7 ᠰᠠᠷ᠎ᠠ ᠵᠢᠨ ᠬᠢᠩᠭᠠᠨ ᠨᠤᠳᠤᠭ ᠨᠤᠭᠤᠭᠠᠨ ᠦᠩᠬᠡ ᠪᠡᠷ ᠨᠡᠯᠦᠢᠵᠤ᠂ ᠤᠰᠤᠨ ᠤ᠋ ᠱᠢᠪᠠᠭᠤᠳ ᠤ᠋ᠨ ᠭᠠᠩᠭᠠᠨᠠᠭᠠᠨ ᠳ᠋ᠤ ᠨᠠᠭᠤᠷ ᠭᠤᠤᠯ ᠲᠠᠨᠢᠢᠨ ᠂ ᠤᠰᠤᠨ ᠲᠤᠳᠤᠷᠭ᠎ᠠ ᠵᠢᠨ ᠨᠠᠢᠭᠤᠭᠠᠨ ᠳ᠋ᠤ ᠬᠦᠮᠦᠨ ᠠᠷᠠᠳ ᠪᠠᠶᠠᠰᠴᠦ ᠂ ᠭᠠᠵᠠᠷ ᠪᠦᠬᠦᠨ ᠳ᠋ᠤ ᠠᠮᠢᠵᠢᠷᠠᠯ ᠤ᠋ᠨ ᠬᠦᠴᠦᠨ ᠵᠢᠡᠷ ᠪᠢᠯᠬᠠᠨ᠎ᠠ ᠃
ᠤᠯᠤᠰ ᠤ᠋ᠨ ᠠᠮᠢ ᠠᠬᠤᠶ ᠵᠢᠨ ᠪᠣᠯᠪᠠᠰᠤᠨ ᠤ᠋ ᠵᠢᠱ᠌ᠢᠶ᠎ᠡ ᠦᠵᠡᠭᠦᠯᠬᠦ᠌ ᠠᠢᠮᠠᠭ ᠂《ᠬᠥᠬᠡᠮᠳᠦᠭ ᠨᠣᠭᠣᠭᠠᠨ ᠠᠭᠤᠯᠠ ᠤᠰᠤ ᠪᠣᠯ ᠠᠯᠲᠠ ᠮᠥᠩᠭᠥᠨ ᠠᠭᠤᠯᠠ》 ᠵᠢᠨ ᠣᠨᠣᠯ ᠦᠶ᠋ᠯᠡᠳᠦᠯᠭᠡ ᠵᠢᠨ ᠱᠢᠨ᠎ᠡ ᠵᠢ ᠡᠭᠦᠳᠬᠦ᠌ ᠰᠠᠭᠤᠷᠢᠨ ᠵᠡᠷᠭᠡ ᠢᠷᠠᠭᠤ ᠠᠯᠳᠠᠷ ᠪᠣᠯ ᠬᠢᠩᠭᠠᠨ ᠠᠢᠮᠠᠭ ᠤ᠋ᠨ ᠰᠢ ᠵᠢᠨ ᠫᠢᠩ ᠤ᠋ᠨ ᠠᠮᠢ ᠠᠬᠤᠶ ᠵᠢᠨ ᠪᠣᠯᠪᠠᠰᠤᠨ ᠤ᠋ ᠦᠵᠡᠯ ᠰᠠᠨᠠᠭ᠎ᠠ ᠪᠣᠯᠤᠨ ᠶᠡᠷᠦᠩᠬᠡᠶ ᠱᠦᠵᠢ ᠰᠢ ᠵᠢᠨ ᠫᠢᠩ ᠤ᠋ᠨ ᠥᠪᠥᠷ ᠮᠣᠩᠭᠣᠯ ᠤ᠋ᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠶ ᠰᠤᠷᠤᠯᠴᠠᠨ ᠲᠤᠭᠤᠰᠢᠯᠠᠭᠤᠯᠤᠭᠰᠠᠨ ᠠᠮᠢᠳᠤᠯᠢᠭ ᠦᠶ᠋ᠯᠡᠳᠦᠯᠭᠡ ᠪᠣᠯᠤᠨ᠎ᠠ ᠂ ᠨᠠᠩ ᠴᠤ᠌ ᠬᠢᠩᠭᠠᠨ ᠠᠢᠮᠠᠭ ᠤ᠋ᠨ ᠬᠤᠪᠢᠰᠭᠠᠯ ᠤ᠋ᠨ ᠤᠳᠤᠮᠱᠢᠯ ᠢ᠋ ᠤᠯᠠᠮᠵᠢᠯᠠᠨ ᠵᠠᠯᠭᠠᠮᠵᠢᠯᠠᠵᠤ ᠂ ᠪᠣᠬᠢᠷᠲᠤᠯ ᠥᠬᠡᠶ ᠬᠥᠭ᠌ᠵᠢᠯᠲᠡ ᠵᠢ ᠪᠠᠷᠢᠮᠲᠠᠯᠠᠭ᠍ᠰᠠᠨ《ᠲᠥᠯᠥᠭᠡᠯᠡᠭ᠌ᠴᠢ ᠪᠦᠲᠦᠭᠡᠯ》ᠪᠤᠯᠬᠤ ᠶᠤᠮ ᠃
ᠨᠠᠮ ᠤ᠋ᠨ ᠠᠷᠪᠠᠨ ᠨᠠᠶ᠋ᠮᠠᠳᠤᠭᠠᠷ ᠶᠡᠬᠡ ᠬᠤᠷᠠᠯ ᠡᠴᠡ ᠨᠠᠭᠠᠰᠢ ᠂ ᠬᠢᠩᠭᠠᠨ ᠠᠢᠮᠠᠭ ᠪᠣᠬᠢᠷᠲᠤᠯ ᠥᠬᠡᠶ ᠠᠮᠢ ᠠᠬᠤᠶ ᠵᠢᠨ ᠳᠠᠪᠠᠭᠤᠯᠢᠭ ᠵᠢᠡᠨ ᠦᠷᠭᠦᠯᠵᠢᠯᠡᠨ ᠥᠷᠭᠡᠳᠭᠡᠨ ᠪᠠᠳᠠᠷᠠᠭᠤᠯᠵᠤ ᠂ ᠴᠢᠨᠠᠷ ᠰᠠᠢᠳᠠᠢ ᠪᠣᠬᠢᠷᠲᠤᠯ ᠥᠬᠡᠶ ᠮᠠᠯ ᠤ᠋ᠨ ᠠᠱᠢᠭ ᠱᠢᠮ᠎ᠡ ᠲᠠᠷᠢᠶᠠᠯᠠᠩ ᠤ᠋ᠨ ᠪᠦᠲᠦᠭᠡᠭ᠌ᠳᠡᠬᠦᠨ ᠢ᠋ ᠦᠶ᠋ᠯᠡᠳᠪᠦᠷᠢᠯᠡᠵᠦ᠍ ᠡᠳ᠋ᠱᠢᠭᠦᠯᠦᠨ ᠪᠣᠯᠪᠠᠰᠤᠷᠠᠭᠤᠯᠵᠤ ᠭᠠᠳᠠᠭ᠍ᠰᠢ ᠭᠠᠷᠭᠠᠬᠤ ᠰᠠᠭᠤᠷᠢᠨ ᠢ᠋ ᠬᠦᠴᠦᠯᠡᠨ ᠪᠠᠢᠭᠤᠯᠵᠤ ᠂《ᠬᠥᠬᠡᠮᠳᠦᠭ ᠨᠣᠭᠣᠭᠠᠨ ᠠᠭᠤᠯᠠ ᠤᠰᠤ ᠪᠣᠯ ᠠᠯᠲᠠ ᠮᠥᠩᠭᠥᠨ ᠠᠭᠤᠯᠠ》ᠵᠢᠨ ᠣᠨᠣᠯ ᠦᠶ᠋ᠯᠡᠳᠦᠯᠭᠡ ᠵᠢᠨ ᠱᠢᠨ᠎ᠡ ᠵᠢ ᠡᠭᠦᠳᠬᠦ᠌ ᠵᠢᠱ᠌ᠢᠶ᠎ᠡ ᠦᠵᠡᠭᠦᠯᠬᠦ᠌ ᠣᠷᠣᠨ ᠢ᠋ ᠴᠣᠭ᠍ᠴᠠᠯᠠᠨ ᠂ ᠤᠯᠤᠰ ᠤ᠋ᠨ ᠳᠣᠲᠣᠭᠠᠳᠤ ᠵᠢᠨ ᠴᠢᠬᠤᠯᠠ ᠵᠢᠭᠤᠯᠴᠢᠯᠠᠯ ᠤ᠋ᠨ ᠬᠠᠷᠠᠯᠲᠠᠲᠤ ᠣᠷᠣᠨ ᠢ᠋ ᠬᠦᠴᠦᠯᠡᠨ ᠪᠠᠢᠭᠤᠯᠵᠠᠢ ᠃ ᠤᠳᠤ 《ᠨᠢᠬᠡ ᠰᠠᠭᠤᠷᠢᠨ ᠬᠣᠶᠠᠷ ᠣᠷᠣᠨ》ᠤ᠋ ᠬᠥᠭ᠌ᠵᠢᠯᠲᠡ ᠵᠢᠨ ᠵᠢᠷᠤᠭ ᠲᠥᠯᠥᠪᠯᠡᠭᠡ ᠶᠠᠭ 《ᠪᠠᠷᠢᠯᠭ᠎ᠠ ᠵᠢᠨ ᠵᠢᠷᠤᠭ》᠂ 《ᠪᠣᠳᠠᠲᠤ ᠦᠵᠡᠮᠵᠢ ᠵᠢᠨ ᠵᠢᠷᠤᠭ》 ᠪᠤᠯᠵᠤ ᠬᠤᠪᠢᠷᠠᠵᠦ ᠪᠤᠢ ᠃
ᠠᠮᠢ ᠠᠬᠤᠢ ᠵᠢ ᠤᠷᠢᠳ ᠵᠢᠡᠷ ᠪᠤᠳᠤᠯᠬᠢᠯᠠᠵᠤ ᠤᠨᠴᠠᠯᠢᠭ ᠳᠠᠪᠠᠭᠤᠯᠢᠭ ᠵᠢᠡᠨ ᠪᠠᠳᠤᠳᠬᠠᠨ᠎ᠠ
ᠡᠨᠡ ᠬᠡᠳᠦᠨ ᠡᠳᠦᠷ ᠂ ᠬᠣᠷᠴᠢᠨ ᠪᠠᠷᠠᠭᠤᠨ ᠭᠠᠷᠤᠨ ᠳᠤᠮᠳᠠᠳᠤ ᠬᠣᠱᠢᠭᠤᠨ ᠤ᠋ ᠡᠮᠲᠦ᠍ ᠵᠢᠨ ᠭᠣᠣᠯ ᠰᠤᠮᠤ ᠵᠢᠨ ᠪᠤᠯᠠᠭ᠍ᠲᠠᠢ ᠭᠠᠴᠠᠭᠠᠨ ᠤ᠋ ᠠᠷᠠᠳ ᠤ᠋ᠳ ᠠᠩᠲᠠᠶ ᠠᠭᠤᠯᠠ ᠵᠢᠨ ᠬᠤᠷᠮᠤᠢ ᠳ᠋ᠡᠬᠢ ᠭᠦᠢᠯᠡᠰᠦᠨ ᠤᠢ ᠳ᠋ᠦ ᠬᠦᠷᠴᠦ᠍ ᠭᠦᠢᠯᠡᠰᠦ ᠲᠡᠭᠦᠵᠡᠬᠡᠨᠠ ᠃《ᠠᠷᠪᠠᠨ ᠵᠢᠯ ᠤ᠋ᠨ ᠡᠮᠦᠨ᠎ᠡ ᠡᠨᠡ ᠭᠠᠵᠠᠷ ᠬᠤᠪᠠᠬᠠᠶ ᠡᠯᠡᠰᠦᠨ ᠰᠢᠯᠢ ᠪᠠᠢᠭᠰᠠᠨ ᠂ ᠡᠲᠡᠭᠡᠷ ᠵᠢᠯ ᠤ᠋ᠳ ᠲᠦ᠍ ᠪᠢᠳᠡ 6000 ᠮᠥ᠍ ᠬᠦᠶ᠋ᠯᠡᠰᠦᠨ ᠮᠣᠳᠣ ᠂ 1000 ᠮᠥ᠍ ᠨᠠᠷᠠᠰᠤᠨ ᠮᠣᠳᠣ ᠂ 3000 ᠮᠥ᠍ ᠣᠷᠴᠢᠮ ᠤ᠋ᠨ ᠪᠤᠰᠤᠳ ᠠᠵᠤ ᠠᠬᠤᠶ ᠵᠢᠨ ᠵᠢᠮᠢᠰ ᠤ᠋ᠨ ᠮᠣᠳᠣ ᠳᠠᠷᠢᠵᠠᠶ ᠃ ᠤᠳᠤ ᠭᠠᠴᠠᠭᠠᠨ ᠳ᠋ᠠᠭᠠᠨ ᠰᠣᠷᠭᠣᠭ ᠵᠢᠮᠢᠰ ᠬᠠᠳᠠᠭᠠᠯᠠᠬᠤ ᠬᠥᠮᠥᠷᠭᠡ ᠪᠠᠢᠭᠤᠯᠵᠤ ᠂ ᠥᠪᠡᠷ ᠤ᠋ᠨ ᠭᠡᠰᠡᠨ ᠠᠮᠢ ᠠᠬᠤᠢ ᠵᠢᠨ ᠤᠢ ᠵᠢᠮᠢᠰ ᠤ᠋ᠨ ᠲᠦᠷᠦᠯ ᠲᠡᠮᠳᠡᠭ〈ᠮᠸᠩ ᠯᠢᠤᠢ ᠶᠤᠸᠠᠨ ᠰᠢᠨ ᠵᠢᠮᠢᠰ〉ᠲᠠᠢ ᠪᠤᠯᠤᠯ᠎ᠠ》ᠭᠡᠵᠦ᠍ ᠪᠤᠯᠠᠭ᠍ᠲᠠᠢ ᠭᠠᠴᠠᠭᠠᠨ ᠤ᠋ ᠨᠠᠮ ᠤ᠋ᠨ ᠡᠬᠦᠷ ᠤ᠋ᠨ ᠱᠦᠵᠢ ᠴᠧᠨ ᠭᠦᠸᠧ ᠹᠠ ᠤᠷᠮᠠᠳᠠᠢ ᠶᠠᠷᠢᠨ᠎ᠠ ᠃
ᠤᠢ᠍ᠢᠷᠠ ᠵᠢᠨ ᠵᠢᠯ ᠳ᠋ᠤ ᠂ ᠬᠢᠩᠭᠠᠨ ᠠᠢᠮᠠᠭ ᠠᠮᠢ ᠠᠬᠤᠢ ᠵᠢᠨ ᠪᠣᠯᠪᠠᠰᠤᠨ ᠤ᠋ ᠪᠠᠢᠭᠤᠯᠤᠯᠲᠠ ᠵᠢᠨ ᠪᠠᠢᠯᠳᠤᠬᠤ ᠪᠤᠳᠤᠯᠭ᠎ᠠ ᠵᠢᠨ ᠲᠣᠭ᠍ᠲᠠᠯ ᠬᠦᠴᠦᠨ ᠢ᠋ ᠪᠠᠲᠤᠯᠠᠵᠤ ᠂ ᠠᠮᠢ ᠠᠬᠤᠢ ᠵᠢᠨ ᠪᠣᠯᠪᠠᠰᠤᠨ ᠤ᠋ ᠪᠠᠢᠭᠤᠯᠤᠯᠲᠠ ᠵᠢ ᠪᠦᠬᠦ᠌ ᠲᠠᠯ᠎ᠠ ᠪᠠᠷ ᠂ ᠪᠦᠬᠦ᠌ ᠣᠷᠣᠨ ᠪᠦᠰᠡ ᠪᠡᠷ ᠂ ᠪᠦᠬᠦ᠌ ᠶᠠᠪᠤᠴᠠ ᠪᠠᠷ ᠴᠢᠩᠭᠠᠳᠭᠠᠨ ᠂ ᠴᠢᠨᠠᠷ ᠰᠠᠢᠲᠠᠢ ᠬᠥᠭ᠌ᠵᠢᠯᠲᠡ ᠳ᠋ᠤ《ᠪᠣᠬᠢᠷᠲᠤᠯ ᠦᠭᠡᠢ ᠵᠢᠭ᠍ᠰᠠᠯ》ᠢ᠋ ᠪᠠᠢᠭᠤᠯᠵᠤ ᠂《ᠪᠣᠬᠢᠷᠲᠤᠯ ᠦᠭᠡᠢ ᠬᠥᠳᠡᠯᠭᠡᠬᠦ᠌ ᠡᠨᠧᠷᠭᠢ》ᠵᠢ ᠬᠤᠷᠠᠮᠳᠤᠭᠤᠯᠪᠠ ᠃ 2019 ᠣᠨ ᠳ᠋ᠦ ᠬᠢᠩᠭᠠᠨ ᠠᠢᠮᠠᠭ ᠶᠡᠬᠡ ᠬᠢᠩᠭᠠᠨ ᠳᠠᠪᠠᠭ᠎ᠠ ᠵᠢᠨ ᠡᠮᠦᠨ᠎ᠡ ᠬᠣᠷᠮᠣᠶ ᠵᠢᠨ ᠵᠠᠭᠤᠨ ᠲᠦᠮᠡᠨ ᠮᠥ᠍ ᠲᠠᠷᠢᠮᠠᠯ ᠣᠶ ᠵᠢᠨ ᠨᠣᠭᠣᠭᠠᠨ ᠬᠣᠩᠭᠢᠯ ᠤ᠋ᠨ ᠭᠤᠷᠪᠠᠨ ᠵᠢᠯ ᠤ᠋ᠨ ᠠᠵᠢᠯᠯᠠᠭ᠎ᠠ ᠵᠢ ᠡᠬᠢᠯᠡᠬᠦᠯᠪᠡ ᠃ ᠭᠤᠷᠪᠠᠨ ᠵᠢᠯ ᠤ᠋ᠨ ᠬᠤᠭᠤᠴᠠᠭᠠᠨ ᠳ᠋ᠦ ᠨᠡᠢ᠌ᠲᠡ 100 ᠲᠦᠮᠡ ᠭᠠᠷᠤᠢ ᠮᠦ᠍ ᠮᠣᠳᠣ ᠲᠠᠷᠢᠵᠤ ᠣᠢᠵᠢᠭᠤᠯᠤᠨ ᠂ ᠨᠢᠬᠡᠨ ᠵᠤᠷᠪᠤᠰ《ᠨᠤᠮᠢᠨ ᠨᠤᠭᠤᠭᠠᠨ ᠤᠷᠳᠤ ᠴᠠᠭᠠᠨ ᠬᠡᠷᠡᠮ》ᠢ᠋ ᠴᠣᠭ᠍ᠴᠠᠯᠠᠭᠰᠠᠨ ᠠᠵᠢ ᠃
ᠬᠢᠩᠭᠠᠨ ᠠᠢᠮᠠᠭ ᠤ᠋ᠨ ᠪᠢᠴᠢᠭ᠌ᠯᠡᠭᠰᠡᠨ《ᠠᠮᠢ ᠠᠬᠤᠢ ᠵᠢᠨ ᠬᠠᠷᠢᠭᠤᠯᠲᠠ ᠵᠢᠨ ᠬᠠᠭᠤᠳᠠᠰᠤ》 ᠨᠢ ᠬᠥᠮᠦᠰ ᠤ᠋ᠨ ᠤᠷᠮ᠎ᠠ ᠵᠤᠷᠢᠭ ᠢ᠋ ᠬᠦᠭᠵᠢᠭᠡᠨ᠎ᠡ
ᠣᠶ ᠱᠢᠭᠤᠶ ᠵᠢᠨ ᠲᠠᠯᠠᠪᠠᠶ 3010 ᠲᠦᠮᠡᠨ ᠮᠥ᠍ ᠳ᠋ᠤ ᠬᠦᠷᠴᠦ ᠂ ᠣᠶ ᠱᠢᠭᠤᠶ ᠵᠢᠨ ᠪᠦᠷᠬᠦᠴᠡ ᠵᠢᠨ ᠨᠣᠷᠮ᠎ᠠ 33.39% ᠵᠢ ᠳᠠᠪᠠᠨ ᠂ ᠪᠥᠬᠥ᠌ ᠣᠷᠣᠨ ᠤ᠋ ᠲᠤᠮᠳᠠᠴᠢ ᠬᠡᠮᠵᠢᠶ᠎ᠠ ᠡᠴᠡ ᠵᠠᠭᠤᠨ ᠤ᠋ ᠬᠠᠷᠢᠴᠠᠯ ᠵᠢᠡᠷ 10 ᠬᠤᠪᠢ ᠲᠠᠪᠠᠵᠤ ᠂ ᠪᠥᠬᠥ᠌ ᠤᠯᠤᠰ ᠤ᠋ᠨ ᠲᠤᠮᠳᠠᠴᠢ ᠬᠡᠮᠵᠢᠶ᠎ᠡ ᠡᠴᠡ ᠵᠠᠭᠤᠨ ᠤ᠋ ᠬᠠᠷᠢᠴᠠᠯ ᠵᠢᠡᠷ 13 ᠬᠤᠪᠢ ᠲᠠᠪᠠᠪᠠ ᠃
ᠨᠤᠲᠤᠭ ᠪᠡᠯᠴᠢᠭᠡᠷ ᠤ᠋ᠨ ᠶᠡᠷᠦᠩᠬᠡᠶ ᠲᠠᠯᠠᠪᠠᠶ 2683.88 ᠲᠦᠮᠡᠨ ᠮᠦ᠍ ᠳ᠋ᠤ ᠬᠦᠷᠴᠦ᠍ ᠂ ᠨᠤᠲᠤᠭ ᠪᠡᠯᠴᠢᠭᠡᠷ ᠤ᠋ᠨ ᠳᠤᠮᠳᠠᠴᠢ ᠤᠷᠭᠤᠮᠠᠯ ᠤ᠋ᠨ ᠪᠦᠷᠬᠦᠴᠡ ᠵᠢᠨ ᠨᠤᠷᠮ᠎ᠠ 75.36% ᠵᠢ ᠳᠠᠪᠠᠨ ᠂ ᠪᠥᠬᠥ᠌ ᠣᠷᠣᠨ ᠤ᠋ ᠲᠤᠮᠳᠠᠴᠢ ᠬᠡᠮᠵᠢᠶ᠎ᠠ ᠡᠴᠡ ᠵᠠᠭᠤᠨ ᠤ᠋ ᠬᠠᠷᠢᠴᠠᠯ ᠵᠢᠡᠷ 31 ᠬᠤᠪᠢ ᠲᠠᠪᠠᠵᠤ ᠂ ᠪᠥᠬᠥ᠌ ᠤᠯᠤᠰ ᠤ᠋ᠨ ᠲᠤᠮᠳᠠᠴᠢ ᠬᠡᠮᠵᠢᠶ᠎ᠠ ᠡᠴᠡ ᠵᠠᠭᠤᠨ ᠤ᠋ ᠬᠠᠷᠢᠴᠠᠯ ᠵᠢᠡᠷ 18 ᠬᠤᠪᠢ ᠲᠠᠪᠠᠪᠠ ᠃
ᠬᠢᠩᠭᠠᠨ ᠠᠢᠮᠠᠭ ᠤ᠋ᠨ ᠬᠠᠷᠢᠶᠠᠨ ᠳ᠋ᠠᠬᠢ 6 ᠬᠣᠱᠢᠭᠤ ᠱᠢᠶᠠᠨ ᠬᠤᠳᠠ ᠡᠴᠨ 3 ᠨᠢ ᠤᠯᠤᠰ ᠤ᠋ᠨ ᠠᠮᠢ ᠠᠬᠤᠢ ᠵᠢᠨ ᠪᠣᠯᠪᠠᠰᠤᠨ ᠤ᠋ ᠪᠠᠢᠭᠤᠯᠤᠯᠲᠠ ᠵᠢᠨ ᠵᠢᠱ᠌ᠢᠢᠡ ᠦᠵᠡᠭᠦᠯᠬᠦ᠌ ᠬᠤᠳᠠ ᠪᠠ《ᠬᠥᠬᠡᠮᠳᠦᠭ ᠨᠣᠭᠣᠭᠠᠨ ᠠᠭᠤᠯᠠ ᠤᠰᠤ ᠪᠣᠯ ᠠᠯᠳᠠ ᠮᠥᠩᠭᠥᠨ ᠠᠭᠤᠯᠠ》ᠵᠢᠨ ᠦᠢᠯᠡᠳᠦᠯᠭᠡ ᠵᠢᠨ ᠱᠢᠨ᠎ᠡ ᠵᠢ ᠡᠭᠦᠳᠬᠦ᠌ ᠰᠠᠭᠤᠷᠢᠨ ᠤ᠋ ᠢᠷᠠᠭᠤ ᠠᠯᠳᠠᠷ ᠢ᠋ ᠬᠦᠷᠳᠡᠪᠡ᠋᠃
᠁
《ᠬᠢᠩᠭᠠᠨ ᠤ᠋ ᠡᠬᠡ ᠭᠠᠵᠠᠷ ᠤ᠋ᠨ ᠡᠨᠡ ᠬᠦ᠌ ᠨᠤᠮᠢᠨ ᠨᠣᠭᠣᠭᠠᠨ ᠂ ᠬᠦᠬᠡ ᠴᠡᠨᠭᠬᠡᠷ ᠂ ᠴᠡᠪᠡᠷ ᠰᠠᠢᠬᠠᠨ ᠢ᠋ ᠰᠠᠬᠢᠨ ᠬᠠᠮᠠᠭᠠᠯᠠᠬᠤ ᠪᠤᠯ ᠪᠢᠳᠡᠨ ᠤ᠋ ᠡᠷᠬᠢᠮ ᠳᠡᠭᠡᠳᠦ ᠡᠭᠦᠷᠭᠡ ᠪᠤᠯᠬᠤ ᠪᠡᠷ ᠪᠠᠷᠠᠬᠤ ᠦᠭᠡᠢ ᠮᠦᠨ ᠴᠦ᠍ ᠡᠷᠬᠡᠪᠰᠢ ᠬᠦᠢᠴᠡᠳᠬᠡᠬᠦ ᠬᠠᠷᠢᠭᠤᠴᠠᠯᠭ᠎ᠠ ᠮᠦᠨ ᠂ ᠪᠢᠳᠡ ᠦᠷᠭᠦᠯᠵᠢᠯᠡᠨ ᠪᠣᠳᠠᠲᠠᠶ ᠵᠢ ᠡᠷᠬᠢᠮᠯᠡᠭ᠌ᠰᠡᠨ ᠬᠦᠴᠦᠲᠡᠶ ᠠᠷᠭ᠎ᠠ ᠬᠡᠮᠵᠢᠶ᠎ᠡ ᠪᠠ ᠪᠤᠳᠠᠳᠤ ᠠᠵᠢᠯᠯᠠᠭ᠎ᠠ ᠪᠠᠷ ᠵᠢᠡᠨ ᠠᠮᠢ ᠠᠬᠤᠶ ᠵᠢᠨ ᠳᠠᠪᠠᠭᠤᠯᠢᠭ ᠢ᠋ ᠤᠯᠠᠮ ᠨᠢᠭᠡ ᠠᠯᠬᠤᠮ ᠪᠠᠳᠤᠳᠬᠠᠨ ᠂ ᠪᠣᠬᠢᠷᠲᠤᠯ ᠥᠬᠡᠶ ᠬᠥᠭ᠌ᠵᠢᠯᠲᠡ ᠵᠢ ᠠᠬᠢᠭᠤᠯᠵᠤ ᠂〈ᠪᠣᠬᠢᠷᠲᠤᠯ ᠥᠬᠡᠶ ᠦᠪ ᠬᠥᠷᠥᠩᠭᠡ〉ᠪᠡᠨ ᠪᠥᠬᠥ᠌ ᠬᠦᠴᠦᠨ ᠵᠢᠡᠷ ᠰᠠᠢᠲᠤᠷ ᠰᠠᠬᠢᠨ ᠬᠠᠮᠠᠭᠠᠯᠠᠨ᠎ᠠ》ᠭᠡᠵᠦ ᠬᠢᠩᠭᠠᠨ ᠠᠢᠮᠠᠭ ᠤ᠋ᠨ ᠨᠠᠮ ᠤ᠋ᠨ ᠬᠣᠷᠢᠶᠠᠨ ᠤ᠋ ᠱᠦᠵᠢ ᠵᠠᠩ ᠱᠢᠶᠤᠤ ᠪᠢᠩ ᠬᠡᠯᠡᠨ᠎ᠠ ᠃
ᠠᠮᠢ ᠠᠬᠤᠢ ᠵᠢ ᠤᠷᠢᠳ ᠵᠢᠡᠷ ᠪᠤᠳᠤᠯᠬᠢᠯᠠᠵᠤ ᠪᠤᠬᠢᠷᠳᠦᠯ ᠦᠭᠡᠢ ᠰᠠᠭᠤᠷᠢᠨ ᠢ᠋ ᠪᠦᠳᠦᠬᠡᠨ ᠪᠠᠢᠭᠤᠯᠤᠨ᠎ᠠ
《ᠠᠭᠤᠯᠠᠨ ᠳ᠋ᠤ ᠤᠢᠷ᠎ᠠ ᠨᠢ ᠮᠤᠳᠤ ᠲᠦᠯᠡᠵᠤ᠂ ᠤᠰᠤᠨ ᠳ᠋ᠤ ᠤᠢᠷ᠎ᠠ ᠨᠢ ᠵᠢᠭᠠᠰᠤ ᠢᠳᠡᠨ᠎ᠠ》᠂ ᠰᠠᠢ᠌ᠨ ᠰᠠᠢᠬᠠᠨ ᠠᠮᠢ ᠠᠬᠤᠢ ᠲᠠᠢ ᠪᠤᠯᠬᠤᠷ ᠪᠣᠬᠢᠷᠲᠤᠯ ᠦᠭᠡᠢ ᠠᠵᠤ ᠦᠢᠯᠡᠰ ᠢ᠋ ᠬᠥᠭ᠌ᠵᠢᠭᠦᠯᠬᠦ᠌ ᠴᠢᠬᠤᠯᠠᠳᠠᠢ ᠃
ᠣᠢᠷ᠎ᠠ ᠵᠢᠨ ᠵᠢᠯ ᠡᠴᠡ ᠨᠠᠭᠠᠰᠢ ᠂ ᠬᠢᠩᠭᠠᠨ ᠠᠢᠮᠠᠭ ᠲᠤᠲᠤᠷᠭ᠎ᠠ ᠵᠢᠨ ᠲᠥᠷᠥᠯ ᠲᠡᠮᠳᠡᠭ ᠂ ᠡᠷᠳᠡᠨᠢ ᠱᠢᠰᠢ ᠵᠢ ᠨᠠᠷᠢᠯᠢᠭ ᠡᠳ᠋ᠱᠢᠭᠦᠯᠬᠦ᠌ ᠂ ᠮᠢᠬᠠᠨ ᠤ᠋ ᠦᠬᠡᠷ ᠤ᠋ᠨ ᠪᠥᠬᠥ᠌ ᠠᠵᠤ ᠦᠶ᠋ᠯᠡᠰ ᠤ᠋ᠨ ᠬᠡᠯᠬᠢᠶ᠎ᠡ ᠵᠢᠨ ᠱᠢᠰᠲ᠋ᠧᠮ ᠵᠢᠴᠢ ᠪᠥᠬᠥ᠌ ᠤᠯᠤᠰ ᠤ᠋ᠨ ᠳᠡᠭᠡᠳᠦ ᠲᠠᠰ ᠤ᠋ᠨ ᠰᠦ ᠵᠢᠨ ᠦᠶ᠋ᠯᠡᠰ ᠤ᠋ᠨ ᠦᠶ᠋ᠯᠡᠳᠪᠦᠷᠢᠯᠡᠯ ᠤ᠋ᠨ ᠰᠠᠭᠤᠷᠢᠨ ᠤ᠋ ᠪᠥᠲᠥᠭᠡᠨ ᠪᠠᠢᠭᠤᠯᠤᠯᠲᠠ ᠵᠢ ᠦᠷᠭᠦᠯᠵᠢᠯᠡᠨ ᠠᠬᠢᠭᠤᠯᠵᠤ ᠂ ᠴᠢᠨᠠᠷ ᠰᠠᠢᠳᠠᠢ ᠪᠣᠬᠢᠷᠲᠤᠯ ᠥᠬᠡᠶ ᠮᠠᠯ ᠤ᠋ᠨ ᠠᠱᠢᠭ ᠱᠢᠮ᠎ᠡ ᠲᠠᠷᠢᠶᠠᠯᠠᠩ ᠤ᠋ᠨ ᠪᠦᠲᠦᠭᠡᠭ᠌ᠳᠡᠬᠦᠨ ᠢ᠋ ᠡᠳ᠋ᠱᠢᠭᠦᠯᠦᠨ ᠪᠣᠯᠪᠠᠰᠤᠷᠠᠭᠤᠯᠵᠤ ᠭᠠᠳᠠᠭ᠍ᠰᠢ ᠭᠠᠷᠭᠠᠬᠤ ᠰᠠᠭᠤᠷᠢᠨ ᠢ᠋ ᠪᠥᠬᠥ᠌ ᠬᠦᠴᠦᠨ ᠵᠢᠡᠷ ᠴᠣᠭ᠍ᠴᠠᠯᠠᠪᠠ ᠃
ᠤᠯᠠᠭᠠᠨᠬᠣᠲᠠ ᠵᠢᠨ ᠤᠯᠠᠭᠠᠨᠬᠠᠳᠠ ᠪᠠᠯᠭᠠᠰᠤᠨ ᠳ᠋ᠦ ᠨᠣᠮᠢᠨ ᠨᠣᠭᠣᠭᠠᠨ ᠲᠤᠲᠤᠷᠭ᠎ᠠ ᠵᠢᠨ ᠴᠢᠬᠢ ᠢᠳᠡᠷᠡᠭᠦᠨ ᠵᠢᠡᠷ ᠤᠷᠭᠤᠵᠤ ᠂ ᠦᠵᠡᠭᠰᠡᠨ ᠪᠦᠬᠦᠨ ᠢ᠋ ᠬᠠᠷᠠᠭ᠎ᠠ ᠪᠠᠶᠠᠰᠬᠠᠨ᠎ᠠ ᠃《ᠬᠢᠩᠭᠠᠨ ᠠᠢᠮᠠᠭ ᠤ᠋ᠨ ᠲᠤᠲᠤᠷᠭ᠎ᠠ》ᠵᠢᠨ ᠲᠥᠷᠥᠯ ᠲᠡᠮᠳᠡᠭ ᠤ᠋ᠨ ᠳᠠᠭᠠᠭᠤᠯᠭ᠎ᠠ ᠳᠤᠤᠷ᠎ᠠ ᠂ ᠬᠢᠩᠭᠠᠨ ᠠᠢᠮᠠᠭ ᠤ᠋ᠨ ᠵᠢᠯ ᠤ᠋ᠨ ᠤᠰᠤᠨ ᠲᠤᠲᠤᠷᠭ᠎ᠠ ᠳᠠᠷᠢᠭ᠍ᠰᠠᠨ ᠲᠠᠯᠠᠪᠠᠶ 134.92 ᠲᠦᠮᠡᠨ ᠮᠥ᠍ ᠂ ᠤᠨᠠᠯᠲᠠ ᠨᠢ 75 ᠲᠦᠮᠡᠨ ᠲᠣᠨ ᠳ᠋ᠤ ᠬᠦᠷᠴᠦ᠍ ᠂ ᠣᠷᠭᠠᠨᠢᠭ ᠪᠣᠬᠢᠷᠲᠤᠯ ᠥᠬᠡᠶ ᠲᠤᠲᠤᠷᠭ᠎ᠠ ᠵᠢᠨ ᠰᠠᠭᠤᠷᠢᠨ ᠨᠢ 100 ᠲᠦᠮᠡᠨ ᠮᠦ᠍ ᠳ᠋ᠤ ᠲᠣᠭ᠍ᠲᠠᠪᠤᠷᠢᠵᠢᠨ ᠂ ᠪᠥᠬᠥ᠌ ᠣᠷᠣᠨ ᠤ᠋ ᠤᠰᠤᠨ ᠲᠤᠲᠤᠷᠭ᠎ᠠ ᠵᠢᠨ ᠲᠠᠯᠠᠪᠠᠶ ᠵᠢᠨ 60% ᠡᠴᠡ ᠳᠡᠭᠡᠭ᠌ᠰᠢᠬᠢ ᠵᠢ ᠡᠵᠡᠯᠡᠵᠦ᠍ ᠂ ᠨᠡᠷ᠎ᠡ ᠨᠢᠳᠡᠷᠲᠡᠬᠡᠨ ᠨᠡᠢᠴᠡᠭ᠌ᠰᠡᠨ ᠥᠪᠥᠷ ᠮᠣᠩᠭᠣᠯ ᠤ᠋ᠨ ᠤᠰᠤᠨ ᠲᠤᠲᠤᠷᠭ᠎ᠠ ᠵᠢᠨ ᠨᠤᠲᠤᠭ ᠪᠣᠯᠵᠠᠶ ᠃
ᠬᠣᠷᠴᠢᠨ ᠪᠠᠷᠠᠭᠤᠨ ᠭᠠᠷᠤᠨ ᠳᠤᠮᠳᠠᠳᠤ ᠬᠣᠱᠢᠭᠤᠨ ᠤ᠋ ᠬᠤᠸᠠ ᠶᠠᠩ ᠮᠢᠬᠠᠨ ᠤ᠋ ᠦᠬᠡᠷ ᠬᠣᠨᠢ ᠨᠢᠳᠤᠯᠤᠨ ᠡᠳ᠋ᠱᠢᠭᠦᠯᠬᠦ᠌ ᠬᠦᠶ᠋ᠲᠡᠨ ᠬᠡᠯᠬᠢᠶᠡᠲᠦ ᠡᠳ᠋ ᠪᠠᠷᠠᠭᠠᠨ ᠤ᠋ ᠭᠦᠶ᠋ᠯᠭᠡᠭᠡ ᠵᠢᠨ ᠲᠥᠷᠥᠯ ᠵᠦᠶ᠋ᠯ ᠤ᠋ᠨ ᠪᠠᠷᠢᠯᠭ᠎ᠠ ᠵᠢᠨ ᠪᠥᠲᠥᠭᠡᠨ ᠪᠠᠢᠭᠤᠯᠤᠯᠲᠠ ᠨᠢᠬᠡᠨᠳᠡ ᠱᠢᠪᠲᠤᠷᠠᠭᠠᠨᠳᠠᠭᠠᠨ ᠣᠷᠣᠵᠤ ᠂ ᠵᠢᠱ᠌ᠢᠯᠲᠡ ᠪᠡᠷ 10 ᠰᠠᠷ᠎ᠠ ᠳ᠋ᠦ ᠠᠱᠢᠭ᠍ᠯᠠᠯᠲᠠ ᠳ᠋ᠦ ᠤᠷᠤᠬᠤ ᠪᠤᠯᠤᠨ᠎ᠠ ᠃ ᠲᠤᠰ ᠲᠥᠷᠥᠯ ᠵᠦᠶ᠋ᠯ ᠠᠱᠢᠭ᠍ᠯᠠᠯᠲᠠ ᠳ᠋ᠦ ᠤᠷᠤᠭ᠍ᠰᠠᠨ ᠤ᠋ ᠳᠠᠷᠠᠭ᠎ᠠ ᠂ ᠵᠢᠯ ᠳ᠋ᠤ 10 ᠲᠦᠮᠡᠨ ᠦᠬᠡᠷ ᠢ᠋ ᠨᠢᠲᠤᠯᠵᠤ ᠰᠠᠯᠭᠠᠬᠤ ᠪᠣᠯᠤᠨ᠎ᠠ ᠃ ᠡᠨᠡ ᠵᠢᠯ ᠤ᠋ᠨ 5 ᠰᠠᠷ᠎ᠠ ᠵᠢᠨ ᠰᠡᠭᠦᠯᠴᠢ ᠪᠣᠯᠲᠠᠯ᠎ᠠ ᠂ ᠬᠢᠩᠭᠠᠨ ᠠᠢᠮᠠᠭ ᠤ᠋ᠨ ᠮᠢᠬᠠᠨ ᠤ᠋ ᠦᠬᠡᠷ ᠤ᠋ᠨ ᠲᠣᠭ᠎ᠠ 123.5 ᠲᠦᠮᠡ ᠳ᠋ᠤ ᠬᠦᠷᠴᠦ᠍ ᠂ 469 ᠮᠢᠬᠠᠨ ᠤ᠋ ᠦᠬᠡᠷ ᠢ᠋ ᠪᠠᠷᠢᠮᠵᠢᠶᠠᠵᠢᠭᠤᠯᠵᠤ ᠬᠡᠪᠴᠢᠶᠡᠵᠢᠬᠦᠯᠦᠨ ᠲᠠᠵᠢᠬᠡᠬᠦ ᠲᠠᠯᠠᠪᠠᠢ ᠲᠠᠢ ᠪᠤᠯᠪᠠ ᠃
ᠠᠮᠤ ᠪᠤᠳᠠᠭᠠᠨ ᠤ᠋ ᠤᠨᠠᠯᠳᠠ ᠠᠷᠪᠠᠨ ᠨᠢᠭᠡᠨ ᠵᠢᠯ ᠳᠠᠷᠠᠭᠠᠯᠠᠨ ᠨᠡᠮᠡᠭ᠌ᠳᠡᠵᠤ ᠂ 127 ᠳ᠋ᠦᠩᠱᠢᠭᠤᠷ ᠵᠢᠩ ᠤ᠋ᠨ ᠲᠡᠮᠳᠡᠭ᠌ᠯᠡᠯ ᠢ᠋ ᠡᠭᠦᠳᠴᠦ᠍ ᠂ ᠮᠠᠯ ᠠᠵᠤ ᠠᠬᠤᠶ ᠵᠢᠨ ᠦᠶ᠋ᠯᠡᠳᠪᠦᠷᠢᠯᠡᠯ ᠲᠤᠯᠤᠭᠠᠨ ᠵᠢᠯ ᠳᠠᠷᠠᠭᠠᠯᠠᠨ ᠲᠣᠭ᠍ᠲᠠᠭᠤᠨ ᠪᠠᠢᠵᠤ ᠂ ᠮᠠᠯ ᠤ᠋ᠨ ᠲᠣᠭ᠎ᠠ 1200 ᠲᠦᠮᠡ ᠡᠴᠡ ᠳᠡᠭᠡᠭ᠌ᠰᠢ ᠳ᠋ᠤ ᠲᠣᠭ᠍ᠲᠠᠪᠤᠷᠢᠵᠢᠪᠠ ᠁ ᠦᠵᠡᠰᠭᠦᠯᠡᠩᠲᠦ ᠰᠠᠢᠬᠠᠨ ᠬᠢᠩᠭᠠᠨ ᠂ ᠦᠩ ᠱᠢᠮᠡᠯᠢᠭ ᠬᠥᠷᠥᠰᠥ᠍ ᠱᠢᠷᠣᠶ ᠃ ᠬᠢᠩᠭᠠᠨ ᠠᠢᠮᠠᠭ ᠤ᠋ᠨ ᠮᠠᠯ ᠠᠵᠤ ᠠᠬᠤᠢ ᠲᠠᠷᠢᠶᠠᠯᠠᠩ ᠤ᠋ᠨ ᠠᠵᠤ ᠦᠢᠯᠡᠰᠵᠢᠯᠲᠡ ᠢᠳᠡᠷᠡᠬᠦᠨ ᠠᠯᠬᠤᠭ᠎ᠠ ᠪᠡᠷ ᠤᠷᠤᠭ᠍ᠰᠢᠯᠠᠵᠤ ᠂ ᠠᠮᠵᠢᠯᠳᠠ ᠪᠦᠲᠦᠮᠵᠢ ᠬᠦᠤᠷᠨᠢᠨ᠎ᠡ ᠃
ᠠᠮᠢ ᠠᠬᠤᠢ ᠵᠢ ᠤᠷᠢᠳ ᠵᠢᠡᠷ ᠪᠤᠳᠤᠯᠬᠢᠯᠠᠵᠤ ᠵᠢᠭᠤᠯᠴᠢᠯᠠᠯ ᠤ᠋ᠨ ᠦᠢᠯᠡᠰ ᠢ᠋ ᠬᠦᠭᠵᠢᠬᠦᠯᠦᠨ᠎ᠠ
ᠡᠨᠡ ᠬᠡᠳᠦᠨ ᠡᠳᠦᠷ ᠵᠠᠯᠠᠢᠳ ᠬᠣᠱᠢᠭᠤᠨ ᠤ᠋ ᠬᠣᠯᠪᠣᠭ᠎ᠠ ᠪᠠᠯᠭᠠᠰᠤ ᠵᠢᠨ ᠲᠠᠷᠢᠶᠠᠯᠠᠩ ᠪᠠ ᠵᠢᠭᠤᠯᠴᠢᠯᠠᠯ ᠢ᠋ ᠠᠭᠤᠰᠤᠯᠴᠠᠭᠤᠯᠬᠤ ᠲᠣᠭᠣᠷᠢᠭ ᠲᠡᠬᠢ ᠤᠰᠤᠨ ᠲᠤᠲᠤᠷᠭ᠎ᠠ ᠵᠢᠨ ᠲᠠᠷᠢᠶ᠎ᠡ ᠦᠵᠡᠮᠵᠢ ᠲᠡᠬᠦᠰ ᠪᠦᠷᠢᠳᠴᠦ᠂ ᠲᠤᠰᠤᠨ ᠪᠤᠳᠤᠭ ᠤ᠋ᠨ ᠵᠢᠷᠤᠭ ᠬᠡᠮᠡᠷ ᠦᠩᠬᠡ ᠦᠵᠡᠮᠵᠢ ᠨᠢ ᠬᠦᠷᠦᠯᠴᠡᠨ ᠢᠷᠡᠭᠰᠡᠨ ᠵᠢᠭᠤᠯᠴᠢᠯᠠᠭᠰᠠᠳ ᠤ᠋ᠨ ᠬᠠᠯᠠᠭᠤᠨ ᠲᠠᠭᠠᠰᠢᠶᠠᠯ ᠢ᠋ ᠤᠯᠤᠯ᠎ᠠ ᠃
ᠢᠷᠠᠭᠤ ᠠᠯᠳᠠᠷᠲᠤ ᠲᠡᠦᠬᠡ ᠪᠠ ᠬᠤᠪᠢᠰᠭᠠᠯ ᠤ᠋ᠨ ᠲᠤᠬᠠᠢ ᠳᠤᠷᠠᠰᠤᠮᠵᠢ ᠪᠤᠯ ᠬᠢᠩᠭᠠᠨ ᠠᠢᠮᠠᠭ ᠤ᠋ᠨ ᠣᠯᠠᠩᠬᠢ ᠬᠥᠮᠦᠰ ᠲᠦ᠍ ᠥᠭ᠌ᠭᠦᠭ᠌ᠰᠡᠨ ᠠᠩᠬᠠᠨ ᠤ᠋ ᠰᠠᠭᠤᠭ᠍ᠳᠠᠯ ᠪᠢᠯᠡ ᠃ ᠡᠳᠦᠭᠡ ᠬᠥᠬᠡᠮᠳᠦᠭ ᠨᠣᠭᠣᠭᠠᠨ ᠠᠭᠤᠯᠠ ᠤᠰᠤ ᠵᠢᠭᠤᠯᠴᠢᠯᠠᠯ ᠤ᠋ᠨ ᠲᠠᠭᠠᠯᠠᠮᠵᠢᠲᠠᠢ ᠤᠷᠤᠨ ᠨᠢ ᠬᠢᠩᠭᠠᠨ ᠠᠢᠮᠠᠭ ᠤ᠋ᠨ ᠪᠠᠰᠠ ᠨᠢᠭᠡᠨ ᠨᠡᠷ᠎ᠡ ᠵᠢᠨ ᠬᠠᠭᠤᠳᠠᠰᠤ ᠪᠣᠯᠪᠠ ᠃ ᠣᠢᠷ᠎ᠠ ᠵᠢᠨ ᠵᠢᠯ ᠡᠴᠡ ᠨᠠᠭᠠᠰᠢ ᠲᠣᠰ ᠠᠢᠮᠠᠭ ᠤ᠋ᠨ ᠬᠢᠨ ᠪᠠᠢᠭᠠᠯᠢ ᠵᠢᠨ ᠠᠮᠢ ᠠᠬᠤᠶ ᠵᠢᠨ ᠡᠬᠢ ᠪᠠᠶᠠᠯᠢᠭ ᠲᠦ᠍ ᠲᠦᠱᠢᠭ᠌ᠯᠡᠨ ᠳᠥᠷᠪᠡᠨ ᠤᠯᠠᠷᠢᠯ ᠤ᠋ᠨ ᠵᠢᠭᠤᠯᠴᠢᠯᠠᠯ ᠵᠢᠡᠷ ᠭᠤᠤᠯᠳᠠᠯᠭ᠎ᠠ ᠪᠣᠯᠭᠠᠵᠤ᠂ ᠦᠵᠡᠮᠵᠢ ᠵᠢᠨ ᠡᠬᠢ ᠪᠠᠶᠠᠯᠢᠭ ᠢ᠋ ᠨᠡᠢᠳᠭᠡᠵᠦ᠍᠂ ᠪᠥᠬᠥ᠌ ᠣᠷᠣᠨ ᠪᠦᠰᠡ ᠵᠢᠨ ᠵᠢᠭᠤᠯᠴᠢᠯᠠᠯ ᠤ᠋ᠨ ᠥᠷᠨᠢᠩᠭᠦᠶ ᠬᠥᠭ᠌ᠵᠢᠯᠲᠡ ᠵᠢ ᠠᠬᠢᠭᠤᠯᠪᠠ ᠃
ᠬᠢᠩᠭᠠᠨ ᠠᠢᠮᠠᠭ ᠬᠢᠵᠢᠭ ᠤ᠋ᠨ ᠪᠠᠢᠳᠠᠯ ᠢ᠋ ᠰᠡᠷᠭᠡᠢᠯᠡᠨ ᠡᠵᠡᠮᠳᠡᠬᠦ᠌ ᠵᠢ ᠪᠠᠢᠩᠭᠤᠵᠢᠭᠤᠯᠤᠭ᠍ᠰᠠᠨ ᠪᠠᠢᠳᠠᠯ ᠳᠤᠤᠷ᠎ᠠ᠂ ᠰᠠᠭᠤᠷᠢ ᠲᠦᠭᠦᠭᠡᠷᠦᠮᠵᠢ ᠵᠢᠨ ᠨᠥᠬᠥᠴᠡᠯ ᠢ᠋ ᠰᠠᠢᠵᠢᠷᠠᠭᠤᠯᠬᠤ᠂ ᠦᠶ᠋ᠯᠡᠳᠬᠦᠨ ᠤ᠋ ᠡᠵᠡᠩᠨᠡᠯᠲᠡ ᠵᠢ ᠪᠠᠶᠠᠯᠢᠭ᠍ᠵᠢᠭᠤᠯᠬᠤ᠂ ᠲᠠᠮᠵᠢᠨ ᠬᠦᠭᠵᠢᠬᠦᠯᠬᠦ ᠲᠥᠷᠥ ᠵᠢᠨ ᠪᠣᠳᠣᠯᠭ᠎ᠠ ᠲᠣᠭ᠍ᠲᠠᠭᠠᠬᠤ᠂ ᠡᠵᠡᠩᠨᠡᠨ ᠪᠣᠷᠣᠯᠠᠭᠤᠯᠬᠤ ᠠᠷᠭ᠎ᠠ ᠪᠣᠳᠣᠯᠭ᠎ᠠ ᠵᠢ ᠲᠠᠬᠦᠯᠳᠡᠷᠵᠢᠬᠦᠯᠬᠦ᠂ ᠵᠠᠬ᠎ᠠ ᠳᠡᠯᠭᠡᠭᠦᠷ ᠤ᠋ᠨ ᠠᠭᠤᠷ ᠠᠮᠢᠰᠭᠤᠯ ᠢ᠋ ᠪᠣᠶ ᠪᠣᠯᠭᠠᠬᠤ ᠵᠡᠷᠭᠡ ᠲᠠᠯ᠎ᠠ ᠡᠴᠡ ᠭᠠᠷᠳᠠᠵᠤ᠂ ᠠᠷᠭ᠎ᠠ ᠪᠦᠬᠦᠨ ᠢ᠋ ᠰᠦᠪᠡᠭ᠌ᠴᠢᠯᠡᠨ ᠵᠢᠭᠤᠯᠴᠢᠯᠠᠯ ᠤ᠋ᠨ ᠦᠶ᠋ᠯᠡᠰ ᠤ᠋ᠨ ᠰᠡᠷᠬᠦᠯᠳᠡ ᠵᠢ ᠲᠦᠷᠭᠡᠳᠭᠡᠪᠡ᠃ ᠡᠨᠡ ᠵᠢᠯ ᠤ᠋ᠨ ᠳᠡᠭᠡᠷ᠎ᠡ ᠬᠠᠭᠠᠰ ᠵᠢᠯ ᠳ᠋ᠤ ᠪᠦᠬᠦ ᠠᠢᠮᠠᠭ ᠵᠢᠡᠷ ᠵᠢᠡᠨ ᠤᠯᠤᠰ ᠤ᠋ᠨ ᠳᠣᠲᠣᠭᠠᠳᠤ ᠵᠢᠨ ᠵᠢᠭᠤᠯᠴᠢᠯᠠᠭ᠍ᠴᠢ ᠵᠢ 387.45 ᠲᠦᠮᠡᠨ ᠬᠥᠮᠦᠨ ᠤᠳᠠᠭ᠎ᠠ ᠭᠥᠯᠢᠶᠡᠨ ᠠᠪᠴᠤ᠌ ᠂ ᠵᠢᠭᠤᠯᠴᠢᠯᠠᠯ ᠤ᠋ᠨ ᠣᠷᠣᠯᠭ᠎ᠠ ᠨᠢ 23.26 ᠳ᠋ᠦᠩᠱᠢᠭᠤᠷ ᠲᠥᠭᠥᠷᠢᠭ ᠢ᠋ ᠳᠠᠪᠠᠵᠦ᠂ ᠵᠢᠭᠤᠯᠴᠢᠯᠠᠯ ᠤ᠋ᠨ ᠦᠶ᠋ᠯᠡᠰ ᠤ᠋ᠨ ᠰᠡᠷᠬᠦᠨ ᠬᠦᠭᠵᠢᠬᠦ ᠬᠠᠨᠳᠤᠰᠢ ᠮᠠᠰᠢ ᠪᠠᠢᠨ᠎ᠠ᠃
ᠴᠡᠭ ᠵᠢᠡᠷ ᠱᠤᠭᠤᠮ ᠢ᠋ ᠬᠣᠯᠪᠣᠵᠤ᠂ ᠱᠤᠭᠤᠮ ᠵᠢᠡᠷ ᠪᠦᠬᠦ᠌ ᠲᠠᠯ᠎ᠠ ᠵᠢ ᠳᠠᠢ᠌ᠴᠢᠯᠠᠨ᠂ ᠬᠢᠩᠭᠠᠨ ᠠᠢᠮᠠᠭ ᠵᠢᠭᠤᠯᠴᠢᠯᠠᠯ ᠤ᠋ᠨ ᠪᠦᠬᠦ᠌ ᠣᠷᠣᠨ ᠪᠦᠰᠡ ᠵᠢᠨ ᠳᠤᠮᠤ ᠦᠵᠡᠮᠵᠢ ᠵᠢᠨ ᠣᠷᠣᠨ᠂ ᠳᠤᠮᠤ ᠰᠡᠯᠡᠭᠦᠴᠡᠯ ᠤ᠋ᠨ ᠣᠷᠣᠨ᠂ ᠳᠤᠮᠤ ᠠᠮᠠᠷᠠᠯᠲᠠ ᠵᠢᠨ ᠣᠷᠣᠨ ᠢ᠋ ᠴᠣᠭ᠍ᠴᠠᠯᠠᠵᠤ᠂ ᠪᠦᠬᠦ᠌ ᠣᠷᠣᠨ ᠪᠦᠰᠡ ᠵᠢ ᠳᠦᠷᠪᠡᠨ ᠤᠯᠠᠷᠢᠯ ᠳ᠋ᠤ ᠴᠦᠮ ᠬᠥᠭ᠌ᠵᠢᠶᠡᠨᠲᠡᠢ ᠪᠠᠢᠯᠭᠠᠬᠤ ᠵᠢ ᠬᠦᠴᠦᠯᠡᠨ ᠠᠬᠢᠭᠤᠯᠵᠦ ᠪᠤᠢ᠃