ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠭᠠᠳᠠᠭᠠᠳᠤ ᠶᠠᠪᠤᠳᠠᠯ᠎ᠤᠨ ᠶᠠᠮᠤᠨ᠎ᠤ ᠢᠯᠡᠷᠬᠡᠢᠯᠡᠯᠲᠡ
2022-08-04 11:33:54
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

8 ᠰᠠᠷ᠎ᠠ᠎ᠶ᠋ᠢᠨ 2 ᠎ᠤ᠋ᠨ ᠡᠳᠦᠷ᠂ ᠠᠮᠧᠷᠢᠺᠠ᠎ᠶ᠋ᠢᠨ ᠤᠯᠤᠰ᠎ᠤᠨ ᠬᠤᠷᠠᠯ᠎ᠤᠨ ᠳᠣᠤᠷᠠᠲᠤ ᠵᠥᠪᠯᠡᠯᠭᠡᠨ᠎ᠦ ᠳᠠᠷᠤᠭ᠎ᠠ ᠫᠸᠯᠤᠸᠸᠰᠢ ᠳᠤᠮᠳᠠᠳᠤ ᠤᠯᠤᠰ᠎ᠤᠨ ᠴᠢᠩᠭ᠎ᠠ ᠡᠰᠡᠷᠭᠦᠴᠡᠯ ᠪᠠ ᠲᠥᠪ ᠴᠢᠩᠭ᠎ᠠ᠎ᠪᠠᠷ ᠬᠠᠷᠢᠯᠴᠠᠬᠤ᠎ᠶ᠋ᠢ ᠬᠠᠢᠬᠤᠷᠤᠯ ᠦᠭᠡᠢ᠎ᠪᠡᠷ ᠳᠤᠮᠳᠠᠳᠤ ᠤᠯᠤᠰ᠎ᠤᠨ ᠲᠠᠢᠸᠠᠨ ᠣᠷᠣᠨ᠎ᠳᠤ ᠭᠡᠰᠦᠨ ᠠᠢᠯᠴᠢᠯᠠᠵᠤ᠂ ᠨᠢᠭᠡ ᠯᠡ ᠳᠤᠮᠳᠠᠳᠤ ᠤᠯᠤᠰ ᠪᠠᠢᠬᠤ ᠵᠠᠷᠴᠢᠮ ᠪᠠ ᠳᠤᠮᠳᠠᠳᠤ ᠠᠮᠧᠷᠢᠺᠠ᠎ᠶ᠋ᠢᠨ ᠭᠤᠷᠪᠠᠨ ᠬᠠᠮᠲᠤᠷᠠᠭ᠍ᠰᠠᠨ ᠠᠯᠪᠠᠨ ᠮᠡᠳᠡᠭᠡ᠎ᠶ᠋ᠢᠨ ᠲᠣᠭ᠍ᠲᠠᠭᠠᠯ᠎ᠢ ᠬᠦᠨᠳᠦ ᠨᠣᠴᠢᠲᠠᠢ ᠵᠥᠷᠢᠴᠡᠵᠦ᠍᠂ ᠳᠤᠮᠳᠠᠳᠤ ᠠᠮᠧᠷᠢᠺᠠ᠎ᠶ᠋ᠢᠨ ᠬᠠᠷᠢᠴᠠᠭᠠᠨ᠎ᠤ ᠤᠯᠤᠰ ᠲᠦᠷᠦ᠍᠎ᠶ᠋ᠢᠨ ᠰᠠᠭᠤᠷᠢ᠎ᠶ᠋ᠢ ᠬᠦᠨᠳᠦ ᠨᠣᠴᠢᠲᠠᠢ ᠲᠠᠭᠠᠷᠢᠵᠤ᠂ ᠳᠤᠮᠳᠠᠳᠤ ᠤᠯᠤᠰ᠎ᠤᠨ ᠡᠷᠬᠡ ᠮᠡᠳᠡᠯ ᠪᠠ ᠨᠤᠲᠤᠭ ᠳᠡᠪᠢᠰᠭᠡᠷ᠎ᠦᠨ ᠪᠦᠷᠢᠨ ᠪᠦᠲᠦᠨ ᠪᠠᠢᠬᠤ᠎ᠳᠤ ᠬᠦᠨᠳᠦ ᠨᠣᠴᠢᠲᠠᠢ ᠬᠠᠯᠳᠠᠵᠤ᠂ ᠲᠠᠢᠸᠠᠨ ᠬᠣᠭᠣᠯᠠᠢ᠎ᠶ᠋ᠢᠨ ᠣᠷᠣᠨ᠎ᠤ ᠡᠩᠬᠡ ᠲᠠᠢᠪᠤᠩ ᠲᠣᠭ᠍ᠲᠠᠭᠤᠨ ᠪᠠᠢᠳᠠᠯ᠎ᠢ ᠬᠦᠨᠳᠦ ᠨᠣᠴᠢᠲᠠᠢ ᠡᠪᠳᠡᠵᠦ᠍᠂ 《ᠲᠠᠢᠸᠠᠨ᠎ᠢ ᠲᠤᠰᠠᠭᠠᠷ ᠲᠣᠭ᠍ᠲᠠᠨᠢᠭᠤᠯᠬᠤ》  ᠬᠠᠭᠠᠴᠠᠭᠤᠯᠬᠤ ᠬᠦᠴᠦᠨ᠎ᠳᠦ ᠬᠦᠨᠳᠦ ᠨᠣᠴᠢᠲᠠᠢ ᠪᠤᠷᠤᠭᠤ ᠳᠣᠬᠢᠶ᠎ᠠ ᠥᠭ᠌ᠪᠡ᠃ ᠳᠤᠮᠳᠠᠳᠤ᠎ᠶ᠋ᠢᠨ ᠲᠠᠯ᠎ᠠ ᠡᠭᠦᠨ᠎ᠢ ᠡᠷᠡᠰ ᠡᠰᠡᠷᠭᠦᠴᠡᠵᠦ᠍᠂ ᠴᠢᠩᠭ᠎ᠠ ᠵᠢᠮᠡᠯᠡᠵᠦ᠍᠂ ᠨᠢᠭᠡᠨᠲᠡ ᠠᠮᠧᠷᠢᠺᠠ᠎ᠶ᠋ᠢᠨ ᠲᠠᠯ᠎ᠠ᠎ᠲᠠᠢ ᠲᠥᠪ ᠴᠢᠩᠭ᠎ᠠ᠎ᠪᠠᠷ ᠬᠠᠷᠢᠯᠴᠠᠵᠤ ᠴᠢᠩᠭ᠎ᠠ ᠡᠰᠡᠷᠭᠦᠴᠡᠯ ᠲᠠᠯᠪᠢᠪᠠ᠃

ᠳᠡᠯᠡᠬᠡᠢ ᠳᠡᠭᠡᠷ᠎ᠡ ᠨᠢᠭᠡ ᠯᠡ ᠳᠤᠮᠳᠠᠳᠤ ᠤᠯᠤᠰ ᠪᠠᠢᠨ᠎ᠠ᠂ ᠲᠠᠢᠸᠠᠨ ᠪᠣᠯ ᠳᠤᠮᠳᠠᠳᠤ ᠤᠯᠤᠰ᠎ᠤᠨ ᠨᠤᠲᠤᠭ ᠳᠡᠪᠢᠰᠭᠡᠷ᠎ᠦᠨ ᠰᠠᠯᠵᠤ ᠪᠣᠯᠤᠰᠢ ᠦᠭᠡᠢ ᠨᠢᠭᠡᠨ ᠬᠡᠰᠡᠭ ᠮᠥᠨ᠂ ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ᠎ᠤᠨ ᠣᠷᠳᠣᠨ ᠪᠣᠯ ᠪᠦᠬᠦ᠌ ᠳᠤᠮᠳᠠᠳᠤ ᠤᠯᠤᠰ᠎ᠢ ᠲᠥᠯᠥᠭᠡᠯᠡᠬᠦ᠌ ᠴᠤᠷ᠎ᠤᠨ ᠭᠠᠭ᠍ᠴᠠ ᠬᠠᠤᠯᠢ ᠶᠣᠰᠣᠨ᠎ᠤ ᠵᠠᠰᠠᠭ᠎ᠤᠨ ᠣᠷᠳᠣᠨ ᠮᠥᠨ᠃ 1971 ᠣᠨ᠎ᠤ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶ᠋ᠢᠨ ᠶᠡᠬᠡ ᠬᠤᠷᠠᠯ᠎ᠤᠨ 2758 ᠳ᠋ᠤᠭᠠᠷ ᠲᠣᠭᠠᠲᠤ ᠱᠢᠶ᠋ᠳᠪᠦᠷᠢ᠎ᠳᠦ ᠡᠭᠦᠨ᠎ᠤ ᠲᠤᠬᠠᠢ ᠲᠣᠳᠣᠷᠬᠠᠢᠯᠠᠪᠠ᠃ 1949 ᠣᠨ᠎ᠳᠤ ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ ᠪᠠᠢᠭᠤᠯᠤᠭ᠍ᠳᠠᠭ᠍ᠰᠠᠨ᠎ᠡᠴᠡ ᠨᠠᠭᠠᠰᠢ᠂ 181 ᠤᠯᠤᠰ ᠨᠢᠭᠡ ᠳᠤᠮᠳᠠᠳᠤ ᠤᠯᠤᠰ ᠪᠠᠢᠬᠤ ᠵᠠᠷᠴᠢᠮ᠎ᠤᠨ ᠰᠠᠭᠤᠷᠢᠨ ᠳᠡᠭᠡᠷ᠎ᠡ ᠳᠤᠮᠳᠠᠳᠤ ᠤᠯᠤᠰ᠎ᠯᠤᠭ᠎ᠠ ᠭᠠᠳᠠᠭᠠᠳᠤ ᠬᠠᠷᠢᠯᠴᠠᠭ᠎ᠠ ᠪᠠᠢᠭᠤᠯᠪᠠ᠃ ᠨᠢᠭᠡ ᠳᠤᠮᠳᠠᠳᠤ ᠤᠯᠤᠰ ᠪᠠᠢᠬᠤ ᠵᠠᠷᠴᠢᠮ ᠪᠣᠯ ᠳᠡᠯᠡᠬᠡᠢ ᠨᠡᠢᠳᠡ ᠵᠢᠨ᠎ᠨᠡᠢᠳᠡᠮ᠎ᠦᠨ ᠬᠠᠮᠲᠤ᠎ᠶ᠋ᠢᠨ ᠲᠠᠨᠢᠯᠲᠠ ᠪᠠ ᠤᠯᠠᠨ ᠤᠯᠤᠰ᠎ᠤᠨ ᠬᠠᠷᠢᠯᠴᠠᠭᠠᠨ᠎ᠤ ᠦᠨᠳᠦᠰᠦᠨ ᠪᠠᠷᠢᠮᠵᠢᠶ᠎ᠠ ᠪᠣᠯᠤᠨ᠎ᠠ᠃

1979 ᠣᠨ᠎ᠳᠤ᠂ ᠠᠮᠧᠷᠢᠺᠠ᠎ᠶ᠋ᠢᠨ ᠬᠢᠨ ᠳᠤᠮᠳᠠᠳᠤ ᠠᠮᠧᠷᠢᠺᠠ᠎ᠶ᠋ᠢᠨ ᠬᠠᠷᠢᠯᠴᠠᠭ᠎ᠠ ᠪᠠᠢᠭᠤᠯᠤᠭ᠍ᠰᠠᠨ ᠠᠯᠪᠠᠨ ᠮᠡᠳᠡᠭᠡ᠎ᠳᠡᠭᠡᠨ᠂  《ᠠᠮᠧᠷᠢᠺᠠ᠎ᠶ᠋ᠢᠨ ᠨᠢᠭᠡᠳᠦᠭ᠌ᠰᠡᠨ ᠤᠯᠤᠰ ᠪᠦᠬᠦᠳᠠ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ᠎ᠤᠨ ᠣᠷᠳᠣᠨ ᠪᠣᠯ ᠳᠤᠮᠳᠠᠳᠤ ᠤᠯᠤᠰ᠎ᠤᠨ ᠴᠤᠷ᠎ᠤᠨ ᠭᠠᠭ᠍ᠴᠠ ᠬᠠᠤᠯᠢ ᠶᠣᠰᠣᠨ᠎ᠤ ᠵᠠᠰᠠᠭ᠎ᠤᠨ ᠣᠷᠳᠣᠨ ᠪᠣᠯᠬᠤ᠎ᠶ᠋ᠢ ᠮᠡᠳᠡᠷᠡᠨ᠎ᠡ᠃ ᠡᠨᠡ ᠬᠦ᠌ ᠬᠡᠪᠴᠢᠶᠡᠨ᠎ᠳᠦ ᠠᠮᠧᠷᠢᠺᠠ᠎ᠶ᠋ᠢᠨ ᠠᠷᠠᠳ ᠲᠦᠮᠡᠨ ᠲᠠᠢᠸᠠᠨ᠎ᠤ ᠠᠷᠠᠳ ᠲᠦᠮᠡᠨ᠎ᠯᠦᠭᠡ ᠰᠣᠶᠣᠯ᠂ ᠬᠤᠳᠠᠯᠳᠤᠭᠠᠨ᠎ᠤ ᠶᠠᠪᠤᠳᠠᠯ ᠪᠣᠯᠤᠨ ᠪᠤᠰᠤᠳ ᠠᠯᠪᠠᠨ᠎ᠤ ᠪᠤᠰᠤ ᠬᠠᠷᠢᠴᠠᠭ᠎ᠠ᠎ᠪᠠᠨ ᠪᠠᠲᠤᠯᠠᠨ᠎ᠠ》 ᠭᠡᠵᠦ ᠲᠤᠳᠤᠷᠬᠠᠢᠯᠠᠨ ᠠᠮᠡᠯᠳᠠᠪᠠ᠃ ᠠᠮᠧᠷᠢᠺᠠ᠎ᠶ᠋ᠢᠨ ᠤᠯᠤᠰ᠎ᠤᠨ ᠬᠤᠷᠠᠯ ᠨᠢ ᠠᠮᠧᠷᠢᠺᠠ᠎ᠶ᠋ᠢᠨ ᠵᠠᠰᠠᠭ᠎ᠤᠨ ᠣᠷᠳᠣᠨ᠎ᠤ ᠪᠦᠷᠢᠯᠳᠦᠬᠦᠨ ᠬᠡᠰᠡᠭ ᠪᠣᠯᠤᠭ᠍ᠰᠠᠨ᠎ᠤ ᠬᠤᠪᠢ᠎ᠳᠤ᠂ ᠠᠮᠧᠷᠢᠺᠠ᠎ᠶ᠋ᠢᠨ ᠵᠠᠰᠠᠭ᠎ᠤᠨ ᠣᠷᠳᠣᠨ᠎ᠤ ᠨᠢᠭᠡ ᠳᠤᠮᠳᠠᠳᠤ ᠤᠯᠤᠰ ᠪᠠᠢᠬᠤ ᠲᠦᠷᠦ᠍᠎ᠶ᠋ᠢᠨ ᠪᠤᠳᠤᠯᠭ᠎ᠠ᠎ᠶ᠋ᠢ ᠴᠢᠩᠭ᠎ᠠ ᠵᠢᠷᠤᠮᠯᠠᠵᠤ᠂ ᠳᠤᠮᠳᠠᠳᠤ ᠤᠯᠤᠰ᠎ᠤᠨ ᠲᠠᠢᠸᠠᠨ ᠣᠷᠣᠨ᠎ᠲᠠᠶ ᠶᠠᠮᠠᠷᠪᠠ ᠠᠯᠪᠠᠨ᠎ᠤ ᠲᠠᠯ᠎ᠠ᠎ᠶ᠋ᠢᠨ ᠶᠠᠪᠤᠯᠴᠠᠭ᠎ᠠ ᠬᠢᠬᠦ᠌ ᠦᠭᠡᠢ ᠪᠠᠢᠪᠠᠯ ᠵᠣᠬᠢᠨ᠎ᠠ᠃ ᠳᠤᠮᠳᠠᠳᠤ ᠵᠢᠨ ᠲᠠᠯ᠎ᠠ ᠶᠡᠷᠦ᠍᠎ᠡᠴᠡ ᠠᠮᠧᠷᠢᠺᠠ᠎ᠶ᠋ᠢᠨ ᠤᠯᠤᠰ᠎ᠤᠨ ᠬᠤᠷᠠᠯ᠎ᠤᠨ ᠭᠡᠱᠢᠭᠦᠳ᠎ᠦᠨ ᠳᠤᠮᠳᠠᠳᠤ ᠤᠯᠤᠰ᠎ᠤᠨ ᠲᠠᠢᠸᠠᠨ ᠣᠷᠣᠨ᠎ᠢᠶᠠᠷ ᠬᠡᠰᠦᠨ ᠠᠢᠯᠴᠢᠯᠠᠬᠤ᠎ᠶ᠋ᠢ ᠡᠰᠡᠷᠭᠦᠴᠡᠳᠡᠭ᠂ ᠠᠮᠧᠷᠢᠺᠠ᠎ᠶ᠋ᠢᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ ᠬᠣᠷᠢᠭ᠍ᠯᠠᠬᠤ ᠬᠠᠷᠢᠭᠤᠴᠠᠯᠭ᠎ᠠ᠎ᠲᠠᠶ ᠶᠤᠮ᠃ ᠳᠤᠤᠷᠠᠳᠦ ᠵᠥᠪᠯᠡᠯᠭᠡᠨ ᠤ᠋ ᠳᠠᠷᠤᠭ᠎ᠠ ᠫᠸᠯᠤᠸᠸᠰᠢ ᠪᠣᠯ ᠤᠳᠤ᠎ᠶ᠋ᠢᠨ ᠠᠮᠧᠷᠢᠺᠠ᠎ᠶ᠋ᠢᠨ ᠤᠯᠤᠰ᠎ᠤᠨ ᠬᠤᠷᠠᠯ᠎ᠤᠨ ᠤᠳᠤᠷᠢᠳᠭᠤ ᠬᠥᠮᠦᠨ ᠪᠣᠯᠤᠨ᠎ᠠ᠂ ᠲᠡᠷᠡ ᠶᠠᠮᠠᠷᠪᠠ ᠬᠡᠯᠪᠡᠷᠢ ᠶᠠᠮᠠᠷᠪᠠ ᠱᠢᠯᠲᠠᠭ᠎ᠢᠶᠠᠷ ᠲᠠᠢᠸᠠᠨ᠎ᠳᠤ ᠬᠦᠷᠴᠦ᠍ ᠠᠵᠢᠯᠯᠠᠭ᠎ᠠ ᠬᠢᠵᠦ᠍ ᠪᠠᠢᠭ᠎ᠠ ᠨᠢ ᠴᠥᠮ ᠠᠮᠧᠷᠢᠺᠠ ᠲᠠᠢᠸᠠᠨ᠎ᠤ ᠠᠯᠪᠠᠨ᠎ᠤ ᠲᠠᠯ᠎ᠠ᠎ᠶ᠋ᠢᠨ ᠶᠠᠪᠤᠯᠴᠠᠭ᠎ᠠ᠎ᠶ᠋ᠢ ᠳᠡᠰ ᠳᠡᠪᠱᠢᠭᠦᠯᠵᠦ᠍ ᠪᠠᠢᠭ᠎ᠠ ᠴᠢᠬᠤᠯᠠ ᠶᠡᠬᠡ ᠤᠯᠤᠰ ᠲᠦᠷᠦ᠍᠎ᠶ᠋ᠢᠨ ᠥᠳᠥᠭᠡᠯᠭᠡ ᠪᠣᠯᠤᠨ᠎ᠠ᠂ ᠳᠤᠮᠳᠠᠳᠤ᠎ᠶ᠋ᠢᠨ ᠲᠠᠯ᠎ᠠ ᠶᠠᠭᠠᠬᠢᠭ᠍ᠰᠠᠨ ᠴᠤ᠌ ᠬᠦᠯᠢᠶᠡᠨ ᠠᠪᠬᠤ ᠦᠭᠡᠢ᠂ ᠳᠤᠮᠳᠠᠳᠤ ᠤᠯᠤᠰ᠎ᠤᠨ ᠠᠷᠠᠳ ᠲᠦᠮᠡᠨ ᠶᠠᠭᠠᠬᠢᠭ᠍ᠰᠠᠨ ᠴᠤ᠌ ᠵᠥᠪᠱᠢᠶᠡᠷᠡᠬᠦ᠌ ᠦᠭᠡᠢ᠃

ᠲᠠᠢᠸᠠᠨ᠎ᠤ ᠠᠰᠠᠭᠤᠳᠠᠯ ᠪᠣᠯ ᠳᠤᠮᠳᠠᠳᠤ ᠠᠮᠧᠷᠢᠺᠠ᠎ᠶ᠋ᠢᠨ ᠬᠠᠷᠢᠴᠠᠭᠠᠨ᠎ᠳᠠᠬᠢ ᠬᠠᠮᠤᠭ᠎ᠤᠨ ᠴᠢᠬᠤᠯᠠ᠂ ᠬᠠᠮᠤᠭ᠎ᠤᠨ ᠭᠣᠣᠯ᠂ ᠬᠠᠮᠤᠭ᠎ᠤᠨ ᠬᠦᠨᠳᠡᠬᠦᠷ ᠠᠰᠠᠭᠤᠳᠠᠯ ᠮᠥᠨ᠃ ᠣᠳᠣᠬᠠᠨ᠎ᠳᠤ᠂ ᠲᠠᠢᠸᠠᠨ᠎ᠤ ᠪᠠᠢᠳᠠᠯ ᠱᠢᠨ᠎ᠡ ᠨᠢᠭᠡ ᠡᠭᠡᠯᠵᠢ᠎ᠶ᠋ᠢᠨ ᠪᠠᠴᠢᠮ ᠪᠠ ᠬᠠᠲᠠᠭᠤ ᠴᠢᠩᠭ᠎ᠠ ᠥᠷᠢᠰᠥᠯᠳᠦᠭᠡᠨ᠎ᠳᠦ ᠲᠤᠯᠭᠠᠷᠠᠵᠤ ᠪᠠᠢᠨ᠎ᠠ᠂ ᠦᠨᠳᠦᠰᠦᠨ ᠱᠢᠯᠲᠠᠭᠠᠨ ᠨᠢ ᠲᠠᠢᠸᠠᠨ᠎ᠤ ᠡᠷᠬᠡ ᠪᠠᠷᠢᠭ᠍ᠴᠢᠳ ᠪᠠ ᠠᠮᠧᠷᠢᠺᠠ᠎ᠶ᠋ᠢᠨ ᠲᠠᠯ᠎ᠠ᠎ᠶ᠋ᠢᠨ ᠣᠳᠣᠬᠢ ᠪᠠᠢᠳᠠᠯ᠎ᠢᠶᠠᠨ ᠲᠠᠰᠤᠷᠠᠯᠲᠠ ᠦᠭᠡᠢ ᠬᠤᠪᠢᠷᠠᠭᠤᠯᠤᠭ᠍ᠰᠠᠨ᠎ᠳᠤ ᠪᠠᠢᠨ᠎ᠠ᠃ ᠲᠠᠢᠸᠠᠨ᠎ᠤ ᠡᠷᠬᠡ ᠪᠠᠷᠢᠭ᠍ᠴᠢᠳ ᠲᠡᠬᠢᠨ ᠲᠠᠪᠳᠠᠨ 《ᠠᠮᠧᠷᠢᠺᠠ᠎ᠶ᠋ᠢ ᠲᠦᠱᠢᠭ᠌ᠯᠡᠨ ᠲᠤᠰᠠᠭᠠᠷ ᠲᠣᠭ᠍ᠲᠠᠨᠢᠬᠤ》 ᠪᠡᠷ ᠤᠷᠤᠯᠳᠤᠵᠤ᠂ 《ᠶᠡᠷᠡᠨ ᠬᠣᠶᠠᠷ ᠣᠨ᠎ᠤ ᠬᠠᠮᠲᠤ᠎ᠶ᠋ᠢᠨ ᠲᠠᠨᠢᠯᠲᠠ》 ᠶ᠋ᠢ ᠮᠡᠳᠡᠷᠡᠬᠦ᠌ ᠵᠢ ᠲᠠᠪᠴᠢᠵᠤ᠂  《ᠳᠤᠮᠳᠠᠳᠤ ᠤᠯᠤᠰ᠎ᠢ ᠦᠭᠡᠢᠰᠭᠡᠬᠦ᠌ 》 ᠠᠵᠢᠯᠯᠠᠭ᠎ᠠ᠎ᠶ᠋ᠢ ᠶᠡᠬᠡ᠎ᠪᠡᠷ ᠬᠢᠵᠦ᠍᠂  《 ᠠᠭᠠᠵᠢᠮ᠎ᠢᠶᠠᠷ ᠤᠷᠤᠭ᠍ᠰᠢᠯᠠᠬᠤ ᠮᠠᠶᠢᠭ᠎ᠤᠨ ᠲᠠᠢᠸᠠᠨ᠎ᠢ ᠲᠤᠰᠠᠭᠠᠷ ᠲᠣᠭ᠍ᠲᠠᠨᠢᠭᠤᠯᠬᠤ》 ᠶ᠋ᠢ ᠬᠡᠷᠡᠭ᠌ᠵᠢᠭᠦᠯᠪᠡ᠃ ᠠᠮᠧᠷᠢᠺᠠ᠎ᠶ᠋ᠢᠨ ᠲᠠᠯ᠎ᠠ᠎ᠶ᠋ᠢᠨ 《ᠲᠠᠢᠸᠠᠨ᠎ᠢᠶᠠᠷ ᠳᠤᠮᠳᠠᠳᠤ ᠤᠯᠤᠰ᠎ᠢ᠋ ᠡᠷᠭᠡᠰᠢᠶᠡᠬᠦ》 ᠪᠠᠷ ᠭᠣᠷᠢᠳᠠᠵᠤ᠂ ᠨᠢᠭᠡ ᠳᠤᠮᠳᠠᠳᠤ ᠤᠯᠤᠰ ᠪᠠᠢᠬᠤ ᠵᠠᠷᠴᠢᠮ᠎ᠢ ᠲᠠᠰᠤᠷᠠᠯᠲᠠ ᠦᠭᠡᠢ ᠪᠠᠯᠠᠷᠬᠠᠢᠰᠢᠭᠤᠯᠵᠤ ᠭᠠᠵᠢᠭᠤᠳᠠᠭᠤᠯᠵᠤ᠂ ᠠᠮᠧᠷᠢᠺᠠ ᠲᠠᠢᠸᠠᠨ᠎ᠤ ᠠᠯᠪᠠᠨ᠎ᠤ ᠲᠠᠯ᠎ᠠ᠎ᠶ᠋ᠢᠨ ᠶᠠᠪᠤᠯᠴᠠᠭ᠎ᠠ᠎ᠶ᠋ᠢ ᠴᠢᠩᠭᠠᠳᠭᠠᠵᠤ᠂ 《ᠲᠠᠢᠸᠠᠨ᠎ᠢ ᠲᠤᠰᠠᠭᠠᠷ ᠲᠣᠭ᠍ᠲᠠᠨᠢᠭᠤᠯᠬᠤ》 ᠬᠠᠭᠠᠴᠠᠭᠤᠯᠬᠤ ᠠᠵᠢᠯᠯᠠᠭ᠎ᠠ᠎ᠳᠤ ᠲᠦᠱᠢᠭ ᠪᠤᠯᠵᠤ ᠵᠣᠷᠢᠭ ᠣᠷᠣᠭᠤᠯᠵᠤ ᠪᠠᠢᠨ᠎ᠠ᠃ ᠡᠨᠡ ᠪᠣᠯ ᠲᠤᠢᠯ᠎ᠤᠨ ᠠᠶᠤᠯᠲᠠᠢ ᠭᠠᠯ᠎ᠢᠶᠠᠷ ᠨᠠᠭᠠᠳᠴᠤ ᠪᠠᠢᠭ᠎ᠠ ᠠᠵᠢᠯᠯᠠᠭ᠎ᠠ ᠮᠥᠨ᠂ ᠭᠠᠯ᠎ᠢᠶᠠᠷ ᠨᠠᠭᠠᠳᠤᠭ᠍ᠰᠡᠳ ᠡᠷᠬᠡ ᠦᠬᠡᠢ ᠦᠪᠡᠷ᠎ᠢ ᠪᠠᠨ ᠭᠠᠯᠳᠠᠨ᠎ᠠ᠃

ᠳᠤᠮᠳᠠᠳᠤ ᠤᠯᠤᠰ᠎ᠤᠨ ᠵᠠᠰᠠᠭ᠎ᠤᠨ ᠣᠷᠳᠣᠨ ᠪᠣᠯᠤᠨ ᠳᠤᠮᠳᠠᠳᠤ ᠤᠯᠤᠰ᠎ᠤᠨ ᠠᠷᠠᠳ ᠲᠦᠮᠡᠨ᠎ᠦ ᠲᠠᠢᠸᠠᠨ᠎ᠤ ᠠᠰᠠᠭᠤᠳᠠᠯ ᠳᠡᠭᠡᠷᠡᠬᠢ ᠵᠣᠭ᠍ᠰᠣᠯᠲᠠ ᠪᠣᠯ ᠢᠮᠠᠭ᠍ᠲᠠ᠎ᠶ᠋ᠢᠨ ᠶᠤᠮ᠃ ᠤᠯᠤᠰ᠎ᠤᠨ ᠡᠷᠬᠡ ᠮᠡᠳᠡᠯ ᠪᠠ ᠨᠤᠲᠤᠭ ᠳᠡᠪᠢᠰᠭᠡᠷ᠎ᠦᠨ ᠪᠦᠷᠢᠨ ᠪᠦᠲᠦᠨ ᠪᠠᠢᠬᠤ᠎ᠶ᠋ᠢ ᠡᠷᠡᠰ ᠬᠠᠮᠠᠭᠠᠯᠠᠬᠤ ᠪᠣᠯ 14 ᠳ᠋ᠦᠩᠱᠢᠭᠤᠷ ᠭᠠᠷᠤᠢ ᠳᠤᠮᠳᠠᠳᠤ ᠤᠯᠤᠰ᠎ᠤᠨ ᠠᠷᠠᠳ ᠲᠦᠮᠡᠨ᠎ᠦ ᠡᠷᠡᠰ ᠪᠠᠲᠤ ᠵᠣᠷᠢᠭ ᠰᠠᠨᠠᠭ᠎ᠠ ᠮᠥᠨ᠂ ᠡᠬᠡ ᠣᠯᠤᠰ᠎ᠤᠨ᠎ᠢᠶᠡᠨ ᠪᠦᠷᠢᠨ ᠨᠢᠭᠡᠳᠦᠯ᠎ᠢ ᠪᠡᠶᠡᠯᠡᠭᠦᠯᠬᠦ᠌ ᠪᠣᠯ ᠪᠦᠬᠦ᠌ ᠳᠤᠮᠳᠠᠳᠤ᠎ᠶ᠋ᠢᠨ ᠬᠥᠪᠡᠭᠦᠳ ᠥᠬᠢᠳ᠎ᠦᠨ ᠬᠠᠮᠲᠤ᠎ᠶ᠋ᠢᠨ ᠬᠦᠰᠡᠯ ᠡᠷᠡᠮᠡᠯᠵᠡᠯ ᠪᠠ ᠠᠷᠢᠭᠤᠨ ᠳᠠᠷᠬᠠᠨ ᠡᠬᠦᠷᠬᠡ ᠬᠠᠷᠢᠭᠤᠴᠠᠯᠭ᠎ᠠ ᠮᠥᠨ᠃ ᠠᠷᠠᠳ᠎ᠤᠨ ᠰᠠᠨᠠᠭ᠎ᠠ᠎ᠶ᠋ᠢ ᠵᠥᠷᠢᠴᠡᠵᠦ᠍ ᠪᠣᠯᠬᠤ ᠦᠭᠡᠢ᠂ ᠶᠡᠬᠡ ᠬᠠᠨᠳᠤᠰᠢ᠎ᠶ᠋ᠢ ᠰᠥᠷᠴᠦ᠍ ᠪᠣᠯᠬᠤ ᠦᠭᠡᠢ᠃ ᠶᠠᠮᠠᠷᠪᠠ ᠤᠯᠤᠰ᠂ ᠶᠠᠮᠠᠷᠪᠠ ᠬᠦᠴᠦᠨ᠂ ᠶᠠᠮᠠᠷᠪᠠ ᠬᠥᠮᠦᠨ ᠴᠥᠮ ᠳᠤᠮᠳᠠᠳᠤ ᠤᠯᠤᠰ᠎ᠤᠨ ᠵᠠᠰᠠᠭ᠎ᠤᠨ ᠣᠷᠳᠣᠨ ᠪᠠ ᠠᠷᠠᠳ ᠲᠦᠮᠡᠨ᠎ᠦ ᠤᠯᠤᠰ᠎ᠤᠨ ᠡᠷᠬᠡ ᠮᠡᠳᠡᠯ ᠪᠠ ᠨᠤᠲᠤᠭ ᠳᠡᠪᠢᠰᠭᠡᠷ᠎ᠦᠨ ᠪᠦᠷᠢᠨ ᠪᠦᠲᠦᠨ ᠪᠠᠢᠬᠤ᠎ᠶ᠋ᠢ ᠬᠠᠮᠠᠭᠠᠯᠠᠬᠤ᠂ ᠤᠯᠤᠰ᠎ᠤᠨ ᠨᠢᠭᠡᠳᠦᠯ ᠪᠠ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌ ᠢᠳᠡᠭᠡᠯ ᠵᠣᠷᠢᠭ᠂ ᠪᠠᠳᠤ ᠵᠣᠷᠢᠭ᠂ ᠬᠦᠴᠦᠷᠬᠡᠭ ᠶᠡᠬᠡ ᠴᠢᠳᠠᠪᠤᠷᠢ᠎ᠶ᠋ᠢ ᠪᠤᠷᠤᠭᠤ ᠪᠡᠷ ᠵᠢᠱ᠌ᠢᠵᠦ᠍ ᠪᠣᠯᠬᠤ ᠦᠭᠡᠢ᠃ ᠠᠮᠧᠷᠢᠺᠠ᠎ᠶ᠋ᠢᠨ ᠤᠯᠤᠰ᠎ᠤᠨ ᠬᠤᠷᠠᠯ᠎ᠤᠨ ᠲᠤᠤᠷᠠᠳᠤ ᠵᠥᠪᠯᠡᠯᠭᠡᠨ ᠤ᠋ ᠳᠠᠷᠤᠭ᠎ᠠ ᠳᠤᠮᠳᠠᠳᠤ ᠤᠯᠤᠰ᠎ᠤᠨ ᠲᠠᠢᠸᠠᠨ ᠣᠷᠣᠨ᠎ᠳᠤ ᠬᠡᠰᠦᠨ ᠠᠢᠯᠴᠢᠯᠠᠭ᠍ᠰᠠᠨ ᠪᠠᠢᠳᠠᠯ᠎ᠳᠤ ᠴᠢᠭ᠌ᠯᠡᠭᠦᠯᠦᠨ᠂ ᠳᠤᠮᠳᠠᠳᠤ ᠤᠯᠤᠰ ᠴᠢᠬᠤᠯᠠ ᠪᠦᠬᠦᠢ ᠠᠷᠭ᠎ᠠ ᠬᠡᠮᠵᠢᠶ᠎ᠡ ᠠᠪᠴᠤ᠌᠂ ᠤᠯᠤᠰ᠎ᠤᠨ ᠡᠷᠬᠡ ᠮᠡᠳᠡᠯ ᠪᠠ ᠨᠤᠲᠤᠭ ᠳᠡᠪᠢᠰᠭᠡᠷ᠎ᠦᠨ ᠪᠦᠷᠢᠨ ᠪᠦᠲᠦᠨ ᠪᠠᠢᠬᠤ᠎ᠪᠠᠨ ᠡᠷᠡᠰ ᠬᠠᠮᠠᠭᠠᠯᠠᠨ᠎ᠠ᠂ ᠡᠭᠦᠨ᠎ᠡᠴᠡ ᠪᠣᠯᠤᠭ᠍ᠰᠠᠨ ᠠᠯᠢᠪᠠ ᠦᠷ᠎ᠡ ᠳ᠋ᠦᠩ᠎ᠢ ᠡᠷᠬᠡᠪᠰᠢ ᠠᠮᠧᠷᠢᠺᠠ᠎ᠶ᠋ᠢᠨ ᠲᠠᠯ᠎ᠠ ᠪᠠ 《ᠲᠠᠢᠸᠠᠨ᠎ᠢ ᠲᠤᠰᠠᠭᠠᠷ ᠲᠣᠭ᠍ᠲᠠᠨᠢᠭᠤᠯᠬᠤ》  ᠬᠠᠭᠠᠴᠠᠭᠤᠯᠬᠤ ᠬᠦᠴᠦᠨ ᠬᠠᠷᠢᠭᠤᠴᠠᠬᠤ ᠬᠡᠷᠡᠭ᠌ᠲᠡᠢ᠃

ᠳᠤᠮᠳᠠᠳᠤ ᠠᠮᠧᠷᠢᠺᠠ ᠬᠣᠶᠠᠷ ᠲᠤᠮᠤ ᠤᠯᠤᠰ ᠪᠣᠯᠤᠭ᠍ᠰᠠᠨ᠎ᠤ ᠬᠤᠪᠢ᠎ᠳᠤ᠂ ᠵᠦᠪᠬᠡᠨ ᠬᠠᠷᠢᠯᠴᠠᠨ ᠬᠦᠨᠳᠦᠳᠭᠡᠵᠦ᠍᠂ ᠨᠠᠢᠷᠠᠮᠳᠠᠯ᠎ᠢᠶᠠᠷ ᠵᠡᠷᠭᠡᠴᠡᠨ ᠣᠷᠣᠱᠢᠵᠤ᠂ ᠡᠰᠡᠷᠭᠦᠴᠡᠯᠳᠦᠬᠦ᠌᠎ᠡᠴᠡ ᠵᠠᠢᠯᠠᠰᠭᠢᠵᠦ᠍᠂ ᠬᠠᠮᠲᠤᠷᠠᠨ ᠠᠵᠢᠯᠯᠠᠵᠤ ᠬᠠᠮᠲᠤ᠎ᠪᠠᠷ ᠠᠱᠢᠭ ᠬᠦᠷᠳᠡᠬᠦ᠌ ᠨᠢ ᠰᠠᠶᠢ ᠵᠥᠪ ᠶᠤᠮ᠃ ᠲᠠᠢᠸᠠᠨ᠎ᠤ ᠠᠰᠠᠭᠤᠳᠠᠯ ᠪᠣᠯ ᠲᠡᠷᠡ ᠴᠢᠭ᠎ᠢᠶᠡᠷ᠎ᠢᠶᠡᠨ ᠳᠤᠮᠳᠠᠳᠤ ᠤᠯᠤᠰ᠎ᠤᠨ ᠳᠣᠲᠣᠭᠠᠳᠤ ᠶᠠᠪᠤᠳᠠᠯ ᠮᠥᠨ᠂ ᠪᠤᠰᠤᠳ ᠶᠠᠮᠠᠷᠪᠠ ᠤᠯᠤᠰ ᠴᠥᠮ ᠲᠠᠢᠸᠠᠨ᠎ᠤ ᠠᠰᠠᠭᠤᠳᠠᠯ᠎ᠤᠨ ᠬᠢᠨᠠᠭ᠍ᠴᠢ ᠪᠣᠯᠬᠤ ᠡᠷᠬᠡ ᠦᠭᠡᠢ᠃ ᠳᠤᠮᠳᠠᠳᠤ ᠤᠯᠤᠰ᠎ᠤᠨ ᠲᠠᠯ᠎ᠠ᠎ᠡᠴᠡ ᠠᠮᠧᠷᠢᠺᠠ᠎ᠶ᠋ᠢᠨ ᠲᠠᠯ᠎ᠠ ᠵᠢ《ᠲᠠᠢᠸᠠᠨ ᠤ᠋ ᠨᠡᠷ᠎ᠡ》 ᠪᠠᠷ 《ᠲᠠᠢᠸᠠᠨ᠎ᠢᠶᠠᠷ ᠳᠤᠮᠳᠠᠳᠤ ᠤᠯᠤᠰ ᠢ᠋ ᠡᠷᠬᠡᠰᠢᠶᠡᠬᠦ》 ᠭᠤᠷᠢᠳᠠᠯᠭ᠎ᠠ ᠪᠠᠨ ᠵᠣᠭ᠍ᠰᠣᠭᠠᠵᠤ᠂ ᠲᠠᠢᠸᠠᠨ᠎ᠤ ᠬᠡᠷᠡᠭ ᠶᠠᠪᠤᠳᠠᠯ᠎ᠳᠤ ᠭᠠᠷ ᠲᠦᠷᠦᠭᠦ᠎ᠪᠡᠨ ᠵᠣᠭ᠍ᠰᠤᠵᠤ᠂ ᠡᠯ᠎ᠡ ᠵᠦᠢᠯ᠎ᠦᠨ ᠬᠡᠯᠪᠡᠷᠢ᠎ᠪᠡᠷ 《ᠲᠠᠢᠸᠠᠨ᠎ᠢ ᠲᠤᠰᠠᠭᠠᠷ ᠲᠣᠭ᠍ᠲᠠᠨᠢᠭᠤᠯᠬᠤ》 ᠬᠠᠭᠠᠴᠠᠭᠤᠯᠬᠤ ᠬᠦᠴᠦᠨ᠎ᠢ ᠳᠤᠷ᠎ᠠ᠎ᠪᠠᠷ ᠨᠢ ᠲᠠᠯᠪᠢᠬᠤ᠎ᠪᠠᠨ ᠵᠣᠭ᠍ᠰᠣᠭᠠᠵᠤ᠂ ᠲᠠᠢᠸᠠᠨ᠎ᠤ ᠠᠰᠠᠭᠤᠳᠠᠯ ᠳᠡᠭᠡᠷ᠎ᠡ ᠬᠡᠯᠡᠬᠦ᠌ ᠨᠢ ᠨᠢᠭᠡ ᠶᠠᠩᠵᠤ᠂ ᠬᠢᠬᠦ᠌ ᠨᠢ ᠨᠢᠭᠡ ᠶᠠᠩᠵᠤ ᠪᠠᠢᠬᠤ ᠪᠠᠨ ᠵᠤᠬᠰᠤᠭᠠᠵᠤ᠂ ᠨᠢᠭᠡ ᠯᠡ ᠳᠤᠮᠳᠠᠳᠤ ᠤᠯᠤᠰ ᠪᠠᠢᠬᠤ ᠵᠠᠷᠴᠢᠮ᠎ᠢ ᠪᠠᠯᠠᠷᠬᠠᠢᠰᠢᠭᠤᠯᠵᠤ ᠭᠠᠵᠢᠭᠤᠳᠠᠭᠤᠯᠬᠤ᠎ᠪᠠᠨ ᠵᠣᠭ᠍ᠰᠣᠭᠠᠵᠤ᠂ ᠪᠣᠳᠠᠲᠤ ᠠᠵᠢᠯᠯᠠᠭ᠎ᠠ᠎ᠪᠠᠷ᠎ᠢᠶᠠᠨ ᠨᠢᠭᠡ ᠳᠤᠮᠳᠠᠳᠤ ᠤᠯᠤᠰ ᠪᠠᠢᠬᠤ ᠵᠠᠷᠴᠢᠮ ᠪᠠ ᠳᠤᠮᠳᠠᠳᠤ ᠠᠮᠧᠷᠢᠺᠠ᠎ᠶ᠋ᠢᠨ ᠭᠤᠷᠪᠠᠨ ᠬᠠᠮᠲᠤᠷᠠᠭ᠍ᠰᠠᠨ ᠠᠯᠪᠠᠨ ᠮᠡᠳᠡᠭᠡ᠎ᠶ᠋ᠢᠨ ᠲᠣᠭ᠍ᠲᠠᠭᠠᠯ᠎ᠢ ᠬᠢᠴᠢᠶᠡᠩᠭᠦᠢᠯᠡᠨ ᠰᠠᠬᠢᠵᠤ᠂ ᠠᠮᠧᠷᠢᠺᠠ᠎ᠶ᠋ᠢᠨ ᠤᠳᠤᠷᠢᠳᠭᠤ ᠬᠥᠮᠦᠨ᠎ᠦ ᠬᠢᠭ᠌ᠰᠡᠨ 《〈ᠰᠢᠨ᠎ᠡ ᠬᠦᠢᠳᠡᠨ ᠲᠠᠢᠨ〉 ᠢ᠋ ᠬᠢᠬᠦ ᠦᠭᠡᠢ᠂ ᠲᠤᠮᠳᠠᠳᠤ ᠤᠯᠤᠰ ᠤ᠋ᠨ ᠪᠠᠢᠭᠤᠯᠤᠯ ᠢ᠋ ᠬᠤᠪᠢᠷᠠᠭᠤᠯᠬᠤ ᠪᠡᠷ ᠤᠷᠤᠯᠳᠤᠬᠤ ᠦᠭᠡᠢ᠂ ᠬᠤᠯᠪᠤᠭᠠᠨ ᠤ᠋ ᠬᠠᠷᠢᠴᠠᠭ᠎ᠠ ᠪᠡᠨ ᠴᠢᠩᠭᠠᠳᠬᠠᠵᠤ ᠲᠤᠮᠳᠠᠳᠤ ᠤᠯᠤᠰ ᠢ᠋ ᠡᠰᠡᠷᠭᠦᠴᠡᠬᠦ ᠦᠭᠡᠢ᠂ 〈ᠲᠠᠢᠸᠠᠨ᠎ᠢ ᠲᠤᠰᠠᠭᠠᠷ ᠲᠣᠭ᠍ᠲᠠᠨᠢᠭᠤᠯᠬᠤ〉 ᠵᠢ ᠲᠡᠮᠵᠢᠬᠦ ᠦᠭᠡᠢ᠂ ᠲᠤᠮᠳᠠᠳᠤ ᠤᠯᠤᠰ ᠯᠤᠭ᠎ᠠ ᠮᠦᠷᠭᠦᠯᠳᠦᠭᠡᠨ ᠡᠰᠡᠷᠭᠦᠴᠡᠯᠳᠦᠯ  ᠡᠬᠦᠰᠬᠡᠬᠦ ᠰᠠᠨᠠᠭ᠎ᠠ ᠦᠭᠡᠢ》 ᠭᠡᠬᠦ ᠠᠮᠠᠯᠠᠯᠲᠠ᠎ᠶ᠋ᠢ ᠦᠨᠡᠨ ᠬᠦ᠌ ᠪᠣᠳᠠᠲᠠᠢ᠎ᠳᠤ ᠨᠠᠢᠳᠠᠪᠤᠷᠢᠵᠢᠭᠤᠯᠵᠤ᠂ ᠭᠠᠵᠢᠭᠤ ᠪᠤᠷᠤᠭᠤ ᠪᠠ ᠠᠶᠤᠯ ᠲᠦᠭ᠌ᠰᠢᠭᠦᠷᠢ᠎ᠲᠠᠢ ᠵᠠᠮ᠎ᠢᠶᠡᠷ ᠶᠠᠪᠤᠬᠤ ᠲᠤᠳᠤᠮ ᠬᠣᠯᠠᠳᠠᠵᠤ ᠪᠣᠯᠬᠤ ᠦᠭᠡᠢ ᠬᠡᠵᠤ ᠲᠦᠪ ᠴᠢᠩᠭ᠎ᠠ ᠪᠡᠷ ᠱᠠᠭᠠᠷᠳᠠᠵᠤ ᠪᠠᠢᠨ᠎ᠠ᠃

(ᠱᠢᠨᠬᠤᠸᠠ ᠬᠣᠷᠢᠶᠠᠨ᠎ᠤ ᠪᠡᠭᠡᠵᠢᠩ᠎ᠦᠨ 8 ᠰᠠᠷ᠎ᠠ᠎ᠶ᠋ᠢᠨ 2 ᠎ᠤ᠋ᠨ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠮᠦᠩᠭᠦᠨᠬᠤᠸᠠᠷ
ᠱᠢᠡᠬᠤᠸᠠ ᠬᠤᠷᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号