— ᠳᠦᠩᠯᠢᠶᠤᠤ ᠬᠤᠳᠠ ᠳᠡᠬᠡᠷ᠎ᠡ ᠳᠤᠤᠷ᠎ᠠ ᠱᠠᠳᠤ ᠪᠡᠷ ᠵᠢᠡᠨ ᠰᠡᠳᠬᠢᠯ ᠨᠢᠬᠡᠳᠤᠨ ᠬᠠᠳᠠᠭᠤ ᠳᠠᠢ ᠨᠢ ᠬᠠᠯᠳᠠᠵᠥ ᠦᠢᠯᠡᠰ ᠴᠤᠬᠴᠠᠯᠠᠬᠤ ᠤᠷᠮ᠎ᠠ ᠵᠤᠷᠢᠭ ᠵᠢᠡᠨ ᠬᠦᠪᠴᠢᠯᠡᠵᠠᠢ
ᠬᠣᠷᠴᠢᠨ ᠲᠣᠭᠣᠷᠢᠭ 83 ᠭᠣᠣᠯᠳᠠᠯᠭ᠎ᠠ᠎ᠲᠠᠶ ᠲᠦᠷᠦᠯ ᠵᠦᠢᠯ᠎ᠢ ᠬᠡᠷᠡᠭ᠌ᠵᠢᠭᠦᠯᠬᠦ᠌᠎ᠪᠡᠷ ᠲᠥᠯᠥᠪᠯᠡᠵᠦ᠍ ᠂ ᠣᠳᠣᠬᠠᠨᠪᠤᠯᠳᠠᠯᠠ 80 ᠲᠦᠷᠦᠯ ᠵᠦᠢᠯ᠎ᠦᠨ ᠡᠮᠦᠨᠡᠬᠢ ᠬᠤᠭᠤᠴᠠᠭᠠᠨ᠎ᠤ ᠠᠵᠢᠯ᠎ᠢ ᠪᠦᠬᠦᠯᠢ ᠴᠣᠭ᠍ᠴᠠ᠎ᠪᠠᠷ ᠨᠢ ᠱᠢᠢᠳᠪᠦᠷᠢᠯᠡᠨ ᠳᠠᠭᠤᠰᠭᠠᠵᠤ ᠂ ᠪᠦᠬᠦᠨ ᠵᠢᠡᠷ ᠵᠢᠡᠨ ᠠᠵᠢᠯ ᠡᠬᠢᠯᠡᠭᠦᠯᠦᠭᠰᠡᠨ ᠪᠤᠶᠤ ᠠᠵᠢᠯ ᠰᠡᠷᠭᠦᠭᠡᠪᠡ᠃ ᠬᠣᠣᠯᠢᠨ ᠭᠣᠣᠯ ᠬᠤᠲᠠ 75 ᠭᠣᠣᠯᠳᠠᠯᠭ᠎ᠠ᠎ᠲᠠᠶ ᠲᠦᠷᠦᠯ ᠵᠦᠢᠯ᠎ᠢ ᠬᠡᠷᠡᠭ᠌ᠵᠢᠭᠦᠯᠬᠦ᠌᠎ᠪᠡᠷ ᠲᠥᠯᠥᠪᠯᠡᠵᠦ᠍ ᠂ ᠳᠡᠭᠡᠷ᠎ᠡ ᠬᠠᠭᠠᠰ ᠵᠢᠯ᠎ᠳᠦ 71 ᠲᠦᠷᠦᠯ ᠵᠦᠢᠯ ᠨᠢ ᠠᠵᠢᠯ᠎ᠢᠶᠠᠨ ᠡᠬᠢᠯᠡᠭᠦᠯᠵᠦ᠍ ᠠᠵᠢᠯ ᠵᠢᠡᠨ ᠰᠡᠷᠭᠦᠭᠡᠪᠡ (4 ᠲᠦᠷᠦᠯ ᠵᠦᠢᠯ᠎ᠢ ᠨᠢᠭᠡᠨᠲᠡ ᠬᠢᠵᠦ ᠳᠠᠭᠤᠰᠴᠠᠢ)᠃ ᠺᠠᠢᠯᠦ᠍ ᠱᠢᠶᠠᠨ 54 ᠭᠣᠣᠯᠳᠠᠯᠭ᠎ᠠ᠎ᠲᠠᠶ ᠲᠦᠷᠦᠯ ᠵᠦᠢᠯ᠎ᠢ ᠬᠡᠷᠡᠭ᠌ᠵᠢᠭᠦᠯᠬᠦ᠌᠎ᠪᠡᠷ ᠲᠥᠯᠥᠪᠯᠡᠵᠦ᠍ ᠂ ᠳᠡᠭᠡᠷ᠎ᠡ ᠬᠠᠭᠠᠰ ᠵᠢᠯ᠎ᠳᠦ 53 ᠲᠦᠷᠦᠯ ᠵᠦᠢᠯ ᠨᠢ ᠠᠵᠢᠯ᠎ᠢᠶᠠᠨ ᠡᠬᠢᠯᠡᠭᠦᠯᠵᠦ᠍ ᠠᠵᠢᠯ ᠵᠢᠡᠨ ᠰᠡᠷᠭᠦᠭᠡᠪᠡ᠃ ᠵᠠᠷᠤᠳ ᠬᠣᠱᠢᠭᠤ 28 ᠭᠤᠤᠯᠳᠠᠯᠭ᠎ᠠ᠎ᠲᠠᠶ ᠲᠥᠷᠥᠯ ᠵᠦᠶ᠋ᠯ᠎ᠢ ᠬᠡᠷᠡᠭ᠌ᠵᠢᠭᠦᠯᠬᠦ᠌᠎ᠪᠡᠷ ᠲᠥᠯᠥᠪᠯᠡᠵᠦ᠍ ᠂ ᠡᠮᠦᠨᠡᠬᠢ ᠬᠤᠭᠤᠴᠠᠭᠠᠨ᠎ᠤ ᠭᠠᠷᠳᠠᠮᠭᠦᠶ᠋ᠴᠡᠳᠭᠡᠵᠦ᠍ ᠳᠠᠭᠤᠰᠭᠠᠭ᠍ᠰᠠᠨ ᠨᠣᠷᠮ᠎ᠠ ᠪᠠ ᠠᠵᠢᠯ᠎ᠢᠶᠠᠨ ᠡᠬᠢᠯᠡᠭᠦᠯᠵᠦ᠍ ᠠᠵᠢᠯ ᠵᠢᠡᠨ ᠰᠡᠷᠭᠦᠭᠡᠭ᠌ᠰᠡᠨ ᠨᠣᠷᠮ᠎ᠠ ᠴᠥᠮ 100 % ᠳ᠋ᠤ ᠬᠥᠷᠪᠡ ᠁

5 ᠰᠠᠷ᠎ᠠ᠎ᠶ᠋ᠢᠨ 9 ᠤ᠋ ᠡᠳᠦᠷ ᠲᠦᠩᠯᠢᠶᠣᠤ ᠬᠣᠲᠠ 6 ᠡᠳᠦᠷ᠎ᠦᠨ ᠬᠤᠭᠤᠴᠠᠭ᠎ᠠ᠎ᠲᠠᠶ ᠭᠤᠤᠯᠳᠠᠯᠭ᠎ᠠ᠎ᠲᠠᠶ ᠲᠥᠷᠥᠯ ᠵᠦᠶ᠋ᠯ᠎ᠢ ᠲᠤᠭᠤᠷᠢᠨ ᠦᠵᠡᠵᠦᠱᠠᠯᠠᠪᠳᠠᠭᠤᠯᠤᠨ ᠵᠢᠯᠤᠭᠤᠳᠬᠤ ᠠᠵᠢᠯᠯᠠᠭ᠎ᠠ ᠥᠷᠨᠢᠭᠦᠯᠦᠭ᠌ᠰᠡᠨᠦ ᠳᠠᠷᠠᠭ᠎ᠠ᠂ 7 ᠰᠠᠷ᠎ᠠ᠎ᠶ᠋ᠢᠨ 18 ᠤ᠋ ᠡᠳᠦᠷ ᠂ ᠲᠦᠩᠯᠢᠶᠣᠤ ᠬᠣᠲᠠ᠎ᠶ᠋ᠢᠨ 2022 ᠣᠨ᠎ᠤ ᠳᠡᠭᠡᠷ᠎ᠡ ᠬᠠᠭᠠᠰ ᠵᠢᠯ᠎ᠦᠨ ᠠᠵᠤ ᠠᠬᠤᠶ᠎ᠶ᠋ᠢᠨ ᠠᠵᠢᠯᠯᠠᠭᠠᠨ᠎ᠤ ᠲᠣᠬᠢᠷᠠᠭᠤᠯᠤᠯᠲᠠ ᠵᠢᠴᠢ ᠨᠡᠮᠡᠭ᠌ᠳᠡᠯ᠎ᠢ ᠲᠣᠭ᠍ᠲᠠᠪᠤᠷᠢᠵᠢᠭᠤᠯᠤᠨ ᠪᠠᠯᠠ ᠣᠷᠣᠭᠤᠯᠤᠯᠲᠠ᠎ᠶ᠋ᠢ ᠠᠬᠢᠭᠤᠯᠬᠤ ᠲᠥᠷᠥᠯ ᠵᠦᠶ᠋ᠯ᠎ᠦᠨ ᠪᠥᠲᠥᠭᠡᠨ ᠪᠠᠢᠭᠤᠯᠤᠯᠲᠠ᠎ᠶ᠋ᠢᠨ ᠲᠤᠬᠠᠶ᠎ᠶ᠋ᠢᠨ ᠭᠠᠵᠠᠷ᠎ᠤᠨ ᠬᠤᠷᠠᠯ ᠬᠣᠷᠴᠢᠨ ᠵᠡᠭᠦᠨ ᠭᠠᠷᠤᠨ ᠬᠣᠢᠲᠤ ᠬᠣᠱᠢᠭᠤᠨ᠎ᠳᠤ ᠬᠤᠷᠠᠯᠳᠤᠵᠤ ᠂ ᠬᠤᠷᠠᠯ᠎ᠳᠤ ᠣᠷᠣᠯᠴᠠᠭ᠍ᠰᠠᠨ ᠨᠥᠬᠥᠳ ᠬᠣᠷᠴᠢᠨ ᠵᠡᠭᠦᠨ ᠭᠠᠷᠤᠨ ᠬᠣᠢᠲᠤ ᠬᠣᠱᠢᠭᠤᠨ᠎ᠤ ᠱᠢᠨ᠎ᠡ ᠦᠬᠡᠷ ᠮᠠᠯ ᠠᠵᠤ ᠠᠬᠤᠶ᠎ᠶ᠋ᠢᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠳᠣᠯᠣᠳᠤᠭᠠᠷ ᠮᠠᠯᠵᠢᠯ᠎ᠤᠨ ᠲᠠᠯᠠᠪᠠᠶ᠎ᠶ᠋ᠢᠨ ᠲᠥᠷᠥᠯ ᠵᠦᠶ᠋ᠯ᠎ᠤᠨ ᠠᠬᠤᠢ ᠲᠠᠯᠠᠪᠠᠢ ᠳ᠋ᠤ ᠪᠥᠬᠥ᠌ ᠬᠣᠲᠠ᠎ᠶ᠋ᠢᠨ ᠵᠣᠨ᠎ᠤ ᠤᠯᠠᠷᠢᠯ᠎ᠤᠨ ᠭᠤᠤᠯᠳᠠᠯᠭ᠎ᠠ᠎ᠲᠠᠶ ᠲᠥᠷᠥᠯ ᠵᠦᠶ᠋ᠯ᠎ᠢ ᠲᠥᠪᠯᠡᠷᠡᠭᠦᠯᠦᠨ ᠠᠵᠢᠯ ᠡᠬᠢᠯᠡᠭᠦᠯᠬᠦ᠌ ᠵᠢ ᠶᠠᠪᠤᠬᠳᠠᠭᠤᠯᠤᠬᠰᠠᠨ ᠪᠦᠬᠡᠳ ᠬᠣᠷᠴᠢᠨ ᠵᠡᠭᠦᠨ ᠭᠠᠷᠤᠨ ᠬᠣᠢᠲᠤ ᠬᠣᠱᠢᠭᠤᠨ᠎ᠤ ᠱᠢᠨ᠎ᠡ᠎ᠪᠡᠷ ᠠᠵᠢᠯ ᠡᠬᠢᠯᠡᠭᠦᠯᠦᠭ᠌ᠰᠡᠨ ᠭᠤᠤᠯᠳᠠᠯᠭ᠎ᠠ᠎ᠲᠠᠶ ᠲᠥᠷᠥᠯ ᠵᠦᠶ᠋ᠯ᠎ᠢ ᠲᠤᠬᠠᠶ᠎ᠶ᠋ᠢᠨ ᠭᠠᠵᠠᠷ᠎ᠲᠤᠨᠢ ᠲᠣᠭᠣᠷᠢᠨ ᠦᠵᠡᠪᠡ᠃
ᠬᠤᠷᠠᠯ ᠳᠡᠭᠡᠷ᠎ᠡ ᠂ ᠡᠯ᠎ᠡ ᠬᠣᠱᠢᠭᠤ ᠱᠢᠶᠠᠨ ᠬᠣᠲᠠ ᠲᠣᠭᠣᠷᠢᠭ ᠂ ᠨᠡᠭᠡᠭᠡᠯᠲᠡ᠎ᠶ᠋ᠢᠨ ᠲᠣᠭᠣᠷᠢᠭᠲᠣᠰ ᠭᠠᠵᠠᠷ ᠣᠷᠣᠨ᠎ᠤ ᠪᠠᠨ ᠳᠡᠭᠡᠷ᠎ᠡ ᠬᠠᠭᠠᠰ ᠵᠢᠯ᠎ᠦᠨ ᠬᠢᠷᠢ ᠪᠦᠲᠦᠮᠵᠢ᠎ᠶ᠋ᠢᠨ ᠬᠠᠭᠤᠳᠠᠰᠤ᠎ᠪᠠᠨ ᠵᠠᠯᠭᠠᠭ᠎ᠠ᠎ᠪᠠᠷ ᠨᠡᠢᠳᠡᠯᠡᠵᠤ ᠂ ᠬᠣᠲᠠ᠎ᠶ᠋ᠢᠨ ᠭᠤᠤᠯ ᠤᠳᠤᠷᠢᠳᠤᠯᠭ᠎ᠠ ᠡᠴᠡ ᠨᠢᠭᠡ ᠨᠢᠭᠡ᠎ᠪᠡᠷ ᠦᠨᠡᠯᠡᠵᠦ᠍ ᠂ ᠠᠰᠠᠭᠤᠳᠠᠯ᠎ᠳᠤ ᠱᠢᠭᠤᠳ ᠬᠠᠷᠢᠭᠤᠯᠲᠠ ᠦᠭᠪᠡ᠃ ᠪᠦᠷᠢᠳᠭᠡᠭ᠌ᠰᠡᠨ ᠲᠣᠭ᠎ᠠ ᠪᠠᠷᠢᠮᠲᠠ᠎ᠳᠤ ᠢᠯᠡᠷᠡᠭᠦᠯᠦᠭ᠌ᠰᠡᠨ᠎ᠢᠶᠡᠷ ᠂ ᠲᠦᠩᠯᠢᠶᠣᠤ ᠬᠣᠲᠠ᠎ᠶ᠋ᠢᠨ ᠬᠡᠷᠡᠭ᠌ᠵᠢᠭᠦᠯᠬᠦ᠌᠎ᠪᠡᠷ ᠲᠥᠯᠥᠪᠯᠡᠵᠦ᠍ ᠪᠠᠢᠭ᠎ᠠ 547 ᠭᠤᠤᠯᠳᠠᠯᠭ᠎ᠠ᠎ᠲᠠᠶ ᠲᠥᠷᠥᠯ ᠵᠦᠶ᠋ᠯ ᠡᠴᠡ 501 ᠵᠦᠢᠯ ᠨᠢ ᠠᠵᠢᠯ᠎ᠢᠶᠠᠨ ᠡᠬᠢᠯᠡᠭᠦᠯᠵᠦ ᠠᠵᠢᠯ ᠵᠢᠡᠨ ᠰᠡᠷᠭᠦᠭᠡᠵᠦ᠍ ᠂ ᠠᠵᠢᠯ᠎ᠢᠶᠠᠨ ᠡᠬᠢᠯᠡᠭᠦᠯᠵᠦ ᠠᠵᠢᠯ ᠵᠢᠡᠨ ᠰᠡᠷᠭᠦᠭᠡᠭ᠌ᠰᠡᠨ ᠨᠣᠷᠮ᠎ᠠ 92%ᠲᠸ᠋ ᠬᠦᠷᠴᠦ ᠂ ᠠᠳᠠᠯᠢ ᠬᠤᠭᠤᠴᠠᠭᠠᠨ᠎ᠤ᠎ᠬᠢ᠎ᠡᠴᠡ ᠵᠠᠭᠤᠨ᠎ᠤ ᠬᠠᠷᠢᠴᠠᠯ ᠵᠢᠡᠷ 19 ᠬᠤᠪᠢ ᠳᠡᠭᠡᠭ᠌ᠰᠢᠯᠡᠪᠡ᠃ ᠪᠦᠬᠦ᠌ ᠬᠣᠲᠠ᠎ᠶ᠋ᠢᠨ ᠳᠡᠭᠡᠷ᠎ᠡ ᠬᠠᠭᠠᠰ ᠵᠢᠯ᠎ᠦᠨ ᠲᠣᠭ᠍ᠲᠠᠮᠠᠯ ᠬᠥᠷᠥᠩᠭᠡ᠎ᠶ᠋ᠢᠨ ᠪᠡᠯᠡ ᠣᠷᠣᠭᠤᠯᠤᠯᠲᠠ 37.2% ᠵᠢᠡᠷ ᠨᠡᠮᠡᠭ᠌ᠳᠡᠵᠦ᠍ ᠂ ᠠᠳᠠᠯᠢ ᠬᠤᠭᠤᠴᠠᠭᠠᠨ᠎ᠤ ᠬᠢ᠎ᠡᠴᠡ ᠵᠠᠭᠤᠨ᠎ᠤ ᠬᠠᠷᠢᠴᠠᠯ ᠵᠢᠡᠷ 46.1 ᠬᠤᠪᠢ ᠳᠡᠭᠡᠭ᠌ᠰᠢᠯᠡᠵᠦ᠍ ᠂ ᠵᠢᠯ᠎ᠦᠨ ᠲᠥᠯᠥᠪᠯᠡᠭᠡ᠎ᠡᠴᠡ ᠵᠠᠭᠤᠨ᠎ᠤ ᠬᠠᠷᠢᠴᠠᠯ ᠵᠢᠡᠷ 7.2 ᠬᠤᠪᠢ ᠳᠠᠪᠠᠵᠠᠢ᠃ ᠵᠢᠯ᠎ᠦᠨ ᠡᠬᠢᠨ᠎ᠡᠴᠡ ᠨᠠᠭᠠᠰᠢ ᠂ ᠠᠵᠤ ᠠᠬᠤᠶ ᠪᠠᠭᠤᠷᠠᠬᠤ ᠳᠠᠷᠤᠯᠲᠠ ᠦᠷᠭᠦᠯᠵᠢᠯᠡᠨ ᠨᠡᠮᠡᠭ᠌ᠳᠡᠬᠦ ᠳ᠋ᠦ ᠲᠦᠩᠯᠢᠶᠣᠤ ᠬᠣᠲᠠ ᠬᠦᠴᠢᠷ᠎ᠢ ᠰᠦᠷᠦᠨ ᠤᠷᠤᠭ᠍ᠰᠢᠯᠠᠵᠤ ᠂ 《 ᠪᠥᠬᠥ᠌ ᠵᠢᠯ᠎ᠦᠨ ᠲᠣᠭ᠍ᠲᠠᠮᠠᠯ ᠬᠥᠷᠥᠩᠭᠡ᠎ᠶ᠋ᠢᠨ ᠪᠠᠯᠠ ᠣᠷᠣᠭᠤᠯᠤᠯᠲᠠ᠎ᠶ᠋ᠢ 30% ᠡᠴᠡ ᠳᠡᠭᠡᠭ᠌ᠰᠢ ᠨᠡᠮᠡᠭ᠌ᠳᠡᠭᠦᠯᠬᠦ᠌ 》 《 ᠲᠥᠷᠥᠯ ᠵᠦᠶ᠋ᠯ᠎ᠦᠨ ᠲᠣᠭ᠎ᠠ ᠬᠡᠮᠵᠢᠶ᠎ᠡ ᠂ ᠣᠨ᠎ᠤ ᠪᠠᠯᠠ ᠣᠷᠣᠭᠤᠯᠤᠯᠲᠠ᠎ᠶ᠋ᠢᠨ ᠲᠣᠭ᠎ᠠ ᠬᠡᠮᠵᠢᠶ᠎ᠡ ᠂ ᠬᠤᠷᠳᠤᠴᠠ 〈ᠭᠤᠷᠪᠠ᠎ᠶ᠋ᠢ ᠨᠡᠮᠡᠭ᠌ᠳᠡᠭᠦᠯᠬᠦ᠌ 〉 ᠬᠠᠷᠠᠯᠲᠠ᠎ᠶ᠋ᠢ ᠴᠢᠷᠮᠠᠢᠨ ᠪᠡᠶᠡᠯᠡᠭᠦᠯᠵᠦ᠍ ᠂ ᠴᠢᠬᠤᠯᠠ ᠶᠡᠬᠡ ᠲᠥᠷᠥᠯ ᠵᠦᠶ᠋ᠯ᠎ᠢᠶᠡᠷ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠱᠢᠨ᠎ᠡ ᠠᠶᠠᠨ᠎ᠢ ᠡᠬᠢᠯᠡᠭᠦᠯᠪᠡ᠃ ᠪᠥᠬᠥ᠌ ᠬᠣᠲᠠ᠎ᠶ᠋ᠢᠨ 300 ᠭᠠᠷᠤᠶ ᠠᠷᠠᠯᠵᠢᠶᠠᠴᠢᠨ ᠤᠷᠢᠬᠤ ᠠᠩᠭᠢ ᠳ᠋ᠦ 1300 ᠭᠠᠷᠤᠶ ᠺᠠᠳ᠋ᠷ ᠰᠠᠨᠠᠭᠠᠴᠢᠯᠠᠭ᠎ᠠ᠎ᠠᠴᠠ᠎ᠪᠠᠨ ᠬᠦᠳᠡᠯᠦᠯᠴᠡᠵᠦ᠂ ᠪᠡᠭᠡᠵᠢᠩ ᠂ ᠱᠠᠩᠬᠠᠶ ᠂ ᠲᠢᠶᠠᠨᠵᠢᠨ ᠂ ᠵᠧᠵᠢᠶᠠᠩ ᠂ ᠵᠢᠶᠠᠩᠰᠦ ᠵᠡᠷᠭᠡ ᠭᠠᠵᠠᠷ᠎ᠲᠤ ᠣᠯᠠᠨ ᠤᠳᠠᠭ᠎ᠠ ᠬᠦᠷᠴᠦ᠍ ᠲᠥᠷᠥᠯ ᠵᠦᠶ᠋ᠯ᠎ᠢ ᠵᠣᠯᠭᠠᠯᠴᠠᠭᠤᠯᠤᠨ ᠠᠬᠢᠭᠤᠯᠵᠤ ᠂ ᠪᠥᠬᠥ᠌ ᠠᠵᠢᠯᠲᠠᠨ ᠠᠷᠠᠯᠵᠢᠶᠠᠴᠢᠨ ᠤᠷᠢᠬᠤ ᠂ ᠪᠥᠬᠥ᠌ ᠤᠷᠤᠨ ᠪᠦᠰᠡ ᠳ᠋ᠤ ᠠᠷᠠᠯᠵᠢᠶᠠᠴᠢᠨ ᠤᠷᠢᠬᠤ ᠂ ᠪᠥᠬᠥ᠌ ᠤᠯᠠᠷᠢᠯ᠎ᠳᠤ ᠠᠷᠠᠯᠵᠢᠶᠠᠴᠢᠨ ᠤᠷᠢᠬᠤ ᠵᠠᠭ᠍ᠪᠤᠷ᠎ᠢ ᠡᠬᠢᠯᠡᠭᠦᠯᠪᠡ᠃
ᠨᠠᠮ ᠵᠠᠰᠠᠭ᠎ᠤᠨ ᠤᠳᠤᠷᠢᠳᠭᠤ ᠺᠠᠳ᠋ᠷ《ᠲᠦᠷᠦᠯ ᠵᠦᠢᠯ᠎ᠦᠨ ᠬᠠᠮᠢᠶᠠᠷᠤᠭ᠍ᠴᠢ》 ᠪᠤᠯᠵᠤ᠂《ᠨᠢᠭᠡ ᠲᠦᠷᠦᠯ ᠵᠦᠢᠯ ᠨᠢᠭᠡ ᠤᠳᠤᠷᠢᠳᠤᠯᠭ᠎ᠠ᠂ ᠨᠢᠭᠡ ᠠᠵᠢᠯᠨᠢᠭᠡ ᠲᠤᠰᠭᠠᠢ ᠠᠩᠬᠢ᠂ ᠨᠢᠭᠡ ᠶᠠᠪᠤᠳᠠᠯ᠎ᠢ ᠨᠢᠭᠡ ᠨᠢᠭᠡ ᠪᠡᠷ ᠵᠣᠬᠢᠴᠠᠭᠤᠯᠬᠤ᠂ ᠨᠢᠭᠡ ᠰᠠᠷ᠎ᠠ᠎ᠳᠤ ᠨᠢᠭᠡ ᠤᠳᠠᠭ᠎ᠠ ᠠᠬᠢᠭᠤᠯᠬᠤ》ᠵᠢ ᠬᠡᠷᠡᠭ᠌ᠵᠢᠭᠦᠯᠵᠦ᠍᠂ ᠭᠡᠷ᠎ᠡ ᠲᠣᠭ᠍ᠲᠠᠨ ᠨᠠᠢᠳᠠᠪᠤᠷᠢᠵᠢᠭᠤᠯᠬᠤ᠂ ᠪᠠᠷᠢᠯᠭ᠎ᠠ ᠡᠬᠢᠯᠡᠭᠦᠯᠦᠨ ᠪᠦᠳᠦᠭᠡᠨ ᠪᠠᠢᠭᠤᠯᠬᠤ᠎ᠠᠴᠠ ᠠᠱᠢᠭ᠍ᠯᠠᠯᠲᠠ᠎ᠳᠤ ᠣᠷᠣᠭᠤᠯᠬᠤ ᠬᠦᠷᠲᠡᠯ᠎ᠡ ᠪᠦᠬᠦ᠌ ᠶᠠᠪᠤᠴᠠ᠎ᠳᠤ ᠮᠥᠷᠳᠡᠨ ᠦᠢᠯᠡᠴᠢᠯᠡᠵᠦ᠍᠂ ᠬᠠᠪᠰᠤᠷᠤᠨ ᠭᠦᠢᠴᠡᠳᠭᠡᠵᠦ᠍ ᠣᠷᠣᠯᠠᠨ ᠭᠦᠢᠴᠡᠳᠭᠡᠪᠡ᠃
6 ᠰᠠᠷ᠎ᠠ᠎ᠶ᠋ᠢᠨ 25 ᠤ᠋ ᠡᠳᠦᠷ᠂ ᠬᠣᠷᠴᠢᠨ ᠲᠣᠭᠣᠷᠢᠭ᠎ᠤᠨ ᠵᠠᠰᠠᠭ᠎ᠤᠨ ᠣᠷᠳᠣᠨ᠎ᠤ ᠠᠯᠪᠠᠨ ᠠᠰᠠᠷ᠎ᠤᠨ ᠬᠤᠷᠠᠯ᠎ᠤᠨ ᠬᠡᠷ᠎ᠲᠦ᠂ ᠵᠠᠰᠠᠭ᠎ᠤᠨ ᠤᠷᠳᠤᠨ ᠠᠵᠤ ᠠᠬᠤᠢᠯᠠᠯ ᠤᠨ ᠶᠠᠷᠢᠯᠴᠠᠬᠤ ᠬᠤᠷᠠᠯ ᠶᠠᠭ ᠶᠠᠪᠤᠭ᠍ᠳᠠᠵᠤ ᠪᠠᠢᠪᠠ᠃
ᠠᠰᠠᠭᠤᠯᠲᠠ᠄《ᠦᠶ᠋ᠯᠡᠳᠪᠦᠷᠢ᠎ᠶ᠋ᠢᠨ ᠲᠣᠭᠣᠷᠢᠭ᠎ᠤᠨ ᠵᠡᠭᠦᠨ ᠲᠠᠯ᠎ᠠ ᠳ᠋ᠡᠬᠢ ᠭᠠᠵᠠᠷ ᠳᠤᠤᠷᠠᠬᠢ ᠬᠣᠭᠣᠯᠠᠶ ᠡᠪᠳᠡᠷᠡᠨ ᠰᠦᠶ᠋ᠳᠦᠭᠰᠡᠨ ᠡᠴᠡ ᠠᠵᠤ ᠠᠬᠤᠢᠯᠠᠯ᠎ᠤᠨ ᠲᠡᠷᠭᠡ ᠬᠦᠰᠭᠡ ᠵᠢᠨ ᠠᠵᠢᠯ ᠢ ᠨᠦᠯᠦᠭᠡᠯᠡᠵᠦ ᠪᠤᠢ᠂ ᠵᠠᠰᠠᠭ᠎ᠤᠨ ᠣᠷᠳᠣᠨ ᠡᠴᠡ ᠵᠣᠬᠢᠴᠠᠭᠤᠯᠤᠨ ᠱᠢᠶ᠋ᠳᠪᠦᠷᠢᠯᠡᠵᠦ ᠦᠭᠬᠦ᠌ ᠵᠢ ᠬᠦᠰᠡᠵᠦ ᠪᠠᠢᠨ᠎ᠠ》 ᠁
ᠬᠠᠷᠢᠭᠤᠯᠲᠠ᠄《ᠭᠤᠶᠤᠴᠢᠯᠠᠬᠤ ᠪᠡᠷ ᠳᠠᠮᠵᠢᠨ᠂ ᠬᠣᠲᠠ᠎ᠶ᠋ᠢᠨ ᠡᠳ᠋᠎ᠦᠨ ᠵᠠᠰᠠᠭ᠎ᠤᠨ ᠲᠣᠪᠴᠢᠶ᠎ᠠ ᠨᠢᠭᠡᠨᠲᠡ ᠵᠠᠮ ᠵᠠᠰᠠᠬᠤ ᠵᠠᠷᠤᠳᠠᠯ᠎ᠢ ᠬᠤᠷᠴᠢᠨ ᠲᠣᠭᠣᠷᠢᠭ᠎ᠲᠤ ᠱᠢᠯᠵᠢᠭᠦᠯᠦᠨ ᠥᠭ᠌ᠬᠦ ᠶ᠋ᠢ ᠵᠥᠪᠱᠢᠶᠡᠷᠡᠵᠡᠢ᠂ ᠬᠤᠷᠴᠢᠨ ᠲᠣᠭᠣᠷᠢᠭ᠎ᠠᠴᠠ ᠵᠠᠮ᠎ᠢ ᠵᠠᠰᠠᠨ ᠰᠡᠷᠬᠦᠭᠡᠬᠦ ᠶ᠋ᠢ ᠬᠠᠷᠢᠭᠤᠴᠠᠨ᠎ᠠ᠃ ᠠᠭᠤᠷ ᠠᠮᠢᠰᠭᠤᠯ ᠰᠠᠢᠨ ᠪᠣᠯ ᠪᠠᠷᠢᠯᠭ᠎ᠠ ᠶ᠋ᠢᠨ ᠠᠩᠭᠢ ᠬᠡᠵᠢᠶ᠎ᠡ ᠴᠦ᠍ ᠭᠡᠰᠡᠨ ᠠᠵᠢᠯ ᠵᠢᠡᠨ ᠡᠬᠢᠯᠡᠬᠦᠯᠵᠦ ᠪᠤᠯᠤᠨ᠎ᠠ》᠃
ᠠᠰᠠᠭᠤᠯᠲᠠ᠄《35 MW ᠥᠷᠭᠡᠳᠭᠡᠨ ᠪᠠᠢᠭᠤᠯᠬᠤ ᠢᠨᠵᠧᠨᠧᠷᠢᠩ᠎ᠢ ᠠᠱᠢᠭ᠍ᠯᠠᠯᠲᠠ᠎ᠳᠤ ᠣᠷᠣᠭᠤᠯᠤᠭ᠍ᠰᠠᠨ᠎ᠤ ᠳᠠᠷᠠᠭ᠎ᠠ ᠦᠨᠡᠰᠦᠨ ᠱᠢᠭᠠᠷᠤ᠎ᠶ᠋ᠢ ᠱᠢᠶ᠋ᠳᠪᠦᠷᠢᠯᠡᠬᠦ᠌ ᠢᠵᠢ ᠪᠦᠷᠢᠳᠦᠭᠰᠡᠨ ᠲᠠᠯᠠᠪᠠᠶ ᠥᠬᠡᠶ ᠪᠠᠢᠨ᠎ᠠ ᠂ ᠵᠠᠰᠠᠭ᠎ᠤᠨ ᠣᠷᠳᠣᠨ᠎ᠠᠴᠠ ᠬᠦᠷᠢᠶᠡᠯᠡᠩ ᠲᠣᠭᠣᠷᠢᠭ᠎ᠤᠨ ᠦᠨᠡᠰᠦᠨ ᠱᠢᠭᠠᠷᠤ ᠶ᠋ᠢ ᠰᠢᠢᠳᠪᠦᠷᠢᠯᠡᠬᠦ ᠢᠵᠢ ᠪᠦᠷᠢᠳᠦᠭᠰᠡᠨ ᠲᠠᠯᠠᠪᠠᠶ᠎ᠶ᠋ᠢᠨ ᠪᠥᠲᠥᠭᠡᠨ ᠪᠠᠢᠭᠤᠯᠤᠯᠲᠠ ᠶ᠋ᠢ ᠲᠦᠷᠭᠡᠳᠭᠡᠨ ᠠᠬᠢᠭᠤᠯᠬᠤ ᠪᠤᠯᠪᠠᠤ》 ᠁
ᠬᠠᠷᠢᠭᠤᠯᠲᠠ᠄《ᠦᠨᠡᠰᠦᠨ ᠱᠢᠭᠠᠷᠤ᠎ᠶ᠋ᠢ ᠰᠢᠢ᠍ᠳᠪᠦᠷᠢᠯᠡᠬᠦ ᠲᠠᠯᠠᠪᠠᠢ᠎ᠶ᠋ᠢᠨ ᠨᠢᠭᠡᠳᠦᠭᠡᠷ ᠬᠤᠭᠤᠴᠠᠭᠠᠨ᠎ᠤ ᠪᠠᠷᠢᠯᠭ᠎ᠠ ᠵᠢᠨ ᠠᠵᠢᠯ᠎ᠢ ᠨᠢᠭᠡᠨᠲᠡ ᠪᠦᠲᠦᠭᠡᠨ ᠪᠠᠢᠭᠤᠯᠵᠤ ᠳᠠᠭᠤᠰᠭᠠᠵᠠᠢ᠂ ᠬᠣᠶᠠᠳᠤᠭᠠᠷ ᠬᠤᠭᠤᠴᠠᠭᠠᠨ᠎ᠤ ᠪᠠᠷᠢᠯᠭ᠎ᠠ᠎ᠶ᠋ᠢᠨ ᠮᠠᠲ᠋ᠧᠷᠢᠶᠠᠯ᠎ᠢ ᠨᠢᠭᠡᠨᠲᠡ ᠪᠦᠷᠢᠳᠦᠬᠦᠯᠦᠭᠰᠡᠨ ᠪᠥᠭᠡᠳ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠭᠠᠵᠠᠷ ᠱᠢᠷᠣᠢ ᠡᠬᠢ ᠪᠠᠶᠠᠯᠢᠭ᠎ᠤᠨ ᠰᠠᠯᠠᠭ᠎ᠠ ᠮᠥᠴᠢᠷ᠎ᠲᠦ ᠮᠡᠳᠡᠭᠦᠯᠵᠦ᠍ ᠬᠢᠨᠠᠨ ᠵᠥᠪᠱᠢᠶᠡᠷᠡᠭᠦᠯᠵᠦ ᠪᠤᠢ᠃ ᠬᠢᠨᠠᠨ ᠵᠥᠪᠱᠢᠶᠡᠷᠡᠭᠦᠯᠦᠭ᠌ᠰᠡᠨ᠎ᠤ ᠳᠠᠷᠠᠭ᠎ᠠ ᠳᠠᠷᠤᠢᠬᠠᠨ ᠠᠵᠢᠯ ᠡᠬᠢᠯᠡᠭᠦᠯᠦᠨ ᠪᠦᠲᠦᠭᠡᠨ ᠪᠠᠢᠭᠤᠯᠵᠤ ᠪᠣᠯᠤᠨ᠎ᠠ》᠃
ᠠᠰᠠᠭᠤᠳᠠᠯ᠎ᠲᠠᠶ ᠪᠣᠯ ᠵᠠᠪᠠᠯ ᠲᠤᠷᠠᠳᠤᠨ᠎ᠠ᠃ ᠠᠮᠠᠯᠳᠠᠭᠰᠠᠨ ᠪᠤᠯ ᠵᠠᠪᠠᠯ ᠬᠦᠢᠴᠡᠳᠭᠡᠨ᠎ᠡ᠃
ᠡᠨᠡ ᠪᠣᠯ ᠬᠣᠷᠴᠢᠨ ᠲᠣᠭᠣᠷᠢᠭ ᠤᠨ ᠬᠤᠷᠠᠯᠳᠤᠭᠤᠯᠤᠭ᠍ᠰᠠᠨ ᠵᠠᠰᠠᠭ ᠤᠨ ᠤᠷᠳᠤᠨ ᠠᠵᠤ ᠠᠬᠤᠢᠯᠠᠯ᠎ᠤᠨ ᠬᠠᠭᠠᠰ ᠰᠠᠷ᠎ᠠ ᠳ᠋ᠤ ᠨᠢᠭᠡ ᠤᠳᠠᠭ᠎ᠠ ᠬᠤᠷᠠᠯᠳᠤᠬᠤ ᠶᠠᠷᠢᠯᠴᠠᠬᠤ ᠬᠤᠷᠠᠯ᠎ᠤᠨ ᠨᠢᠭᠡᠳᠦᠭᠡᠷ ᠬᠤᠭᠤᠴᠠᠭ᠎ᠠ ᠪᠣᠯᠤᠨ᠎ᠠ᠃ 《ᠲᠡᠦᠬᠡ᠎ᠶ᠋ᠢᠨ ᠦᠯᠡᠳᠡᠭ᠌ᠳᠡᠯ ᠠᠰᠠᠭᠤᠳᠠᠯ》 ᠭᠡᠰᠡᠨ ᠴᠦ᠍ ᠲᠡᠷᠡ᠂ ᠲᠥᠷᠥᠯ ᠵᠦᠶ᠋ᠯ ᠢ ᠠᠬᠢᠭᠤᠯᠬᠤ ᠭᠡᠰᠡᠨ ᠴᠦ᠍ ᠲᠡᠷᠡ᠂ ᠠᠵᠤ ᠠᠬᠤᠢᠯᠠᠯ ᠤᠨ ᠬᠥᠭ᠌ᠵᠢᠯᠲᠡ ᠶ᠋ᠢᠨ ᠳᠤᠮᠳᠠ ᠲᠤᠯᠭᠠᠷᠠᠭ᠍ᠰᠠᠨ ᠶᠠᠮᠠᠷᠪᠠ ᠬᠦᠴᠢᠷᠳᠡᠯ ᠢ ᠴᠥᠮ ᠲᠡᠷᠡ ᠳᠤᠤᠷ᠎ᠠ ᠨᠢ ᠳᠤᠷᠠᠳᠤᠨ ᠭᠠᠷᠭᠠᠵᠤ᠂ ᠵᠠᠰᠠᠭ ᠤᠨ ᠣᠷᠳᠣᠨ ᠲᠠᠷᠤᠢᠬᠠᠨ ᠬᠠᠷᠢᠭᠤᠯᠲᠠ ᠥᠭ᠌ᠴᠦ᠂ ᠱᠢᠶ᠋ᠳᠪᠦᠷᠢᠯᠡᠬᠦ᠌ ᠴᠠᠭ ᠤᠨ ᠬᠢᠵᠠᠭᠠᠷ ᠢ ᠲᠣᠳᠣᠷᠬᠠᠢᠯᠠᠵᠤ᠂ ᠱᠢᠶ᠋ᠳᠪᠦᠷᠢᠯᠡᠬᠦ᠌᠎ᠶ᠋ᠢ ᠪᠥᠬᠥ᠌ ᠬᠦᠴᠦᠨ᠎ᠢᠶᠡᠷ᠎ᠢᠶᠡᠨ ᠠᠬᠢᠭᠤᠯᠤᠨ᠎ᠠ᠃
ᠬᠠᠷᠢᠭᠤᠴᠠᠯᠭ᠎ᠠ ᠡᠭᠦᠷᠭᠡᠯᠡᠬᠦ᠌᠎ᠶ᠋ᠢ ᠡᠷᠬᠢᠮᠯᠡᠵᠦ᠍ ᠵᠢᠳᠬᠦᠯ ᠴᠢᠷᠮᠠᠢᠯᠭ᠎ᠠ ᠭᠠᠷᠭᠠᠬᠤ᠎ᠶ᠋ᠢ ᠡᠷᠬᠢᠮᠯᠡᠬᠦ᠌᠎ᠳᠦ ᠤᠳᠤᠷᠢᠳᠭᠤ ᠺᠠᠳ᠋ᠷ ᠪᠣᠯ ᠵᠠᠩᠭᠢᠯᠠᠭ᠎ᠠ ᠪᠣᠯᠤᠨ᠎ᠠ᠃ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌᠎ᠳᠦ ᠥᠷᠭᠡᠨ ᠣᠯᠠᠨ ᠺᠠᠳ᠋ᠷ ᠳᠠᠭᠠᠭᠤᠯᠤᠭ᠍ᠴᠢ ᠪᠣᠯᠬᠤ ᠬᠡᠷᠡᠭ᠌ᠲᠡᠶ᠃
ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ《ᠨᠢᠭᠡᠳᠦᠭᠡᠷ ᠭᠠᠷ》 ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌ ᠨᠢᠭᠡᠳᠦᠭᠡᠷ ᠬᠠᠷᠢᠭᠤᠴᠠᠯᠭᠠᠲᠠᠨ ᠪᠣᠯᠵᠤ᠂ ᠠᠵᠤ ᠠᠬᠤᠢᠯᠠᠯ᠎ᠤᠨ ᠦᠶ᠋ᠯᠡᠳᠪᠦᠷᠢᠯᠡᠯ ᠡᠵᠡᠩᠨᠡᠯᠲᠡ᠎ᠶ᠋ᠢᠨ ᠳᠤᠮᠳᠠᠬᠢ ᠬᠦᠴᠢᠷ ᠠᠰᠠᠭᠤᠳᠠᠯ᠎ᠢ ᠱᠢᠭᠤᠳ ᠱᠢᠶ᠋ᠳᠪᠦᠷᠢᠯᠡᠬᠦ᠌᠎ᠨᠢ ᠶᠠᠮᠠᠷᠪᠠ《ᠬᠣᠭᠣᠰᠣᠨ ᠶᠠᠷᠢᠶ᠎ᠠ》 ᠡᠴᠡ ᠬᠤᠯᠠ ᠢᠯᠡᠭᠦᠦ ᠬᠡᠷᠡᠭ᠌ᠴᠡᠭᠡ᠎ᠲᠡᠶ ᠶᠤᠮ᠃
ᠲᠣᠪᠴᠢᠶᠠᠨ ᠳᠠᠷᠤᠭ᠎ᠠ ᠦᠪᠡᠷ ᠵᠢᠡᠨᠨᠢᠭᠡ ᠤᠳᠠᠭ᠎ᠠ ᠬᠡᠷᠡᠭ ᠶᠠᠪᠤᠳᠠᠯ ᠭᠦᠢᠴᠡᠳᠬᠡᠬᠦ ᠣᠯᠠᠨ ᠲᠦᠮᠡᠨ ᠪᠤᠶᠤ ᠠᠵᠢᠯᠯᠠᠭ᠍ᠴᠢ ᠪᠣᠯᠵᠣ᠂ ᠪᠡᠶ᠎ᠡ᠎ᠶ᠋ᠢᠨ ᠭᠠᠷᠤᠯ ᠢᠶᠠᠨ ᠬᠤᠪᠢᠷᠠᠭᠤᠯᠵᠤ᠂ ᠬᠠᠷᠠᠭᠠᠰᠤ ᠪᠠᠨ ᠬᠤᠪᠢᠷᠠᠭᠤᠯᠪᠠᠯ ᠳᠠᠷᠤᠶ ᠠᠵᠢᠯ ᠤᠨ ᠳᠤᠮᠳᠠ ᠣᠷᠣᠱᠢᠵᠤ ᠪᠠᠢᠭ᠎ᠠ ᠡᠯ᠎ᠡ ᠵᠦᠶ᠋ᠯ ᠦᠨ ᠠᠰᠠᠭᠤᠳᠠᠯ᠎ᠢ ᠢᠯᠡᠷᠡᠭᠦᠯᠵᠦ᠍ ᠴᠢᠳᠠᠨ᠎ᠠ᠃
ᠬᠣᠷᠴᠢᠨ ᠲᠣᠭᠣᠷᠢᠭ᠎ᠤᠨ ᠬᠢᠨ ᠺᠠᠳ᠋ᠷ᠎ᠢᠶᠠᠷ ᠬᠠᠷᠢᠭᠤᠴᠠᠯᠭ᠎ᠠ ᠡᠭᠦᠷᠭᠡᠯᠡᠭᠦᠯᠵᠦ᠍᠂ ᠠᠵᠤ ᠠᠬᠤᠢᠯᠠᠯ ᠪᠣᠯᠤᠨ ᠤᠯᠠᠨ ᠲᠦᠮᠡᠨ ᠦ 《ᠲᠡᠷᠢᠭᠦᠨ ᠵᠡᠷᠭᠡ ᠵᠢᠨ ᠦᠢᠯᠡᠴᠢᠯᠡᠭ᠌ᠴᠢ ᠲᠤᠰᠢᠶᠠᠯᠳᠠᠨ》ᠪᠣᠯᠭᠠᠵᠤ᠂ ᠡᠯ᠎ᠡ ᠱᠠᠲᠤᠨ ᠤ ᠤᠳᠤᠷᠢᠳᠭᠤ ᠺᠠᠳ᠋ᠷ ᠠᠵᠤ ᠠᠬᠤᠢᠯᠠᠯ ᠢ ᠳᠠᠭᠠᠭᠠᠴᠢᠯᠠᠨ ᠬᠠᠷᠢᠯᠴᠠᠵᠤ ᠦᠢᠯᠡᠴᠢᠯᠡᠬᠦ᠌᠂ ᠪᠦᠬᠦ ᠶᠠᠪᠤᠴᠠ ᠶ᠋ᠢ ᠣᠷᠣᠯᠠᠨ ᠭᠦᠢᠴᠡᠳᠭᠡᠬᠦ᠌ ᠠᠵᠢᠯ᠎ᠤᠨ ᠲᠣᠭ᠍ᠲᠠᠴᠠ᠎ᠶ᠋ᠢ ᠪᠦᠬᠦ᠌ ᠲᠠᠯ᠎ᠠ ᠪᠠᠷ ᠨᠠᠢᠳᠠᠪᠤᠷᠢᠵᠢᠭᠤᠯᠵᠤ᠂《ᠠᠵᠤ ᠦᠢᠯᠡᠰ ᠦᠨ ᠪᠦᠯᠦᠭ᠌ᠵᠢᠯ᠎ᠦᠨ ᠠᠬᠢᠭᠤᠯᠬᠤ ᠳᠤᠭᠤᠢᠯᠠᠩ》᠂《ᠠᠵᠤ ᠠᠬᠤᠢᠯᠠᠯ ᠤᠨ ᠶᠡᠷᠦᠩᠬᠡᠢᠯᠡᠭ᠌ᠰᠡᠨ ᠦᠢᠯᠡᠴᠢᠯᠡᠭᠡᠨ᠎ᠦ ᠲᠠᠪᠴᠠᠩ》᠂《ᠲᠦᠷᠦᠯ ᠵᠦᠢᠯ᠎ᠦᠨ ᠨᠠᠷᠢᠨ ᠪᠢᠴᠢᠭᠡᠴᠢ》ᠵᠡᠷᠭᠡ ᠱᠢᠨ᠎ᠡ᠎ᠶ᠋ᠢ ᠡᠭᠦᠳᠦᠭᠰᠡᠨ ᠲᠦᠷᠢᠮ᠎ᠤᠨ ᠳᠠᠪᠠᠭᠤᠯᠢᠭ᠎ᠢ ᠪᠠᠳᠠᠷᠠᠭᠤᠯᠵᠤ᠂ ᠤᠨᠢᠨ ᠳᠡᠭᠡᠷ᠎ᠡ ᠨᠢ ᠦᠢᠯᠡᠴᠢᠯᠡᠬᠦ᠌᠎ᠶ᠋ᠢ ᠪᠦᠬᠦ᠌ ᠲᠠᠯ᠎ᠠ᠎ᠪᠠᠷ ᠨᠠᠢᠳᠠᠪᠤᠷᠢᠵᠢᠭᠤᠯᠵᠤ᠂ ᠴᠢᠬᠤᠯᠠ ᠶᠡᠬᠡ ᠲᠦᠷᠦᠯ ᠵᠦᠢᠯ᠎ᠳᠦ 《ᠨᠢᠭᠡ ᠲᠦᠷᠦᠯ ᠵᠦᠢᠯ ᠳᠤ ᠨᠢᠭᠡ ᠳᠡᠪᠲᠡᠷ 》 ᠡᠬᠡ ᠲᠠᠩᠰᠠ ᠪᠠᠢᠭᠤᠯᠵᠤ᠂ ᠲᠤᠰᠭᠠᠢ ᠬᠥᠮᠦᠨ ᠲᠤᠰᠭᠠᠢ ᠠᠩᠬᠢ ᠲᠤᠬᠢᠷᠠᠭᠤᠯᠤᠨ ᠠᠳᠬᠤᠵᠤ ᠪᠤᠢ᠃
ᠬᠣᠷᠴᠢᠨ ᠲᠣᠭᠣᠷᠢᠭ᠎ᠤᠨ ᠨᠠᠮ᠎ᠤᠨ ᠬᠣᠷᠢᠶᠠᠨ᠎ᠤ ᠱᠦᠵᠢ ᠱᠢᠤᠢ ᠲᠢᠶᠠᠨ ᠫᠸᠩ᠄《ᠠᠵᠤ ᠠᠬᠤᠢᠯᠠᠯ ᠪᠣᠯ ᠬᠣᠷᠴᠢᠨ ᠲᠣᠭᠣᠷᠢᠭ᠎ᠤᠨ ᠴᠢᠨᠠᠷ ᠰᠠᠢᠲᠠᠢ ᠬᠥᠭ᠌ᠵᠢᠯᠲᠡ᠎ᠶ᠋ᠢᠨ ᠠᠮᠢᠵᠢᠷᠠᠯ᠎ᠤᠨ ᠬᠦᠴᠦᠨ᠎ᠦ ᠡᠬᠢ ᠪᠤᠯᠠᠭ ᠮᠥᠨ᠂ ᠬᠤᠳᠠᠯᠳᠤᠭ᠎ᠠ ᠡᠷᠬᠢᠯᠡᠬᠦ᠌ ᠣᠷᠴᠢᠨ ᠨᠦᠭᠦᠴᠡᠯ ᠨᠢ ᠠᠵᠤ ᠠᠬᠤᠢᠯᠠᠯ᠎ᠤᠨ ᠬᠥᠭ᠌ᠵᠢᠯᠲᠡ᠎ᠶ᠋ᠢᠨ ᠣᠷᠣᠨ ᠵᠠᠢ ᠪᠠ ᠬᠤᠷᠳᠤᠴᠠ᠎ᠶ᠋ᠢ ᠲᠣᠭ᠍ᠲᠠᠭᠠᠵᠤ ᠪᠠᠢᠳᠠᠭ᠂ ᠬᠤᠷᠴᠢᠨ ᠲᠤᠭᠤᠷᠢᠬ᠎ᠤᠨ ᠨᠠᠮ᠎ᠤᠨ ᠬᠣᠷᠢᠢ᠎ᠠ᠂ ᠵᠠᠰᠠᠭ᠎ᠤᠨ ᠣᠷᠳᠣᠨ ᠠᠷᠭ᠎ᠠ ᠪᠦᠬᠦᠨ᠎ᠢ ᠰᠦᠪᠡᠭ᠌ᠴᠢᠯᠡᠨ ᠬᠤᠳᠠᠯᠳᠤᠭ᠎ᠠ ᠡᠷᠬᠢᠯᠡᠬᠦ᠌ ᠣᠷᠴᠢᠨ ᠨᠦᠭᠦᠴᠡᠯ᠎ᠢ ᠦᠷᠭᠦᠯᠵᠢᠯᠡᠨ ᠱᠢᠯᠢᠳᠡᠭ᠌ᠵᠢᠭᠦᠯᠵᠦ᠍᠂ ᠠᠵᠤ ᠠᠬᠤᠢᠯᠠᠯ᠎ᠤᠨ ᠡᠷᠡᠭᠦᠯ᠎ᠢᠶᠡᠷ ᠬᠥᠭ᠌ᠵᠢᠬᠦ᠌᠎ᠶ᠋ᠢ ᠳᠡᠮᠵᠢᠵᠦ ᠪᠠᠢᠨ᠎ᠠ》ᠭᠡᠪᠡ᠃
ᠡᠨᠡ ᠪᠣᠯ ᠲᠦᠩᠯᠢᠶᠣᠤ ᠬᠤᠳᠠ᠎ᠶ᠋ᠢᠨ ᠨᠠᠮ᠎ᠤᠨ ᠭᠡᠱᠢᠭᠦᠨ ᠺᠠᠳ᠋ᠷᠴᠤᠳ᠎ᠤᠨ ᠬᠠᠷᠢᠭᠤᠴᠠᠯᠭ᠎ᠠ ᠡᠭᠦᠷᠭᠡᠯᠡᠵᠦ ᠵᠢᠳᠬᠦᠯ ᠴᠢᠷᠮᠠᠢᠯᠭ᠎ᠠ ᠭᠠᠷᠭᠠᠬᠤ ᠵᠥᠪ ᠲᠠᠯ᠎ᠠ᠎ᠶ᠋ᠢᠨ ᠲᠦᠷᠢ ᠲᠥᠷᠬᠦ᠌᠎ᠶ᠋ᠢ ᠱᠤᠭᠤᠭᠰᠠᠨ ᠬᠤᠷᠢᠶᠠᠩᠭᠤᠢ ᠵᠢᠷᠤᠭᠯᠠᠯ ᠪᠣᠯᠤᠨ᠎ᠠ᠃
《ᠲᠦᠷᠦᠭᠦᠦ ᠬᠠᠭᠠᠰ ᠵᠢᠯ᠎ᠦᠨ ᠴᠢᠷᠮᠠᠢᠯᠭ᠎ᠠ᠎ᠪᠠᠷ ᠳᠠᠮᠵᠢᠭᠠᠳ᠂ ᠪᠦᠬᠦ᠌ ᠬᠣᠲᠠ ᠶ᠋ᠢᠨ ᠠᠵᠤ ᠠᠬᠤᠶ ᠰᠡᠷᠭᠦᠯᠲᠡ ᠶ᠋ᠢᠨ ᠴᠢᠨᠠᠷᠲᠠᠶ ᠨᠡᠮᠡᠭ᠌ᠳᠡᠯ᠎ᠦᠨ ᠬᠠᠨᠳᠤᠰᠢ ᠵᠢ ᠢᠳᠡᠭ ᠢᠳᠡᠭ ᠵᠢᠡᠷ ᠪᠦᠷᠢᠯᠳᠦᠬᠦᠯᠵᠦ᠍ ᠪᠠᠢᠨ᠎ᠠ᠂ ᠭᠡᠪᠡᠴᠦ᠍ ᠠᠵᠤ ᠠᠬᠤᠶ᠎ᠶ᠋ᠢᠨ ᠠᠵᠢᠯᠯᠠᠭᠠᠨ ᠵᠦᠶ ᠵᠣᠬᠢᠰᠲᠠᠶ ᠣᠷᠣᠨ ᠪᠠᠢᠷᠢ᠎ᠳᠤ ᠪᠠᠨ ᠬᠠᠷᠠᠬᠠᠨ ᠪᠦᠬᠦ᠌ ᠲᠠᠯ᠎ᠠ᠎ᠪᠠᠷ ᠪᠤᠴᠠᠵᠤ ᠴᠢᠳᠠᠭᠠᠳᠤᠶ᠂ ᠬᠦᠴᠢᠷᠳᠡᠯ ᠢ ᠲᠦᠷᠭᠡᠪᠴᠢᠯᠡᠨ ᠱᠢᠶ᠋ᠳᠪᠦᠷᠢᠯᠡᠵᠦ᠍᠂ ᠳᠠᠪᠠᠯᠲᠠ ᠶ᠋ᠢ ᠪᠡᠶᠡᠯᠡᠬᠦᠯᠬᠦ ᠪᠠᠢᠳᠠᠯ ᠢ ᠪᠠᠰᠠ ᠪᠦᠷᠢᠮᠦᠰᠦᠨ ᠪᠦᠷᠢᠯᠳᠦᠭᠦᠯᠦᠭᠡᠳᠦᠶ ᠪᠠᠢᠨ᠎ᠠ᠂ ᠳᠣᠣᠷ᠎ᠠ ᠬᠠᠭᠠᠰ ᠵᠢᠯ᠎ᠦᠨ ᠠᠵᠢᠯ ᠢ ᠰᠠᠢᠲᠤᠷ ᠬᠢᠬᠦ᠌᠎ᠳᠦ ᠲᠠᠪᠠᠭᠤᠯᠢᠬ ᠪᠠ ᠲᠤᠳᠠᠬᠳᠠᠯᠢ ᠤᠶᠠᠯᠳᠤᠭᠤᠯᠵᠤ᠂ ᠬᠣᠯᠠ ᠣᠢᠷ᠎ᠠ ᠶ᠋ᠢ ᠨᠢᠭᠡᠳᠦᠯᠲᠡᠶ ᠲᠥᠯᠥᠪᠯᠡᠨ ᠪᠣᠳᠣᠯᠬᠢᠯᠠᠬᠤ ᠬᠡᠷᠡᠭ᠌ᠲᠡᠶ》ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠢ᠎ᠠ᠎ᠶ᠋ᠢᠨ ᠪᠠᠢᠩᠭᠤ᠎ᠶ᠋ᠢᠨ ᠭᠡᠱᠢᠭᠦᠨ᠂ ᠲᠦᠩᠯᠢᠶᠣᠤ ᠬᠤᠳᠠ᠎ᠶ᠋ᠢᠨ ᠨᠠᠮ᠎ᠤᠨ ᠬᠣᠷᠢᠢ᠎ᠠ᠎ᠶ᠋ᠢᠨ ᠱᠦᠵᠢ ᠮᠸᠩ ᠱᠢᠶᠠᠨ ᠳ᠋ᠦᠩ ᠪᠣᠳᠠᠲᠠᠢ᠎ᠠᠴᠠ ᠡᠭᠦᠰᠴᠦ᠍᠂ ᠳᠠᠬᠢᠨᠲᠠ ᠵᠠᠷᠯᠢᠭ ᠪᠠᠭᠤᠯᠭᠠᠪᠠ᠃
ᠠᠩᠬᠠᠷᠤᠯ᠎ᠢᠶᠠᠨ ᠲᠥᠪᠯᠡᠷᠡᠭᠦᠯᠦᠨ᠂ ᠦᠷᠭᠦᠯᠵᠢᠯᠡᠨ ᠬᠦᠴᠦᠯᠡᠵᠦ᠍᠂ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠪᠠ ᠲᠥᠷᠥᠯ ᠵᠦᠶ᠋ᠯ᠎ᠦᠨ ᠪᠥᠲᠥᠭᠡᠨ ᠪᠠᠢᠭᠤᠯᠤᠯᠲᠠ᠎ᠶ᠋ᠢᠨ ᠲᠠᠰᠤᠷᠠᠯᠲᠠ ᠥᠬᠡᠶ ᠱᠢᠨ᠎ᠡ ᠱᠢᠪᠲᠤᠯᠤᠯᠲᠠ᠎ᠲᠠᠶ ᠪᠣᠯᠬᠤ᠎ᠶ᠋ᠢ ᠠᠬᠢᠭᠤᠯᠤᠨ᠎ᠠ᠃ ᠲᠥᠷᠥᠯ ᠵᠦᠶ᠋ᠯ᠎ᠦᠨ ᠪᠥᠲᠥᠭᠡᠨ ᠪᠠᠢᠭᠤᠯᠤᠯᠲᠠ᠎ᠶ᠋ᠢᠨ ᠠᠬᠢᠴᠠ᠎ᠶ᠋ᠢ ᠲᠦᠷᠭᠡᠳᠭᠡᠬᠦ᠌᠎ᠶ᠋ᠢ ᠪᠥᠬᠥ᠌ ᠬᠦᠴᠦᠨ᠎ᠢᠶᠡᠷ᠎ᠢᠶᠡᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠬᠡᠷᠡᠭ᠌ᠵᠢᠭᠦᠯᠬᠦ᠌᠎ᠪᠡᠷ ᠪᠠᠢᠭ᠎ᠠ ᠵᠥᠪᠱᠢᠶᠡᠷᠡᠭᠦᠯᠬᠦ᠌᠎ᠪᠡᠷ ᠪᠠᠢᠭ᠎ᠠ ᠲᠥᠷᠥᠯ ᠵᠦᠶ᠋ᠯ᠎ᠢ ᠠᠱᠢᠭ᠍ᠯᠠᠨ ᠦᠨᠳᠦᠰᠦᠨ ᠠᠵᠢᠯᠯᠠᠭ᠎ᠠ᠎ᠶ᠋ᠢ ᠶᠡᠬᠡᠪᠡᠷ ᠥᠷᠨᠢᠭᠦᠯᠵᠦ᠍᠂ ᠣᠶᠤᠨ ᠴᠢᠳᠠᠯ᠎ᠢᠶᠠᠨ ᠲᠥᠪᠯᠡᠷᠡᠭᠦᠯᠦᠨ ᠲᠦᠷᠭᠡᠨ ᠭᠦᠶᠦᠵᠦ᠍ ᠴᠢᠩᠭ᠎ᠠ ᠠᠳᠭᠤᠨ᠂ ᠲᠥᠷᠥᠯ ᠵᠦᠶ᠋ᠯ᠎ᠳᠦ ᠣᠷᠣᠱᠢᠵᠤ ᠪᠠᠢᠭ᠎ᠠ ᠬᠦᠴᠢᠷᠳᠡᠯᠲᠡᠶ ᠠᠰᠠᠭᠤᠳᠠᠯ᠎ᠢ ᠬᠦᠴᠦᠯᠡᠨ ᠱᠢᠶ᠋ᠳᠪᠦᠷᠢᠯᠡᠵᠦ᠍᠂ ᠨᠢᠭᠡ ᠪᠦᠯᠦᠭ ᠱᠢᠨ᠎ᠡ ᠡᠨᠧᠷᠭᠢ᠎ᠶ᠋ᠢᠨ ᠣᠷᠣᠯᠠᠬᠤ ᠲᠥᠷᠥᠯ ᠵᠦᠶ᠋ᠯ᠎ᠢ ᠲᠦᠰᠦᠪᠯᠡᠨ ᠬᠡᠷᠡᠭ᠌ᠵᠢᠭᠦᠯᠦᠨ᠎ᠡ᠃
ᠳᠣᠲᠣᠭᠠᠳᠤ᠎ᠳᠠᠭᠠᠨ ᠦᠢᠯᠡᠴᠢᠯᠡᠭᠡ᠎ᠪᠡᠨ ᠴᠢᠩᠭᠠᠳᠭᠠᠨ᠂ ᠭᠠᠳᠠᠨ᠎ᠠ᠎ᠪᠠᠨ ᠲᠦᠷᠢ ᠲᠥᠷᠬᠦ᠌᠎ᠵᠢ ᠱᠤᠭᠤᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠦᠨ ᠪᠠᠢᠭᠤᠯᠤᠯᠲᠠ᠎ᠶ᠋ᠢ ᠠᠯᠢ ᠲᠦᠷᠭᠡᠨ᠎ᠢᠶᠡᠷ ᠱᠢᠨ᠎ᠡ ᠳᠡᠭ᠌ᠲᠡᠷ᠎ᠲᠦ ᠭᠠᠷᠭᠠᠬᠤ᠎ᠶ᠋ᠢ ᠲᠦᠯᠬᠢᠨ ᠠᠬᠢᠭᠤᠯᠤᠨ᠎ᠠ᠃ ᠵᠥᠪ ᠲᠠᠯ᠎ᠠ ᠶ᠋ᠢᠨ ᠳᠦᠷᠢ ᠲᠥᠷᠬᠦ᠌ ᠶ᠋ᠢ ᠪᠤᠶ ᠪᠣᠯᠭᠠᠬᠤ᠎ᠳᠤ ᠬᠦᠴᠦ᠍ ᠣᠷᠣᠭᠤᠯᠵᠤ᠂ ᠬᠣᠷᠸ᠎ᠠ ᠲᠠᠯ᠎ᠠ᠎ᠠᠴᠠ ᠪᠥᠬᠥ᠌ ᠬᠣᠲᠠ ᠶ᠋ᠢᠨ ᠠᠵᠢᠯ ᠬᠢᠵᠦ᠍ ᠦᠶ᠋ᠯᠡᠰ ᠪᠤᠰᠬᠠᠬᠤ᠂ ᠢᠳᠡᠪᠬᠢᠲᠡᠶ᠎ᠪᠡᠷ ᠤᠷᠤᠭ᠍ᠰᠢᠯᠠᠨ ᠳᠠᠪᠱᠢᠬᠤ᠂ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠠᠵᠢᠯ᠎ᠤᠨ ᠦᠷ᠎ᠡ ᠪᠦᠲᠦᠮᠵᠢ ᠶ᠋ᠢ ᠢᠳᠡᠪᠬᠢᠲᠡᠶ᠎ᠪᠡᠷ ᠲᠦᠰᠦᠪᠯᠡᠵᠦ ᠤᠬᠠᠭᠤᠯᠬᠤ᠎ᠳᠠᠭᠠᠨ ᠴᠢᠳᠠᠮᠠᠭᠠᠶ ᠪᠠᠢᠵᠦ᠂ ᠬᠤᠮᠠᠬᠢ ᠲᠠᠯ᠎ᠠ᠎ᠠᠴᠠ ᠰᠠᠨᠠᠭᠠᠴᠢᠯᠠᠭ᠎ᠠ᠎ᠠᠴᠠ᠎ᠪᠠᠨ ᠬᠤᠳᠠᠯᠳᠤᠭ᠎ᠠ ᠡᠷᠬᠢᠯᠡᠬᠦ᠌ ᠣᠷᠴᠢᠨ ᠨᠦᠭᠦᠴᠡᠯ᠎ᠤᠨ ᠬᠤᠪᠢᠷᠠᠯᠲᠠ᠂ ᠺᠠᠳ᠋ᠷ᠎ᠤᠨ ᠰᠤᠷᠲᠠᠯ᠎ᠤᠨ ᠰᠠᠢᠵᠢᠷᠠᠯᠲᠠ ᠵᠡᠷᠭᠡ ᠲᠠᠯ᠎ᠠ᠎ᠶ᠋ᠢᠨ ᠨᠡᠢᠲᠡᠯᠢᠭ ᠦᠢᠯᠡ ᠠᠵᠢᠯᠯᠠᠭ᠎ᠠ᠎ᠶ᠋ᠢ ᠮᠡᠳᠡᠭᠡᠯᠡᠵᠦ᠍᠂ ᠦᠨᠡᠨᠴᠢ ᠢᠲᠡᠭᠡᠮᠵᠢ᠎ᠶ᠋ᠢ ᠡᠷᠬᠢᠮᠯᠡᠬᠦ᠂ ᠦᠨᠡᠨᠴᠢ ᠢᠲᠡᠭᠡᠮᠵᠢ᠎ᠶ᠋ᠢ ᠰᠠᠬᠢᠬᠤ᠂ ᠦᠨᠡᠨ ᠰᠠᠢ᠌ᠨ ᠰᠠᠢᠬᠠᠨ᠎ᠢ ᠡᠷᠬᠢᠮᠯᠡᠬᠦ᠂ ᠤᠳᠠᠭᠠᠱᠢᠷᠠᠭᠤᠯᠬᠤ ᠦᠭᠡᠢ᠂ ᠶᠣᠰᠣ ᠲᠦᠷᠢᠮ᠎ᠲᠡᠶ ᠪᠠᠢᠬᠤ ᠲᠦᠷᠢ ᠲᠥᠷᠬᠦ᠌᠎ᠶ᠋ᠢ ᠦᠨᠡᠨ ᠬᠦ᠌ ᠱᠤᠭᠤᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌ ᠠᠷᠭ᠎ᠠ ᠬᠡᠮᠵᠢᠶ᠎ᠡ᠂ ᠠᠵᠤ ᠠᠬᠤᠢᠯᠠᠯ᠎ᠳᠤ ᠠᠱᠢᠭ᠍ᠲᠠᠶ ᠠᠷᠠᠳ᠎ᠲᠤ ᠲᠦᠬᠦᠮ ᠦᠵᠡᠭᠦᠯᠬᠦ᠌ ᠦᠢᠯᠡᠴᠢᠯᠡᠭᠡᠨ᠎ᠦ ᠬᠤᠪᠢᠷᠠᠯᠲᠠ᠎ᠶ᠋ᠢ ᠴᠠᠭ ᠲᠤᠬᠠᠶ᠎ᠳᠤᠨᠢ ᠵᠠᠬ᠎ᠠ ᠳᠡᠯᠭᠡᠭᠦᠷ᠎ᠦᠨ ᠪᠡᠶᠡᠴᠢ ᠴᠣᠭ᠍ᠴᠠ ᠪᠠ ᠦᠢᠯᠡᠴᠢᠯᠡᠬᠦ᠌ ᠡᠲᠡᠭᠡᠳ᠎ᠲᠦ ᠳᠠᠮᠵᠢᠭᠤᠯᠵᠤ᠂ ᠠᠵᠤ ᠠᠬᠤᠢᠯᠠᠯ ᠪᠠ ᠤᠯᠠᠨ ᠲᠦᠮᠡᠨ᠎ᠳᠦ ᠦᠨᠡᠨ ᠬᠦ᠌ ᠪᠣᠳᠠᠲᠤ ᠠᠱᠢᠭ ᠬᠦᠷᠲᠡᠭᠡᠵᠦ᠍᠂ ᠰᠡᠳᠭᠢᠯ ᠬᠠᠨᠤᠮᠵᠢᠲᠠᠶ ᠪᠣᠯᠭᠠᠨ᠎ᠠ᠃
ᠪᠣᠳᠠᠲᠠᠢ ᠠᠵᠢᠯᠯᠠᠬᠤ᠎ᠶ᠋ᠢ ᠲᠤᠪᠤᠢ᠌ᠯᠭᠠᠵᠦ᠍᠂ ᠪᠣᠳᠠᠲᠠᠢ ᠠᠮᠵᠢᠯᠲᠠ ᠭᠠᠷᠭᠠᠬᠤ ᠶ᠋ᠢ ᠴᠢᠬᠤᠯᠠᠴᠢᠯᠠᠵᠤ᠂ ᠡᠯ᠎ᠡ ᠱᠠᠲᠤᠨ᠎ᠤ ᠺᠠᠳ᠋ᠷ᠎ᠤᠨ ᠡᠩᠨᠡᠭᠡᠨ᠎ᠦ ᠠᠵᠢᠯ᠎ᠤᠨ ᠲᠦᠷᠰᠦ ᠪᠠᠢᠳᠠᠯ᠎ᠤᠨ ᠨᠡᠩ ᠶᠡᠬᠡ ᠳᠡᠭᠡᠭ᠌ᠰᠢᠯᠡᠯᠲᠡ᠎ᠲᠡᠶ ᠪᠣᠯᠬᠤ᠎ᠶ᠋ᠢ ᠠᠬᠢᠭᠤᠯᠤᠨ᠎ᠠ᠃ ᠬᠥᠮᠦᠨ ᠰᠣᠩᠭᠣᠨ ᠬᠡᠷᠡᠭ᠌ᠯᠡᠬᠦ᠌ ᠠᠵᠢᠯ᠎ᠢ ᠦᠭᠡᠷᠡᠴᠢᠯᠡᠨ ᠰᠠᠢᠵᠢᠷᠠᠭᠤᠯᠬᠤ ᠵᠢ ᠦᠨᠡᠨ ᠪᠤᠳᠠᠳᠠᠢ ᠶᠠᠪᠤᠭᠳᠠᠭᠤᠯᠵᠤ᠂ ᠬᠤᠭᠤᠴᠠᠭ᠎ᠠ ᠰᠣᠯᠢᠭ᠍ᠰᠠᠨ᠎ᠠᠴᠠ ᠨᠠᠭᠠᠱᠢᠬᠢ ᠡᠯ᠎ᠡ ᠱᠠᠲᠤᠨ᠎ᠤ ᠤᠳᠤᠷᠢᠳᠭᠤ ᠺᠠᠳ᠋ᠷᠴᠤᠳ᠎ᠤᠨ ᠪᠣᠳᠠᠲᠤ ᠢᠯᠡᠷᠡᠯ᠎ᠳᠦ ᠱᠠᠳᠤ ᠦᠶ᠎ᠡ᠎ᠶ᠋ᠢᠨ ᠴᠢᠨᠠᠷᠲᠠᠢ ᠶᠡᠷᠦᠩᠬᠡᠢᠯᠡᠭ᠌ᠰᠡᠨ ᠦᠨᠡᠯᠡᠯᠲᠡ ᠬᠢᠵᠦ᠍᠂ ᠨᠢᠭᠡ ᠪᠦᠯᠦᠭ᠎ᠢ ᠰᠠᠢᠱᠢᠶᠠᠨ ᠬᠥᠬᠢᠭᠦᠯᠵᠦ᠍᠂ ᠨᠢᠭᠡ ᠪᠦᠯᠦᠭ᠎ᠢ ᠳᠡᠪᠱᠢᠭᠦᠯᠵᠦ᠍᠂ ᠨᠢᠭᠡ ᠪᠦᠯᠦᠭᠲᠸ᠋ ᠲᠤᠬᠢᠷᠠᠭᠤᠯᠤᠯᠳᠠ ᠬᠢᠵᠦ᠂ ᠴᠢᠳᠠᠪᠤᠷᠢ᠎ᠲᠠᠶ᠎ᠶ᠋ᠢ ᠨᠢ ᠳᠡᠪᠱᠢᠭᠦᠯᠬᠦ᠂ ᠡᠩ ᠶᠡᠷᠦᠮᠳᠡᠭᠤᠷᠤ ᠰᠤᠯᠠᠯᠠᠬᠤ᠂ ᠮᠠᠭᠤ᠎ᠶ᠋ᠢ ᠨᠢ ᠱᠢᠭ᠌ᠰᠢᠭ᠌ᠳᠡᠭᠦᠯᠬᠦ᠌ ᠬᠥᠮᠦᠨ ᠬᠡᠷᠡᠭ᠌ᠯᠡᠬᠦ᠌ ᠤᠳᠤᠷᠢᠳᠤᠮᠵᠢ᠎ᠶ᠋ᠢ ᠪᠤᠢ ᠪᠣᠯᠭᠠᠬᠤ᠎ᠶ᠋ᠢ ᠠᠬᠢᠭᠤᠯᠤᠨ᠎ᠠ᠃
(ᠵᠢᠷᠤᠭ᠄ ᠲᠦᠩᠯᠢᠶᠣᠤ ᠵᠢᠨ ᠰᠢᠨ᠎ᠡ ᠲᠦᠷᠰᠦ ᠪᠠᠢᠳᠠᠯ ᠲᠦᠩᠯᠢᠶᠣᠤ ᠬᠤᠲᠠ᠎ᠶ᠋ᠢᠨ ᠨᠠᠮ᠎ᠤᠨ ᠬᠣᠷᠢᠶᠠᠨ᠎ᠤ ᠤᠬᠠᠭᠤᠯᠬᠤ ᠬᠡᠯᠲᠡᠰ᠎ᠡᠴᠡ ᠬᠠᠩᠭᠠᠪᠠ)