8 ᠰᠠᠷ᠎ᠠ ᠵᠢᠨ 2 ᠎ᠤᠨ ᠡᠳᠤᠷ
ᠡᠬᠢᠯᠡᠬᠦ᠌ ᠴᠠᠭ᠄
2025-08-02 12:10:21
ᠨᠠᠶ᠋ᠢᠷᠠᠭᠤᠯᠤᠭᠴᠢ ᠄

ᠨᠡᠪᠲᠡᠷᠡᠬᠦᠯᠦᠭᠴᠢ ᠄

ᠮᠡᠷᠭᠡᠵᠢᠯ ᠄
  
ᠤᠩᠰᠢᠭᠰᠠᠨ ᠤᠳᠠᠭ᠎ᠠ᠄

封面模版.jpg


1754107748122.png


1. 天气预报模板_02.png


1754107709089(1).png


ᠨᠡᠢᠭᠡᠮ

✦ 8 ᠰᠠᠷ᠎ᠠ᠎ᠶᠢᠨ 1᠎ᠦ ᠡᠳᠦᠷ᠎ᠤᠨ ᠠᠷᠠᠳ᠎ᠤᠨ ᠴᠢᠯᠦᠭᠡᠯᠡᠬᠦ ᠴᠡᠷᠢᠭ ᠪᠠᠢᠭᠤᠯᠤᠭᠳᠠᠭᠰᠠᠨ 98 ᠵᠢᠯ᠎ᠤᠨ ᠪᠠᠶᠠᠷ ᠵᠢᠡᠷ᠂ ᠳᠤᠮᠳᠠᠳᠤ ᠤᠯᠤᠰ᠎ᠤᠨ ᠲᠡᠯᠡᠶ ᠶ᠋ᠢᠨ ᠴᠡᠷᠢᠭ᠎ᠦᠨ ᠤᠰᠤ ᠬᠠᠭᠤᠷᠠᠢ᠎ᠶᠢᠨ ᠳᠠᠭᠠᠷᠢᠯᠲᠠ ᠎ᠶᠢᠨ ᠳᠥᠷᠪᠡᠳᠡᠬᠢ 075 ᠬᠡᠯᠪᠡᠷᠢᠲᠦ ᠬᠥᠯᠭᠡ ᠣᠩᠭᠣᠴᠠ᠎ᠶᠢ ᠠᠯᠪᠠᠨ ᠶᠣᠰᠣᠭᠠᠷ 《ᠬᠤᠪᠧᠢ ᠨᠡᠷᠡᠮᠵᠢᠲᠦ ᠬᠥᠯᠭᠡ ᠣᠩᠭᠣᠴᠠ》 (ᠣᠩᠭᠣᠴᠠᠨ ᠎ᠤ ᠳ᠋ᠤᠭᠠᠷ 34) ᠭᠡᠵᠦ ᠨᠡᠷᠡᠢᠳᠪᠡ᠃


0640.png


✦ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ ᠶ᠋ᠢᠨ ᠶᠠᠮᠤᠨ 7 ᠰᠠᠷ᠎ᠠ᠎ᠶᠢᠨ 31᠎ᠦ ᠡᠳᠦᠷ《ᠨᠠᠰᠤ ᠬᠡᠲᠦᠷᠡᠭᠰᠡᠨ ᠬᠥᠳᠡᠯᠮᠦᠷᠢᠴᠢᠨ ᠤ᠋ ᠦᠨᠳᠦᠰᠦᠨ ᠡᠷᠬᠡ ᠠᠰᠢᠭ᠋᠎ᠢ ᠪᠠᠲᠤᠯᠠᠬᠤ ᠲᠦᠷ ᠬᠡᠷᠡᠭᠵᠢᠭᠦᠯᠬᠦ ᠲᠣᠭᠲᠠᠭᠠᠯ(ᠢᠯᠡ᠎ᠪᠡᠷ ᠰᠠᠨᠠᠯ ᠬᠤᠷᠢᠶᠠᠬᠤ ᠨᠣᠣᠷᠠᠭ)》᠎ᠢ ᠨᠡᠢᠲᠡᠯᠡᠵᠦ᠂ ᠲᠣᠰ ᠡᠳᠦᠷ᠎ᠡᠴᠡ ᠡᠬᠢᠯᠡᠨ 8 ᠰᠠᠷ᠎ᠠ ᠶ᠋ᠢᠨ 31᠎ᠦ ᠡᠳᠦᠷ ᠪᠣᠯᠲᠠᠯ᠎ᠠ ᠨᠡᠢᠭᠡᠮ ᠨᠡᠶ᠋ᠢᠲᠡ᠎ᠡᠴᠡ ᠢᠯᠡ᠎ᠪᠡᠷ ᠰᠠᠨᠠᠯ ᠬᠤᠷᠢᠶᠠᠨ᠎ᠠ᠃

✦ᠡᠨᠡ ᠵᠢᠯ᠎ᠡᠴᠡ ᠨᠠᠭᠠᠰᠢ᠂ ᠳᠤᠮᠳᠠᠳᠤ ᠤᠯᠤᠰ᠎ᠤᠨ ᠠᠷᠠᠯᠵᠢᠶ᠎ᠠ᠎ᠶᠢ ᠠᠬᠢᠭᠤᠯᠬᠤ ᠵᠦᠪᠯᠡᠯ ᠠᠵᠤ ᠠᠬᠤᠢᠯᠠᠯ᠎ᠤᠨ ᠬᠢᠯᠢ᠎ᠶᠢᠨ ᠭᠠᠳᠠᠨ᠎ᠠ ᠭᠠᠷᠴᠤ ᠦᠵᠡᠰᠬᠦᠯᠡᠩ ᠡᠷᠭᠢᠯᠡᠨ ᠦᠵᠡᠰᠬᠦᠯᠡᠩ᠎ᠳᠦ ᠣᠷᠣᠯᠴᠠᠬᠤ᠎ᠶᠢ ᠢᠳᠡᠪᠬᠢᠲᠡᠢ ᠪᠡᠷ ᠬᠥᠲᠥᠯᠥᠨ ᠵᠢᠯᠤᠭᠣᠳᠴᠤ᠂ ᠣᠯᠠᠨ ᠡᠰᠢᠲᠦ ᠵᠠᠬ᠎ᠠ ᠳᠡᠯᠭᠡᠭᠦᠷ᠎ᠢ ᠨᠡᠭᠡᠭᠡᠪᠡ᠃ ᠣᠲᠣᠬᠠᠨ ᠪᠣᠯᠲᠠᠯ᠎ᠠ᠂ ᠪᠥᠬᠥ ᠤᠯᠤᠰ᠎ᠤᠨ ᠭᠠᠳᠠᠭᠠᠳᠤ᠎ᠳᠤ ᠭᠠᠷᠴᠤ ᠦᠵᠡᠰᠬᠦᠯᠡᠩ ᠡᠷᠭᠢᠯᠡᠬᠦ᠎ᠳᠦ ᠣᠷᠣᠯᠴᠠᠭᠰᠠᠨ ᠠᠵᠤ ᠠᠬᠤᠢᠯᠠᠯ 2.3 ᠲᠦᠮᠡ ᠭᠠᠷᠤᠢ ᠪᠣᠯᠵᠠᠢ᠃

✦ᠲᠣᠭ᠎ᠠ ᠪᠠᠷᠢᠮᠲᠠ᠎ᠳᠤ ᠬᠠᠷᠠᠭᠤᠯᠤᠭᠰᠠᠨ᠎ᠢᠶᠠᠷ᠂ ᠡᠨᠡ ᠵᠢᠯ᠎ᠦᠨ 1 ᠡᠴᠡ 6 ᠰᠠᠷ᠎ᠠ ᠪᠣᠯᠲᠠᠯ᠎ᠠ ᠮᠠᠨ᠎ᠤ ᠤᠯᠤᠰ᠎ᠤᠨ ᠴᠠᠬᠢᠯᠭᠠᠨ ᠴᠡᠨᠡᠭᠯᠡᠬᠦ ᠰᠠᠭᠤᠷᠢ ᠲᠥᠬᠦᠭᠡᠷᠦᠮᠵᠢ᠎ᠶᠢᠨ ᠨᠡᠮᠡᠭᠳᠡᠯ᠎ᠦᠨ ᠬᠡᠮᠵᠢᠶ᠎ᠡ ᠠᠳᠠᠯᠢ ᠬᠤᠭᠤᠴᠠᠭᠠᠨ᠎ᠤ ᠬᠢ ᠡᠴᠡ ᠨᠢᠭᠡ ᠲᠠᠬᠢᠨ ᠰᠢᠬᠠᠮ ᠨᠡᠮᠡᠭᠳᠡᠵᠡᠢ᠃ 2025 ᠣᠨ᠎ᠤ 6 ᠰᠠᠷ᠎ᠠ᠎ᠶᠢᠨ ᠰᠡᠭᠦᠯᠴᠢ ᠪᠣᠯᠲᠠᠯ᠎ᠠ ᠮᠠᠨ᠎ᠤ ᠤᠯᠤᠰ᠎ᠤᠨ ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡᠨ᠎ᠦ ᠴᠠᠬᠢᠯᠭᠠᠨ ᠴᠡᠨᠡᠭᠯᠡᠬᠦ ᠰᠠᠭᠤᠷᠢ ᠲᠥᠬᠦᠭᠡᠷᠦᠮᠵᠢ᠎ᠶᠢᠨ ᠪᠥᠬᠥ ᠲᠣᠭ᠎ᠠ 1610.0 ᠲᠦᠮᠡ᠎ᠳᠦ ᠬᠦᠷᠴᠦ᠂ ᠠᠳᠠᠯᠢ ᠬᠤᠭᠤᠴᠠᠭᠠᠨ᠎ᠤ ᠬᠢ᠎ᠡᠴᠡ 55.6% ᠪᠡᠷ ᠨᠡᠮᠡᠭᠳᠡᠪᠡ᠃


640.png


✦ᠡᠯ᠎ᠡ ᠱᠠᠲᠤᠨ᠎ᠤ ᠡᠯ᠎ᠡ ᠲᠥᠷᠥᠯ᠎ᠦᠨ ᠡᠮᠴᠢᠯᠡᠭᠡᠨ᠎ᠦ ᠪᠠᠢᠭᠤᠯᠤᠮᠵᠢ᠎ᠶᠢ ᠤᠯᠠᠮ ᠨᠢᠭᠡ ᠠᠯᠬᠤᠮ ᠵᠢᠯᠤᠭᠣᠳᠴᠤ ᠪᠠᠢᠭᠠᠳ ᠺᠢᠺᠦ᠋ᠨᠺᠸᠨᠶᠠ᠎ᠶᠢᠨ ᠡᠮᠴᠢᠯᠡᠭᠡᠨ᠎ᠦ ᠠᠪᠤᠷᠠᠨ ᠵᠠᠰᠠᠬᠤ ᠠᠵᠢᠯ᠎ᠢ ᠰᠠᠢᠲᠤᠷ ᠬᠢᠵᠦ᠂ ᠵᠢᠷᠤᠮᠵᠢᠭ᠍ᠰᠠᠨ᠂ ᠢᠵᠢᠯᠰᠢᠭᠦᠯᠦᠭᠰᠡᠨ ᠣᠨᠣᠰᠢᠯᠠᠨ ᠡᠮᠨᠡᠬᠦ ᠬᠢᠷᠢ ᠲᠦᠪᠰᠢᠨ᠎ᠢ ᠳᠡᠭᠡᠭᠰᠢᠯᠡᠭᠦᠯᠬᠦ ᠶ᠋ᠢᠨ ᠲᠥᠯᠥᠭᠡ᠂ 2008 ᠣᠨ᠎ᠳᠤ ᠨᠡᠢᠲᠡᠯᠡᠭᠰᠡᠨ ᠺᠢᠺᠦ᠋ᠨᠺᠸᠨᠶᠠ᠎ᠶᠢᠨ ᠣᠨᠣᠰᠢᠯᠠᠯ ᠪᠠ ᠡᠮᠨᠡᠨ ᠵᠠᠰᠠᠬᠤ ᠲᠥᠰᠥᠯ᠎ᠦᠨ ᠰᠠᠭᠤᠷᠢᠨ ᠳᠡᠭᠡᠷ᠎ᠡ ᠤᠯᠤᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠵᠥᠪᠯᠡᠯ ᠪᠠ ᠤᠯᠤᠰ᠎ᠤᠨ ᠬᠢᠲᠠᠳ ᠡᠮ ᠡᠮᠨᠡᠯᠭᠡ᠎ᠶᠢᠨ ᠬᠠᠮᠢᠶᠠᠷᠤᠯᠲᠠ᠎ᠶᠢᠨ ᠲᠣᠪᠴᠢᠶ᠎ᠠ 7 ᠰᠠᠷ᠎ᠠ᠎ᠶᠢᠨ 31᠎ᠦ ᠡᠳᠦᠷ ᠺᠢᠺᠦ᠋ᠨᠺᠸᠨᠶᠠ ᠎ᠶᠢᠨ ᠡᠮᠴᠢᠯᠡᠭᠡᠨ ᠎ᠦ ᠲᠥᠰᠥᠯ (2025ᠣᠨ᠎ᠤ ᠬᠡᠪᠯᠡᠯ) ᠎ᠢ ᠨᠡᠢᠲᠡᠯᠡᠪᠡ᠃

✦ᠤᠯᠠᠭᠠᠨᠴᠠᠪ ᠬᠤᠳᠠ ᠵᠢᠭᠤᠯᠴᠢᠯᠠᠭᠰᠠᠳ᠎ᠤᠨ ᠠᠶᠠᠯᠠᠯ᠎ᠤᠨ ᠬᠡᠷᠡᠭᠴᠡᠭᠡ᠎ᠶᠢ ᠬᠠᠩᠭᠠᠬᠤ᠎ᠶᠢᠨ ᠲᠥᠯᠥᠭᠡ᠂ 8 ᠰᠠᠷ᠎ᠠ᠎ᠶᠢᠨ 2᠎ᠤᠨ ᠡᠳᠦᠷ ᠡᠴᠡ ᠡᠬᠢᠯᠡᠨ ᠵᠢᠨᠢᠩ᠎ᠡᠴᠡ ᠪᠠᠶᠠᠨᠴᠠᠭᠠᠨ ᠥᠷᠲᠡᠭᠡ ᠬᠦᠷᠬᠦ 《ᠭᠠᠯᠲᠤ ᠠᠭᠤᠯᠠ ᠨᠤᠮᠸᠷᠲᠤ》 ᠵᠢᠭᠤᠯᠴᠢᠯᠠᠯ᠎ᠤᠨ ᠭᠠᠯᠲᠤ ᠲᠡᠷᠭᠡ᠎ᠶᠢ ᠨᠡᠪᠲᠡᠷᠡᠬᠦᠯᠵᠦ᠂ ᠤᠯᠠᠭᠠᠨᠬᠠᠳᠠ᠎ᠶᠢᠨ ᠭᠠᠯᠲᠤ ᠠᠭᠤᠯᠠᠨ ᠳ᠋ᠤ ᠢᠷᠡᠭᠰᠡᠨ ᠵᠢᠭᠤᠯᠴᠢᠯᠠᠭᠰᠠᠳ᠎ᠲᠤ ᠳᠥᠭᠥᠮ ᠳᠥᠲᠡ ᠬᠠᠯᠠᠭᠤᠨ ᠳᠣᠲᠣᠨᠣ᠌ ᠦᠢᠯᠡᠴᠢᠯᠡᠭᠡ ᠬᠠᠩᠭᠠᠬᠤ᠎ᠪᠠᠷ ᠲᠥᠯᠥᠪᠯᠡᠵᠦ ᠪᠣᠶ᠃


微信图片_20250801104043.jpg


✦ᠣᠢᠷ᠎ᠠ᠎ᠳᠤ ᠬᠥᠯᠥᠨ ᠪᠤᠢ᠍ᠢᠷ ᠬᠤᠳᠠ ᠨᠡᠶ᠋ᠢᠲᠡ ᠶ᠋ᠢᠨ ᠠᠰᠠᠷᠠᠮᠵᠢ᠎ᠶᠢᠨ ᠲᠦᠷᠦᠯ ᠵᠦᠢᠯ ᠳ᠋ᠤ 161.42 ᠲᠦᠮᠡᠨ ᠲᠥᠭᠥᠷᠢᠭ᠎ᠤᠨ ᠪᠡᠯᠡ ᠮᠦᠩᠭᠦ ᠤᠷᠤᠭᠤᠯᠵᠤ᠂ ᠰᠦᠢᠳᠬᠡᠯ ᠬᠤᠷᠢᠶᠠᠬᠤ ᠦᠭᠡᠢ᠎ᠪᠡᠷ ᠨᠢᠳᠦᠨ᠎ᠦ ᠡᠪᠡᠳᠴᠢᠨ᠎ᠦ ᠪᠠᠢᠴᠠᠭᠠᠯᠲᠠ ᠬᠢᠬᠦ ᠪᠠ ᠮᠡᠰᠡ ᠵᠠᠰᠠᠯ ᠬᠢᠬᠦ᠎ᠳᠤ ᠬᠡᠷᠡᠭᠯᠡᠭᠦᠯᠬᠦ ᠪᠣᠯᠣᠨ᠎ᠠ᠃

 

640 (9).jpg  

                        

ᠠᠵᠤ ᠠᠬᠤᠢ

✦ᠳᠤᠮᠳᠠᠳᠤ ᠤᠯᠤᠰ᠎ᠤᠨ ᠦᠨᠡᠲᠦ ᠲᠡᠮᠳᠡᠭᠲᠦ᠎ᠶᠢᠨ ᠪᠡᠯᠡ ᠣᠷᠣᠭᠤᠯᠤᠯᠲᠠ᠎ᠶᠢᠨ ᠰᠠᠭᠤᠷᠢ ᠮᠥᠩᠭᠥᠨ᠎ᠦ ᠦᠢᠯᠡᠰ᠎ᠦᠨ ᠨᠡᠢᠭᠡᠮᠯᠢᠭ᠎ᠦᠨ ᠲᠣᠭ᠎ᠠ ᠪᠠᠷᠢᠮᠲᠠ᠎ᠳᠤ ᠬᠠᠷᠠᠭᠤᠯᠤᠭᠰᠠᠨ᠎ᠢᠶᠠᠷ᠂ 2025 ᠣᠨ᠎ᠤ 6 ᠰᠠᠷ᠎ᠠ ᠶ᠋ᠢᠨ ᠰᠡᠭᠦᠯᠴᠢ ᠪᠣᠯᠲᠠᠯ᠎ᠠ ᠮᠠᠨ᠎ᠤ ᠤᠯᠤᠰ᠎ᠤᠨ ᠬᠢᠯᠢ᠎ᠶᠢᠨ ᠳᠣᠲᠣᠷᠠᠬᠢ ᠢᠯᠡ ᠪᠡᠷ ᠴᠤᠭᠯᠠᠭᠤᠯᠬᠤ ᠰᠠᠭᠤᠷᠢ ᠮᠥᠩᠭᠥᠨ᠎ᠦ ᠬᠠᠮᠢᠶᠠᠷᠤᠯᠲᠠ᠎ᠶᠢᠨ ᠪᠠᠢᠭᠤᠯᠤᠮᠵᠢ ᠨᠡᠢ᠍ᠢᠳᠡ 164 ᠪᠣᠯᠵᠤ᠂ ᠢᠯᠡ᠎ᠪᠡᠷ ᠴᠤᠭᠯᠠᠭᠤᠯᠬᠤ ᠰᠠᠭᠤᠷᠢ ᠮᠥᠩᠭᠥᠨ᠎ᠦ ᠡᠳ᠋ ᠬᠥᠷᠥᠩᠭᠡ᠎ᠶᠢᠨ ᠴᠡᠪᠡᠷ ᠦᠷᠲᠡᠭ ᠨᠡᠢ᠍ᠢᠳᠡ 34.39 ᠲᠦᠮᠡᠨ ᠳ᠋ᠦᠩᠰᠢᠭᠤᠷ ᠲᠥᠭᠥᠷᠢᠭ᠎ᠲᠦ ᠬᠦᠷᠴᠡᠢ᠂ ᠡᠨᠡ ᠨᠢ ᠮᠥᠨ ᠴᠦ᠍ ᠮᠠᠨ᠎ᠤ ᠤᠯᠤᠰ ᠤ᠋ᠨ ᠢᠯᠡ᠎ᠪᠡᠷ ᠴᠤᠭᠯᠠᠭᠤᠯᠬᠤ ᠰᠠᠭᠤᠷᠢ ᠮᠥᠩᠭᠥᠨ᠎ᠦ ᠶᠡᠷᠦᠩᠬᠡᠢ ᠬᠡᠮᠵᠢᠶ᠎ᠠ 2024 ᠣᠨ᠎ᠤ ᠡᠬᠢᠨ᠎ᠡᠴᠡ ᠨᠠᠭᠠᠰᠢ ᠶᠢᠰᠦᠳᠡᠬᠢ ᠤᠳᠠᠭ᠎ᠠ ᠲᠡᠦᠬᠡ᠎ᠶᠢᠨ ᠰᠢᠨ᠎ᠡ ᠲᠡᠮᠳᠡᠭᠯᠡᠯ᠎ᠢ ᠡᠭᠦᠳᠴᠡᠢ᠃


640 (8).jpg


✦ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠎ᠶᠢᠨ ᠶᠠᠮᠤᠨ᠎ᠤ ᠮᠡᠳᠡᠭᠡ᠎ᠶᠢ ᠦᠨᠳᠦᠰᠦᠯᠡᠪᠡᠯ᠂ ᠳᠡᠭᠡᠷ᠎ᠠ ᠬᠠᠭᠠᠰ ᠵᠢᠯ᠎ᠳᠦ ᠬᠡᠪᠴᠢᠶᠡᠵᠢᠯ ᠡᠴᠡ ᠳᠡᠭᠡᠭᠰᠢᠬᠢ ᠡᠯᠧᠺᠲᠷᠣᠨ ᠮᠡᠳᠡᠭᠡ ᠵᠠᠩᠭᠢ᠎ᠶᠢᠨ ᠦᠢᠯᠡᠳᠬᠦ ᠦᠢᠯᠡᠰ᠎ᠦᠨ ᠨᠡᠮᠡᠭᠳᠡᠯ ᠥᠷᠲᠡᠭ ᠠᠳᠠᠯᠢ ᠬᠤᠭᠤᠴᠠᠭᠠᠨ᠎ᠤ ᠬᠢ᠎ᠡᠴᠡ 11.1% ᠪᠡᠷ ᠨᠡᠮᠡᠭᠳᠡᠵᠦ᠂ ᠨᠡᠮᠡᠭᠳᠡᠯ᠎ᠦᠨ ᠬᠤᠷᠳᠤᠴᠠ ᠨᠢ ᠲᠣᠰ ᠲᠣᠰ ᠠᠳᠠᠯᠢ ᠬᠤᠭᠤᠴᠠᠭᠠᠨ᠎ᠤ ᠠᠵᠤ ᠦᠢᠯᠡᠳᠪᠦᠷᠢ᠂ ᠳᠡᠭᠡᠳᠦ ᠮᠡᠷᠭᠡᠵᠢᠯ᠎ᠦᠨ ᠦᠢᠯᠡᠳᠬᠦ ᠦᠢᠯᠡᠰ᠎ᠦᠨ ᠬᠢ᠎ᠡᠴᠡ 4.7 ᠪᠠ 1.6 ᠵᠠᠭᠤᠨ᠎ᠤ ᠬᠤᠪᠢ ᠥᠨᠳᠥᠷ ᠪᠣᠯᠵᠠᠢ᠃

✦ᠳᠡᠭᠡᠷ᠎ᠠ ᠬᠠᠭᠠᠰ ᠵᠢᠯ᠎ᠳᠦ ᠮᠠᠨ᠎ᠤ ᠤᠯᠤᠰ᠎ᠤᠨ ᠠᠮᠧᠷᠢᠺᠠ᠎ᠳᠠᠬᠢ ᠭᠠᠳᠠᠭᠠᠳᠤ ᠣᠷᠣᠭᠤᠯᠤᠯᠲᠠ ᠭᠠᠷᠭᠠᠯᠲᠠ᠎ᠶᠢᠨ ᠪᠥᠬᠥ ᠥᠷᠲᠡᠭ 2.08 ᠲᠦᠮᠡᠨ ᠳ᠋ᠦᠩᠰᠢᠭᠤᠷ ᠲᠥᠭᠥᠷᠢᠭ᠎ᠲᠦ ᠬᠦᠷᠴᠦ᠂ ᠠᠳᠠᠯᠢ ᠬᠤᠭᠤᠴᠠᠭᠠᠨ᠎ᠤ ᠬᠢ᠎ᠡᠴᠡ 9.3% ᠪᠡᠷ ᠪᠠᠭᠤᠷᠠᠪᠠ᠃ ᠡᠭᠦᠨ ᠳ᠋ᠤ ᠭᠠᠳᠠᠭᠠᠳᠤ᠎ᠳᠤ ᠭᠠᠷᠭᠠᠭᠰᠠᠨ ᠬᠡᠮᠵᠢᠶ᠎ᠡ 1.55 ᠲᠦᠮᠡᠨ ᠳ᠋ᠦᠩᠰᠢᠭᠤᠷ ᠲᠥᠭᠥᠷᠢᠭ᠎ᠲᠦ ᠬᠦᠷᠴᠦ᠂ 9.9% ᠪᠡᠷ ᠪᠠᠭᠤᠷᠠᠵᠤ᠂ ᠭᠠᠳᠠᠭᠠᠳᠤ᠎ᠠᠴᠠ ᠣᠷᠣᠭᠤᠯᠤᠭᠰᠠᠨ ᠬᠡᠮᠵᠢᠶ᠎ᠡ 5303.5 ᠳ᠋ᠦᠩᠰᠢᠭᠤᠷ ᠲᠥᠭᠥᠷᠢᠭ᠎ᠲᠦ ᠬᠦᠷᠴᠦ᠂ 7.7% ᠪᠡᠷ ᠪᠠᠭᠤᠷᠠᠪᠠ᠃ ᠠᠮᠧᠷᠢᠺᠠ ᠎ᠶᠢᠨ 《ᠲᠡᠩᠴᠡᠭᠦᠦ ᠪᠣᠭᠣᠮᠲᠠ ᠎ᠶᠢᠨ ᠭᠠᠢᠯᠢ》 ᠶ᠋ᠢᠨ ᠨᠥᠯᠥᠭᠡ᠎ᠡᠴᠡ ᠪᠣᠯᠵᠤ᠂ ᠳᠤᠮᠳᠠᠳᠤ ᠠᠮᠧᠷᠢᠺᠠ᠎ᠶᠢᠨ ᠠᠷᠠᠯᠵᠢᠶ᠎ᠠ ᠨᠢᠭᠡᠳᠦᠭᠡᠷ ᠤᠯᠠᠷᠢᠯ᠎ᠳ᠋ᠤ ᠠᠳᠠᠯᠢ ᠬᠤᠭᠤᠴᠠᠭᠠᠨ᠎ᠤ ᠬᠢ᠎ᠡᠴᠡ ᠨᠡᠮᠡᠭᠳᠡᠵᠦ ᠪᠠᠢᠭᠰᠠᠨ᠎ᠡᠴᠠ᠎ᠪᠠᠨ ᠬᠣᠶᠠᠳᠤᠭᠠᠷ ᠤᠯᠠᠷᠢᠯ᠎ᠳ᠋ᠤ ᠠᠳᠠᠯᠢ ᠬᠤᠭᠤᠴᠠᠭᠠᠨ᠎ᠤ ᠬᠢ᠎ᠡᠴᠡ ᠪᠠᠭᠤᠷᠠᠵᠤ᠂ ᠪᠠᠭᠤᠷᠠᠭᠰᠠᠨ ᠬᠡᠮᠵᠢᠶ᠎ᠡ ᠨᠢ 20.8% ᠳ᠋ᠥ ᠬᠦᠷᠦᠭᠰᠡᠨ ᠪᠠᠢᠨ᠎ᠠ᠃

 

640 (4).jpg


ᠰᠤᠶᠤᠯ

✦ᠲᠦᠷᠦᠭᠦᠬᠡᠨ ᠪᠠᠷᠠᠭᠤᠨ ᠦᠵᠦᠮᠦᠴᠢᠨ ᠬᠣᠰᠢᠭᠤᠨ᠎ᠤ 《99 ᠨᠣᠮᠧᠷᠲᠤ ᠠᠶᠠᠯᠠᠯ᠎ᠤᠨ ᠱᠤᠭᠤᠮ》᠎ᠢᠶᠠᠷ ᠰᠡᠳᠦᠪᠯᠡᠭᠰᠡᠨ ᠰᠦᠯᠵᠢᠶᠡᠨ᠎ᠦ ᠣᠬᠣᠷ ᠵᠦᠴᠦᠭᠡ 《99 ᠨᠣᠮᠧᠷᠲᠤ ᠵᠠᠰᠠᠮᠠᠯ ᠵᠠᠮ》 ᠨᠢ ᠰᠦᠯᠵᠢᠶᠡᠨ᠎ᠦ ᠺᠢᠨᠣ᠋ ᠲᠠᠷᠬᠠᠭᠠᠯᠳᠠ ᠵᠢᠨ ᠵᠥᠪᠰᠢᠶᠡᠷᠡᠯ᠎ᠦᠨ ᠦᠨᠡᠮᠯᠡᠯ᠎ᠢ ᠣᠯᠵᠦ᠂ ᠵᠢᠱ᠌ᠢᠯᠲᠡ᠎ᠪᠡᠷ 2025 ᠣᠨ᠎ᠤ ᠳᠣᠣᠷ᠎ᠠ ᠬᠠᠭᠠᠰ ᠵᠢᠯ ᠳ᠋ᠤ ᠦᠵᠡᠭᠴᠢᠳ ᠲᠠᠢ ᠵᠤᠯᠭᠠᠬᠤ ᠪᠤᠯᠤᠨ᠎ᠠ᠃


640 (1).png


✦ᠦᠢᠷ᠎ᠡ᠎ᠳᠦ ᠵᠠᠯᠠᠭᠤ ᠤᠷᠠᠯᠢᠭ᠍ᠴᠢᠨ ᠪᠠᠶᠠᠨᠴᠢᠯᠥᠭᠡᠲᠦ ᠵᠢᠨ《ᠮᠢᠨᠤ ᠰᠡᠳᠬᠢᠯ ᠎ᠦᠨ  ᠳᠣᠲᠣᠭᠠᠳᠤ ᠣᠷᠣᠨ ᠵᠠᠢ》ᠭᠡᠬᠦ ᠦᠵᠡᠰᠬᠦᠯᠡᠨᠭ ᠤᠷᠳᠤᠰ ᠬᠤᠲᠠ ᠵᠢᠨ ᠬᠢᠶ᠎ᠡ ᠪᠠᠭ᠍ᠰᠢ ᠲᠣᠭᠣᠷᠢᠭ᠋᠎ᠲᠤ ᠡᠬᠢᠯᠡᠵᠦ᠂ 9 ᠰᠠᠷ᠎ᠠ᠎ᠶᠢᠨ 15᠎ᠤ ᠡᠳᠦᠷ ᠪᠣᠯᠲᠠᠯ᠎ᠠ ᠦᠷᠭᠦᠯᠵᠢᠯᠡᠬᠦ ᠪᠣᠯᠣᠨ᠎ᠠ᠃

 

640 (2).jpg


ᠲᠠᠮᠢᠷ

✦7 ᠰᠠᠷ᠎ᠠ ᠵᠢᠨ 30᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠴᠥᠭᠡᠨ ᠲᠣᠭᠠᠲᠤ ᠦᠨᠳᠦᠰᠦᠲᠡᠨ᠎ᠦ ᠤᠯᠠᠮᠵᠢᠯᠠᠯᠲᠤ ᠪᠡᠶ᠎ᠡ᠎ᠶᠢᠨ ᠲᠠᠮᠢᠷ᠎ᠤᠨ ᠴᠤᠭᠯᠠᠭᠠᠨ ᠤᠯᠠᠭᠠᠨᠬᠠᠳᠠ᠎ᠳᠤ ᠲᠡᠭᠦᠰ ᠠᠮᠵᠢᠯᠲᠠ᠎ᠲᠠᠢ ᠥᠨᠳᠥᠷᠯᠡᠪᠡ᠃ ᠳᠠᠷᠠᠭ᠎ᠠ ᠬᠤᠭᠤᠴᠠᠭᠠᠨ᠎ᠤ ᠴᠤᠭᠯᠠᠭᠠᠨ᠎ᠢ ᠪᠤᠭᠤᠲᠤ ᠬᠤᠳᠠ ᠳ᠋ᠤ ᠶᠠᠪᠤᠭᠳᠠᠭᠤᠯᠬᠤ ᠪᠤᠯᠤᠨ᠎ᠠ᠃  


640 (3).jpg

 

ᠳᠡᠯᠡᠬᠡᠢ

✦ᠰᠢᠨᠬᠤᠸᠠ ᠬᠤᠷᠢᠶ᠎ᠠ ᠵᠢᠨ ᠮᠡᠳᠡᠭᠡ ᠵᠢ ᠦᠨᠳᠦᠰᠦᠯᠡᠪᠡᠯ᠂ ᠲᠤᠬᠠᠢ ᠶ᠋ᠢᠨ ᠭᠠᠵᠠᠷ᠎ᠤᠨ ᠴᠠᠭ᠎ᠢᠶᠠᠷ 7 ᠰᠠᠷ᠎ᠠ  ᠶ᠋ᠢᠨ 31᠎ᠦ ᠡᠳᠦᠷ ᠰᠢᠨ᠎ᠡ ᠽᠧᠯᠡᠨᠳ᠋ ᠦ᠋ᠨ ᠵᠠᠰᠠᠭ᠎ᠤᠨ ᠣᠷᠳᠣᠨ ᠳᠠᠯᠠᠶ  ᠳᠡᠭᠡᠷᠡᠬᠢ ᠴᠢᠯᠠᠭᠤᠨ ᠲᠣᠰᠣ᠌ ᠪᠠ ᠪᠠᠢᠭᠠᠯᠢ ᠶ᠋ᠢᠨ ᠰᠢᠲᠠᠮᠠᠬᠠᠢ ᠬᠡᠢ᠎ᠶᠢ ᠬᠠᠢᠨ ᠰᠢᠨᠵᠢᠯᠡᠬᠦ᠎ᠶᠢ ᠴᠠᠭᠠᠵᠠᠯᠠᠬᠤ ᠵᠠᠷᠯᠢᠭ᠎ᠢ ᠴᠤᠴᠠᠯᠠᠵᠠᠢ᠃


640 (6).jpg


✦ᠰᠢᠨᠬᠤᠸᠠ ᠬᠤᠷᠢᠶ᠎ᠠ ᠵᠢᠨ ᠮᠡᠳᠡᠭᠡ ᠵᠢ ᠦᠨᠳᠦᠰᠦᠯᠡᠪᠡᠯ᠂ ᠭᠧᠷᠮᠠᠨ᠎ᠤ ᠪᠠᠸᠠᠷᠢᠶ᠎ᠠ ᠮᠠᠰᠢᠨ ᠲᠡᠷᠭᠡᠨ᠎ᠦ ᠪᠦᠯᠦᠭᠯᠡᠯ ᠡᠨᠡ ᠵᠢᠯ᠎ᠦᠨ ᠳᠡᠭᠡᠷ᠎ᠡ ᠬᠠᠭᠠᠰ ᠵᠢᠯ ᠳ᠋ᠦ 677 ᠳ᠋ᠦᠩᠰᠢᠭᠤᠷ ᠡᠸᠦ᠋ᠷᠤ᠋᠎ᠵᠢᠨ ᠪᠣᠷᠤᠯᠠᠭᠤᠯᠭ᠎ᠠ᠎ᠶᠢᠨ ᠣᠷᠣᠯᠭ᠎ᠠ᠎ᠶᠢ ᠪᠡᠶᠡᠯᠡᠭᠦᠯᠵᠦ᠂ ᠨᠢᠳᠤᠨᠤᠨ᠎ᠤ ᠠᠳᠠᠯᠢ ᠬᠤᠭᠤᠴᠠᠭᠠᠨ᠎ᠤ ᠬᠢ᠎ᠡᠴᠡ 8% ᠪᠡᠷ ᠪᠠᠭᠤᠷᠠᠵᠤ᠂ ᠭᠠᠢᠯᠢ ᠲᠤᠰᠢᠶᠠᠭᠰᠠᠨ᠎ᠤ ᠳᠠᠷᠠᠭᠠᠬᠢ ᠴᠡᠪᠡᠷ ᠠᠰᠢᠭ᠋ ᠬᠣᠨᠵᠢᠪᠤᠷᠢ ᠨᠢ 40 ᠳ᠋ᠦᠩᠰᠢᠭᠤᠷ ᠡᠸᠦ᠋ᠷᠤ᠋ ᠳ᠋ᠤ ᠬᠦᠷᠴᠦ᠂ ᠠᠳᠠᠯᠢ ᠬᠤᠭᠤᠴᠠᠭᠠᠨ᠎ᠤ ᠬᠢ᠎ᠡᠴᠡ 29% ᠪᠡᠷ ᠪᠠᠭᠤᠷᠠᠵᠠᠢ᠃

 

ᠦᠢᠯᠡᠴᠢᠯᠡᠭᠡ

✦ᠬᠥᠬᠡᠬᠣᠲᠠ᠎ᠶᠢᠨ ᠰᠢᠨ᠎ᠡ ᠬᠣᠲᠠ ᠲᠣᠭᠣᠷᠢᠭ᠋ ᠨᠡᠢᠭᠡᠮ ᠲᠣᠭᠣᠷᠢᠭ᠋᠎ᠤᠨ ᠲᠤᠰᠬᠠᠢ ᠲᠤᠰᠢᠶᠠᠯᠲᠤ ᠠᠵᠢᠯᠲᠠᠨ 100 ᠬᠦᠮᠦᠨ ᠡᠯᠰᠡᠵᠦ ᠪᠤᠢ᠃ 

 

ᠲᠠᠨ᠎ᠤ ᠲᠤᠰᠠ᠎ᠳᠤ

✦ᠬᠤᠸᠠᠵᠤᠤ᠎ᠪᠤᠯ ᠠᠢᠯ ᠪᠤᠯᠭᠠᠨ ᠳ᠋ᠤ ᠪᠠᠢᠳᠠᠭ ᠠᠮᠲᠠ ᠣᠷᠣᠭᠤᠯᠬᠤ ᠡᠳ᠋ ᠪᠣᠯᠣᠨ᠎ᠠ᠃ ᠠᠮᠲᠠ᠎ᠶᠢ ᠲᠣᠭᠲᠠᠭᠠᠵᠤ᠂ ᠰᠢᠮ᠎ᠡ᠎ᠶᠢ ᠨᠡᠮᠡᠭᠳᠡᠭᠦᠯᠬᠦ ᠦᠢᠯᠡᠳᠦᠯ᠎ᠲᠠᠢ ᠪᠦᠭᠡᠳ ᠠᠷᠪᠠᠨ ᠭᠤᠷᠪᠠᠨ ᠠᠩᠬᠢᠯᠤᠮ᠎ᠠ ᠦᠨᠦᠷ᠎ᠤᠨ ᠲᠡᠷᠢᠭᠦᠨ᠎ᠳᠦ ᠵᠢᠭ᠍ᠰᠠᠭᠠᠭᠳᠠᠨ᠂ ᠠᠮᠲᠠ ᠣᠷᠣᠭᠤᠯᠤᠭ᠍ᠴᠢ ᠵᠢᠨ ᠳᠤᠮᠳᠠ ᠤᠷᠤᠢᠯᠠᠳᠠᠭ᠃ ᠬᠤᠸᠠᠵᠤᠤ᠎ᠪᠤᠯ ᠮᠥᠨ ᠴᠦ᠍ ᠨᠢᠭᠡ ᠵᠦᠢᠯ᠎ᠦᠨ ᠬᠢᠲᠠᠳ ᠡᠮ ᠪᠣᠯᠣᠨ᠎ᠠ᠂ ᠳᠡᠯᠢᠭᠦᠦ᠎ᠶᠢ ᠴᠢᠭᠢᠷᠠᠭᠵᠢᠭᠤᠯᠬᠤ᠂ ᠬᠦᠢᠲᠡᠨ᠎ᠢ ᠬᠦᠬᠡᠬᠡᠵᠦ᠂ ᠴᠢᠭᠢᠭ ᠎ᠢ ᠠᠷᠢᠯᠭᠠᠨ ᠡᠪᠡᠳᠬᠦ᠎ᠶᠢ ᠵᠣᠭᠰᠤᠭᠠᠬᠤ᠂ ᠬᠣᠷᠣᠬᠠᠢ ᠠᠯᠠᠵᠤ ᠬᠣᠣᠷ ᠢ᠋ ᠲᠠᠢᠯᠬᠤ᠂ ᠵᠠᠭᠠᠲᠤᠨᠠᠬᠤ᠎ᠶᠢ ᠵᠣᠭᠰᠤᠭᠠᠬᠤ ᠵᠡᠷᠭᠡ ᠦᠢᠯᠡᠳᠦᠯ᠎ᠲᠠᠢ᠃


640 (2).png

 

ᠵᠠᠯᠭᠠᠭᠠᠳ《ᠰᠢᠨ᠎ᠠ ᠦᠷᠯᠦᠭᠡ》ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠲᠠ ᠪᠦᠬᠦᠨ᠎ᠤ ᠬᠦᠯᠢᠶᠡᠨ ᠠᠪᠴᠤ᠌ ᠰᠤᠨᠤᠰᠤᠬ᠍ᠰᠠᠨ᠎ᠳᠤ  ᠪᠠᠶᠠᠷᠯᠠᠯ᠎ᠠ᠂  ᠪᠠᠶᠠᠷᠳᠠᠢ!

(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂  ᠮᠠᠨ᠎ᠤ ᠤᠷᠤᠨ᠎ᠤ ᠡᠯ᠎ᠠ ᠠᠢᠮᠠᠭ ᠬᠤᠳᠠ᠂  ᠬᠤᠰᠢᠭᠤ ᠰᠢᠶᠠᠨ᠎ᠤ  ᠵᠢᠷᠬᠢᠶ᠎ᠠ᠎ᠶᠢᠨ ᠲᠠᠪᠴᠠᠩ)

ᠬᠤᠪᠢᠶᠠᠯᠴᠠᠬᠤ᠄
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄0471-6635435 ᠢᠮᠧᠯ᠄mgyxw@163.com   蒙ICP备10000005号