ᠠᠮᠢᠯᠠᠯ᠎ᠤᠨ ᠨᠤᠭᠤᠭᠠᠨ ᠦᠩᠬᠡ ᠬᠠᠶᠠᠯᠠᠬᠰᠠᠨ ᠤᠯᠠᠭᠠᠨᠬᠠᠳᠠ
2022-06-06 09:12:28
ᠵᠣᠬᠢᠶᠠᠭ᠍ᠴᠢ᠄
ᠸᠠᠩ ᠲᠠᠨ᠎ᠠ
ᠣᠩᠱᠢᠭ᠍ᠰᠠᠨ ᠣᠳᠠᠭ᠎ᠠ᠄
★★★☆☆

QQ图片20220606090734.png


ᠤᠩᠨᠢᠭᠤᠳ ᠬᠤᠰᠢᠭᠤᠨ᠎ᠤ ᠬᠤᠷᠴᠢᠨ᠎ᠤ ᠡᠯᠡᠰᠦᠷᠬᠡᠭ ᠭᠠᠵᠠᠷ᠎ᠤᠨ ᠨᠤᠭᠤᠭᠠᠷᠠᠭᠤᠯᠤᠯᠳᠠ


ᠣᠢ ᠱᠢᠭᠤᠢ᠎ᠶ᠋ᠢᠨ ᠲᠠᠯᠠᠪᠠᠢ 600 ᠲᠦᠮᠡᠨ ᠮᠦ᠍ ᠪᠠᠢᠭᠰᠠᠨ ᠡᠴᠡ ᠪᠠᠨ 4547 ᠲᠦᠮᠡᠨ ᠮᠦ᠍ ᠪᠤᠯᠪᠠ;

ᠣᠢ ᠱᠢᠭᠤᠢ᠎ᠶ᠋ᠢᠨ ᠪᠦᠷᠬᠦᠴᠡ᠎ᠶ᠋ᠢᠨ ᠨᠣᠷᠮ᠎ᠠ 5% ᠪᠠᠢᠬᠰᠠᠨ ᠡᠴᠡ ᠪᠠᠨ 35.78% ᠪᠤᠯᠪᠠ;

ᠡᠯᠡᠰᠦᠷᠬᠡᠭ᠌ᠵᠢᠭ᠌ᠰᠡᠨ ᠭᠠᠵᠠᠷ᠎ᠤᠨ ᠲᠠᠯᠠᠪᠠᠢ 1166 ᠲᠦᠮᠡᠨ ᠮᠦ᠍ ᠪᠠᠭᠠᠰᠪᠠ ᠁

ᠡᠨᠡ ᠪᠤᠯ ᠤᠯᠠᠭᠠᠨᠬᠠᠳᠠ ᠬᠤᠲᠠ ᠵᠢᠨ ᠡᠬᠡ ᠤᠯᠤᠰ᠎ᠤᠨ ᠤᠮᠠᠷᠠᠳᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ ᠎ᠤ ᠬᠠᠯᠬᠠᠪᠴᠢ ᠵᠢ ᠴᠤᠭᠴᠠᠯᠠᠬᠤ ᠳ᠋ᠤ ᠲᠤᠰᠢᠶᠠᠭᠰᠠᠨ ᠠᠮᠵᠢᠯᠲᠠ ᠵᠢᠨ ᠬᠠᠭᠤᠳᠠᠰᠤ ᠪᠤᠯᠬᠤ ᠶᠤᠮ᠃

ᠤᠢᠷ᠎ᠠ᠎ᠵᠢᠨ ᠵᠢᠯ ᠡᠴᠡ ᠨᠠᠭᠠᠰᠢ᠂ ᠤᠯᠠᠭᠠᠨᠬᠠᠳᠠ ᠬᠤᠳᠠ ᠶᠠᠷᠦᠡᠭᠭᠡᠢ ᠱᠦᠵᠢ ᠰᠢ ᠵᠢᠨ ᠫᠢᠡᠭ᠎ᠤᠨ 《ᠬᠦᠬᠡᠮᠳᠦᠭ ᠨᠤᠭᠤᠭᠠᠨ ᠠᠭᠤᠯᠠ ᠤᠰᠤ ᠪᠤᠯ ᠲᠠᠷᠤᠢ ᠠᠯᠲᠠ ᠮᠦᠩᠭᠦᠨ ᠠᠭᠤᠯᠠ ᠮᠦᠨ》 ᠭᠡᠬᠦ ᠠᠮᠢ ᠠᠬᠤᠢ ᠵᠢᠨ ᠪᠤᠯᠪᠠᠰᠤᠨ᠎ᠤ ᠦᠵᠡᠯ ᠰᠠᠨᠠᠭ᠎ᠠ᠎ᠵᠢ ᠦᠨᠡᠨ ᠬᠦ᠌ ᠦᠢᠯᠡᠳᠤᠯᠭᠡᠵᠢᠬᠦᠯᠵᠤ᠂ ᠪᠤᠬᠢᠷᠳᠤᠯ ᠦᠭᠡᠢ ᠬᠦᠭᠵᠢᠯᠳᠠ᠎ᠵᠢᠨ ᠵᠠᠮ᠎ᠵᠢᠡᠷ ᠭᠤᠢᠪᠢᠰᠢ ᠦᠭᠡᠢ ᠵᠠᠮᠨᠠᠵᠤ᠂ ᠵᠢᠷᠤᠭ ᠰᠢᠬ ᠭᠤᠶᠤᠬᠠᠨ ᠦᠵᠡᠰᠬᠦᠯᠠᠡᠭᠳᠤ ᠰᠠᠢᠬᠠᠨ ᠦᠵᠡᠮᠵᠢ᠎ᠵᠢᠨ ᠤᠷᠤᠨ᠎ᠢ ᠴᠤᠭᠴᠠᠯᠠᠪᠠ᠃


ᠨᠤᠷ ᠡᠯᠡᠰᠤ᠎ᠵᠢ ᠨᠤᠭᠤᠭᠠᠷᠠᠭᠤᠯᠤᠭᠰᠠᠨ ᠦᠷ᠎ᠠ ᠪᠦᠳᠤᠮᠵᠢ


ᠣᠩᠨᠢᠭᠤᠳ ᠬᠣᠱᠢᠭᠤᠨ᠎ᠤ ᠪᠤᠷᠤᠬᠤᠲᠠ ᠪᠠᠯᠭᠠᠰᠤ᠎ᠠᠴᠠ ᠵᠡᠭᠦᠨᠰᠢ ᠮᠣᠷᠳᠠᠬᠤᠯᠠᠷ᠂ ᠡᠯᠡᠰᠦᠷᠬᠡᠭ ᠭᠠᠵᠠᠷ᠎ᠤᠨ ᠤᠢ᠎ᠵᠢᠨ ᠵᠢᠮᠢᠰ᠂ ᠡᠯᠡᠰᠦᠨ ᠲᠥᠮᠥᠰᠥ᠍᠂ ᠡᠯᠡᠰᠦᠨ ᠲᠤᠲᠤᠷᠭ᠎ᠠ᠂ ᠡᠯᠡᠰᠦᠷᠬᠡᠭ ᠭᠠᠵᠠᠷ᠎ᠤᠨ ᠬᠢᠲᠠᠳ ᠡᠮ᠎ᠦᠨ ᠮᠠᠲ᠋ᠧᠷᠢᠶᠠᠯ ᠬᠤᠢᠨ᠎ᠠ ᠬᠤᠢᠨ᠎ᠠ ᠡᠴᠡ ᠪᠠᠨ ᠬᠠᠷᠠᠭᠠᠨ ᠳ᠋ᠤ ᠲᠤᠳᠤᠷᠠᠨ᠂ ᠲᠠᠷᠢᠶᠠᠨ ᠲᠠᠲᠠᠭᠠᠯ᠂ ᠦᠪᠴᠢ ᠨᠤᠭᠤᠭᠠᠨ ᠤᠢ ᠰᠢᠭᠤᠢ᠂ ᠠᠩᠭᠢᠯᠤᠮ᠎ᠠ ᠦᠨᠦᠷ ᠬᠠᠩᠬᠤᠯᠤᠭᠰᠠᠨ ᠬᠤᠸᠠᠷ ᠴᠡᠴᠡᠭ ᠨᠢ ᠨᠡᠯᠦᠭᠡᠷ ᠶᠡᠬᠡ ᠡᠯᠡᠰᠦᠨ ᠴᠦᠯ᠎ᠢ ᠠᠮᠢᠵᠢᠷᠠᠯ᠎ᠤᠨ ᠬᠦᠴᠦᠨ ᠵᠢᠡᠷ ᠪᠢᠯᠬᠠᠭᠤᠯᠤᠨ᠎ᠠ᠃

ᠣᠩᠨᠢᠭᠤᠳ ᠬᠣᠱᠢᠭᠤ ᠨᠢ ᠬᠣᠷᠴᠢᠨ᠎ᠤ᠎ᠡᠯᠡᠰᠦᠷᠬᠡᠭ ᠭᠠᠵᠠᠷ᠎ᠤᠨ ᠪᠠᠷᠠᠭᠤᠨ ᠵᠠᠬ᠎ᠠ᠎ᠳᠤ ᠪᠠᠢᠷᠢᠯᠠᠵᠤ᠂ ᠡᠯᠡᠰᠦᠷᠬᠡᠭ᠌ᠵᠢᠭ᠌ᠰᠡᠨ ᠭᠠᠵᠠᠷ ᠱᠢᠷᠣᠶ᠎ᠶ᠋ᠢᠨ ᠲᠠᠯᠠᠪᠠᠶ ᠨᠢ 727.4 ᠲᠦᠮᠡᠨ ᠮᠥ᠍ ᠬᠦᠷᠴᠦ᠂ ᠪᠥᠬᠥ᠌ ᠬᠣᠱᠢᠭᠤᠨ᠎ᠤ ᠭᠠᠵᠠᠷ ᠱᠢᠷᠣᠶ᠎ᠶ᠋ᠢᠨ ᠲᠠᠯᠠᠪᠠᠶ᠎ᠶ᠋ᠢᠨ 40.8%᠎ᠶ᠋ᠢ ᠡᠵᠡᠯᠡᠨ᠂ ᠤᠯᠠᠭᠠᠨᠬᠠᠳᠠ ᠬᠣᠲᠠ᠎ᠶ᠋ᠢᠨ ᠳᠣᠲᠣᠷᠠᠬᠢ ᠡᠯᠡᠰᠦᠷᠬᠡᠭ ᠭᠠᠵᠠᠷ᠎ᠤᠨ ᠲᠠᠷᠬᠠᠯᠲᠠ᠎ᠪᠠᠷ ᠬᠠᠮᠤᠭ᠎ᠤᠨ ᠥᠷᠭᠡᠨ᠂ ᠲᠠᠯᠠᠪᠠᠶ᠎ᠪᠠᠷ ᠬᠠᠮᠤᠭ᠎ᠤᠨ ᠶᠡᠬᠡ᠂ ᠡᠯᠡᠰᠦᠷᠬᠡᠭ᠌ᠵᠢᠯ ᠵᠢᠡᠷ ᠬᠠᠮᠤᠭ ᠬᠡᠴᠡᠬᠦᠦ᠂ ᠵᠠᠰᠠᠬᠤ᠎ᠳ᠋ᠤ ᠬᠠᠮᠤᠭ᠎ᠤᠨ ᠬᠦᠴᠢᠷᠳᠡᠯᠲᠡᠶ ᠭᠠᠵᠠᠷ ᠣᠷᠣᠨ ᠪᠣᠯᠬᠤ ᠶᠤᠮ᠃

ᠡᠯᠡᠰᠦᠷᠬᠡᠭᠵᠢᠯ᠎ᠢ ᠰᠡᠷᠭᠡᠢᠯᠡᠵᠤ ᠡᠯᠡᠰᠦᠷᠬᠡᠭᠵᠢᠯ᠎ᠢ ᠵᠠᠰᠠᠬᠤ ᠵᠢᠨ ᠲᠦᠯᠦᠭᠡ᠂ ᠡᠪᠡᠰᠦ ᠮᠣᠳᠣ ᠲᠠᠷᠢᠬᠤ᠂ ᠡᠯᠡᠰᠦ᠎ᠶ᠋ᠢ ᠳᠤᠭᠤᠯᠤᠭᠰᠠᠨ ᠵᠠᠰᠠᠮᠠᠯ ᠵᠠᠮ᠎ᠢ ᠨᠡᠪᠲᠡᠷᠡᠭᠦᠯᠬᠦ᠂ ᠡᠯᠡᠰᠦᠨ ᠴᠦᠯ᠎ᠳᠦ ᠤᠰᠤ ᠲᠠᠳᠠᠬᠤ ᠬᠡᠮᠡᠨ ᠤᠩᠨᠢᠭᠤᠳ᠎ᠤᠨ ᠠᠷᠠᠳ ᠲᠦᠮᠡᠨ ᠰᠡᠳᠬᠢᠯ᠎ᠨᠢᠭᠡᠳᠤᠨ ᠬᠦᠴᠤᠨ ᠵᠢᠡᠨ ᠬᠠᠮᠲᠤᠳᠬᠠᠵᠤ᠂ ᠠᠮᠢ ᠠᠬᠤᠢ᠎ᠶ᠋ᠢᠨ ᠪᠦᠳᠦᠬᠡᠨ ᠪᠠᠢᠭᠤᠯᠤᠯᠲᠠ᠎ᠶ᠋ᠢ ᠴᠥᠬᠥᠷᠡᠰᠢ ᠦᠬᠡᠢ ᠠᠬᠢᠭᠤᠯᠤᠨ᠂ ᠤᠷᠢᠳ ᠬᠤᠵᠢᠳ 578 ᠲᠦᠮᠡᠨ ᠮᠥ᠍ ᠡᠯᠡᠰᠦᠷᠬᠡᠭ ᠭᠠᠵᠠᠷ᠎ᠢ ᠵᠠᠰᠠᠵᠤ᠂ 《ᠡᠯᠡᠰᠦ ᠤᠷᠤᠭ᠍ᠰᠢᠯᠠᠵᠤ ᠬᠥᠮᠦᠨ ᠤᠬᠤᠷᠢᠬᠤ》 ᠡᠴᠡ 《ᠬᠥᠮᠦᠨ ᠤᠷᠤᠭ᠍ᠰᠢᠯᠠᠵᠤ ᠡᠯᠡᠰᠦ ᠤᠬᠤᠷᠢᠬᠤ》 ᠲᠡᠦᠬᠡᠳᠦ ᠴᠢᠨᠠᠷᠲᠠᠢ ᠬᠤᠪᠢᠷᠠᠯᠲᠠ ᠵᠢ ᠡᠭᠦᠳᠪᠡ᠃ ᠤᠳᠤ᠂ ᠣᠩᠨᠢᠭᠤᠳ᠎ᠤᠨ 1.2 ᠲᠦᠮᠡᠨ ᠲᠡᠭ᠌ᠰᠢ ᠳᠥᠷᠪᠡᠯᠵᠢᠨ ᠺᠢᠯᠤᠮᠸᠲᠷ ᠡᠭᠡ ᠭᠠᠵᠠᠷ ᠨᠤᠮᠢᠨ ᠨᠤᠭᠤᠭᠠᠨ ᠵᠠᠰᠠᠯ᠎ᠵᠢᠡᠷ ᠴᠢᠮᠡᠭᠳᠡᠪᠠ᠃

ᠡᠯᠡᠰᠦᠷᠬᠡᠭᠵᠢᠯ᠎ᠢ ᠰᠡᠷᠭᠡᠢᠯᠡᠵᠤ ᠡᠯᠡᠰᠦᠷᠬᠡᠭᠵᠢᠯ᠎ᠢ ᠵᠠᠰᠠᠬᠤ ᠪᠤᠯ ᠤᠯᠠᠭᠠᠨᠬᠠᠳᠠ ᠬᠣᠲᠠ ᠵᠢᠨ ᠠᠮᠢ ᠠᠬᠤᠢ ᠤᠷᠴᠢᠨ ᠲᠤᠭᠤᠷᠢᠨ᠎ᠤ 《ᠰᠢᠷᠬ᠎ᠠ ᠰᠤᠷᠪᠢ》 ᠵᠢ ᠵᠠᠰᠠᠭᠰᠠᠨ ᠴᠢᠬᠤᠯᠠ ᠠᠷᠭ᠎ᠠ ᠠᠪᠴᠠᠯ ᠪᠤᠯᠤᠨ᠎ᠠ᠃ ᠤᠯᠠᠭᠠᠨᠬᠠᠳᠠ ᠬᠤᠲᠠ ᠡᠬᠡ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠶ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠪᠠᠲᠤ ᠴᠣᠭ᠍ᠴᠠᠯᠠᠬᠤ ᠲᠣᠭᠣᠷᠢᠨ᠎ᠳᠤ᠂ ᠨᠤᠲᠤᠭ ᠪᠡᠯᠴᠢᠭᠡᠷ᠎ᠦᠨ ᠠᠮᠢ ᠠᠬᠤᠶ᠎ᠶ᠋ᠢᠨ ᠱᠢᠰᠲ᠋ᠧᠮ᠎ᠦᠨ ᠰᠡᠷᠭᠦᠭᠡᠯᠲᠡ᠂ ᠴᠦᠯᠯᠡᠷᠭᠡᠭ᠌ᠵᠢᠯ᠎ᠢ ᠰᠡᠷᠭᠡᠢᠯᠡᠨ ᠵᠠᠰᠠᠬᠤ᠂ ᠡᠯᠡᠰᠦᠷᠬᠡᠭᠵᠢᠯ᠎ᠢ ᠵᠠᠰᠠᠨ ᠡᠯᠡᠰᠦᠷᠬᠡᠭᠵᠢᠯ᠎ᠢ ᠰᠡᠷᠭᠡᠢᠯᠡᠬᠦ᠂ ᠲᠠᠴᠢᠷᠳᠠᠭ᠍ᠰᠠᠨ ᠤᠢ ᠮᠣᠳᠣ᠎ᠶ᠋ᠢ ᠵᠠᠰᠠᠨ ᠰᠡᠷᠭᠦᠭᠡᠬᠦ᠌ ᠢᠨᠵᠧᠨᠧᠷᠢᠩ᠎ᠢ ᠶᠡᠬᠡ ᠪᠡᠷ ᠥᠷᠨᠢᠭᠦᠯᠵᠦ᠂ ᠪᠡᠭᠡᠵᠢᠩ ᠲᠢᠶᠠᠨᠵᠢᠨ᠎ᠤ ᠰᠠᠯᠬᠢ ᠡᠯᠡᠰᠦᠨ᠎ᠦ ᠡᠬᠢ᠎ᠶ᠋ᠢ ᠵᠠᠰᠠᠬᠤ ᠢᠨᠵᠧᠨᠧᠷᠢᠩ᠂ ᠭᠣᠣᠯᠳᠠᠯᠭ᠎ᠠ᠎ᠲᠠᠶ ᠣᠷᠣᠨ᠎ᠤ ᠨᠣᠭᠣᠭᠠᠷᠠᠭᠤᠯᠤᠯᠲᠠ ᠎ᠶ᠋ᠢᠨ ᠢᠨᠵᠧᠨᠧᠷᠢᠩ ᠵᠡᠷᠭᠡ ᠠᠯᠢ ᠤᠯᠠᠨ ᠮᠣᠳᠣ ᠲᠠᠷᠢᠵᠤ ᠣᠢᠵᠢᠭᠤᠯᠬᠤ ᠪᠠ ᠨᠤᠲᠤᠭ ᠳᠡᠪᠢᠰᠭᠡᠷ᠎ᠢ ᠨᠣᠭᠣᠭᠠᠷᠠᠭᠤᠯᠬᠤ ᠠᠵᠢᠯ᠎ᠢ ᠬᠢᠵᠦ᠂ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠦᠢᠯᠡᠰ᠎ᠢ ᠦᠷᠭᠦᠯᠵᠢᠯᠡᠨ ᠡᠷᠡᠭᠦᠯ᠎ᠢᠶᠡᠷ ᠬᠥᠭ᠌ᠵᠢᠬᠦᠯᠪᠠ᠃

ᠬᠠᠮᠠᠷ ᠬᠠᠳᠬᠤᠬᠤ ᠡᠪᠡᠰᠦ ᠦᠭᠡᠢ ᠬᠠᠯᠴᠠᠭᠠᠢ ᠭᠠᠵᠠᠷ ᠨᠢ ᠨᠤᠭᠤᠭᠠᠨ ᠪᠦᠷᠢᠳᠦ ᠪᠤᠯᠵᠤ᠂ ᠠᠤᠬᠠᠨ ᠬᠤᠰᠢᠭᠤ 《ᠪᠦᠬᠦ ᠪᠦᠮᠪᠦᠷᠴᠡᠭ᠎ᠤᠨ 500 ᠰᠤᠳᠤᠨ》 ᠤᠷᠴᠢᠨ ᠲᠤᠭᠤᠷᠢᠨ᠎ᠤ ᠱᠠᠩᠨᠠᠯ᠎ᠢ ᠬᠦᠷᠲᠡᠪᠡ᠃ ᠠᠷᠤ ᠬᠤᠷᠴᠢᠨ ᠬᠤᠰᠢᠭᠤᠨ᠎ᠤ ᠲᠠᠷᠢᠮᠠᠯ ᠪᠡᠯᠴᠢᠭᠡᠷ ᠎ᠦᠨ ᠲᠠᠯᠠᠪᠠᠶ ᠨᠢ 100 ᠲᠦᠮᠡᠨ ᠮᠸ᠋ ᠬᠦᠷᠴᠦ᠍᠂ ᠪᠥᠬᠥ᠌ ᠤᠯᠤᠰ᠎ᠤᠨ ᠬᠠᠮᠤᠭ᠎ᠤᠨ ᠲᠣᠮᠣ ᠴᠠᠷᠭᠠᠰᠤ᠎ᠶ᠋ᠢᠨ ᠦᠶ᠋ᠯᠡᠳᠪᠦᠷᠢᠯᠡᠯ ᠎ᠤᠨ ᠰᠠᠭᠤᠷᠢᠨ᠎ᠢ ᠪᠠᠢᠭᠤᠯᠪᠠ᠃ ᠠᠷᠤ ᠬᠤᠷᠴᠢᠨ᠎ᠤ ᠲᠠᠯ᠎ᠠ ᠨᠤᠲᠤᠭ᠎ᠤᠨ ᠨᠡᠭᠦᠳᠡᠯ ᠮᠠᠯᠵᠢᠯ᠎ᠤᠨ ᠰᠢᠰᠲᠸᠮ ᠪᠦᠬᠦ ᠪᠦᠮᠪᠦᠷᠴᠡᠭ᠎ᠤᠨ ᠴᠢᠬᠤᠯᠠ ᠬᠦᠳᠡᠭᠡ ᠠᠵᠤ ᠠᠬᠤᠢ ᠵᠢᠨ ᠰᠤᠶᠤᠯ᠎ᠤᠨ ᠦᠪ ᠵᠢᠡᠷ ᠪᠦᠷᠢᠳᠭᠡᠯᠭᠡᠪᠡ ᠁

ᠲᠠᠯ᠎ᠠ ᠨᠤᠲᠤᠭ ᠡᠴᠡ ᠤᠢᠳᠤ ᠤᠷᠤᠨ ᠬᠦᠷᠲᠡᠯ᠎ᠡ᠂ ᠡᠯᠡᠰᠦᠨ ᠴᠦᠯ ᠡᠴᠡ ᠨᠤᠭᠤ ᠭᠠᠵᠠᠷ ᠬᠦᠷᠲᠡᠯ᠎ᠡ᠂ ᠤᠯᠠᠭᠠᠨᠬᠠᠳᠠ ᠵᠢᠨ ᠡᠬᠡ ᠭᠠᠵᠠᠷ ᠲᠤ᠌ ᠨᠤᠮᠢᠨ ᠨᠤᠭᠤᠭᠠᠨ ᠠᠶᠠᠰ ᠴᠤᠤᠷᠢᠶᠠᠳᠤᠨ᠎ᠠ᠃


ᠦᠷᠨᠢᠭᠦᠨ ᠬᠦᠭᠵᠢᠭᠰᠡᠨ ᠪᠤᠬᠢᠷᠳᠤᠯ ᠦᠭᠡᠢ ᠠᠵᠤ ᠦᠢᠯᠡᠰ


ᠦᠩᠭᠡᠷᠡᠭᠰᠡᠨ᠎ᠤ ᠬᠤᠪᠠᠬᠠᠢ ᠠᠭᠤᠯᠠ ᠡᠵᠡᠭᠦᠢ ᠳᠠᠪᠠᠭ᠎ᠠ ᠪᠠᠢᠭᠰᠠᠨ ᠡᠴᠡ ᠪᠠᠨ ᠭᠤᠸᠠ ᠵᠢᠮᠢᠰ᠎ᠤᠨ ᠠᠩᠭᠢᠯᠤᠮ᠎ᠠ ᠦᠨᠦᠷ ᠬᠠᠩᠬᠤᠯᠤᠭᠰᠠᠨ ᠵᠢᠮᠢᠰᠲᠤ ᠠᠭᠤᠯᠠ ᠪᠤᠯᠵᠤ᠂ ᠶᠠᠳᠠᠭᠤ ᠬᠤᠴᠤᠷᠤᠩᠭᠤᠢ ᠲᠤᠰᠬᠤᠨ ᠪᠠᠢᠭᠰᠠᠨ ᠡᠴᠡ ᠪᠠᠨ  ᠬᠤᠯᠠ ᠤᠢᠷ᠎ᠠ ᠳ᠋ᠤ ᠠᠯᠳᠠᠷᠲᠠᠢ ᠴᠢᠨᠡᠭᠡᠯᠢᠭ ᠲᠤᠰᠬᠤᠨ ᠪᠤᠯᠪᠠ᠃ ᠡᠨᠡ ᠪᠤᠯ ᠳᠠᠷᠤᠢ ᠯᠢᠨᠰᠢ ᠰᠢᠶᠠᠨ᠎ᠤ ᠰᠢᠨ ᠴᠸᠩᠽᠢ ᠪᠠᠯᠭᠠᠰᠤᠨ᠎ᠤ ᠴᠢ ᠾᠧ ᠳᠠᠩ ᠲᠣᠰᠭᠣᠨ ᠪᠤᠯᠬᠤ ᠶᠤᠮ᠃

ᠬᠡᠲᠦᠷᠡᠲᠡᠯ᠎ᠡ ᠣᠭ᠍ᠲᠣᠯᠵᠦ ᠬᠡᠲᠦᠷᠡᠲᠡᠯ᠎ᠡ ᠮᠠᠯᠵᠢᠭᠰᠠᠨ᠎ᠠᠴᠠ ᠪᠤᠯᠵᠤ᠂ ᠴᠢ ᠾᠸ ᠲᠠᠩ ᠲᠤᠰᠬᠤᠨ᠎ᠤ ᠠᠭᠤᠯᠠ ᠨᠢ ᠬᠠᠯᠴᠠᠭᠠᠢᠷᠠᠨ᠂ ᠦᠷᠭᠦᠯᠵᠢ ᠦᠶᠠᠷ᠎ᠤᠨ ᠭᠠᠮᠰᠢᠭ ᠲᠤ᠌ ᠳᠠᠭᠠᠷᠢᠭᠳᠠᠵᠤ᠂ ᠲᠤᠰᠬᠤᠨ᠎ᠤ ᠤᠯᠠᠨ ᠲᠦᠮᠡᠨ ᠨᠢ ᠵᠠᠷᠤᠬᠤ ᠵᠣᠭᠣᠰ ᠦᠭᠡᠢ ᠭᠠᠴᠢᠬᠳᠠᠨ ᠵᠢᠭᠡᠯᠡᠯᠭᠡ᠎ᠳᠦ ᠲᠦᠱᠢᠭ᠌ᠯᠡᠨ ᠠᠮᠢᠳᠤᠷᠠᠵᠤ ᠪᠠᠢᠵᠠᠢ᠃ ᠡᠨᠡ ᠬᠦ᠌ ᠪᠠᠢᠳᠠᠯ᠎ᠢ ᠬᠤᠪᠢᠷᠠᠭᠤᠯᠬᠤ ᠪᠡᠷ ᠲᠤᠰᠬᠤᠨ ᠡᠴᠡ ᠠᠮᠢ ᠠᠬᠤᠢ ᠵᠢ ᠰᠡᠷᠭᠦᠭᠡᠨ ᠪᠤᠬᠢᠷᠳᠤᠯ ᠦᠭᠡᠢ ᠲᠠᠷᠢᠶᠠᠯᠠᠩ ᠮᠠᠯ ᠠᠵᠤ ᠠᠬᠤᠢ ᠵᠢᠨ ᠦᠢᠯᠡᠰ᠎ᠢ ᠬᠦᠭᠵᠢᠭᠦᠯᠬᠦ ᠪᠡᠷ ᠰᠢᠢᠳᠴᠤ᠂ ᠬᠡᠭᠡᠷ᠎ᠡ ᠵᠢᠨ ᠵᠢᠮᠢᠰ᠎ᠤᠨ ᠦᠢᠯᠡᠰ᠎ᠢ ᠶᠡᠬᠡᠪᠡᠷ ᠬᠦᠭᠵᠢᠭᠦᠯᠵᠦ᠂ 《ᠥᠪᠥᠷ ᠮᠣᠩᠭᠣᠯ᠎ᠤᠨ ᠬᠡᠭᠡᠷ᠎ᠡ᠎ᠶ᠋ᠢᠨ ᠵᠢᠮᠢᠰ》 ᠤ᠋ᠨ ᠰᠠᠭᠤᠷᠢᠨ᠎ᠢ ᠪᠠᠢᠭᠤᠯᠪᠠ᠃ ᠤᠳᠤᠬᠠᠨ ᠳ᠋ᠤ᠂ ᠲᠤᠰ ᠲᠤᠰᠬᠤᠨ᠎ᠤ ᠬᠡᠭᠡᠷ᠎ᠡ᠎ᠶ᠋ᠢᠨ ᠵᠢᠮᠢᠰ᠎ᠦᠨ ᠱᠢᠭᠦᠰᠦ᠂ ᠵᠢᠮᠢᠰ᠎ᠦᠨ ᠡᠭᠡᠳᠡᠡᠭ᠂ ᠵᠢᠮᠢᠰ᠎ᠦᠨ ᠳᠠᠷᠤᠰᠢ ᠵᠡᠷᠭᠡ ᠨᠠᠷᠢᠯᠢᠭ ᠡᠳ᠋ᠱᠢᠭᠦᠯᠦᠭᠰᠡᠨ ᠪᠦᠲᠦᠭᠡᠭ᠌ᠳᠡᠬᠦᠨ ᠨᠢ ᠪᠦᠬᠦ᠌ ᠤᠯᠤᠰ᠎ᠤᠨ ᠡᠯ᠎ᠡ ᠭᠠᠵᠠᠷ᠎ᠲᠤ ᠪᠣᠷᠣᠯᠠᠭᠤᠯᠤᠭ᠍ᠳᠠᠵᠤ᠂ ᠭᠠᠭᠴᠠᠬᠠᠨ ᠵᠢᠮᠢᠰ ᠬᠤᠳᠠᠯᠳᠤᠬᠤ ᠪᠡᠷ ᠳᠠᠮᠵᠢᠨ ᠬᠥᠮᠦᠨ ᠳᠤᠮᠳᠠᠴᠢ ᠵᠢᠨ ᠤᠷᠤᠯᠭ᠎ᠠ ᠵᠢ 1.5 ᠲᠦᠮᠡᠨ ᠲᠥᠭᠥᠷᠢᠭ᠎ᠨᠡᠮᠡᠭᠳᠡᠭᠦᠯᠵᠦ᠂ ᠬᠤᠯᠠ ᠤᠢ᠍ᠢᠷ᠎ᠠ᠎ᠳᠤ ᠠᠯᠳᠠᠷᠱᠢᠭ᠍ᠰᠠᠨ ᠪᠣᠬᠢᠷᠲᠤᠯ ᠦᠭᠡᠢ ᠴᠢᠨᠡᠭᠡᠯᠢᠭ ᠲᠣᠰᠭᠣᠨ ᠪᠣᠯᠪᠠ᠃

《ᠣᠢᠳᠤ ᠤᠷᠤᠨ᠎ᠢ ᠬᠥᠭ᠌ᠵᠢᠭᠦᠯᠦᠨ ᠠᠷᠠᠳ᠎ᠵᠢᠡᠨ ᠪᠠᠶᠠᠵᠢᠭᠤᠯᠬᠤ》 ᠪᠤᠯ ᠤᠯᠠᠭᠠᠨᠬᠠᠳᠠ ᠬᠤᠲᠠ ᠵᠢᠨ ᠪᠠᠷᠢᠮᠳᠠᠯᠠᠭᠰᠠᠭᠠᠷ ᠢᠷᠡᠭᠰᠡᠨ ᠬᠠᠷᠠᠯᠲᠠ ᠮᠦᠨ᠃ ᠤᠯᠠᠭᠠᠨᠬᠠᠳᠠ ᠬᠤᠲᠠ ᠵᠢᠮᠢᠰ᠂ ᠮᠣᠳᠣᠨ ᠮᠠᠲ᠋ᠧᠷᠢᠶᠠᠯ᠂ ᠣᠶ᠎ᠶ᠋ᠢᠨ ᠲᠤᠳᠤᠷᠠᠬᠢ ᠠᠵᠤ ᠠᠬᠤᠢ᠂ ᠣᠶ ᠱᠢᠭᠤᠶ ᠡᠯᠡᠰᠦᠨ ᠴᠥᠯ᠎ᠦᠨ ᠠᠮᠢ ᠠᠬᠤᠶ᠎ᠶ᠋ᠢᠨ ᠵᠢᠭᠤᠯᠴᠢᠯᠠᠯ ᠵᠡᠷᠬᠡ ᠭᠣᠸ᠋ᠯᠯᠠᠬᠤ ᠠᠵᠤ ᠦᠶ᠋ᠯᠡᠰ᠎ᠢ ᠬᠥᠭ᠌ᠵᠢᠭᠦᠯᠵᠦ᠂ ᠤᠯᠠᠨ ᠲᠦᠮᠡᠨ ᠨᠢ ᠠᠮᠢ ᠠᠬᠤᠶ᠎ᠶ᠋ᠢᠨ ᠪᠦᠳᠦᠭᠡᠨ ᠪᠠᠢᠭᠤᠯᠤᠯᠲᠠ᠂ ᠬᠠᠮᠠᠭᠠᠯᠠᠯᠲᠠ ᠪᠠ ᠠᠵᠤ ᠦᠢᠯᠡᠰ᠎ᠦᠨ ᠬᠥᠭ᠌ᠵᠢᠯᠲᠡ᠎ᠶ᠋ᠢᠨ ᠳᠤᠮᠳᠠ ᠡᠴᠡ ᠦᠨᠡᠨ ᠬᠦ᠌ ᠪᠣᠳᠠᠲᠤ ᠠᠱᠢᠭ ᠬᠦᠷᠳᠡᠵᠡᠢ᠃

ᠬᠠᠷᠠᠴᠢᠨ ᠬᠤᠰᠢᠭᠤᠨ᠎ᠤ ᠡᠮᠡᠭᠡᠯ ᠠᠭᠤᠯᠠ ᠲᠣᠰᠭᠣᠨ ᠣᠷᠣᠨ ᠪᠠᠢᠷᠢ᠎ᠶ᠋ᠢᠨ ᠳᠠᠪᠠᠭᠤᠯᠢᠭ᠎ᠲᠠᠭᠠᠨ ᠰᠠᠭᠤᠷᠢᠯᠠᠵᠤ᠂ ᠤᠨᠴᠠᠯᠢᠬ᠍ᠳᠤ ᠠᠵᠤ ᠦᠢᠯᠡᠰ᠎ᠢᠶᠡᠷ ᠬᠥᠳᠡᠯᠭᠡᠭᠦᠷ ᠪᠣᠯᠭᠠᠵᠤ᠂ ᠠᠭᠤᠯᠠᠨ ᠦᠵᠦᠮ᠎ᠦᠨ ᠠᠵᠤ ᠦᠢᠯᠡᠰ ᠪᠣᠯᠤᠨ ᠬᠥᠳᠡᠭᠡ ᠲᠣᠰᠭᠣᠨ᠎ᠤ ᠵᠢᠭᠤᠯᠴᠢᠯᠠᠯ᠎ᠤᠨ ᠦᠢᠯᠡᠰ ᠬᠣᠶᠠᠷ ᠲᠤᠮᠤ ᠲᠤᠯᠭᠠᠭᠤᠷᠢ ᠠᠵᠤ ᠦᠢᠯᠡᠰ᠎ᠢ ᠴᠣᠭ᠍ᠴᠠᠯᠠᠵᠤ᠂ 《ᠠᠮᠢ ᠠᠬᠤᠢ᠎ᠪᠠᠷ ᠲᠣᠰᠭᠣᠨ᠎ᠢᠶᠠᠨ ᠴᠤᠭᠴᠠᠯᠠᠬᠤ᠂ ᠠᠵᠤ ᠦᠢᠯᠡᠰ᠎ᠢᠶᠡᠷ ᠲᠣᠰᠭᠣᠨ᠎ᠢᠶᠠᠨ ᠪᠠᠶᠠᠵᠢᠭᠤᠯᠬᠤ᠂ ᠵᠢᠭᠤᠯᠴᠢᠯᠠᠯ᠎ᠢᠶᠠᠷ ᠲᠣᠰᠭᠣᠨ᠎ᠢᠶᠠᠨ ᠬᠦᠴᠦᠷᠬᠡᠭ᠌ᠵᠢᠭᠦᠯᠬᠦ᠌》 ᠬᠥᠭ᠌ᠵᠢᠯᠲᠡ᠎ᠶ᠋ᠢᠨ ᠵᠠᠮ ᠵᠢᠡᠷ ᠵᠢᠪᠬᠤᠭ᠎ᠠ ᠲᠡᠭᠦᠯᠳᠡᠷ ᠤᠷᠤᠭᠰᠢᠯᠠᠨ᠎ᠠ; ᠨᠢᠩᠴᠧᠩ ᠱᠢᠶᠠᠨ᠎ᠤ ᠵᠢᠮᠢᠰ᠎ᠦᠨ ᠮᠣᠳᠣᠨ᠎ᠤ ᠠᠵᠤ ᠠᠬᠤᠢ᠎ᠶ᠋ᠢᠨ ᠤᠢ᠎ᠶ᠋ᠢᠨ ᠶᠡᠷᠦᠩᠬᠡᠢ ᠲᠠᠯᠠᠪᠠᠢ 21.3 ᠲᠦᠮᠡᠨ ᠮᠦ᠍᠎ᠳᠦ ᠬᠦᠷᠴᠦ᠍᠂ ᠵᠢᠯ᠎ᠳᠦ 13.5 ᠲᠦᠮᠡᠨ ᠲᠣᠨ ᠵᠢᠮᠢᠰ ᠭᠠᠷᠭᠠᠵᠤ᠂ ᠵᠢᠯ᠎ᠳᠦ 6.8 ᠳ᠋ᠦᠩᠱᠢᠭᠤᠷ ᠲᠥᠭᠥᠷᠢᠭ᠎ᠦᠨ ᠦᠢᠯᠡᠳᠬᠦᠨ᠎ᠦ ᠦᠷᠳᠡᠭ᠎ᠢ ᠡᠭᠦᠳᠴᠦ᠍᠂ ᠬᠤᠯᠠ ᠦᠢᠷ᠎ᠠ᠎ᠳᠤ ᠠᠯᠳᠠᠷᠱᠢᠭ᠍ᠰᠠᠨ ᠨᠢᠩᠴᠧᠩ᠎ᠤᠨ ᠠᠯᠮᠤᠷᠠᠳ᠎ᠢ ᠪᠣᠢᠵᠢᠭᠤᠯᠵᠤ᠂ ᠤᠢ᠎ᠵᠢᠨ ᠵᠢᠮᠢᠰ ᠨᠢ ᠠᠷᠠᠳ ᠤᠯᠠᠨ᠎ᠤ ᠪᠠᠶᠠᠵᠢᠨ ᠴᠢᠨᠡᠭᠡᠯᠢᠭ᠌ᠵᠢᠬᠦ᠌ 《ᠡᠷᠳᠡᠨᠢ》 ᠪᠤᠯᠪᠠ᠃


ᠠᠮᠢᠵᠢᠷᠠᠯ᠎ᠤᠨ ᠬᠦᠴᠦᠨ ᠪᠢᠯᠬᠠᠭᠰᠠᠨ ᠠᠮᠢ ᠠᠬᠤᠢ᠎ᠶ᠋ᠢᠨ ᠵᠢᠭᠤᠯᠴᠢᠯᠠᠯ


《ᠥᠩᠭᠡᠷᠡᠭ᠌ᠰᠡᠨ᠎ᠳᠦ ᠡᠨᠳᠡ ᠡᠳᠦᠷᠵᠢᠨ ᠲᠤᠭᠤᠰᠤ ᠰᠢᠷᠤᠢ ᠪᠤᠲᠠᠷᠠᠵᠤ᠂ ᠵᠢᠯ᠎ᠤᠨ ᠳᠦᠷᠪᠡᠨ ᠤᠯᠠᠷᠢᠯ ᠳ᠋ᠤ ᠬᠦᠮᠦᠨ᠎ᠤ ᠪᠠᠷ᠎ᠠ ᠬᠠᠷᠠᠭᠳᠠᠬᠤ ᠦᠭᠡᠢ᠃ ᠣᠳᠣ ᠴᠡᠴᠡᠷᠯᠢᠭ ᠪᠠᠢᠭᠤᠯᠤᠭ᠍ᠰᠠᠨ ᠴᠢᠨᠢ ᠠᠭᠤᠯᠠ᠎ᠲᠠᠶ ᠤᠰᠤ ᠲᠠᠢ ᠦᠵᠡᠮᠵᠢ᠎ᠲᠠᠶ ᠪᠤᠯᠵᠤ᠂ ᠬᠤᠲᠠ ᠵᠢᠨ ᠠᠷᠠᠳ᠎ᠤᠨ ᠰᠡᠯᠡᠭᠦᠴᠡᠨ ᠲᠤᠭᠤᠷᠢᠬᠤ ᠰᠠᠢᠬᠠᠨ ᠭᠠᠵᠠᠷ ᠪᠤᠯᠪᠠ》 ᠭᠡᠵᠦ ᠤᠯᠠᠭᠠᠨ ᠬᠠᠳᠠ ᠴᠡᠴᠡᠷᠯᠢᠭ᠎ᠲᠦ ᠵᠢᠭᠤᠯᠴᠢᠯᠠᠵᠤ ᠪᠠᠢᠭᠰᠠᠨ ᠬᠤᠳᠠ᠎ᠶ᠋ᠢᠨ ᠠᠷᠠᠳ ᠴᠢ ᡁᠢ ᠱᠢᠩ ᠭᠡᠯᠡᠨ᠎ᠠ᠃

ᠤᠢ᠍ᠢᠷ᠎ᠠ᠎ᠶ᠋ᠢᠨ ᠵᠢᠯ ᠳ᠋ᠤ᠂ ᠬᠤᠩᠱᠠᠨ ᠲᠣᠭᠣᠷᠢᠭ᠎ᠤᠨ ᠬᠢᠨ ᠠᠮᠢ ᠠᠬᠤᠢ᠎ᠶ᠋ᠢᠨ ᠪᠦᠳᠦᠬᠡᠨ ᠪᠠᠢᠭᠤᠯᠤᠯᠲᠠ᠎ᠶ᠋ᠢᠨ ᠡᠷᠴᠢᠮ᠎ᠢᠶᠡᠨ ᠴᠢᠩᠭᠠᠷᠠᠭᠤᠯᠵᠤ᠂ 《ᠬᠣᠶᠠᠷ ᠠᠭᠤᠯᠠ ᠬᠣᠶᠠᠷ ᠬᠦᠷᠢᠶᠡᠯᠡᠩ》 ᠵᠢᠴᠢ ᠬᠤᠳᠠ᠎ᠶ᠋ᠢᠨ ᠦᠵᠡᠮᠵᠢ᠎ᠶ᠋ᠢ ᠳᠡᠭᠡᠭ᠌ᠰᠢᠯᠡᠭᠦᠯᠬᠦ᠌ ᠢᠨᠵᠧᠨᠧᠷᠢᠩ᠎ᠢ ᠬᠡᠷᠡᠭ᠌ᠵᠢᠭᠦᠯᠦᠨ᠂ 13600 ᠮᠦ᠍ ᠭᠠᠵᠠᠷ᠎ᠢ ᠦᠭᠡᠷᠡᠴᠢᠯᠡᠨ ᠨᠣᠭᠣᠭᠠᠷᠠᠭᠤᠯᠵᠠᠢ᠃ ᠡᠳᠦᠭᠡ ᠬᠤᠩᠱᠠᠨ ᠲᠣᠭᠣᠷᠢᠭ᠎ᠤᠨ ᠭᠠᠵᠠᠷ ᠪᠣᠯᠭᠠᠨ᠎ᠨᠢ ᠨᠣᠭᠣᠭᠠᠨ ᠵᠠᠰᠠᠯ᠎ᠵᠢᠡᠷ ᠴᠢᠮᠡᠭᠳᠡᠵᠤ᠂《ᠬᠣᠶᠠᠷ ᠠᠭᠤᠯᠠ ᠬᠣᠶᠠᠷ ᠴᠡᠴᠡᠷᠯᠢᠭ》 ᠤ᠋ᠨ ᠨᠣᠭᠣᠭᠠᠨ ᠦᠩᠬᠡ ᠵᠢᠴᠢ ᠬᠤᠳᠠ ᠲᠣᠭᠣᠷᠢᠭ᠎ᠤᠨ ᠦᠵᠡᠮᠵᠢ ᠨᠢ ᠨᠢᠭᠡᠨ ᠦᠵᠡᠰᠭᠦᠯᠡᠩᠲᠦ ᠰᠠᠢᠬᠠᠨ ᠨᠡᠷ᠎ᠡ᠎ᠶ᠋ᠢᠨ ᠬᠠᠭᠤᠳᠠᠰᠤ ᠪᠣᠯᠤᠭ᠍ᠰᠠᠨ ᠪᠠᠢᠨ᠎ᠠ᠃ 《ᠤᠯᠤᠰ᠎ᠤᠨ ᠰᠢᠭᠤᠢᠲᠤ ᠬᠣᠲᠠ》 ᠬᠡᠮᠡᠭᠳᠡᠭᠰᠡᠨ ᠤᠯᠠᠭᠠᠨᠬᠠᠳᠠ ᠬᠤᠲᠠ ᠳ᠋ᠤ ᠮᠠᠰᠢ ᠤᠯᠠᠨ ᠤᠯᠤᠰ᠎ᠤᠨ ᠲᠠᠰ᠎ᠤᠨ ᠪᠠᠢᠭᠠᠯᠢ᠎ᠶ᠋ᠢᠨ ᠬᠠᠮᠠᠭᠠᠯᠠᠯᠲᠠ ᠶ᠋ᠢᠨ ᠣᠷᠣᠨ᠎ᠲᠠᠶ᠃ ᠰᠠᠢᠬᠠᠨ ᠬᠠᠨ ᠠᠭᠤᠯᠠ᠂ ᠪᠠᠶᠠᠨ᠌ᠨ᠌ᠤᠪᠤᠭ᠎ᠠ᠂ ᠭᠤᠷᠤᠬ᠎ᠠ ᠭᠤᠤᠯ᠂ ᠤᠯᠠᠭᠠᠨᠳᠠᠪᠠᠭ᠎ᠠ᠂ ᠭᠤᠭᠤᠰᠤᠲᠠᠢ ᠬᠠᠨ ᠠᠭᠤᠯᠠ᠂ ᠳᠠᠯᠠᠢᠨᠠᠭᠤᠷ ᠵᠡᠷᠭᠡ ᠤᠯᠤᠰ᠎ᠤᠨ ᠲᠠᠰ᠎ᠤᠨ ᠪᠠᠢᠭᠠᠯᠢ᠎ᠶ᠋ᠢᠨ ᠬᠠᠮᠠᠭᠠᠯᠠᠯᠲᠠ᠎ᠶ᠋ᠢᠨ ᠣᠷᠣᠨ᠎ᠪᠤᠯ ᠴᠦᠮ ᠴᠢᠬᠤᠯᠠ ᠠᠮᠢ ᠠᠬᠤᠢ ᠵᠢᠨ ᠬᠠᠯᠬᠠᠪᠴᠢ ᠪᠠᠢᠵᠤ᠂ ᠡᠳᠡᠭᠡᠷ ᠭᠠᠵᠠᠷ᠎ᠤ᠋ᠨ ᠠᠭᠠᠷ ᠨᠢ ᠴᠡᠪᠡᠷ᠂ ᠠᠭᠤᠯᠠ ᠨᠢ ᠬᠦᠬᠡᠮᠳᠦᠭ᠂ ᠤᠰᠤ ᠨᠢ ᠲᠤᠩᠭᠠᠯᠠᠭ ᠪᠠᠢᠵᠤ᠂ ᠬᠤᠸᠠᠷ ᠴᠡᠴᠡᠭ ᠮᠢᠷᠠᠯᠵᠠᠨ᠂ ᠪᠣᠯᠵᠣᠮᠣᠷ ᠱᠢᠪᠠᠭᠤᠳ ᠵᠢᠷᠭᠢᠬᠦ ᠶᠤᠮ᠃

ᠬᠥᠬᠡᠮᠳᠦᠭ ᠨᠣᠭᠣᠭᠠᠨ ᠠᠭᠤᠯᠠ ᠤᠰᠤᠨ᠎ᠤ ᠳᠤᠮᠳᠠ ᠡᠯᠪᠡᠭ ᠪᠠᠶᠠᠯᠢᠭ ᠵᠢᠭᠤᠯᠴᠢᠯᠠᠯ᠎ᠤᠨ ᠡᠬᠢ ᠪᠠᠶᠠᠯᠢᠭ ᠠᠭᠤᠯᠤᠭᠳᠠᠵᠤ ᠪᠠᠢᠳᠠᠭ᠃ ᠬᠠᠷᠠᠴᠢᠨ ᠬᠣᠱᠢᠭᠤᠨ᠎ᠤ ᠡᠮᠡᠭᠡᠯ ᠠᠭᠤᠯᠠ ᠤᠯᠤᠰ᠎ᠤᠨ ᠣᠶ ᠱᠢᠭᠤᠶ᠎ᠶ᠋ᠢᠨ ᠴᠡᠴᠡᠷᠯᠢᠭ᠂ ᠬᠡᠱᠢᠭ᠌ᠲᠡᠨ ᠬᠣᠱᠢᠭᠤᠨ᠎ᠤ ᠤᠯᠠᠭᠠᠨᠪᠤᠲᠤᠩ᠂ ᠨᠢᠩᠴᠧᠩ ᠱᠢᠶᠠᠨ᠎ᠤ ᠳ᠋ᠤᠤ ᠱᠢᠤᠢ ᠭᠸᠤ ᠵᠢᠨ ᠦᠵᠡᠮᠵᠢ᠎ᠶ᠋ᠢᠨ ᠣᠷᠣᠨ᠂ ᠣᠩᠨᠢᠭᠤᠳ ᠬᠣᠱᠢᠭᠤᠨ᠎ᠤ ᠬᠠᠰ ᠯᠤᠤ ᠡᠯᠡᠰᠦᠨ ᠨᠠᠭᠤᠷ ᠤ᠋ᠨ ᠦᠵᠡᠮᠵᠢ᠎ᠶ᠋ᠢᠨ ᠣᠷᠣᠨ ᠁ ᠵᠢᠭᠤᠯᠴᠢᠯᠠᠯ᠎ᠤᠨ ᠦᠶ᠋ᠯᠡᠰ᠎ᠦᠨ ᠥᠷᠨᠢᠭᠦᠨ ᠬᠥᠭ᠌ᠵᠢᠯᠲᠡ ᠨᠢ ᠠᠮᠢ ᠠᠬᠤᠶ ᠣᠷᠴᠢᠨ ᠲᠤᠭᠤᠷᠢᠨ᠎ᠤ ᠦᠷᠭᠦᠯᠵᠢᠯᠡᠨ ᠰᠠᠢᠵᠢᠷᠠᠭᠰᠠᠨ ᠡᠴᠡ ᠪᠤᠯᠤᠭᠰᠠᠨ ᠶᠤᠮ᠃ ᠡᠨᠡ ᠵᠢᠯ᠎ᠤᠨ ᠲᠦᠷᠦᠬᠦᠤ ᠤᠯᠠᠷᠢᠯ ᠳ᠋ᠤ᠂ ᠤᠯᠠᠭᠠᠨᠬᠠᠳᠠ ᠬᠤᠲᠠ ᠵᠢᠨ ᠬᠦᠯᠢᠶᠡᠨ ᠠᠪᠤᠭᠰᠠᠨ ᠵᠢᠭᠤᠯᠴᠢᠯᠠᠭᠰᠠᠳ 190.7 ᠲᠦᠮᠡᠨ ᠬᠦᠮᠦᠨ ᠤᠳᠠᠭ᠎ᠠ ᠳ᠋ᠤ ᠬᠦᠷᠴᠤ᠂ ᠵᠢᠭᠤᠯᠴᠢᠯᠠᠯ᠎ᠤᠨ ᠤᠷᠤᠯᠭ᠎ᠠ 25.59 ᠳ᠋ᠦᠩᠰᠢᠭᠤᠷ ᠲᠦᠭᠦᠷᠢᠭ ᠲᠦ᠍ ᠬᠦᠷᠴᠡᠢ᠃

ᠠᠭᠤᠯᠠ ᠨᠢ ᠬᠥᠬᠡᠮᠳᠦᠭ᠂ ᠤᠰᠤ ᠨᠢ ᠲᠤᠡᠭᠭᠠᠯᠠᠭ᠂ ᠠᠭᠠᠷ ᠨᠢ ᠴᠡᠪᠡᠷ ᠪᠠᠢᠬᠤ ᠎ᠵᠢ ᠦᠨᠢᠳᠠ ᠪᠠᠳᠤᠯᠠᠬᠤ ᠎ᠵᠢᠨ ᠲᠥᠯᠥᠭᠡ᠂ ᠤᠯᠠᠭᠠᠨᠬᠠᠳᠠ ᠵᠢᠨ ᠬᠢᠨ ᠨᠠᠡᠭ ᠪᠦᠳᠤᠮᠵᠢᠳᠠᠢ ᠠᠷᠭ᠎ᠠ ᠭᠡᠮᠵᠢᠶ᠎ᠠ ᠠᠪᠴᠤ᠂ ᠠᠵᠤ ᠠᠬᠤᠢ ᠎ᠵᠢᠨ ᠪᠤᠬᠢᠷᠳᠤᠯ ᠦᠭᠡᠢ ᠴᠢᠨᠠᠷ ᠰᠠᠢᠳᠠᠢ ᠬᠦᠭᠵᠢᠯᠳᠠ᠎ᠳᠤ ᠬᠦᠴᠤᠨ ᠨᠠᠮᠠᠷᠢᠯᠡᠵᠦ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号