᠨ᠎ᠤ ᠪᠦᠬᠦ ᠤᠯᠤᠰ᠎ᠤᠨ ᠵᠠᠯᠠᠭᠤᠴᠤᠳ ᠪᠠᠭᠠᠴᠤᠳ᠎ᠤᠨ《ᠲᠠᠯ᠎ᠠ ᠨᠤᠲᠤᠭ ᠬᠤᠨᠳᠠᠭᠠᠲᠤ》ᠬᠥᠯ ᠪᠥᠮᠪᠥᠭᠡ᠎ᠶᠢᠨ ᠣᠷᠣᠯᠳᠤᠭᠠᠨ ᠴᠠᠬᠠᠷ ᠪᠠᠷᠠᠭᠤᠨ ᠭᠠᠷᠤᠨ ᠡᠮᠦᠨᠡᠲᠦ ᠬᠣᠰᠢᠭᠤᠨ᠎ᠳᠤ ᠡᠬᠢᠯᠡᠪᠡ᠃ ᠤᠷᠤᠯᠳᠤᠭᠠᠨ ᠨᠢ 8 ᠰᠠᠷ᠎ᠠ᠎ᠶᠢᠨ 4᠎ᠦ ᠡᠳᠦᠷ ᠪᠣᠯᠲᠠᠯ᠎ᠠ ᠶᠠᠪᠤᠭᠳᠠᠵᠤ᠂ ᠪᠦᠬᠦ ᠤᠯᠤᠰ᠎ᠤᠨ 28 ᠪᠥᠮᠪᠥᠭᠡᠨ ᠺᠯᠦ᠋ᠪ᠎ᠦᠨ 57 ᠪᠥᠮᠪᠥᠭᠡᠨ ᠠᠩᠭᠢ ᠣᠷᠣᠯᠴᠠᠵᠤ᠂ 10 ᠳᠤᠭᠤᠢᠯᠠᠩ ᠬᠤᠪᠢᠶᠠᠨ ᠣᠷᠣᠯᠳᠤᠨ᠎ᠠ᠃


ᠲᠡᠯᠡᠬᠡᠢ 

✦ᠰᠢᠨᠬᠤᠸᠠ ᠬᠣᠷᠢᠶ᠎ᠠ ᠎ᠶᠢᠨ ᠮᠡᠳᠡᠭᠡ᠎ᠶᠢ ᠦᠨᠳᠦᠰᠦᠯᠡᠪᠡᠯ᠂ ᠲᠸᠷᠠᠮᠫᠦ᠋ ᠡᠨᠡᠳᠬᠡᠭ ᠎ᠦᠨ ᠦᠢᠯᠡᠳᠬᠦᠨ᠎ᠡᠴᠡ 20% — 25%᠎ᠶᠢᠨ ᠪᠣᠭᠣᠮᠲᠠ᠎ᠶᠢᠨ ᠭᠠᠢᠯᠢ ᠲᠠᠲᠠᠪᠤᠷᠢᠯᠠᠬᠤ᠎ᠪᠠᠷ ᠰᠦᠷᠳᠡᠭᠦᠯᠪᠡ᠃

✦ᠰᠢᠨᠬᠤᠸᠠ ᠬᠣᠷᠢᠶ᠎ᠠ ᠎ᠶᠢᠨ ᠮᠡᠳᠡᠭᠡ ᠎ᠶᠢ ᠦᠨᠳᠦᠰᠦᠯᠡᠪᠡᠯ᠂ ᠹᠷᠠᠨᠼᠢ ᠵᠡᠷᠭᠡ 15 ᠤᠯᠤᠰ ᠎ᠤᠨ ᠭᠠᠳᠠᠭᠠᠳᠤ ᠶᠠᠪᠤᠳᠠᠯ᠎ᠤᠨ ᠶᠠᠮᠤᠨ ᠎ᠤ ᠰᠠᠢᠳ ᠫᠠᠯᠸᠰᠲ᠋ᠠᠢ᠍ᠢᠨ ᠤᠯᠤᠰ᠎ᠢ ᠮᠡᠳᠡᠷᠡᠬᠦ᠎ᠶᠢ ᠤᠷᠢᠶᠠᠯᠠᠪᠠ᠃


ᠦᠢᠯᠡᠴᠢᠯᠡᠭᠡ  


✦ᠬᠦᠬᠡᠬᠤᠳᠠ ᠵᠢᠨ ᠰᠢᠨ᠎ᠡ ᠬᠤᠲᠠ ᠲᠤᠭᠤᠷᠢᠭ ᠴᠡᠴᠡᠷᠯᠢᠭ᠎ᠤᠨ ᠪᠠᠬᠰᠢ ᠠᠵᠢᠯᠳᠠᠨ ᠡᠯᠰᠡᠵᠤ ᠪᠤᠢ᠃ 

 

ᠲᠠᠨ ᠎ᠤ ᠲᠤᠰᠡ ᠳ᠋ᠤ 


✦ᠤᠷᠤᠰ ᠰᠤᠩᠬᠢᠨ᠎ᠠ ᠭᠡᠷᠴᠢᠪᠡᠯ ᠶᠠᠭᠠᠬᠢᠭᠠᠳ ᠨᠢᠯᠪᠤᠰᠤ ᠭᠠᠷᠳᠠᠭ ᠪᠤᠢ?

ᠣᠷᠣᠰ ᠰᠣᠩᠭᠢᠨ᠎ᠠ ᠳᠣᠲᠣᠷ᠎ᠠ ᠨᠢᠭᠡ ᠵᠦᠢᠯ᠎ᠦᠨ ᠰᠠᠷᠢᠮᠰᠠᠭ᠎ᠤᠨ ᠠᠮᠢᠨ ᠬᠦᠴᠢᠯ᠎ᠦᠨ ᠢᠰᠬᠡᠭᠦᠷ ᠠᠭᠤᠯᠳᠠᠭ᠂ ᠣᠷᠣᠰ ᠰᠣᠩᠭᠢᠨ᠎ᠠ᠎ᠶᠢ ᠬᠡᠷᠴᠢᠬᠦ ᠦᠶ᠎ᠡ᠎ᠳᠦ ᠡᠨᠡᠬᠦ ᠢᠰᠬᠡᠭᠦᠷ ᠨᠢ ᠨᠢᠭᠡ ᠵᠦᠢᠯ᠎ᠦᠨ ᠬᠡᠢ ᠪᠡᠶᠡᠲᠦ ᠬᠡᠯᠪᠡᠷᠢ᠎ᠶᠢᠨ ᠬᠢᠮᠢ᠎ᠶᠢᠨ ᠪᠣᠳᠠᠰ ᠪᠣᠯᠵᠤ ᠠᠭᠠᠷ᠎ᠲᠤ ᠳᠠᠷᠬᠠᠨ᠂ ᠬᠥᠮᠥᠨ᠎ᠦ ᠨᠢᠳᠦᠨ᠎ᠦ ᠡᠪᠡᠷᠯᠢᠭ ᠪᠦᠷᠬᠦᠪᠴᠢ᠎ᠶᠢᠨ ᠮᠡᠳᠡᠷᠡᠯ᠎ᠳᠤ ᠰᠡᠳᠦᠯᠲᠡ ᠥᠭᠲᠡᠭ᠎ᠡᠴᠡ ᠨᠢᠯᠪᠤᠰᠤ ᠤᠷᠤᠰᠤᠭᠤᠯᠳᠠᠭ ᠶᠤᠮ᠃

ᠣᠷᠣᠰ ᠰᠣᠩᠭᠢᠨ᠎ᠠ᠎ᠶᠢ ᠬᠥᠯᠳᠡᠭᠡᠭᠦᠷ᠎ᠲᠦ 5 — 10 ᠮᠢᠨᠦ᠋ᠲ ᠲᠠᠯᠪᠢᠭ᠍ᠰᠠᠨ᠎ᠤ ᠳᠠᠷᠠᠭ᠎ᠠ ᠠᠪᠴᠤ ᠭᠠᠷᠭᠠᠭᠠᠳ ᠳᠠᠬᠢᠨ ᠬᠡᠷᠴᠢᠪᠡᠯ ᠰᠡᠳᠦᠯᠲᠡ᠎ᠶᠢᠨ ᠴᠢᠨᠠᠷᠲᠠᠢ ᠦᠨᠦᠷ ᠨᠢ ᠪᠠᠭ᠎ᠠ ᠰᠢᠭ ᠪᠣᠯᠵᠤ᠂ ᠬᠡᠷᠴᠢᠬᠦ ᠎ᠳᠦ ᠨᠢᠯᠪᠤᠰᠤ ᠭᠠᠷᠬᠤ ᠦᠭᠡᠢ ᠪᠣᠯᠣᠨ᠎ᠠ᠃ ᠬᠡᠷᠪᠡ ᠬᠥᠯᠳᠡᠭᠡᠭᠦᠷ᠎ᠲᠦ ᠬᠢᠬᠦ ᠦᠭᠡᠢ ᠪᠣᠯ ᠣᠷᠣᠰ ᠰᠣᠩᠭᠢᠨ᠎ᠠ᠎ᠶᠢᠨ ᠲᠣᠯᠣᠭᠠᠢ ᠰᠡᠭᠦᠯ᠎ᠢ ᠨᠢ ᠬᠡᠷᠴᠢᠵᠦ᠂ ᠬᠣᠶᠠᠷ ᠬᠠᠭᠠᠰ ᠪᠣᠯᠭᠠᠨ ᠬᠦᠢᠲᠡᠨ ᠤᠰᠤᠨ᠎ᠳᠤ 10 ᠮᠢᠨᠦ᠋ᠲ ᠳᠡᠪᠲᠦᠭᠡᠪᠡᠯ ᠪᠠᠰᠠ ᠠᠳᠠᠯᠢᠬᠠᠨ ᠦᠢᠯᠡᠳᠦᠯ᠎ᠲᠠᠢ᠃

 

ᠵᠠᠯᠭᠠᠭᠠᠳ 《ᠠᠷᠢᠭᠤᠨ ᠬᠠᠢᠷ᠎ᠠ》 ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠨᠡᠪᠳᠡᠷᠡᠭᠦᠯᠬᠡ ᠮᠠᠨᠢ ᠲᠠ ᠪᠦᠬᠦᠨ᠎ᠳᠦ ᠲᠠᠭᠠᠯᠠᠬᠳᠠᠬᠰᠠᠨ ᠪᠤᠯ ᠤᠳᠤᠨ ᠳᠡᠮᠳᠡᠭ ᠱᠠᠩᠨᠠᠵᠤ ᠪᠢᠳᠡᠨ᠎ᠳᠤ ᠤᠷᠮ᠎ᠠ ᠬᠠᠢᠷᠠᠯᠠᠭᠠᠷᠠᠢ! ᠲᠠ ᠪᠦᠬᠦᠨ ᠎ᠤ ᠬᠦᠯᠢᠶᠡᠨ ᠠᠪᠴᠤ᠌ ᠰᠤᠨᠤᠰᠤᠬ᠍ᠰᠠᠨ ᠳ᠋ᠦ  ᠪᠠᠶᠠᠷᠯᠠᠯ᠎ᠠ᠂  ᠪᠠᠶᠠᠷᠳᠠᠢ!


ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂  ᠮᠠᠨ ᠎ᠤ ᠤᠷᠤᠨ᠎ᠤ ᠡᠯ᠎ᠠ ᠠᠢᠮᠠᠭ ᠬᠤᠳᠠ᠂  ᠬᠤᠰᠢᠭᠤ ᠰᠢᠶᠠᠨ ᠎ᠤ  ᠵᠢᠷᠬᠢᠶ᠎ᠠ᠎ᠶᠢᠨ ᠲᠠᠪᠴᠠᠩ


ᠬᠤᠪᠢᠶᠠᠯᠴᠠᠬᠤ᠄
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄0471-6635435 ᠢᠮᠧᠯ᠄mgyxw@163.com   蒙ICP备10000005号