8 ᠰᠠᠷ᠎ᠠ᠎ᠶ᠋ᠢᠨ 1 ᠤ᠋ ᠡᠳᠦᠷ ᠬᠡᠪᠯᠡᠭ᠌ᠳᠡᠭᠰᠡᠨ 15 ᠳ᠋ᠤᠭᠠᠷ ᠬᠤᠭᠤᠴᠠᠭᠠᠨ᠎ᠤ 《ᠦᠨᠡᠨ》 ᠰᠡᠳᠬᠦᠯ ᠨᠠᠮ᠎ᠤᠨ ᠲᠥᠪ ᠬᠣᠷᠢᠶᠠᠨ᠎ᠤ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭ᠌ᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶᠠᠨ᠎ᠤ ᠲᠡᠷᠢᠭᠦᠯᠡᠭ᠌ᠴᠢ ᠰᠢ ᠵᠢᠨ ᠫᠢᠩ᠎ᠦᠨ 《ᠳᠤᠮᠳᠠᠳᠤ ᠤᠯᠤᠰ᠎ᠤᠨ ᠠᠷᠠᠳ᠎ᠤᠨ ᠴᠢᠯᠥᠭᠡᠯᠡᠬᠦ᠌ ᠴᠡᠷᠢᠭ ᠪᠠᠢᠭᠤᠯᠤᠭ᠍ᠳᠠᠭ᠍ᠰᠠᠨ 90 ᠵᠢᠯ᠎ᠦᠨ ᠤᠢ᠎ᠶ᠋ᠢ ᠪᠡᠯᠭᠡᠯᠡᠬᠦ᠌ ᠶᠡᠬᠡ ᠬᠤᠷᠠᠯ ᠳᠡᠭᠡᠷᠡᠬᠢ ᠶᠠᠷᠢᠶ᠎ᠠ 》 ᠭᠡᠬᠦ ᠴᠢᠬᠤᠯᠠ ᠵᠤᠬᠢᠶᠠᠯ ᠢ᠋ ᠨᠡᠢᠲᠡᠯᠡᠪᠡ᠃
ᠵᠣᠬᠢᠶᠠᠯ᠎ᠳᠤ᠂ ᠠᠷᠠᠳ᠎ᠤᠨ ᠴᠡᠷᠢᠭ ᠠᠩᠬᠢ᠎ᠶ᠋ᠢᠨ ᠭᠡᠷᠡᠯ ᠰᠠᠴᠤᠷᠠᠩᠭᠤᠢ ᠲᠡᠦᠬᠡ᠎ᠶ᠋ᠢ ᠠᠷᠢᠭᠤᠨ ᠴᠢᠰᠤ ᠠᠯᠳᠠᠨ ᠠᠮᠢ ᠪᠡᠷ ᠴᠣᠭ᠍ᠴᠠᠯᠠᠭ᠍ᠰᠠᠨ ᠶᠤᠮ᠂ ᠪᠢᠳᠡ ᠥᠨᠢ ᠡᠭᠦᠷᠢᠳᠡ ᠪᠠᠲᠤ ᠴᠡᠭᠡᠵᠢᠯᠡᠭᠦᠱᠢᠲᠡᠢ᠃ ᠠᠷᠠᠳ ᠤᠨ ᠴᠡᠷᠢᠭ ᠠᠩᠭᠢ ᠶ᠋ᠢᠨ ᠲᠡᠦᠬᠡᠨ ᠲᠤᠷᠱᠢᠯᠭ᠎ᠠ ᠶ᠋ᠢ ᠬᠠᠲᠠᠭᠤᠵᠢᠯᠲᠠᠢ ᠰᠦᠪᠡᠭ᠌ᠴᠢᠯᠡᠯᠳᠠ ᠳᠤᠮᠳᠠ ᠣᠯᠤᠭ᠍ᠰᠠᠨ ᠶᠤᠮ᠂ ᠪᠢᠳᠡ ᠥᠨᠢ ᠡᠭᠦᠷᠢᠳᠡ ᠪᠠᠳᠠᠷᠠᠭᠤᠯᠬᠤ ᠭᠡᠷᠡᠭᠲᠡᠢ᠃ ᠠᠷᠠᠳ᠎ᠤᠨ ᠴᠡᠷᠢᠭ ᠠᠩᠬᠢ᠎ᠶ᠋ᠢᠨ ᠲᠡᠦᠬᠡᠨ ᠬᠥᠭ᠌ᠵᠢᠯᠲᠡ᠎ᠶ᠋ᠢ ᠦᠨᠡᠨᠴᠢ ᠱᠢᠳᠤᠷᠭᠤ᠎ᠪᠠᠷ ᠬᠠᠷᠢᠭᠤᠴᠠᠯᠭ᠎ᠠ ᠡᠭᠦᠷᠭᠡᠯᠡᠵᠦ᠍ ᠪᠠᠢᠭᠠᠳ ᠠᠬᠢᠭᠤᠯᠤᠭ᠍ᠰᠠᠨ ᠶᠤᠮ᠂ ᠪᠢᠳᠡᠨ ᠢ᠋ ᠥᠨᠢ ᠡᠭᠦᠷᠢᠳᠡ ᠵᠣᠷᠢᠭ᠍ᠵᠢᠭᠤᠯᠤᠨ ᠤᠷᠤᠭ᠍ᠰᠢᠯᠠᠭᠤᠯᠬᠤ ᠶᠤᠮ᠃ ᠳᠤᠮᠳᠠᠳᠤ᠎ᠶ᠋ᠢᠨ ᠦᠨᠳᠦᠰᠦᠲᠡᠨ ᠭᠠᠰᠠᠯᠠᠩ ᠵᠣᠪᠠᠯᠠᠩ᠎ᠡᠴᠡ ᠮᠤᠯᠲᠤᠷᠠᠵᠤ᠂ ᠳᠤᠮᠳᠠᠳᠤ ᠤᠯᠤᠰ᠎ᠤᠨ ᠠᠷᠠᠳ ᠲᠦᠮᠡᠨ ᠴᠢᠯᠥᠭᠡᠯᠡᠯᠲᠡ᠎ᠪᠡᠨ ᠪᠡᠶᠡᠯᠡᠭᠦᠯᠦᠭᠰᠡᠨ ᠨᠢ ᠨᠢᠭᠡᠨ ᠰᠠᠯᠠᠭ᠎ᠠ ᠪᠠᠭᠠᠲᠤᠷᠯᠢᠭ ᠠᠷᠠᠳ᠎ᠤᠨ ᠴᠡᠷᠢᠭ᠎ᠲᠦ ᠲᠦᠱᠢᠭ᠌ᠯᠡᠭᠰᠡᠨ ᠶᠤᠮ; ᠳᠤᠮᠳᠠᠳᠤ᠎ᠶ᠋ᠢᠨ ᠦᠨᠳᠦᠰᠦᠲᠡᠨ ᠠᠭᠤᠤ ᠶᠡᠬᠡ ᠰᠡᠷᠭᠦᠨ ᠮᠠᠨᠳᠤᠯᠲᠠ ᠪᠠᠨ ᠪᠡᠶᠡᠯᠡᠭᠦᠯᠵᠦ᠍᠂ ᠳᠤᠮᠳᠠᠳᠤ ᠤᠯᠤᠰ᠎ᠤᠨ ᠠᠷᠠᠳ ᠲᠦᠮᠡᠨ ᠨᠡᠩ ᠰᠠᠢ᠌ᠨ ᠰᠠᠢᠬᠠᠨ ᠠᠮᠢᠳᠤᠷᠠᠯ᠎ᠢ ᠪᠡᠶᠡᠯᠡᠭᠦᠯᠬᠦ᠌᠎ᠳᠦ ᠡᠷᠬᠡᠪᠰᠢ ᠠᠷᠠᠳ᠎ᠤᠨ ᠴᠡᠷᠢᠭ ᠠᠩᠬᠢ ᠶ᠋ᠢ ᠳᠡᠯᠡᠬᠡᠢ᠎ᠶ᠋ᠢᠨ ᠲᠡᠷᠢᠭᠦᠨ ᠵᠡᠷᠭᠡ᠎ᠶ᠋ᠢᠨ ᠴᠡᠷᠢᠭ ᠠᠩᠬᠢ ᠪᠣᠯᠭᠠᠨ ᠲᠦᠷᠭᠡᠨ ᠪᠦᠳᠦᠭᠡᠨ ᠪᠠᠢᠭᠤᠯᠬᠤ ᠬᠡᠷᠡᠭ᠌ᠲᠡᠢ ᠭᠡᠵᠤ ᠴᠢᠬᠤᠯᠠᠴᠢᠯᠠᠵᠠᠢ᠃
ᠵᠣᠬᠢᠶᠠᠯ᠎ᠳᠤ᠂ 1927 ᠣᠨ᠎ᠤ 8 ᠰᠠᠷ᠎ᠠ᠎ᠶ᠋ᠢᠨ 1 ᠤ᠋ ᠡᠳᠦᠷ᠂ ᠨᠠᠨᠴᠠᠩ ᠬᠤᠳᠠ᠎ᠶ᠋ᠢᠨ ᠫᠤᠤ᠎ᠶ᠋ᠢᠨ ᠲᠠᠭᠤᠨ ᠮᠠᠨ᠎ᠤ ᠨᠠᠮ᠎ᠤᠨ ᠵᠡᠪᠰᠡᠭ᠌ᠲᠦ ᠬᠦᠴᠦᠨ᠎ᠢᠶᠡᠷ ᠭᠣᠮᠢᠨᠳᠠᠩ᠎ᠤᠨ ᠲᠡᠷᠰᠯᠡᠭᠦᠴᠦᠳ᠎ᠢ ᠡᠰᠡᠷᠭᠦᠴᠡᠬᠦ᠌ ᠬᠥᠱᠢᠭᠡ᠎ᠶ᠋ᠢ ᠰᠡᠬᠦᠪᠡ᠃ ᠲᠡᠷᠡ ᠦᠶ᠎ᠡ᠎ᠡᠴᠡ ᠡᠬᠢᠯᠡᠨ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠳᠣᠣᠷᠠᠬᠢ ᠠᠷᠠᠳ᠎ᠤᠨ ᠴᠡᠷᠢᠭ ᠠᠩᠬᠢ ᠳᠤᠮᠳᠠᠳᠤ ᠤᠯᠤᠰ᠎ᠤᠨ ᠠᠷᠠᠳ ᠲᠦᠮᠡᠨ᠎ᠦ ᠴᠢᠯᠥᠭᠡᠯᠡᠯᠲᠡ᠎ᠶ᠋ᠢ ᠡᠷᠢᠯᠬᠢᠯᠡᠬᠦ᠌᠂ ᠵᠣᠯ ᠵᠢᠷᠭᠠᠯ ᠢ ᠡᠷᠢᠯᠬᠢᠯᠡᠬᠦ᠌᠂ ᠳᠤᠮᠳᠠᠳᠤ ᠶ᠋ᠢᠨ ᠦᠨᠳᠦᠰᠦᠲᠡᠨ᠎ᠦ ᠲᠤᠰᠠᠭᠠᠷ ᠲᠣᠭ᠍ᠲᠠᠨᠢᠯ ᠢ ᠡᠷᠢᠯᠬᠢᠯᠡᠬᠦ᠌᠂ ᠰᠡᠷᠭᠦᠨ ᠮᠠᠨᠳᠤᠯᠲᠠ ᠶ᠋ᠢ ᠡᠷᠢᠯᠬᠢᠯᠡᠬᠦ᠌ ᠲᠡᠦᠬᠡ ᠶ᠋ᠢᠨ ᠤᠷᠤᠰᠭᠠᠯ ᠳᠤ ᠪᠠᠭᠠᠲᠤᠷᠯᠢᠭ᠎ᠢᠶᠠᠷ ᠣᠷᠣᠯᠴᠠᠵᠤ᠂ ᠳᠤᠮᠳᠠᠳᠤ ᠤᠯᠤᠰ᠎ᠤᠨ ᠠᠷᠠᠳ ᠲᠦᠮᠡᠨ ᠪᠣᠯᠤᠨ ᠳᠤᠮᠳᠠᠳᠤ᠎ᠶ᠋ᠢᠨ ᠦᠨᠳᠦᠰᠦᠲᠡᠨ᠎ᠦ ᠬᠤᠪᠢ ᠵᠠᠶᠠᠭ᠎ᠠ᠎ᠲᠠᠶ ᠨᠢᠭ᠍ᠲᠠ ᠬᠣᠯᠪᠣᠬᠰᠠᠨ ᠶᠤᠮ᠃ 90 ᠵᠢᠯ᠎ᠦᠨ ᠲᠤᠷᠰᠢ᠂ ᠠᠷᠠᠳ᠎ᠤᠨ ᠴᠡᠷᠢᠭ ᠠᠩᠬᠢ ᠲᠠᠷᠢ᠎ᠶ᠋ᠢᠨ ᠤᠳᠤᠭ᠎ᠠ ᠳᠠᠢ᠌ᠨ᠎ᠦ ᠭᠠᠯ᠎ᠢ ᠲᠤᠭᠤᠯᠵᠤ᠂ ᠬᠠᠷᠰᠢ ᠰᠠᠭᠠᠳ᠎ᠢ ᠢᠯᠠᠨ ᠳᠠᠪᠠᠵᠤ᠂ ᠯᠤᠲᠤ ᠶᠡᠬᠡ ᠦᠷᠡᠭ᠌ᠳᠡᠯ ᠭᠠᠷᠭᠠᠵᠤ᠂ ᠭᠡᠷᠡᠯ ᠰᠠᠴᠤᠷᠠᠩᠭᠤᠢ ᠢᠯᠠᠯᠲᠠ᠎ᠶ᠋ᠢ ᠤᠳᠠᠭ᠎ᠠ ᠳᠠᠷᠠᠭᠠᠯᠠᠨ ᠣᠯᠵᠤ᠂ ᠨᠠᠮ ᠪᠣᠯᠤᠨ ᠠᠷᠠᠳ ᠲᠦᠮᠡᠨ ᠤ᠋ ᠲᠦᠯᠦᠭᠡ ᠠᠭᠤᠤ ᠶᠡᠬᠡ ᠲᠡᠦᠬᠡᠲᠦ ᠭᠠᠪᠢᠶ᠎ᠠ ᠪᠠᠢᠭᠤᠯᠵᠠᠢ ᠭᠡᠵᠤ ᠵᠢᠭᠠᠵᠤ ᠭᠠᠷᠭᠠᠪᠠ᠃
ᠵᠣᠬᠢᠶᠠᠯ᠎ᠳᠤ᠂ ᠤᠷᠳᠤ ᠬᠤᠭᠤᠴᠠᠭᠠᠨ᠎ᠤ ᠦᠢᠯᠡᠳᠦᠯᠭᠡ ᠳᠤᠮᠳᠠ᠂ ᠠᠷᠠᠳ᠎ᠤᠨ ᠴᠡᠷᠢᠭ ᠠᠩᠬᠢ ᠨᠠᠮ᠎ᠤᠨ ᠲᠤᠭ᠎ᠤᠨ ᠳᠣᠣᠷ᠎ᠠ ᠤᠷᠤᠭ᠍ᠰᠢᠯᠠᠵᠤ᠂ ᠴᠡᠷᠢᠭ᠎ᠢ ᠪᠠᠢᠭᠤᠯᠬᠤ ᠴᠡᠷᠢᠭ᠎ᠢ ᠵᠠᠰᠠᠬᠤ ᠢᠵᠢ ᠪᠦᠷᠢᠨ ᠵᠠᠷᠴᠢᠮ᠎ᠢ ᠪᠦᠷᠢᠯᠳᠦᠭᠦᠯᠵᠦ᠍᠂ ᠠᠷᠠᠳ᠎ᠤᠨ ᠲᠠᠢ᠌ᠨ᠎ᠦ ᠪᠠᠢᠯᠳᠤᠬᠤ ᠪᠤᠳᠤᠯᠭ᠎ᠠ ᠪᠠᠢᠯᠳᠤᠬᠤ ᠠᠷᠭ᠎ᠠ᠎ᠶ᠋ᠢ ᠬᠥᠭ᠌ᠵᠢᠭᠦᠯᠵᠦ᠍᠂ ᠥᠪᠡᠷᠮᠢᠴᠡ ᠢᠷᠠᠭᠤ ᠠᠯᠳᠠᠷᠲᠤ ᠤᠯᠠᠮᠵᠢᠯᠠᠯ ᠪᠣᠯᠤᠨ ᠱᠢᠯᠢᠳᠡᠭ ᠰᠤᠷᠲᠠᠯ᠎ᠢ ᠪᠣᠢᠵᠢᠭᠤᠯᠪᠠ᠃ ᠠᠷᠠᠳ᠎ᠤᠨ ᠴᠡᠷᠢᠭ ᠠᠩᠬᠢ ᠢᠯᠠᠯᠲᠠ᠎ᠡᠴᠡ ᠢᠯᠠᠯᠲᠠ ᠵᠦᠭ ᠤᠷᠤᠭ᠍ᠰᠢᠯᠠᠭ᠍ᠰᠠᠨ ᠨᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠭ᠍ᠰᠠᠨ ᠠᠭᠤᠤ ᠶᠡᠬᠡ ᠬᠦᠴᠦᠨ ᠴᠢᠳᠠᠯ᠎ᠢ ᠬᠠᠷᠠᠭᠤᠯᠵᠤ᠂ ᠬᠦᠰᠡᠯᠡᠩ ᠢᠲᠡᠭᠡᠯ ᠪᠢᠰᠢᠷᠡᠯ ᠤ᠋ᠨ ᠠᠭᠤᠤ ᠶᠡᠬᠡ ᠬᠦᠴᠦᠨ ᠴᠢᠳᠠᠯ᠎ᠢ ᠬᠠᠷᠠᠭᠤᠯᠵᠤ᠂ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠬᠦ᠌ ᠠᠭᠤᠤ ᠶᠡᠬᠡ ᠬᠦᠴᠦᠨ ᠴᠢᠳᠠᠯ᠎ᠢ ᠬᠠᠷᠠᠭᠤᠯᠵᠤ᠂ ᠲᠠᠢ᠌ᠴᠢᠨ ᠵᠣᠷᠢᠭ ᠰᠠᠨᠠᠭᠠᠨ᠎ᠤ ᠠᠭᠤᠤ ᠶᠡᠬᠡ ᠬᠦᠴᠦᠨ ᠴᠢᠳᠠᠯ᠎ᠢ ᠬᠠᠷᠠᠭᠤᠯᠵᠤ᠂ ᠬᠤᠪᠢᠰᠭᠠᠯ᠎ᠤᠨ ᠰᠠᠬᠢᠯᠭ᠎ᠠ ᠪᠠᠲᠤ᠎ᠶ᠋ᠢᠨ ᠠᠭᠤᠤ ᠶᠡᠬᠡ ᠬᠦᠴᠦᠨ ᠴᠢᠳᠠᠯ᠎ᠢ ᠬᠠᠷᠠᠭᠤᠯᠵᠤ᠂ ᠴᠡᠷᠢᠭ ᠠᠷᠠᠳ᠎ᠤᠨ ᠪᠦᠯᠬᠦᠮᠳᠡᠯ᠎ᠦᠨ ᠠᠭᠤᠤ ᠶᠡᠬᠡ ᠬᠦᠴᠦᠨ ᠴᠢᠳᠠᠯ᠎ᠢ ᠬᠠᠷᠠᠭᠤᠯᠵᠠᠢ᠃ ᠨᠠᠮ ᠡᠴᠡ ᠴᠡᠷᠢᠭ᠎ᠢ ᠵᠢᠯᠣᠭᠣᠳᠭᠤ ᠪᠣᠯ ᠠᠷᠠᠳ᠎ᠤᠨ ᠴᠡᠷᠢᠭ ᠠᠩᠭᠢ᠎ᠶ᠋ᠢᠨ ᠮᠥᠨ ᠴᠢᠨᠠᠷ ᠪᠠ ᠵᠣᠷᠢᠯᠲᠠ᠎ᠶ᠋ᠢ ᠪᠠᠲᠤᠯᠠᠬᠤ ᠦᠨᠳᠦᠰᠦᠨ ᠪᠠᠲᠤᠯᠠᠭ᠎ᠠ ᠮᠥᠨ᠂ ᠡᠨᠡ ᠪᠣᠯ ᠮᠠᠨ᠎ᠤ ᠨᠠᠮ᠎ᠤᠨ ᠴᠢᠰᠤᠲᠤ ᠲᠡᠮᠡᠴᠡᠯ᠎ᠦᠨ ᠳᠤᠮᠳᠠ᠎ᠠᠴᠠ ᠣᠯᠤᠭ᠍ᠰᠠᠨ ᠨᠢᠴᠤᠭᠠᠭ᠍ᠳᠠᠰᠢ ᠦᠭᠡᠢ ᠦᠨᠡᠨ ᠶᠣᠰᠣ ᠮᠥᠨ︔ᠡᠷᠬᠢᠮ ᠳᠡᠭᠡᠳᠦ ᠬᠦᠰᠡᠯᠡᠩ ᠢᠲᠡᠭᠡᠯ ᠪᠢᠰᠢᠷᠡᠯ ᠪᠣᠯ ᠠᠷᠠᠳ᠎ᠤᠨ ᠴᠡᠷᠢᠭ ᠠᠩᠭᠢ ᠵᠢᠨ ᠡᠷᠡᠯᠬᠡᠭ᠌ᠯᠡᠨ ᠤᠷᠤᠭ᠍ᠰᠢᠯᠠᠬᠤ ᠤᠶᠤᠨ ᠰᠠᠨᠠᠭᠠᠨ᠎ᠤ ᠬᠦᠴᠦᠨ ᠮᠥᠨ; ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠬᠦ᠌᠂ ᠴᠠᠭ ᠦᠶ᠎ᠡ᠎ᠲᠡᠶ ᠵᠡᠷᠭᠡ᠎ᠪᠡᠷ ᠤᠷᠤᠭ᠍ᠰᠢᠯᠠᠬᠤ ᠪᠣᠯ ᠠᠷᠠᠳ᠎ᠤᠨ ᠴᠡᠷᠢᠭ ᠠᠩᠭᠢ᠎ᠶ᠋ᠢᠨ ᠲᠠᠰᠤᠷᠠᠯᠳᠠ ᠦᠭᠡᠢ ᠬᠥᠭ᠌ᠵᠢᠬᠦ᠌ ᠰᠠᠷᠠᠭᠤᠯ ᠳᠠᠷᠳᠠᠩ ᠵᠠᠮ ᠮᠥᠨ; ᠲᠠᠢ᠌ᠨ ᠪᠣᠯ ᠪᠣᠳᠠᠰ᠎ᠤᠨ ᠦᠵᠡᠯᠴᠡᠭᠡᠨ ᠪᠣᠯᠬᠤ᠎ᠪᠠᠷ ᠪᠠᠷᠠᠬᠤ ᠦᠭᠡᠢ᠂ ᠨᠡᠩ ᠴᠤ᠌ ᠤᠶᠤᠨ᠎ᠤ ᠲᠡᠮᠡᠴᠡᠭᠡᠨ ᠮᠥᠨ; ᠰᠠᠬᠢᠯᠭ᠎ᠠ ᠪᠠᠲᠤᠴᠢ ᠴᠢᠨᠠᠷ᠎ᠢᠶᠠᠨ ᠴᠢᠩᠭᠠᠳᠭᠠᠪᠠᠯ ᠬᠤᠪᠢᠰᠭᠠᠯ ᠢᠯᠠᠬᠤ ᠦᠭᠡᠢ ᠤᠴᠢᠷ ᠭᠡᠵᠦ᠍ ᠦᠭᠡᠢ; ᠠᠷᠠᠳ᠎ᠤᠨ ᠰᠡᠳᠭᠢᠯ᠎ᠦᠨ ᠬᠠᠨᠳᠤᠰᠢ᠂ ᠠᠷᠠᠳ᠎ᠤᠨ ᠰᠠᠨᠠᠭᠠᠨ᠎ᠤ ᠵᠤᠷᠢᠯᠳᠠ᠂ ᠠᠷᠠᠳ᠎ᠤᠨ ᠬᠦᠴᠦᠨ᠎ᠦ ᠨᠢᠭ᠍ᠲᠠᠷᠠᠯ ᠪᠠᠢᠪᠠᠯ ᠠᠷᠠᠳ᠎ᠤᠨ ᠴᠡᠷᠢᠭ ᠬᠠᠨᠳᠤᠭ᠍ᠰᠠᠨ ᠵᠦᠭ᠎ᠲᠦ ᠳᠠᠢᠰᠤᠨ ᠦᠭᠡᠢ ᠪᠠᠢᠵᠤ ᠴᠢᠳᠠᠨ᠎ᠠ ᠭᠡᠳᠡᠭ᠎ᠢ ᠲᠡᠦᠬᠡ ᠪᠢᠳᠡᠨ᠎ᠳᠦ ᠬᠡᠯᠡᠵᠦ᠍ ᠥᠭ᠌ᠭᠦᠭ᠌ᠰᠡᠨ ᠶᠤᠮ ᠭᠡᠵᠦ ᠵᠢᠭᠠᠵᠤ ᠭᠠᠷᠭᠠᠪᠠ᠃
ᠵᠣᠬᠢᠶᠠᠯ᠎ᠳᠤ᠂ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠠ ᠨᠠᠭᠠᠰᠢ᠂ ᠪᠢᠳᠡ ᠨᠠᠮ᠎ᠤᠨ ᠵᠢᠯᠤᠭᠤᠳᠤᠯᠭ᠎ᠠ᠎ᠶ᠋ᠢ ᠲᠠᠭᠠᠬᠤ᠂ ᠢᠯᠠᠭᠤᠭ᠍ᠰᠠᠨ ᠲᠠᠢ᠌ᠨ ᠬᠢᠬᠦ᠂ ᠱᠢᠯᠢᠳᠡᠭ ᠰᠤᠷᠲᠠᠯ ᠲᠠᠢ ᠠᠷᠠᠳ᠎ᠤᠨ ᠴᠡᠷᠢᠭ ᠠᠩᠬᠢ᠎ᠶ᠋ᠢ ᠪᠠᠢᠭᠤᠯᠬᠤ ᠡᠨᠡ ᠬᠦ᠌ ᠨᠠᠮ᠎ᠤᠨ ᠱᠢᠨ᠎ᠡ ᠪᠠᠢᠳᠠᠯ ᠳᠣᠣᠷᠠᠬᠢ ᠴᠡᠷᠢᠭ᠎ᠢ ᠬᠦᠴᠦᠷᠬᠡᠭ᠌ᠵᠢᠭᠦᠯᠬᠦ᠌ ᠬᠠᠷᠠᠯᠲᠠ᠎ᠶ᠋ᠢ ᠳᠤᠷᠠᠳᠴᠤ᠌᠂ ᠴᠠᠭ ᠦᠶ᠎ᠡ᠎ᠲᠡᠶ ᠵᠡᠷᠭᠡ᠎ᠪᠡᠷ ᠤᠷᠤᠭ᠍ᠰᠢᠯᠠᠨ ᠴᠡᠷᠢᠭ᠎ᠦᠨ ᠶᠠᠪᠤᠳᠠᠯ᠎ᠤᠨ ᠪᠠᠢᠯᠳᠤᠬᠤ ᠪᠤᠳᠤᠯᠭ᠎ᠠ᠎ᠶ᠋ᠢᠨ ᠵᠢᠯᠤᠭᠤᠳᠤᠯᠭ᠎ᠠ᠎ᠪᠡᠨ ᠰᠢᠨᠡᠴᠢᠯᠡᠵᠤ᠂ ᠱᠢᠨ᠎ᠡ ᠪᠠᠢᠳᠠᠯ ᠳᠣᠣᠷᠠᠬᠢ ᠴᠡᠷᠢᠭ᠎ᠦᠨ ᠶᠠᠪᠤᠳᠠᠯ᠎ᠤᠨ ᠪᠠᠢᠯᠳᠤᠬᠤ ᠪᠤᠳᠤᠯᠭ᠎ᠠ᠎ᠶ᠋ᠢᠨ ᠴᠢᠭ᠌ᠯᠡᠯᠲᠡ᠎ᠶ᠋ᠢ ᠲᠣᠭ᠍ᠲᠠᠭᠠᠵᠤ᠂ ᠠᠷᠠᠳ᠎ᠤᠨ ᠴᠡᠷᠢᠭ ᠠᠩᠬᠢ ᠤᠯᠤᠰ ᠲᠦᠷᠦ᠍᠎ᠶ᠋ᠢᠨ ᠠᠮᠢ ᠠᠬᠤᠢ᠎ᠶ᠋ᠢ ᠲᠠᠬᠢᠨ ᠴᠤᠬᠴᠠᠯᠠᠬᠤ᠂ ᠵᠣᠬᠢᠶᠠᠨ ᠪᠠᠢᠭᠤᠯᠤᠯᠲᠠ᠎ᠶ᠋ᠢᠨ ᠬᠡᠯᠪᠡᠷᠢ᠎ᠶ᠋ᠢ ᠲᠠᠬᠢᠨ ᠴᠤᠬᠴᠠᠯᠠᠬᠤ᠂ ᠬᠦᠴᠦᠨ ᠴᠢᠳᠠᠯ᠎ᠤᠨ ᠱᠢᠰᠲ᠋ᠧᠮ᠎ᠢ ᠲᠠᠬᠢᠨ ᠴᠤᠬᠴᠠᠯᠠᠬᠤ᠂ ᠰᠤᠷᠲᠠᠯ᠎ᠤᠨ ᠲᠦᠷᠢ ᠲᠥᠷᠬᠦ᠌᠎ᠶ᠋ᠢ ᠲᠠᠬᠢᠨ ᠱᠤᠭᠤᠬᠤ᠂ ᠠᠷᠠᠳ᠎ᠤᠨ ᠴᠡᠷᠢᠭ ᠠᠩᠬᠢ ᠱᠢᠨ᠎ᠡ ᠠᠶᠠᠨ᠎ᠳᠠᠭᠠᠨ ᠲᠠᠬᠢᠨ ᠮᠣᠷᠳᠠᠬᠤ᠎ᠶ᠋ᠢ ᠪᠡᠶᠡᠯᠡᠭᠦᠯᠵᠦ᠍᠂ ᠳᠤᠮᠳᠠᠳᠤ ᠤᠯᠤᠰ᠎ᠤᠨ ᠣᠨᠴᠠᠯᠢᠭ᠎ᠲᠠᠶ ᠴᠡᠷᠢᠭ᠎ᠢ ᠬᠦᠴᠦᠷᠬᠡᠭ᠌ᠵᠢᠭᠦᠯᠬᠦ᠌ ᠵᠠᠮ᠎ᠢᠶᠡᠷ ᠯᠠᠪᠳᠠᠭᠤᠨ ᠪᠠᠲᠤᠲᠠᠢ ᠠᠯᠬᠤᠪᠠ᠃ ᠴᠡᠷᠢᠭ᠎ᠢ ᠬᠦᠴᠦᠷᠬᠡᠭ᠌ᠵᠢᠭᠦᠯᠬᠦ᠌ ᠦᠢᠯᠡᠰ᠎ᠢ ᠠᠬᠢᠭᠤᠯᠬᠤ᠎ᠳᠤ ᠡᠷᠬᠡᠪᠰᠢ ᠴᠡᠷᠢᠭ ᠠᠩᠭᠢ᠎ᠳᠠᠬᠢ ᠨᠠᠮ᠎ᠤᠨ ᠬᠠᠷᠢᠴᠠᠯᠠᠰᠢᠭᠦᠢ ᠤᠳᠤᠷᠢᠳᠤᠯᠭ᠎ᠠ᠎ᠶ᠋ᠢ ᠡᠷᠡᠰ ᠭᠤᠢᠪᠢᠰᠢ ᠦᠭᠡᠢ ᠪᠠᠷᠢᠮᠲᠠᠯᠠᠵᠤ᠂ ᠠᠷᠠᠳ᠎ᠤᠨ ᠴᠡᠷᠢᠭ ᠠᠩᠭᠢ᠎ᠶ᠋ᠢᠨ ᠥᠨᠢ ᠡᠭᠦᠷᠢᠳᠡ ᠨᠠᠮ᠎ᠢᠶᠠᠨ ᠳᠠᠭᠠᠬᠤ᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠢ; ᠡᠷᠬᠡᠪᠰᠢ ᠨᠠᠮ᠎ᠤᠨ ᠴᠡᠷᠢᠭ᠎ᠦᠨ ᠶᠠᠪᠤᠳᠠᠯ᠎ᠤᠨ ᠵᠢᠯᠣᠭᠣᠳᠭᠤ ᠤᠨᠤᠯ᠎ᠢ ᠪᠠᠷᠢᠮᠲᠠᠯᠠᠨ ᠬᠥᠭ᠌ᠵᠢᠭᠦᠯᠵᠦ᠍᠂ ᠮᠠᠷᠺᠰ᠎ᠤᠨ ᠦᠵᠡᠯ᠎ᠦᠨ ᠴᠡᠷᠢᠭ᠎ᠦᠨ ᠶᠠᠪᠤᠳᠠᠯ᠎ᠤᠨ ᠤᠨᠤᠯ ᠪᠠ ᠤᠳᠤ ᠦᠶ᠎ᠡ᠎ᠶ᠋ᠢᠨ ᠳᠤᠮᠳᠠᠳᠤ ᠤᠯᠤᠰ᠎ᠤᠨ ᠴᠡᠷᠢᠭ᠎ᠦᠨ ᠶᠠᠪᠤᠳᠠᠯ᠎ᠤᠨ ᠦᠢᠯᠡᠳᠦᠯᠭᠡ᠎ᠶ᠋ᠢᠨ ᠬᠥᠭ᠌ᠵᠢᠯᠲᠡ᠎ᠶ᠋ᠢᠨ ᠱᠢᠨ᠎ᠡ ᠠᠬᠤᠢ ᠪᠠᠢᠳᠠᠯ᠎ᠢ ᠲᠠᠰᠤᠷᠠᠯᠳᠠ ᠦᠭᠡᠢ ᠨᠡᠭᠡᠭᠡᠬᠦ᠌ ᠬᠡᠷᠡᠭ᠌ᠲᠡᠢ; ᠡᠷᠬᠡᠪᠰᠢ ᠢᠮᠠᠭ᠍ᠲᠠ ᠳᠠᠢ᠌ᠨ᠎ᠳᠦ ᠪᠡᠯᠡᠳᠭᠡᠵᠦ᠍ ᠪᠠᠢᠯᠳᠤᠭᠠᠨ ᠬᠢᠬᠦ᠌᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠳᠠᠭᠤᠳᠠᠪᠠᠯ ᠢᠷᠡᠵᠦ᠍᠂ ᠢᠷᠡᠪᠡᠯ ᠪᠠᠢᠯᠳᠤᠵᠤ᠂ ᠪᠠᠢᠯᠳᠤᠪᠠᠯ ᠢᠯᠠᠯᠲᠠ ᠤᠯᠬᠤ ᠰᠤᠳᠤᠨ ᠴᠡᠷᠢᠭ ᠭᠠᠷᠮᠠᠭᠠᠢ ᠴᠡᠷᠢᠭ᠎ᠢ ᠳᠠᠪᠲᠠᠨ ᠪᠣᠯᠪᠠᠰᠤᠷᠠᠭᠤᠯᠬᠤ ᠬᠡᠷᠡᠭ᠌ᠲᠡᠢ; ᠡᠷᠬᠡᠪᠰᠢ ᠤᠯᠤᠰ ᠲᠦᠷᠦ᠍᠎ᠪᠡᠷ ᠴᠡᠷᠢᠭ ᠪᠠᠢᠭᠤᠯᠬᠤ᠂ ᠥᠭᠡᠷᠡᠴᠢᠯᠡᠯᠲᠡ᠎ᠪᠡᠷ ᠴᠡᠷᠢᠭ᠎ᠢ ᠬᠦᠴᠦᠷᠬᠡᠭ᠌ᠵᠢᠭᠦᠯᠬᠦ᠌᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠢᠶᠡᠷ ᠴᠡᠷᠢᠭ᠎ᠢ ᠮᠠᠨᠳᠤᠭᠤᠯᠬᠤ᠂ ᠬᠠᠤᠯᠢ ᠶᠣᠰᠣᠭᠠᠷ ᠴᠡᠷᠢᠭ᠎ᠢ ᠵᠠᠰᠠᠬᠤ᠎ᠶ᠋ᠢ ᠪᠠᠷᠢᠮᠲᠠᠯᠠᠵᠤ᠂ ᠤᠯᠤᠰ᠎ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ᠎ᠶ᠋ᠢᠨ ᠣᠳᠣᠬᠢᠴᠢᠯᠠᠯᠲᠠ᠎ᠶ᠋ᠢᠨ ᠲᠦᠪᠱᠢᠨ᠎ᠢ ᠪᠦᠬᠦ᠌ ᠲᠠᠯ᠎ᠠ᠎ᠪᠠᠷ ᠳᠡᠭᠡᠭ᠌ᠰᠢᠯᠡᠭᠦᠯᠬᠦ᠌ ᠬᠡᠷᠡᠭ᠌ᠲᠡᠢ; ᠡᠷᠬᠡᠪᠰᠢ ᠴᠡᠷᠢᠭ ᠠᠷᠠᠳ᠎ᠤᠨ ᠬᠡᠷᠡᠭ᠌ᠯᠡᠭᠡ᠎ᠶ᠋ᠢ ᠠᠭᠤᠰᠤᠯᠴᠠᠭᠤᠯᠤᠨ ᠬᠥᠭ᠌ᠵᠢᠭᠦᠯᠬᠦ᠌᠎ᠶ᠋ᠢ ᠭᠦᠨᠵᠡᠭᠡᠢ ᠠᠬᠢᠭᠤᠯᠵᠤ᠂ ᠴᠡᠷᠢᠭ ᠠᠷᠠᠳ᠎ᠤᠨ ᠬᠡᠷᠡᠭ᠌ᠯᠡᠭᠡ᠎ᠶ᠋ᠢ ᠨᠢᠭᠡ ᠴᠤᠭ᠍ᠴᠠᠵᠢᠭᠤᠯᠤᠭ᠍ᠰᠠᠨ ᠤᠯᠤᠰ᠎ᠤᠨ ᠪᠠᠢᠯᠳᠤᠬᠤ ᠪᠤᠳᠤᠯᠭ᠎ᠠ᠎ᠶ᠋ᠢᠨ ᠱᠢᠰᠲ᠋ᠧᠮ ᠪᠠ ᠴᠢᠳᠠᠪᠤᠷᠢ᠎ᠶ᠋ᠢ ᠪᠠᠢᠭᠤᠯᠬᠤ ᠬᠡᠷᠡᠭ᠌ᠲᠡᠢ; ᠡᠷᠬᠡᠪᠰᠢ ᠪᠦᠬᠦ᠌ ᠰᠡᠳᠭᠢᠯ ᠪᠦᠬᠦ᠌ ᠵᠣᠷᠢᠭ᠎ᠢᠶᠠᠷ᠎ᠢᠶᠠᠨ ᠠᠷᠠᠳ ᠲᠦᠮᠡᠨ᠎ᠳᠦ ᠦᠢᠯᠡᠴᠢᠯᠡᠬᠦ᠌ ᠦᠨᠳᠦᠰᠦᠨ ᠵᠣᠷᠢᠯᠲᠠ᠎ᠶ᠋ᠢ ᠪᠠᠷᠢᠮᠲᠠᠯᠠᠵᠤ᠂ ᠢᠮᠠᠭ᠍ᠲᠠ ᠠᠷᠠᠳ ᠲᠦᠮᠡᠨ ᠢᠲᠡᠭᠡᠵᠦ᠍᠂ ᠠᠷᠠᠳ ᠲᠦᠮᠡᠨ ᠬᠦᠷᠢᠶᠡᠯᠡᠵᠦ᠍᠂ ᠠᠷᠠᠳ ᠲᠦᠮᠡᠨ ᠬᠠᠢᠷᠠᠯᠠᠳᠠᠭ ᠴᠡᠷᠢᠭ ᠪᠣᠯᠬᠤ ᠬᠡᠷᠡᠭ᠌ᠲᠡᠢ ᠭᠡᠵᠦ ᠵᠢᠭᠠᠵᠤ ᠭᠠᠷᠭᠠᠪᠠ᠃
ᠵᠣᠬᠢᠶᠠᠯ᠎ᠳᠤ᠂ ᠳᠤᠮᠳᠠᠳᠤ ᠤᠯᠤᠰ ᠢᠮᠠᠭ᠍ᠲᠠ ᠳᠡᠯᠡᠬᠡᠢ᠎ᠶ᠋ᠢᠨ ᠡᠩᠬᠡ ᠲᠠᠢᠪᠤᠩ᠎ᠤᠨ ᠪᠦᠲᠦᠭᠡᠨ ᠪᠠᠢᠭᠤᠯᠤᠭ᠍ᠴᠢ᠂ ᠪᠦᠬᠦ᠌ ᠪᠥᠮᠪᠥᠷᠴᠡᠭ᠎ᠦᠨ ᠬᠥᠭ᠌ᠵᠢᠯᠲᠡ᠎ᠳᠦ ᠬᠤᠪᠢ ᠨᠡᠮᠡᠷᠢ ᠦᠵᠡᠭᠦᠯᠦᠭ᠌ᠴᠢ᠂ ᠤᠯᠠᠨ ᠤᠯᠤᠰ᠎ᠤᠨ ᠡᠮᠬᠢ ᠳᠢᠭ᠌ᠯᠢᠮ᠎ᠦᠨ ᠬᠠᠮᠠᠭᠠᠯᠠᠭ᠍ᠴᠢ ᠮᠥᠨ᠂ ᠳᠤᠮᠳᠠᠳᠤ ᠤᠯᠤᠰ᠎ᠤᠨ ᠴᠡᠷᠢᠭ ᠠᠩᠬᠢ ᠢᠮᠠᠭ᠍ᠲᠠ ᠳᠡᠯᠡᠬᠡᠢ᠎ᠶ᠋ᠢᠨ ᠡᠩᠬᠡ ᠲᠠᠢᠪᠤᠩ᠎ᠢ ᠬᠠᠮᠠᠭᠠᠯᠠᠬᠤ ᠡᠷᠡᠰ ᠪᠠᠲᠤ ᠬᠦᠴᠦᠨ ᠮᠥᠨ᠃ ᠳᠤᠮᠳᠠᠳᠤ ᠤᠯᠤᠰ᠎ᠤᠨ ᠴᠡᠷᠢᠭ ᠠᠩᠬᠢ ᠥᠩᠭᠡᠷᠡᠭ᠌ᠰᠡᠨ᠎ᠲᠡᠶ᠎ᠪᠡᠨ ᠠᠳᠠᠯᠢ᠎ᠪᠠᠷ ᠤᠯᠠᠨ ᠤᠯᠤᠰ᠎ᠤᠨ ᠴᠡᠷᠢᠭ᠎ᠦᠨ ᠶᠠᠪᠤᠳᠠᠯ᠎ᠤᠨ ᠰᠣᠯᠢᠯᠴᠠᠭ᠎ᠠ ᠬᠠᠮᠲᠤᠷᠠᠯᠴᠠᠭ᠎ᠠ᠎ᠶ᠋ᠢ ᠥᠷᠨᠢᠭᠦᠯᠵᠦ᠍᠂ ᠪᠦᠬᠦ᠌ ᠪᠥᠮᠪᠥᠷᠴᠡᠭ᠎ᠦᠨ ᠴᠢᠨᠠᠷᠲᠠᠢ ᠠᠮᠤᠷ ᠲᠦᠪᠱᠢᠨ᠎ᠦ ᠥᠷᠢᠰᠥᠯᠳᠦᠭᠡᠨ᠎ᠢ ᠬᠠᠮᠲᠤ᠎ᠪᠠᠷ ᠠᠷᠭᠠᠴᠠᠭᠠᠵᠤ᠂ ᠳᠤᠮᠳᠠᠳᠤ ᠤᠯᠤᠰ᠎ᠤᠨ ᠳᠡᠯᠡᠬᠡᠢ ᠳᠡᠭᠡᠷᠡᠬᠢ ᠪᠠᠢᠷᠢ ᠰᠠᠭᠤᠷᠢ᠎ᠲᠠᠶ ᠵᠣᠬᠢᠴᠠᠭ᠍ᠰᠠᠨ ᠬᠠᠷᠢᠭᠤᠴᠠᠯᠭ᠎ᠠ ᠪᠠ ᠡᠭᠦᠷᠭᠡ᠎ᠪᠡᠨ ᠢᠳᠡᠪᠬᠢᠲᠡᠢ ᠭᠦᠢᠴᠡᠳᠭᠡᠵᠦ᠍᠂ ᠬᠥᠮᠦᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠎ᠶ᠋ᠢ ᠠᠬᠢᠭᠤᠯᠬᠤ ᠳᠤ ᠢᠳᠡᠪᠬᠢᠲᠡᠢ ᠪᠡᠷ ᠬᠦᠴᠦᠨ ᠴᠢᠳᠠᠯ ᠢᠶᠠᠨ ᠡᠷᠭᠦᠨ᠎ᠡ ᠭᠡᠵᠦ ᠵᠢᠭᠠᠵᠤ ᠭᠠᠷᠭᠠᠪᠠ᠃
(ᠱᠢᠨᠬᠤᠸᠠ ᠬᠣᠷᠢᠶᠠᠨ᠎ᠤ ᠪᠡᠭᠡᠵᠢᠩ᠎ᠦᠨ 7 ᠰᠠᠷ᠎ᠠ᠎ᠶ᠋ᠢᠨ 31 ᠤ᠋ ᠴᠠᠬᠢᠯᠭᠠᠨ ᠮᠡᠳᠡᠭᠡ )