ᠰᠦᠨ ᠱᠤᠤ ᠴᠧᠩ ᠡᠷᠢᠶᠡᠨ ᠬᠣᠲᠠ᠎ᠶ᠋ᠢᠨ ᠬᠢᠵᠢᠭ᠎ᠦᠨ ᠪᠠᠢᠳᠠᠯ᠎ᠢ ᠱᠢᠶ᠋ᠳᠪᠦᠷᠢᠯᠡᠬᠦ᠌ ᠠᠵᠢᠯ᠎ᠳᠤ ᠸᠢᠳᠢᠣ᠋᠎ᠪᠠᠷ ᠲᠣᠬᠢᠷᠠᠭᠤᠯᠤᠯᠳᠠ ᠬᠢᠪᠡ
2022-08-03 11:00:09
ᠵᠣᠬᠢᠶᠠᠭ᠍ᠴᠢ᠄
ᠯᠢᠦ ᠰᠢᠶᠤᠤ ᠳ᠋ᠦ᠋ᠩ
ᠣᠩᠱᠢᠭ᠍ᠰᠠᠨ ᠣᠳᠠᠭ᠎ᠠ᠄
★★★☆☆

ᠸᠠᠩ ᠯᠢ ᠱᠢᠶᠠ ᠣᠷᠣᠯᠴᠠᠵᠠᠢ

8 ᠰᠠᠷ᠎ᠠ᠎ᠶ᠋ᠢᠨ 2 ᠤ᠋ᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠱᠦᠵᠢ ᠰᠦᠨ ᠱᠤᠤ ᠴᠸᠩ ᠡᠷᠢᠶᠡᠨ ᠬᠣᠲᠠ᠎ᠶ᠋ᠢᠨ ᠬᠢᠵᠢᠭ᠎ᠦᠨ ᠪᠠᠢᠳᠠᠯ᠎ᠢ ᠱᠢᠶ᠋ᠳᠪᠦᠷᠢᠯᠡᠬᠦ᠌ ᠠᠵᠢᠯ᠎ᠳᠤ ᠸᠢᠳᠢᠣ᠋ ᠪᠡᠷ ᠲᠣᠬᠢᠷᠠᠭᠤᠯᠤᠯᠳᠠ ᠬᠢᠵᠤ᠂ ᠶᠡᠷᠦᠩᠬᠡᠶ ᠱᠦᠵᠢ ᠰᠢ ᠵᠢᠨ ᠫᠢᠩ᠎ᠦᠨ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠲᠤᠷᠱᠢᠯᠭ᠎ᠠ ᠵᠢ ᠰᠠᠢᠲᠤᠷ ᠠᠱᠢᠭ᠍ᠯᠠᠨ᠂ ᠰᠤᠷᠭᠠᠮᠵᠢ ᠠᠪᠴᠤ᠌᠂ ᠴᠠᠭ ᠮᠥᠴᠡ ᠲᠠᠢ ᠤᠷᠤᠯᠳᠤᠨ ᠡᠯ᠎ᠡ ᠵᠦᠶ᠋ᠯ᠎ᠦᠨ ᠰᠡᠷᠭᠡᠢᠯᠡᠨ ᠡᠵᠡᠮᠳᠡᠬᠦ᠌ ᠠᠷᠭ᠎ᠠ ᠬᠡᠮᠵᠢᠶ᠎ᠡ᠎ᠶ᠋ᠢ ᠪᠣᠳᠠᠲᠠᠶ᠎ᠳᠤ ᠨᠠᠢᠳᠠᠪᠤᠷᠢᠵᠢᠭᠤᠯᠵᠤ᠂ ᠬᠢᠵᠢᠭ᠎ᠦᠨ ᠳᠠᠷᠬᠠᠨ ᠳᠡᠯᠭᠡᠷᠡᠬᠦ᠌᠎ᠶ᠋ᠢ ᠡᠷᠡᠰ ᠲᠦᠷᠭᠡᠨ ᠬᠣᠷᠢᠭ᠍ᠯᠠᠵᠤ᠂ ᠬᠠᠮᠤᠭ᠎ᠤᠨ ᠣᠬᠣᠷᠬᠠᠨ ᠬᠤᠭᠤᠴᠠᠭᠠᠨ᠎ᠳᠤ ᠬᠢᠵᠢᠭ᠎ᠦᠨ ᠪᠠᠢᠳᠠᠯ᠎ᠢ ᠡᠵᠡᠮᠳᠡᠬᠦ᠌᠎ᠪᠡᠷ ᠴᠢᠷᠮᠠᠢᠬᠤ ᠬᠡᠷᠡᠭ᠌ᠲᠡᠶ ᠭᠡᠵᠦ᠍ ᠴᠢᠬᠤᠯᠠᠴᠢᠯᠠᠪᠠ᠃

ᠥᠪᠡᠷᠲᠡᠭᠡᠨ ᠵᠠᠰᠠᠬᠤ ᠣᠷᠣᠨ ᠎ᠤ ᠨᠠᠮ᠎ᠤᠨ ᠬᠣᠷᠢᠶᠠᠨ᠎ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠲᠡᠷᠢᠭᠦᠯᠡᠭ᠌ᠴᠢ ᠸᠠᠩ ᠯᠢ ᠱᠢᠶᠠ ᠣᠷᠣᠯᠴᠠᠭ᠍ᠰᠠᠨ ᠪᠥᠭᠡᠳ ᠪᠣᠳᠠᠲᠠᠶ ᠱᠠᠭᠠᠷᠳᠠᠯᠭ᠎ᠠ ᠳᠤᠷᠠᠳᠪᠠ᠃

ᠡᠮᠦᠨ᠎ᠡ ᠹᠷᠣᠨᠲ ᠤ᠋ᠨ ᠠᠵᠢᠯ ᠎ᠤᠨ ᠪᠠᠢᠳᠠᠯ᠎ᠤᠨ ᠬᠠᠷᠢᠭᠤ ᠮᠡᠳᠡᠭᠦᠯᠦᠯᠲᠡ᠎ᠶ᠋ᠢ ᠰᠣᠨᠣᠰᠤᠭ᠍ᠰᠠᠨ᠎ᠤ ᠳᠠᠷᠠᠭ᠎ᠠ᠂ ᠰᠦᠨ ᠱᠤᠤ ᠴᠸᠩ ᠶᠠᠮᠠᠷ ᠬᠦᠴᠢᠷᠳᠡᠯ ᠪᠠ ᠠᠰᠠᠭᠤᠳᠠᠯ ᠪᠠᠢᠬᠤ᠎ᠶ᠋ᠢ ᠨᠠᠷᠢᠨ ᠠᠰᠠᠭᠤᠪᠠ᠃ ᠲᠡᠷᠡ᠂ ᠭᠡᠨᠡᠳᠲᠡ ᠡᠭᠦᠰᠦᠭ᠌ᠰᠡᠨ ᠬᠢᠵᠢᠭ᠎ᠦᠨ ᠪᠠᠢᠳᠠᠯ᠎ᠢ ᠱᠢᠢᠳᠪᠦᠷᠢᠯᠡᠬᠦ᠌᠎ᠳᠦ ᠵᠠᠩᠭᠢᠯᠠᠭ᠎ᠠ᠎ᠨᠢ ᠲᠦᠷᠭᠡᠨ ᠬᠦᠳᠡᠯᠦᠯᠴᠡᠨ ᠲᠦᠷᠭᠡᠨ ᠲᠠᠷᠬᠠᠨ ᠳᠡᠯᠭᠡᠷᠡᠬᠦ ᠵᠢ ᠬᠤᠷᠢᠭᠯᠠᠵᠤ᠂ ᠸᠢᠷᠦ᠋ᠰ᠎ᠲᠡᠶ ᠤᠷᠤᠯᠳᠤᠵᠤ᠂ ᠸᠢᠷᠦ᠋ᠰ᠎ᠢ ᠢᠯᠠᠬᠤ ᠬᠡᠷᠡᠭᠳᠠᠢ᠃ ᠦᠷᠭᠦᠯᠵᠢᠯᠡᠨ ᠪᠥᠬᠥ᠌ ᠬᠦᠴᠦᠨ᠎ᠢᠶᠡᠷ᠎ᠢᠶᠡᠨ ᠴᠢᠷᠮᠠᠢᠵᠤ᠂ 《ᠪᠦᠭᠡᠰᠦᠨ ᠳ᠋ᠤ ᠬᠢᠲᠤᠭ᠎ᠠ ᠭᠠᠷᠭᠠᠬᠤ》  ᠱᠠᠭᠠᠷᠳᠠᠯᠭ᠎ᠠ ᠶᠣᠰᠣᠭᠠᠷ ᠠᠵᠢᠯ᠎ᠢᠶᠠᠨ ᠰᠠᠢᠲᠤᠷ ᠬᠢᠵᠦ᠍᠂ ᠪᠥᠭᠡᠮ ᠬᠦᠴᠢᠯ᠎ᠦᠨ ᠱᠢᠭ᠌ᠰᠢᠨ ᠪᠠᠢᠴᠠᠭᠠᠯᠲᠠ᠎ᠶ᠋ᠢ ᠲᠦᠷᠭᠡᠨ ᠪᠥᠭᠡᠳ ᠥᠨᠳᠥᠷ ᠪᠦᠲᠦᠮᠵᠢᠲᠡᠶ ᠥᠷᠨᠢᠭᠦᠯᠵᠦ᠍᠂ ᠲᠠᠬᠤᠯ ᠡᠪᠡᠳᠴᠢᠨ᠎ᠦ ᠤᠬᠠᠭᠠᠨ ᠤ᠋ ᠪᠠᠢᠴᠠᠭᠠᠯᠲᠠ᠎ᠶ᠋ᠢ ᠲᠦᠷᠭᠡᠨ ᠬᠢᠵᠦ᠍᠂ ᠱᠠᠲᠤ ᠬᠤᠪᠢᠶᠠᠨ ᠬᠠᠮᠢᠶᠠᠷᠤᠨ ᠡᠵᠡᠮᠳᠡᠬᠦ᠌ ᠠᠷᠭ᠎ᠠ ᠬᠡᠮᠵᠢᠶ᠎ᠡ᠎ᠶ᠋ᠢ ᠴᠢᠩᠭ᠎ᠠ ᠨᠠᠷᠢᠯᠢᠭ ᠨᠠᠢᠳᠠᠪᠤᠷᠢᠵᠢᠭᠤᠯᠵᠤ᠂ ᠸᠢᠷᠦ᠋ᠰ᠎ᠦᠨ ᠲᠠᠷᠬᠠᠬᠤ ᠬᠡᠯᠬᠢᠶ᠎ᠡ᠎ᠶ᠋ᠢ ᠦᠨᠡᠨ ᠬᠦ᠌ ᠬᠠᠮᠤᠭ᠎ᠤᠨ ᠲᠦᠷᠭᠡᠨ ᠬᠤᠷᠳᠤᠴᠠ᠎ᠪᠠᠷ ᠲᠡᠰᠦᠯᠵᠦ᠍᠂ ᠬᠢᠵᠢᠭ᠎ᠦᠨ ᠪᠠᠢᠳᠠᠯ ᠭᠠᠳᠠᠭ᠍ᠰᠢ ᠳᠡᠯᠭᠡᠷᠡᠬᠦ᠌᠎ᠶ᠋ᠢ ᠡᠷᠡᠰ ᠰᠡᠷᠭᠡᠢᠯᠡᠬᠦ᠌ ᠬᠡᠷᠡᠭ᠌ᠲᠡᠶ᠃ ᠣᠨᠣᠱᠢᠯᠠᠭᠳᠠᠭᠰᠠᠨ ᠡᠪᠡᠳᠴᠢᠲᠡᠨ᠎ᠢ ᠴᠠᠭ ᠲᠤᠬᠠᠶ᠎ᠳᠤᠨᠢ ᠪᠦᠲᠦᠮᠵᠢᠲᠡᠶ ᠠᠪᠤᠷᠠᠨ ᠵᠠᠰᠠᠵᠤ᠂ ᠬᠦᠨᠳᠦ ᠡᠪᠡᠳᠴᠢᠲᠡᠨ ᠪᠠ ᠡᠪᠡᠳᠴᠢᠨ᠎ᠤ ᠵᠢᠱ᠌ᠢᠶ᠎ᠡ ᠦᠬᠦᠬᠦ ᠪᠠᠢᠳᠠᠯ ᠭᠠᠷᠬᠤ ᠥᠬᠡᠶ ᠪᠠᠢᠬᠤ᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠶ᠃ ᠸᠢᠷᠦ᠋ᠰ᠎ᠦᠨ ᠡᠬᠢ ᠰᠤᠷᠪᠤᠯᠵᠢ᠎ᠶ᠋ᠢ ᠮᠦᠷᠳᠡᠬᠦ ᠠᠵᠢᠯ᠎ᠢ ᠪᠦᠬᠦ᠌ ᠬᠦᠴᠦ᠍᠎ᠪᠡᠷ᠎ᠢᠶᠡᠨ ᠰᠠᠢᠲᠤᠷ ᠠᠳᠭᠤᠵᠤ᠂ ᠬᠢᠵᠢᠭ᠎ᠡᠭᠦᠰᠦᠭᠰᠡᠨ ᠡᠬᠢ ᠰᠤᠷᠪᠤᠯᠵᠢ᠎ᠶ᠋ᠢ ᠳᠠᠷᠤᠢ ᠲᠦᠷᠭᠡᠨ ᠪᠠᠢᠴᠠᠭᠠᠨ ᠲᠤᠳᠤᠯᠠᠵᠤ᠂ ᠬᠠᠯᠳᠠᠪᠤᠷᠢᠯᠠᠬᠤ ᠬᠡᠯᠬᠢᠶ᠎ᠡ᠎ᠶ᠋ᠢ ᠲᠣᠳᠣᠷᠬᠠᠢ ᠤᠢ᠍ᠢᠯᠠᠭᠠᠨ᠂ ᠰᠡᠷᠭᠡᠢᠯᠡᠨ ᠡᠵᠡᠮᠳᠡᠬᠦ᠌᠎ᠶ᠋ᠢ ᠬᠠᠷᠠᠯᠲᠠ᠎ᠲᠠᠶ᠎ᠪᠠᠷ ᠴᠢᠩᠭᠠᠳᠭᠠᠬᠤ᠎ᠳᠤ ᠲᠦᠬᠦᠮ ᠦᠵᠡᠭᠦᠯᠬᠦ᠌ ᠬᠡᠷᠡᠭ᠌ᠲᠡᠢ᠃ ᠵᠢᠭᠤᠯᠴᠢᠯᠠᠭ᠍ᠰᠠᠳ ᠪᠠ ᠰᠠᠭᠤᠭᠠᠯᠢ ᠠᠷᠠᠳ᠎ᠤᠨ ᠦᠶ᠋ᠯᠡᠴᠢᠯᠡᠭᠡ ᠪᠠᠲᠤᠯᠠᠭ᠎ᠠ᠎ᠶ᠋ᠢ ᠨᠠᠷᠢᠨ ᠨᠢᠮᠪᠠᠶ ᠰᠠᠢᠲᠤᠷ ᠬᠢᠵᠦ᠍᠂ ᠬᠠᠨᠳᠤᠯᠭᠠᠲᠤ ᠴᠢᠨᠠᠷᠲᠠᠶ᠎ᠪᠠᠷ ᠰᠡᠳᠭᠢᠴᠡ᠎ᠶ᠋ᠢᠨ ᠵᠢᠯᠣᠭᠣᠳᠣᠯᠭ᠎ᠠ᠎ᠶ᠋ᠢ ᠴᠢᠩᠭᠠᠳᠭᠠᠬᠤ ᠬᠡᠷᠡᠭ᠌ᠲᠡᠶ᠃ ᠭᠠᠳᠠᠨ᠎ᠠ᠎ᠡᠴᠠ ᠬᠠᠯᠳᠠᠪᠤᠷᠢᠯᠠᠨ ᠣᠷᠣᠵᠤ ᠢᠷᠡᠬᠦ᠌᠎ᠶ᠋ᠢ ᠰᠡᠷᠭᠡᠢᠯᠡᠬᠦ᠌ ᠡᠨᠡ ᠬᠦ᠌ ᠬᠥᠪᠴᠢ᠎ᠶ᠋ᠢ ᠢᠮᠠᠭ᠍ᠲᠠ ᠴᠢᠩᠭᠠᠯᠠᠵᠤ᠂ ᠲᠦᠷᠢᠮ ᠲᠣᠭ᠍ᠲᠠᠭᠠᠯ᠎ᠢ ᠴᠢᠩᠭ᠎ᠠ ᠵᠢᠷᠤᠮᠯᠠᠨ ᠪᠣᠭᠣᠮᠲᠠ᠎ᠶ᠋ᠢᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠢ ᠰᠠᠢᠲᠤᠷ ᠠᠳᠭᠤᠬᠤ ᠬᠡᠷᠡᠭ᠌ᠲᠡᠶ᠃ ᠬᠢᠵᠢᠭ᠎ᠦᠨ ᠪᠠᠢᠳᠠᠯ᠎ᠢ ᠰᠡᠷᠭᠡᠢᠯᠡᠬᠦ᠌ ᠪᠠ ᠪᠣᠭᠣᠮᠲᠠ ᠪᠡᠷ ᠥᠩᠭᠡᠷᠡᠬᠦ᠌᠎ᠶ᠋ᠢ ᠪᠠᠲᠤᠯᠠᠬᠤ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠰᠠᠢᠲᠤᠷ ᠠᠳᠭᠤᠵᠤ᠂ ᠬᠢᠯᠢ᠎ᠶ᠋ᠢᠨ ᠪᠣᠭᠣᠮᠲᠠ᠎ᠶ᠋ᠢᠨ ᠠᠵᠢᠯᠯᠠᠭᠠᠨ᠎ᠳᠤ ᠦᠵᠡᠭᠦᠯᠬᠦ᠌ ᠬᠢᠵᠢᠭ᠎ᠦᠨ ᠪᠠᠢᠳᠠᠯ᠎ᠤᠨ ᠨᠥᠯᠥᠭᠡ᠎ᠶ᠋ᠢ ᠬᠠᠮᠤᠭ᠎ᠤᠨ ᠶᠡᠬᠡ ᠴᠢᠷᠮᠠᠢᠯᠭ᠎ᠠ ᠎ᠪᠠᠷ ᠪᠠᠭᠠᠰᠭᠠᠬᠤ ᠬᠡᠷᠡᠭ᠌ᠲᠡᠢ᠃ ᠵᠢᠯᠣᠭᠣᠳᠭᠤ ᠱᠢᠰᠲ᠋ᠧᠮ᠎ᠢ ᠴᠤᠮᠠᠬᠳᠬᠠᠨ ᠰᠢᠯᠢᠳᠡᠭᠵᠢᠭᠦᠯᠵᠤ ᠥᠨᠳᠥᠷ ᠪᠦᠲᠦᠮᠵᠢᠲᠡᠢ ᠠᠵᠢᠯᠯᠠᠬᠤ᠎ᠶ᠋ᠢ ᠪᠠᠲᠤᠯᠠᠵᠤ᠂ ᠠᠵᠢᠯ᠎ᠤᠨ ᠲᠣᠭ᠍ᠲᠠᠴᠠ᠎ᠶ᠋ᠢᠨ ᠤᠷᠤᠭ᠍ᠰᠢᠲᠠᠢ ᠶᠠᠪᠤᠭ᠍ᠳᠠᠬᠤ᠎ᠶ᠋ᠢ ᠪᠠᠲᠤᠯᠠᠬᠤ ᠬᠡᠷᠡᠭ᠌ᠲᠡᠢ ᠭᠡᠵᠡᠢ᠃

ᠸᠠᠩ ᠯᠢ ᠱᠢᠶᠠ᠂ ᠣᠳᠣᠬᠠᠨ᠎ᠤ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠᠢᠳᠠᠯ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ ᠪᠠᠢᠨ᠎ᠠ᠃ ᠱᠢᠯᠢ᠎ᠶ᠋ᠢᠨ ᠭᠣᠣᠯ ᠠᠢᠮᠠᠭ ᠪᠣᠯᠤᠨ ᠡᠷᠢᠶᠡᠨ ᠬᠤᠳᠠ ᠵᠠᠪᠠᠯ  ᠭᠦᠢᠴᠡᠳ ᠪᠡᠯᠡᠳᠭᠡᠯ ᠬᠢᠵᠦ᠍᠂ ᠬᠠᠮᠤᠭ᠎ᠤᠨ ᠬᠦᠴᠦᠲᠡᠢ ᠠᠷᠭ᠎ᠠ ᠬᠡᠮᠵᠢᠶ᠎ᠡ ᠠᠪᠴᠤ᠂ ᠲᠠᠢᠪᠤᠱᠢᠷᠠᠬᠤ ᠪᠤᠳᠤᠯ ᠪᠣᠯᠤᠨ ᠠᠵᠠ ᠬᠠᠷᠠᠬᠤ ᠪᠤᠳᠤᠯ᠎ᠲᠠᠶ ᠪᠠᠢᠵᠤ ᠶᠠᠭᠠᠬᠢᠭ᠍ᠰᠠᠨ ᠴᠤ᠌ ᠪᠣᠯᠬᠤ ᠦᠭᠡᠢ᠃ ᠪᠠᠢᠴᠠᠭᠠᠬᠤ ᠶᠣᠰᠣᠲᠠᠢ᠎ᠶ᠋ᠢ ᠨᠢ ᠪᠦᠬᠦᠨ᠎ᠢ ᠪᠠᠢᠴᠠᠭᠠᠬᠤ᠂ ᠲᠤᠰᠠᠭᠠᠷᠯᠠᠬᠤ ᠶᠣᠰᠣᠲᠠᠢ᠎ᠶ᠋ᠢ ᠨᠢ ᠪᠦᠬᠦᠨ᠎ᠢ ᠲᠤᠰᠠᠭᠠᠷᠯᠠᠬᠤ᠂ ᠬᠦᠯᠢᠶᠠᠨ ᠠᠪᠬᠤ ᠶᠣᠰᠣᠲᠠᠢ᠎ᠶ᠋ᠢ ᠨᠢ ᠪᠦᠬᠦᠨ᠎ᠢ ᠬᠦᠯᠢᠶᠠᠨ ᠠᠪᠬᠤ᠂ ᠡᠮᠨᠡᠨ ᠵᠠᠰᠠᠬᠤ ᠶᠣᠰᠣᠲᠠᠢ᠎ᠶ᠋ᠢ ᠨᠢ ᠪᠦᠬᠦᠨ᠎ᠢ ᠡᠮᠨᠡᠨ  ᠵᠠᠰᠠᠬᠤ ᠎ᠶ᠋ᠢ ᠪᠠᠷᠢᠮᠲᠠᠯᠠᠵᠤ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢ ᠨᠢᠭᠡᠳᠦᠯᠲᠡᠢ ᠲᠥᠯᠥᠪᠵᠢᠭᠦᠯᠵᠦ᠍᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠ ᠪᠣᠭᠣᠮᠲᠠ᠎ᠪᠠᠷ ᠰᠠᠭᠠᠳ ᠦᠭᠡᠢ ᠨᠡᠪᠲᠡᠷᠡᠬᠦ᠌᠎ᠶ᠋ᠢ ᠪᠠᠲᠤᠯᠠᠬᠤ᠎ᠶ᠋ᠢ ᠨᠢᠭᠡᠳᠦᠯᠲᠡᠢ ᠲᠥᠯᠥᠪᠵᠢᠭᠦᠯᠵᠦ᠍᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠ ᠤᠯᠠᠨ ᠲᠦᠮᠡᠨ᠎ᠦ ᠬᠡᠪ᠎ᠦᠨ ᠡᠮ ᠬᠡᠷᠡᠭ᠌ᠯᠡᠵᠦ᠍ ᠡᠪᠡᠳᠴᠢᠨ ᠦᠵᠡᠭᠦᠯᠬᠦ᠌ ᠬᠡᠷᠡᠭ᠌ᠴᠡᠭᠡ᠎ᠶ᠋ᠢ ᠨᠢᠭᠡᠳᠦᠯᠲᠡᠢ ᠲᠥᠯᠥᠪᠵᠢᠭᠦᠯᠵᠦ᠍᠂ ᠲᠦᠷᠭᠡᠨ ᠬᠦᠳᠡᠯᠦᠯᠴᠡᠨ ᠲᠦᠷᠭᠡᠨ ᠲᠠᠷᠬᠠᠨ ᠲᠡᠯᠭᠡᠷᠡᠬᠦ ᠵᠢ ᠬᠤᠷᠢᠭᠯᠠᠵᠤ᠂ ᠲᠦᠷᠭᠡᠨ᠎ᠤ ᠲᠤᠮᠳᠠ ᠢᠯᠠᠯᠲᠠ ᠤᠯᠵᠤ᠂ ᠴᠠᠭ ᠮᠥᠴᠡ᠎ᠲᠡᠶ ᠤᠷᠤᠯᠳᠤᠨ᠂ ᠸᠢᠷᠦ᠋ᠰ᠎ᠲᠡᠶ ᠤᠷᠤᠯᠳᠤᠵᠤ᠂ ᠬᠢᠵᠢᠭ᠎ᠦᠨ ᠪᠠᠢᠳᠠᠯ᠎ᠤᠨ ᠲᠠᠷᠬᠠᠨ ᠳᠡᠯᠭᠡᠷᠡᠬᠦ᠌ ᠬᠡᠯᠬᠢᠶ᠎ᠡ᠎ᠶ᠋ᠢ ᠡᠷᠡᠰ ᠬᠦᠴᠦᠲᠡᠢ ᠲᠠᠰᠤᠯᠬᠤ ᠬᠡᠷᠡᠭ᠌ᠲᠡᠢ ᠬᠡᠪᠡ᠃

ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠬᠤᠸᠠᠩ ᡁᠢ ᠴᠢᠶᠠᠩ᠂ ᠢᠦᠢ ᠯᠢ ᠱᠢᠨ᠂ ᠪᠦᠦ ᠱᠢᠶᠠᠨ ᠬᠤᠸᠠ ᠠᠵᠢᠯᠯᠠᠭ᠎ᠠ᠎ᠳᠤ ᠣᠷᠣᠯᠴᠠᠵᠠᠢ᠃


ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号