ᠮᠠᠨ ᠤ᠋ ᠤᠷᠤᠨ ᠮᠠᠯᠵᠢᠬᠤ ᠲᠠᠷᠢᠶᠠᠯᠠᠬᠤ ᠡᠷᠦᠬᠡ ᠢ᠋ᠢᠨ ᠵᠣᠷᠯᠣᠩ ᠢ᠋ ᠥᠭᠡᠷᠡᠴᠢᠯᠡᠨ ᠪᠠᠢᠭᠤᠯᠬᠤ ᠠᠵᠢᠯ ᠤ᠋ᠨ ᠲᠤᠰᠭᠠᠶ ᠮᠡᠷᠭᠡᠵᠢᠯᠲᠡᠨ ᠤ᠋ ᠳᠤᠭᠤᠢᠯᠠᠩ ᠪᠠᠢᠭᠤᠯᠪᠠ
2022-08-04 10:10:01
ᠵᠣᠬᠢᠶᠠᠭ᠍ᠴᠢ᠄
ᠰᠠᠷᠭᠠᠢ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭ᠍ᠴᠢ ᠥᠪᠡᠷᠲᠡᠭᠡᠨ ᠵᠠᠰᠠᠬᠤ ᠣᠷᠣᠨ ᠤ᠋ ᠬᠥᠳᠡᠭᠡ ᠲᠣᠰᠭᠣᠨ ᠢ᠋ ᠬᠥᠭ᠌ᠵᠢᠭᠦᠯᠦᠨ ᠮᠠᠨᠳᠤᠭᠤᠯᠬᠤ ᠲᠣᠪᠴᠢᠶ᠎ᠠ ᠡᠴᠡ ᠣᠢᠯᠠᠭᠠᠭ᠍ᠰᠠᠨ ᠵᠢᠡᠷ᠂ ᠮᠠᠨ ᠤ᠋ ᠤᠷᠤᠨ ᠬᠦᠳᠡᠬᠡ ᠠᠵᠤ ᠠᠬᠤᠢ ᠬᠦᠳᠡᠬᠡ ᠲᠤᠰᠬᠤᠨ ᠤ᠋ ᠶᠠᠮᠤᠨ ᠵᠡᠷᠬᠡ ᠨᠠᠢ᠍ᠮᠠᠨ ᠶᠠᠮᠤᠨ ᠵᠦᠪᠯᠡᠯ ᠤ᠋ᠨ《〈ᠠᠷᠪᠠᠨ ᠳᠥᠷᠪᠡᠳᠦᠭᠡᠷ ᠲᠠᠪᠤᠨ ᠵᠢᠯ〉ᠤ᠋ᠨ ᠬᠥᠳᠡᠭᠡ ᠲᠣᠰᠭᠣᠨ ᠤ᠋ ᠵᠣᠷᠯᠣᠩ ᠤ᠋ᠨ ᠬᠤᠪᠢᠰᠭᠠᠯ ᠢ᠋ ᠯᠠᠪᠳᠠᠭᠤᠨ ᠪᠠᠲᠤᠲᠠᠶ ᠠᠬᠢᠭᠤᠯᠬᠤ ᠲᠤᠬᠠᠶ ᠵᠢᠯᠣᠭᠣᠳᠭᠤ ᠰᠠᠨᠠᠯ》ᠢ᠋ ᠨᠠᠢᠳᠠᠪᠤᠷᠢᠵᠢᠭᠤᠯᠵᠤ᠂ ᠮᠡᠷᠭᠡᠵᠢᠯ ᠤ᠋ᠨ ᠵᠢᠯᠣᠭᠣᠳᠣᠯᠭ᠎ᠠ ᠬᠢᠬᠡᠳ ᠦᠶ᠋ᠯᠡᠴᠢᠯᠡᠭᠡ ᠢ᠋ᠢ ᠴᠢᠩᠭᠠᠳᠭᠠᠬᠤ ᠢ᠋ᠢᠨ ᠲᠥᠯᠥᠭᠡ᠂ ᠣᠢᠷ᠎ᠠ ᠳ᠋ᠤ ᠮᠠᠯᠵᠢᠬᠤ ᠲᠠᠷᠢᠶᠠᠯᠠᠬᠤ ᠡᠷᠦᠬᠡ ᠢ᠋ᠢᠨ ᠵᠣᠷᠯᠣᠩ ᠢ᠋ ᠥᠭᠡᠷᠡᠴᠢᠯᠡᠨ ᠪᠠᠢᠭᠤᠯᠬᠤ ᠠᠵᠢᠯ ᠤ᠋ᠨ ᠲᠤᠰᠭᠠᠶ ᠮᠡᠷᠭᠡᠵᠢᠯᠲᠡᠨ ᠤ᠋ ᠳᠤᠭᠤᠢᠯᠠᠩ ᠢ᠋ ᠪᠠᠢᠭᠤᠯᠪᠠ᠃

ᠲᠤᠰᠭᠠᠶ ᠮᠡᠷᠭᠡᠵᠢᠯᠲᠡᠨ ᠤ᠋ ᠳᠤᠭᠤᠢᠯᠠᠩ ᠨᠢ ᠵᠢᠷᠤᠭ ᠲᠥᠯᠥᠪᠯᠡᠭᠡ ᠂  ᠦᠨ᠎ᠡ ᠬᠠᠩᠰᠢ᠂ ᠶᠠᠰᠤ ᠴᠢᠨᠠᠷ ᠂ ᠪᠠᠷᠢᠯᠭ᠎ᠠ ᠂ ᠬᠠᠮᠢᠶᠠᠷᠤᠯᠲᠠ ᠂ ᠡᠪᠡᠳᠴᠢᠨ ᠡᠮᠭᠡᠭ ᠢ᠋ ᠰᠡᠷᠭᠡᠢᠯᠡᠨ ᠡᠵᠡᠮᠳᠡᠬᠦ᠌᠂ ᠠᠮᠢ ᠠᠬᠤᠶ ᠣᠷᠴᠢᠨ ᠲᠣᠭᠣᠷᠢᠨ ᠤ᠋ ᠬᠠᠮᠠᠭᠠᠯᠠᠯᠲᠠ ᠵᠡᠷᠭᠡ ᠬᠠᠮᠢᠶ᠎ᠠ ᠪᠥᠬᠥᠶ ᠲᠤᠰᠭᠠᠶ ᠮᠡᠷᠭᠡᠵᠢᠯ ᠤ᠋ᠨ ᠠᠵᠢᠯᠳᠡᠨ ᠢ᠋ᠢᠡᠷ ᠪᠦᠷᠢᠯᠳᠦᠵᠠᠢ᠃ ᠲᠤᠰᠭᠠᠶ ᠮᠡᠷᠭᠡᠵᠢᠯᠲᠡᠨ ᠤ᠋ ᠳᠤᠭᠤᠢᠯᠠᠩ ᠨᠢ ᠪᠥᠬᠥ᠌ ᠣᠷᠣᠨ ᠤ᠋ ᠮᠠᠯᠵᠢᠬᠤ ᠲᠠᠷᠢᠶᠠᠯᠠᠬᠤ ᠡᠷᠦᠬᠡ ᠵᠢᠨ ᠵᠣᠷᠯᠣᠩ ᠢ᠋ ᠥᠭᠡᠷᠡᠴᠢᠯᠡᠬᠦ᠌ ᠠᠵᠢᠯ ᠳ᠋ᠤ ᠲᠤᠬᠠᠢᠯᠠᠭ᠍ᠰᠠᠨ ᠠᠵᠢᠯ ᠤ᠋ᠨ ᠵᠥᠪᠯᠡᠯᠭᠡ ᠦᠭᠬᠦ ᠂ ᠮᠡᠷᠭᠡᠵᠢᠯ ᠤ᠋ᠨ ᠵᠢᠯᠣᠭᠣᠳᠣᠯᠭ᠎ᠠ ᠬᠠᠨᠭᠭᠠᠬᠤ ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠪᠤᠯᠪᠠᠰᠤᠷᠠᠯ ᠬᠦᠷᠳᠡᠬᠡᠬᠦ᠂ ᠦᠶ᠋ᠯᠡᠳᠬᠦᠨ ᠢ᠋ ᠰᠤᠳᠤᠯᠤᠨ ᠨᠡᠭᠡᠭᠡᠬᠦ᠌ ᠵᠡᠷᠭᠡ ᠦᠶ᠋ᠯᠡᠴᠢᠯᠡᠭᠡᠨ ᠤ᠋ ᠪᠠᠲᠤᠯᠠᠭ᠎ᠠ ᠬᠠᠨᠭᠭᠠᠬᠤ ᠪᠡᠷ ᠭᠤᠤᠯ ᠡᠬᠦᠷᠭᠡ ᠬᠠᠷᠢᠭᠤᠴᠠᠯᠭ᠎ᠠ ᠪᠡᠨ ᠪᠤᠯᠭᠠᠵᠤ ᠂ ᠪᠥᠬᠥ᠌ ᠣᠷᠣᠨ ᠤ᠋ ᠮᠠᠯᠵᠢᠬᠤ ᠲᠠᠷᠢᠶᠠᠯᠠᠬᠤ ᠡᠷᠦᠬᠡ ᠵᠢᠨ ᠵᠣᠷᠯᠣᠩ ᠢ᠋ ᠥᠭᠡᠷᠡᠴᠢᠯᠡᠬᠦ᠌ ᠠᠵᠢᠯ ᠤ᠋ᠨ ᠱᠢᠯᠭᠠᠨ ᠠᠪᠬᠤ ᠪᠠ ᠬᠠᠮᠢᠶ᠎ᠠ ᠪᠥᠬᠥᠶ ᠮᠡᠷᠭᠡᠵᠢᠯ ᠤ᠋ᠨ ᠪᠠᠷᠢᠮᠵᠢᠶ᠎ᠠ᠂ ᠠᠵᠢᠯ ᠤ᠋ᠨ ᠲᠥᠰᠦᠯ ᠲᠣᠭ᠍ᠲᠠᠭᠠᠬᠤ ᠵᠢᠴᠢ ᠨᠤᠲᠠᠯᠠᠬᠤ ᠠᠵᠢᠯ ᠳ᠋ᠤ ᠤᠷᠤᠯᠴᠠᠵᠤ᠂ ᠵᠣᠷᠯᠣᠩ ᠢ᠋ ᠥᠭᠡᠷᠡᠴᠢᠯᠡᠬᠦ᠌ ᠦᠶ᠋ᠯᠡᠳᠬᠦᠨ ᠪᠤᠯᠤᠨ ᠮᠡᠷᠭᠡᠵᠢᠯ ᠤ᠋ᠨ ᠲᠤᠷᠱᠢᠯᠲᠠ ᠬᠢᠵᠦ᠍ ᠵᠢᠱ᠌ᠢᠶ᠎ᠡ ᠦᠵᠡᠭᠦᠯᠬᠦ᠌ ᠪᠠ ᠳᠡᠯᠭᠡᠨ ᠦᠵᠡᠭᠦᠯᠬᠦ᠌ ᠠᠵᠢᠯ ᠢ᠋ ᠡᠭᠦᠷᠭᠡᠯᠡᠨ᠂ ᠪᠦᠬᠦ ᠣᠷᠣᠨ ᠤ᠋ ᠮᠠᠯᠵᠢᠬᠤ ᠲᠠᠷᠢᠶᠠᠯᠠᠬᠤ ᠡᠷᠦᠬᠡ ᠢ᠋ᠢᠨ ᠵᠣᠷᠯᠣᠩ ᠢ᠋ ᠦᠬᠡᠷᠡᠴᠢᠯᠡᠨ ᠪᠠᠢᠭᠤᠯᠬᠤ ᠠᠵᠢᠯ ᠢ᠋ ᠬᠢᠨᠠᠨ ᠵᠢᠯᠣᠭᠣᠳᠭᠤ ᠂ ᠪᠠᠢᠴᠠᠭᠠᠨ ᠰᠤᠳᠤᠯᠬᠤ᠂ ᠨᠢᠭᠤᠴᠠ ᠪᠡᠷ ᠰᠤᠷᠪᠤᠯᠵᠢᠯᠠᠬᠤ ᠵᠡᠷᠭᠡ ᠠᠵᠢᠯᠯᠠᠭ᠎ᠠ ᠳ᠋ᠤ ᠣᠷᠣᠯᠴᠠᠨ᠎ᠠ ᠃

ᠲᠤᠰᠭᠠᠶ ᠮᠡᠷᠭᠡᠵᠢᠯᠲᠡᠨ ᠤ᠋ ᠳᠤᠭᠤᠢᠯᠠᠩ ᠪᠠᠢᠭᠤᠯᠤᠭ᠍ᠳᠠᠬᠤ ᠬᠤᠷᠠᠯ ᠡᠴᠡ᠂ ᠲᠤᠰᠭᠠᠶ ᠮᠡᠷᠭᠡᠵᠢᠯᠲᠡᠨ ᠤ᠋ ᠳᠤᠭᠤᠢᠯᠠᠩ ᠤ᠋ᠨ ᠬᠢᠨ ᠳᠠᠷᠤᠶ ᠲᠦᠷᠭᠡᠨ ᠪᠠᠢᠳᠠᠯ ᠢ᠋ ᠣᠢᠯᠠᠭᠠᠨ ᠂ ᠲᠥᠷᠥ ᠢ᠋ᠢᠨ ᠪᠣᠳᠣᠯᠭ᠎ᠠ ᠵᠢᠴᠢ ᠬᠠᠮᠢᠶ᠎ᠠ ᠪᠥᠬᠥᠶ ᠮᠡᠷᠭᠡᠵᠢᠯ ᠤ᠋ᠨ ᠱᠠᠭᠠᠷᠳᠠᠯᠭ᠎ᠠ ᠢ᠋ᠢ ᠣᠢᠯᠠᠭᠠᠵᠤ ᠂ ᠪᠥᠬᠥ᠌ ᠣᠷᠣᠨ ᠤ᠋ ᠡᠯ᠎ᠡ ᠭᠠᠵᠠᠷ ᠤ᠋ᠨ ᠮᠠᠯᠵᠢᠬᠤ ᠲᠠᠷᠢᠶᠠᠯᠠᠬᠤ ᠡᠷᠦᠬᠡ ᠵᠢᠨ ᠵᠣᠷᠯᠣᠩ ᠢ᠋ ᠥᠭᠡᠷᠡᠴᠢᠯᠡᠬᠦ᠌ ᠮᠡᠷᠭᠡᠵᠢᠯ ᠤ᠋ᠨ ᠵᠠᠭ᠍ᠪᠤᠷ ᠢ᠋ ᠱᠢᠨᠵᠢᠯᠡᠬᠦ᠌ ᠤᠬᠠᠭᠠᠨᠴᠢ ᠪᠡᠷ ᠰᠣᠩᠭᠣᠬᠤ ᠢ᠋ᠢ ᠤᠷᠤᠨ ᠨᠤᠳᠤᠭ ᠤ᠋ᠨ ᠪᠤᠳᠠᠳᠤ ᠪᠠᠢᠳᠠᠯ ᠳ᠋ᠤᠨᠢ ᠲᠣᠬᠢᠷᠠᠭᠤᠯᠤᠨ ᠲᠥᠷᠥᠯ ᠬᠤᠪᠢᠶᠠᠨ ᠵᠢᠯᠣᠭᠣᠳᠴᠤ᠌ ᠂ ᠮᠡᠷᠭᠡᠵᠢᠯ ᠤ᠋ᠨ ᠦᠶ᠋ᠯᠡᠴᠢᠯᠡᠭᠡ ᠢ᠋ᠢ ᠪᠠᠢᠩᠭᠤᠵᠢᠭᠤᠯᠬᠤ ᠬᠡᠷᠡᠭᠳᠠᠢ ; ᠲᠤᠰᠭᠠᠶ ᠮᠡᠷᠭᠡᠵᠢᠯᠲᠡᠳ ᠵᠣᠷᠯᠣᠩ ᠤ᠋ᠨ ᠥᠭᠡᠷᠡᠴᠢᠯᠡᠯᠲᠡ ᠢ᠋ᠢᠨ ᠠᠵᠢᠯ ᠳ᠋ᠤ ᠣᠷᠣᠯᠴᠠᠬᠤ ᠳ᠋ᠠᠭᠠᠨ ᠲᠤᠬᠠᠢᠯᠠᠭ᠍ᠰᠠᠨ ᠠᠵᠢᠯ ᠤ᠋ᠨ ᠰᠠᠬᠢᠯᠭ᠎ᠠ ᠪᠠᠲᠤ ᠢ᠋ᠢ ᠵᠢᠷᠤᠮᠯᠠᠨ᠂ ᠬᠠᠤᠯᠢ ᠲᠣᠭ᠍ᠲᠠᠭᠠᠯ ᠶᠣᠰᠣᠭᠠᠷ ᠪᠤᠰᠤᠳᠴᠢ ᠪᠦᠭᠡᠳ ᠲᠥᠪ ᠭᠤᠤᠯᠴᠢ ᠪᠠᠢᠵᠤ᠂ ᠦᠨᠡᠨ ᠡᠴᠡ ᠵᠥᠪ ᠢ᠋ ᠡᠷᠢᠬᠦ ᠠᠵᠢᠯ᠎ᠤᠨ ᠤᠪᠤᠷ ᠵᠢᠡᠷ ᠥᠷᠨᠢᠭᠦᠯᠬᠦ ᠬᠡᠷᠡᠭ᠌ᠲᠡᠶ ᠬᠡᠵᠤ ᠱᠠᠭᠠᠷᠳᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号