ᠡᠯ᠎ᠡ ᠭᠠᠵᠠᠷ ᠤᠷᠤᠨ᠎ᠤ ᠬᠢᠨ ᠨᠠᠮ᠎ᠤᠨ ᠲᠥᠪ ᠬᠣᠷᠢᠶ᠎ᠠ᠂ᠲᠥᠷᠥ᠎ᠶ᠋ᠢᠨ ᠶᠠᠪᠤᠳᠠᠯ᠎ᠤᠨ ᠬᠣᠷᠢᠶᠠᠨ᠎ᠤ ᠱᠢᠶ᠋ᠳᠪᠦᠷᠢᠲᠦ ᠪᠣᠳᠣᠯᠭ᠎ᠠ᠎ᠶ᠋ᠢᠨ ᠪᠠᠢᠷᠢᠯᠠᠭᠤᠯᠤᠯᠲᠠ ᠵᠢ ᠨᠠᠷᠢᠨ ᠬᠢᠨᠠᠮᠠᠭᠠᠢ ᠲᠤᠭᠤᠰᠢᠯᠠᠭᠤᠯᠬᠤ ᠵᠢ ᠠᠬᠢᠭᠤᠯᠵᠤ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠵᠦ᠂ ᠠᠵᠤ ᠠᠬᠤᠶ᠎ᠶ᠋ᠢ ᠲᠣᠭ᠍ᠲᠠᠭᠤᠨ ᠪᠠᠢᠯᠭᠠᠬᠤ᠂ ᠬᠥᠭ᠌ᠵᠢᠯᠲᠡ ᠵᠢ ᠠᠮᠤᠷ ᠲᠦᠪᠱᠢᠨ ᠪᠠᠢᠯᠭᠠᠬᠤ ᠱᠠᠭᠠᠷᠳᠠᠯᠭ᠎ᠠ ᠵᠢ ᠪᠦᠬᠦ ᠲᠠᠯ᠎ᠠ ᠪᠡᠷ ᠨᠠᠢᠳᠠᠪᠦᠷᠢᠵᠢᠭᠤᠯᠵᠤ᠂ ᠲᠥᠪ᠎ᠦᠨ ᠠᠵᠤ ᠠᠬᠤᠢ᠎ᠶ᠋ᠢᠨ ᠠᠵᠢᠯ᠎ᠤᠨ ᠬᠤᠷᠠᠯ ᠪᠠ 《ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ》 ᠳ᠋ᠤ ᠲᠣᠭ᠍ᠲᠠᠭᠠᠭ᠍ᠰᠠᠨ ᠲᠦᠷᠦ᠍᠎ᠶ᠋ᠢᠨ ᠪᠤᠳᠤᠯᠭ᠎ᠠ᠂ ᠠᠵᠤ ᠠᠬᠤᠶ᠎ᠶ᠋ᠢ ᠲᠣᠭ᠍ᠲᠠᠪᠤᠷᠢᠵᠢᠭᠤᠯᠬᠤ ᠠᠯᠢ ᠣᠯᠠᠨ ᠠᠷᠭ᠎ᠠ ᠬᠡᠮᠵᠢᠶ᠎ᠡ᠎ᠶ᠋ᠢ ᠲᠦᠷᠭᠡᠪᠴᠢᠯᠡᠨ ᠨᠠᠢᠳᠠᠪᠤᠷᠢᠵᠢᠭᠤᠯᠵᠤ᠂ ᠠᠵᠤ ᠠᠬᠤᠢ᠎ᠶ᠋ᠢᠨ ᠠᠵᠢᠯᠯᠠᠭ᠎ᠠ᠎ᠨᠢ ᠵᠣᠬᠢᠰᠲᠠᠢ ᠬᠡᠪᠴᠢᠶᠡᠨ᠎ᠳᠤ ᠪᠠᠢᠯᠭᠠᠬᠤ ᠵᠢ ᠪᠠᠲᠤᠯᠠᠬᠤ ᠵᠢᠨ ᠲᠦᠯᠦᠭᠡ᠂ ᠲᠥᠷᠥ᠎ᠶ᠋ᠢᠨ ᠶᠠᠪᠤᠳᠠᠯ᠎ᠤᠨ ᠬᠣᠷᠢᠶ᠎ᠠ 8 ᠰᠠᠷ᠎ᠠ᠎ᠶ᠋ᠢᠨ ᠰᠡᠬᠦᠯᠴᠢ ᠪᠡᠷ ᠶᠢᠰᠦᠳᠦᠭᠡᠷ ᠤᠳᠠᠭᠠᠨ᠎ᠤ ᠶᠡᠬᠡ ᠱᠠᠯᠠᠪᠳᠠᠭᠤᠯᠤᠨ ᠪᠠᠢᠴᠠᠭᠠᠯᠲᠠ᠎ᠶ᠋ᠢ ᠵᠣᠬᠢᠶᠠᠨ ᠪᠠᠢᠭᠤᠯᠤᠨ ᠥᠷᠨᠢᠭᠦᠯᠵᠦ᠂ ᠱᠠᠨ ᠰᠢ᠂ ᠥᠪᠥᠷ ᠮᠣᠩᠭᠣᠯ᠂ ᠬᠠᠷᠠᠮᠦ᠋ᠷᠡᠨ᠂ ᠱᠠᠩᠬᠠᠶ᠂ ᠵᠢᠶᠠᠩᠰᠦ᠂ ᠵᠧᠵᠢᠶᠠᠩ᠂ ᠹᠦᠵᠢᠶᠠᠨ᠂ ᠵᠢᠶᠠᠩᠰᠢ᠂ ᠾᠧᠨᠠᠨ᠂ ᠬᠤᠪᠸᠢ᠂ ᠬᠤᠨᠠᠨ᠂ ᠭᠤᠸᠠᠩᠳᠦ᠋ᠩ᠂ ᠭᠤᠸᠠᠩᠰᠢ᠂ ᠶᠦᠨᠨᠠᠨ᠂ ᠲᠥᠪᠡᠳ᠂ ᠱᠠᠨᠰᠢ᠂ ᠭᠠᠨᠰᠦ᠂ ᠬᠥᠬᠡᠨᠠᠭᠤᠷ᠂ ᠱᠢᠨᠵᠢᠶᠠᠩ ᠵᠢᠴᠢ ᠱᠢᠨᠵᠢᠶᠠᠩ᠎ᠤᠨ ᠦᠶ᠋ᠯᠡᠳᠪᠦᠷᠢᠯᠡᠯ ᠪᠦᠲᠦᠭᠡᠨ ᠪᠠᠢᠭᠤᠯᠤᠯᠲᠠ᠎ᠶ᠋ᠢᠨ ᠪᠢᠩᠲ᠋ᠤᠸᠠᠨ᠎ᠳᠤ ᠲᠤᠬᠠᠶ᠎ᠶ᠋ᠢᠨ ᠭᠠᠵᠠᠷ᠎ᠲᠤᠨᠢ ᠱᠠᠯᠠᠪᠳᠠᠭᠤᠯᠤᠨ ᠪᠠᠢᠴᠠᠭᠠᠯᠲᠠ ᠬᠢᠬᠦ ᠪᠡᠷ ᠪᠤᠢ᠃ ᠱᠠᠯᠠᠪᠳᠠᠭᠤᠯᠤᠨ ᠪᠠᠢᠴᠠᠭᠠᠯᠲᠠ ᠵᠢᠨ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌ ᠪᠠ ᠦᠨᠳᠦᠰᠦᠨ ᠱᠠᠲᠤᠨ᠎ᠤ ᠳᠠᠷᠤᠭᠠᠰᠤ᠎ᠶ᠋ᠢ ᠬᠥᠩᠭᠡᠷᠡᠭᠦᠯᠬᠦ᠌᠎ᠶ᠋ᠢ ᠵᠡᠷᠭᠡ ᠪᠡᠷ ᠠᠳᠭᠤᠬᠤ ᠵᠢ ᠪᠡᠶᠡᠯᠡᠭᠦᠯᠵᠦ᠂ ᠱᠠᠯᠠᠪᠳᠠᠭᠤᠯᠤᠨ ᠪᠠᠢᠴᠠᠭᠠᠬᠤ ᠠᠵᠢᠯᠲᠠᠨ᠎ᠤ ᠰᠦᠪᠡᠭ᠌ᠴᠢ ᠠᠪᠴᠤ᠌ ᠶᠠᠪᠤᠬᠤ᠂ ᠠᠰᠠᠭᠤᠳᠠᠯ᠎ᠢ ᠳᠠᠭᠠᠵᠤ ᠶᠠᠪᠤᠬᠤ᠂ ᠠᠰᠠᠭᠤᠳᠠᠯ᠎ᠢ ᠠᠩᠬᠠᠷᠴᠤ᠌ ᠴᠡᠭ᠌ᠴᠡᠯᠡᠨ ᠰᠠᠢᠵᠢᠷᠠᠭᠤᠯᠵᠤ᠂ ᠭᠤᠷᠪᠠᠨ᠎ᠤ ᠬᠣᠶᠠᠷᠡᠴᠠ ᠳᠡᠭᠡᠭ᠌ᠰᠢᠬᠢ ᠱᠠᠯᠠᠪᠳᠠᠭᠤᠯᠤᠨ ᠪᠠᠢᠴᠠᠭᠠᠬᠤ ᠠᠵᠢᠯᠲᠠᠨ᠂ ᠭᠤᠷᠪᠠᠨ᠎ᠤ ᠬᠣᠶᠠᠷᠡᠴᠠ ᠳᠡᠭᠡᠭ᠌ᠰᠢᠬᠢ ᠴᠠᠭ ᠪᠠ ᠬᠦᠴᠦᠨ ᠴᠢᠳᠠᠯ ᠵᠢᠡᠨ ᠰᠦᠪᠡᠭ᠌ᠴᠢ ᠶ᠋ᠢ ᠬᠠᠷᠭᠤᠭᠤᠯᠤᠨ ᠪᠠᠢᠴᠠᠭᠠᠬᠤ ᠪᠠ ᠳᠠᠯᠳᠠᠭᠤᠷ ᠰᠤᠷᠪᠤᠯᠵᠢᠯᠠᠨ ᠱᠠᠯᠠᠪᠳᠠᠭᠤᠯᠤᠨ ᠪᠠᠢᠴᠠᠭᠠᠬᠤ᠎ᠳᠤ ᠬᠡᠷᠡᠭ᠌ᠯᠡᠬᠦ᠌᠎ᠶ᠋ᠢ ᠦᠨᠡᠨ ᠬᠦ᠌ ᠪᠠᠲᠤᠯᠠᠬᠤ᠎ᠶ᠋ᠢᠨ ᠲᠤᠰᠠᠳᠠ᠂ ᠲᠥᠷᠥ᠎ᠶ᠋ᠢᠨ ᠶᠠᠪᠤᠳᠠᠯ᠎ᠤᠨ ᠬᠣᠷᠢᠶ᠎ᠠ᠎ᠶ᠋ᠢᠨ ᠠᠯᠪᠠᠨ ᠲᠢᠩᠬᠢᠮ᠎ᠦᠨ ᠱᠠᠯᠠᠪᠳᠠᠭᠤᠯᠤᠨ ᠪᠠᠢᠴᠠᠭᠠᠬᠤ ᠲᠠᠰᠤᠭ ᠲᠣᠰ ᠡᠳᠦᠷ᠎ᠡᠴᠡ ᠡᠬᠢᠯᠡᠨ ᠨᠡᠢᠭᠡᠮ᠎ᠳᠦ ᠬᠠᠨᠳᠤᠭᠤᠯᠤᠨ ᠳᠤᠤᠷᠠᠬᠢ ᠲᠠᠪᠤᠨ ᠲᠠᠯ᠎ᠠ᠎ᠶ᠋ᠢᠨ ᠠᠰᠠᠭᠤᠳᠠᠯ᠎ᠤᠨ ᠰᠦᠪᠡᠭ᠌ᠴᠢ᠎ᠶ᠋ᠢ ᠴᠤᠭ᠍ᠯᠠᠭᠤᠯᠤᠨᠠ᠄
ᠨᠢᠭᠡ᠎ᠳᠦ ᠨᠡᠮᠡᠭ᠌ᠳᠡᠯ᠎ᠢ ᠲᠣᠭ᠍ᠲᠠᠪᠤᠷᠢᠵᠢᠭᠤᠯᠬᠤ ᠲᠠᠯ᠎ᠠ᠎ᠪᠠᠷ᠃ ᠭᠤᠤᠯᠳᠠᠭᠤ ᠬᠡᠷᠡᠭ᠌ᠴᠡᠭᠡ᠎ᠶ᠋ᠢ ᠥᠷᠭᠡᠳᠭᠡᠬᠦ᠌ ᠲᠥᠷᠥ᠎ᠶ᠋ᠢᠨ ᠪᠣᠳᠣᠯᠭ᠎ᠠ ᠠᠷᠭ᠎ᠠ ᠬᠡᠮᠵᠢᠶ᠎ᠡ᠎ᠶ᠋ᠢᠨ ᠨᠠᠢᠳᠠᠪᠤᠷᠢᠵᠢᠭᠤᠯᠤᠯᠳᠠ ᠵᠢ ᠪᠤᠳᠠᠳᠠᠢᠵᠢᠭᠤᠯᠤᠭᠰᠠᠨ ᠦᠭᠡᠢ᠂ ᠤᠰᠤᠨ ᠠᠱᠢᠭ᠍ᠯᠠᠯᠲᠠ᠂ ᠵᠠᠮ ᠬᠠᠷᠢᠯᠴᠠᠭ᠎ᠠ᠂ ᠡᠨᠧᠷᠭᠢ᠎ᠶ᠋ᠢᠨ ᠬᠦᠷᠢᠶᠡᠨ᠎ᠳᠡᠬᠢ ᠴᠢᠬᠤᠯᠠ ᠶᠡᠬᠡ ᠰᠠᠭᠤᠷᠢ ᠪᠥᠲᠥᠭᠡᠨ ᠪᠠᠢᠭᠤᠯᠤᠯᠲᠠ᠎ᠶ᠋ᠢᠨ ᠲᠥᠷᠥᠯ ᠵᠦᠶ᠋ᠯ᠎ᠢ ᠬᠢᠨᠠᠨ ᠵᠥᠪᠱᠢᠶᠡᠷᠡᠬᠦ᠌ ᠲᠠᠰ ᠳᠠᠷᠠᠭᠠᠯᠠᠯ᠎ᠨᠢ ᠶᠠᠷᠱᠢᠭ ᠲᠦᠪᠡᠭ᠌ᠲᠡᠶ᠂ ᠪᠥᠲᠥᠭᠡᠨ ᠪᠠᠢᠭᠤᠯᠤᠯᠲᠠ᠎ᠶ᠋ᠢᠨ ᠠᠬᠢᠴᠠ᠎ᠨᠢ ᠤᠳᠠᠭᠠᠨ ᠵᠢᠴᠢ ᠭᠠᠵᠠᠷ ᠬᠡᠷᠡᠭ᠌ᠯᠡᠬᠦ᠌᠂ ᠲᠡᠯᠡᠶ ᠬᠡᠷᠡᠭ᠌ᠯᠡᠬᠦ᠌᠂ ᠡᠨᠧᠷᠭᠢ ᠬᠡᠷᠡᠭ᠌ᠯᠡᠬᠦ᠌ ᠡᠯᠸᠮᠸᠨ᠋ᠲ᠎ᠦᠨ ᠪᠠᠲᠤᠯᠠᠭ᠎ᠠ᠎ᠨᠢ ᠭᠦᠢᠴᠡᠳ ᠪᠢᠰᠢ᠂ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠲᠤᠰᠭᠠᠶ ᠵᠢᠭᠡᠯᠡᠯᠭᠡ᠎ᠶ᠋ᠢᠨ ᠲᠡᠮᠳᠡᠭ᠌ᠲᠦ᠍᠎ᠶ᠋ᠢᠨ ᠪᠠᠯᠠ ᠮᠥᠩᠭᠥ᠎ᠶ᠋ᠢᠨ ᠬᠡᠷᠡᠭ᠌ᠯᠡᠯᠳᠠ ᠵᠢ ᠪᠤᠳᠠᠳᠠᠢᠵᠢᠭᠤᠯᠤᠭᠰᠠᠨ ᠦᠭᠡᠢ᠂ ᠬᠣᠲᠠ ᠪᠠᠯᠭᠠᠰᠤᠨ᠎ᠤ ᠬᠠᠭᠤᠴᠢᠨ ᠰᠠᠭᠤᠭᠠᠯᠢ ᠠᠷᠠᠳ ᠤ᠋ᠨ ᠲᠣᠭᠣᠷᠢᠭ᠎ᠢ ᠥᠭᠡᠷᠡᠴᠢᠯᠡᠨ ᠱᠢᠨᠡᠳᠭᠡᠬᠦ᠌ ᠲᠥᠷᠥᠯ ᠵᠦᠶ᠋ᠯ᠎ᠢ ᠬᠤᠭᠤᠴᠠᠭ᠎ᠠ ᠶᠣᠰᠣᠭᠠᠷ ᠡᠬᠢᠯᠡᠭᠦᠯᠦᠭ᠌ᠰᠡᠨ ᠥᠬᠡᠶ ᠪᠤᠶᠤ ᠠᠵᠢᠯ ᠡᠬᠢᠯᠡᠭᠦᠯᠦᠭ᠌ᠰᠡᠨᠦ ᠳᠠᠷᠠᠭ᠎ᠠ ᠪᠥᠲᠥᠭᠡᠨ ᠪᠠᠢᠭᠤᠯᠬᠤ ᠠᠬᠢᠴᠠ᠎ᠨᠢ ᠤᠳᠠᠭᠠᠨ᠂ ᠮᠠᠱᠢᠨ ᠲᠡᠷᠭᠡ᠎ᠶ᠋ᠢ ᠲᠣᠭ᠍ᠲᠠᠭᠤᠨ᠎ᠢᠶᠠᠷ ᠨᠡᠮᠡᠭ᠌ᠳᠡᠭᠦᠯᠬᠦ᠌ ᠵᠡᠷᠭᠡ ᠪᠦᠭᠡᠮ ᠬᠡᠷᠡᠭ᠌ᠯᠡᠭᠡᠨ᠎ᠦ ᠲᠥᠷᠥ᠎ᠶ᠋ᠢᠨ ᠪᠣᠳᠣᠯᠭ᠎ᠠ᠎ᠶ᠋ᠢᠨ ᠨᠠᠢᠳᠠᠪᠤᠷᠢᠵᠢᠭᠤᠯᠤᠯᠳᠠ ᠵᠢ ᠪᠤᠳᠠᠳᠠᠢᠵᠢᠭᠤᠯᠤᠭᠰᠠᠨ ᠦᠭᠡᠢ ᠵᠡᠷᠭᠡ ᠠᠰᠠᠭᠤᠳᠠᠯ᠎ᠤᠨ ᠰᠦᠪᠡᠭ᠌ᠴᠢ᠎ᠶ᠋ᠢ ᠴᠤᠭ᠍ᠯᠠᠭᠤᠯᠤᠨᠠ᠃
ᠬᠣᠶᠠᠷ᠎ᠲᠤ ᠵᠠᠬ᠎ᠠ ᠳᠡᠯᠭᠡᠭᠦᠷ᠎ᠦᠨ ᠭᠤᠤᠯ ᠴᠣᠭ᠍ᠴᠠ᠎ᠶ᠋ᠢ ᠲᠣᠭ᠍ᠲᠠᠪᠤᠷᠢᠵᠢᠭᠤᠯᠬᠤ ᠲᠠᠯ᠎ᠠ᠎ᠪᠠᠷ᠃ ᠭᠤᠤᠯᠳᠠᠭᠤ ᠶᠡᠬᠡ ᠬᠡᠪᠴᠢᠶᠡᠨ᠎ᠦ ᠥᠷᠲᠡᠭ ᠤᠨ ᠨᠡᠮᠡᠭ᠌ᠳᠡᠯ᠎ᠦᠨ ᠭᠠᠢᠯᠢ᠎ᠶ᠋ᠢᠨ ᠬᠤᠵᠢᠮ ᠲᠤᠯᠭᠠᠨ ᠬᠠᠰᠤᠬᠤ ᠭᠠᠢᠯᠢ᠎ᠶ᠋ᠢ ᠤᠷᠢᠳᠴᠢᠯᠡᠨ ᠪᠤᠴᠠᠭᠠᠬᠤ ᠲᠥᠷᠥ᠎ᠶ᠋ᠢᠨ ᠪᠣᠳᠣᠯᠭ᠎ᠠ᠎ᠶ᠋ᠢᠨ ᠨᠠᠢᠳᠠᠪᠤᠷᠢᠵᠢᠭᠤᠯᠤᠯᠳᠠ ᠵᠢ ᠪᠤᠳᠠᠳᠠᠢᠵᠢᠭᠤᠯᠤᠭᠰᠠᠨ ᠦᠭᠡᠢ᠂ ᠬᠤᠵᠢᠮ ᠲᠤᠯᠭᠠᠨ ᠬᠠᠰᠤᠬᠤ ᠭᠠᠢᠯᠢ᠎ᠶ᠋ᠢᠨ ᠤᠷᠢᠳᠴᠢᠯᠡᠨ ᠪᠤᠴᠠᠭᠠᠬᠤ ᠮᠦᠩᠬᠦ ᠵᠢ ᠮᠡᠬᠡᠯᠡᠨ ᠠᠪᠤᠭᠰᠠᠨ᠂ ᠣᠨᠴᠠ ᠬᠦᠴᠢᠷᠳᠡᠯᠲᠡᠶ ᠠᠵᠢᠯ ᠲᠥᠷᠥᠯ᠎ᠦᠨ ᠠᠵᠤ ᠠᠬᠤᠢᠯᠠᠯ᠎ᠤᠨ ᠠᠵᠢᠯᠲᠠᠨ ᠠᠵᠢᠯᠴᠢᠨ᠎ᠤ ᠦᠨᠳᠦᠰᠦᠨ ᠨᠠᠰᠤᠵᠢᠯ᠎ᠤᠨ ᠳᠠᠭᠠᠳᠭᠠᠯ᠎ᠤᠨ ᠵᠠᠷᠤᠳᠠᠯ᠂ ᠠᠵᠢᠯ ᠠᠯᠳᠠᠭ᠍ᠰᠠᠳ᠎ᠤᠨ ᠳᠠᠭᠠᠳᠭᠠᠯ ᠤᠨ ᠵᠠᠷᠤᠳᠠᠯ᠂ ᠠᠵᠢᠯ ᠡᠴᠡ ᠪᠣᠯᠤᠭ᠍ᠰᠠᠨ ᠭᠡᠮᠲᠦᠯ᠎ᠦᠨ ᠳᠠᠭᠠᠳᠭᠠᠯ᠎ᠤᠨ ᠵᠠᠷᠤᠳᠠᠯ ᠢ᠋ ᠱᠠᠲᠤᠴᠢ ᠴᠢᠨᠠᠷᠲᠠᠶ᠎ᠪᠠᠷ ᠬᠣᠢᠱᠢᠯᠠᠭᠤᠯᠤᠨ ᠲᠤᠱᠢᠶᠠᠬᠤ ᠵᠢᠴᠢ ᠤᠯᠤᠰ᠎ᠤᠨ ᠥᠮᠴᠢᠯᠡᠯ ᠤ᠋ᠨ ᠭᠡᠷ ᠪᠠᠢᠱᠢᠩ᠎ᠤᠨ ᠲᠦᠷᠢᠶᠡᠰᠦᠨ ᠮᠥᠩᠭᠥ᠎ᠶ᠋ᠢ ᠬᠠᠰᠤᠵᠤ ᠬᠡᠯᠲᠦᠷᠢᠭᠦᠯᠬᠦ᠌ ᠲᠥᠷᠥ᠎ᠶ᠋ᠢᠨ ᠪᠣᠳᠣᠯᠭ᠎ᠠ᠎ᠶ᠋ᠢᠨ ᠨᠠᠢᠳᠠᠪᠤᠷᠢᠵᠢᠭᠤᠯᠤᠯᠳᠠ ᠵᠢ ᠪᠤᠳᠠᠳᠠᠢᠵᠢᠭᠤᠯᠤᠭᠰᠠᠨ ᠦᠭᠡᠢ᠂ ᠬᠣᠯᠪᠣᠭ᠍ᠳᠠᠯ ᠪᠦᠬᠦᠢ ᠮᠥᠩᠭᠥᠨ ᠭᠦᠢᠯᠭᠡᠭᠡᠨ᠎ᠦ ᠪᠠᠢᠭᠤᠯᠤᠮᠵᠢ ᠱᠠᠭᠠᠷᠳᠠᠯᠭ᠎ᠠ ᠶᠤᠰᠤᠭᠠᠷ ᠳᠤᠮᠳᠠ ᠪᠠᠭ᠎ᠠ ᠵᠢᠵᠢᠭ ᠠᠵᠤ ᠠᠬᠤᠢᠯᠠᠯ ᠪᠠ ᠬᠤᠪᠢ᠎ᠶ᠋ᠢᠨ ᠦᠢᠯᠡᠳᠪᠦᠷᠢ ᠬᠤᠳᠠᠯᠳᠤᠭᠠᠨ᠎ᠤ ᠡᠷᠦᠬᠡ᠎ᠳᠦ ᠦᠷᠬᠦᠯᠵᠢᠯᠡᠨ ᠵᠢᠭᠡᠯᠡᠯᠭᠡ ᠦᠭᠭᠦᠭᠰᠡᠨ ᠦᠭᠡᠢ᠂ ᠵᠢᠭᠡᠯᠡᠯᠭᠡ ᠵᠢᠨ ᠬᠤᠭᠤᠴᠠᠭ᠎ᠠ ᠵᠢ ᠤᠷᠲᠤᠳᠬᠠᠵᠤ ᠦᠭᠭᠦᠭᠰᠡᠨ ᠦᠭᠡᠢ᠂ ᠵᠣᠭᠣᠰ ᠪᠤᠴᠠᠭᠠᠬᠤ ᠲᠣᠬᠢᠷᠠᠭᠤᠯᠤᠯᠲᠠ ᠵᠢ ᠬᠤᠪᠢᠷᠠᠭᠤᠯᠤᠭᠰᠠᠨ ᠦᠭᠡᠢ᠂ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠰᠠᠯᠠᠭ᠎ᠠ ᠮᠥᠴᠢᠷ ᠬᠥᠳᠡᠯᠭᠡᠭᠡᠨ᠎ᠦ ᠮᠠᠶᠢᠭ᠎ᠤᠨ ᠬᠠᠤᠯᠢ ᠬᠡᠷᠡᠭ᠌ᠵᠢᠭᠦᠯᠦᠯᠲᠡ ᠥᠷᠨᠢᠭᠦᠯᠦᠭᠰᠡᠨ᠂ ᠳᠤᠷ᠎ᠠ᠎ᠪᠠᠷ᠎ᠢᠶᠠᠨ ᠰᠦᠢᠳᠭᠡᠯ ᠬᠤᠷᠢᠶᠠᠵᠤ ᠳᠤᠷ᠎ᠠ᠎ᠪᠠᠷ᠎ᠢᠶᠠᠨ ᠵᠣᠭᠣᠰ᠎ᠢᠶᠠᠷ ᠲᠣᠷᠭᠠᠵᠤ ᠳᠤᠷ᠎ᠠ ᠪᠡᠷ ᠵᠢᠡᠨ ᠡᠭᠦᠷᠭᠡ ᠲᠤᠯᠭᠠᠭᠰᠠᠨ᠂ ᠠᠵᠢᠯ ᠲᠦᠷᠦᠯ᠎ᠦᠨ ᠨᠡᠢᠭᠡᠮᠯᠢᠭ ᠬᠤᠳᠠᠯᠳᠤᠭᠠᠴᠢᠳ᠎ᠤᠨ ᠡᠪᠯᠡᠯ ᠨᠢ ᠵᠠᠰᠠᠭ ᠵᠠᠬᠢᠷᠭᠠᠨ᠎ᠤ ᠪᠠᠢᠭᠤᠯᠭ᠎ᠠ᠎ᠳᠤ ᠲᠦᠱᠢᠭ᠌ᠯᠡᠬᠦ᠌ ᠪᠤᠶᠤ ᠵᠠᠰᠠᠭ ᠵᠠᠬᠢᠷᠭᠠᠨ᠎ᠤ ᠨᠥᠯᠥᠭᠡᠯᠡᠬᠦ᠌ ᠬᠦᠴᠦᠨ᠎ᠢ ᠠᠱᠢᠭ᠍ᠯᠠᠨ ᠳᠤᠷ᠎ᠠ᠎ᠪᠠᠷ᠎ᠢᠶᠠᠨ ᠰᠦᠢᠳᠭᠡᠯ ᠬᠤᠷᠢᠶᠠᠭᠰᠠᠨ᠂ ᠵᠠᠭᠤᠴᠢ ᠪᠠᠢᠭᠤᠯᠤᠮᠵᠢ᠎ᠨᠤᠭᠤᠳ ᠵᠠᠰᠠᠭ ᠵᠠᠬᠢᠷᠭᠠᠨ᠎ᠤ ᠡᠬᠢ ᠪᠠᠶᠠᠯᠢᠭ᠎ᠢ ᠠᠱᠢᠭ᠍ᠯᠠᠨ ᠭᠠᠭ᠍ᠴᠠᠭᠠᠷ ᠡᠵᠡᠮᠱᠢᠨ ᠡᠵᠡᠩᠨᠡᠭᠰᠡᠨ᠂ ᠠᠯᠪᠠᠳ᠋ᠠᠯᠭᠠ ᠪᠡᠷ ᠦᠢᠯᠡᠴᠢᠯᠡᠭᠡ ᠬᠠᠩᠭᠠᠭᠰᠠᠨ᠂ ᠵᠦᠢ ᠵᠤᠬᠢᠰ ᠦᠭᠡᠢ ᠰᠦᠢᠳᠭᠡᠯ ᠬᠤᠷᠢᠶᠠᠭᠰᠠᠨ᠂ ᠬᠣᠯᠪᠣᠭ᠍ᠳᠠᠯ ᠪᠦᠬᠦᠢ ᠨᠢᠭᠡᠴᠢ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠨᠡᠷ᠎ᠡ᠎ᠪᠡᠷ ᠲᠣᠭ᠍ᠲᠠᠭᠠᠯ ᠢ᠋ ᠵᠥᠷᠢᠴᠡᠨ ᠰᠦᠢᠳᠭᠡᠯ ᠬᠤᠷᠢᠶᠠᠭᠰᠠᠨ᠂ ᠵᠦᠶ ᠵᠣᠬᠢᠰ ᠥᠬᠡᠶ ᠰᠦᠶ᠋ᠳᠭᠡᠯ ᠬᠤᠷᠢᠶᠠᠭᠰᠠᠨ ᠵᠡᠷᠭᠡ ᠠᠰᠠᠭᠤᠳᠠᠯ᠎ᠤᠨ ᠰᠦᠪᠡᠭ᠌ᠴᠢ ᠵᠢ ᠴᠤᠭ᠍ᠯᠠᠭᠤᠯᠤᠨᠠ᠃
ᠭᠤᠷᠪᠠ᠎ᠳᠤ ᠠᠵᠢᠯ ᠣᠯᠭᠣᠯᠲᠠ᠎ᠶ᠋ᠢ ᠲᠣᠭ᠍ᠲᠠᠪᠤᠷᠢᠵᠢᠭᠤᠯᠵᠤ ᠠᠷᠠᠳ᠎ᠤᠨ ᠠᠮᠢᠳᠤᠷᠠᠯ᠎ᠢ ᠪᠠᠲᠤᠯᠠᠬᠤ ᠲᠠᠯ᠎ᠠ᠎ᠪᠠᠷ᠃ ᠭᠤᠤᠯᠳᠠᠭᠤ ᠬᠣᠯᠪᠣᠭ᠍ᠳᠠᠯ ᠪᠥᠬᠥᠶ ᠣᠷᠣᠨ ᠨᠤᠳᠤᠭ ᠪᠠ ᠨᠢᠭᠡᠴᠢ ᠨᠢ ᠶᠡᠬᠡ ᠳᠡᠭᠡᠳᠦ ᠰᠤᠷᠭᠠᠭᠤᠯᠢ ᠲᠡᠭᠦᠰᠦᠭ᠌ᠰᠡᠳ᠂ ᠴᠡᠷᠢᠭ᠎ᠦᠨ ᠠᠯᠪᠠᠨ ᠡᠴᠡ ᠪᠠᠭᠤᠭᠰᠠᠳ᠂ ᠬᠥᠯᠥᠰᠥᠨ ᠲᠠᠷᠢᠶᠠᠴᠢᠳ᠂ ᠠᠵᠢᠯ ᠤᠯᠬᠤ᠎ᠳᠤ ᠬᠦᠴᠢᠷᠲᠡᠶ ᠬᠥᠮᠦᠰ ᠵᠡᠷᠭᠡ ᠭᠤᠤᠯᠳᠠᠯᠭ᠎ᠠ᠎ᠲᠠᠶ ᠬᠥᠮᠦᠰ᠎ᠦᠨ ᠠᠵᠢᠯ ᠣᠯᠭᠣᠯᠲᠠ᠎ᠶ᠋ᠢ ᠠᠬᠢᠭᠤᠯᠬᠤ ᠲᠥᠷᠥ᠎ᠶ᠋ᠢᠨ ᠪᠣᠳᠣᠯᠭ᠎ᠠ ᠠᠷᠭ᠎ᠠ ᠬᠡᠮᠵᠢᠶ᠎ᠡ᠎ᠶ᠋ᠢᠨ ᠨᠠᠢᠳᠠᠪᠤᠷᠢᠵᠢᠭᠤᠯᠤᠯᠳᠠ ᠵᠢ ᠪᠤᠳᠠᠳᠠᠢᠵᠢᠭᠤᠯᠤᠭᠰᠠᠨ ᠦᠭᠡᠢ᠂ ᠤᠷ᠎ᠠ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠨᠥᠬᠥᠪᠥᠷᠢ᠂ ᠨᠢᠭᠡ ᠯᠡ ᠤᠳᠠᠭ᠎ᠠ᠎ᠶ᠋ᠢᠨ ᠴᠢᠨᠠᠷᠲᠠᠶ ᠠᠵᠢᠯ᠎ᠤᠨ ᠪᠠᠢᠷᠢ᠎ᠶ᠋ᠢ ᠥᠷᠭᠡᠳᠭᠡᠬᠦ᠌ ᠨᠥᠬᠥᠪᠥᠷᠢ᠂ ᠠᠵᠢᠯ ᠠᠯᠳᠠᠯᠲᠠ᠎ᠶ᠋ᠢᠨ ᠳᠠᠭᠠᠳᠭᠠᠯ᠎ᠤᠨ ᠠᠵᠢᠯ᠎ᠤᠨ ᠪᠠᠢᠷᠢ᠎ᠶ᠋ᠢ ᠲᠣᠭ᠍ᠲᠠᠪᠤᠷᠢᠵᠢᠭᠤᠯᠵᠤ ᠵᠤᠭᠤᠰ ᠪᠤᠴᠠᠭᠠᠵᠤ ᠦᠭᠬᠦ ᠲᠥᠷᠥ᠎ᠶ᠋ᠢᠨ ᠪᠣᠳᠣᠯᠭ᠎ᠠ ᠠᠷᠭ᠎ᠠ ᠬᠡᠮᠵᠢᠶ᠎ᠡ᠎ᠶ᠋ᠢᠨ ᠨᠠᠢᠳᠠᠪᠤᠷᠢᠵᠢᠭᠤᠯᠤᠯᠳᠠ ᠵᠢ ᠪᠤᠳᠠᠳᠠᠢᠵᠢᠭᠤᠯᠤᠭᠰᠠᠨ ᠦᠭᠡᠢ᠂ ᠠᠷᠠᠳ᠎ᠤᠨ ᠠᠮᠢᠳᠤᠷᠠᠯ᠎ᠤᠨ ᠴᠢᠬᠤᠯᠠ ᠲᠠᠸᠠᠷ᠎ᠤᠨ ᠬᠠᠩᠭᠠᠯᠭ᠎ᠠ᠎ᠶ᠋ᠢ ᠪᠠᠲᠤᠯᠠᠵᠤ ᠦᠨ᠎ᠡ ᠬᠠᠩᠰᠢ᠎ᠶ᠋ᠢ ᠲᠣᠭ᠍ᠲᠠᠪᠤᠷᠢᠵᠢᠭᠤᠯᠬᠤ ᠠᠵᠢᠯ᠎ᠢ ᠠᠬᠢᠭᠤᠯᠤᠭ᠍ᠰᠠᠨ ᠲᠠᠯ᠎ᠠ ᠪᠡᠷ ᠨᠠᠵᠠᠭᠠᠢ᠂ ᠬᠦᠴᠢᠷᠳᠡᠯᠲᠡᠶ ᠬᠥᠮᠦᠰ᠎ᠢ ᠴᠠᠭ ᠲᠤᠬᠠᠢ ᠳ᠋ᠤᠨᠢ ᠠᠪᠤᠷᠠᠨ ᠲᠤᠰᠠᠯᠠᠭ᠍ᠰᠠᠨ ᠦᠭᠡᠢ ᠪᠤᠶᠤ ᠨᠠᠭᠠᠳᠤ ᠵᠠᠬ᠎ᠠ᠎ᠶ᠋ᠢᠨ ᠠᠮᠢᠳᠤᠷᠠᠯ ᠤ᠋ᠨ ᠪᠠᠲᠤᠯᠠᠭ᠎ᠠ᠎ᠳᠤ ᠣᠷᠣᠭᠤᠯᠤᠭ᠍ᠰᠠᠨ ᠦᠭᠡᠢ᠂ ᠨᠠᠭᠠᠳᠤ ᠵᠠᠬ᠎ᠠ᠎ᠶ᠋ᠢᠨ ᠠᠮᠢᠳᠤᠷᠠᠯ ᠤ᠋ᠨ ᠪᠠᠲᠤᠯᠠᠭ᠎ᠠ ᠭᠥᠷᠳᠡᠭ᠌ᠰᠡᠳ᠂ ᠣᠨᠴᠠ ᠬᠦᠴᠢᠷᠳᠡᠯᠲᠡᠶ ᠬᠥᠮᠦᠰ᠎ᠲᠦ ᠠᠮᠢᠳᠤᠷᠠᠯ᠎ᠤᠨ ᠨᠥᠬᠥᠪᠥᠷᠢ᠎ᠶ᠋ᠢ ᠨᠡᠮᠡᠵᠦ᠍ ᠣᠯᠭᠣᠭᠰᠠᠨ ᠠᠵᠢᠯ᠎ᠢ ᠪᠤᠳᠠᠳᠠᠢᠵᠢᠭᠤᠯᠤᠭᠰᠠᠨ ᠦᠭᠡᠢ᠂ ᠪᠠᠭ᠍ᠰᠢ᠎ᠶ᠋ᠢᠨ ᠴᠠᠯᠢᠩ᠂ ᠬᠥᠳᠡᠭᠡ ᠲᠣᠰᠭᠣᠨ᠎ᠤ ᠡᠮᠴᠢ᠎ᠶ᠋ᠢᠨ ᠨᠥᠬᠥᠪᠥᠷᠢ ᠵᠢ ᠥᠷᠢᠲᠦᠵᠦ᠍ ᠤᠳᠠᠭᠠᠱᠢᠷᠠᠭᠤᠯᠤᠭ᠍ᠰᠠᠨ ᠵᠡᠷᠭᠡ ᠠᠰᠠᠭᠤᠳᠠᠯ᠎ᠤᠨ ᠰᠦᠪᠡᠭ᠌ᠴᠢ᠎ᠶ᠋ᠢ ᠴᠤᠭ᠍ᠯᠠᠭᠤᠯᠤᠨᠠ᠃
ᠳᠥᠷᠪᠡ᠎ᠳᠦ ᠠᠵᠤ ᠦᠶ᠋ᠯᠡᠰ᠎ᠦᠨ ᠬᠡᠯᠬᠢᠶ᠎ᠡ ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ ᠲᠣᠭ᠍ᠲᠠᠭᠤᠨ ᠪᠠᠢᠬᠤ᠎ᠶ᠋ᠢ ᠪᠠᠲᠤᠯᠠᠬᠤ ᠲᠠᠯ᠎ᠠ᠎ᠪᠠᠷ᠃ ᠭᠤᠤᠯᠳᠠᠭᠤ ᠬᠣᠯᠪᠣᠭ᠍ᠳᠠᠯ ᠪᠥᠬᠥᠶ ᠣᠷᠣᠨ ᠨᠤᠳᠤᠭ ᠪᠠ ᠨᠢᠭᠡᠴᠢ᠎ᠶ᠋ᠢᠨ ᠠᠵᠤ ᠠᠬᠤᠢᠯᠠᠯ᠎ᠤᠨ ᠠᠵᠢᠯ᠎ᠢᠶᠠᠨ ᠰᠡᠷᠭᠦᠭᠡᠵᠦ᠍ ᠦᠶ᠋ᠯᠡᠳᠪᠦᠷᠢᠯᠡᠯ ᠢᠶᠡᠨ ᠪᠡᠶᠡᠯᠡᠭᠦᠯᠬᠦ ᠶ᠋ᠢ ᠠᠬᠢᠭᠤᠯᠬᠤ ᠳᠤᠮᠳᠠ ᠬᠤᠳᠠᠯ ᠬᠡᠯᠡᠵᠦ᠍ ᠬᠠᠭᠤᠷᠮᠠᠭ᠎ᠢᠶᠠᠷ ᠵᠣᠬᠢᠶᠠᠬᠰᠠᠨ᠂ ᠠᠵᠢᠯᠲᠠᠨ ᠠᠵᠢᠯᠴᠢᠨ᠎ᠤ ᠠᠵᠢᠯ᠎ᠤᠨ ᠪᠠᠢᠷᠢ᠎ᠳᠠᠭᠠᠨ ᠪᠤᠴᠠᠬᠤ᠂ ᠪᠠᠷᠠᠭᠠᠨ᠎ᠤ ᠭᠦᠶ᠋ᠯᠭᠡᠭᠡ᠎ᠶ᠋ᠢᠨ ᠪᠠᠲᠤᠯᠠᠭ᠎ᠠ᠂ ᠡᠬᠢᠨ᠎ᠤ ᠪᠠ ᠡᠴᠦᠰ᠎ᠤᠨ ᠬᠡᠯᠬᠢᠶ᠎ᠡ᠎ᠶ᠋ᠢ ᠵᠣᠯᠭᠠᠭᠤᠯᠬᠤ ᠦᠶ᠋ᠯᠡᠴᠢᠯᠡᠭᠡ ᠵᠢ ᠪᠣᠳᠠᠲᠠᠢᠵᠢᠭᠤᠯᠤᠭ᠍ᠰᠠᠨ ᠥᠬᠡᠶ᠂ ᠭᠠᠳᠠᠭᠠᠳᠤ ᠠᠷᠠᠯᠵᠢᠶᠠᠨ᠎ᠤ ᠠᠵᠤ ᠠᠬᠤᠢᠯᠠᠯ᠎ᠢ ᠬᠠᠪᠰᠤᠷᠤᠨ ᠵᠠᠬᠢᠶᠠᠯᠠᠭ᠎ᠠ᠎ᠶ᠋ᠢ ᠲᠣᠭ᠍ᠲᠠᠪᠤᠷᠢᠵᠢᠭᠤᠯᠤᠨ ᠦᠶ᠋ᠯᠡᠳᠪᠦᠷᠢᠯᠡᠯ᠎ᠢ ᠲᠣᠭ᠍ᠲᠠᠪᠤᠷᠢᠵᠢᠭᠤᠯᠬᠤ᠂ ᠭᠠᠳᠠᠭᠠᠳᠤ ᠪᠠᠯᠠ᠎ᠳᠦ ᠠᠵᠤ ᠠᠬᠤᠢᠯᠠᠯ᠎ᠤᠨ ᠦᠶ᠋ᠯᠡᠳᠪᠦᠷᠢᠯᠡᠯ ᠡᠵᠡᠩᠨᠡᠯᠲᠡ᠎ᠶ᠋ᠢ ᠲᠣᠭ᠍ᠲᠠᠪᠤᠷᠢᠵᠢᠭᠤᠯᠬᠤ᠎ᠶ᠋ᠢ ᠳᠡᠮᠵᠢᠬᠦ᠌ ᠲᠥᠷᠥ᠎ᠶ᠋ᠢᠨ ᠪᠣᠳᠣᠯᠭ᠎ᠠ ᠠᠷᠭ᠎ᠠ ᠬᠡᠮᠵᠢᠶ᠎ᠡ᠎ᠶ᠋ᠢ ᠪᠣᠳᠠᠲᠠᠢᠵᠢᠭᠤᠯᠤᠭ᠍ᠰᠠᠨ ᠥᠬᠡᠶ᠂ ᠣᠷᠭᠢᠯ ᠤᠨ ᠬᠤᠭᠤᠴᠠᠭ᠎ᠠ᠎ᠶ᠋ᠢ ᠤᠭ᠍ᠲᠤᠬᠤ ᠵᠣᠨ᠎ᠤ ᠴᠠᠬᠢᠯᠭᠠᠨ ᠬᠦᠴᠦᠨ᠎ᠦ ᠪᠠᠲᠤᠯᠠᠭ᠎ᠠ᠎ᠶ᠋ᠢ ᠪᠣᠳᠠᠲᠠᠢᠵᠢᠭᠤᠯᠤᠭ᠍ᠰᠠᠨ ᠥᠬᠡᠶ᠂ ᠠᠵᠤ ᠠᠬᠤᠢᠯᠠᠯ᠎ᠤᠨ ᠦᠶ᠋ᠯᠡᠳᠪᠦᠷᠢᠯᠡᠯ᠎ᠳᠦ ᠬᠡᠷᠡᠭ᠌ᠰᠡᠬᠦ᠌ ᠲᠦᠭᠦᠬᠡᠶ ᠮᠠᠲ᠋ᠧᠷᠢᠶᠠᠯ᠂ ᠵᠠᠩᠭᠢᠯᠠᠭ᠎ᠠ᠎ᠶ᠋ᠢᠨ ᠰᠡᠯᠪᠢᠭ ᠲᠣᠨᠣᠭ᠎ᠤᠨ ᠬᠠᠩᠭᠠᠯᠭ᠎ᠠ᠎ᠶ᠋ᠢᠨ ᠪᠠᠲᠤᠯᠠᠭ᠎ᠠ ᠬᠦᠷᠦᠯᠴᠡᠬᠦ᠌ ᠥᠬᠡᠶ᠂ ᠭᠠᠷᠠᠮ ᠵᠢᠴᠢ ᠪᠠᠷᠠᠭᠠᠨ᠎ᠤ ᠲᠠᠯᠠᠪᠠᠶ᠎ᠳᠦ ᠡᠳ᠋ ᠪᠠᠷᠠᠭ᠎ᠠ ᠣᠪᠣᠭᠠᠷᠠᠬᠤ᠂ ᠡᠷᠭᠢᠯᠲᠡ᠎ᠶ᠋ᠢᠨ ᠬᠦᠴᠢᠷᠳᠡᠯ᠎ᠢ ᠵᠣᠬᠢᠴᠠᠭᠤᠯᠤᠨ ᠱᠢᠶ᠋ᠳᠪᠦᠷᠢᠯᠡᠭ᠌ᠰᠡᠨ᠎ᠨᠢ ᠨᠠᠵᠠᠭᠠᠢ᠂ ᠲᠣᠭ᠍ᠲᠠᠭᠠᠯ᠎ᠢ ᠵᠥᠷᠢᠴᠡᠨ ᠪᠠᠢᠴᠠᠭᠠᠬᠤ ᠭᠠᠵᠠᠷ ᠲᠤᠬᠢᠷᠠᠭᠤᠯᠬᠤ᠂ ᠪᠠᠷᠠᠭᠠᠨ᠎ᠤ ᠲᠡᠭᠡᠭᠡᠪᠦᠷᠢ ᠪᠠᠷᠠᠭᠠᠨ᠎ᠤ ᠭᠦᠯᠭᠡᠭᠡ᠎ᠶ᠋ᠢᠨ ᠰᠠᠭᠠᠳ ᠥᠬᠡᠶ ᠨᠡᠪᠲᠡᠷᠡᠬᠦ᠌᠎ᠶ᠋ᠢ ᠬᠠᠷᠱᠢᠯᠠᠭ᠍ᠤ ᠵᠡᠷᠭᠡ ᠠᠰᠠᠭᠤᠳᠠᠯ᠎ᠤᠨ ᠰᠦᠪᠡᠭᠴᠢ ᠵᠢ ᠴᠤᠭ᠍ᠯᠠᠭᠤᠯᠤᠨᠠ᠃
ᠲᠠᠪᠤ᠎ᠳᠤ 《ᠲᠠᠯᠪᠢᠬᠤ ᠬᠠᠮᠢᠶᠠᠷᠬᠤ ᠦᠶ᠋ᠯᠡᠴᠢᠯᠡᠬᠦ᠌》 ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌ ᠲᠠᠯ᠎ᠠ᠎ᠪᠠᠷ᠃ ᠭᠤᠤᠯᠳᠠᠭᠤ ᠬᠣᠯᠪᠣᠭ᠍ᠳᠠᠯ ᠪᠥᠬᠥᠶ ᠣᠷᠣᠨ ᠨᠤᠲᠤᠭ ᠪᠣᠯᠤᠨ ᠨᠢᠭᠡᠴᠢ᠎ᠶ᠋ᠢᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ᠂ ᠲᠥᠷᠥᠯ ᠵᠦᠶ᠋ᠯ᠎ᠦᠨ ᠳᠠᠭᠠᠭᠠᠴᠢᠯᠠᠯᠲᠠ ᠵᠠᠷᠯᠠᠬᠤ ᠪᠠ ᠳᠠᠭᠠᠭᠠᠴᠢᠯᠠᠯᠲᠠ ᠬᠦᠯᠢᠶᠡᠬᠦ᠌᠂ ᠭᠠᠷ ᠳᠠᠮᠵᠢᠭ᠍ᠰᠠᠨ ᠮᠠᠱᠢᠨ ᠲᠡᠷᠭᠡᠨ᠎ᠦ ᠠᠷᠠᠯᠵᠢᠶᠠᠨ᠎ᠤ ᠬᠦᠷᠢᠶᠡᠨ᠎ᠳᠦ ᠣᠷᠣᠨ ᠨᠤᠲᠤᠭ᠎ᠤᠨ ᠬᠠᠮᠠᠭᠠᠯᠠᠯᠲᠠ᠎ᠶ᠋ᠢᠨ ᠲᠥᠷᠥ᠎ᠶ᠋ᠢᠨ ᠪᠣᠳᠣᠯᠭ᠎ᠠ ᠨᠡᠢᠲᠡᠯᠡᠬᠦ᠂ ᠡᠷᠬᠡ ᠲᠡᠭ᠌ᠰᠢ ᠥᠷᠢᠰᠥᠯᠳᠦᠭᠡᠨ᠎ᠢ ᠬᠢᠵᠠᠭᠠᠷᠯᠠᠵᠤ ᠭᠠᠳᠠᠭᠤᠷᠴᠢᠯᠠᠨ ᠦᠭᠡᠢᠰᠭᠡᠬᠦ᠂ ᠵᠠᠰᠠᠭ᠎ᠤᠨ ᠶᠠᠪᠤᠳᠠᠯ᠎ᠤᠨ ᠲᠣᠭ᠎ᠠ ᠪᠠᠷᠢᠮᠲᠠ᠎ᠶ᠋ᠢ ᠬᠠᠮᠲᠤᠪᠡᠷ ᠡᠳ᠋ᠯᠡᠬᠦ ᠥᠬᠡᠶ᠂ ᠮᠥᠨ ᠬᠦ᠌ ᠣᠯᠠᠨ ᠲᠦᠮᠡᠨ᠎ᠢ ᠬᠣᠯᠪᠣᠭ᠍ᠳᠠᠯ ᠪᠥᠬᠥᠶ ᠭᠡᠷᠡᠴᠢ᠎ᠶ᠋ᠢ ᠣᠯᠠᠨ ᠲᠠᠯᠠᠡᠴᠠ ᠳᠠᠪᠬᠤᠷᠳᠠᠭᠤᠯᠤᠨ ᠬᠠᠩᠭᠠᠬᠤ ᠬᠡᠷᠡᠭ᠌ᠲᠡᠶ ᠭᠡᠵᠦ᠍ ᠱᠠᠭᠠᠷᠳᠠᠬᠤ᠂ ᠵᠠᠰᠠᠭ᠎ᠤᠨ ᠣᠷᠳᠣᠨ ᠠᠮᠠᠯᠠᠯᠲᠠ᠎ᠪᠠᠨ ᠪᠡᠶᠡᠯᠡᠭᠦᠯᠬᠦ᠌ ᠥᠬᠡᠶ᠂ 《ᠱᠢᠨ᠎ᠡ ᠳᠠᠷᠤᠭ᠎ᠠ ᠬᠠᠭᠤᠴᠢᠨ ᠲᠠᠩᠰᠠ ᠵᠢ ᠬᠠᠮᠢᠶᠠᠷᠬᠤ ᠥᠬᠡᠶ》 ᠂ ᠵᠠᠰᠠᠭ᠎ᠤᠨ ᠣᠷᠳᠣᠨ᠎ᠤ ᠪᠠᠢᠭᠤᠯᠭ᠎ᠠ᠂ ᠠᠵᠢᠯ ᠦᠶ᠋ᠯᠡᠰ᠎ᠦᠨ ᠨᠢᠭᠡᠴᠢ᠂ ᠤᠯᠤᠰ᠎ᠤᠨ ᠥᠮᠴᠢᠯᠡᠯ᠎ᠤᠨ ᠲᠣᠮᠣ ᠬᠡᠯᠪᠡᠷᠢ᠎ᠶ᠋ᠢᠨ ᠠᠵᠤ ᠠᠬᠤᠢᠯᠠᠯ ᠨᠢ ᠳᠤᠮᠳᠠ ᠪᠠᠭ᠎ᠠ ᠠᠵᠤ ᠠᠬᠤᠢᠯᠠᠯ᠎ᠳᠦ ᠵᠣᠭᠣᠰ ᠥᠷᠢᠲᠦᠵᠦ᠍ ᠪᠠᠢᠬᠤ ᠵᠡᠷᠭᠡ ᠠᠰᠠᠭᠤᠳᠠᠯ᠎ᠤᠨ ᠰᠦᠪᠡᠭ᠌ᠴᠢ ᠵᠢ ᠴᠤᠭ᠍ᠯᠠᠭᠤᠯᠤᠨᠠ᠃
ᠡᠭᠦᠨ᠎ᠦ ᠬᠠᠮᠲᠤ ᠬᠣᠯᠪᠣᠭ᠍ᠳᠠᠯ ᠪᠥᠬᠥᠶ ᠣᠷᠣᠨ ᠨᠤᠳᠤᠭ ᠪᠠ ᠨᠢᠭᠡᠴᠢ᠎ᠶ᠋ᠢᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠲᠥᠷᠥ᠎ᠶ᠋ᠢᠨ ᠪᠣᠳᠣᠯᠭ᠎ᠠ ᠠᠷᠭ᠎ᠠ ᠬᠡᠮᠵᠢᠶ᠎ᠡ᠎ᠶ᠋ᠢᠨ ᠨᠠᠢᠳᠠᠪᠤᠷᠢᠵᠢᠭᠤᠯᠤᠯᠳᠠ ᠵᠢ ᠪᠤᠳᠠᠳᠠᠢᠵᠢᠭᠤᠯᠤᠭᠰᠠᠨ ᠦᠭᠡᠢ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ 《ᠶᠢᠰᠦᠨ ᠦᠯᠦ ᠪᠣᠯᠬᠤ》 ᠱᠠᠭᠠᠷᠳᠠᠯᠭ᠎ᠠ᠎ᠡᠴᠡ ᠵᠥᠷᠢᠴᠡᠵᠦ᠍᠂ ᠱᠠᠲᠤ ᠱᠠᠲᠤ᠎ᠪᠠᠷ ᠡᠭᠦᠷᠭᠡ ᠨᠡᠮᠡᠬᠦ᠌ ᠪᠠ 《ᠨᠢᠭᠡ ᠯᠡ ᠪᠠᠷᠢᠮᠵᠢᠶ᠎ᠠ᠎ᠪᠠᠷ ᠱᠠᠭᠠᠷᠳᠠᠬᠤ》 ᠂ ᠠᠮᠤ ᠪᠤᠳᠠᠭ᠎ᠠ ᠪᠠ ᠡᠨᠧᠷᠭᠢ᠎ᠶ᠋ᠢᠨ ᠠᠮᠤᠷ ᠲᠦᠪᠱᠢᠨ᠎ᠢ ᠪᠠᠲᠤᠯᠠᠬᠤ ᠠᠵᠢᠯ᠎ᠢ ᠪᠣᠳᠠᠲᠠᠢᠵᠢᠭᠤᠯᠤᠭ᠍ᠰᠠᠨ ᠥᠬᠡᠶ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠱᠢᠪᠲᠤᠯᠤᠭ᠍ᠰᠠᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠭᠡᠬᠦ᠌ ᠪᠠ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠪᠦᠲᠦᠮᠵᠢᠲᠡᠶ ᠵᠣᠯᠭᠠᠭᠤᠯᠬᠤ ᠲᠥᠷᠥ᠎ᠶ᠋ᠢᠨ ᠪᠣᠳᠣᠯᠭ᠎ᠠ ᠠᠷᠭ᠎ᠠ ᠬᠡᠮᠵᠢᠶ᠎ᠡ᠎ᠶ᠋ᠢᠨ ᠨᠠᠢᠳᠠᠪᠤᠷᠢᠵᠢᠭᠤᠯᠤᠯᠳᠠ ᠵᠢ ᠪᠤᠳᠠᠳᠠᠢᠵᠢᠭᠤᠯᠤᠭᠰᠠᠨ ᠦᠭᠡᠢ᠂ ᠬᠥᠳᠡᠭᠡ ᠲᠣᠰᠭᠣᠨ᠎ᠤ ᠤᠤᠭᠤᠬᠤ ᠤᠰᠤᠨ᠎ᠤ ᠠᠮᠤᠷ ᠲᠦᠪᠱᠢᠨ᠂ ᠬᠥᠳᠡᠭᠡ ᠲᠣᠰᠭᠣᠨ᠎ᠤ ᠣᠷᠣᠱᠢᠨ ᠰᠠᠭᠤᠷᠢᠱᠢᠬᠤ ᠣᠷᠴᠢᠨ ᠨᠦᠬᠦᠴᠡᠯ᠎ᠢ ᠴᠡᠭ᠌ᠴᠡᠯᠡᠨ ᠵᠠᠰᠠᠬᠤ ᠠᠵᠢᠯ᠎ᠢ ᠪᠤᠳᠠᠳᠠᠢᠵᠢᠭᠤᠯᠤᠭᠰᠠᠨ ᠦᠭᠡᠢ᠂ ᠲᠠᠷᠢᠶᠠᠨ ᠭᠠᠵᠠᠷ᠎ᠢ 《ᠲᠠᠷᠢᠶᠠᠯᠠᠩ᠎ᠤᠨ ᠪᠤᠰᠤ ᠪᠣᠯᠭᠠᠬᠤ》 ᠶ᠋ᠢ ᠬᠣᠷᠢᠭ᠍ᠯᠠᠬᠤ᠂ ᠲᠠᠷᠢᠶᠠᠨ ᠭᠠᠵᠠᠷ᠎ᠢ 《ᠠᠮᠤ ᠪᠤᠳᠠᠭᠠᠨ᠎ᠤ ᠪᠤᠰᠤ ᠪᠤᠯᠭᠠᠬᠤ》 ᠶ᠋ᠢ ᠰᠡᠷᠭᠡᠢᠯᠡᠬᠦ ᠠᠵᠢᠯ ᠨᠠᠵᠠᠭᠠᠢᠷᠠᠭᠰᠠᠨ ᠵᠡᠷᠭᠡ ᠲᠠᠯ᠎ᠠ᠎ᠵᠢᠨ ᠠᠰᠠᠭᠤᠳᠠᠯ᠎ᠤᠨ ᠰᠦᠪᠡᠭᠴᠢ ᠵᠢ ᠴᠤᠭ᠍ᠯᠠᠭᠤᠯᠤᠨᠠ᠃
ᠵᠠᠬ᠎ᠠ ᠳᠡᠯᠭᠡᠭᠦᠷ᠎ᠦᠨ ᠭᠤᠤᠯ ᠴᠣᠭ᠍ᠴᠠ ᠪᠠ ᠠᠷᠠᠳ ᠣᠯᠠᠨ ᠬᠡᠷᠪᠡ ᠳᠡᠭᠡᠷᠡᠬᠢ ᠠᠰᠠᠭᠤᠳᠠᠯ᠎ᠤᠨ ᠰᠦᠪᠡᠭ᠌ᠴᠢ᠎ᠶ᠋ᠢ ᠤᠯᠵᠤ ᠮᠡᠳᠡᠪᠡᠯ᠂ ᠲᠥᠷᠥ᠎ᠶ᠋ᠢᠨ ᠶᠠᠪᠤᠳᠠᠯ᠎ᠤᠨ ᠬᠣᠷᠢᠶᠠᠨ᠎ᠤ 《ᠢᠨᠲ᠋ᠸᠷ ᠰᠦᠯᠵᠢᠶ᠎ᠡ + ᠱᠠᠯᠠᠪᠳᠠᠭᠤᠯᠤᠨ ᠪᠠᠢᠴᠠᠭᠠᠬᠤ》 ᠲᠠᠪᠴᠠᠩ᠎ᠢᠶᠠᠷ ᠳᠠᠮᠵᠢᠭᠤᠯᠤᠨ ᠲᠤᠰᠭᠠᠵᠤ ᠪᠣᠯᠤᠨ᠎ᠠ᠃ ᠡᠭᠦᠨ᠎ᠦ ᠳᠣᠲᠣᠷᠠᠬᠢ ᠲᠥᠯᠥᠭᠡᠯᠡᠬᠦ᠌ ᠴᠢᠨᠠᠷᠲᠠᠢ ᠠᠰᠠᠭᠤᠳᠠᠯ᠎ᠤᠨ ᠰᠦᠪᠡᠭ᠌ᠴᠢ᠎ᠶ᠋ᠢ ᠲᠦᠷᠦ᠍᠎ᠶ᠋ᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠦᠨ ᠱᠠᠯᠠᠪᠳᠠᠭᠤᠯᠤᠨ ᠪᠠᠢᠴᠠᠭᠠᠬᠤ ᠲᠠᠰᠤᠭ ᠲᠡᠷᠡ ᠳᠠᠷᠤᠢ᠎ᠳᠤ᠎ᠨᠢ ᠲᠤᠬᠠᠢ ᠵᠢᠨ ᠭᠠᠵᠠᠷ᠎ᠲᠤᠨᠢ ᠱᠠᠯᠠᠪᠳᠠᠭᠤᠯᠤᠨ ᠪᠠᠢᠴᠠᠭᠠᠬᠤ ᠳᠤᠭᠤᠢᠯᠠᠩ᠎ᠳᠤ ᠱᠢᠯᠵᠢᠭᠦᠯᠦᠨ ᠬᠠᠷᠭᠤᠭᠤᠯᠤᠨ ᠪᠠᠢᠴᠠᠭᠠᠯᠭᠠᠵᠤ᠂ ᠪᠣᠳᠠᠲᠤ ᠠᠵᠢᠯᠯᠠᠭ᠎ᠠ᠎ᠪᠠᠷ᠎ᠢᠶᠠᠨ ᠵᠠᠬ᠎ᠠ ᠳᠡᠯᠭᠡᠭᠦᠷ᠎ᠦᠨ ᠭᠣᠣᠯ ᠴᠣᠭ᠍ᠴᠠ ᠪᠣᠯᠤᠨ ᠠᠷᠠᠳ ᠤᠯᠠᠨ᠎ᠤ ᠠᠩᠬᠠᠷᠴᠤ᠌ ᠪᠠᠢᠭ᠎ᠠ ᠠᠰᠠᠭᠤᠳᠠᠯ᠎ᠳᠤ ᠬᠠᠷᠢᠭᠤᠯᠲᠠ ᠥᠭ᠌ᠭᠦᠨ᠎ᠡ᠃
ᠰᠦᠪᠡᠭ᠌ᠴᠢ ᠴᠤᠭᠯᠠᠭᠤᠯᠬᠤ ᠴᠠᠭ᠄ 2022 ᠣᠨ᠎ᠤ 8 ᠰᠠᠷ᠎ᠠ᠎ᠶ᠋ᠢᠨ 1 ᠤ᠋ ᠡᠳᠦᠷ᠎ᠡᠴᠡ 8 ᠰᠠᠷ᠎ᠠ᠎ᠶ᠋ᠢᠨ 20 ᠤ᠋ ᠡᠳᠦᠷ ᠪᠣᠯᠲᠠᠯ᠎ᠠ᠃
ᠲᠥᠷᠥ᠎ᠶ᠋ᠢᠨ ᠶᠠᠪᠤᠳᠠᠯ᠎ᠤᠨ ᠬᠣᠷᠢᠶᠠᠨ᠎ᠤ ᠶᠡᠬᠡ ᠱᠠᠯᠠᠪᠳᠠᠭᠤᠯᠤᠨ ᠪᠠᠢᠴᠠᠭᠠᠬᠤ ᠠᠵᠢᠯ᠎ᠢ ᠬᠠᠯᠠᠮᠵᠢᠯᠠᠨ ᠳᠡᠮᠵᠢᠭ᠌ᠰᠡᠨ᠎ᠳᠦ ᠲᠠᠯᠠᠷᠬᠠᠵᠤ ᠪᠠᠢᠨ᠎ᠠ!

ᠲᠥᠷᠥ᠎ᠶ᠋ᠢᠨ ᠶᠠᠪᠤᠳᠠᠯ᠎ᠤᠨ ᠬᠣᠷᠢᠶᠠᠨ᠎ᠤ 《ᠢᠨᠲ᠋ᠸᠷ ᠰᠦᠯᠵᠢᠶ᠎ᠡ + ᠱᠠᠯᠠᠪᠳᠠᠭᠤᠯᠤᠨ ᠪᠠᠢᠴᠠᠭᠠᠬᠤ》 ᠲᠠᠪᠴᠠᠩ ᠤᠨ ᠵᠢᠵᠢᠭ ᠫᠷᠣᠭ᠌ᠷᠠᠮ ᠤᠨ ᠺᠣᠳ᠋
ᠲᠥᠷᠥ ᠶ᠋ᠢᠨ ᠶᠠᠪᠤᠳᠠᠯ ᠤᠨ ᠬᠣᠷᠢᠶᠠᠨ ᠤ ᠠᠯᠪᠠᠨ ᠲᠢᠩᠬᠢᠮ᠎ᠦᠨ ᠱᠠᠯᠠᠪᠳᠠᠭᠤᠯᠤᠨ ᠪᠠᠢᠴᠠᠭᠠᠬᠤ ᠲᠠᠰᠤᠭ
2022 ᠣᠨ᠎ᠤ 8 ᠰᠠᠷ᠎ᠠ᠎ᠶ᠋ᠢᠨ 1 ᠤ᠋ ᠡᠳᠦᠷ