ᠳᠤᠮᠳᠠᠳᠤ ᠤᠯᠤᠰ᠎ᠤᠨ ᠳᠣᠲᠣᠭᠠᠳᠤ ᠶᠠᠪᠤᠳᠠᠯ᠎ᠳᠤ ᠪᠦᠳᠦᠭᠦᠯᠢᠭ᠎ᠢᠶᠡᠷ ᠭᠠᠷ ᠲᠦᠷᠦᠭᠦ᠌ ᠨᠢ ᠬᠥᠮᠦᠨ᠎ᠦ ᠰᠡᠳᠭᠢᠯ᠎ᠢ ᠤᠯᠬᠤ ᠦᠭᠡᠢ ᠤᠯᠠᠨ ᠤᠯᠤᠰ᠎ᠤᠨ ᠬᠠᠤᠯᠢ ᠪᠣᠯᠤᠨ ᠤᠯᠠᠨ ᠤᠯᠤᠰ᠎ᠤᠨ ᠬᠠᠷᠢᠯᠴᠠᠭᠠᠨ᠎ᠤ ᠦᠨᠳᠦᠰᠦᠨ ᠪᠠᠷᠢᠮᠵᠢᠶ᠎ᠠ᠎ᠶ᠋ᠢ ᠲᠠᠯᠬᠢᠳᠠᠵᠤ ᠪᠣᠯᠬᠤ ᠦᠭᠡᠢ
2022-08-05 12:03:20
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

— ᠤᠯᠠᠨ ᠤᠯᠤᠰ᠎ᠤᠨ ᠬᠥᠮᠦᠰ ᠫᠸᠯᠤᠸᠸᠰᠢ ᠵᠢᠨ ᠲᠠᠢᠸᠠᠨ᠎ᠳᠤ ᠭᠡᠰᠤᠬᠦᠴᠢᠯᠡᠨ ᠠᠢᠯᠴᠢᠯᠠᠭ᠍ᠰᠠᠨ ᠶᠠᠪᠤᠳᠠᠯ᠎ᠢ ᠴᠢᠩᠭ᠎ᠠ ᠵᠢᠮᠡᠯᠡᠨ ᠱᠢᠭᠦᠮᠵᠢᠯᠡᠪᠡ

ᠠᠮᠧᠷᠢᠺᠠ᠎ᠶ᠋ᠢᠨ ᠤᠯᠤᠰ᠎ᠤᠨ ᠬᠤᠷᠠᠯ᠎ᠤᠨ ᠳᠣᠤᠷᠠᠲᠤ ᠵᠥᠪᠯᠡᠯᠭᠡᠨ᠎ᠦ ᠳᠠᠷᠤᠭ᠎ᠠ ᠫᠧᠯᠦᠧᠧᠰᠢ 2 ᠤ᠋ᠨ ᠡᠳᠦᠷ ᠳᠤᠮᠳᠠᠳᠤ ᠤᠯᠤᠰ᠎ᠤᠨ ᠲᠠᠢᠸᠠᠨ ᠣᠷᠣᠨ᠎ᠢᠶᠠᠷ ᠭᠡᠰᠤᠬᠦᠴᠢᠯᠡᠨ ᠠᠢᠯᠴᠢᠯᠠᠪᠠ᠃ ᠣᠯᠠᠨ ᠤᠯᠤᠰ᠎ᠤᠨ ᠬᠥᠮᠦᠰ ᠡᠭᠦᠨ᠎ᠢ ᠴᠢᠩᠭ᠎ᠠ ᠱᠢᠭᠦᠮᠵᠢᠯᠡᠵᠦ᠍᠂ ᠲᠣᠰ ᠠᠵᠢᠯᠯᠠᠭ᠎ᠠ ᠨᠢ ᠳᠤᠮᠳᠠᠳᠤ ᠤᠯᠤᠰ᠎ᠤᠨ ᠡᠷᠬᠡ ᠮᠡᠳᠡᠯ ᠪᠠ ᠨᠤᠲᠤᠭ ᠳᠡᠪᠢᠰᠭᠡᠷ᠎ᠦᠨ ᠪᠦᠷᠢᠨ ᠪᠦᠲᠦᠨ ᠪᠠᠢᠬᠤ᠎ᠳᠤ ᠬᠦᠨᠳᠦ ᠨᠣᠴᠢᠲᠠᠶ ᠬᠠᠯᠳᠠᠵᠤ᠂ ᠲᠠᠢᠸᠠᠨ ᠬᠣᠭᠣᠯᠠᠶ᠎ᠶ᠋ᠢᠨ ᠡᠩᠬᠡ ᠲᠠᠢᠪᠤᠩ ᠲᠣᠭ᠍ᠲᠠᠭᠤᠨ᠎ᠢ ᠬᠦᠨᠳᠦ ᠨᠣᠴᠢᠲᠠᠶ ᠡᠪᠳᠡᠵᠦ᠍᠂ ᠣᠯᠠᠨ ᠤᠯᠤᠰ᠎ᠤᠨ ᠬᠠᠤᠯᠢ ᠪᠠ ᠣᠯᠠᠨ ᠤᠯᠤᠰ᠎ᠤᠨ ᠬᠠᠷᠢᠯᠴᠠᠭᠠᠨ᠎ᠤ ᠦᠨᠳᠦᠰᠦᠨ ᠪᠠᠷᠢᠮᠵᠢᠶ᠎ᠠ᠎ᠶ᠋ᠢ ᠬᠦᠨᠳᠦ ᠨᠣᠴᠢᠲᠠᠶ ᠲᠠᠯᠬᠢᠳᠠᠵᠠᠶ᠃ ᠫᠸᠯᠤᠸᠸᠰᠢ ᠵᠢᠨ ᠡᠨᠡ ᠬᠦ᠌ ᠠᠵᠢᠯᠯᠠᠭ᠎ᠠ ᠨᠢ ᠳᠡᠯᠡᠬᠡᠢ ᠨᠡᠢᠭᠡᠮ᠎ᠳᠦ ᠬᠥᠮᠦᠰ᠎ᠦᠨ ᠰᠡᠳᠭᠢᠯ᠎ᠢ ᠣᠯᠬᠤ ᠦᠭᠡᠢ ᠪᠦᠭᠡᠳ ᠲᠠᠯᠠᠭᠠᠷ ᠪᠣᠯᠬᠤ ᠨᠢ ᠯᠠᠪᠲᠠᠢ ᠶᠤᠮ᠃

ᠳᠤᠮᠳᠠᠳᠤ ᠤᠯᠤᠰ᠎ᠤᠨ ᠡᠷᠬᠡ ᠮᠡᠳᠡᠯ ᠪᠠ ᠨᠤᠲᠤᠭ ᠳᠡᠪᠢᠰᠭᠡᠷ᠎ᠦᠨ ᠪᠦᠷᠢᠨ ᠪᠦᠲᠦᠨ ᠪᠠᠢᠬᠤ᠎ᠳᠤ ᠬᠠᠯᠳᠠᠵᠤ ᠪᠣᠯᠬᠤ ᠦᠭᠡᠢ

ᠤᠷᠤᠰ᠎ᠤᠨ ᠶᠡᠷᠦᠩᠬᠡᠢᠯᠡᠭ᠌ᠴᠢ᠎ᠶ᠋ᠢᠨ ᠰᠣᠨᠢᠨ ᠮᠡᠳᠡᠭᠡᠨ᠎ᠦ ᠨᠠᠷᠢᠨ ᠪᠢᠴᠢᠭᠡᠴᠢ ᠫᠸᠢᠢᠰᠺᠸᠹ ᠡᠴᠡ ᠫᠸᠯᠤᠸᠸᠰᠢ ᠵᠢᠨ ᠲᠠᠢᠸᠠᠨ᠎ᠳᠤ ᠭᠡᠰᠤᠬᠦᠴᠢᠯᠡᠡ ᠠᠢᠯᠴᠢᠯᠠᠭ᠍ᠰᠠᠨ ᠲᠤᠬᠠᠢ ᠵᠠᠭᠤᠴᠢᠯᠠᠭᠤᠷ᠎ᠤᠨ ᠬᠢᠨ᠎ᠳᠦ ᠶᠠᠷᠢᠬᠤ᠎ᠳᠠᠭᠠᠨ᠂ ᠤᠷᠤᠰ᠎ᠤᠨ ᠬᠢᠨ ᠲᠠᠢᠸᠠᠨ᠎ᠤ ᠠᠰᠠᠭᠤᠳᠠᠯ ᠳᠡᠭᠡᠷ᠎ᠡ ᠳᠤᠮᠳᠠᠳᠤ ᠤᠯᠤᠰ᠎ᠲᠠᠶ ᠪᠦᠯᠬᠦᠮᠳᠡᠨ ᠨᠢᠭᠡᠳᠴᠤ ᠪᠠᠢᠨ᠎ᠠ᠃ 《ᠪᠢᠳᠡ ᠳᠤᠮᠳᠠᠳᠤ ᠤᠯᠤᠰ᠎ᠤᠨ ᠡᠷᠬᠡ ᠮᠡᠳᠡᠯ ᠪᠠ ᠨᠤᠲᠤᠭ ᠳᠡᠪᠢᠰᠭᠡᠷ᠎ᠦᠨ ᠪᠦᠷᠢᠨ ᠪᠦᠲᠦᠨ ᠪᠠᠢᠬᠤ᠎ᠶ᠋ᠢ ᠬᠦᠨᠳᠦᠳᠭᠡᠨ᠎ᠡ᠃ ᠳᠡᠯᠡᠬᠡᠶ ᠳᠡᠭᠡᠷᠡᠬᠢ ᠠᠯᠢ ᠴᠤ᠌ ᠤᠯᠤᠰ ᠭᠡᠳ ᠡᠬᠦᠨ ᠢ᠋ ᠰᠡᠵᠢᠭᠯᠡᠬᠦ᠂ ᠥᠳᠥᠭᠡᠯᠭᠡ᠎ᠶ᠋ᠢᠨ ᠴᠢᠨᠠᠷᠲᠠᠶ ᠪᠤᠶᠤ ᠪᠤᠰᠤᠳ ᠴᠢᠨᠠᠷᠲᠠᠶ ᠠᠵᠢᠯᠯᠠᠭ᠎ᠠ ᠠᠪᠬᠤ ᠡᠷᠬᠡ ᠥᠬᠡᠶ ᠭᠡᠵᠤ ᠦᠵᠡᠵᠤ ᠪᠠᠢᠨ᠎ᠠ》 ᠭᠡᠵᠤ ᠢᠯᠡᠳᠭᠡᠪᠡ᠃

 ᠫᠠᠺᠢᠰᠲ᠋ᠠᠨ᠎ᠤ ᠤᠯᠠᠨ ᠤᠯᠤᠰ᠎ᠤᠨ ᠬᠠᠤᠯᠢ᠎ᠶ᠋ᠢᠨ ᠲᠤᠰᠭᠠᠢ ᠮᠡᠷᠭᠡᠵᠢᠯᠲᠡᠨ ᠬᠠᠰᠠᠩ· ᠠᠰᠸᠯᠠᠮᠦ·ᠱᠠᠳ᠋ᠸ᠂ ᠠᠮᠧᠷᠢᠺᠠ ᠲᠠᠢᠸᠠᠨ᠎ᠢ ᠳᠤᠮᠳᠠᠳᠤ ᠤᠯᠤᠰ᠎ᠢ ᠬᠣᠷᠢᠭ᠍ᠯᠠᠬᠤ ᠱᠢᠲᠠᠷ᠎ᠠ ᠪᠣᠯᠭᠠᠵᠤ᠂ ᠳᠤᠮᠳᠠᠳᠤ ᠤᠯᠤᠰ᠎ᠤᠨ ᠬᠣᠷᠢᠭ᠎ᠠ ᠱᠤᠭᠤᠮ᠎ᠢ ᠲᠤᠷᠱᠢᠵᠤ᠂ ᠳᠤᠮᠳᠠᠳᠤ ᠤᠯᠤᠰ᠎ᠤᠨ ᠭᠣᠣᠯᠯᠠᠭ᠍ᠴᠢ ᠠᠱᠢᠭ ᠲᠤᠰᠠ᠎ᠳᠤ ᠥᠷᠢᠰᠥᠯᠳᠦᠭᠡᠨ ᠬᠢᠬᠦ᠌᠎ᠪᠡᠷ ᠭᠣᠷᠢᠳᠠᠵᠤ ᠪᠠᠢᠭ᠎ᠠ ᠨᠢ ᠮᠥᠨ ᠴᠢᠨᠠᠷ ᠳᠡᠭᠡᠷ᠎ᠡ᠎ᠪᠡᠨ ᠳᠤᠮᠳᠠᠳᠤ ᠤᠯᠤᠰ᠎ᠤᠨ ᠡᠩᠬᠡ ᠲᠠᠢᠪᠤᠩ ᠬᠥᠭ᠌ᠵᠢᠯᠲᠡ᠎ᠶ᠋ᠢ ᠬᠣᠷᠢᠭ᠍ᠯᠠᠬᠤ ᠪᠠᠷ ᠭᠣᠷᠢᠳᠠᠵᠤ ᠪᠠᠢᠭ᠎ᠠ ᠶᠠᠪᠤᠳᠠᠯ ᠪᠣᠯᠤᠨ᠎ᠠ ᠭᠡᠵᠤ ᠦᠵᠡᠪᠡ᠃

《ᠠᠮᠧᠷᠢᠺᠠ᠎ᠶ᠋ᠢᠨ ᠬᠢᠨ ᠲᠠᠢᠸᠠᠨ᠎ᠳᠤ ᠬᠣᠯᠪᠣᠭ᠍ᠳᠠᠬᠤ ᠠᠰᠠᠭᠤᠳᠠᠯ᠎ᠤᠨ ᠲᠠᠯ᠎ᠠ᠎ᠪᠠᠷ ᠬᠡᠯᠡᠬᠦ᠌ ᠬᠢᠬᠦ ᠨᠢ ᠨᠢᠭᠡᠳᠤᠯ ᠦᠭᠡᠢ ᠪᠠᠢᠵᠤ᠂ ᠬᠥᠮᠦᠨ᠎ᠦ ᠢᠲᠡᠭᠡᠯ᠎ᠢ ᠣᠯᠵᠤ ᠴᠢᠳᠠᠬᠤ ᠦᠭᠡᠢ ᠶᠤᠮ᠃ ᠫᠸᠯᠤᠸᠸᠰᠢ ᠵᠢᠨ ᠭᠡᠰᠦᠬᠦᠴᠢᠯᠡᠨ ᠠᠢᠯᠴᠢᠯᠠᠬᠰᠡᠨ᠎ᠡᠴᠡ ᠪᠣᠯᠤᠭ᠍ᠰᠠᠨ ᠠᠯᠢᠪᠠ ᠠᠰᠠᠭᠤᠳᠠᠯ᠎ᠤᠨ ᠬᠠᠷᠢᠭᠤᠴᠠᠯᠭ᠎ᠠ ᠴᠥᠮ ᠠᠮᠧᠷᠢᠺᠠ᠎ᠶ᠋ᠢᠨ ᠲᠠᠯ᠎ᠠ᠎ᠳᠤ ᠪᠠᠢᠵᠤ᠂ ᠠᠯᠢᠪᠠ ᠦᠷ᠎ᠡ ᠳ᠋ᠦᠩ᠎ᠢ ᠴᠥᠮ ᠠᠮᠧᠷᠢᠺᠠ᠎ᠶ᠋ᠢᠨ ᠲᠠᠯ᠎ᠠ᠎ᠡᠴᠡ ᠡᠭᠦᠷᠭᠡᠯᠡᠪᠡᠯ ᠵᠣᠬᠢᠨ᠎ᠠ》 ᠭᠡᠵᠦ᠍ ᠱᠠᠳ᠋ᠸ ᠬᠡᠯᠡᠪᠡ᠃

ᠶᠧᠵᠢᠫᠲ᠎ᠦᠨ ᠺᠠᠢ᠌ᠷᠤ᠋ ᠵᠢᠨ ᠠᠮᠧᠷᠢᠺᠠ᠎ᠶ᠋ᠢᠨ ᠶᠡᠬᠡ ᠰᠤᠷᠭᠠᠭᠤᠯᠢ᠎ᠶ᠋ᠢᠨ ᠤᠯᠤᠰ ᠲᠦᠷᠦ᠍᠎ᠶ᠋ᠢᠨ ᠤᠬᠠᠭᠠᠨ᠎ᠤ ᠫᠷᠤᠹᠸᠰᠰᠤᠷ ᠨᠦᠬ᠎ᠠ· ᠪᠸᠢ᠌ᠵᠢᠷ᠂ ᠳᠤᠮᠳᠠᠳᠤ᠎ᠤᠯᠤᠰ ᠡᠭᠦᠨ᠎ᠡᠴᠡ ᠡᠮᠦᠨ᠎ᠡ ᠨᠢᠭᠡᠨᠲᠡ ᠠᠮᠧᠷᠢᠺᠠ ᠳ᠋ᠤ ᠲᠥᠪ ᠴᠢᠩᠭ᠎ᠠ ᠰᠡᠷᠡᠮᠵᠢ ᠥᠭ᠌ᠭᠦᠭ᠌ᠰᠡᠨ᠎ᠢ ᠠᠩᠬᠠᠷᠴᠤ᠌ ᠤᠯᠪᠠ᠃ ᠲᠡᠷᠡ᠂  ᠳᠤᠮᠳᠠᠳᠤ ᠤᠯᠤᠰ᠎ᠤᠨ ᠳᠣᠲᠣᠭᠠᠳᠤ ᠶᠠᠪᠤᠳᠠᠯ᠎ᠳᠤ ᠪᠦᠳᠦᠭᠦᠯᠢᠭ᠎ᠢᠶᠡᠷ ᠭᠠᠷ ᠳᠦᠷᠦᠵᠦ᠍ ᠪᠠᠢᠬᠤ᠎ᠳ᠋ᠤ ᠳᠤᠮᠳᠠᠳᠤ ᠤᠯᠤᠰ ᠶᠠᠭᠠᠬᠢᠭ᠍ᠰᠠᠨ ᠴᠤ᠌ ᠬᠠᠷᠠᠵᠤ ᠪᠠᠢᠭᠠᠳ ᠬᠠᠮᠢᠶᠠᠷᠬᠤ ᠦᠭᠡᠢ ᠪᠠᠢᠵᠤ ᠪᠤᠯᠬᠤ ᠦᠭᠡᠢ ᠭᠡᠳᠡᠭ ᠢ᠋ ᠠᠮᠸᠷᠢᠺᠠ ᠵᠢᠨ ᠬᠢᠨ ᠮᠠᠳᠡᠪᠡᠯ ᠵᠤᠬᠢᠨ᠎ᠠ ᠭᠡᠵᠤ ᠵᠢᠭᠠᠵᠤ ᠭᠠᠷᠭᠠᠪᠠ᠃

《ᠠᠮᠧᠷᠢᠺᠠ ᠳᠤᠮᠳᠠᠳᠤ ᠤᠯᠤᠰ᠎ᠲᠤ ᠥᠳᠥᠭᠡᠯᠭᠡ ᠬᠢᠬᠦ᠌᠎ᠪᠡᠨ ᠵᠣᠭ᠍ᠰᠣᠬᠤ ᠬᠡᠷᠡᠭᠳᠡᠢ᠂ ᠫᠸᠯᠤᠸᠸᠰᠢ ᠲᠠᠢᠸᠠᠨ᠎ᠳᠤ ᠶᠠᠮᠠᠷ ᠴᠤ᠌ ᠠᠱᠢᠭ ᠲᠤᠰᠠ ᠠᠪᠴᠢᠷᠠᠵᠤ ᠦᠬᠬᠦ ᠦᠭᠡᠢ ᠶᠤᠮ》᠃ ᠳᠤᠮᠳᠠᠳᠤ ᠤᠯᠤᠰ᠎ᠲᠤ ᠰᠠᠭᠤᠭ᠎ᠠ ᠲᠦᠷᠺ᠎ᠦᠨ ᠤᠤᠯ᠎ᠤᠨ ᠭᠠᠳᠠᠭᠠᠳᠤ ᠬᠠᠷᠢᠯᠴᠠᠭᠠᠨ᠎ᠤ ᠲᠤᠱᠢᠶᠠᠯᠲᠠᠨ ᠮᠦᠰᠲ᠋ᠠᠹᠠ·ᠨᠦᠸᠸᠶᠠᠩ·ᠯᠦᠸᠸᠨᠠ᠂ ᠳᠤᠮᠳᠠᠳᠤ ᠤᠯᠤᠰ ᠡᠰᠡᠷᠭᠦᠴᠡᠬᠦ᠌ ᠠᠷᠭ᠎ᠠ ᠬᠡᠮᠵᠢᠶ᠎ᠡ ᠠᠪᠴᠤ᠌ ᠪᠠᠢᠭ᠎ᠠ ᠨᠢ 《ᠲᠤᠰᠠᠭᠠᠷ ᠲᠣᠭ᠍ᠲᠠᠨᠢᠭᠤᠯᠬᠤ》 ᠶ᠋ᠢ ᠡᠰᠡᠷᠭᠦᠴᠡᠨ ᠨᠢᠭᠡᠳᠦᠯ᠎ᠢ ᠠᠬᠢᠭᠤᠯᠬᠤ ᠡᠷᠡᠰ ᠵᠣᠷᠢᠭ᠎ᠢ ᠬᠠᠷᠠᠭᠤᠯᠵᠤ ᠪᠠᠢᠭ᠎ᠠ ᠪᠣᠯᠬᠣᠷ ᠳᠤᠮᠳᠠᠳᠤ ᠤᠯᠤᠰ᠎ᠤᠨ ᠠᠷᠠᠳ ᠲᠦᠮᠡᠨ ᠨᠡᠩ ᠢᠯᠡᠭᠦᠦ ᠪᠦᠯᠬᠦᠮᠳᠡᠨ ᠨᠢᠭᠡᠳᠴᠦ᠍ ᠴᠢᠳᠠᠨ᠎ᠠ ᠭᠡᠵᠤ ᠬᠡᠯᠡᠪᠡ᠃

ᠨᠢᠭᠡ ᠳᠤᠮᠳᠠᠳᠤ ᠤᠯᠤᠰ ᠪᠠᠢᠬᠤ ᠵᠠᠷᠴᠢᠮ᠎ᠲᠠᠶ ᠥᠷᠢᠰᠦᠯᠳᠦᠬᠦ᠌ ᠨᠢ ᠲᠠᠯᠠᠭᠠᠷ ᠶᠤᠮ

《ᠹᠢᠯᠢᠫᠢᠨ᠎ᠦ ᠤᠳᠤᠨ ᠰᠣᠨᠢᠨ》 ᠤ᠋ ᠲᠤᠰᠭᠠᠢ ᠪᠤᠯᠤᠩ᠎ᠤᠨ ᠵᠣᠬᠢᠶᠠᠯᠴᠢ ᠯᠢ ᠲᠢᠶᠠᠨ ᠷᠦᠩ᠂ ᠠᠮᠧᠷᠢᠺᠠ ᠎ᠶ᠋ᠢᠨ ᠬᠢᠨ ᠠᠮᠧᠷᠢᠺᠠ᠎ᠶ᠋ᠢᠨ ᠨᠢᠭᠡ ᠳᠤᠮᠳᠠᠳᠤ ᠤᠯᠤᠰ᠎ᠪᠠᠢᠬᠤ ᠵᠢ ᠪᠠᠷᠢᠮᠳᠠᠯᠠᠬᠤ ᠲᠦᠷᠦ᠍᠎ᠶ᠋ᠢᠨ ᠪᠤᠳᠤᠯᠭ᠎ᠠ ᠬᠤᠪᠢᠷᠠᠬᠤ ᠦᠭᠡᠢ ᠶᠤᠮ ᠬᠡᠵᠤ ᠤᠯᠠᠨ ᠤᠳᠠᠭ᠎ᠠ ᠴᠢᠬᠤᠯᠠᠴᠢᠯᠠᠪᠠ᠂ ᠭᠡᠪᠡᠴᠦ᠍ ᠵᠠᠷᠢᠮ ᠤᠯᠤᠰ ᠲᠦᠷᠦ᠍᠎ᠶ᠋ᠢᠨ ᠵᠠᠪᠱᠢᠭ᠍ᠴᠢ ᠪᠣᠯ ᠨᠢᠭᠡ ᠳᠤᠮᠳᠠᠳᠤ ᠤᠯᠤᠰ᠎ᠪᠠᠢᠬᠤ ᠵᠠᠷᠴᠢᠮ᠎ᠲᠠᠶ ᠦᠷᠢᠰᠦᠯᠳᠦᠵᠦ᠍᠂ ᠤᠯᠤᠰ ᠲᠦᠷᠦ᠍᠎ᠶ᠋ᠢᠨ ᠬᠣᠷᠢᠭ᠎ᠠ ᠱᠤᠭᠤᠮ᠎ᠢ ᠳᠠᠪᠠᠬᠤ᠎ᠪᠠᠷ ᠭᠣᠷᠢᠳᠠᠵᠤ ᠪᠠᠢᠨ᠎ᠠ᠂ ᠡᠨᠡ ᠨᠢ ᠠᠮᠧᠷᠢᠺᠠ᠎ᠶ᠋ᠢᠨ ᠵᠠᠷᠢᠮ ᠬᠥᠮᠦᠰ᠎ᠦᠨ ᠤᠯᠤᠰ ᠲᠦᠷᠦ᠍᠎ᠶ᠋ᠢᠨ ᠠᠮᠠᠯᠠᠯᠲᠠ ᠨᠢ ᠬᠡᠯᠡᠬᠦ ᠨᠢ ᠰᠠᠢᠬᠠᠨ ᠬᠢᠬᠦ ᠨᠢ ᠬᠤᠳᠠᠯ ᠭᠡᠳᠡᠭ ᠢ᠋ ᠬᠠᠷᠠᠭᠤᠯᠵᠤ ᠪᠠᠢᠨ᠎ᠠ ᠭᠡᠵᠤ ᠵᠢᠭᠠᠵᠤ ᠭᠠᠷᠭᠠᠪᠠ᠃

ᠱᠠᠳ᠋ᠸ᠂ ᠫᠸᠯᠤᠸᠸᠰᠢ ᠵᠢᠨ ᠳᠤᠮᠳᠠᠳᠤ ᠤᠯᠤᠰ᠎ᠤᠨ ᠲᠠᠢᠸᠠᠨ ᠣᠷᠣᠨ᠎ᠳᠤ ᠠᠵᠢᠯᠯᠠᠭ᠎ᠠ ᠬᠢᠭ᠌ᠰᠡᠨ ᠦᠢᠯᠡ ᠠᠵᠢᠯᠯᠠᠭ᠎ᠠ ᠨᠢ ᠠᠮᠧᠷᠢᠺᠠ᠎ᠶ᠋ᠢᠨ ᠬᠢᠨ ᠤ᠋ ᠳᠤᠮᠳᠠᠳᠤ ᠤᠯᠤᠰ᠎ᠲᠠᠬᠢ ᠠᠮᠠᠯᠠᠯᠲᠠ᠎ᠡᠴᠡ ᠲᠡᠷᠰᠯᠡᠭ᠌ᠰᠡᠨ ᠪᠣᠯᠬᠣᠷ ᠬᠦᠨᠳᠦ ᠨᠣᠴᠢᠲᠠᠢ ᠥᠳᠥᠭᠡᠯᠭᠡ᠎ᠶ᠋ᠢᠨ ᠴᠢᠨᠠᠷᠳᠠᠢ ᠠᠵᠢᠯᠯᠠᠭ᠎ᠠ ᠪᠣᠯᠤᠨ᠎ᠠ᠃ 《ᠨᠢᠭᠡ ᠳᠤᠮᠳᠠᠳᠤ ᠤᠯᠤᠰ ᠪᠠᠢᠬᠤ ᠵᠠᠷᠴᠢᠮ ᠪᠣᠯ ᠳᠡᠯᠡᠬᠡᠢ ᠨᠡᠢᠭᠡᠮ᠎ᠦᠨ ᠨᠡᠢᠳᠡᠮ᠎ᠦᠨ ᠬᠠᠮᠲᠤ᠎ᠶ᠋ᠢᠨ ᠲᠠᠨᠢᠯᠲᠠ ᠪᠣᠯᠤᠨ᠎ᠠ᠃ ᠲᠠᠢᠸᠠᠨ ᠪᠣᠯ ᠳᠤᠮᠳᠠᠳᠤ ᠤᠯᠤᠰ᠎ᠤᠨ ᠨᠢᠭᠡ ᠬᠡᠰᠡᠭ ᠮᠥᠨ᠂ ᠡᠨᠡ ᠪᠣᠯ ᠬᠤᠪᠢᠷᠠᠰᠢ ᠤᠢ᠍ᠭᠡᠢ ᠪᠣᠳᠠᠲᠤ ᠬᠡᠷᠡᠭ ᠮᠥᠨ᠃ ᠠᠮᠧᠷᠢᠺᠠ᠎ᠶ᠋ᠢᠨ ᠬᠢᠨ ᠡᠷᠬᠡᠪᠰᠢ ᠳᠤᠮᠳᠠᠳᠤ ᠠᠮᠧᠷᠢᠺᠠ᠎ᠶ᠋ᠢᠨ ᠭᠤᠷᠪᠠᠨ ᠬᠠᠮᠲᠤᠷᠠᠭ᠍ᠰᠠᠨ ᠠᠯᠪᠠᠨ ᠮᠡᠳᠡᠭᠡ᠎ᠶ᠋ᠢ ᠵᠢᠷᠤᠮᠯᠠᠵᠤ᠂ ᠨᠢᠭᠡ ᠳᠤᠮᠳᠠᠳᠤ ᠤᠯᠤᠰ ᠪᠠᠢᠬᠤ ᠵᠠᠷᠴᠢᠮ᠎ᠢ ᠵᠢᠷᠤᠮᠯᠠᠬᠤ ᠬᠡᠷᠡᠭ᠌ᠲᠡᠢ》 ᠭᠡᠵᠤ ᠵᠢᠭᠠᠵᠤ ᠭᠠᠷᠭᠠᠪᠠ᠃

ᠢᠨᠳᠣᠨᠧᠱᠢᠢ᠎ᠠ᠎ᠶ᠋ᠢᠨ ᠤᠶᠤᠨ᠎ᠤ ᠬᠥᠮᠥᠷᠭᠡ᠎ᠶ᠋ᠢᠨ ᠠᠽᠢᠶ᠎ᠠ ᠲᠢᠪ᠎ᠦᠨ ᠱᠢᠨ᠎ᠡ᠎ᠶ᠋ᠢ ᠡᠭᠦᠳᠬᠦ᠌ ᠰᠤᠳᠤᠯᠭᠠᠨ᠎ᠤ ᠲᠥᠪ᠎ᠦᠨ ᠲᠡᠷᠢᠭᠦᠯᠡᠭ᠌ᠴᠢ ᠪᠠᠨᠪᠠᠩ·ᠰᠦᠷᠶᠦᠸᠢᠢᠨᠣ᠋ ᠄ 《ᠠᠮᠧᠷᠢᠺᠠ᠎ᠶ᠋ᠢᠨ ᠠᠯᠪᠠᠨ ᠲᠤᠱᠢᠶᠠᠯᠲᠠᠨ᠎ᠤ 〈ᠲᠠᠢᠸᠠᠨ᠎ᠳᠤ ᠠᠢᠯᠴᠢᠯᠠᠬᠰᠡᠨ〉 ᠨᠢ ᠨᠢᠭᠡ ᠳᠤᠮᠳᠠᠳᠤ ᠤᠯᠤᠰ ᠪᠠᠢᠬᠤ ᠵᠠᠷᠴᠢᠮ᠎ᠢ ᠬᠦᠨᠳᠦ ᠨᠣᠴᠢᠲᠠᠢ ᠵᠥᠷᠢᠴᠡᠵᠦ᠍᠂ ᠲᠠᠢᠸᠠᠨ ᠬᠣᠭᠣᠯᠠᠢ᠎ᠶ᠋ᠢᠨ ᠣᠷᠣᠨ᠎ᠤ ᠡᠩᠬᠡ ᠲᠠᠢᠪᠤᠩ ᠲᠣᠭ᠍ᠲᠠᠭᠤᠨ᠎ᠢ ᠬᠦᠨᠳᠦ ᠨᠣᠴᠢᠲᠠᠢ ᠡᠪᠳᠡᠪᠡ᠃ ᠠᠮᠧᠷᠢᠺᠠ᠎ᠶ᠋ᠢᠨ ᠲᠠᠯ᠎ᠠ᠎ᠶ᠋ᠢᠨ ᠬᠢᠨ ᠠᠮᠠᠨ ᠳᠡᠭᠡᠷ᠎ᠡ᠎ᠪᠡᠨ ᠨᠢᠭᠡ ᠳᠤᠮᠳᠠᠳᠤ ᠤᠯᠤᠰ ᠪᠠᠢᠬᠤ ᠲᠦᠷᠦ᠍᠎ᠶ᠋ᠢᠨ ᠪᠤᠳᠤᠯᠭ᠎ᠠ᠎ᠶ᠋ᠢ ᠪᠠᠷᠢᠮᠲᠠᠯᠠᠨ᠎ᠠ ᠭᠡᠵᠦ᠍ ᠪᠠᠢᠪᠠᠴᠤ᠌᠂ ᠠᠵᠢᠯᠯᠠᠭ᠎ᠠ ᠳᠡᠭᠡᠷ᠎ᠡ᠎ᠪᠡᠨ ᠬᠠᠷᠢᠨ ᠬᠣᠶᠠᠷ ᠨᠢᠭᠤᠷᠳᠠᠨ ᠪᠠᠢᠵᠤ᠂ ᠳᠤᠮᠳᠠᠳᠤ ᠤᠯᠤᠰ᠎ᠤᠨ ᠳᠣᠲᠣᠭᠠᠳᠤ  ᠶᠠᠪᠤᠳᠠᠯ᠎ᠳᠤ ᠪᠦᠳᠦᠭᠦᠯᠢᠭ᠎ᠢᠶᠡᠷ ᠭᠠᠷ ᠲᠦᠷᠦᠵᠤ ᠪᠠᠢᠬᠤ᠎ᠶ᠋ᠢ ᠴᠢᠩᠭ᠎ᠠ ᠵᠢᠮᠡᠯᠡᠪᠡᠯ ᠵᠣᠬᠢᠨ᠎ᠠ》 ᠭᠡᠵᠡᠢ᠃  

ᠣᠯᠠᠨ ᠤᠯᠤᠰ᠎ᠤᠨ ᠬᠥᠮᠦᠰ ᠨᠢᠭᠡ ᠳᠤᠮᠳᠠᠳᠤ ᠤᠯᠤᠰ ᠪᠠᠢᠬᠤ ᠵᠠᠷᠴᠢᠮ᠎ᠲᠠᠶ ᠥᠷᠢᠰᠦᠯᠳᠦᠬᠦ᠌ ᠨᠢ ᠲᠠᠯᠠᠭᠠᠷ ᠬᠡᠷᠡᠭ ᠶᠤᠮ ᠬᠡᠵᠤ ᠲᠥᠪ ᠴᠢᠩᠭ᠎ᠠ᠎ᠪᠠᠷ ᠵᠢᠭᠠᠵᠤ ᠭᠠᠷᠭᠠᠭ᠍ᠰᠠᠨ ᠶᠤᠮ᠃《ᠳᠡᠯᠡᠬᠡᠢ ᠳ᠋ᠠᠬᠢᠨ᠎ᠢᠶᠠᠷ᠎ᠢᠶᠠᠨ ᠨᠢᠭᠡ ᠳᠤᠮᠳᠠᠳᠤ ᠤᠯᠤᠰ ᠪᠠᠢᠬᠤ ᠵᠠᠷᠴᠢᠮ᠎ᠢ ᠢᠮᠠᠭ᠍ᠲᠠ ᠳᠡᠮᠵᠢᠨ᠎ᠠ》᠃ ᠺᠠᠮᠪᠣᠵᠠ᠎ᠶ᠋ᠢᠨ ᠪᠸᠯᠲ᠋ᠠᠢ ᠤᠯᠠᠨ ᠤᠯᠤᠰ᠎ᠤᠨ ᠶᠡᠬᠡ ᠰᠤᠷᠭᠠᠭᠤᠯᠢ᠎ᠶ᠋ᠢᠨ ᠨᠡᠷ᠎ᠡ ᠬᠦᠨᠳᠦᠲᠦ ᠫᠷᠤᠹᠸᠰᠰᠤᠷ ᠶᠤᠰᠸᠹ·ᠮᠠᠱᠢᠦᠢᠰ᠄《ᠫᠸᠯᠤᠸᠸᠰᠢ ᠳᠤᠮᠳᠠᠳᠤ ᠤᠯᠤᠰ᠎ᠤᠨ ᠲᠠᠢᠸᠠᠨ ᠣᠷᠣᠨ᠎ᠳᠤ ᠬᠦᠷᠴᠦ᠍ ᠠᠵᠢᠯᠯᠠᠭ᠎ᠠ ᠬᠢᠭᠰᠡᠨ ᠨᠢ ᠵᠢᠯᠣᠭᠣ ᠵᠣᠳᠣᠭ ᠦᠭᠡᠢ ᠠᠭᠠᠰᠢᠯᠠᠵᠤ᠂ ᠬᠠᠤᠯᠢ ᠪᠤᠰᠤ ᠪᠦᠬᠡᠳ ᠲᠠᠯᠠᠭᠠᠷ ᠪᠤᠯᠬᠤ ᠶᠤᠮ᠂ ᠠᠮᠧᠷᠢᠺᠠ᠎ᠶ᠋ᠢᠨ ᠳᠡᠯᠡᠬᠡᠢ ᠳ᠋ᠠᠬᠢᠨ ᠤ᠋ ᠢᠲᠡᠭᠡᠯ ᠬᠦᠨᠳᠦ᠍᠎ᠶ᠋ᠢ ᠬᠣᠬᠢᠷᠠᠭᠤᠯᠵᠤ᠂ ᠨᠢᠭᠡ ᠳᠤᠮᠳᠠᠳᠤ ᠤᠯᠤᠰ ᠪᠠᠢᠬᠤ ᠵᠠᠷᠴᠢᠮ᠎ᠢ ᠬᠦᠨᠳᠦ ᠨᠣᠴᠢᠲᠠᠢ ᠵᠥᠷᠢᠴᠡᠪᠡ》 ᠭᠡᠪᠡ᠃

ᠠᠮᠧᠷᠢᠺᠠ᠎ᠶ᠋ᠢᠨ 《ᠪᠦᠬᠦ᠌ ᠪᠥᠮᠪᠥᠷᠴᠡᠭ᠎ᠦᠨ ᠠᠷᠭ᠎ᠠ ᠪᠤᠳᠤᠯᠭ᠎ᠠ᠎ᠶ᠋ᠢᠨ ᠮᠡᠳᠡᠭᠡ ᠵᠠᠩᠭᠢ》 ᠰᠡᠳᠬᠦᠯ᠎ᠦᠨ ᠸᠠᠱᠢᠩᠲ᠋ᠣᠨ᠎ᠳᠠᠬᠢ ᠬᠤᠪᠢᠶᠠᠷᠢ ᠬᠣᠷᠢᠶ᠎ᠠ᠎ᠶ᠋ᠢᠨ ᠳᠠᠷᠤᠭ᠎ᠠ ᠸᠢᠯᠢᠶᠠᠮ· ᠵᠤᠨ᠋ᠰ᠂ ᠫᠸᠯᠤᠸᠸᠰᠢ ᠲᠠᠢᠸᠠᠨ᠎ᠢᠶᠠᠷ ᠭᠡᠰᠦᠬᠦᠴᠢᠯᠡᠨ ᠠᠢᠯᠴᠢᠯᠠᠭᠰᠠᠨ ᠪᠣᠯ 《ᠲᠡᠨᠡᠭ ᠠᠵᠢᠯᠯᠠᠭ᠎ᠠ》 ᠂ 《ᠠᠮᠧᠷᠢᠺᠠ᠎ᠳᠤ ᠬᠦᠨᠳᠦ ᠨᠣᠴᠢᠲᠠᠢ ᠦᠷ᠎ᠡ ᠳ᠋ᠦᠩ ᠠᠪᠴᠢᠷᠠᠬᠤ ᠨᠢ ᠳᠠᠮᠵᠢᠭ ᠦᠭᠡᠢ》 ᠭᠡᠵᠦ᠍ ᠵᠢᠭᠠᠵᠤ ᠭᠠᠷᠭᠠᠪᠠ᠃

ᠽᠢᠮᠪᠠᠪᠦ᠋ᠸᠧᠢ᠎ᠶ᠋ᠢᠨ ᠨᠠᠷᠮᠠᠢ ᠠᠹᠷᠢᠺᠠ᠎ᠶ᠋ᠢᠨ ᠴᠢᠮᠡᠭᠡᠯᠡᠯ᠎ᠦᠨ ᠬᠣᠷᠢᠶᠠᠨ᠎ᠤ ᠶᠡᠷᠦᠩᠬᠡᠢ ᠨᠠᠢᠷᠠᠭᠤᠯᠤᠭ᠍ᠴᠢ ᠯᠠᠨᠭᠠᠯᠢᠯᠠᠶᠢ·ᠱᠤᠺ ᠄ 《ᠠᠮᠧᠷᠢᠺᠠ᠎ᠶ᠋ᠢᠨ ᠬᠡᠰᠡᠭ ᠤᠯᠤᠰ ᠲᠦᠷᠦ᠍᠎ᠶ᠋ᠢᠨ ᠵᠠᠪᠱᠢᠭ᠍ᠴᠢ ᠳᠤᠮᠳᠠᠳᠤ ᠤᠯᠤᠰ᠎ᠤᠨ ᠭᠣᠣᠯᠯᠠᠭ᠍ᠴᠢ ᠠᠱᠢᠭ ᠲᠤᠰᠠ᠎ᠳᠤ ᠬᠣᠯᠪᠣᠭ᠍ᠳᠠᠭ᠍ᠰᠠᠨ ᠲᠠᠢᠸᠠᠨ᠎ᠤ ᠠᠰᠠᠭᠤᠳᠠᠯ ᠳᠡᠭᠡᠷ᠎ᠡ ᠳᠤᠮᠳᠠᠳᠤ ᠤᠯᠤᠰ᠎ᠲᠤ ᠥᠳᠥᠭᠡᠯᠭᠡ ᠬᠢᠭ᠌ᠰᠡᠨ ᠨᠢ ᠵᠠᠢᠯᠠᠰᠢ ᠦᠭᠡᠢ ᠢᠯᠠᠭ᠍ᠳᠠᠯ᠎ᠳᠤ ᠤᠴᠠᠷᠠᠨ᠎ᠠ》 ᠭᠡᠵᠦ ᠢᠯᠡᠳᠭᠡᠪᠡ᠃

ᠤᠯᠠᠨ ᠤᠯᠤᠰ᠎ᠤᠨ ᠬᠠᠤᠯᠢ ᠪᠣᠯᠤᠨ ᠤᠯᠠᠨ ᠤᠯᠤᠰ᠎ᠤᠨ ᠬᠠᠷᠢᠯᠴᠠᠭᠠᠨ᠎ᠤ ᠦᠨᠳᠦᠰᠦᠨ ᠪᠠᠷᠢᠮᠵᠢᠶ᠎ᠠ᠎ᠶ᠋ᠢ ᠲᠠᠯᠬᠢᠳᠠᠵᠤ ᠪᠣᠯᠬᠤ ᠦᠭᠡᠢ

ᠢᠰᠫᠠᠨᠢ᠎ᠶ᠋ᠢᠨ ᠡᠪ ᠬᠠᠮᠲᠤ ᠨᠠᠮ᠎ᠤᠨ ᠲᠡᠷᠢᠭᠦᠯᠡᠭ᠌ᠴᠢ ᠾᠸᠰᠠᠢ·ᠯᠦᠶᠢᠰ· ᠰᠸᠨᠲᠸᠯᠢᠶ᠎ᠠ᠂ ᠫᠸᠯᠤᠸᠸᠰᠢ ᠲᠠᠢᠸᠠᠨ᠎ᠢᠶᠠᠷ ᠭᠡᠰᠦᠬᠦᠴᠢᠯᠡᠨ ᠠᠢᠯᠴᠢᠯᠠᠭᠰᠠᠨ ᠨᠢ ᠬᠦᠨᠳᠦ ᠨᠣᠴᠢᠲᠠᠢ ᠥᠳᠥᠭᠡᠯᠭᠡ ᠪᠤᠯᠵᠤ᠂ 《ᠠᠮᠧᠷᠢᠺᠠ ᠶᠠᠭ ᠬᠠᠷᠢᠭᠤᠴᠠᠯᠭ᠎ᠠ ᠦᠭᠡᠢ ᠪᠠᠢᠬᠤ ᠳᠤᠮᠳᠠᠳᠤ ᠤᠯᠤᠰ᠎ᠯᠤᠭ᠎ᠠ᠎ᠶ᠋ᠢᠨ ᠪᠠᠴᠢᠮ ᠬᠠᠷᠢᠯᠴᠠᠭ᠎ᠠ᠎ᠶ᠋ᠢ ᠲᠦᠷᠭᠡᠳᠭᠡᠬᠦ᠌ ᠵᠠᠮ᠎ᠢᠶᠠᠷ ᠵᠠᠮᠨᠠᠵᠤ ᠪᠠᠢᠨ᠎ᠠ》 ᠂ ᠤᠯᠠᠨ ᠤᠯᠤᠰ᠎ᠤᠨ ᠬᠠᠤᠯᠢ ᠪᠣᠯᠤᠨ ᠤᠯᠠᠨ ᠤᠯᠤᠰ᠎ᠤᠨ ᠬᠠᠷᠢᠯᠴᠠᠭᠠᠨ᠎ᠤ ᠦᠨᠳᠦᠰᠦᠨ ᠪᠠᠷᠢᠮᠵᠢᠶ᠎ᠠ᠎ᠶ᠋ᠢ ᠬᠦᠨᠳᠦ ᠨᠣᠴᠢᠲᠠᠢ ᠡᠪᠳᠡᠪᠡ ᠭᠡᠵᠦ᠍ ᠵᠢᠭᠠᠵᠤ ᠭᠠᠷᠭᠠᠪᠠ᠃ ᠲᠡᠷᠡ᠂ ᠢᠰᠫᠠᠨᠢ᠎ᠶ᠋ᠢᠨ ᠡᠪ ᠬᠠᠮᠲᠤ ᠨᠠᠮ᠎ᠤᠨ ᠦᠵᠡᠬᠦ᠌᠎ᠪᠡᠷ᠂ ᠲᠤᠰ ᠤᠳᠠᠭ᠎ᠠ᠎ᠶ᠋ᠢᠨ ᠠᠢᠯᠴᠢᠯᠠᠯᠲᠠ ᠨᠢ ᠳᠤᠮᠳᠠᠳᠤ ᠠᠮᠧᠷᠢᠺᠠ᠎ᠶ᠋ᠢᠨ ᠬᠠᠷᠢᠯᠴᠠᠭ᠎ᠠ᠎ᠶ᠋ᠢ ᠨᠥᠯᠥᠭᠡᠯᠡᠬᠦ᠌᠎ᠪᠡᠷ ᠪᠠᠷᠠᠬᠤ ᠦᠭᠡᠢ ᠪᠠᠰᠠ 《ᠪᠦᠬᠦ᠌ ᠳᠡᠯᠡᠬᠡᠢ᠎ᠳᠦ ᠨᠠᠵᠠᠭᠠᠢ ᠨᠥᠯᠥᠭᠡ ᠦᠵᠡᠭᠦᠯᠬᠦ᠌ ᠪᠣᠯᠤᠨ᠎ᠠ》 ᠭᠡᠵᠦ ᠬᠡᠯᠡᠪᠡ᠃

ᠰᠸᠷᠪᠢᠶ᠎ᠠ ᠵᠢᠨ ᠤᠤᠯ᠎ᠤᠨ ᠨᠡᠷ᠎ᠡ ᠲᠦᠷᠦ᠍᠎ᠲᠡᠶ ᠭᠠᠳᠠᠭᠠᠳᠤ ᠶᠠᠪᠤᠳᠠᠯ᠎ᠤᠨ ᠲᠤᠱᠢᠶᠠᠯᠲᠠᠨ᠂ ᠪᠸᠷᠭᠸᠯᠠᠢ᠌ᠳ᠋ ᠵᠡᠷᠭᠡ ᠡᠷᠬᠡ ᠲᠡᠭ᠌ᠰᠢ ᠳᠡᠯᠡᠬᠡᠢ᠎ᠶ᠋ᠢᠨ ᠶᠠᠷᠢᠶᠠᠨ᠎ᠤ ᠲᠠᠪᠴᠠᠩ᠎ᠤᠨ ᠲᠡᠷᠢᠭᠦᠯᠡᠭ᠌ᠴᠢ ᠷᠢᠸᠠᠳ᠋ᠢᠨ· ᠶᠤᠸᠠᠨᠨᠤᠸᠢᠴᠢ᠂ ᠫᠸᠯᠤᠸᠸᠰᠢ ᠲᠠᠢᠸᠠᠨ᠎ᠳᠤ ᠬᠡᠰᠦᠬᠦᠴᠢᠯᠡᠨ ᠠᠢᠯᠴᠢᠯᠠᠭ᠍ᠰᠠᠨ ᠨᠢ ᠠᠮᠧᠷᠢᠺᠠ᠎ᠶ᠋ᠢᠨ ᠬᠢᠨ ᠤᠯᠠᠨ ᠤᠯᠤᠰ᠎ᠤᠨ ᠬᠠᠤᠯᠢ᠎ᠶ᠋ᠢᠨ ᠪᠠᠷᠢᠮᠵᠢᠶ᠎ᠠ᠎ᠶ᠋ᠢ ᠪᠦᠷᠢᠮᠦᠰᠦᠨ ᠬᠠᠢᠬᠤᠷᠬᠤ ᠦᠭᠡᠢ ᠪᠠᠢᠨ᠎ᠠ᠂ ᠡᠢᠮᠦᠷᠬᠦᠦ ᠲᠦᠷᠦ᠍᠎ᠶ᠋ᠢᠨ ᠪᠤᠳᠤᠯᠭ᠎ᠠ ᠪᠣᠯ ᠠᠶᠤᠯᠲᠠᠢ ᠶᠤᠮ ᠭᠡᠵᠦ᠍ ᠱᠢᠭᠤᠳ ᠬᠡᠯᠡᠪᠡ᠃

ᠺᠠᠮᠪᠣᠵᠠ᠎ᠶ᠋ᠢᠨ ᠬᠠᠭᠠᠨ᠎ᠤ ᠤᠭ᠍ᠰᠠᠭᠠᠨ᠎ᠤ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠦᠨ ᠤᠯᠠᠨ ᠤᠯᠤᠰ᠎ᠤᠨ ᠬᠠᠷᠢᠯᠴᠠᠭᠠᠨ᠎ᠤ ᠰᠤᠳᠤᠯᠭᠠᠨ᠎ᠤ ᠭᠠᠵᠠᠷ᠎ᠤᠨ ᠳᠠᠷᠤᠭ᠎ᠠ᠎ᠶ᠋ᠢᠨ ᠫᠢᠩ᠂ ᠫᠸᠯᠤᠸᠸᠰᠢ ᠲᠠᠢᠸᠠᠨ᠎ᠢᠶᠠᠷ ᠭᠡᠰᠦᠬᠦᠴᠢᠯᠡᠨ ᠠᠢᠯᠴᠢᠯᠠᠭ᠍ᠰᠠᠨ ᠨᠢ ᠳᠤᠮᠳᠠᠳᠤ ᠤᠯᠤᠰ᠎ᠲᠤ ᠥᠳᠥᠭᠡᠯᠭᠡ ᠬᠢᠵᠦ᠍᠂ ᠳᠤᠮᠳᠠᠳᠤ ᠠᠮᠧᠷᠢᠺᠠ᠎ᠶ᠋ᠢᠨ ᠬᠠᠷᠢᠯᠴᠠᠭ᠎ᠠ᠎ᠶ᠋ᠢ ᠬᠣᠬᠢᠷᠠᠭᠤᠯᠵᠤ᠂ ᠭᠠᠵᠠᠷ ᠣᠷᠣᠨ ᠵᠢᠴᠢ ᠳᠡᠯᠡᠬᠡᠢ᠎ᠶ᠋ᠢᠨ ᠲᠣᠭ᠍ᠲᠠᠭᠤᠨ᠎ᠢ ᠡᠪᠳᠡᠬᠦ᠌ ᠪᠣᠯᠤᠨ᠎ᠠ ᠭᠡᠵᠦ᠍ ᠢᠯᠡᠳᠭᠡᠪᠡ᠃ ᠵᠢᠨ ᠫᠢᠩ᠂ ᠠᠮᠧᠷᠢᠺᠠ ᠪᠦᠬᠦ᠌ ᠪᠥᠮᠪᠥᠷᠴᠡᠭ᠎ᠦᠨ ᠠᠵᠤ ᠦᠢᠯᠡᠰ᠎ᠦᠨ ᠬᠡᠯᠬᠢᠶ᠎ᠡ ᠪᠣᠯᠤᠨ ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ ᠲᠣᠭ᠍ᠲᠠᠭᠤᠨ᠎ᠢ ᠪᠠᠲᠤᠯᠠᠵᠤ᠂ ᠬᠢᠵᠢᠭ᠎ᠲᠡᠶ ᠲᠡᠮᠡᠴᠡᠬᠦ᠌ ᠪᠠ ᠠᠵᠤ ᠠᠬᠤᠶ᠎ᠶ᠋ᠢᠨ ᠰᠡᠷᠭᠦᠯᠲᠡ ᠵᠡᠷᠭᠡ ᠲᠠᠯ᠎ᠠ᠎ᠪᠠᠷ ᠳᠤᠮᠳᠠᠳᠤ ᠤᠯᠤᠰ᠎ᠯᠤᠭ᠎ᠠ ᠬᠠᠮᠲᠤᠷᠠᠯᠴᠠᠪᠠᠯ ᠵᠣᠬᠢᠨ᠎ᠠ᠂ ᠬᠠᠷᠢᠨ ᠭᠠᠵᠠᠷ ᠣᠷᠣᠨ ᠪᠣᠯᠤᠨ ᠪᠦᠬᠦ᠌ ᠪᠥᠮᠪᠥᠷᠴᠡᠭ᠎ᠦᠨ ᠲᠣᠭ᠍ᠲᠠᠭᠤᠨ ᠪᠤᠰᠤ ᠪᠠᠢᠳᠠᠯ᠎ᠢ ᠥᠳᠥᠭᠡᠵᠦ᠍ ᠪᠣᠯᠬᠤ ᠦᠭᠡᠢ ᠭᠡᠵᠦ ᠵᠢᠭᠠᠵᠤ ᠭᠠᠷᠭᠠᠪᠠ᠃

ᠲᠦᠷᠺ᠎ᠦᠨ ᠠᠽᠢᠶ᠎ᠠ ᠲᠢᠪ ᠨᠣᠮᠣᠬᠠᠨ ᠳᠠᠯᠠᠢ᠎ᠶ᠋ᠢᠨ ᠣᠷᠣᠨ᠎ᠤ ᠰᠤᠳᠤᠯᠭᠠᠨ᠎ᠤ ᠲᠥᠪ ᠎ᠦᠨ ᠡᠷᠬᠢᠯᠡᠭ᠌ᠴᠢ ᠰᠧᠷᠴᠢᠦᠢᠺ·ᠴᠢᠶᠤᠤᠯᠠᠺᠸᠸᠯᠦ᠌᠂ ᠫᠸᠯᠤᠸᠸᠰᠢ ᠲᠠᠢᠸᠠᠨ᠎ᠳᠤ ᠭᠡᠰᠦᠬᠦᠴᠢᠯᠡᠨ ᠠᠢᠯᠴᠢᠯᠠᠭ᠍ᠰᠠᠨ ᠨᠢ ᠳᠤᠮᠳᠠᠳᠤ ᠠᠮᠧᠷᠢᠺᠠ᠎ᠶ᠋ᠢᠨ ᠬᠣᠭᠣᠷᠣᠨᠳᠣᠬᠢ ᠪᠠᠴᠢᠮ ᠪᠠᠢᠳᠠᠯ᠎ᠢ ᠲᠦᠷᠭᠡᠳᠬᠡᠪᠡ᠃ 《ᠲᠤᠰ ᠤᠳᠠᠭ᠎ᠠ᠎ᠶ᠋ᠢᠨ ᠠᠢᠯᠴᠢᠯᠠᠯᠲᠠ ᠨᠢ ᠳᠡᠯᠡᠬᠡᠢ᠎ᠶ᠋ᠢᠨ ᠬᠠᠮᠤᠭ᠎ᠤᠨ ᠶᠡᠬᠡ ᠬᠣᠶᠠᠷ ᠠᠵᠤ ᠠᠬᠤᠢ᠎ᠶ᠋ᠢᠨ ᠴᠣᠭ᠍ᠴᠠ᠎ᠶ᠋ᠢᠨ ᠬᠣᠭᠣᠷᠣᠨᠳᠣ ᠨᠢᠭᠡ ᠤᠳᠠᠭ᠎ᠠ᠎ᠶ᠋ᠢᠨ ᠱᠢᠨ᠎ᠡ ᠶᠠᠷᠱᠢᠭ ᠲᠠᠲᠠᠵᠠᠢ》 ᠂ ᠳᠡᠯᠡᠬᠡᠢ᠎ᠶ᠋ᠢᠨ ᠠᠵᠤ ᠠᠬᠤᠢ ᠪᠣᠯᠤᠨ ᠪᠦᠬᠦ᠌ ᠪᠥᠮᠪᠥᠷᠴᠡᠭ᠎ᠦᠨ ᠬᠠᠩᠭᠠᠯᠭ᠎ᠠ᠎ᠶ᠋ᠢᠨ ᠬᠡᠯᠬᠢᠶ᠎ᠡ᠎ᠳᠦ ᠬᠦᠨᠳᠦ ᠨᠣᠴᠢᠲᠠᠢ ᠦᠷ᠎ᠡ ᠳ᠋ᠦᠩ ᠠᠪᠴᠢᠷᠠᠬᠤ ᠪᠣᠯᠤᠨ᠎ᠠ ᠭᠡᠵᠦ ᠦᠵᠡᠵᠦ ᠪᠠᠢᠨ᠎ᠠ᠃

ᠬᠢᠨ᠋ᠸᠶᠠ ᠪᠢᠰᠠᠦ᠋ ᠵᠢᠨ ᠤᠯᠤᠰ ᠲᠥᠷᠥ᠎ᠶ᠋ᠢᠨ ᠤᠬᠠᠭᠠᠨᠲᠠᠨ ᠰᠦᠯᠠᠢᠮᠠᠨ· ᠺᠠᠰᠠᠮᠠ᠂ ᠲᠠᠢᠸᠠᠨ ᠪᠣᠯ ᠡᠷᠲᠡᠨ᠎ᠡᠴᠡ ᠠᠪᠤᠭᠠᠳ ᠳᠤᠮᠳᠠᠳᠤ ᠤᠯᠤᠰ᠎ᠤᠨ ᠨᠤᠲᠤᠭ ᠳᠡᠪᠢᠰᠭᠡᠷ ᠮᠥᠨ᠂ ᠫᠸᠯᠤᠸᠸᠰᠢ ᠲᠠᠢᠸᠠᠨ᠎ᠳᠤ ᠬᠡᠰᠦᠬᠦᠴᠢᠯᠡᠨ ᠠᠢᠯᠴᠢᠯᠠᠭᠰᠠᠨ ᠨᠢ 《ᠠᠮᠧᠷᠢᠺᠠ ᠪᠣᠯ ᠳᠡᠯᠡᠬᠡᠶ᠎ᠶ᠋ᠢᠨ ᠠᠰᠠᠭᠤᠳᠠᠯ᠎ᠢ ᠦᠢᠯᠡᠳᠦᠭ᠌ᠴᠢ ᠮᠥᠨ》 ᠭᠡᠳᠡᠭ ᠢ᠋ ᠳᠠᠬᠢᠨᠲᠠ ᠭᠡᠷᠡᠴᠢᠯᠡᠪᠡ ᠭᠡᠵᠦ ᠴᠢᠬᠤᠯᠠᠴᠢᠯᠠᠪᠠ᠃ 

    (ᠱᠢᠨᠬᠤᠸᠠ ᠬᠣᠷᠢᠶᠠᠨ᠎ᠤ ᠪᠡᠭᠡᠵᠢᠩ᠎ᠦᠨ 8 ᠰᠠᠷ᠎ᠠ᠎ᠶ᠋ᠢᠨ 2 ᠎ᠤ᠋ᠨ ᠴᠠᠬᠢᠯᠭᠠᠨ ᠮᠡᠳᠡᠭᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠱᠢᠡᠬᠤᠸᠠ ᠬᠤᠷᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号