ᠦᠵᠡᠰᠭᠦᠯᠡᠩᠲᠦ ᠰᠠᠢᠬᠠᠨ ᠦᠪᠦᠷ ᠮᠤᠩᠭᠤᠯ᠎ᠢ ᠵᠤᠷᠢᠭᠠᠳ ᠢᠷᠡᠯ᠎ᠡ
2022-08-04 11:39:28
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠦᠷᠭᠡᠨ ᠠᠭᠤᠳᠠᠮ ᠲᠠᠯ᠎ᠠ ᠨᠤᠳᠤᠭ᠂ ᠦᠪᠴᠢ ᠬᠤᠴᠢᠬᠰᠡᠨ ᠣᠶ ᠱᠢᠭᠤᠶ᠂  ᠨᠡᠯᠦᠭᠡᠷ ᠶᠡᠬᠡ ᠡᠯᠡᠰᠦ ᠮᠠᠩᠬ᠎ᠠ ᠁ ᠠᠭᠠᠭᠢᠮ᠎ᠠ ᠬᠠᠯᠠᠭᠤᠨ ᠵᠤᠨ᠎ᠤ ᠡᠳᠦᠷ᠂ ᠰᠡᠷᠢᠭᠦᠨ ᠲᠠᠭᠠᠯᠠᠮᠵᠢᠲᠠᠶ᠂ ᠥᠷᠭᠡᠨ ᠠᠭᠤᠳᠠᠮ ᠦᠵᠡᠰᠭᠦᠯᠡᠩᠲᠦ ᠰᠠᠢᠬᠠᠨ ᠥᠪᠥᠷ ᠮᠣᠩᠭᠣᠯ ᠵᠢᠭᠤᠯᠴᠢᠯᠠᠯ᠎ᠤᠨ ᠬᠥᠭ᠌ᠵᠢᠶᠡᠨᠲᠦ ᠤᠯᠠᠷᠢᠯ᠎ᠢᠶᠠᠨ ᠤᠭ᠍ᠲᠤᠵᠤ᠂ ᠤᠯᠤᠰ᠎ᠤᠨ ᠳᠣᠲᠣᠭᠠᠳᠤ᠎ᠶ᠋ᠢᠨ ᠵᠢᠭᠤᠯᠴᠢᠯᠠᠵᠤ ᠵᠤᠰᠠᠬᠤ ᠬᠠᠯᠠᠮᠱᠢᠯ ᠭᠠᠵᠠᠷ ᠪᠣᠯᠤᠭ᠍ᠰᠠᠨ ᠪᠠᠢᠨ᠎ᠠ᠃ ᠥᠪᠥᠷ ᠮᠣᠩᠭᠣᠯ᠎ᠤᠨ ᠡᠯ᠎ᠡ ᠭᠠᠵᠠᠷ᠎ᠤᠨ᠎ᠬᠢᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠢ ᠰᠠᠢᠲᠤᠷ ᠬᠢᠬᠦ᠌᠎ᠶ᠋ᠢᠨ ᠬᠠᠮᠲᠤ ᠵᠣᠨ᠎ᠤ ᠤᠯᠠᠷᠢᠯ᠎ᠤᠨ ᠵᠢᠭᠤᠯᠴᠢᠯᠠᠯ᠎ᠤᠨ ᠱᠢᠵᠢᠷ ᠠᠯᠲᠠᠨ ᠴᠠᠭ ᠮᠦᠴᠡ ᠵᠢ ᠠᠮᠵᠢᠵᠤ᠂ ᠵᠢᠭᠤᠯᠴᠢᠯᠠᠯ᠎ᠤᠨ ᠦᠢᠯᠡᠳᠬᠦᠨ᠎ᠢ ᠲᠠᠨᠢᠯᠴᠠᠭᠤᠯᠬᠤ᠂ ᠦᠶ᠋ᠯᠡᠴᠢᠯᠡᠭᠡ ᠪᠠᠨ ᠲᠠᠰ ᠳᠡᠪᠱᠢᠭᠦᠯᠬᠦ᠌᠎ᠵᠢ ᠪᠥᠬᠥ᠌ ᠬᠦᠴᠦᠨ᠎ᠢᠶᠡᠷ᠎ᠢᠶᠡᠨ ᠰᠠᠢᠲᠤᠷ ᠬᠢᠵᠦ᠍᠂ ᠵᠢᠭᠤᠯᠴᠢᠯᠠᠭ᠍ᠰᠠᠳ᠎ᠤᠨ ᠣᠯᠠᠨ ᠡᠱᠢᠵᠢᠭ᠌ᠰᠡᠨ ᠬᠡᠷᠡᠭ᠌ᠴᠡᠭᠡ᠎ᠶ᠋ᠢ ᠨᠠᠩ ᠰᠠᠢᠲᠤᠷ ᠬᠠᠩᠭᠠᠵᠤ᠂ ᠬᠦᠷᠦᠯᠴᠡᠨ ᠢᠷᠡᠭᠰᠡᠨ ᠵᠣᠴᠢᠳ᠎ᠢᠶᠡᠨ ᠬᠠᠯᠠᠭᠤᠨ᠎ᠢᠶᠠᠷ ᠤᠭ᠍ᠲᠤᠨ᠎ᠠ᠃

ᠪᠤᠭᠤᠲᠤ ᠬᠣᠲᠠ

ᠪᠤᠭᠤᠲᠤ ᠬᠣᠲᠠ ᠵᠢᠭᠤᠯᠴᠢᠯᠠᠯ ᠪᠠ ᠬᠡᠷᠡᠭ᠌ᠯᠡᠭᠡ᠎ᠶ᠋ᠢ ᠳᠠᠢᠴᠢᠯᠠᠬᠤ᠎ᠶ᠋ᠢᠨ ᠲᠥᠯᠥᠭᠡ᠂ ᠬᠥᠨᠳᠡᠯᠡᠨ ᠲᠣᠭᠣᠷᠢᠭ᠎ᠤᠨ ᠪᠤᠭᠤᠳᠤ ᠵᠢᠨ ᠪᠦᠷᠢᠨ ᠪᠠᠷᠠᠭᠠᠳᠤ ᠬᠤᠳᠠᠯᠳᠤᠭᠠᠨ᠎ᠤ ᠶᠠᠪᠠᠭᠠᠨ ᠵᠡᠭᠡᠯᠢ᠂ ᠴᠢᠩᠱᠠᠨ ᠲᠣᠭᠣᠷᠢᠭ᠎ᠤᠨ ᠵᠧᠩ ᠱᠢᠶᠠᠩ ᠣᠯᠠᠨ ᠤᠯᠤᠰ᠎ᠤᠨ ᠬᠤᠳᠠᠯᠳᠤᠭᠠᠨ᠎ᠤ ᠵᠡᠭᠡᠯᠢ᠂ ᠵᠢᠦᠶᠤᠸᠠᠨ ᠲᠣᠭᠣᠷᠢᠭ᠎ᠤᠨ ᠬᠦᠨᠳᠡᠯᠡᠨ ᠭᠤᠯᠲᠤ ᠵᠡᠭᠡᠯᠢ ᠵᠡᠷᠭᠡ ᠣᠨᠴᠠᠯᠢᠭ᠍ᠲᠤ ᠵᠡᠭᠡᠯᠢ ᠲᠣᠭᠣᠷᠢᠭ᠎ᠲᠤ ᠲᠦᠱᠢᠭ᠌ᠯᠡᠨ᠂ ᠬᠤᠳᠠᠯᠳᠤᠭᠠᠨ᠎ᠤ ᠦᠢᠯᠡᠰ ᠲᠦᠪᠯᠡᠷᠡᠭᠰᠡᠨ ᠵᠡᠭᠡᠯᠢ ᠲᠣᠭᠣᠷᠢᠭ᠂ ᠬᠤᠳᠠᠯᠳᠤᠭᠠᠨ᠎ᠤ ᠶᠡᠷᠦᠩᠬᠡᠢᠯᠡᠭ᠌ᠰᠡᠨ ᠵᠡᠭᠡᠯᠢ ᠲᠣᠭᠣᠷᠢᠭ᠂ ᠬᠤᠳᠠᠯᠳᠤᠭᠠᠨ᠎ᠤ ᠵᠢᠭᠤᠯᠴᠢᠯᠠᠯ᠎ᠤᠨ ᠣᠨᠴᠠᠯᠢᠭ᠍ᠲᠤ ᠵᠡᠭᠡᠯᠢ ᠲᠣᠭᠣᠷᠢᠭ᠂ ᠪᠠᠷᠠᠭᠤᠨ ᠬᠣᠢᠲᠤ᠎ᠶ᠋ᠢᠨ ᠰᠣᠶᠣᠯ᠎ᠤᠨ ᠵᠡᠭᠡᠯᠢ ᠲᠣᠭᠣᠷᠢᠭ ᠪᠠ ᠮᠠᠱᠢᠨ ᠲᠡᠷᠭᠡᠨ᠎ᠦ ᠰᠣᠶᠣᠯ᠎ᠤᠨ ᠵᠡᠭᠡᠯᠢ ᠲᠣᠭᠣᠷᠢᠭ ᠵᠡᠷᠭᠡ ᠲᠥᠷᠥᠯ ᠲᠡᠮᠳᠡᠭ᠌᠎ᠢ ᠲᠦᠷᠭᠡᠳᠭᠡᠨ ᠪᠣᠶ ᠪᠣᠯᠭᠠᠪᠠ᠃

ᠪᠤᠭᠤᠲᠤ ᠬᠣᠲᠠ ᠵᠢᠨ ᠲᠦᠮᠡᠳ ᠪᠠᠷᠠᠭᠤᠨ ᠬᠣᠱᠢᠭᠤᠨ᠎ᠤ ᠭᠸᠤ ᠮᠸᠨ ᠪᠠᠯᠭᠠᠰᠤᠨ᠎ᠤ ᠰᠢ ᠸᠠᠨ ᠲᠣᠰᠭᠣᠨ ᠵᠡᠷᠭᠡ 8 ᠬᠥᠳᠡᠭᠡ ᠲᠣᠰᠭᠣᠨ᠎ᠤ ᠵᠢᠭᠤᠯᠴᠢᠯᠠᠯ᠎ᠤᠨ ᠣᠨᠴᠠᠯᠢᠭ᠍ᠲᠤ ᠲᠣᠰᠭᠣᠨ ᠪᠠ ᠵᠢᠭᠤᠯᠴᠢᠯᠠᠯ᠎ᠤᠨ ᠲᠥᠷᠥᠯ ᠵᠦᠶ᠋ᠯ᠎ᠢ ᠭᠤᠤᠯᠳᠠᠯᠭ᠎ᠠ᠎ᠲᠠᠶ ᠴᠣᠭ᠍ᠴᠠᠯᠠᠵᠤ᠂ ᠰᠣᠶᠣᠯ ᠵᠢᠭᠤᠯᠴᠢᠯᠠᠯ ᠤᠶᠠᠯᠳᠤᠨ ᠠᠭᠤᠰᠤᠯᠴᠠᠬᠰᠠᠨ᠂  ᠤᠨᠴᠠᠯᠢᠬ᠍ᠵᠢᠭ᠍ᠰᠠᠨ᠂ ᠣᠯᠠᠨ ᠡᠱᠢᠵᠢᠭ᠌ᠰᠡᠨ᠂ ᠵᠦᠷᠢᠶᠡᠴᠢᠯᠡᠭ᠌ᠰᠡᠨ ᠬᠥᠳᠡᠭᠡ ᠲᠣᠰᠭᠣᠨ᠎ᠤ ᠵᠢᠭᠤᠯᠴᠢᠯᠠᠯ᠎ᠤᠨ ᠦᠶ᠋ᠯᠡᠳᠬᠦᠨ ᠪᠠ ᠲᠥᠷᠥᠯ ᠲᠡᠮᠳᠡᠭ᠌᠎ᠵᠢᠡᠷ ᠳᠠᠮᠵᠢᠭᠤᠯᠤᠨ᠂ ᠬᠥᠳᠡᠭᠡ ᠲᠣᠰᠭᠣᠨ᠎ᠤ ᠵᠢᠭᠤᠯᠴᠢᠯᠠᠯ᠎ᠤᠨ ᠬᠡᠷᠡᠭ᠌ᠯᠡᠭᠡ᠎ᠶ᠋ᠢᠨ ᠲᠠᠰ ᠳᠡᠪᠱᠢᠬᠦ᠌᠎ᠶ᠋ᠢ ᠠᠬᠢᠭᠤᠯᠪᠠ᠃

ᠡᠭᠦᠨ᠎ᠡᠴᠡ ᠭᠠᠳᠠᠨ᠎ᠠ᠂ ᠪᠤᠭᠤᠲᠤ ᠬᠣᠲᠠ ᠰᠦᠯᠵᠢᠶᠡᠨ ᠳᠡᠭᠡᠷ᠎ᠡ ᠲᠠᠨᠢᠯᠴᠠᠭᠤᠯᠵᠤ ᠱᠢᠭᠤᠳ ᠨᠡᠪᠲᠡᠷᠡᠭᠦᠯᠬᠦ᠌ ᠵᠡᠷᠭᠡ ᠡᠯ᠎ᠡ ᠲᠥᠷᠥᠯ᠎ᠦᠨ ᠠᠵᠢᠯᠯᠠᠭ᠎ᠠ ᠵᠢ ᠡᠷᠭᠢᠯᠡᠬᠦ᠌᠎ᠪᠡᠷ ᠳᠠᠮᠵᠢᠭᠤᠯᠤᠨ᠂ ᠪᠤᠭᠤᠲᠤ᠎ᠶ᠋ᠢᠨ ᠰᠣᠶᠣᠯ ᠵᠢᠭᠤᠯᠴᠢᠯᠠᠯ᠎ᠤᠨ ᠨᠥᠯᠥᠭᠡᠯᠡᠬᠦ᠌ ᠬᠦᠴᠦᠨ ᠪᠠ ᠨᠡᠷ᠎ᠡ ᠠᠯᠳᠠᠷᠱᠢᠯ᠎ᠢ ᠨᠡᠮᠡᠭᠳᠡᠭᠦᠯᠪᠡ᠃《ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠢ ᠪᠠᠶᠠᠷᠯᠠᠨ ᠤᠭ᠍ᠲᠤᠶ᠎ᠠ》ᠭᠡᠬᠦ ᠭᠤᠤᠯ ᠰᠡᠳᠦᠪᠲᠦ ᠬᠣᠶᠠᠳᠤᠭᠠᠷ ᠬᠤᠭᠤᠴᠠᠭᠠᠨ᠎ᠤ ᠰᠣᠶᠣᠯ ᠵᠢᠭᠤᠯᠴᠢᠯᠠᠯ᠎ᠤᠨ ᠮᠥᠰᠥ᠍ ᠴᠠᠰᠤᠨ᠎ᠤ ᠤᠯᠠᠷᠢᠯ᠎ᠤᠨ ᠠᠵᠢᠯᠯᠠᠭ᠎ᠠ ᠵᠡᠷᠭᠡ ᠲᠣᠮᠣ ᠬᠡᠯᠪᠡᠷᠢ᠎ᠶ᠋ᠢᠨ ᠰᠣᠶᠣᠯ ᠵᠢᠭᠤᠯᠴᠢᠯᠠᠯ᠎ᠤᠨ ᠤᠬᠠᠭᠤᠯᠭ᠎ᠠ᠎ᠶ᠋ᠢᠨ ᠠᠵᠢᠯᠯᠠᠭ᠎ᠠ᠎ᠪᠠᠷ ᠳᠠᠮᠵᠢᠭᠤᠯᠤᠨ ᠰᠣᠶᠣᠯ ᠵᠢᠭᠤᠯᠴᠢᠯᠠᠯ᠎ᠤᠨ ᠭᠦᠨᠵᠡᠭᠡᠶ ᠠᠭᠤᠰᠤᠯᠴᠠᠯ᠎ᠢ ᠠᠬᠢᠭᠤᠯᠪᠠ᠃ ᠡᠨᠡ ᠵᠢᠯ᠎ᠦᠨ ᠳᠡᠭᠡᠷ᠎ᠡ ᠬᠠᠭᠠᠰ ᠵᠢᠯ᠎ᠳᠦ᠂ ᠪᠤᠭᠤᠲᠤ ᠬᠣᠲᠠ ᠤᠯᠤᠰ᠎ᠤᠨ ᠳᠣᠲᠣᠭᠠᠳᠤ᠎ᠶ᠋ᠢᠨ ᠵᠢᠭᠤᠯᠴᠢᠯᠠᠭ᠍ᠰᠠᠳ᠎ᠢ 453.37 ᠲᠦᠮᠡᠨ ᠬᠥᠮᠦᠨ ᠤᠳᠠᠭ᠎ᠠ ᠭᠥᠯᠢᠶᠡᠨ ᠠᠪᠴᠤ᠌᠂ ᠤᠯᠤᠰ᠎ᠤᠨ ᠳᠣᠲᠣᠭᠠᠳᠤ᠎ᠶ᠋ᠢᠨ ᠵᠢᠭᠤᠯᠴᠢᠯᠠᠯ᠎ᠤᠨ ᠣᠷᠣᠯᠭ᠎ᠠ 44.77 ᠳ᠋ᠦᠩᠱᠢᠭᠤᠷ ᠲᠥᠭᠥᠷᠢᠭ᠎ᠲᠦ ᠬᠦᠷᠴᠡᠶ᠃

ᠣᠷᠳᠣᠰ ᠬᠣᠲᠠ

ᠵᠣᠨ᠎ᠤ ᠤᠯᠠᠷᠢᠯ᠎ᠤᠨ ᠵᠢᠭᠤᠯᠴᠢᠯᠠᠯ᠎ᠤᠨ ᠬᠥᠭ᠌ᠵᠢᠶᠡᠨᠲᠦ ᠤᠯᠠᠷᠢᠯ ᠬᠦᠷᠴᠦ᠍ ᠢᠷᠡᠬᠦ᠌᠎ᠶ᠋ᠢ ᠳᠠᠭᠠᠯᠳᠤᠨ᠂ ᠣᠷᠳᠣᠰ ᠬᠣᠲᠠ᠎ᠶ᠋ᠢᠨ ᠳᠣᠯᠣᠳᠤᠭᠠᠷ ᠬᠤᠭᠤᠴᠠᠭᠠᠨ᠎ᠤ ᠬᠥᠳᠡᠭᠡ ᠲᠣᠰᠭᠣᠨ᠎ᠤ ᠰᠣᠶᠣᠯ ᠵᠢᠭᠤᠯᠴᠢᠯᠠᠯ᠎ᠤᠨ ᠨᠠᠢᠷ᠂ ᠬᠢᠶ᠎ᠠ ᠪᠠᠭ᠍ᠰᠢ ᠲᠣᠭᠣᠷᠢᠭ᠎ᠤᠨ ᠳᠠᠭᠤᠤ ᠬᠥᠭ᠌ᠵᠢᠮᠲᠤ ᠬᠤᠸᠠᠷ ᠫᠤᠤᠵᠢᠩ᠎ᠤᠨ ᠦᠳᠡᠱᠢᠯᠡᠭᠡ ᠵᠡᠷᠭᠡ ᠡᠯ᠎ᠡ ᠲᠥᠷᠥᠯ᠎ᠦᠨ ᠣᠨᠴᠠᠯᠢᠭ᠍ᠲᠤ ᠰᠣᠶᠣᠯ ᠵᠢᠭᠤᠯᠴᠢᠯᠠᠯ᠎ᠤᠨ ᠠᠵᠢᠯᠯᠠᠭ᠎ᠠ᠎ᠨᠢ ᠣᠷᠣᠨ᠎ᠤ ᠳᠣᠲᠣᠨ᠎ᠠ ᠭᠠᠳᠠᠨᠠᠬᠢ  ᠣᠯᠠᠨ ᠠᠷᠪᠢᠨ ᠵᠢᠭᠤᠯᠴᠢᠯᠠᠭ᠍ᠰᠠᠳ ᠪᠠ ᠬᠣᠲᠠ᠎ᠶ᠋ᠢᠨ ᠠᠷᠠᠳ᠎ᠤᠨ ᠠᠩᠬᠠᠷᠤᠯ᠎ᠢ ᠲᠠᠲᠠᠪᠠ᠃ ᠣᠷᠳᠣᠰ ᠬᠣᠲᠠ᠎ᠶ᠋ᠢᠨ ᠰᠣᠶᠣᠯ ᠵᠢᠭᠤᠯᠴᠢᠯᠠᠯ᠎ᠤᠨ ᠪᠦᠲᠦᠭᠡᠭ᠌ᠳᠡᠬᠦᠨ᠎ᠦ ᠬᠠᠩᠭᠠᠯᠭ᠎ᠠ ᠲᠠᠰᠤᠷᠠᠯᠲᠠ ᠥᠬᠡᠶ ᠪᠠᠶᠠᠯᠢᠭ᠍ᠵᠢᠬᠤ᠎ᠶ᠋ᠢ ᠳᠠᠭᠠᠯᠳᠤᠨ᠂ ᠵᠢᠭᠤᠯᠴᠢᠯᠠᠯ᠎ᠤᠨ ᠬᠡᠷᠡᠭ᠌ᠯᠡᠭᠡᠨ᠎ᠦ ᠵᠠᠬ᠎ᠠ ᠳᠡᠯᠭᠡᠭᠦᠷ ᠦᠳᠳᠡᠷ ᠲᠦᠷᠭᠡᠨ ᠰᠡᠷᠭᠦᠵᠦ᠍᠂ ᠬᠡᠷᠡᠭ᠌ᠯᠡᠭᠡ᠎ᠶ᠋ᠢᠨ ᠳᠠᠢᠴᠢᠯᠠᠬᠤ ᠦᠢᠯᠡᠳᠦᠯ ᠡᠳᠦᠷ ᠢᠷᠡᠬᠦᠶ᠎ᠡ ᠲᠣᠪᠣᠢᠮ᠎ᠠ ᠪᠣᠯᠪᠠ᠃

ᠵᠢᠭᠤᠯᠴᠢᠯᠠᠯ᠎ᠤᠨ ᠦᠶ᠋ᠯᠡᠰ᠎ᠦᠨ ᠰᠡᠷᠭᠦᠨ ᠬᠥᠭ᠌ᠵᠢᠬᠦ᠌᠎ᠶ᠋ᠢ ᠠᠬᠢᠭᠤᠯᠬᠤ᠎ᠶ᠋ᠢᠨ ᠲᠥᠯᠥᠭᠡ᠂ ᠲᠣᠰ ᠬᠣᠲᠠ 4 ᠲᠠᠯ᠎ᠠ᠎ᠶ᠋ᠢᠨ 15 ᠵᠦᠶ᠋ᠯ᠎ᠦᠨ ᠠᠷᠭ᠎ᠠ ᠬᠡᠮᠵᠢᠶ᠎ᠡ᠎ᠶ᠋ᠢ ᠪᠠᠭ᠍ᠲᠠᠭᠠᠬᠰᠠᠨ《ᠣᠷᠳᠣᠰ ᠬᠣᠲᠠ᠎ᠶ᠋ᠢᠨ ᠬᠢᠵᠢᠭ᠎ᠦᠨ ᠪᠠᠢᠳᠠᠯ᠎ᠢ ᠤᠨᠢᠨ ᠳᠡᠭᠡᠷ᠎ᠡ ᠨᠢ ᠰᠡᠷᠭᠡᠢᠯᠡᠨ ᠡᠵᠡᠮᠳᠡᠵᠦ᠍ ᠵᠢᠭᠤᠯᠴᠢᠯᠠᠯ᠎ᠤᠨ ᠦᠶ᠋ᠯᠡᠰ᠎ᠦᠨ ᠰᠡᠷᠭᠦᠨ ᠬᠥᠭ᠌ᠵᠢᠬᠦ᠌᠎ᠶ᠋ᠢ ᠲᠦᠷᠭᠡᠳᠭᠡᠬᠦ᠌ ᠲᠤᠬᠠᠶ ᠲᠥᠷᠥ᠎ᠶ᠋ᠢᠨ ᠪᠣᠳᠣᠯᠭ᠎ᠠ ᠠᠷᠭ᠎ᠠ ᠬᠡᠮᠵᠢᠶ᠎ᠡ᠎ᠨᠦᠭᠦᠳ》 ᠢ᠋ ᠨᠡᠢᠲᠡᠯᠡᠪᠠ᠂ ᠪᠠᠰᠠ《ᠣᠷᠳᠣᠰ ᠬᠣᠲᠠ᠎ᠶ᠋ᠢᠨ ᠰᠣᠶᠣᠯ ᠪᠠ ᠵᠢᠭᠤᠯᠴᠢᠯᠠᠯ᠎ᠤᠨ ᠬᠡᠷᠡᠭ᠌ᠯᠡᠭᠡ᠎ᠶ᠋ᠢ ᠠᠬᠢᠭᠤᠯᠬᠤ ᠠᠷᠭ᠎ᠠ ᠬᠡᠮᠵᠢᠶ᠎ᠡ᠎ᠨᠦᠭᠦᠳ》 ᠎ᠢ᠋ ᠰᠠᠢᠲᠤᠷ ᠨᠠᠢᠳᠠᠪᠤᠷᠢᠵᠢᠭᠤᠯᠤᠭ᠍ᠰᠠᠨ ᠰᠠᠭᠤᠷᠢᠨ ᠳᠡᠭᠡᠷ᠎ᠡ᠂ ᠳᠠᠬᠢᠨ 3500 ᠲᠦᠮᠡᠨ ᠲᠥᠭᠥᠷᠢᠭ᠎ᠦᠨ ᠪᠠᠯᠠ ᠮᠥᠩᠭᠥ᠌ ᠲᠣᠬᠢᠷᠠᠭᠤᠯᠵᠤ᠂ ᠪᠥᠬᠥ᠌ ᠬᠣᠲᠠ᠎ᠶ᠋ᠢᠨ ᠦᠵᠡᠮᠵᠢ᠎ᠶ᠋ᠢᠨ ᠣᠷᠣᠨ᠎ᠤ ᠡᠭᠦᠳᠡᠨ ᠪᠢᠯᠧᠲ᠎ᠦᠨ ᠪᠣᠷᠣᠯᠠᠭᠤᠯᠭ᠎ᠠ᠎ᠶ᠋ᠢ ᠠᠬᠢᠭᠤᠯᠬᠤ᠎ᠳᠤ ᠬᠡᠷᠡᠭ᠌ᠯᠡᠪᠡ᠃ 7 ᠰᠠᠷ᠎ᠠ᠎ᠶ᠋ᠢᠨ 6 ᠎ᠤ᠋ ᠡᠳᠦᠷ᠎ᠡᠴᠡ 24 ᠤ᠋ ᠡᠳᠦᠷ ᠪᠣᠯᠲᠠᠯ᠎ᠠ᠂ ᠠᠵᠢᠯᠯᠠᠭ᠎ᠠ᠎ᠳᠤ ᠣᠷᠣᠯᠴᠠᠭ᠍ᠰᠠᠨ 20 ᠦᠵᠡᠮᠵᠢ᠎ᠶ᠋ᠢᠨ ᠣᠷᠣᠨ ᠨᠡᠢᠲᠡ 45.5 ᠲᠦᠮᠡᠨ ᠬᠥᠮᠦᠨ ᠤᠳᠠᠭ᠎ᠠ᠎ᠶ᠋ᠢᠨ ᠵᠢᠭᠤᠯᠴᠢᠯᠠᠭ᠍ᠰᠠᠳ᠎ᠢ ᠭᠥᠯᠢᠶᠡᠨ ᠠᠪᠴᠤ᠌᠂ ᠳᠡᠭᠡᠷ᠎ᠡ ᠰᠠᠷ᠎ᠠ᠎ᠶ᠋ᠢᠨ ᠬᠢ᠎ᠡᠴᠡ 152.18% ᠪᠡᠷ ᠨᠡᠮᠡᠭ᠌ᠳᠡᠪᠡ᠂ ᠡᠭᠦᠨ᠎ᠳᠦ ᠺᠠᠷᠲ᠎ᠲᠠᠶ ᠵᠢᠭᠤᠯᠴᠢᠯᠠᠭ᠍ᠰᠠᠳ 23.66 ᠲᠦᠮᠡᠨ ᠬᠥᠮᠦᠨ ᠤᠳᠠᠭ᠎ᠠ᠎ᠳᠤ ᠬᠦᠷᠴᠦ᠍᠂ 52%᠎ᠢ᠋ ᠡᠵᠡᠯᠡᠵᠦ᠍᠂ 1502.23 ᠲᠦᠮᠡᠨ ᠲᠥᠭᠥᠷᠢᠭ᠎ᠤᠨ ᠵᠢᠭᠤᠯᠴᠢᠯᠠᠯ᠎ᠤᠨ ᠣᠷᠣᠯᠭ᠎ᠠ᠎ᠡᠬᠦᠳᠪᠡ᠃

ᠪᠠᠶᠠᠨᠨᠠᠭᠤᠷ ᠬᠣᠲᠠ

7 ᠰᠠᠷ᠎ᠠ᠎ᠶ᠋ᠢᠨ 23 ᠎ᠤ᠋ ᠡᠳᠦᠷ᠂ ᠪᠠᠶᠠᠨᠨᠠᠭᠤᠷ ᠬᠣᠲᠠ᠎ᠶ᠋ᠢᠨ ᠯᠢᠨ ᠾᠧ ᠲᠣᠭᠣᠷᠢᠭ᠎ᠤᠨ ᠪᠠ ᠢ ᠱᠢᠶᠠᠩ᠎ᠤᠨ《ᠡᠷᠳᠡᠨᠢ ᠱᠢᠰᠢ᠎ᠶ᠋ᠢᠨ ᠲᠥᠭᠡᠷᠢᠯ ᠣᠷᠳᠣᠨ》᠎ᠤ᠋ ᠰᠡᠯᠡᠭᠦᠴᠡᠯ ᠵᠢᠭᠤᠯᠴᠢᠯᠠᠯ᠎ᠤᠨ ᠵᠢᠵᠢᠭ ᠦᠵᠡᠮᠵᠢ᠎ᠶ᠋ᠢᠨ ᠭᠠᠵᠠᠷ ᠡᠭᠦᠳᠡ᠎ᠪᠡᠨ ᠨᠡᠭᠡᠭᠡᠵᠦ᠍ ᠡᠷᠦᠬᠡ ᠰᠡᠬᠦᠪᠡ᠃ ᠡᠷᠳᠡᠨᠢ ᠱᠢᠰᠢ᠎ᠶ᠋ᠢᠨ ᠲᠥᠭᠡᠷᠢᠯ ᠣᠷᠳᠣᠨ᠎ᠡᠴᠡ ᠭᠠᠳᠠᠨ᠎ᠠ᠂ ᠡᠨᠳᠡ ᠪᠠᠰᠠ ᠤᠰᠤᠨ ᠳᠡᠭᠡᠷᠡᠬᠢ ᠲᠠᠩᠺ᠂ ᠤᠰᠤᠨ ᠫᠤᠤ᠂ ᠱᠢᠳᠢᠲᠦ ᠳᠥᠷᠪᠡᠯᠵᠢ᠎ᠵᠢᠨ ᠤᠷᠤᠯᠳᠤᠭᠠᠨ᠂ ᠣᠯᠠᠨ ᠴᠢᠭ᠌ᠯᠡᠯ᠎ᠢᠶᠡᠷ ᠳᠡᠭᠡᠰᠦ ᠲᠠᠲᠠᠬᠤ᠂ ᠰᠠᠪᠬ᠎ᠠ ᠪᠡᠷ ᠪᠥᠮᠪᠥᠭᠡ ᠬᠠᠪᠴᠢᠬᠤ᠂ ᠴᠢᠯᠠᠭᠤ ᠲᠡᠮᠲᠡᠷᠢᠨ ᠭᠤᠤᠯ ᠭᠠᠲᠤᠯᠬᠤ ᠵᠡᠷᠭᠡ ᠠᠯᠢ ᠣᠯᠠᠨ ᠱᠢᠨ᠎ᠡ ᠰᠡᠪᠡᠭᠦᠨ ᠪᠦᠬᠡᠳ ᠰᠣᠨᠢᠷᠬᠠᠯᠲᠠᠶ ᠳᠤᠬᠯᠠᠭᠠᠮ ᠎ᠤᠨ ᠲᠥᠷᠥᠯ ᠵᠦᠶ᠋ᠯ᠎ᠢ ᠲᠤᠬᠢᠷᠠᠭᠤᠯᠪᠠ᠃

7 ᠰᠠᠷ᠎ᠠ᠎ᠶ᠋ᠢᠨ 22 ᠎ᠡᠴᠡ 24 ᠎ᠤ᠋ ᠡᠳᠦᠷ ᠪᠣᠯᠲᠠᠯ᠎ᠠ᠂ ᠪᠠᠶᠠᠨᠨᠠᠭᠤᠷ ᠬᠣᠲᠠ ᠰᠣᠶᠣᠯ ᠵᠢᠭᠤᠯᠴᠢᠯᠠᠯ᠎ᠤᠨ ᠲᠠᠸᠠᠷ᠎ᠤᠨ 3 ᠠᠵᠤ ᠠᠬᠤᠢᠯᠠᠯ᠎ᠢ ᠵᠣᠬᠢᠶᠠᠨ ᠪᠠᠢᠭᠤᠯᠵᠤ᠂ ᠭᠠᠵᠠᠷ ᠣᠷᠣᠨ᠎ᠤ ᠣᠨᠴᠠᠯᠢᠭ ᠪᠥᠬᠥᠶ ᠰᠣᠶᠣᠯ ᠵᠢᠭᠤᠯᠴᠢᠯᠠᠯ᠎ᠤᠨ ᠲᠠᠸᠠᠷ᠎ᠢ ᠳᠡᠯᠭᠡᠨ ᠦᠵᠡᠭᠦᠯᠵᠦ᠍᠂ 2022 ᠣᠨ᠎ᠤ ᠳᠤᠮᠳᠠᠳᠤ ᠤᠯᠤᠰ᠎ᠤᠨ ᠣᠯᠠᠨ ᠤᠯᠤᠰ᠎ᠤᠨ ᠵᠢᠭᠤᠯᠴᠢᠯᠠᠯ᠎ᠤᠨ ᠠᠷᠠᠯᠵᠢᠶᠠᠨ᠎ᠤ ᠴᠤᠭ᠍ᠯᠠᠭᠠᠨ᠎ᠳᠤ ᠤᠷᠤᠯᠴᠠᠪᠠ᠃ ᠲᠤᠰ ᠬᠤᠳᠠ᠎ᠶ᠋ᠢᠨ ᠦᠵᠡᠭᠦᠯᠭᠡ᠎ᠳᠦ ᠣᠷᠣᠯᠴᠠᠭ᠍ᠰᠠᠨ ᠠᠵᠤ ᠠᠬᠤᠢᠯᠠᠯ ᠨᠢ ᠪᠠᠰᠠ ᠶᠦᠨᠨᠠᠨ᠂ ᠬᠥᠬᠡᠬᠣᠲᠠ ᠵᠡᠷᠭᠡ ᠣᠷᠣᠨ᠎ᠤ ᠳᠣᠲᠣᠨ᠎ᠠ ᠭᠠᠳᠠᠨᠠᠬᠢ ᠬᠡᠰᠡᠭ ᠦᠵᠡᠭᠦᠯᠭᠡ᠎ᠳᠦ ᠣᠷᠣᠯᠴᠠᠭ᠍ᠰᠠᠨ ᠠᠵᠤ ᠠᠬᠤᠢᠯᠠᠯ᠎ᠲᠠᠶ ᠬᠠᠮᠲᠤᠷᠠᠯᠴᠠᠭᠠᠨ᠎ᠤ ᠰᠠᠨᠠᠮᠵᠢ ᠵᠢᠨ ᠬᠡᠷ᠎ᠡ ᠲᠣᠭ᠍ᠲᠠᠪᠠ᠃

ᠡᠨᠡ ᠵᠢᠯ᠎ᠡᠴᠡ ᠨᠠᠭᠠᠰᠢ᠂ ᠪᠠᠶᠠᠨᠨᠠᠭᠤᠷ ᠬᠣᠲᠠ ᠣᠯᠠᠨ ᠵᠦᠶ᠋ᠯ᠎ᠦᠨ ᠠᠷᠭ᠎ᠠ ᠬᠡᠮᠵᠢᠶ᠎ᠡ ᠠᠪᠴᠤ᠌ ᠵᠢᠭᠤᠯᠴᠢᠯᠠᠯ᠎ᠤᠨ ᠠᠵᠤ ᠦᠶ᠋ᠯᠡᠰ᠎ᠦᠨ ᠰᠡᠷᠭᠦᠯᠲᠡ᠎ᠶ᠋ᠢ ᠠᠬᠢᠭᠤᠯᠵᠤ᠂ 5 ᠰᠠᠷ᠎ᠠ᠎ᠳᠤ᠂ 《ᠳᠤᠮᠳᠠᠳᠤ ᠤᠯᠤᠰ᠎ᠤᠨ ᠵᠢᠭᠤᠯᠴᠢᠯᠠᠯ᠎ᠤᠨ ᠡᠳᠦᠷ》 ᠬᠦᠷᠴᠦ᠍ ᠢᠷᠡᠬᠦ᠌ ᠲᠠᠱᠢᠷᠠᠮ᠎ᠢᠶᠡᠷ᠂ ᠲᠣᠰ ᠬᠣᠲᠠ《ᠪᠠᠶᠠᠨᠨᠠᠭᠤᠷᠴᠤᠳ ᠪᠠᠶᠠᠨᠨᠠᠭᠤᠷ᠎ᠢᠶᠠᠷ ᠵᠢᠭᠤᠯᠴᠢᠯᠠᠬᠤ》 ᠱᠢᠷᠢᠰ ᠠᠵᠢᠯᠯᠠᠭ᠎ᠠ᠎ᠶ᠋ᠢ ᠡᠬᠢᠯᠡᠭᠦᠯᠪᠡ᠂ ᠬᠣᠲᠠ᠎ᠶ᠋ᠢᠨ ᠠᠷᠠᠳ᠎ᠲᠤ 30 ᠲᠦᠮᠡᠨ ᠬᠠᠭᠤᠳᠠᠰᠤ 600 ᠲᠦᠮᠡᠨ ᠲᠥᠭᠥᠷᠢᠭ᠎ᠦᠨ ᠦᠨ᠎ᠡ ᠥᠷᠲᠡᠭ᠎ᠲᠡᠶ ᠵᠢᠭᠤᠯᠴᠢᠯᠠᠯ᠎ᠤᠨ ᠬᠡᠷᠡᠭ᠌ᠯᠡᠭᠡᠨ᠎ᠦ ᠵᠤᠭᠤᠰ᠎ᠢ ᠤᠷᠤᠯᠠᠭᠤᠯᠤᠭᠴᠢ ᠪᠠ 1 ᠲᠦᠮᠡᠨ ᠬᠠᠭᠤᠳᠠᠰᠤ ᠵᠢᠭᠤᠯᠴᠢᠯᠠᠯ᠎ᠤᠨ ᠦᠵᠡᠮᠵᠢ᠎ᠶ᠋ᠢᠨ ᠣᠷᠣᠨ᠎ᠤ ᠡᠭᠦᠳᠡᠨ ᠪᠢᠯᠧᠲ ᠎ᠢ ᠦᠨ᠎ᠡ ᠲᠦᠯᠦᠪᠦᠷᠢ ᠦᠬᠡᠢ ᠪᠡᠷ ᠬᠦᠷᠭᠡᠪᠡ᠂ ᠪᠣᠷᠣᠲᠣᠬᠣᠢ᠎ᠶ᠋ᠢᠨ ᠲᠠᠷᠢᠶᠠᠯᠠᠬᠤ ᠰᠣᠶᠣᠯ᠎ᠢ ᠪᠡᠶᠡᠳᠡᠨ ᠣᠢᠯᠠᠭᠠᠬᠤ ᠵᠢᠭᠤᠯᠴᠢᠯᠠᠯ᠂ ᠲᠠᠯ᠎ᠠ ᠨᠤᠲᠤᠭ᠎ᠤᠨ ᠵᠠᠩ ᠦᠢᠯᠡ᠎ᠶ᠋ᠢᠨ ᠵᠢᠭᠤᠯᠴᠢᠯᠠᠯ᠂ ᠪᠣᠳᠠᠰ᠎ᠤᠨ ᠪᠤᠰᠤ ᠰᠣᠶᠣᠯ᠎ᠤᠨ ᠥᠪ᠎ᠢ ᠪᠡᠶᠡᠳᠡᠨ ᠣᠢᠯᠠᠭᠠᠬᠤ ᠵᠢᠭᠤᠯᠴᠢᠯᠠᠯ ᠵᠡᠷᠭᠡ ᠲᠤᠰ ᠲᠤᠰ᠎ᠤᠨ ᠣᠨᠴᠠᠯᠢᠭ᠎ᠲᠠᠶ 10 ᠵᠤᠷᠪᠤᠰ ᠵᠢᠭᠤᠯᠴᠢᠯᠠᠯ᠎ᠤᠨ ᠵᠠᠮ ᠱᠤᠭᠤᠮ ᠢ᠋ ᠲᠤᠭᠳᠠᠭᠠᠵᠤ᠂ ᠪᠠᠰᠠ 20 ᠭᠠᠷᠤᠶ ᠵᠦᠢᠯ᠎ᠤᠨ ᠰᠣᠶᠣᠯ ᠵᠢᠭᠤᠯᠴᠢᠯᠠᠯ᠎ᠤᠨ ᠠᠵᠢᠯᠯᠠᠭ᠎ᠠ᠎ᠵᠢ ᠥᠷᠨᠢᠭᠦᠯᠦᠨ᠂ ᠬᠢᠵᠢᠭ᠎ᠲᠡᠶ ᠲᠡᠮᠡᠴᠡᠭᠰᠡᠨ ᠠᠵᠢᠯᠲᠠᠨ᠂ ᠬᠥᠳᠡᠯᠮᠦᠷᠢ᠎ᠶ᠋ᠢᠨ ᠵᠢᠱ᠌ᠢᠶᠡᠴᠢ᠂ ᠱᠢᠯᠢᠳᠡᠭ ᠪᠠᠭ᠍ᠰᠢ᠂ ᠴᠡᠷᠢᠭ᠎ᠡᠴᠡ ᠬᠠᠯᠠᠭ᠍ᠳᠠᠭ᠍ᠰᠠᠳ ᠵᠡᠷᠭᠡ ᠬᠦᠮᠦᠰ ᠲᠤ᠌ ᠴᠢᠭ᠌ᠯᠡᠭᠦᠯᠦᠨ ᠣᠯᠠᠨ ᠵᠦᠶ᠋ᠯ᠎ᠦᠨ ᠬᠠᠷᠠᠭᠠᠯᠵᠠᠯ᠎ᠤᠨ ᠲᠥᠷᠥ᠎ᠶ᠋ᠢᠨ ᠪᠣᠳᠣᠯᠭ᠎ᠠ ᠵᠢ ᠨᠡᠢᠳᠡᠯᠡᠨ ᠬᠡᠷᠡᠭᠵᠢᠬᠦᠯᠵᠡᠢ᠃

ᠡᠨᠡ ᠵᠢᠯ᠂ ᠲᠣᠰ ᠬᠣᠲᠠ ᠪᠠᠰᠠ ᠨᠢᠭᠡ ᠪᠦᠯᠦᠭ ᠵᠢᠭᠤᠯᠴᠢᠯᠠᠯ᠎ᠤᠨ ᠰᠤᠳᠤᠨ ᠦᠶ᠋ᠯᠡᠳᠬᠦᠨ᠎ᠢ  ᠨᠡᠢᠳᠬᠡᠭᠰᠡᠨ ᠪᠦᠬᠡᠳ ᠨᠢᠭᠡ ᠪᠦᠯᠦᠭ ᠱᠢᠨ᠎ᠡ ᠲᠥᠷᠥ᠎ᠶ᠋ᠢᠨ ᠪᠣᠳᠣᠯᠭ᠎ᠠ᠎ᠶ᠋ᠢ ᠨᠡᠢᠲᠡᠯᠡᠵᠤ᠂ ᠨᠢᠭᠡ ᠪᠦᠯᠦᠭ ᠣᠨᠴᠠᠯᠢᠭ᠍ᠲᠤ ᠠᠵᠢᠯᠯᠠᠭ᠎ᠠ ᠵᠢ ᠵᠤᠬᠢᠶᠠᠨ ᠪᠠᠢᠭᠤᠯᠤᠨ ᠡᠷᠭᠢᠯᠡᠵᠦ᠍᠂ ᠬᠡᠷᠡᠭ᠌ᠯᠡᠭᠡ᠎ᠶ᠋ᠢ ᠠᠬᠢᠭᠤᠯᠬᠤ ᠲᠠᠯ᠎ᠠ᠎ᠪᠠᠷ ᠬᠢ ᠵᠢᠭᠤᠯᠴᠢᠯᠠᠯ᠎ᠤᠨ ᠳᠠᠢᠴᠢᠯᠠᠬᠤ ᠦᠢᠯᠡᠳᠦᠯ᠂ ᠨᠥᠯᠥᠭᠡᠯᠡᠬᠦ᠌ ᠦᠶ᠋ᠯᠡᠳᠦᠯ᠎ᠢ ᠭᠦᠶ᠋ᠴᠡᠳ ᠪᠠᠳᠠᠷᠠᠭᠤᠯᠵᠤ᠂ ᠠᠵᠢᠯ ᠲᠥᠷᠥᠯ᠎ᠦᠨ ᠢᠲᠡᠭᠡᠯ ᠵᠣᠷᠢᠭ᠎ᠢ ᠬᠥᠪᠴᠢᠯᠡᠵᠦ᠍᠂ ᠵᠠᠬ᠎ᠠ ᠳᠡᠯᠭᠡᠭᠦᠷ᠎ᠦᠨ ᠬᠡᠷᠡᠭ᠌ᠯᠡᠭᠡ᠎ᠶ᠋ᠢ ᠬᠥᠭ᠌ᠵᠢᠭᠡᠭᠰᠡᠨ ᠪᠠᠢᠨ᠎ᠠ᠃

ᠦᠬᠠᠶ ᠬᠣᠲᠠ

ᠡᠨᠡ ᠬᠡᠳᠦᠨ ᠡᠳᠦᠷ᠂ ᠦᠬᠠᠶ ᠬᠣᠲᠠ᠎ᠶ᠋ᠢᠨ ᠤᠳᠠ᠎ᠶᠢᠨ ᠲᠤᠬᠤᠢ ᠲᠣᠭᠣᠷᠢᠭ᠎ᠤᠨ ᠤᠯᠠᠭᠠᠨᠨᠠᠭᠤᠷ ᠪᠠᠯᠭᠠᠰᠤᠨ᠎ᠤ ᠭᠤᠸᠠ ᠵᠢᠮᠢᠰ ᠢᠳᠡᠱᠢᠨ ᠨᠣᠭᠣᠭ᠎ᠠ ᠪᠤᠯᠪᠠᠰᠤᠷᠠᠨ ᠵᠠᠬ᠎ᠠ ᠳᠡᠯᠭᠡᠭᠦᠷ᠎ᠲᠦ ᠭᠠᠷᠬᠤ᠎ᠶ᠋ᠢ ᠳᠠᠭᠠᠯᠳᠤᠨ᠂ ᠡᠳᠦᠷ ᠪᠦᠷᠢ ᠡᠨᠳᠡ ᠢᠷᠡᠵᠦ᠍ ᠭᠤᠸᠠ ᠨᠤᠭᠤᠭ᠎ᠠ ᠲᠡᠭᠦᠵᠦ᠂ ᠬᠥᠳᠡᠭᠡ ᠠᠢᠯ᠎ᠤᠨ ᠬᠤᠭᠤᠯᠠ᠎ᠶ᠋ᠢ ᠠᠮᠲᠠᠯᠠᠵᠤ ᠪᠠᠢᠭ᠎ᠠ ᠬᠣᠲᠠ᠎ᠶ᠋ᠢᠨ ᠠᠷᠠᠳ ᠪᠣᠯᠤᠨ ᠵᠢᠭᠤᠯᠴᠢᠯᠠᠭᠰᠠᠳ ᠬᠣᠢᠨ᠎ᠠ ᠬᠣᠢᠨ᠎ᠠ᠎ᠡᠴᠡ᠎ᠪᠠᠨ ᠴᠤᠪᠤᠷᠠᠨ᠎ᠠ᠃

7 ᠰᠠᠷ᠎ᠠ ᠤᠷᠤᠬ᠍ᠰᠠᠨ᠎ᠡᠴᠡ ᠨᠠᠭᠠᠰᠢ᠂ ᠣᠩᠭᠣᠴᠠᠨ᠎ᠳᠤ ᠰᠠᠭᠤᠵᠤ ᠨᠠᠭᠤᠷ᠎ᠢᠶᠠᠷ ᠵᠢᠭᠤᠯᠴᠢᠯᠠᠬᠤ᠂ ᠡᠯᠡᠰᠦᠨ ᠴᠦᠯ᠎ᠢᠶᠡᠷ ᠬᠡᠭᠡᠷᠡᠯᠡᠬᠦ᠌᠂ ᠬᠥᠳᠡᠭᠡ ᠠᠢᠯ᠎ᠤᠨ ᠱᠤᠷᠯᠤᠭ᠂ ᠲᠠᠷᠢᠶᠠᠨ ᠭᠠᠵᠠᠷ ᠲᠤ᠌ ᠵᠢᠮᠢᠰ ᠲᠡᠭᠦᠬᠦ᠌ ᠵᠡᠷᠭᠡ ᠲᠤᠬᠠᠢ᠎ᠶᠢᠨ ᠭᠠᠵᠠᠷ᠎ᠤᠨ ᠵᠢᠭᠤᠯᠴᠢᠯᠠᠯ᠂ ᠬᠥᠳᠡᠭᠡ ᠲᠣᠰᠭᠣᠨ᠎ᠤ ᠵᠢᠭᠤᠯᠴᠢᠯᠠᠯ᠎ᠤᠨ ᠲᠦᠷᠦᠯ ᠵᠦᠢᠯ ᠦᠬᠠᠢ᠎ᠳᠤ ᠡᠳᠦᠷ ᠢᠷᠡᠬᠦᠶ᠎ᠡ ᠬᠥᠭ᠌ᠵᠢᠶᠡᠨ ᠲᠡᠢ ᠪᠤᠯᠵᠤ᠂ ᠵᠢᠭᠤᠯᠴᠢᠯᠠᠭ᠍ᠰᠠᠳ᠎ᠤᠨ ᠬᠦᠷᠢᠶᠡᠯᠡᠯ᠎ᠢ ᠶᠡᠬᠡᠳᠡ ᠣᠯᠵᠠᠢ᠃

ᠡᠯᠡᠰᠦᠨ ᠴᠦᠯ᠎ᠤᠨ ᠨᠠᠭᠤᠷ᠎ᠤᠨ ᠡᠳᠡᠬᠡᠳ ᠥᠪᠡᠷᠮᠢᠴᠡ ᠦᠵᠡᠮᠵᠢ᠎ᠶ᠋ᠢ ᠰᠣᠨᠢᠷᠬᠠᠬᠤ ᠨᠢ ᠦᠬᠠᠶ ᠨᠠᠭᠤᠷ᠎ᠤᠨ ᠦᠵᠡᠮᠵᠢ᠎ᠶ᠋ᠢᠨ ᠣᠷᠣᠨ᠎ᠤ ᠨᠡᠷ᠎ᠡ ᠨᠦᠯᠦᠬᠡ᠎ᠵᠢ ᠶᠡᠬᠡ᠎ᠪᠡᠷ ᠳᠡᠭᠡᠭᠰᠢᠯᠡᠭᠦᠯᠪᠡ᠃ ᠣᠩᠭᠣᠴᠠᠨ᠎ᠳᠤ ᠰᠠᠭᠤᠵᠤ ᠦᠬᠠᠶ ᠨᠠᠭᠤᠷ᠎ᠤᠨ ᠵᠣᠨ᠎ᠤ ᠰᠠᠢᠬᠠᠨ ᠦᠵᠡᠮᠵᠢ᠎ᠶ᠋ᠢ ᠰᠣᠨᠢᠷᠬᠠᠬᠤ᠎ᠶ᠋ᠢᠨ ᠬᠠᠮᠲᠤ᠂ ᠦᠬᠠᠶ ᠨᠠᠭᠤᠷ᠎ᠤᠨ ᠪᠠᠷᠠᠭᠤᠨ ᠡᠷᠭᠢ᠎ᠶ᠋ᠢᠨ ᠰᠡᠯᠢᠭᠦᠷ ᠵᠠᠪᠢ᠂ ᠤᠰᠤᠨ ᠳᠡᠭᠡᠷᠡᠬᠢ ᠮᠣᠲ᠋ᠣᠷᠲᠤ ᠵᠠᠪᠢ᠂ ᠡᠯᠡᠰᠦᠨ ᠴᠥᠯ᠎ᠳᠦ ᠲᠡᠮᠡᠭᠡ ᠤᠨᠤᠬᠤ ᠵᠡᠷᠭᠡ ᠵᠤᠭ᠎ᠠ ᠴᠡᠩᠭᠡᠯ᠎ᠦᠨ ᠲᠥᠷᠥᠯ ᠵᠦᠶ᠋ᠯ ᠨᠢ ᠴᠦ᠍ ᠵᠢᠭᠤᠯᠴᠢᠯᠠᠭ᠍ᠰᠠᠳ᠎ᠤᠨ ᠪᠠᠬᠠᠷᠬᠠᠯ᠎ᠢ ᠶᠡᠬᠡᠳᠡ ᠲᠠᠲᠠᠬᠰᠠᠨ ᠪᠠᠢᠨ᠎ᠠ᠃

ᠡᠨᠡ ᠵᠤᠨ᠂ ᠦᠬᠠᠢ ᠬᠤᠳᠠ᠎ᠶ᠋ᠢᠨ ᠬᠢᠨ ᠬᠤᠳᠠ᠎ᠶ᠋ᠢᠨ ᠠᠷᠠᠳ ᠵᠢᠴᠢ ᠵᠢᠭᠤᠯᠴᠢᠯᠠᠭ᠍ᠰᠠᠳ᠎ᠤᠨ ᠬᠡᠷᠡᠭ᠌ᠯᠡᠭᠡᠨ᠎ᠦ ᠣᠨᠴᠠᠯᠢᠭ᠎ᠲᠠᠶ ᠤᠶᠠᠯᠳᠤᠭᠤᠯᠤᠨ᠂ ᠤᠨᠴᠠᠯᠢᠬ᠍ᠳᠤ ᠢᠳᠡᠭᠡᠨ ᠤᠮᠳᠠᠭᠠᠨ ᠪᠣᠯᠤᠨ ᠶᠠᠪᠠᠭᠠᠨ ᠵᠡᠭᠡᠯᠢ᠎ᠶ᠋ᠢᠨ ᠪᠠᠭ᠍ᠲᠠᠭᠠᠮᠵᠢ᠎ᠶ᠋ᠢ ᠥᠷᠭᠡᠳᠭᠡᠨ ᠴᠢᠨᠠᠷ᠎ᠢ ᠨᠡᠮᠡᠭ᠌ᠳᠡᠭᠦᠯᠬᠦ᠌᠎ᠶ᠋ᠢ ᠶᠡᠬᠡ᠎ᠪᠡᠷ ᠳᠡᠮᠵᠢᠵᠦ᠍᠂ ᠬᠤᠳᠠ᠎ᠶ᠋ᠢᠨ ᠲᠣᠭᠣᠷᠢᠭ᠎ᠤᠨ ᠬᠥᠮᠦᠨ ᠬᠠᠷ᠎ᠠ ᠲᠥᠪᠯᠡᠷᠡᠭ᠌ᠰᠡᠨ ᠲᠣᠭᠣᠷᠢᠭ᠎ᠲᠤ ᠰᠤᠯᠠ ᠢᠳᠡᠭᠡᠨ᠎ᠦ 6 ᠵᠠᠬ᠎ᠠ ᠳᠡᠯᠭᠡᠭᠦᠷ᠎ᠢ ᠨᠠᠷᠢᠨ ᠨᠢᠮᠪᠠᠢ ᠲᠥᠯᠥᠪᠵᠢᠭᠦᠯᠵᠦ᠍᠂ ᠰᠥᠨᠢ᠎ᠶ᠋ᠢᠨ ᠠᠵᠤ ᠠᠬᠤᠢ᠎ᠶ᠋ᠢᠨ ᠡᠵᠡᠩᠨᠡᠯᠲᠡ᠎ᠶ᠋ᠢᠨ ᠬᠡᠯᠪᠡᠷᠢ᠎ᠶ᠋ᠢ ᠤᠯᠠᠮ ᠴᠢᠨᠠᠭ᠍ᠰᠢᠳᠠ ᠪᠠᠶᠠᠯᠢᠭ᠍ᠵᠢᠭᠤᠯᠪᠠ᠃

ᠠᠯᠠᠱᠠ ᠠᠢᠮᠠᠭ

ᠨᠢᠭᠡ ᠰᠠᠷ᠎ᠠ᠎ᠶ᠋ᠢᠨ ᠬᠤᠭᠤᠴᠠᠭ᠎ᠠ᠎ᠲᠠᠶ ᠦᠷᠬᠦᠯᠵᠢᠯᠡᠬᠦ ᠠᠮᠲᠠᠲᠤ ᠢᠳᠡᠭᠡᠨ᠂ ᠰᠣᠶᠣᠯ᠂ ᠵᠤᠭ᠎ᠠ ᠴᠡᠩᠭᠡᠯ᠂ ᠵᠢᠭᠤᠯᠴᠢᠯᠠᠯ ᠵᠡᠷᠭᠡ ᠣᠯᠠᠨ ᠵᠦᠶ᠋ᠯ᠎ᠦᠨ ᠡᠯᠧᠮᠧᠨ᠋ᠲ᠎ᠢ ᠨᠢᠭᠡ ᠴᠣᠭ᠍ᠴᠠᠵᠢᠭᠤᠯᠤᠭ᠍ᠰᠠᠨ《 ᠠᠯᠠᠱᠠ᠎ᠶ᠋ᠢᠨ ᠳᠠᠭᠤᠤ ᠬᠥᠭ᠌ᠵᠢᠮᠲᠦ ᠠᠮᠲᠠᠲᠤ ᠢᠳᠡᠭᠡᠨ᠎ᠦ ᠤᠯᠠᠷᠢᠯ》ᠲᠦᠷᠦᠬᠦᠬᠡᠨ ᠠᠯᠠᠱᠠ ᠠᠢᠮᠠᠭ᠎ᠤᠨ ᠳ᠋ᠢᠩ ᠶᠤᠸᠠᠨ ᠶᠢᠩ ᠡᠷᠲᠡᠨ᠎ᠦ ᠬᠣᠲᠠ᠎ᠳᠤ ᠬᠥᠷ ᠬᠥᠭ᠌ᠵᠢᠶᠡᠨ᠎ᠲᠡᠶ ᠶᠠᠪᠤᠬᠳᠠᠵᠤ᠂ ᠵᠢᠭᠤᠯᠴᠢᠯᠠᠭ᠍ᠰᠠᠳ ᠲᠤ᠌ ᠬᠠᠨ ᠲᠩᠷᠢ ᠠᠯᠠᠱᠠ᠎ᠶ᠋ᠢᠨ ᠥᠪᠡᠷᠮᠢᠴᠡ ᠵᠢᠭᠤᠯᠴᠢᠯᠠᠯ᠎ᠤᠨ ᠰᠣᠶᠣᠯ᠎ᠤᠨ ᠭᠠᠢᠬᠠᠮᠰᠢᠭ᠎ᠢ  ᠪᠡᠶᠡᠳᠡᠨ ᠣᠢᠯᠠᠭᠠᠭᠤᠯᠵᠤ᠂ ᠠᠯᠠᠱᠠ ᠠᠢᠮᠠᠭ᠎ᠤᠨ ᠰᠣᠶᠣᠯ ᠵᠢᠭᠤᠯᠴᠢᠯᠠᠯ᠎ᠤᠨ ᠵᠠᠬ᠎ᠠ ᠳᠡᠯᠭᠡᠭᠦᠷ᠎ᠢ ᠤᠯᠠᠮ ᠨᠢᠭᠡ ᠠᠯᠬᠤᠮ ᠬᠥᠭ᠌ᠵᠢᠭᠡᠪᠡ᠃

ᠡᠨᠡ ᠵᠢᠯ᠎ᠡᠴᠡ ᠨᠠᠭᠠᠰᠢ᠂ ᠠᠯᠠᠱᠠ ᠠᠢᠮᠠᠭ ᠰᠣᠶᠣᠯ ᠵᠢᠭᠤᠯᠴᠢᠯᠠᠯ᠎ᠤᠨ ᠠᠵᠤ ᠦᠶ᠋ᠯᠡᠰ᠎ᠦᠨ ᠰᠡᠷᠭᠦᠯᠲᠡ᠎ᠶ᠋ᠢ ᠲᠦᠷᠭᠡᠳᠭᠡᠬᠦ᠌᠎ᠶ᠋ᠢᠨ ᠲᠥᠯᠥᠭᠡ᠂ ᠵᠠᠭᠤᠴᠢᠯᠠᠭᠤᠷ᠎ᠤᠨ ᠬᠠᠮᠲᠤᠷᠠᠯᠴᠠᠭ᠎ᠠ᠂ ᠣᠷᠣᠨ ᠪᠦᠰᠡ᠎ᠶ᠋ᠢᠨ ᠬᠠᠮᠲᠤᠷᠠᠯᠴᠠᠭ᠎ᠠ᠎ᠪᠠᠷ ᠳᠠᠮᠵᠢᠭᠤᠯᠤᠨ᠂《ᠬᠠᠨ ᠲᠩᠷᠢ ᠠᠯᠠᠱᠠ》ᠲᠥᠷᠥᠯ ᠲᠡᠮᠳᠡᠭ᠎ᠦᠨ ᠤᠬᠠᠭᠤᠯᠭ᠎ᠠ ᠪᠣᠷᠣᠯᠠᠭᠤᠯᠭ᠎ᠠ᠎ᠶ᠋ᠢ ᠲᠠᠰᠤᠷᠠᠯᠲᠠ ᠥᠬᠡᠶ ᠨᠡᠮᠡᠭ᠌ᠳᠡᠭᠦᠯᠪᠡ; 5·19《ᠳᠤᠮᠳᠠᠳᠤ ᠤᠯᠤᠰ᠎ᠤᠨ ᠵᠢᠭᠤᠯᠴᠢᠯᠠᠯ᠎ᠤᠨ ᠡᠳᠦᠷ》᠎ᠤ᠋ᠨ ᠤᠬᠠᠭᠤᠯᠭ᠎ᠠ᠎ᠶ᠋ᠢᠨ ᠠᠵᠢᠯᠯᠠᠭ᠎ᠠ᠎ᠶ᠋ᠢ ᠡᠷᠬᠢᠯᠡᠨ ᠶᠠᠪᠤᠭ᠍ᠳᠠᠭᠤᠯᠵᠤ᠂ ᠲᠥᠷᠥᠯ ᠲᠡᠮᠳᠡᠭ᠎ᠤᠨ ᠠᠵᠢᠯᠯᠠᠭ᠎ᠠ᠎ᠵᠢ ᠪᠦᠬᠦ᠌ ᠵᠢᠯ᠎ᠳᠦ ᠲᠤᠭᠤᠰᠢᠯᠠᠭᠤᠯᠵᠤ᠂ ᠪᠦᠬᠦ᠌ ᠠᠢᠮᠠᠭ᠎ᠢᠶᠠᠷ᠎ᠢᠶᠠᠨ ᠬᠣᠯᠪᠣᠭᠠᠯᠠᠨ ᠬᠥᠳᠡᠯᠦᠯᠴᠡᠵᠦ᠍᠂ ᠪᠦᠬᠦ᠌ ᠠᠢᠮᠠᠭ᠎ᠤᠨ ᠰᠣᠶᠣᠯ ᠵᠢᠭᠤᠯᠴᠢᠯᠠᠯ᠎ᠤᠨ 16 ᠲᠥᠷᠥᠯ᠎ᠦᠨ ᠭᠣᠣᠯᠳᠠᠯᠭ᠎ᠠ᠎ᠲᠠᠶ ᠠᠵᠢᠯᠯᠠᠭ᠎ᠠ᠎ᠶ᠋ᠢ ᠲᠥᠯᠥᠪᠵᠢᠭᠦᠯᠪᠡ; ᠠᠯᠠᠱᠠ ᠵᠡᠭᠦᠨ ᠬᠣᠱᠢᠭᠤᠨ᠎ᠤ 5 ᠡᠳᠦᠷ᠎ᠦᠨ ᠬᠠᠪᠤᠷ᠎ᠤᠨ ᠤᠯᠠᠷᠢᠯ᠎ᠤᠨ ᠵᠢᠭᠤᠯᠴᠢᠯᠠᠯ᠎ᠤᠨ ᠵᠠᠮ ᠱᠤᠭᠤᠮ᠂ ᠠᠯᠠᠱᠠ ᠪᠠᠷᠠᠭᠤᠨ ᠬᠣᠱᠢᠭᠤᠨ᠎ᠤ《ᠳᠤᠮᠳᠠᠳᠤ ᠤᠯᠤᠰ᠎ᠤᠨ ᠬᠠᠮᠤᠭ᠎ᠤᠨ ᠭᠣᠶᠣ ᠪᠠᠷᠠᠭᠤᠨ ᠣᠷᠣᠨ》 ᠭᠡᠬᠦ᠌ ᠬᠠᠪᠤᠷ᠎ᠤᠨ ᠤᠯᠠᠷᠢᠯ᠎ᠤᠨ ᠭᠤᠤᠯ ᠰᠡᠳᠦᠪᠲᠦ ᠥᠪᠡᠰᠦᠪᠡᠨ ᠲᠡᠷᠭᠡ ᠵᠢᠯᠣᠭᠣᠳᠴᠤ᠌ ᠵᠢᠭᠤᠯᠴᠢᠯᠠᠬᠤ ᠰᠣᠳᠣᠨ ᠵᠠᠮ ᠱᠤᠭᠤᠮ᠂ ᠲᠩᠷᠢ《ᠶᠡᠬᠡ ᠭᠣᠪᠢ᠎ᠶ᠋ᠢᠨ ᠴᠡᠴᠡᠭ᠎ᠦᠨ ᠲᠡᠯᠡᠶ》 ᠥᠪᠡᠰᠦᠪᠡᠨ ᠲᠡᠷᠭᠡ ᠵᠢᠯᠣᠭᠣᠳᠴᠤ᠌ ᠵᠢᠭᠤᠯᠴᠢᠯᠠᠬᠤ 10 ᠭᠠᠷᠤᠶ ᠵᠤᠷᠪᠤᠰ ᠬᠠᠪᠤᠷ᠎ᠤᠨ ᠤᠯᠠᠷᠢᠯ᠎ᠤᠨ ᠵᠢᠭᠤᠯᠴᠢᠯᠠᠯ᠎ᠤᠨ ᠰᠤᠳᠤᠨ ᠵᠠᠮ ᠱᠤᠭᠤᠮ᠎ᠢ ᠨᠡᠢᠳᠡᠯᠡᠪᠡ; 《ᠥᠪᠥᠷ ᠮᠣᠩᠭᠣᠯ᠎ᠤᠨ ᠪᠡᠯᠡᠭ》ᠠᠯᠠᠱᠠ᠎ᠶ᠋ᠢᠨ ᠵᠢᠭᠤᠯᠴᠢᠯᠠᠯ᠎ᠤᠨ ᠲᠠᠸᠠᠷ᠎ᠤᠨ ᠪᠦᠷᠢᠨ ᠪᠠᠷᠠᠭᠠᠳᠤ ᠳᠡᠯᠭᠡᠭᠦᠷ᠎ᠢ ᠪᠠᠢᠭᠤᠯᠬᠤ ᠠᠵᠢᠯ᠎ᠢ ᠲᠦᠯᠦᠪᠵᠢᠬᠦᠯᠪᠡ᠃

ᠣᠢᠯᠠᠭᠠᠭ᠍ᠰᠠᠨ᠎ᠢᠶᠠᠷ᠂ 6 ᠰᠠᠷ᠎ᠠ᠎ᠶ᠋ᠢᠨ ᠰᠡᠭᠦᠯᠴᠢ ᠪᠣᠯᠲᠠᠯ᠎ᠠ᠂ ᠲᠣᠰ ᠠᠢᠮᠠᠭ ᠤᠯᠤᠰ᠎ᠤᠨ ᠳᠣᠲᠣᠭᠠᠳᠤ᠎ᠶ᠋ᠢᠨ ᠵᠢᠭᠤᠯᠴᠢᠯᠠᠭ᠍ᠰᠠᠳ᠎ᠢ ᠨᠡᠢᠲᠡ 183.82 ᠲᠦᠮᠡᠨ ᠬᠥᠮᠦᠨ ᠤᠳᠠᠭ᠎ᠠ ᠭᠥᠯᠢᠶᠡᠨ ᠠᠪᠴᠤ᠌᠂ ᠤᠯᠤᠰ᠎ᠤᠨ ᠳᠣᠲᠣᠭᠠᠳᠤ᠎ᠶ᠋ᠢᠨ ᠵᠢᠭᠤᠯᠴᠢᠯᠠᠯ᠎ᠤᠨ ᠣᠷᠣᠯᠭ᠎ᠠ 18.03 ᠳ᠋ᠦᠩᠱᠢᠭᠤᠷ ᠲᠥᠭᠥᠷᠢᠭ᠎ᠲᠦ ᠬᠦᠷᠴᠡᠶ᠃


ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号