8 ᠰᠠᠷ᠎ᠠ᠎ᠶ᠋ᠢᠨ 3 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠲᠡᠷᠢᠭᠦᠯᠡᠭ᠌ᠴᠢ ᠸᠠᠩ ᠯᠢ ᠱᠢᠶᠠ ᠤᠯᠠᠭᠠᠨᠴᠠᠪ ᠬᠤᠳᠠ᠂ ᠡᠷᠢᠶᠡᠨ ᠬᠤᠳᠠ᠎ᠶ᠋ᠢᠨ ᠬᠢᠵᠢᠭ᠎ᠦᠨ ᠪᠠᠢᠳᠠᠯ᠎ᠢ ᠱᠢᠢᠳᠪᠦᠷᠢᠯᠡᠬᠦ᠌ ᠠᠵᠢᠯ᠎ᠢ ᠸᠢᠳᠢᠣ᠋᠎ᠪᠠᠷ ᠲᠤᠬᠢᠷᠠᠭᠤᠯᠪᠠ᠃
ᠪᠠᠢᠳᠠᠯ᠎ᠤᠨ ᠬᠠᠷᠢᠭᠤ ᠮᠡᠳᠡᠭᠦᠯᠦᠯᠲᠡ᠎ᠶ᠋ᠢ ᠰᠣᠨᠣᠰᠤᠭ᠍ᠰᠠᠨ᠎ᠤ ᠳᠠᠷᠠᠭ᠎ᠠ ᠸᠠᠩ ᠯᠢ ᠱᠢᠶᠠ᠂ ᠣᠳᠣᠬᠠᠨ᠎ᠳᠤ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠᠢᠳᠠᠯ ᠬᠦᠨᠳᠦ ᠬᠡᠴᠡᠭᠦᠦ ᠨᠠᠷᠢᠨ ᠪᠤᠳᠤᠯᠢᠶᠠᠨᠲᠠᠶ ᠪᠠᠢᠨ᠎ᠠ᠃ ᠡᠷᠬᠡᠪᠰᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠬᠦᠴᠦᠨ᠎ᠢᠶᠡᠨ ᠨᠡᠢᠳᠭᠡᠵᠦ᠍᠂ ᠪᠥᠭᠡᠮ ᠬᠦᠴᠢᠯ᠎ᠦᠨ ᠪᠠᠢᠴᠠᠭᠠᠯᠲᠠ᠂ ᠲᠠᠬᠤᠯ ᠡᠪᠡᠳᠴᠢᠨ᠎ᠦ ᠪᠠᠢᠴᠠᠭᠠᠯᠲᠠ ᠬᠢᠵᠥ ᠡᠬᠢ ᠡᠬᠦᠰᠦᠯ᠎ᠢ ᠮᠥᠷᠳᠡᠬᠦ᠌᠂ ᠲᠤᠰᠠᠭᠠᠷᠯᠠᠵᠥ ᠬᠠᠮᠢᠶᠠᠷᠤᠨ ᠡᠵᠡᠮᠳᠡᠬᠦ᠌᠂ ᠡᠮᠴᠢᠯᠡᠭᠡᠨ᠎ᠦ ᠠᠪᠤᠷᠠᠨ ᠵᠠᠰᠠᠬᠤ ᠴᠢᠳᠠᠪᠤᠷᠢ᠎ᠪᠠᠨ ᠪᠥᠬᠥ᠌ ᠲᠠᠯ᠎ᠠ᠎ᠪᠠᠷ ᠳᠡᠭᠡᠭ᠌ᠰᠢᠯᠡᠭᠦᠯᠵᠦ᠍᠂ ᠲᠤᠰᠠᠭᠠᠷᠯᠠᠬᠤ ᠴᠡᠭ᠎ᠦᠨ ᠰᠣᠯᠪᠢᠴᠠᠭ᠍ᠰᠠᠨ ᠬᠠᠯᠳᠠᠪᠤᠷᠢᠯᠠᠯ ᠪᠠ ᠡᠮᠨᠡᠯᠭᠡ᠎ᠶ᠋ᠢᠨ ᠬᠣᠷᠢᠶᠠᠨ᠎ᠤ ᠬᠠᠯᠳᠠᠪᠤᠷᠢᠯᠠᠯ ᠡᠭᠦᠰᠭᠦ᠎ᠶ᠋ᠢ ᠡᠷᠡᠰ ᠬᠣᠷᠢᠭ᠍ᠯᠠᠵᠤ᠂ ᠬᠢᠵᠢᠭ᠎ᠦᠨ ᠪᠠᠢᠳᠠᠯ ᠭᠠᠳᠠᠭ᠍ᠰᠢ ᠳᠠᠷᠬᠠᠨ ᠳᠡᠯᠭᠡᠷᠡᠬᠦ᠌ ᠠᠶᠤᠯ ᠲᠦᠭ᠌ᠰᠢᠭᠦᠷᠢ ᠪᠠ ᠰᠡᠷᠭᠡᠢᠯᠡᠨ ᠡᠵᠡᠮᠳᠡᠬᠦ᠌ ᠠᠷᠭ᠎ᠠ ᠬᠡᠮᠵᠢᠶ᠎ᠡ᠎ᠶ᠋ᠢ ᠪᠣᠳᠠᠲᠠᠶ ᠨᠠᠢᠳᠠᠪᠤᠷᠢᠵᠢᠭᠤᠯᠤᠭ᠍ᠰᠠᠨ ᠥᠬᠡᠶ᠎ᠡᠴᠡ ᠪᠣᠯᠤᠭ᠍ᠰᠠᠨ ᠠᠶᠤᠯ ᠲᠦᠭ᠌ᠰᠢᠭᠦᠷᠢ᠎ᠶ᠋ᠢ ᠴᠢᠩᠭ᠎ᠠ ᠰᠡᠷᠭᠡᠢᠯᠡᠬᠦ᠌ ᠬᠡᠷᠡᠭ᠌ᠲᠡᠶ᠃ ᠨᠢᠭᠡ ᠲᠠᠯ᠎ᠠ᠎ᠪᠠᠷ ᠡᠪᠡᠳᠴᠢᠨ᠎ᠤ ᠵᠢᠱ᠌ᠢᠶ᠎ᠡ ᠶ᠋ᠢ ᠦᠬᠡᠢ ᠪᠤᠯᠭᠠᠬᠤ ᠠᠵᠢᠯ᠎ᠢ ᠠᠳᠭᠤᠵᠤ᠂ ᠨᠥᠭᠥᠭᠡ ᠲᠠᠯ᠎ᠠ᠎ᠪᠠᠷ ᠸᠢᠷᠦ᠋ᠰ᠎ᠦᠨ ᠡᠬᠢ ᠡᠬᠦᠰᠦᠯ᠎ᠢ ᠡᠷᠢᠬᠦ᠌ᠠᠵᠢᠯᠢ ᠠᠳᠭᠤᠵᠤ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠬᠢᠭᠡᠳ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢ ᠨᠢᠭᠡᠳᠦᠯᠲᠡᠶ ᠲᠥᠯᠥᠪᠵᠢᠭᠦᠯᠵᠦ᠍᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠬᠢᠭᠡᠳ ᠬᠢᠯᠢ ᠵᠢᠨ ᠪᠣᠭᠣᠮᠲᠠ᠎ᠪᠠᠷ ᠰᠠᠭᠠᠳ ᠥᠬᠡᠶ ᠨᠡᠪᠲᠡᠷᠡᠬᠦ᠌᠎ᠶ᠋ᠢ ᠪᠠᠳᠤᠯᠠᠬᠤ ᠵᠢ ᠨᠢᠭᠡᠳᠦᠯᠲᠡᠶ ᠲᠥᠯᠥᠪᠵᠢᠭᠦᠯᠵᠦ᠍᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠬᠢᠭᠡᠳ ᠣᠯᠠᠨ ᠲᠦᠮᠡᠨ᠎ᠦ ᠬᠡᠪ᠎ᠦᠨ ᠡᠮ ᠬᠡᠷᠡᠭ᠌ᠯᠡᠵᠦ᠍ ᠡᠪᠡᠳᠴᠢᠨ ᠦᠵᠡᠭᠦᠯᠬᠦ᠌ ᠬᠡᠷᠡᠭ᠌ᠴᠡᠭᠡ ᠱᠠᠭᠠᠷᠳᠠᠯᠭ᠎ᠠ᠎ᠶ᠋ᠢ ᠨᠢᠭᠡᠳᠦᠯᠲᠡᠶ ᠲᠥᠯᠥᠪᠵᠢᠭᠦᠯᠵᠦ᠍᠂ ᠡᠯ᠎ᠡ ᠵᠦᠶ᠋ᠯ᠎ᠦᠨ ᠰᠡᠷᠭᠡᠢᠯᠡᠨ ᠡᠵᠡᠮᠳᠡᠬᠦ᠌ ᠠᠷᠭ᠎ᠠ ᠬᠡᠮᠵᠢᠶ᠎ᠡ᠎ᠶ᠋ᠢ ᠲᠡᠷᠡ ᠶᠣᠰᠣᠭᠠᠷ᠎ᠨᠢ ᠪᠣᠳᠠᠲᠠᠶ᠎ᠳᠤ ᠨᠠᠢᠳᠠᠪᠤᠷᠢᠵᠢᠭᠤᠯᠵᠤ᠂ ᠬᠠᠮᠤᠭ᠎ᠤᠨ ᠣᠬᠣᠷ ᠬᠤᠭᠤᠴᠠᠭ᠎ᠠ᠂ ᠬᠠᠮᠤᠭ᠎ᠤᠨ ᠪᠠᠭ᠎ᠠ ᠦᠷᠡᠭ᠌ᠳᠡᠯ᠎ᠢᠶᠡᠷ ᠬᠢᠵᠢᠭ᠎ᠦᠨ ᠪᠠᠢᠳᠠᠯ᠎ᠤᠨ ᠬᠣᠷᠢᠭ᠍ᠯᠠᠯᠲᠠ᠎ᠶ᠋ᠢᠨ ᠳᠠᠢᠯᠠᠯᠳᠤᠭᠠᠨ᠎ᠤ ᠪᠥᠬᠥ᠌ ᠲᠠᠯ᠎ᠠ᠎ᠶ᠋ᠢᠨ ᠢᠯᠠᠯᠲᠠ᠎ᠶ᠋ᠢ ᠲᠡᠮᠡᠴᠡᠨ ᠤᠯᠬᠤ ᠬᠡᠷᠡᠭ᠌ᠲᠡᠶ ᠭᠡᠵᠦ᠍ ᠴᠢᠬᠤᠯᠠᠴᠢᠯᠠᠪᠠ᠃
ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠬᠤᠸᠠᠩ ᡁᠢ ᠴᠢᠶᠠᠩ᠂ ᠪᠦᠦ ᠱᠢᠶᠠᠨ ᠬᠤᠸᠠ᠂ ᠵᠧᠩ ᠭᠤᠸᠠᠩ ᠵᠤᠤ ᠲᠤᠰ ᠲᠤᠰ ᠬᠥᠬᠡᠬᠣᠲᠠ ᠪᠣᠯᠤᠨ ᠡᠷᠢᠶᠡᠨ ᠬᠤᠳᠠ᠎ᠳᠤ ᠬᠤᠷᠠᠯ᠎ᠳᠤ ᠣᠷᠣᠯᠴᠠᠪᠠ᠃
2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635372
ᠢᠮᠧᠯ᠄tn@mgyxw.net 蒙ICP备10000005号