ᠲᠤᠮᠳᠠᠳᠤ ᠤᠯᠤᠰ᠎ᠤᠨ ᠵᠠᠯᠠᠭᠤ ᠠᠵᠤ ᠠᠬᠤᠢᠯᠠᠯᠲᠠᠳ᠎ᠤᠨ ᠨᠡᠢᠭᠡᠮᠯᠢᠭ᠎ᠤᠨ ᠬᠡᠰᠢᠬᠦᠳ ᠮᠠᠨ᠎ᠤ ᠤᠷᠤᠨ ᠳ᠋ᠦ ᠢᠷᠡᠵᠦ ᠪᠠᠢᠴᠠᠭᠠᠨ ᠰᠤᠳᠤᠯᠤᠯᠲᠠ ᠬᠢᠪᠠ
2022-08-05 16:50:38
ᠵᠣᠬᠢᠶᠠᠭ᠍ᠴᠢ᠄
ᠬᠤᠩ ᠰᠢᠶᠠ
ᠣᠩᠱᠢᠭ᠍ᠰᠠᠨ ᠣᠳᠠᠭ᠎ᠠ᠄
★★★☆☆

7 ᠰᠠᠷ᠎ᠠ ᠎ᠶ᠋ᠢᠨ 27 ᠎ᠤ᠋ ᠡᠳᠦᠷ᠂  ᠦᠪᠡᠷᠲᠡᠭᠡᠨ ᠵᠠᠰᠠᠬᠤ ᠤᠷᠤᠨ᠎ᠤ ᠡᠪᠯᠡᠯ᠎ᠤᠨ ᠬᠤᠷᠢᠶ᠎ᠠ᠂ ᠳᠤᠮᠳᠠᠳᠤ ᠤᠯᠤᠰ᠎ᠤᠨ ᠵᠠᠯᠠᠭᠤ ᠠᠵᠤ ᠠᠬᠤᠢᠯᠠᠯᠲᠠᠳ᠎ᠤᠨ ᠨᠡᠢᠭᠡᠮᠯᠢᠭ ᠡᠴᠡ ᠭᠤᠤᠯᠯᠠᠨ ᠡᠷᠬᠢᠯᠡᠭᠰᠡᠨ《ᠡᠬᠡ ᠤᠯᠤᠰ᠎ᠤᠨ ᠤᠮᠠᠷᠠᠲᠤ ᠬᠢᠯᠢ ᠳ᠋ᠦ ᠬᠦᠨᠵᠡᠭᠡᠢᠷᠡᠵᠦ · ᠦᠵᠡᠰᠭᠦᠯᠡᠩᠲᠦ ᠰᠠᠢᠬᠠᠨ ᠥᠪᠥᠷ ᠮᠣᠩᠭᠣᠯ ᠵᠢᠡᠷ ᠠᠶᠠᠯᠠᠶ᠎ᠠ 》 ᠳᠤᠮᠳᠠᠳᠤ ᠤᠯᠤᠰ᠎ᠤᠨ ᠵᠠᠯᠠᠭᠤ ᠠᠵᠤ ᠠᠬᠤᠢᠯᠠᠯᠲᠠᠳ᠎ᠤᠨ ᠨᠡᠢᠭᠡᠮᠯᠢᠭ᠎ᠦᠨ ᠮᠠᠨ᠎ᠤ ᠤᠷᠤᠨ ᠳ᠋ᠦ ᠢᠷᠡᠵᠦ ᠠᠵᠤ ᠦᠶ᠋ᠯᠡᠰ᠎ᠢ ᠪᠠᠢᠴᠠᠭᠠᠨ ᠰᠤᠳᠤᠯᠬᠤ ᠠᠵᠢᠯᠯᠠᠭ᠎ᠠ᠎ᠶ᠋ᠢᠨ ᠡᠬᠢᠯᠡᠯᠲᠡ᠎ᠶ᠋ᠢᠨ ᠶᠣᠰᠣᠯᠠᠯ ᠬᠥᠬᠡᠬᠣᠲᠠ᠎ᠳᠤ ᠶᠠᠪᠤᠭ᠍ᠳᠠᠪᠠ᠃  ᠪᠦᠬᠦ ᠤᠯᠤᠰ᠎ᠤᠨ ᠡᠯ᠎ᠡ ᠭᠠᠵᠠᠷ ᠤᠷᠤᠨ ᠡᠴᠡ ᠢᠷᠡᠭᠰᠡᠨ 100 ᠭᠠᠷᠤᠢ ᠵᠠᠯᠠᠭᠤ ᠠᠵᠤ ᠠᠬᠤᠢᠯᠠᠯᠲᠠᠨ ᠬᠤᠷᠠᠯ ᠳ᠋ᠦ ᠤᠷᠤᠯᠴᠠᠵᠠᠢ᠃

ᠬᠤᠷᠠᠯ ᠡᠴᠡ᠂ ᠥᠨᠥᠳᠦᠷ᠎ᠦᠨ ᠥᠪᠥᠷ ᠮᠣᠩᠭᠣᠯ ᠶᠠᠭ ᠶᠡᠷᠦᠩᠬᠡᠢ ᠱᠦᠵᠢ᠎ᠶ᠋ᠢᠨ ᠪᠢᠳᠡᠨ᠎ᠳᠦ ᠪᠠᠢᠷᠢᠯᠠᠭᠤᠯᠤᠭ᠍ᠰᠠᠨ 《 ᠬᠣᠶᠠᠷ ᠬᠠᠯᠬᠠᠪᠴᠢ ᠂ ᠬᠣᠶᠠᠷ ᠰᠠᠭᠤᠷᠢᠨ᠂ ᠨᠢᠭᠡ ᠪᠡᠬᠢᠯᠡᠯᠲᠡ 》 ᠵᠢᠨ ᠪᠠᠢᠯᠳᠤᠬᠤ ᠪᠤᠳᠤᠯᠭ᠎ᠠ᠎ᠶ᠋ᠢᠨ ᠬᠠᠷᠠᠯᠲᠠ᠎ᠶ᠋ᠢᠨ ᠲᠣᠭᠣᠷᠢᠨ᠎ᠳᠤ ᠯᠠᠪᠳᠠᠭᠤᠨ᠎ᠢᠶᠠᠷ ᠤᠷᠤᠭ᠍ᠰᠢᠯᠠᠵᠤ ᠪᠠᠢᠨ᠎ᠠ᠃ ᠡᠨᠡ ᠨᠢ ᠠᠵᠤ ᠦᠢᠯᠡᠰ᠎ᠦᠨ ᠬᠥᠭ᠌ᠵᠢᠯᠲᠡ᠎ᠳᠦ ᠰᠠᠢ᠌ᠨ ᠰᠠᠭᠤᠷᠢ ᠲᠠᠯᠪᠢᠵᠤ᠂ ᠵᠠᠯᠠᠭᠤ ᠠᠵᠤ ᠠᠬᠤᠢᠯᠠᠯᠲᠠᠨ᠎ᠤ ᠡᠨᠡ ᠬᠦ᠌ ᠦᠩ ᠱᠢᠮᠡᠯᠢᠭ ᠬᠥᠷᠥᠰᠥᠨ᠎ᠳᠦ ᠪᠡᠯᠡ ᠣᠷᠣᠭᠤᠯᠤᠨ ᠦᠢᠯᠡᠰ ᠪᠤᠰᠭᠠᠬᠤ᠎ᠳᠤ ᠱᠢᠯᠢᠳᠡᠭ ᠰᠠᠢ᠌ᠨ ᠣᠷᠴᠢᠨ ᠠᠬᠤᠢ ᠵᠢ ᠡᠭᠦᠳᠴᠦ᠍ ᠥᠭ᠌ᠴᠡᠢ᠃ ᠥᠨᠥᠳᠦᠷ᠎ᠦᠨ ᠥᠪᠥᠷ ᠮᠣᠩᠭᠣᠯ ᠥᠩᠭᠡᠷᠡᠭ᠌ᠰᠡᠨ᠎ᠦ ᠠᠯᠢ ᠴᠤ᠌ ᠦᠶ᠎ᠡ᠎ᠡᠴᠡ ᠢᠯᠡᠭᠦᠦ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠢ ᠡᠷᠬᠢᠮᠯᠡᠵᠦ᠍᠂ ᠵᠣᠷᠢᠭ᠍ᠲᠠᠢ᠎ᠪᠠᠷ ᠱᠢᠨ᠎ᠡ᠎ᠶ᠋ᠢ ᠡᠭᠦᠳᠬᠦ ᠵᠢ ᠴᠢᠬᠤᠯᠠᠴᠢᠯᠠᠵᠤ ᠂ ᠠᠯᠢ ᠴᠤ᠌ ᠦᠶ᠎ᠡ᠎ᠡᠴᠡ ᠢᠯᠡᠭᠦᠦ ᠨᠡᠩ ᠤᠯᠠᠨ ᠱᠢᠯᠢᠳᠡᠭ ᠠᠵᠤ ᠠᠬᠤᠢᠯᠠᠯᠲᠠᠨ᠂ ᠵᠠᠯᠠᠭᠤ ᠴᠢᠳᠠᠪᠤᠷᠢᠲᠠᠨ᠎ᠮᠠᠨ᠎ᠤ ᠤᠷᠤᠨ᠎ᠳᠤ ᠢᠷᠡᠵᠦ᠍ ᠦᠢᠯᠡᠰ ᠪᠤᠰᠭᠠᠬᠤ ᠵᠢ ᠱᠠᠭᠠᠷᠳᠠᠵᠦ ᠪᠠᠢᠨ᠎ᠠ᠃ ᠨᠡᠩ ᠤᠯᠠᠨ ᠵᠠᠯᠠᠭᠤ ᠠᠵᠤ ᠠᠬᠤᠢᠯᠠᠯᠲᠠᠨ ᠥᠪᠥᠷ ᠮᠣᠩᠭᠣᠯ᠎ᠳᠤ ᠬᠦᠷᠴᠦ᠍᠂ ᠥᠪᠥᠷ ᠮᠣᠩᠭᠣᠯ᠎ᠢ ᠪᠦᠳᠦᠭᠡᠨ ᠪᠠᠢᠭᠤᠯᠵᠤ᠂ ᠥᠪᠥᠷ ᠮᠣᠩᠭᠣᠯ᠎ᠳᠤ ᠦᠨᠳᠦᠰᠦᠯᠡᠵᠦ᠍᠂ ᠦᠵᠡᠰᠭᠦᠯᠡᠩᠲᠦ ᠰᠠᠢᠬᠠᠨ ᠡᠬᠡ ᠤᠯᠤᠰ᠎ᠤᠨ ᠤᠮᠠᠷᠠᠲᠤ ᠬᠢᠯᠢ᠎ᠶ᠋ᠢ ᠬᠠᠮᠲᠤ ᠪᠠᠷ ᠴᠣᠭ᠍ᠴᠠᠯᠠᠨ ᠪᠠᠢᠭᠤᠯᠬᠤ᠎ᠶ᠋ᠢ ᠬᠦᠰᠡᠵᠦ᠍ ᠪᠠᠢᠨ᠎ᠠ ᠭᠡᠵᠡᠢ᠃

ᠲᠤᠰ ᠤᠳᠠᠭᠠᠨ᠎ᠤ ᠠᠵᠢᠯᠯᠠᠭ᠎ᠠ ᠨᠢ ᠪᠦᠬᠦ ᠤᠯᠤᠰ᠎ᠤᠨ ᠡᠯ᠎ᠡ ᠭᠠᠵᠠᠷ ᠡᠴᠡ ᠢᠷᠡᠭᠰᠡᠨ ᠰᠢᠯᠢᠳᠡᠭ ᠵᠠᠯᠠᠭᠤ ᠠᠵᠤ ᠠᠬᠤᠢᠯᠠᠯᠲᠠᠳ ᠲᠸ᠋ ᠪᠠᠢᠯᠳᠤᠬᠤ ᠪᠤᠳᠤᠯᠭ᠎ᠠ ᠵᠢᠨ ᠬᠠᠮᠳᠤᠷᠠᠯᠴᠠᠭ᠎ᠠ ᠵᠦᠪᠳᠡᠯᠴᠡᠬᠦ᠂ ᠬᠠᠮᠢᠶᠠᠷᠤᠯᠲᠠ ᠵᠢᠨ ᠲᠤᠷᠰᠢᠯᠭ᠎ᠠ ᠪᠡᠨ ᠬᠤᠪᠢᠶᠠᠯᠴᠠᠬᠤ ᠂ ᠦᠢᠯᠡᠳᠬᠦᠨ ᠵᠢᠴᠢ ᠲᠦᠷᠦᠯ ᠵᠦᠢᠯ᠎ᠵᠢᠡᠨ ᠲᠡᠯᠭᠡᠨ ᠦᠵᠡᠭᠦᠯᠬᠦ ᠲᠠᠪᠴᠠᠩ᠎ᠢ ᠪᠠᠢᠭᠤᠯᠦᠨ ᠦᠭᠴᠤ ᠂ ᠵᠠᠯᠠᠭᠤ ᠠᠵᠤ ᠠᠬᠤᠢᠯᠠᠯᠲᠠᠳ᠎ᠤᠨ ᠦᠪᠦᠷ ᠮᠤᠩᠭᠤᠯ᠎ᠤᠨ ᠲᠤᠬᠠᠢ ᠲᠠᠨᠢᠯᠲᠠ ᠤᠢᠯᠠᠭᠠᠯᠲᠠ ᠵᠢ ᠬᠦᠨᠵᠡᠭᠡᠢᠷᠡᠭᠦᠯᠵᠦ ᠂ ᠲᠡᠳᠡᠨ᠎ᠤ ᠬᠠᠮᠳᠤᠷᠠᠯᠴᠠᠭ᠎ᠠ ᠰᠤᠯᠢᠯᠴᠠᠭ᠎ᠠ᠂ ᠬᠠᠷᠢᠯᠴᠠᠨ ᠠᠰᠢᠬᠲᠠᠢ ᠬᠠᠮᠳᠤ ᠪᠡᠷ ᠠᠰᠢᠬ ᠬᠦᠷᠳᠡᠬᠦ ᠵᠢ ᠠᠬᠢᠭᠤᠯᠵᠤ᠂ ᠦᠪᠦᠷ ᠮᠤᠩᠭᠤᠯ᠎ᠤᠨ ᠠᠵᠤ ᠠᠬᠤᠢ ᠵᠢᠨ ᠴᠢᠨᠠᠷ ᠰᠠᠢᠲᠠᠢ ᠬᠦᠭᠵᠢᠯᠲᠡ ᠵᠢ ᠠᠬᠢᠭᠤᠯᠬᠤ ᠵᠢ ᠵᠤᠷᠢᠵᠠᠢ᠃

ᠠᠵᠢᠯᠯᠠᠭ᠎ᠠ ᠨᠢ 4 ᠡᠳᠦᠷ᠎ᠤᠨ ᠬᠤᠭᠤᠴᠠᠭ᠎ᠠ ᠲᠠᠢ ᠶᠠᠪᠤᠬᠳᠠᠵᠦ ᠂ ᠭᠤᠤᠯᠳᠠᠭᠤ ᠤᠶᠤᠨᠴᠢ ᠦᠢᠯᠡᠳᠭᠡᠯ᠎ᠤᠨ ᠠᠵᠤ ᠦᠢᠯᠡᠰ ᠂  ᠪᠤᠬᠢᠷᠳᠤᠯ ᠦᠭᠡᠢ ᠠᠵᠤ ᠦᠶ᠋ᠯᠡᠰ ᠂ ᠡᠮ᠎ᠤ᠋ᠨ ᠠᠵᠤ ᠦᠶ᠋ᠯᠡᠰ᠂ ᠳᠡᠭᠡᠳᠦ ᠱᠢᠨ᠎ᠡ ᠮᠡᠷᠭᠡᠵᠢᠯ᠎ᠦᠨ ᠠᠵᠤ ᠦᠶ᠋ᠯᠡᠰ᠎ᠤᠨ ᠲᠤᠭᠤᠷᠢᠨ ᠳ᠋ᠦ ᠪᠠᠢᠴᠠᠭᠠᠨ ᠰᠤᠳᠤᠯᠵᠤ᠂ ᠠᠵᠤ ᠠᠬᠤᠢᠯᠠᠯᠳᠠᠳ ᠥᠪᠥᠷ ᠮᠣᠩᠭᠣᠯ᠎ᠤᠨ ᠢᠯᠢ᠎ᠶ᠋ᠢᠨ ᠣᠶᠤᠨᠴᠢ ᠦᠶ᠋ᠯᠡᠳᠭᠡᠯ᠎ᠤᠨ ᠠᠵᠤ ᠦᠶ᠋ᠯᠡᠰ᠎ᠦᠨ ᠬᠦᠷᠢᠶᠡᠯᠡᠩ᠂ ᠮᠸᠩ ᠼᠤᠤ ᠦᠷ᠎ᠡ ᠵᠢᠨ ᠦᠢᠯᠡᠰ᠎ᠤᠨ ᠲᠦᠪ᠎ᠪᠠ ᠣᠷᠳᠣᠰ᠎ᠤᠨ ᠨᠡᠭᠦᠷᠡᠰᠦᠲᠥ᠋ᠷᠥᠭ᠌ᠴᠢ᠎ᠶ᠋ᠢᠨ ᠳᠠᠪᠬᠤᠷ ᠢᠰᠦᠯ ᠥᠬᠡᠶ ᠠᠵᠤ ᠦᠶ᠋ᠯᠡᠰ᠎ᠦᠨ ᠬᠦᠷᠢᠶᠡᠯᠡᠩ᠂ ᠱᠠᠩ ᠳ᠋ᠸ ᠠᠢ ᠺᠠᠩ ᠦᠮᠡᠨ᠎ᠢ ᠡᠰᠡᠷᠭᠦᠴᠡᠬᠦ ᠡᠮ᠎ᠤᠨ ᠰᠤᠳᠤᠯᠤᠨ ᠨᠡᠭᠡᠭᠡᠬᠦ ᠲᠤᠷᠰᠢᠯᠲᠠ ᠵᠢᠨ ᠰᠠᠭᠤᠷᠢᠨ᠂ ᠳᠡᠭᠡᠳᠦ ᠱᠢᠨ᠎ᠡ ᠮᠡᠷᠭᠡᠵᠢᠯ᠎ᠦᠨ ᠠᠵᠤ ᠦᠶ᠋ᠯᠡᠰ᠎ᠦᠨ ᠬᠦᠷᠢᠶᠡᠯᠡᠩ ᠂ ᠢ᠎ᠲᠡᠶ ᠨᠡᠭᠦᠷᠡᠰᠦᠨ᠎ᠦ ᠰᠠᠭᠤᠷᠢ᠎ᠶ᠋ᠢᠨ ᠰᠤᠳᠤᠯᠭᠠᠨ᠎ᠤ ᠬᠦᠷᠢᠶᠡᠯᠡᠩ ᠳ᠋ᠦ ᠬᠦᠷᠴᠤ ᠲᠣᠭᠣᠷᠢᠨ ᠦᠵᠡᠵᠦ᠍ ᠪᠠᠢᠴᠠᠭᠠᠨ ᠰᠤᠳᠤᠯᠬᠤ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号