ᠱᠢᠲᠠᠮᠠᠬᠠᠶ ᠬᠡᠢ ᠪᠣᠯ ᠣᠳᠣ ᠦᠶ᠎ᠡ᠎ᠶ᠋ᠢᠨ ᠬᠣᠲᠠ᠎ᠶ᠋ᠢᠨ ᠬᠥᠭ᠌ᠵᠢᠯᠲᠡ᠎ᠶ᠋ᠢᠨ ᠳᠤᠲᠠᠭ᠍ᠳᠠᠵᠤ ᠪᠣᠯᠤᠰᠢ ᠦᠭᠡᠶ ᠴᠢᠬᠤᠯᠠ ᠡᠨᠧᠷᠭᠢ ᠪᠣᠯᠬᠤ ᠪᠥᠭᠡᠳ ᠬᠣᠲᠠ᠎ᠶ᠋ᠢᠨ ᠰᠠᠭᠤᠷᠢ ᠲᠦᠭᠦᠭᠡᠷᠦᠮᠵᠢ᠎ᠶ᠋ᠢᠨ ᠴᠢᠬᠤᠯᠠ ᠪᠦᠷᠢᠯᠳᠦᠬᠦᠨ ᠬᠡᠰᠡᠭ ᠪᠠᠢᠵᠤ᠂ ᠨᠡᠢᠭᠡᠮ ᠨᠡᠢᠲᠡ ᠵᠢᠨ ᠠᠮᠤᠷ ᠲᠦᠪᠰᠢᠨ᠂ ᠰᠠᠭᠤᠭᠠᠯᠢ ᠠᠷᠠᠳ᠎ᠤᠨ ᠠᠱᠢᠭ ᠲᠤᠰᠠ᠂ ᠬᠤᠳᠠ ᠵᠢᠨ ᠪᠦᠳᠦᠭᠡᠨ ᠪᠠᠢᠭᠤᠯᠤᠯᠳᠠ ᠳᠠᠢ ᠰᠢᠭᠤᠳ ᠬᠣᠯᠪᠣᠭ᠍ᠳᠠᠬᠤ ᠶᠤᠮ᠃ 2008 ᠣᠨ᠎ᠳᠤ᠂ ᠮᠠᠨ᠎ᠤ ᠣᠷᠣᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠱᠢᠲᠠᠮᠠᠬᠠᠶ ᠬᠡᠶ᠎ᠶ᠋ᠢᠨ ᠬᠠᠮᠢᠶᠠᠷᠤᠯᠲᠠ᠎ᠶ᠋ᠢᠨ ᠲᠦᠷᠢᠮ》᠎ᠢ᠋ ᠲᠣᠭ᠍ᠲᠠᠭᠠᠵᠤ᠂ ᠱᠢᠲᠠᠮᠠᠬᠠᠶ ᠬᠡᠶ᠎ᠶ᠋ᠢᠨ ᠬᠠᠮᠢᠶᠠᠷᠤᠯᠲᠠ᠎ᠶ᠋ᠢ ᠴᠢᠩᠭᠠᠳᠭᠠᠬᠤ᠂ ᠨᠡᠢᠭᠡᠮ ᠨᠡᠢᠲᠡ᠎ᠶ᠋ᠢᠨ ᠠᠮᠤᠷ ᠲᠦᠪᠱᠢᠨ ᠪᠣᠯᠤᠨ ᠠᠷᠠᠳ ᠲᠦᠮᠡᠨ ᠦ ᠠᠮᠢ ᠨᠠᠰᠤ ᠡᠳ᠋ ᠬᠥᠷᠥᠩᠭᠡ᠎ᠶ᠋ᠢᠨ ᠠᠮᠤᠷ ᠲᠦᠪᠱᠢᠨ᠎ᠢ ᠪᠠᠲᠤᠯᠠᠬᠤ᠂ ᠱᠢᠲᠠᠮᠠᠬᠠᠶ ᠬᠡᠶ ᠬᠡᠷᠡᠭ᠌ᠯᠡᠬᠦ᠌ ᠡᠷᠦᠬᠡ ᠪᠣᠯᠤᠨ ᠱᠢᠲᠠᠮᠠᠬᠠᠶ ᠬᠡᠶ ᠡᠵᠡᠩᠨᠡᠭ᠌ᠴᠢ᠎ᠶ᠋ᠢᠨ ᠬᠠᠤᠯᠢ ᠶᠣᠰᠣᠨ᠎ᠤ ᠡᠷᠬᠡ ᠠᠱᠢᠭ ᠢ ᠬᠠᠮᠠᠭᠠᠯᠠᠬᠤ᠂ ᠱᠢᠲᠠᠮᠠᠬᠠᠶ ᠬᠡᠶ᠎ᠶ᠋ᠢᠨ ᠦᠶ᠋ᠯᠡᠰ᠎ᠦᠨ ᠬᠥᠭ᠌ᠵᠢᠯᠲᠡ᠎ᠶ᠋ᠢ ᠠᠬᠢᠭᠤᠯᠬᠤ ᠲᠠᠯ᠎ᠠ᠎ᠪᠠᠷ ᠴᠢᠬᠤᠯᠠ ᠦᠢᠯᠡᠳᠦᠯ ᠦᠵᠡᠭᠦᠯᠪᠡ᠃ ᠱᠢᠲᠠᠮᠠᠬᠠᠶ ᠬᠡᠢ᠎ᠶ᠋ᠢᠨ ᠦᠢᠯᠡᠰ᠎ᠦᠨ ᠬᠥᠭ᠌ᠵᠢᠯᠲᠡ ᠶ᠋ᠢ ᠳᠠᠭᠠᠯᠳᠤᠨ᠂ ᠱᠢᠲᠠᠮᠠᠬᠠᠶ ᠬᠡᠢ ᠬᠡᠷᠡᠭ᠌ᠯᠡᠬᠦ᠌ ᠬᠡᠮᠵᠢᠶ᠎ᠡ ᠨᠢ ᠤᠯᠠᠮ ᠶᠡᠬᠡᠰᠴᠤ᠂ ᠬᠡᠷᠡᠭ᠌ᠯᠡᠬᠦ᠌ ᠭᠠᠵᠠᠷ ᠤᠯᠠᠮ ᠣᠯᠠᠱᠢᠷᠠᠵᠤ᠂ ᠬᠠᠮᠢᠶᠠᠷᠤᠯᠲᠠ᠎ᠶ᠋ᠢᠨ ᠬᠦᠴᠢᠷᠳᠡᠯ ᠨᠢ ᠤᠯᠠᠮ ᠶᠡᠬᠡ ᠪᠣᠯᠵᠤ᠂ ᠠᠮᠤᠷ ᠲᠦᠪᠱᠢᠨ᠎ᠦ ᠳᠠᠯᠳᠠ ᠭᠡᠮ ᠦᠨ ᠠᠰᠠᠭᠤᠳᠠᠯ ᠢᠯᠡᠷᠡᠵᠦ᠂ ᠬᠠᠤᠯᠢ ᠲᠣᠭ᠍ᠲᠠᠭᠠᠯ ᠨᠢ ᠣᠳᠣᠬᠠᠨ ᠤ ᠱᠢᠲᠠᠮᠠᠬᠠᠶ ᠬᠡᠢ ᠶ᠋ᠢᠨ ᠬᠠᠮᠢᠶᠠᠷᠤᠯᠲᠠ ᠶ᠋ᠢᠨ ᠪᠠᠢᠳᠠᠯ᠎ᠤᠨ ᠬᠡᠷᠡᠭ᠌ᠴᠡᠭᠡ ᠳᠦ ᠲᠣᠬᠢᠷᠠᠬᠤ ᠦᠭᠡᠶ ᠪᠤᠯᠤᠬᠰᠠᠨ ᠪᠠᠢᠨ᠎ᠠ᠃ ᠡᠢᠮᠦ᠍᠎ᠡᠴᠡ ᠱᠢᠲᠠᠮᠠᠬᠠᠶ ᠬᠡᠶ᠎ᠶ᠋ᠢᠨ ᠲᠦᠷᠢᠮ᠎ᠳᠦ ᠠᠯᠢ ᠲᠦᠷᠭᠡᠨ᠎ᠢᠶᠡᠷ ᠵᠠᠰᠠᠪᠤᠷᠢ ᠣᠷᠣᠭᠤᠯᠬᠤ ᠵᠢ ᠪᠠᠴᠢᠮ ᠱᠠᠭᠠᠷᠳᠠᠬᠤ ᠪᠤᠯᠵᠠᠢ᠃
2022 ᠣᠨ ᠤ 3 ᠰᠠᠷ᠎ᠠ᠎ᠶ᠋ᠢᠨ 29 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶᠠᠨ ᠤ ᠭᠤᠴᠢᠨ ᠳᠥᠷᠪᠡᠳᠦᠭᠡᠷ ᠬᠤᠷᠠᠯ ᠡᠴᠡ 《ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ᠎ᠤ ᠱᠢᠲᠠᠮᠠᠬᠠᠶ ᠬᠡᠶ᠎ᠶ᠋ᠢᠨ ᠬᠠᠮᠢᠶᠠᠷᠤᠯᠲᠠ᠎ᠶ᠋ᠢᠨ ᠲᠦᠷᠢᠮ》 ᠳ᠋ᠤ ᠵᠠᠰᠠᠪᠤᠷᠢ ᠣᠷᠣᠭᠤᠯᠤᠨ ᠪᠠᠲᠤᠯᠠᠵᠤ᠂ 7 ᠰᠠᠷ᠎ᠠ᠎ᠶ᠋ᠢᠨ 1 ᠤ᠋ ᠡᠳᠦᠷ᠎ᠡᠴᠡ ᠡᠬᠢᠯᠡᠨ ᠬᠡᠷᠡᠭ᠌ᠵᠢᠭᠦᠯᠪᠡ᠃ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠶ᠋ᠢᠨ ᠪᠥᠲᠥᠭᠡᠨ ᠪᠠᠢᠭᠤᠯᠤᠯᠲᠠ᠎ᠶ᠋ᠢᠨ ᠲᠢᠩᠬᠢᠮ᠎ᠦᠨ ᠳᠡᠳ᠋ ᠳᠠᠷᠤᠭ᠎ᠠ ᠢᠦᠶ ᠱᠢᠨ ᠹᠠᠩ ᠤ᠋ᠨ ᠲᠠᠨᠢᠯᠴᠠᠭᠤᠯᠤᠬᠰᠠᠨ ᠵᠢᠡᠷ᠂ ᠰᠢᠨ᠎ᠠ《ᠲᠦᠷᠢᠮ》᠎ᠨᠢ ᠭᠤᠤᠯᠳᠠᠭᠤ ᠬᠢᠨᠠᠯᠲᠠ ᠬᠠᠮᠢᠶᠠᠷᠤᠯᠲᠠ᠎ᠶ᠋ᠢᠨ ᠬᠠᠷᠢᠭᠤᠴᠠᠯᠭ᠎ᠠ᠂ ᠱᠢᠲᠠᠮᠠᠬᠠᠶ ᠬᠡᠶ᠎ᠶ᠋ᠢᠨ ᠠᠮᠤᠷ ᠲᠦᠪᠱᠢᠨ᠎ᠦ ᠪᠠᠲᠤᠯᠠᠭ᠎ᠠ᠂ ᠡᠵᠡᠩᠨᠡᠯᠲᠡ ᠦᠶ᠋ᠯᠡᠴᠢᠯᠡᠭᠡ ᠵᠡᠷᠭᠡ ᠠᠭᠤᠯᠭ᠎ᠠ ᠵᠢᠨ ᠲᠤᠭᠤᠷᠢᠨ ᠳ᠋ᠤ ᠬᠠᠮᠢᠶ᠎ᠠ ᠪᠥᠬᠥᠶ ᠲᠤᠬᠳᠠᠭᠠᠯ᠎ᠳᠦ ᠵᠠᠰᠠᠪᠤᠷᠢ ᠣᠷᠣᠭᠤᠯᠵᠤ ᠲᠡᠭᠦᠯᠳᠡᠷᠵᠢᠭᠦᠯᠪᠡ᠃
ᠠᠮᠤᠷ ᠲᠦᠪᠱᠢᠨ᠎ᠦ ᠬᠠᠷᠢᠭᠤᠴᠠᠯᠭ᠎ᠠ᠎ᠶ᠋ᠢ ᠨᠠᠢᠳᠠᠪᠤᠷᠢᠵᠢᠭᠤᠯᠬᠤ᠎ᠶ᠋ᠢ ᠴᠢᠩᠭᠠᠳᠭᠠᠪᠠ᠃ ᠡᠯ᠎ᠡ ᠲᠠᠯ᠎ᠠ ᠶ᠋ᠢᠨ ᠠᠮᠤᠷ ᠲᠦᠪᠱᠢᠨ᠎ᠦ ᠬᠠᠷᠢᠭᠤᠴᠠᠯᠭ᠎ᠠ ᠶ᠋ᠢ ᠨᠠᠢᠳᠠᠪᠤᠷᠢᠵᠢᠭᠤᠯᠬᠤ ᠪᠣᠯ ᠱᠢᠲᠠᠮᠠᠬᠠᠶ ᠬᠡᠶ᠎ᠶ᠋ᠢᠨ ᠠᠮᠤᠷ ᠲᠦᠪᠱᠢᠨ᠎ᠦ ᠬᠠᠮᠢᠶᠠᠷᠤᠯᠲᠠ᠎ᠶ᠋ᠢᠨ ᠪᠠᠲᠤᠯᠠᠭ᠎ᠠ ᠮᠥᠨ᠃ ᠵᠠᠰᠠᠪᠤᠷᠢ ᠣᠷᠣᠭᠤᠯᠤᠭ᠍ᠰᠠᠨ 《ᠲᠦᠷᠢᠮ》 ᠳ᠋ᠤ ᠵᠠᠰᠠᠭ᠎ᠤᠨ ᠣᠷᠳᠣᠨ᠎ᠤ ᠬᠢᠨᠠᠯᠲᠠ ᠬᠠᠮᠢᠶᠠᠷᠤᠯᠲᠠ ᠂ ᠱᠢᠲᠠᠮᠠᠬᠠᠶ ᠬᠡᠶ ᠡᠵᠡᠩᠨᠡᠭ᠌ᠴᠢ ᠪᠠ ᠱᠢᠲᠠᠮᠠᠬᠠᠶ ᠬᠡᠶ ᠬᠡᠷᠡᠭ᠌ᠯᠡᠬᠦ᠌ ᠡᠷᠦᠬᠡ᠎ᠶ᠋ᠢᠨ ᠠᠮᠤᠷ ᠲᠦᠪᠱᠢᠨ᠎ᠦ ᠬᠠᠷᠢᠭᠤᠴᠠᠯᠭ᠎ᠠ᠎ᠶ᠋ᠢ ᠴᠢᠨᠠᠬᠰᠢᠳᠠ ᠲᠡᠭᠦᠯᠳᠡᠷᠵᠢᠭᠦᠯᠪᠡ᠃ ᠵᠠᠰᠠᠭ᠎ᠤᠨ ᠣᠷᠳᠣᠨ ᠤ ᠬᠢᠨᠠᠯᠲᠠ ᠬᠠᠮᠢᠶᠠᠷᠤᠯᠲᠠ᠎ᠶ᠋ᠢᠨ ᠲᠠᠯ᠎ᠠ᠎ᠪᠠᠷ᠂ ᠬᠣᠱᠢᠭᠤ ᠱᠢᠶᠠᠨ᠎ᠤ ᠱᠠᠲᠤᠨ᠎ᠠᠴᠠ ᠳᠡᠭᠡᠭ᠌ᠰᠢᠬᠢ ᠠᠷᠠᠳ᠎ᠤᠨ ᠵᠠᠰᠠᠭ᠎ᠤᠨ ᠣᠷᠳᠣᠨ ᠱᠢᠲᠠᠮᠠᠬᠠᠶ ᠬᠡᠶ᠎ᠶ᠋ᠢᠨ ᠠᠵᠢᠯ᠎ᠤᠨ ᠤᠳᠤᠷᠢᠳᠤᠯᠭ᠎ᠠ᠎ᠪᠠᠨ ᠴᠢᠩᠭᠠᠳᠭᠠᠬᠤ ᠬᠡᠷᠡᠭ᠌ᠲᠡᠶ; ᠬᠣᠱᠢᠭᠤ ᠱᠢᠶᠠᠨ᠎ᠤ ᠱᠠᠲᠤᠨ᠎ᠠᠴᠠ ᠳᠡᠭᠡᠭ᠌ᠰᠢᠬᠢ ᠠᠷᠠᠳ᠎ᠤᠨ ᠵᠠᠰᠠᠭ᠎ᠤᠨ ᠣᠷᠳᠣᠨᠱᠢᠲᠠᠮᠠᠬᠠᠶ ᠬᠡᠶ᠎ᠶ᠋ᠢᠨ ᠬᠠᠮᠢᠶᠠᠷᠤᠯᠲᠠ᠂ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠂ ᠳᠣᠲᠣᠭᠠᠳᠤ ᠶ᠋ᠢ ᠬᠠᠮᠠᠭᠠᠯᠠᠬᠤ᠂ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ ᠂ ᠵᠠᠮ ᠬᠠᠷᠢᠯᠴᠠᠭ᠎ᠠ ᠲᠡᠭᠡᠭᠡᠪᠦᠷᠢ ᠂ ᠠᠮᠢ ᠠᠬᠤᠶ ᠵᠢᠨ ᠣᠷᠴᠢᠨ ᠲᠣᠭᠣᠷᠢᠨ᠂ ᠪᠠᠢᠭᠠᠯᠢ ᠶ᠋ᠢᠨ ᠡᠬᠢ ᠪᠠᠶᠠᠯᠢᠭ ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠭᠠᠯ ᠰᠡᠷᠭᠡᠢᠯᠡᠵᠦ ᠭᠠᠯ ᠤᠨᠲᠠᠷᠠᠭᠠᠵᠤ ᠠᠪᠤᠷᠠᠨ ᠲᠤᠰᠠᠯᠠᠬᠤ ᠵᠡᠷᠭᠡ ᠬᠣᠯᠪᠣᠭ᠍ᠳᠠᠯ ᠪᠥᠬᠥᠶ ᠰᠠᠯᠠᠭ᠎ᠠ ᠮᠥᠴᠢᠷ ᠪᠣᠯᠤᠨ ᠪᠠᠢᠭᠤᠯᠤᠮᠵᠢ ᠶ᠋ᠢ ᠵᠣᠬᠢᠶᠠᠨ ᠪᠠᠢᠭᠤᠯᠤᠨ ᠱᠢᠲᠠᠮᠠᠬᠠᠶ ᠬᠡᠶ᠎ᠶ᠋ᠢᠨ ᠠᠮᠤᠷ ᠲᠦᠪᠱᠢᠨ᠎ᠦ ᠰᠡᠷᠡᠮᠵᠢᠯᠡᠭᠦᠯᠬᠦ᠌ ᠬᠤᠯᠪᠤᠭᠠᠯᠠᠨ ᠬᠥᠳᠡᠯᠦᠯᠴᠡᠬᠦ᠌ ᠲᠣᠭ᠍ᠲᠠᠴᠠ᠎ᠶ᠋ᠢ ᠪᠠᠢᠭᠤᠯᠵᠤ᠂ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠤᠳᠤᠷᠢᠳᠤᠯᠭ᠎ᠠ᠎ᠶ᠋ᠢᠨ ᠬᠠᠷᠢᠭᠤᠴᠠᠯᠭ᠎ᠠ᠎ᠶ᠋ᠢ ᠲᠣᠳᠣᠷᠬᠠᠢᠯᠠᠪᠠ᠃ ᠱᠢᠲᠠᠮᠠᠬᠠᠶ ᠬᠡᠶ ᠡᠵᠡᠩᠨᠡᠭ᠌ᠴᠢ ᠪᠣᠯᠤᠨ ᠱᠢᠲᠠᠮᠠᠬᠠᠶ ᠬᠡᠶ ᠬᠡᠷᠡᠭ᠌ᠯᠡᠬᠦ᠌ ᠡᠷᠦᠬᠡ ᠶ᠋ᠢᠨ ᠲᠠᠯ᠎ᠠ᠎ᠪᠠᠷ᠂ ᠱᠢᠲᠠᠮᠠᠬᠠᠶ ᠬᠡᠶ ᠡᠵᠡᠩᠨᠡᠭ᠌ᠴᠢ ᠠᠶᠤᠯᠬᠦᠶ ᠦᠶ᠋ᠯᠡᠳᠪᠦᠷᠢᠯᠡᠯ ᠦᠨ ᠭᠤᠤᠯ ᠴᠣᠭ᠍ᠴᠠ ᠶ᠋ᠢᠨ ᠬᠠᠷᠢᠭᠤᠴᠠᠯᠭ᠎ᠠ᠎ᠪᠠᠨ ᠨᠠᠢᠳᠠᠪᠤᠷᠢᠵᠢᠭᠤᠯᠵᠤ᠂ ᠱᠢᠲᠠᠮᠠᠬᠠᠶ ᠬᠡᠶ ᠬᠡᠷᠡᠭ᠌ᠯᠡᠬᠦ᠌ ᠡᠷᠦᠬᠡ ᠱᠢᠲᠠᠮᠠᠬᠠᠶ ᠬᠡᠶ ᠬᠡᠷᠡᠭ᠌ᠯᠡᠬᠦ᠌ ᠠᠮᠤᠷ ᠲᠦᠪᠰᠢᠨ᠎ᠳᠦ ᠬᠠᠷᠢᠭᠤᠴᠠᠵᠤ᠂ ᠰᠠᠭᠤᠭᠠᠯᠢ ᠠᠷᠠᠳ᠎ᠤᠨ ᠪᠤᠰᠤ ᠬᠡᠷᠡᠭ᠌ᠯᠡᠬᠦ᠌ ᠡᠷᠦᠬᠡ ᠱᠢᠲᠠᠮᠠᠬᠠᠶ ᠬᠡᠶ᠎ᠶ᠋ᠢᠨ ᠠᠮᠤᠷ ᠲᠦᠪᠰᠢᠨ ᠢ᠋ ᠲᠣᠰ ᠨᠢᠭᠡᠴᠢ᠎ᠶ᠋ᠢᠨ ᠠᠶᠤᠯᠬᠦᠶ ᠦᠶ᠋ᠯᠡᠳᠪᠦᠷᠢᠯᠡᠯ᠎ᠦᠨ ᠬᠠᠮᠢᠶᠠᠷᠤᠯᠲᠠ᠎ᠶ᠋ᠢᠨ ᠠᠵᠢᠯ᠎ᠳᠠᠭᠠᠨ ᠣᠷᠣᠭᠤᠯᠵᠤ᠂ ᠱᠢᠲᠠᠮᠠᠬᠠᠶ ᠬᠡᠶ᠎ᠶ᠋ᠢᠨ ᠠᠮᠤᠷ ᠲᠦᠪᠰᠢᠨ ᠤ᠋ ᠭᠤᠤᠯ ᠴᠣᠭ᠍ᠴᠠ᠎ᠶ᠋ᠢᠨ ᠬᠠᠷᠢᠭᠤᠴᠠᠯᠭ᠎ᠠ᠎ᠵᠢ ᠲᠣᠰ ᠲᠤᠰ ᠲᠤᠨᠢ ᠲᠤᠳᠤᠷᠬᠠᠢᠯᠠᠬᠰᠠᠨ ᠪᠠᠢᠨ᠎ᠠ᠃
ᠲᠦᠩᠰᠨᠨᠳᠤ ᠰᠠᠪᠠᠯᠠᠭ᠍ᠰᠠᠨ ᠱᠢᠩᠭᠡᠨᠵᠢᠮᠡᠯ ᠴᠢᠯᠠᠭᠤᠨ ᠲᠣᠰᠣᠨ᠎ᠤ ᠬᠡᠢ᠎ᠶ᠋ᠢᠨ ᠬᠠᠮᠢᠶᠠᠷᠤᠯᠲᠠ᠎ᠶ᠋ᠢ ᠴᠢᠩᠭᠠᠳᠭᠠᠪᠠ᠃ ᠮᠠᠨ᠎ᠤ ᠣᠷᠣᠨ ᠤ ᠲᠦᠩᠰᠡᠨ᠎ᠳᠤ ᠰᠠᠪᠠᠯᠠᠭ᠍ᠰᠠᠨ ᠱᠢᠩᠭᠡᠨᠵᠢᠮᠡᠯ ᠴᠢᠯᠠᠭᠤᠨ ᠲᠣᠰᠣᠨ᠎ᠤ ᠬᠡᠢ ᠬᠡᠷᠡᠭ᠌ᠯᠡᠬᠦ᠌ ᠡᠷᠦᠬᠡ ᠪᠠᠷᠤᠭ 136 ᠲᠦᠮᠡ ᠪᠠᠢᠵᠤ᠂ ᠱᠢᠲᠠᠮᠠᠬᠠᠶ ᠬᠡᠢ᠎ᠶ᠋ᠢᠨ ᠶᠡᠷᠦᠩᠬᠡᠶ ᠬᠡᠷᠡᠭ᠌ᠯᠡᠬᠦ᠌ ᠡᠷᠦᠬᠡ᠎ᠶ᠋ᠢᠨ 27.4% ᠶ᠋ᠢ ᠡᠵᠡᠯᠡᠵᠦ᠍ ᠪᠤᠶ᠃ ᠲᠦᠩᠰᠡᠨ ᠳᠦ ᠰᠠᠪᠠᠯᠠᠭ᠍ᠰᠠᠨ ᠱᠢᠲᠠᠮᠠᠬᠠᠶ ᠬᠡᠶ᠎ᠶ᠋ᠢᠨ ᠡᠵᠡᠩᠨᠡᠯᠲᠡ ᠬᠠᠮᠢᠶᠠᠷᠤᠯᠲᠠ᠎ᠶ᠋ᠢ ᠴᠢᠩᠭᠠᠳᠭᠠᠬᠤ᠎ᠶ᠋ᠢᠨ ᠲᠤᠰᠠᠳᠠ᠂ ᠲᠦᠩᠰᠡᠨ ᠳᠦ ᠰᠠᠪᠠᠯᠠᠭ᠍ᠰᠠᠨ ᠱᠢᠲᠠᠮᠠᠬᠠᠶ ᠬᠡᠶ᠎ᠳᠦ ᠦᠨᠡᠨ ᠨᠡᠷ᠎ᠡ᠎ᠪᠡᠷ᠎ᠢᠶᠡᠨ ᠬᠤᠳᠠᠯᠳᠤᠨ ᠠᠪᠬᠤ ᠲᠦᠷᠢᠮ᠎ᠢ ᠬᠡᠷᠡᠭ᠌ᠵᠢᠭᠦᠯᠬᠦ᠌᠎ᠪᠡᠷ ᠲᠣᠭ᠍ᠲᠠᠭᠠᠪᠠ᠃ ᠲᠦᠩᠰᠡᠡ ᠳᠦ ᠰᠠᠪᠠᠯᠠᠭ᠍ᠰᠠᠨ ᠱᠢᠲᠠᠮᠠᠬᠠᠶ ᠬᠡᠢ ᠡᠵᠡᠩᠨᠡᠭ᠌ᠴᠢ ᠱᠢᠲᠠᠮᠠᠬᠠᠶ ᠬᠡᠢ ᠬᠡᠷᠡᠭ᠌ᠯᠡᠬᠦ᠌ ᠡᠷᠦᠬᠡ᠎ᠳᠦ ᠱᠢᠲᠠᠮᠠᠬᠠᠶ ᠬᠡᠢ᠎ᠶ᠋ᠢᠨ ᠰᠠᠪᠠ᠂ ᠳᠠᠷᠤᠯᠲᠠ ᠪᠠᠭᠤᠷᠠᠭᠤᠯᠬᠤ ᠨᠡᠭᠡᠯᠡᠬᠡᠶ᠎ᠶ᠋ᠢ ᠬᠠᠩᠭᠠᠬᠤ᠂ ᠲᠣᠬᠢᠷᠠᠭᠤᠯᠤᠨ ᠬᠦᠷᠭᠡᠬᠦ᠌᠂ ᠤᠭ᠍ᠰᠠᠷᠠᠬᠤ᠎ᠶ᠋ᠢ ᠬᠠᠷᠢᠭᠤᠴᠠᠬᠤ᠎ᠶ᠋ᠢᠨ ᠬᠠᠮᠲᠤ ᠬᠠᠷᠢᠯᠴᠠᠨ ᠲᠤᠬᠢᠷᠠᠯᠴᠠᠬᠰᠠᠨ ᠬᠠᠮᠠᠭᠠᠯᠠᠬᠤ᠂ ᠱᠢᠨᠡᠳᠭᠡᠬᠦ᠌ ᠪᠠ ᠠᠮᠤᠷ ᠲᠦᠪᠰᠢᠨ ᠵᠢᠡᠷ ᠬᠡᠢ ᠬᠡᠷᠡᠭ᠌ᠯᠡᠬᠦ᠌ ᠬᠠᠮᠢᠶᠠᠷᠤᠯᠲᠠ᠎ᠶ᠋ᠢᠨ ᠬᠠᠷᠢᠭᠤᠴᠠᠯᠭ᠎ᠠ᠎ᠶ᠋ᠢ ᠡᠭᠦᠷᠭᠡᠯᠡᠵᠦ᠍᠂ ᠱᠢᠲᠠᠮᠠᠬᠠᠶ ᠬᠡᠢ ᠬᠡᠷᠡᠭ᠌ᠯᠡᠬᠦ᠌ ᠡᠷᠦᠬᠡ᠎ᠶ᠋ᠢᠨ ᠬᠡᠢ ᠬᠡᠷᠡᠭ᠌ᠯᠡᠬᠦ᠌ ᠭᠠᠵᠠᠷ ᠲᠠᠯᠠᠪᠤᠷ ᠂ ᠱᠢᠲᠠᠮᠠᠬᠠᠶ ᠬᠡᠢ᠎ᠶ᠋ᠢᠨ ᠲᠦᠭᠦᠭᠡᠷᠦᠮᠵᠢ ᠪᠣᠯᠤᠨ ᠱᠢᠲᠠᠮᠠᠬᠠᠶ ᠬᠡᠢ ᠱᠢᠲᠠᠭᠠᠬᠤ ᠪᠠᠭᠠᠵᠢ ᠬᠡᠷᠡᠭ᠌ᠰᠡᠯ᠎ᠳᠦ ᠠᠮᠤᠷ ᠲᠦᠪᠰᠢᠨ ᠤ᠋ ᠪᠠᠢᠴᠠᠭᠠᠯᠲᠠ ᠬᠢᠨ᠎ᠠ᠃ ᠱᠢᠲᠠᠮᠠᠬᠠᠶ ᠬᠡᠢ ᠡᠵᠡᠩᠨᠡᠭ᠌ᠴᠢ ᠲᠤᠰᠭᠠᠶ ᠲᠡᠭᠡᠭᠡᠪᠦᠷᠢ᠎ᠶ᠋ᠢᠨ ᠨᠢᠭᠡᠴᠢ᠎ᠳᠦ ᠨᠠᠢᠳᠠᠵᠤ ᠲᠦᠩᠰᠡᠨ᠎ᠳᠦ ᠰᠠᠪᠠᠯᠠᠭ᠍ᠰᠠᠨ ᠱᠢᠲᠠᠮᠠᠬᠠᠶ ᠬᠡᠢ᠎ᠶ᠋ᠢ ᠲᠣᠬᠢᠷᠠᠭᠤᠯᠤᠨ ᠬᠦᠷᠭᠡᠬᠦ᠌᠎ᠳᠦ ᠲᠣᠬᠢᠷᠠᠭᠤᠯᠤᠨ ᠬᠦᠷᠭᠡᠬᠦ᠌ ᠠᠵᠢᠯᠲᠠᠨ ᠪᠣᠯᠤᠨ ᠲᠡᠷᠭᠡ ᠬᠥᠰᠭᠡ᠎ᠶ᠋ᠢᠨ ᠬᠠᠮᠢᠶᠠᠷᠤᠯᠲᠠ᠎ᠪᠠᠨ ᠴᠢᠩᠭᠠᠳᠭᠠᠵᠤ᠂ ᠱᠢᠲᠠᠮᠠᠬᠠᠶ ᠬᠡᠢ ᠡᠵᠡᠩᠨᠡᠭ᠌ᠴᠢ ᠪᠣᠯᠤᠨ ᠲᠤᠰᠭᠠᠶ ᠲᠡᠭᠡᠭᠡᠪᠦᠷᠢ᠎ᠶ᠋ᠢᠨ ᠨᠢᠭᠡᠴᠢ ᠬᠣᠶᠠᠷ ᠲᠠᠯ᠎ᠠ᠎ᠶ᠋ᠢᠨ ᠠᠮᠤᠷ ᠲᠦᠪᠰᠢᠨ ᠤ᠋ ᠬᠠᠷᠢᠭᠤᠴᠠᠯᠭ᠎ᠠ᠎ᠶ᠋ᠢ ᠲᠣᠳᠣᠷᠬᠠᠢᠯᠠᠪᠠ᠃
ᠭᠡᠷ ᠪᠠᠢᠱᠢᠩ ᠲᠦᠷᠢᠶᠡᠰᠦᠯᠡᠭᠦᠯᠦᠭ᠌ᠴᠢ ᠪᠣᠯᠤᠨ ᠲᠦᠷᠢᠶᠡᠰᠦᠯᠡᠭ᠌ᠴᠢᠶ᠋ᠢᠨ ᠬᠡᠢ ᠬᠡᠷᠡᠭ᠌ᠯᠡᠬᠦ᠌ ᠠᠮᠤᠷ ᠲᠦᠪᠱᠢᠨ᠎ᠦ ᠬᠠᠷᠢᠭᠤᠴᠠᠯᠭ᠎ᠠ᠎ᠶ᠋ᠢ ᠲᠣᠳᠣᠷᠬᠠᠢᠯᠠᠪᠠ᠃ ᠲᠦᠷᠢᠶᠡᠰᠦᠨ ᠭᠡᠷ ᠪᠣᠯ ᠱᠢᠲᠠᠮᠠᠬᠠᠶ ᠬᠡᠢ᠎ᠶ᠋ᠢᠨ ᠡᠨᠳᠡᠯ ᠠᠮᠠᠷᠬᠠᠨ ᠭᠠᠷᠬᠤ ᠭᠠᠵᠠᠷ ᠂ ᠮᠠᠰᠢ ᠶᠡᠬᠡ ᠠᠮᠤᠷ ᠲᠦᠪᠱᠢᠨ᠎ᠦ ᠳᠠᠯᠳᠠ ᠭᠡᠮ ᠣᠷᠣᠱᠢᠵᠤ ᠪᠠᠢᠨ᠎ᠠ᠃ ᠭᠡᠷ ᠪᠠᠢᠱᠢᠩ ᠲᠦᠷᠢᠶᠡᠰᠦᠯᠡᠭᠦᠯᠦᠭ᠌ᠴᠢ ᠨᠢ ᠭᠡᠷ ᠪᠠᠢᠱᠢᠩ ᠲᠦᠷᠢᠶᠡᠰᠦᠯᠡᠭᠦᠯᠬᠦ᠌᠎ᠳᠡᠭᠡᠨ ᠲᠤᠱᠢᠶᠠᠨ ᠥᠭ᠌ᠭᠦᠭ᠌ᠰᠡᠨ ᠭᠡᠷ ᠪᠠᠢᠱᠢᠩ᠎ᠢᠶᠠᠨ ᠳᠤᠰ《ᠳᠦᠷᠢᠮ》 ᠤ᠋ᠨ ᠭᠤᠴᠢᠳᠤᠭᠠᠷ ᠵᠦᠢᠯ᠎ᠦᠨ ᠲᠣᠭ᠍ᠲᠠᠭᠠᠯ᠎ᠳᠤ ᠨᠡᠢᠴᠡᠭᠦᠯᠬᠦ᠌᠎ᠶ᠋ᠢ ᠪᠠᠲᠤᠯᠠᠬᠤ᠎ᠶ᠋ᠢᠨ ᠬᠠᠮᠲᠤ ᠱᠢᠲᠠᠮᠠᠬᠠᠶ ᠬᠡᠢ᠎ᠶ᠋ᠢᠨ ᠲᠦᠭᠦᠭᠡᠷᠦᠮᠵᠢ ᠪᠣᠯᠤᠨ ᠱᠢᠲᠠᠮᠠᠬᠠᠶ ᠬᠡᠢ ᠱᠢᠲᠠᠭᠠᠬᠤ ᠪᠠᠭᠠᠵᠢ ᠬᠡᠷᠡᠭ᠌ᠰᠡᠯ᠎ᠢ ᠬᠠᠮᠠᠭᠠᠯᠠᠬᠤ᠂ ᠰᠡᠯᠪᠢᠨ ᠵᠠᠰᠠᠬᠤ ᠪᠠ ᠱᠢᠨᠡᠳᠭᠡᠨ ᠥᠭᠡᠷᠡᠴᠢᠯᠡᠬᠦ᠌ ᠬᠠᠷᠢᠭᠤᠴᠠᠯᠭ᠎ᠠ᠎ᠶ᠋ᠢ ᠡᠭᠦᠷᠭᠡᠯᠡᠵᠦ᠍᠂ ᠲᠦᠷᠢᠶᠡᠰᠦᠯᠡᠭ᠌ᠴᠢ ᠨᠢ ᠡᠳᠦᠷ ᠲᠤᠲᠤᠮ᠎ᠤᠨ ᠱᠢᠲᠠᠮᠠᠬᠠᠶ ᠬᠡᠢ ᠬᠡᠷᠡᠭ᠌ᠯᠡᠬᠦ᠌ᠠᠮᠤᠷ ᠲᠦᠪᠰᠢᠨ ᠤ᠋ ᠬᠠᠷᠢᠭᠤᠴᠠᠯᠭ᠎ᠠ᠎ᠶ᠋ᠢ ᠡᠭᠦᠷᠭᠡᠯᠡᠵᠦ᠍᠂ ᠭᠡᠷ ᠪᠠᠢᠱᠢᠩ ᠲᠦᠷᠢᠶᠡᠰᠦᠯᠡᠭᠦᠯᠬᠦ᠌᠎ᠳᠦ ᠱᠢᠲᠠᠮᠠᠬᠠᠶ ᠬᠡᠢ ᠬᠡᠷᠡᠭ᠌ᠯᠡᠬᠦ ᠠᠮᠤᠷ ᠲᠦᠪᠰᠢᠨ ᠤ᠋ ᠬᠠᠷᠢᠭᠤᠴᠠᠯᠭ᠎ᠠ᠎ᠶ᠋ᠢ ᠡᠬᠢ ᠦᠨᠳᠦᠰᠦ᠎ᠡᠴᠡ ᠨᠢ ᠲᠣᠳᠣᠷᠬᠠᠢᠯᠠᠭ᠍ᠰᠠᠨ ᠪᠠᠢᠨ᠎ᠠ᠃
ᠮᠡᠳᠡᠭᠡ ᠵᠠᠩᠭᠢᠵᠢᠯᠲᠠ᠎ᠶ᠋ᠢᠨ ᠪᠠᠢᠭᠤᠯᠤᠯᠲᠠ᠎ᠶ᠋ᠢ ᠴᠢᠩᠭᠠᠳᠭᠠᠨ᠎ᠠ᠃ ᠨᠡᠢᠭᠡᠮ᠎ᠦᠨ ᠬᠥᠭ᠌ᠵᠢᠯᠲᠡ᠂ ᠮᠡᠳᠡᠭᠡ ᠵᠠᠩᠭᠢᠵᠢᠯᠲᠠ᠎ᠶ᠋ᠢᠨ ᠪᠠᠢᠭᠤᠯᠤᠯᠲᠠ᠎ᠶ᠋ᠢ ᠳᠠᠭᠠᠯᠳᠤᠨ᠂ 《ᠲᠦᠷᠢᠮ》 ᠳ᠋ᠤ ᠬᠣᠱᠢᠭᠤ ᠱᠢᠶᠠᠨ᠎ᠤ ᠱᠠᠲᠤᠨ᠎ᠠᠴᠠ ᠳᠡᠭᠡᠭ᠌ᠰᠢᠬᠢ ᠠᠷᠠᠳ᠎ᠤᠨ ᠵᠠᠰᠠᠭ᠎ᠤᠨ ᠣᠷᠳᠣᠨ᠎ᠤ ᠱᠢᠲᠠᠮᠠᠬᠠᠶ ᠬᠡᠶ᠎ᠶ᠋ᠢᠨ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ ᠱᠢᠲᠠᠮᠠᠬᠠᠶ ᠬᠡᠶ᠎ᠶ᠋ᠢᠨ ᠠᠵᠢᠯ ᠲᠥᠷᠥᠯ᠎ᠦᠨ ᠮᠡᠳᠡᠭᠡ ᠵᠠᠩᠭᠢᠵᠢᠯᠲᠠ᠎ᠶ᠋ᠢᠨ ᠪᠠᠢᠭᠤᠯᠤᠯᠲᠠ᠎ᠶ᠋ᠢ ᠴᠢᠩᠭᠠᠳᠭᠠᠵᠤ᠂ ᠱᠢᠲᠠᠮᠠᠬᠠᠶ ᠬᠡᠶ᠎ᠶ᠋ᠢᠨ ᠬᠢᠨᠠᠯᠲᠠ ᠬᠠᠮᠢᠶᠠᠷᠤᠯᠲᠠ᠎ᠶ᠋ᠢᠨ ᠲᠦᠷᠢᠮ ᠪᠠ ᠱᠢᠲᠠᠮᠠᠬᠠᠶ ᠬᠡᠶ᠎ᠶ᠋ᠢᠨ ᠰᠠᠭᠤᠷᠢ ᠲᠦᠭᠦᠭᠡᠷᠦᠮᠵᠢ᠎ᠶ᠋ᠢᠨ ᠳ᠋ᠠᠢᠲ᠋ᠠ ᠬᠥᠮᠥᠷᠭᠡ᠎ᠶ᠋ᠢ ᠪᠠᠢᠭᠤᠯᠤᠨ ᠪᠦᠷᠢᠨᠱᠢᠭᠦᠯᠵᠦ᠍ ᠂ ᠱᠢᠲᠠᠮᠠᠬᠠᠶ ᠬᠡᠶ ᠡᠵᠡᠩᠨᠡᠭ᠌ᠴᠢ᠎ᠳᠦ ᠬᠢᠨᠠᠯᠲᠠ ᠪᠠᠢᠴᠠᠭᠠᠯᠲᠠ ᠬᠢᠵᠦ᠍᠂ ᠱᠢᠲᠠᠮᠠᠬᠠᠶ ᠬᠡᠶ ᠬᠡᠷᠡᠭ᠌ᠯᠡᠬᠦ᠌ ᠡᠷᠦᠬᠡ᠎ᠶ᠋ᠢᠨ ᠠᠮᠤᠷ ᠲᠦᠪᠱᠢᠨ᠎ᠦ ᠦᠶ᠋ᠯᠡᠴᠢᠯᠡᠭᠡᠨ᠎ᠦ ᠬᠠᠷᠢᠭᠤᠴᠠᠯᠭ᠎ᠠ᠎ᠶ᠋ᠢ ᠨᠠᠢᠳᠠᠪᠤᠷᠢᠵᠢᠭᠤᠯᠬᠤ᠎ᠶ᠋ᠢ ᠱᠠᠯᠠᠪᠳᠠᠭᠤᠯᠵᠤ᠂ ᠱᠢᠲᠠᠮᠠᠬᠠᠶ ᠬᠡᠶ ᠡᠵᠡᠩᠨᠡᠭ᠌ᠴᠢ᠎ᠶ᠋ᠢᠨ ᠦᠶ᠋ᠯᠡᠳᠪᠦᠷᠢᠯᠡᠯ ᠡᠵᠡᠩᠨᠡᠯᠲᠡ᠎ᠶ᠋ᠢᠨ ᠠᠵᠢᠯᠯᠠᠭ᠎ᠠ ᠬᠢᠵᠦ᠍ ᠪᠠᠢᠭ᠎ᠠ ᠪᠠᠢᠳᠠᠯ᠎ᠳᠤ ᠦᠨᠡᠯᠡᠯᠲᠡ ᠬᠢᠬᠦ᠌ ᠬᠡᠷᠡᠭ᠌ᠲᠡᠶ ᠭᠡᠵᠦ᠍ ᠲᠣᠭ᠍ᠲᠠᠭᠠᠵᠠᠶ᠃
ᠱᠢᠲᠠᠮᠠᠬᠠᠶ ᠬᠡᠢ᠎ᠶ᠋ᠢᠨ ᠤᠬᠠᠭᠤᠯᠭ᠎ᠠ᠎ᠶ᠋ᠢ ᠴᠢᠩᠭᠠᠳᠭᠠᠨ᠎ᠠ᠃ ᠣᠢᠷ᠎ᠠ᠎ᠶ᠋ᠢᠨ ᠵᠢᠯ᠎ᠳ᠋ᠤ᠂ ᠮᠠᠨ᠎ᠤ ᠣᠷᠣᠨ᠎ᠤ ᠬᠣᠲᠠ ᠪᠠᠯᠭᠠᠰᠤᠨ᠎ᠤ ᠱᠢᠲᠠᠮᠠᠬᠠᠶ ᠬᠡᠶ ᠵᠢᠨ ᠦᠢᠯᠡᠰ ᠲᠦᠷᠭᠡᠨ ᠬᠥᠭ᠌ᠵᠢᠵᠦ᠍᠂ ᠬᠣᠲᠠ ᠪᠠᠯᠭᠠᠰᠤᠨ᠎ᠤ ᠱᠢᠲᠠᠮᠠᠬᠠᠶ ᠬᠡᠶ᠎ᠶ᠋ᠢᠨ ᠲᠦᠭᠡᠮᠡᠯᠵᠢᠭ᠌ᠰᠡᠨ ᠨᠣᠷᠮ᠎ᠠ ᠨᠢ ᠨᠢᠭᠡᠨᠲᠡ 94.7% ᠳ᠋ᠤ ᠬᠥᠷᠪᠡ᠃ 《ᠳᠦᠷᠢᠮ》 ᠳ᠋ᠤ ᠠᠮᠤᠷ ᠲᠦᠪᠰᠢᠨ ᠤ᠋ ᠤᠬᠠᠭᠤᠯᠭ᠎ᠠ᠎ᠶ᠋ᠢᠨ ᠠᠵᠢᠯ᠎ᠳᠤ ᠨᠠᠷᠢᠨ ᠱᠠᠭᠠᠷᠳᠠᠯᠭ᠎ᠠ ᠲᠠᠯᠪᠢᠵᠤ ᠂ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠱᠢᠲᠠᠮᠠᠬᠠᠶ ᠬᠡᠢ᠎ᠶ᠋ᠢᠨ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠂ ᠱᠢᠲᠠᠮᠠᠬᠠᠶ ᠬᠡᠢ ᠡᠵᠡᠩᠨᠡᠭ᠌ᠴᠢ ᠱᠢᠲᠠᠮᠠᠬᠠᠶ ᠬᠡᠢ᠎ᠶ᠋ᠢᠨ ᠠᠮᠤᠷ ᠲᠦᠪᠰᠢᠨ ᠤ᠋ ᠮᠡᠳᠡᠯᠭᠡ᠎ᠶ᠋ᠢᠨ ᠤᠬᠠᠭᠤᠯᠭ᠎ᠠ᠎ᠪᠠᠨ ᠴᠢᠩᠭᠠᠳᠭᠠᠬᠤ᠎ᠶ᠋ᠢᠨ ᠬᠠᠮᠲᠤ ᠱᠢᠲᠠᠮᠠᠬᠠᠶ ᠬᠡᠢ᠎ᠶ᠋ᠢᠨ ᠠᠮᠤᠷ ᠲᠦᠪᠰᠢᠨ ᠤ᠋ ᠮᠡᠳᠡᠯᠭᠡ᠎ᠶ᠋ᠢ ᠳᠤᠮᠳᠠᠳᠤ ᠪᠠᠭ᠎ᠠ ᠰᠤᠷᠭᠠᠭᠤᠯᠢ᠎ᠶ᠋ᠢᠨ ᠠᠮᠤᠷ ᠲᠦᠪᠰᠢᠨ ᠤ᠋ ᠬᠥᠮᠦᠵᠢᠯ᠎ᠦᠨ ᠠᠭᠤᠯᠭ᠎ᠠ᠎ᠳᠤ ᠣᠷᠣᠭᠤᠯᠬᠤ ᠬᠡᠷᠡᠭ᠌ᠲᠡᠶ᠃ ᠷᠠᠳᠢᠣ᠋ ᠨᠡᠪᠲᠡᠷᠡᠭᠦᠯᠭᠡ ᠂ ᠲᠧᠯᠸᠢᠰ᠂ ᠰᠣᠨᠢᠨ ᠰᠡᠳᠬᠦᠯ᠂ ᠰᠦᠯᠵᠢᠶ᠎ᠠ ᠵᠡᠷᠭᠡ ᠵᠠᠭᠤᠴᠢᠯᠠᠭᠤᠷ ᠱᠢᠲᠠᠮᠠᠬᠠᠶ ᠬᠡᠢ᠎ᠶ᠋ᠢᠨ ᠠᠮᠤᠷ ᠲᠦᠪᠰᠢᠨ ᠤ᠋ ᠨᠡᠢᠲᠡ᠎ᠶ᠋ᠢᠨ ᠠᠰᠠᠷᠠᠮᠵᠢ᠎ᠶ᠋ᠢᠨ ᠤᠬᠠᠭᠤᠯᠭ᠎ᠠ ᠥᠷᠨᠢᠭᠦᠯᠵᠦ᠍᠂ ᠨᠡᠢᠭᠡᠮ ᠨᠡᠢᠲᠡ ᠵᠢᠨ ᠱᠢᠲᠠᠮᠠᠬᠠᠶ ᠬᠡᠢ᠎ᠶ᠋ᠢᠨ ᠠᠮᠤᠷ ᠲᠦᠪᠰᠢᠨ ᠤ᠋ ᠦᠵᠡᠯ ᠤᠬᠠᠮᠰᠠᠷ᠎ᠢ ᠲᠡᠭᠡᠭᠰᠢᠯᠡᠬᠦᠯᠵᠦ᠂ ᠱᠢᠲᠠᠮᠠᠬᠠᠶ ᠬᠡᠢ᠎ᠶ᠋ᠢᠨ ᠡᠨᠳᠡᠯ᠎ᠢ ᠰᠡᠷᠡᠮᠵᠢᠯᠡᠬᠦ᠌ ᠪᠠ ᠠᠷᠭᠠᠴᠠᠭᠠᠬᠤ ᠴᠢᠳᠠᠪᠤᠷᠢ᠎ᠪᠠᠨ ᠳᠡᠭᠡᠭ᠌ᠰᠢᠯᠡᠭᠦᠯᠬᠦ᠌ ᠬᠡᠷᠡᠭ᠌ᠲᠡᠶ ᠭᠡᠵᠦ᠍ ᠲᠣᠭ᠍ᠲᠠᠭᠠᠪᠠ᠃
ᠵᠠᠰᠠᠪᠤᠷᠢ ᠣᠷᠣᠭᠤᠯᠤᠭ᠍ᠰᠠᠨ《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠱᠢᠲᠠᠮᠠᠬᠠᠶ ᠬᠡᠶ᠎ᠶ᠋ᠢᠨ ᠬᠠᠮᠢᠶᠠᠷᠤᠯᠲᠠ᠎ᠶ᠋ᠢᠨ ᠲᠦᠷᠢᠮ》᠎ᠨᠢ ᠱᠢᠲᠠᠮᠠᠬᠠᠶ ᠬᠡᠶ᠎ᠶ᠋ᠢᠨ ᠦᠶ᠋ᠯᠡᠰ᠎ᠦᠨ ᠵᠢᠷᠤᠮᠵᠢᠭᠤᠨ ᠪᠥᠭᠡᠳ ᠡᠮᠬᠢ ᠵᠢᠷᠤᠮ᠎ᠲᠠᠶ ᠬᠥᠭ᠌ᠵᠢᠬᠦ᠌᠎ᠶ᠋ᠢ ᠠᠬᠢᠭᠤᠯᠵᠤ᠂ ᠠᠮᠤᠷ ᠲᠦᠪᠱᠢᠨ᠎ᠦ ᠡᠨᠳᠡᠯ᠎ᠢ ᠤᠷᠢᠳᠴᠢᠯᠠᠨ ᠰᠡᠷᠭᠡᠢᠯᠡᠵᠦ᠂ ᠠᠷᠠᠳ ᠣᠯᠠᠨ ᠤ᠋ ᠠᠮᠢ ᠨᠠᠰᠤ ᠡᠳ᠋ ᠬᠥᠷᠥᠩᠭᠡ᠎ᠶ᠋ᠢᠨ ᠠᠮᠤᠷ ᠲᠦᠪᠱᠢᠨ ᠪᠠ ᠣᠯᠠᠨ ᠨᠡᠢᠲᠡ᠎ᠶ᠋ᠢᠨ ᠠᠮᠤᠷ ᠲᠦᠪᠱᠢᠨ᠎ᠢ ᠪᠠᠲᠤᠯᠠᠵᠤ᠂ ᠱᠢᠲᠠᠮᠠᠬᠠᠶ ᠬᠡᠶ ᠡᠵᠡᠩᠨᠡᠭ᠌ᠴᠢ ᠪᠠ ᠱᠢᠲᠠᠮᠠᠬᠠᠶ ᠬᠡᠶ ᠬᠡᠷᠡᠭ᠌ᠯᠡᠬᠦ᠌ ᠡᠷᠦᠬᠡ᠎ᠶ᠋ᠢᠨ ᠬᠠᠤᠯᠢ ᠶᠣᠰᠣᠨ᠎ᠤ ᠡᠷᠬᠡ ᠠᠱᠢᠭ᠎ᠢ ᠬᠠᠮᠠᠭᠠᠯᠠᠵᠤ᠂ ᠮᠠᠨ ᠤ᠋ ᠤᠷᠤᠨ ᠤ᠋ ᠱᠢᠲᠠᠮᠠᠬᠠᠶ ᠬᠡᠢ᠎ᠶ᠋ᠢᠨ ᠦᠢᠯᠡᠰ᠎ᠦᠨ ᠡᠷᠡᠭᠦᠯ᠎ᠢᠶᠡᠷ ᠬᠥᠭ᠌ᠵᠢᠬᠦ᠌᠎ᠶ᠋ᠢ ᠠᠬᠢᠭᠤᠯᠬᠤ ᠪᠣᠯᠤᠨ᠎ᠠ᠃