ᠮᠠᠨ ᠤ᠋ ᠣᠷᠣᠨ ᠤ᠋ ᠱᠢᠨ᠎ᠡ ᠡᠨᠧᠷᠭᠢ ᠵᠢᠨ ᠮᠠᠱᠢᠨ ᠴᠣᠭ᠍ᠴᠠᠯᠠᠪᠤᠷᠢ 5653 ᠲᠦᠮᠡᠨ ᠺᠢᠯᠦᠸᠠᠲ ᠲᠦ᠍ ᠬᠦᠷᠴᠠᠢ
2022-08-05 16:46:59
ᠵᠣᠬᠢᠶᠠᠭ᠍ᠴᠢ᠄
ᠦᠷᠴᠠᠢᠬᠤ
ᠣᠩᠱᠢᠭ᠍ᠰᠠᠨ ᠣᠳᠠᠭ᠎ᠠ᠄
★★★☆☆

ᠤᠢᠷ᠎ᠡ ᠵᠢᠨ ᠡᠳᠦᠷ ᠬᠤᠷᠠᠯᠳᠤᠬᠰᠠᠨ ᠰᠢᠨ᠎ᠡ ᠡᠨ᠋ᠸᠷᠬᠢ ᠵᠢᠨ ᠴᠢᠨᠠᠷ ᠰᠠᠢᠳᠠᠢ ᠬᠦᠭᠵᠢᠯᠳᠡ ᠵᠢᠴᠢ ᠬᠠᠮᠢᠶ᠎ᠠ ᠪᠦᠬᠦᠢ ᠲᠦᠷᠦ ᠵᠢᠨ ᠪᠤᠳᠤᠯᠭ᠎ᠠ ᠵᠢᠨ ᠳᠠᠢᠯᠤᠮᠵᠢ ᠵᠢᠨ ᠰᠤᠨᠢᠨ ᠮᠡᠳᠡᠭᠡ ᠨᠡᠢᠳᠡᠯᠡᠬᠦ ᠬᠤᠷᠠᠯ ᠡᠴᠡ ᠤᠢᠯᠠᠭᠠᠬᠰᠠᠨ ᠵᠢᠡᠷ ᠂ 6 ᠰᠠᠷ᠎ᠠ ᠵᠢᠨ ᠰᠡᠭᠦᠯᠴᠢ ᠪᠤᠯᠬᠤ ᠳ᠋ᠤ ᠪᠥᠬᠥ᠌ ᠣᠷᠣᠨ ᠤ᠋ ᠱᠢᠨ᠎ᠡ ᠡᠨᠧᠷᠭᠢ ᠵᠢᠨ ᠮᠠᠱᠢᠨ ᠴᠣᠭ᠍ᠴᠠᠯᠠᠪᠤᠷᠢ 5653 ᠲᠦᠮᠡᠨ ᠺᠢᠯᠦᠸᠠᠲ ᠲᠦ᠍ ᠬᠦᠷᠴᠦ᠍ ᠂ ᠪᠥᠬᠥ᠌ ᠣᠷᠣᠨ ᠤ᠋ ᠴᠠᠬᠢᠯᠭᠠᠨ ᠡᠭᠦᠰᠭᠡᠭ᠌ᠴᠢ ᠵᠢᠨ ᠶᠡᠷᠦᠩᠬᠡᠶ ᠮᠠᠱᠢᠨ ᠴᠣᠭ᠍ᠴᠠᠯᠠᠪᠤᠷᠢ ᠵᠢᠨ 36% ᠵᠢ ᠡᠵᠡᠯᠡᠪᠡ ᠃ ᠡᠨᠡ ᠵᠢᠯ ᠤ᠋ᠨ ᠳᠡᠭᠡᠷ᠎ᠡ ᠬᠠᠭᠠᠰ ᠵᠢᠯ ᠳ᠋ᠦ᠍ ᠪᠥᠬᠥ᠌ ᠣᠷᠣᠨ ᠤ᠋ ᠱᠢᠨ᠎ᠡ ᠡᠨᠧᠷᠭᠢ ᠵᠢᠨ ᠴᠠᠬᠢᠯᠭᠠᠨ ᠭᠠᠷᠭᠠᠯᠳᠠ ᠵᠢᠨ ᠬᠡᠮᠵᠢᠶ᠎ᠡ 655 ᠳ᠋ᠦᠩᠱᠢᠭᠤᠷ ᠺᠢᠯᠦᠸᠠᠲ ᠴᠠᠭ ᠲᠦ᠍ ᠬᠦᠷᠴᠦ᠍ ᠂ ᠨᠢᠳᠤᠨᠤᠨ ᠤ᠋ ᠠᠳᠠᠯᠢ ᠬᠤᠭᠤᠴᠠᠭᠠᠨ ᠤ᠋ ᠬᠢ ᠡᠴᠡ 3.8% ᠪᠡᠷ ᠨᠡᠮᠡᠭ᠌ᠳᠡᠵᠦ᠍ ᠂ ᠪᠥᠬᠥ᠌ ᠣᠷᠣᠨ ᠤ᠋ ᠴᠠᠬᠢᠯᠭᠠᠨ ᠭᠠᠷᠭᠠᠯᠳᠠ ᠵᠢᠨ ᠬᠡᠮᠵᠢᠶ᠎ᠡ ᠵᠢᠨ 21.2% ᠢ᠋ ᠡᠵᠡᠯᠡᠪᠠ ᠃

ᠱᠢᠨ᠎ᠡ ᠡᠨᠧᠷᠭᠢ ᠨᠢᠬᠡᠨᠳᠡ ᠮᠠᠨ ᠤ᠋ ᠣᠷᠣᠨ ᠤ᠋ ᠡᠨᠧᠷᠭᠢ ᠵᠢᠨ ᠬᠠᠩᠭᠠᠯᠭ᠎ᠠ ᠵᠢᠨ ᠱᠢᠰᠲ᠋ᠧᠮ ᠤ᠋ᠨ ᠱᠢᠨ᠎ᠡ ᠬᠢᠯᠠᠰ ᠴᠡᠭ ᠂ ᠱᠢᠨ᠎ᠡ ᠨᠡᠷ᠎ᠡ ᠵᠢᠨ ᠬᠠᠭᠤᠳᠠᠰᠤ ᠪᠣᠯᠵᠠᠶ ᠃ ᠭᠡᠪᠡᠴᠦ ᠱᠢᠨ᠎ᠡ ᠡᠨᠧᠷᠭᠢ ᠵᠢᠨ ᠨᠡᠭᠡᠭᠡᠯᠲᠡ ᠵᠢᠨ ᠬᠡᠯᠪᠡᠷᠢ ᠨᠡᠯᠢᠶᠡᠳ ᠲᠠᠩ ᠴᠤᠯᠭᠤᠶ ᠂ ᠭᠤᠤᠯᠳᠠᠭᠤ ᠴᠠᠬᠢᠯᠭᠠᠨ ᠭᠠᠷᠭᠠᠵᠤ ᠴᠠᠬᠢᠯᠭᠠᠨ ᠬᠤᠳᠠᠯᠳᠤᠬᠤ ᠳ᠋ᠤ ᠲᠦᠱᠢᠭ᠌ᠯᠡᠵᠦ᠍ ᠂ ᠴᠠᠬᠢᠯᠭᠠᠨ ᠲᠤᠤᠷ ᠲᠦ᠍ ᠨᠡᠢᠯᠡᠭᠦᠯᠦᠭ᠌ᠰᠡᠨ ᠱᠢᠨ᠎ᠡ ᠡᠨᠧᠷᠭᠢ ᠵᠢᠨ ᠮᠠᠱᠢᠨ ᠴᠣᠭ᠍ᠴᠠᠯᠠᠪᠤᠷᠢ ᠵᠢᠨ ᠳᠣᠲᠣᠷ᠎ᠠ ᠡᠴᠡ 90% ᠱᠢᠬᠠᠮ ᠨᠢ ᠪᠠᠲᠤᠯᠠᠭ᠎ᠠ ᠵᠢᠨ ᠴᠢᠨᠠᠷᠲᠠᠶ ᠴᠠᠬᠢᠯᠭᠠᠨ ᠲᠤᠤᠷ ᠲᠦ᠍ ᠨᠡᠢᠯᠡᠭᠦᠯᠦᠭ᠌ᠰᠡᠨ ᠡᠴᠡ ᠪᠤᠰᠤᠳ ᠨᠢ ᠪᠦᠷ ᠭᠠᠳᠠᠭ᠍ᠰᠢ ᠬᠦᠷᠭᠡᠬᠦ᠌ ᠲᠥᠷᠥᠯ ᠵᠦᠶ᠋ᠯ ᠪᠠᠢᠵᠤ ᠂ ᠴᠠᠬᠢᠯᠭᠠᠨ ᠲᠤᠤᠷ ᠤ᠋ᠨ ᠱᠢᠩᠭᠡᠭᠡᠨ ᠠᠪᠬᠤ ᠪᠠ ᠲᠣᠬᠢᠷᠠᠭᠤᠯᠤᠯᠳᠠ ᠡᠷᠬᠢᠯᠳᠡ ᠳ᠋ᠤ ᠨᠡᠯᠢᠶᠡᠳ ᠶᠡᠬᠡ ᠳᠠᠷᠤᠯᠲᠠ ᠤᠴᠠᠷᠠᠭᠤᠯᠵᠤ ᠪᠠᠢᠬᠤ ᠪᠡᠷ ᠪᠠᠷᠠᠬᠤ ᠥᠬᠡᠶ ᠂ ᠥᠪᠡᠷᠲᠡᠭᠡᠨ ᠵᠠᠰᠠᠬᠤ ᠣᠷᠣᠨ ᠤ᠋ ᠠᠵᠤ ᠦᠶ᠋ᠯᠡᠰ ᠤ᠋ᠨ ᠪᠦᠲᠦᠴᠡ ᠵᠢ ᠱᠢᠯᠢᠳᠡᠭ᠌ᠵᠢᠭᠦᠯᠦᠨ ᠲᠠᠰ ᠳᠡᠪᠱᠢᠭᠦᠯᠬᠦ᠌ ᠵᠢ ᠳᠠᠢᠴᠢᠯᠠᠬᠤ ᠲᠠᠯ᠎ᠠ ᠪᠡᠷ ᠦᠶ᠋ᠯᠡᠳᠦᠯ ᠵᠢᠡᠨ ᠪᠦᠷᠢᠨ ᠬᠦᠢᠴᠡᠳ ᠪᠠᠳᠠᠷᠠᠭᠤᠯᠵᠤ ᠲᠠᠢᠯᠬᠦ ᠦᠬᠡᠢ ᠪᠠᠢᠭᠰᠠᠭᠠᠷ ᠃

ᠮᠠᠨ ᠤ᠋ ᠤᠷᠤᠨ ᠡᠳᠡᠬᠡᠷ ᠲᠤᠳᠠᠭᠤᠳᠠᠯ ᠳ᠋ᠤ ᠴᠢᠭᠯᠡᠭᠦᠯᠦᠨ ᠣᠢᠷ᠎ᠠ ᠳ᠋ᠤ 2022 ᠣᠨ ᠤ᠋《ᠥᠪᠡᠷᠲᠡᠭᠡᠨ ᠵᠠᠰᠠᠬᠤ ᠣᠷᠣᠨ ᠤ᠋ ᠡᠨᠧᠷᠬᠢ ᠴᠠᠬᠢᠯᠭᠠᠨ ᠲᠤᠤᠷ ᠳᠠᠭᠠᠭᠠᠴᠠ ᠨᠦᠬᠡᠴᠡ ᠵᠢ ᠨᠢᠭᠡ ᠴᠣᠭ᠍ᠴᠠᠵᠢᠭᠤᠯᠬᠤ ᠲᠥᠷᠥᠯ ᠵᠦᠶ᠋ᠯ ᠤ᠋ᠨ ᠬᠡᠷᠡᠭ᠌ᠵᠢᠭᠦᠯᠬᠦ᠌ ᠨᠠᠷᠢᠨ ᠲᠦᠷᠢᠮ 》 ᠂ 《 ᠥᠪᠡᠷᠲᠡᠭᠡᠨ ᠵᠠᠰᠠᠬᠤ ᠣᠷᠣᠨ ᠤ᠋ ᠰᠢᠳᠠᠭᠠᠯᠭ᠎ᠠ ᠵᠢᠨ ᠨᠡᠭᠦᠷᠡᠰᠦᠨ ᠤ᠋ ᠦᠪᠡᠰᠤᠪᠠᠨ ᠬᠡᠷᠡᠭᠯᠡᠬᠦ ᠴᠠᠬᠢᠯᠭᠠᠨ ᠤ᠋ ᠦᠶ᠋ᠯᠡᠳᠪᠦᠷᠢ ᠵᠢ ᠳᠠᠬᠢᠯᠳᠠ ᠡᠨᠧᠷᠭᠢ ᠪᠡᠷ ᠣᠷᠣᠯᠠᠭᠤᠯᠬᠤ ᠢᠨᠵᠧᠨᠧᠷᠢᠩ ᠤ᠋ᠨ ᠬᠡᠷᠡᠭ᠌ᠵᠢᠭᠦᠯᠬᠦ᠌ ᠨᠠᠷᠢᠨ ᠲᠦᠷᠢᠮ》 ᠂《ᠥᠪᠡᠷᠲᠡᠭᠡᠨ ᠵᠠᠰᠠᠬᠤ ᠣᠷᠣᠨ ᠤ᠋ ᠰᠠᠯᠬᠢ ᠪᠠ ᠬᠡᠷᠡᠯ ᠤ᠋ᠨ ᠡᠨ᠋ᠸᠷᠬᠢ ᠪᠡᠷ ᠤᠰᠤᠲᠥ᠋ᠷᠥᠭ᠌ᠴᠢ ᠦᠢᠯᠡᠳᠬᠦ ᠵᠢ ᠨᠢᠭᠡ ᠴᠣᠭ᠍ᠴᠠᠵᠢᠭᠤᠯᠬᠤ ᠵᠢᠱ᠌ᠢᠶ᠎ᠡ ᠦᠵᠡᠭᠦᠯᠬᠦ᠌ ᠲᠥᠷᠥᠯ ᠵᠦᠶ᠋ᠯ ᠤ᠋ᠨ ᠬᠡᠷᠡᠭ᠌ᠵᠢᠭᠦᠯᠬᠦ᠌ ᠨᠠᠷᠢᠨ ᠲᠦᠷᠢᠮ》᠎ᠢ ᠲᠠᠷᠤᠮᠠᠯᠯᠠᠨ ᠲᠠᠷᠬᠠᠭᠠᠵᠤ ᠂ ᠱᠢᠨ᠎ᠡ ᠡᠨᠧᠷᠭᠢ ᠵᠢ ᠣᠯᠠᠨ ᠡᠱᠢᠵᠢᠬᠦᠯᠥᠨ ᠬᠡᠷᠡᠭ᠌ᠯᠡᠬᠦ᠌ ᠵᠢ ᠲᠦᠷᠭᠡᠳᠭᠡᠨ ᠂ ᠱᠢᠨ᠎ᠡ ᠡᠨᠧᠷᠭᠢ ᠵᠢ ᠵᠠᠬ᠎ᠠ ᠳᠡᠯᠭᠡᠭᠦᠷᠴᠢᠯᠡᠨ ᠱᠢᠩᠭᠡᠭᠡᠨ ᠠᠪᠬᠤ ᠲᠥᠷᠥᠯ ᠵᠦᠶ᠋ᠯ ᠤ᠋ᠨ ᠪᠥᠲᠥᠭᠡᠨ ᠪᠠᠢᠭᠤᠯᠤᠯᠲᠠ ᠵᠢ ᠠᠬᠢᠭᠤᠯᠵᠤ ᠂ ᠥᠪᠡᠷᠲᠡᠭᠡᠨ ᠵᠠᠰᠠᠬᠤ ᠣᠷᠣᠨ ᠤ᠋ ᠠᠵᠤ ᠦᠶ᠋ᠯᠡᠰ ᠤ᠋ᠨ ᠬᠡᠯᠪᠡᠷᠢ ᠵᠢ ᠬᠤᠪᠢᠷᠠᠭᠤᠯᠤᠨ ᠲᠠᠰ ᠳᠡᠪᠱᠢᠬᠦ᠌ ᠵᠢ ᠠᠬᠢᠭᠤᠯᠵᠤ ᠪᠠᠢᠨ᠎ᠠ ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号