— ᠶᠡᠷᠦᠩᠬᠡᠶ ᠱᠦᠵᠢ ᠰᠢ ᠵᠢᠨ ᠫᠢᠩ᠎ᠦᠨ ᠮᠣᠵᠢ ᠶᠠᠮᠤᠨ᠎ᠤ ᠲᠡᠰ᠎ᠤᠨ ᠭᠤᠤᠯ ᠤᠳᠤᠷᠢᠳᠬᠤ ᠺᠠᠳ᠋ᠷ᠎ᠤᠨ ᠲᠤᠰᠭᠠᠶ ᠰᠡᠳᠦᠪᠲᠦ
ᠰᠤᠳᠤᠯᠤᠨ ᠶᠠᠷᠢᠯᠴᠠᠬᠤ ᠠᠩᠭᠢ᠎ᠳᠤ ᠶᠠᠷᠢᠬᠰᠠᠨ ᠴᠢᠬᠤᠯᠠ ᠶᠠᠷᠢᠶ᠎ᠠ᠎ᠶ᠋ᠢ ᠰᠤᠷᠤᠯᠴᠠᠨ ᠲᠤᠭᠤᠱᠢᠯᠠᠭᠤᠯᠬᠤ ᠲᠤᠬᠠᠶ ᠥᠭᠦᠯᠡᠬᠦ᠌ ᠨᠢ
《ᠱᠢᠨ᠎ᠡ ᠴᠠᠭ ᠦᠶ᠎ᠡ᠎ᠶ᠋ᠢᠨ 10 ᠵᠢᠯ᠎ᠦᠨ ᠠᠭᠤᠤ ᠶᠡᠬᠡ ᠬᠤᠪᠢᠰᠤᠯᠲᠠ ᠨᠢ ᠨᠠᠮ᠎ᠤᠨ ᠲᠡᠦᠬᠡ᠂ ᠱᠢᠨ᠎ᠡ ᠳᠤᠮᠳᠠᠳᠤ ᠤᠯᠤᠰ᠎ᠤᠨ ᠲᠡᠦᠬᠡ᠂ ᠥᠭᠡᠷᠡᠴᠢᠯᠡᠯᠲᠡ ᠨᠡᠭᠡᠭᠡᠯᠲᠡ᠎ᠶ᠋ᠢᠨ ᠲᠡᠦᠬᠡ᠂ ᠨᠡᠢᠭᠡᠮ ᠵᠢᠷᠤᠮ᠎ᠤᠨ ᠬᠥᠭ᠌ᠵᠢᠯᠲᠡ᠎ᠶ᠋ᠢᠨ ᠲᠡᠦᠬᠡ᠂ ᠳᠤᠮᠳᠠᠳᠤ᠎ᠶ᠋ᠢᠨ ᠦᠨᠳᠦᠰᠦᠲᠡᠨ᠎ᠦ ᠬᠥᠭ᠌ᠵᠢᠯᠲᠡ ᠶ᠋ᠢᠨ ᠲᠡᠦᠬᠡᠨ᠎ᠳᠦ ᠬᠥᠱᠢᠢ᠎ᠡ ᠲᠡᠮᠳᠡᠭ᠎ᠤᠨ ᠠᠴᠢ ᠬᠣᠯᠪᠣᠭ᠍ᠳᠠᠯ᠎ᠲᠠᠶ ᠶᠤᠮ》 ᠃ ᠮᠤᠵᠢ ᠶᠠᠮᠤᠨ᠎ᠤ ᠲᠡᠰ᠎ᠤᠨ ᠭᠣᠣᠯ ᠤᠳᠤᠷᠢᠳᠭᠤ ᠺᠠᠳ᠋ᠷ᠎ᠤᠨ 《 ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠰᠤᠷᠤᠯᠴᠠᠵᠥ᠍᠂ ᠨᠠᠮ᠎ᠤᠨ ᠬᠣᠷᠢᠳᠤᠭᠠᠷ ᠶᠡᠬᠡ ᠬᠤᠷᠠᠯ᠎ᠢ ᠤᠭ᠍ᠲᠤᠬᠤ》 ᠲᠤᠰᠭᠠᠢ ᠰᠡᠳᠦᠪᠲᠦ ᠰᠤᠳᠤᠯᠤᠨ ᠶᠠᠷᠢᠯᠴᠠᠬᠤ ᠠᠩᠬᠢ᠎ᠳᠤ᠂ ᠶᠡᠷᠦᠩᠬᠡᠢ ᠱᠦᠵᠢ ᠰᠢ ᠵᠢᠨ ᠫᠢᠩ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠱᠢᠬᠢ ᠨᠠᠮ ᠪᠣᠯᠤᠨ ᠤᠯᠤᠰ᠎ᠤᠨ ᠠᠵᠢᠯ ᠦᠢᠯᠡᠰ ᠲᠡᠦᠬᠡᠲᠦ ᠴᠢᠨᠠᠷᠲᠠᠢ ᠠᠮᠵᠢᠯᠲᠠ ᠣᠯᠵᠤ᠂ ᠲᠡᠦᠬᠡᠲᠦ ᠴᠢᠨᠠᠷᠲᠠᠢ ᠬᠤᠪᠢᠰᠤᠯᠲᠠ ᠭᠠᠷᠤᠭ᠍ᠰᠠᠨᠢ ᠭᠦᠨᠵᠡᠭᠡᠢ ᠲᠣᠳᠣᠷᠬᠠᠢᠯᠠᠨ ᠥᠭᠦᠯᠡᠵᠦ᠍᠂ ᠱᠢᠨ᠎ᠡ ᠴᠠᠭ ᠦᠶ᠎ᠡ᠎ᠶ᠋ᠢᠨ 10 ᠵᠢᠯ ᠦᠨ ᠠᠭᠤᠤ ᠶᠡᠬᠡ ᠬᠤᠪᠢᠰᠤᠯᠲᠠ᠎ᠶ᠋ᠢᠨ ᠴᠢᠬᠤᠯᠠ ᠶᠡᠬᠡ ᠠᠴᠢ ᠬᠣᠯᠪᠣᠭ᠍ᠳᠠᠯ᠎ᠢ ᠳᠡᠭᠡᠳᠦ ᠬᠡᠮᠵᠢᠶ᠎ᠡ᠎ᠪᠡᠷ ᠦᠨᠡᠯᠡᠵᠦ᠍᠂ ᠪᠦᠬᠦ᠌ ᠨᠠᠮ ᠪᠦᠬᠦ᠌ ᠴᠡᠷᠢᠭ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠱᠢᠨ᠎ᠡ ᠴᠠᠭ ᠦᠶ᠎ᠡ᠎ᠶ᠋ᠢᠨ ᠱᠢᠨ᠎ᠡ ᠠᠶᠠᠨ᠎ᠳᠠᠭᠠᠨ ᠡᠷᠡᠮᠡᠬᠡᠢᠯᠡᠨ ᠲᠡᠮᠡᠴᠡᠵᠦ᠍᠂ ᠴᠥᠬᠥᠷᠡᠰᠢ ᠦᠭᠡᠢ ᠵᠢᠳᠬᠦᠨ ᠴᠢᠷᠮᠠᠢᠵᠤ᠂ ᠨᠡᠢᠭᠡᠮ ᠵᠢᠷᠤᠮᠳᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠴᠣ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠬᠦ᠌᠎ᠶ᠋ᠢ ᠤᠷᠮᠠᠱᠢᠭᠤᠯᠤᠨ ᠵᠣᠷᠢᠭ᠍ᠵᠢᠭᠤᠯᠪᠠ᠃
ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠡᠬᠢᠯᠡᠨ᠂ ᠳᠤᠮᠳᠠᠳᠤ ᠤᠯᠤᠰ᠎ᠤᠨ ᠣᠨᠴᠠᠯᠢᠭ ᠲᠠᠢ ᠨᠡᠢᠭᠡᠮ ᠵᠢᠷᠤᠮ ᠱᠢᠨ᠎ᠡ ᠴᠠᠭ ᠦᠶ᠎ᠡ᠎ᠳᠦ ᠣᠷᠣᠪᠠ᠃ 10 ᠵᠢᠯ᠎ᠦᠨ ᠲᠤᠷᠰᠢ᠂ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠪᠦᠬᠦ᠌ ᠲᠠᠯ᠎ᠠ ᠪᠣᠯᠤᠨ ᠳᠡᠯᠡᠬᠡᠢ᠎ᠶ᠋ᠢᠨ ᠵᠠᠭᠤᠨ ᠵᠢᠯ᠎ᠳᠦ ᠲᠣᠬᠢᠶᠠᠯᠳᠤᠭ᠎ᠠ ᠦᠭᠡᠢ ᠶᠡᠬᠡ ᠬᠤᠪᠢᠰᠤᠯᠲᠠ᠎ᠶ᠋ᠢ ᠨᠢᠭᠡᠳᠦᠯᠲᠡᠢ ᠲᠥᠯᠥᠪᠵᠢᠭᠦᠯᠵᠦ᠍᠂ ᠠᠭᠤᠤ ᠶᠡᠬᠡ ᠲᠡᠦᠬᠡ᠎ᠶ᠋ᠢᠨ ᠰᠠᠨᠠᠭᠠᠴᠢᠯᠠᠭᠠᠲᠤ ᠵᠣᠷᠢᠭ ᠰᠠᠨᠠᠭ᠎ᠠ᠂ ᠯᠤᠲᠤ ᠶᠡᠬᠡ ᠤᠯᠤᠰ ᠲᠦᠷᠦ᠍᠎ᠶ᠋ᠢᠨ ᠰᠥᠰᠥ᠍ ᠵᠣᠷᠢᠭ᠂ ᠪᠠᠲᠤ ᠴᠢᠩᠭ᠎ᠠ ᠬᠠᠷᠢᠭᠤᠴᠠᠯᠭ᠎ᠠ ᠡᠭᠦᠷᠭᠡᠯᠡᠯ᠎ᠢᠶᠡᠷ᠂ ᠪᠦᠬᠦ᠌ ᠨᠠᠮ ᠪᠦᠬᠦ᠌ ᠴᠡᠷᠢᠭ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠢᠲᠡᠭᠡᠯ ᠲᠡᠭᠦᠯᠳᠡᠷ᠎ᠢᠶᠡᠷ ᠥᠪᠡᠷ᠎ᠢ᠎ᠪᠡᠨ ᠬᠦᠴᠦᠷᠬᠡᠭ᠌ᠵᠢᠭᠦᠯᠵᠦ᠍᠂ ᠲᠥᠪ ᠶᠣᠰᠣ᠎ᠶ᠋ᠢ ᠪᠠᠷᠢᠮᠲᠠᠯᠠᠨ ᠱᠢᠨ᠎ᠡ᠎ᠶ᠋ᠢ ᠡᠭᠦᠳᠴᠦ᠍᠂ ᠠᠭᠤᠤ ᠶᠡᠬᠡ ᠲᠡᠮᠡᠴᠡᠯ᠂ ᠠᠭᠤᠤ ᠶᠡᠬᠡ ᠢᠨᠵᠧᠨᠧᠷᠢᠩ᠂ ᠠᠭᠤᠤ ᠶᠡᠬᠡ ᠦᠢᠯᠡᠰ᠂ ᠠᠭᠤᠤ ᠶᠡᠬᠡ ᠬᠦᠰᠡᠯ ᠵᠡᠭᠦᠳᠦ᠍᠎ᠶ᠋ᠢ ᠶᠡᠷᠦᠩᠬᠡᠢᠯᠡᠨ ᠬᠠᠮᠤᠷᠴᠤ᠂ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠠᠭᠤᠤ ᠶᠡᠬᠡ ᠠᠮᠵᠢᠯᠲᠠ᠎ᠶ᠋ᠢ ᠡᠭᠦᠳᠴᠡᠢ᠃ 10 ᠵᠢᠯ᠎ᠦᠨ ᠲᠤᠷᠰᠢ᠂ ᠪᠢᠳᠡ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠪᠠᠷᠢᠮᠲᠠᠯᠠᠨ ᠴᠢᠩᠭᠠᠳᠭᠠᠵᠤ᠌᠂《ᠲᠠᠪᠤ᠎ᠶ᠋ᠢ ᠨᠢᠭᠡ ᠴᠤᠭ᠍ᠴᠠᠵᠢᠭᠤᠯᠬᠤ》ᠶᠡᠷᠦᠩᠬᠡᠶ ᠪᠠᠢᠷᠢᠱᠢᠭᠤᠯᠤᠯᠲᠠ᠎ᠶ᠋ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂《ᠳᠥᠷᠪᠡᠨ ᠪᠥᠬᠥ᠌ ᠲᠠᠯ᠎ᠠ》 ᠶ᠋ᠢᠨ ᠪᠠᠢᠯᠳᠤᠬᠤ ᠪᠣᠳᠣᠯᠭ᠎ᠠ᠎ᠶ᠋ᠢᠨ ᠪᠠᠢᠷᠢᠱᠢᠭᠤᠯᠤᠯᠲᠠ᠎ᠶ᠋ᠢ ᠵᠣᠬᠢᠴᠠᠭᠤᠯᠤᠨ ᠠᠬᠢᠭᠤᠯᠵᠤ᠂ ᠳᠤᠮᠳᠠᠳᠤ ᠤᠯᠤᠰ᠎ᠤᠨ ᠣᠨᠴᠠᠯᠢᠭ ᠲᠠᠢ ᠨᠡᠢᠭᠡᠮ ᠵᠢᠷᠤᠮᠳᠤ ᠪᠠᠢᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠵᠦ᠂ ᠤᠯᠤᠰ᠎ᠢ ᠵᠠᠰᠠᠬᠤ ᠱᠢᠰᠲ᠋ᠧᠮ ᠪᠠ ᠵᠠᠰᠠᠬᠤ ᠴᠢᠳᠠᠪᠤᠷᠢ᠎ᠶ᠋ᠢᠨ ᠣᠳᠣᠬᠢᠴᠢᠯᠠᠯᠲᠠ᠎ᠶ᠋ᠢ ᠠᠬᠢᠭᠤᠯᠵᠤ᠂ ᠲᠣᠭ᠍ᠲᠠᠭᠠᠯ ᠶᠣᠰᠣᠭᠠᠷ ᠨᠠᠮ᠎ᠢ ᠵᠠᠰᠠᠬᠤ᠎ᠶ᠋ᠢ ᠪᠠᠷᠢᠮᠲᠠᠯᠠᠵᠤ᠂ ᠨᠡᠯᠢᠶᠡᠳ ᠪᠦᠷᠢᠨ ᠲᠡᠭᠦᠯᠳᠡᠷ ᠨᠠᠮ᠎ᠤᠨ ᠳᠣᠲᠣᠭᠠᠳᠤ᠎ᠶ᠋ᠢᠨ ᠬᠠᠤᠯᠢ ᠲᠣᠭ᠍ᠲᠠᠭᠠᠯ᠎ᠤᠨ ᠱᠢᠰᠲ᠋ᠧᠮ᠎ᠢ ᠪᠦᠷᠢᠯᠳᠦᠭᠦᠯᠵᠦ᠂ ᠲᠣᠭ᠍ᠲᠠᠭ᠍ᠰᠠᠨ ᠬᠤᠭᠤᠴᠠᠭᠠᠨ᠎ᠳᠤ ᠶᠠᠳᠠᠭᠤ᠎ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠬᠤ ᠳᠠᠢᠯᠠᠯᠳᠤᠭᠠᠨ᠎ᠤ ᠢᠯᠠᠯᠲᠠ᠎ᠶ᠋ᠢ ᠣᠯᠵᠤ᠂ ᠴᠢᠨᠡᠭᠡᠯᠢᠭ ᠨᠡᠢᠭᠡᠮ᠎ᠢ ᠬᠤᠭᠤᠴᠠᠭ᠎ᠠ ᠶᠣᠰᠣᠭᠠᠷ ᠪᠦᠬᠦ᠌ ᠲᠠᠯ᠎ᠠ᠎ᠪᠠᠷ ᠪᠦᠳᠦᠬᠡᠨ ᠪᠠᠢᠭᠤᠯᠵᠤ᠂ ᠨᠢᠭᠡᠳᠦᠭᠡᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ᠎ᠶ᠋ᠢ ᠪᠡᠶᠡᠯᠡᠭᠦᠯᠵᠦ᠂ ᠬᠣᠶᠠᠳᠤᠭᠠᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ᠎ᠶ᠋ᠢ ᠪᠡᠶᠡᠯᠡᠭᠦᠯᠬᠦ᠌ ᠪᠠᠢᠯᠳᠤᠬᠤ ᠪᠤᠳᠤᠯᠭ᠎ᠠ᠎ᠶ᠋ᠢᠨ ᠲᠤᠬᠢᠷᠠᠭᠤᠯᠤᠯᠳᠠ᠎ᠶ᠋ᠢ ᠲᠣᠳᠣᠷᠬᠠᠢᠯᠠᠵᠤ᠂ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠲᠦᠭᠡᠨ ᠪᠠᠢᠭᠤᠯᠬᠤ ᠱᠢᠨ᠎ᠡ ᠠᠶᠠᠯᠠᠯ᠎ᠢ ᠡᠬᠢᠯᠡᠭᠦᠯᠪᠡ᠃ 10 ᠵᠢᠯ᠎ᠦᠨ ᠲᠤᠷᠰᠢ᠂ ᠨᠠᠮ᠎ᠡᠴᠡ ᠠᠷᠠᠳ ᠲᠦᠮᠡᠨ᠎ᠢ ᠤᠳᠤᠷᠢᠳᠤᠨ ᠡᠭᠦᠳᠦᠨ ᠪᠦᠲᠦᠭᠡᠭ᠌ᠰᠡᠨ ᠠᠭᠤᠤ ᠶᠡᠬᠡ ᠠᠮᠵᠢᠯᠲᠠ ᠪᠦᠲᠦᠮᠵᠢ ᠨᠢ ᠳᠤᠮᠳᠠᠳᠤ ᠤᠯᠤᠰ᠎ᠤᠨ ᠣᠨᠴᠠᠯᠢᠭ ᠲᠠᠢ ᠨᠡᠢᠭᠡᠮ ᠵᠢᠷᠤᠮ᠎ᠤᠨ ᠬᠦᠴᠦᠷᠬᠡᠭ ᠶᠡᠬᠡ ᠠᠮᠢᠵᠢᠷᠠᠯ᠎ᠤᠨ ᠬᠦᠴᠦᠨ᠎ᠢ ᠢᠯᠡᠷᠡᠭᠦᠯᠵᠦ᠍᠂ ᠨᠠᠮ᠎ᠤᠨ ᠰᠡᠳᠭᠢᠯ ᠴᠡᠷᠢᠭ᠎ᠦᠨ ᠰᠡᠳᠭᠢᠯ ᠠᠷᠠᠳ᠎ᠤᠨ ᠰᠡᠳᠭᠢᠯ᠎ᠢ ᠤᠷᠢᠳ ᠡᠮᠦᠨ᠎ᠡ ᠭᠠᠷᠤᠭ᠎ᠠ ᠦᠭᠡᠢ ᠨᠢᠭ᠍ᠲᠠᠷᠠᠭᠤᠯᠤᠨ ᠬᠥᠭ᠌ᠵᠢᠭᠡᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌᠎ᠳᠦ ᠨᠡᠩ ᠪᠦᠷᠢᠨ ᠲᠡᠭᠦᠯᠳᠡᠷ ᠪᠠᠢᠭᠤᠯᠤᠯ᠎ᠤᠨ ᠪᠠᠲᠤᠯᠠᠭ᠎ᠠ᠂ ᠨᠡᠩ ᠪᠠᠲᠤ ᠪᠡᠬᠢ ᠪᠣᠳᠠᠰ᠎ᠤᠨ ᠰᠠᠭᠤᠷᠢ᠂ ᠨᠡᠩ ᠰᠠᠨᠠᠭᠠᠴᠢᠯᠠᠭᠠᠲᠤ ᠤᠶᠤᠨ ᠰᠠᠨᠠᠭᠠᠨ᠎ᠤ ᠬᠦᠴᠦᠨ᠎ᠢ ᠬᠠᠩᠭᠠᠵᠤ᠂ ᠳᠤᠮᠳᠠᠳᠤ᠎ᠶ᠋ᠢᠨ ᠦᠨᠳᠦᠰᠦᠲᠡᠨ ᠪᠣᠰᠴᠤ᠌ ᠵᠣᠭ᠍ᠰᠣᠭ᠍ᠰᠠᠨ᠂ ᠪᠠᠶᠠᠵᠢᠭ᠍ᠰᠠᠨ᠎ᠡᠴᠡ᠎ᠪᠠᠨ ᠬᠦᠴᠦᠷᠬᠡᠭ᠌ᠵᠢᠭ᠌ᠰᠡᠨ ᠠᠭᠤᠤ ᠶᠡᠬᠡ ᠦᠰᠦᠷᠦᠯᠲᠡ᠎ᠶ᠋ᠢ ᠤᠭ᠍ᠲᠤᠨ ᠠᠪᠴᠢᠷᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌ ᠶᠠᠪᠤᠳᠠᠯ ᠰᠦᠷᠴᠤ ᠪᠤᠯᠤᠰᠢ ᠦᠭᠡᠢ ᠲᠡᠦᠬᠡᠨ ᠠᠬᠢᠴᠠ᠎ᠳᠤ ᠣᠷᠣᠪᠠ᠃
ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠱᠢᠬᠢ ᠡᠨᠡ 10 ᠵᠢᠯ ᠪᠣᠯ ᠨᠠᠮ ᠪᠠ ᠤᠯᠤᠰ᠎ᠤᠨ ᠠᠵᠢᠯ ᠦᠢᠯᠡᠰ᠎ᠦᠨ ᠬᠥᠭ᠌ᠵᠢᠯᠲᠡ᠎ᠶ᠋ᠢᠨ ᠠᠬᠢᠴᠠ ᠳᠤᠮᠳᠠ ᠲᠤᠢᠯ᠎ᠤᠨ ᠶᠡᠷᠦ᠍ ᠪᠤᠰᠤ᠎ᠶ᠋ᠢᠨ᠂ ᠲᠤᠢᠯ᠎ᠤᠨ ᠡᠬᠡᠯ ᠵᠢᠷ᠎ᠤᠨ ᠪᠤᠰᠤ ᠶᠤᠮ᠂ ᠨᠠᠮ᠎ᠳᠤ ᠲᠤᠯᠭᠠᠷᠠᠵᠤ ᠪᠠᠢᠭ᠎ᠠ ᠪᠠᠢᠳᠠᠯ ᠣᠷᠴᠢᠨ ᠨᠥᠬᠥᠴᠡᠯ᠎ᠦᠨ ᠪᠤᠳᠤᠯᠢᠶᠠᠨᠲᠤ ᠴᠢᠨᠠᠷ ᠪᠠ ᠬᠦᠨᠳᠦ ᠨᠣᠴᠢᠲᠠᠢ ᠴᠢᠨᠠᠷ᠂ ᠡᠭᠦᠷᠭᠡᠯᠡᠵᠦ᠍ ᠪᠠᠢᠭ᠎ᠠ ᠡᠭᠦᠷᠭᠡ᠎ᠶ᠋ᠢᠨ ᠬᠦᠨᠳᠦ ᠨᠦᠰᠡᠷ ᠴᠢᠨᠠᠷ ᠪᠠ ᠬᠦᠨᠳᠦ ᠪᠡᠷᠬᠡ ᠴᠢᠨᠠᠷ ᠪᠣᠯ ᠳᠡᠯᠡᠬᠡᠢ᠎ᠳᠦ ᠬᠣᠪᠣᠷ᠂ ᠲᠡᠦᠬᠡᠨ᠎ᠳᠦ ᠬᠣᠪᠣᠷ ᠶᠤᠮ᠃ ᠶᠡᠷᠦᠩᠬᠡᠶ ᠱᠦᠵᠢ ᠰᠢ ᠵᠢᠨ ᠫᠢᠩ ᠮᠠᠷᠺᠰ᠎ᠤᠨ ᠦᠵᠡᠯ᠎ᠦᠨ ᠤᠯᠤᠰ ᠲᠥᠷᠥᠴᠢᠨ᠂ ᠪᠣᠳᠣᠯᠭᠠᠲᠠᠨ᠂ ᠪᠠᠢᠯᠳᠤᠬᠤ ᠪᠣᠳᠣᠯᠭᠠᠲᠠᠨᠤ ᠰᠦᠷ ᠵᠢᠪᠬᠤᠭ᠎ᠠ᠂ ᠠᠯᠤᠰ ᠤ᠋ᠨ ᠬᠠᠷᠠᠴᠠ ᠬᠤᠯᠠ ᠵᠢᠨ ᠪᠤᠳᠤᠯᠭ᠎ᠠ᠂ ᠭᠠᠷᠮᠠᠭᠠᠢ ᠡᠷᠳᠡᠮ ᠭᠠᠢᠬᠠᠮᠰᠢᠭᠳᠤ ᠪᠤᠳᠦᠯᠭ᠎ᠠ ᠪᠡᠷ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠶᠡᠬᠡ ᠲᠠᠯ᠎ᠠ᠎ᠶ᠋ᠢ ᠲᠥᠯᠥᠪᠯᠡᠵᠦ᠂ ᠥᠭᠡᠷᠡᠴᠢᠯᠡᠯᠲᠡ ᠬᠥᠭ᠌ᠵᠢᠯᠲᠡ ᠵᠢᠨ ᠲᠣᠭ᠍ᠲᠠᠭᠤᠨ ᠪᠠᠢᠳᠠᠯ᠂ ᠳᠣᠲᠣᠭᠠᠳᠤ ᠵᠠᠰᠠᠭ ᠭᠠᠳᠠᠭᠠᠳᠤ ᠬᠠᠷᠢᠯᠴᠠᠭ᠎ᠠ ᠤᠯᠤᠰ᠎ᠤᠨ ᠪᠠᠲᠤᠯᠠᠨ ᠬᠠᠮᠠᠭᠠᠯᠠᠯᠲᠠ᠂ ᠨᠠᠮ᠎ᠢ ᠵᠠᠰᠠᠬᠤ ᠤᠯᠤᠰ᠎ᠢ ᠵᠠᠰᠠᠬᠤ ᠴᠡᠷᠢᠭ᠎ᠢ ᠵᠠᠰᠠᠬᠤ ᠠᠵᠢᠯ᠎ᠢ ᠠᠬᠢᠭᠤᠯᠵᠤ᠂ ᠴᠢᠬᠤᠯᠠ ᠶᠡᠬᠡ ᠪᠠᠢᠯᠳᠤᠬᠤ ᠪᠤᠳᠤᠯᠭ᠎ᠠ᠎ᠶ᠋ᠢ ᠴᠠᠭ ᠲᠤᠬᠠᠢᠳᠤᠨᠢ ᠳᠤᠷᠠᠳᠤᠨ ᠭᠠᠷᠭᠠᠵᠤ᠂ ᠴᠢᠬᠤᠯᠠ ᠶᠡᠬᠡ ᠱᠢᠶ᠋ᠳᠪᠦᠷᠢᠲᠦ ᠪᠣᠳᠣᠯᠭ᠎ᠠ ᠭᠠᠷᠭᠠᠵᠤ᠂ ᠴᠢᠬᠤᠯᠠ ᠶᠡᠬᠡ ᠡᠭᠦᠷᠭᠡ᠎ᠶ᠋ᠢ ᠪᠠᠢᠷᠢᠯᠠᠭᠤᠯᠵᠤ᠂ ᠪᠦᠬᠦ᠌ ᠨᠠᠮ ᠪᠦᠬᠦ᠌ ᠴᠡᠷᠢᠭ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠤᠳᠤᠷᠢᠳᠤᠨ ᠢᠲᠡᠭᠡᠯ ᠵᠣᠷᠢᠭ᠎ᠢᠶᠠᠨ ᠪᠠᠲᠤᠳᠭᠠᠵᠤ᠂ ᠬᠦᠴᠢᠷ᠎ᠢ ᠰᠦᠷᠦᠨ ᠤᠷᠤᠭ᠍ᠰᠢᠯᠠᠭᠤᠯᠵᠤ᠂ ᠨᠠᠮ᠎ᠤᠨ ᠦᠨᠳᠦᠰᠦᠨ ᠱᠤᠭᠤᠮ᠂ ᠦᠨᠳᠦᠰᠦᠨ ᠠᠷᠭ᠎ᠠ ᠪᠤᠳᠤᠯᠭ᠎ᠠ ᠵᠢ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠠᠯᠢ ᠣᠯᠠᠨ ᠪᠠᠢᠯᠳᠤᠬᠤ ᠪᠣᠳᠣᠯᠭ᠎ᠠ᠎ᠶ᠋ᠢᠨ ᠴᠢᠨᠠᠷᠲᠠᠶ ᠠᠷᠭ᠎ᠠ ᠬᠡᠮᠵᠢᠶ᠎ᠡ ᠠᠪᠴᠤ᠂ ᠠᠯᠢ ᠣᠯᠠᠨ ᠬᠤᠪᠢᠰᠤᠯᠲᠠ᠎ᠶ᠋ᠢᠨ ᠴᠢᠨᠠᠷᠲᠠᠶ ᠦᠶ᠋ᠯᠡᠳᠦᠯᠭᠡ᠎ᠶ᠋ᠢ ᠠᠬᠢᠭᠤᠯᠵᠤ᠂ ᠠᠯᠢ ᠣᠯᠠᠨ ᠱᠢᠪᠲᠤᠯᠤᠯᠲᠠ᠎ᠶ᠋ᠢᠨ ᠴᠢᠨᠠᠷᠲᠠᠶ ᠠᠬᠢᠴᠠ᠎ᠶ᠋ᠢ ᠪᠡᠶᠡᠯᠡᠭᠦᠯᠵᠦ᠂ ᠠᠯᠢ ᠣᠯᠠᠨ ᠪᠡᠯᠭᠡ ᠲᠡᠮᠳᠡᠭ᠎ᠦᠨ ᠴᠢᠨᠠᠷᠲᠠᠶ ᠦᠷ᠎ᠡ ᠪᠦᠲᠦᠭᠡᠯ ᠣᠯᠵᠤ᠂ ᠤᠷᠲᠤ ᠬᠤᠭᠤᠴᠠᠭ᠎ᠠ᠎ᠪᠠᠷ ᠱᠢᠶ᠋ᠳᠪᠦᠷᠢᠯᠡᠭᠡᠳᠦᠶ ᠮᠠᠰᠢ ᠣᠯᠠᠨ ᠬᠦᠴᠢᠷ ᠠᠰᠠᠭᠤᠳᠠᠯ᠎ᠢ ᠱᠢᠶ᠋ᠳᠪᠦᠷᠢᠯᠡᠵᠦ᠂ ᠠᠯᠤᠰ ᠬᠡᠲᠦ᠍᠎ᠳᠦ ᠬᠣᠯᠪᠣᠭ᠍ᠳᠠᠬᠤ ᠮᠠᠰᠢ ᠣᠯᠠᠨ ᠶᠡᠬᠡ ᠶᠠᠪᠤᠳᠠᠯ᠎ᠢ ᠪᠦᠲᠦᠭᠡᠵᠦ᠂ ᠤᠯᠤᠰ ᠲᠥᠷᠥ᠂ ᠠᠵᠤ ᠠᠬᠤᠢ᠂ ᠦᠵᠡᠯ ᠤᠬᠠᠮᠰᠠᠷ᠎ᠤᠨ ᠬᠡᠯᠪᠡᠷᠢ᠂ ᠪᠠᠢᠭᠠᠯᠢ ᠶᠢᠷᠲᠢᠨᠴᠦ᠍ ᠵᠡᠷᠭᠡ ᠲᠠᠯ᠎ᠠ᠎ᠶ᠋ᠢᠨ ᠠᠶᠤᠯ ᠲᠦᠭ᠌ᠰᠢᠭᠦᠷᠢ ᠥᠷᠢᠰᠥᠯᠳᠦᠭᠡᠨ ᠱᠢᠯᠭᠠᠯᠲᠠ ᠵᠢ ᠢᠯᠠᠨ ᠲᠠᠪᠠᠵᠤ᠂ ᠲᠣᠮᠣ ᠨᠠᠮ ᠲᠣᠮᠣ ᠤᠯᠤᠰ᠎ᠤᠨ ᠤᠳᠤᠷᠢᠳᠤᠭ᠍ᠴᠢ᠎ᠶ᠋ᠢᠨ ᠤᠯᠤᠰ ᠲᠥᠷᠥ᠎ᠶ᠋ᠢᠨ ᠣᠶᠤᠨ ᠤᠬᠠᠭᠠᠨ᠂ ᠪᠠᠢᠯᠳᠤᠬᠤ ᠪᠤᠳᠤᠯᠭ᠎ᠠ᠎ᠶ᠋ᠢᠨ ᠪᠠᠲᠤ ᠬᠦᠴᠦᠨ᠂ ᠡᠭᠦᠷᠭᠡ ᠬᠠᠷᠢᠭᠤᠴᠠᠯᠭ᠎ᠠ᠂ ᠠᠷᠠᠳ᠎ᠤᠨ ᠲᠥᠯᠥᠭᠡ ᠵᠢᠳᠬᠦᠬᠦ᠌ ᠰᠡᠳᠭᠢᠯᠭᠡ᠂ ᠤᠳᠤᠷᠢᠳᠭᠤ ᠤᠷᠠᠯᠢᠭ᠎ᠢ ᠭᠦᠶ᠋ᠴᠡᠳ ᠢᠯᠡᠷᠡᠭᠦᠯᠵᠡᠢ᠃ ᠨᠠᠮ ᠪᠣᠯᠤᠨ ᠤᠯᠤᠰ᠎ᠤᠨ ᠠᠵᠢᠯ ᠦᠢᠯᠡᠰ ᠲᠡᠦᠬᠡᠲᠦ ᠴᠢᠨᠠᠷᠲᠠᠢ ᠠᠮᠵᠢᠯᠲᠠ ᠣᠯᠵᠤ᠂ ᠲᠡᠦᠬᠡᠲᠦ ᠴᠢᠨᠠᠷᠲᠠᠢ ᠬᠤᠪᠢᠰᠤᠯᠲᠠ ᠭᠠᠷᠤᠭ᠍ᠰᠠᠨ᠎ᠤ ᠬᠠᠮᠤᠭ᠎ᠤᠨ ᠦᠨᠳᠦᠰᠦᠨ ᠱᠢᠯᠲᠠᠭᠠᠨ ᠨᠢ ᠶᠡᠷᠦᠩᠬᠡᠢ ᠱᠦᠵᠢ ᠰᠢ ᠵᠢᠨ ᠫᠢᠩ ᠨᠠᠮ᠎ᠤᠨ ᠲᠥᠪ ᠬᠣᠷᠢᠶᠠᠨ᠎ᠤ ᠭᠣᠣᠯᠯᠠᠭ᠍ᠴᠢ᠂ ᠪᠦᠬᠦ᠌ ᠨᠠᠮ᠎ᠤᠨ ᠭᠣᠣᠯᠯᠠᠭ᠍ᠴᠢ ᠪᠤᠯᠵᠤ ᠵᠠᠯᠠᠭᠤᠷ᠎ᠢ ᠡᠵᠡᠮᠳᠡᠨ ᠠᠶᠠᠯᠠᠯ᠎ᠢ ᠵᠢᠯᠣᠭᠣᠳᠤᠭ᠍ᠰᠠᠨ᠎ᠳᠤ ᠪᠠᠢᠨ᠎ᠠ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠱᠢᠨᠵᠢᠯᠡᠬᠦ᠌ ᠤᠬᠠᠭᠠᠨᠴᠢ ᠵᠢᠯᠤᠭᠤᠳᠤᠯᠭ᠎ᠠ ᠪᠣᠯᠭᠠᠭ᠍ᠰᠠᠨ᠎ᠳᠤ ᠪᠠᠢᠨ᠎ᠠ᠃
ᠬᠠᠨᠠᠭᠠᠷ ᠲᠠᠯᠠᠢ ᠬᠠᠯᠭᠢᠯᠠᠨ ᠴᠠᠯᠭᠢᠯᠠᠬᠤᠶᠠ ᠤᠷᠭᠤᠭ᠎ᠠ ᠬᠠᠳᠠ ᠢᠯᠡᠬᠡᠨ᠂ ᠰᠦᠷ ᠳᠠᠯᠠᠢᠴᠠᠲᠠᠢ ᠠᠭᠤᠯᠠ ᠨᠢᠷᠤᠭᠤᠳ ᠤ᠋ᠨ ᠨᠤᠶᠠᠨ ᠤᠷᠬᠢᠯ᠎ᠢ ᠪᠠᠷᠠᠯᠠᠮᠤᠢ᠃ ᠨᠠᠮ᠎ᠤᠨ ᠲᠥᠪ ᠬᠣᠷᠢᠶᠠᠨ᠎ᠤ ᠭᠣᠣᠯᠯᠠᠭ᠍ᠴᠢ᠂ ᠪᠦᠬᠦ᠌ ᠨᠠᠮ᠎ᠤᠨ ᠭᠣᠣᠯᠯᠠᠭ᠍ᠴᠢ ᠵᠢ ᠡᠷᠡᠰ ᠬᠠᠮᠠᠭᠠᠯᠠᠬᠤ ᠪᠣᠯ ᠨᠠᠮ᠎ᠤᠨ ᠴᠢᠬᠤᠯᠠ ᠶᠡᠬᠡ ᠴᠠᠭ ᠮᠥᠴᠡ᠎ᠳᠦ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠬᠤ᠂ ᠡᠷᠡᠰ ᠱᠢᠭᠤᠷᠬᠠᠢ ᠰᠣᠩᠭᠣᠯᠲᠠ ᠬᠢᠬᠦ᠌᠎ᠶ᠋ᠢᠨ ᠵᠠᠩᠭᠢᠯᠠᠭ᠎ᠠ ᠮᠥᠨ᠂ ᠨᠠᠮ᠎ᠤᠨ ᠪᠦᠯᠬᠦᠮᠳᠡᠯ ᠨᠢᠭᠡᠳᠦᠯ᠂ ᠢᠯᠠᠯᠲᠠ᠎ᠲᠠᠶ ᠤᠷᠤᠭ᠍ᠰᠢᠯᠠᠬᠤ᠎ᠶ᠋ᠢᠨ ᠴᠢᠬᠤᠯᠠ ᠪᠠᠲᠤᠯᠠᠭ᠎ᠠ ᠮᠥᠨ ᠭᠡᠳᠡᠭ ᠢ᠋ ᠦᠢᠯᠡᠳᠦᠯᠭᠡ ᠭᠦᠢᠴᠡᠳ ᠭᠡᠷᠡᠴᠢᠯᠡᠪᠡ᠃ ᠨᠠᠮ᠎ᠡᠴᠡ ᠰᠢ ᠵᠢᠨ ᠫᠢᠩ ᠨᠥᠬᠥᠷ᠎ᠦᠨ ᠨᠠᠮ᠎ᠤᠨ ᠲᠥᠪ ᠬᠣᠷᠢᠶᠠᠨ᠎ᠤ ᠭᠣᠣᠯᠯᠠᠭ᠍ᠴᠢ᠂ ᠪᠦᠬᠦ᠌ ᠨᠠᠮ᠎ᠤᠨ ᠭᠣᠣᠯᠯᠠᠭ᠍ᠴᠢ᠎ᠶ᠋ᠢᠨ ᠪᠠᠢᠷᠢ ᠰᠠᠭᠤᠷᠢ᠎ᠶ᠋ᠢ ᠲᠣᠭ᠍ᠲᠠᠭᠠᠵᠤ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠵᠢᠯᠣᠭᠣᠳᠭᠤ ᠪᠠᠢᠷᠢ ᠰᠠᠭᠤᠷᠢ᠎ᠶ᠋ᠢ ᠲᠣᠭ᠍ᠲᠠᠭᠠᠭ᠍ᠰᠠᠨ ᠨᠢ ᠪᠦᠬᠦ᠌ ᠨᠠᠮ ᠪᠦᠬᠦ᠌ ᠴᠡᠷᠢᠭ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠬᠠᠮᠲᠤ᠎ᠶ᠋ᠢᠨ ᠬᠦᠰᠡᠯ ᠡᠷᠡᠮᠡᠯᠵᠡᠯ᠎ᠢ ᠲᠤᠰᠭᠠᠵᠤ᠂ ᠱᠢᠨ᠎ᠡ ᠴᠠᠭ ᠦᠶ᠎ᠡ᠎ᠶ᠋ᠢᠨ ᠨᠠᠮ ᠪᠣᠯᠤᠨ ᠤᠯᠤᠰ᠎ᠤᠨ ᠠᠵᠢᠯ ᠦᠢᠯᠡᠰ᠎ᠦᠨ ᠬᠥᠭ᠌ᠵᠢᠯᠲᠡ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢᠨ ᠲᠡᠦᠬᠡᠨ ᠠᠬᠢᠴᠠ᠎ᠶ᠋ᠢ ᠠᠬᠢᠭᠤᠯᠬᠤ᠎ᠳᠤ ᠱᠢᠢᠳᠪᠦᠷᠢᠯᠡᠭ᠌ᠴᠢ ᠴᠢᠨᠠᠷᠲᠠᠢ ᠠᠴᠢ ᠬᠣᠯᠪᠣᠭ᠍ᠳᠠᠯ᠎ᠲᠠᠶ ᠶᠤᠮ᠃ ᠤᠷᠤᠭ᠍ᠰᠢᠯᠠᠯᠲᠠ᠎ᠶ᠋ᠢᠨ ᠵᠠᠮ ᠳᠡᠭᠡᠷ᠎ᠡ᠂ ᠪᠢᠳᠡ 《ᠬᠣᠶᠠᠷ᠎ᠢ ᠲᠣᠭ᠍ᠲᠠᠭᠠᠭᠰᠠᠨ》 ᠤ᠋ ᠱᠢᠢᠳᠪᠦᠷᠢᠯᠡᠭ᠌ᠴᠢ ᠴᠢᠨᠠᠷᠲᠠᠢ ᠠᠴᠢ ᠬᠣᠯᠪᠣᠭ᠍ᠳᠠᠯ᠎ᠢ ᠭᠦᠨᠵᠡᠭᠡᠢ ᠣᠢᠯᠠᠭᠠᠵᠤ᠂ 《ᠲᠦᠷᠪᠡᠨ ᠤᠬᠠᠮᠰᠠᠷ》 ᠵᠢᠡᠨ ᠴᠢᠩᠭᠠᠳᠭᠠᠵᠤ᠂ 《ᠲᠦᠷᠪᠡᠨ ᠢᠲᠡᠭᠡᠯ》 ᠵᠢᠡᠨ ᠪᠠᠲᠤᠳᠭᠠᠵᠤ᠂ 《ᠬᠣᠶᠠᠷ᠎ᠢ ᠬᠠᠮᠠᠭᠠᠯᠠᠬᠤ》 ᠵᠢ ᠪᠡᠶᠡᠯᠡᠭᠦᠯᠵᠦ᠍᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢᠨ ᠶᠢᠷᠲᠢᠨᠴᠦ᠍᠎ᠶ᠋ᠢᠨ ᠦᠵᠡᠯᠲᠡ ᠪᠠ ᠠᠷᠭ᠎ᠠ᠎ᠶ᠋ᠢᠨ ᠤᠨᠤᠯ᠎ᠢ ᠰᠠᠢᠲᠤᠷ ᠡᠵᠡᠮᠳᠡᠵᠦ᠍᠂ ᠡᠭᠦᠨ᠎ᠳᠦ ᠲᠤᠭᠤᠱᠢᠯᠠᠭ᠍ᠳᠠᠵᠤ ᠪᠠᠢᠭ᠎ᠠ ᠵᠣᠭ᠍ᠰᠣᠯᠲᠠ ᠦᠵᠡᠯᠲᠡ ᠠᠷᠭ᠎ᠠ᠎ᠶ᠋ᠢ ᠰᠠᠢᠲᠤᠷ ᠪᠠᠷᠢᠮᠲᠠᠯᠠᠨ ᠰᠠᠢᠲᠤᠷ ᠬᠡᠷᠡᠭ᠌ᠯᠡᠵᠦ᠍᠂ ᠱᠢᠨ᠎ᠡ ᠴᠠᠭ ᠦᠶ᠎ᠡ ᠱᠢᠨ᠎ᠡ ᠠᠶᠠᠨ᠎ᠳᠤ ᠱᠢᠨ᠎ᠡ ᠳᠦᠷᠰᠦ ᠪᠠᠢᠳᠠᠯ ᠱᠢᠨ᠎ᠡ ᠵᠢᠳᠬᠦᠯ ᠴᠢᠷᠮᠠᠢᠯᠭ᠎ᠠ ᠭᠠᠷᠭᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢᠨ ᠲᠡᠦᠬᠡ᠎ᠶ᠋ᠢᠨ ᠠᠭᠤᠤ ᠶᠡᠬᠡ ᠦᠢᠯᠡᠰ᠎ᠢ ᠦᠷᠭᠦᠯᠵᠢᠯᠡᠨ ᠤᠷᠤᠬ᠍ᠰᠢ ᠠᠬᠢᠭᠤᠯᠬᠤ ᠬᠡᠷᠡᠭ᠌ᠲᠡᠢ᠃ ᠳᠤᠮᠳᠠᠳᠤ ᠤᠯᠤᠰ᠎ᠤᠨ ᠡᠪ ᠬᠠᠮᠲᠤ ᠨᠠᠮ ᠪᠣᠯ ᠮᠠᠨ᠎ᠤ ᠠᠭᠤᠤ ᠦᠢᠯᠡᠰ᠎ᠢ ᠪᠦᠲᠦᠭᠡᠬᠦ᠌ ᠬᠠᠮᠤᠭ᠎ᠤᠨ ᠨᠠᠢᠳᠠᠪᠤᠷᠢᠲᠠᠢ ᠲᠦᠱᠢᠭ ᠲᠤᠯᠭᠠᠭᠤᠷᠢ ᠮᠥᠨ᠂ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠡᠷᠡᠰ ᠭᠤᠢᠪᠢᠰᠢ ᠦᠭᠡᠢ ᠪᠠᠷᠢᠮᠲᠠᠯᠠᠵᠤ᠂ ᠨᠠᠮ᠎ᠤᠨ ᠲᠥᠪ ᠬᠣᠷᠢᠶᠠᠨ᠎ᠤ ᠡᠷᠬᠡ ᠰᠦᠷ ᠪᠠ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶ᠋ᠢ ᠬᠠᠮᠠᠭᠠᠯᠠᠳᠠᠭ ᠯᠠ ᠶᠤᠮ ᠪᠣᠯ ᠪᠢᠳᠡ ᠯᠠᠪᠲᠠᠢ ᠪᠦᠬᠦ᠌ ᠨᠠᠮ ᠪᠦᠬᠦ᠌ ᠤᠯᠤᠰ᠎ᠢᠶᠠᠷ᠎ᠢᠶᠠᠨ ᠪᠦᠯᠬᠦᠮᠳᠡᠨ ᠲᠡᠮᠡᠴᠡᠬᠦ᠌ ᠬᠦᠴᠦᠷᠬᠡᠭ ᠶᠡᠬᠡ ᠤᠯᠤᠰ ᠲᠦᠷᠦ᠍᠎ᠶ᠋ᠢᠨ ᠨᠢᠭ᠍ᠲᠠᠷᠠᠯ᠎ᠤᠨ ᠬᠦᠴᠦᠨ᠎ᠲᠡᠶ᠂ ᠬᠥᠭ᠌ᠵᠢᠯᠲᠡ᠎ᠶ᠋ᠢᠨ ᠢᠲᠡᠭᠡᠯ ᠵᠣᠷᠢᠭᠲᠠᠶ ᠪᠠᠢᠬᠤ᠎ᠶ᠋ᠢ ᠦᠨᠡᠨ ᠬᠦ᠌ ᠪᠠᠲᠤᠯᠠᠵᠤ᠂ ᠲᠥᠪ ᠶᠣᠰᠣ᠎ᠶ᠋ᠢ ᠪᠠᠷᠢᠮᠲᠠᠯᠠᠨ ᠱᠢᠨ᠎ᠡ᠎ᠶ᠋ᠢ ᠡᠭᠦᠳᠬᠦ᠌᠂ ᠴᠠᠭ᠎ᠤᠨ ᠪᠡᠷᠬᠡ᠎ᠶ᠋ᠢ ᠬᠠᠮᠲᠤ᠎ᠪᠠᠷ ᠲᠤᠭᠤᠯᠬᠤ ᠬᠦᠴᠦᠷᠬᠡᠭ ᠶᠡᠬᠡ ᠬᠦᠴᠦᠨ᠎ᠢ ᠨᠢᠭ᠍ᠲᠠᠷᠠᠭᠤᠯᠵᠤ᠂ ᠯᠠᠪᠲᠠᠢ ᠤᠷᠤᠭ᠍ᠰᠢᠯᠠᠯᠲᠠ᠎ᠶ᠋ᠢᠨ ᠵᠠᠮ ᠳᠡᠭᠡᠷᠡᠬᠢ ᠶᠠᠮᠠᠷᠪᠠ ᠬᠦᠴᠢᠷ ᠪᠡᠷᠬᠡᠱᠢᠶᠡᠯ ᠬᠠᠷᠰᠢ ᠰᠠᠭᠠᠳ᠎ᠢ ᠢᠯᠠᠨ ᠳᠠᠪᠠᠵᠤ᠂ ᠪᠢᠳᠡᠨ᠎ᠦ ᠬᠢᠬᠦ᠌ ᠭᠡᠵᠦ᠍ ᠪᠠᠢᠭ᠎ᠠ ᠶᠠᠮᠠᠷᠪᠠ ᠶᠠᠪᠤᠳᠠᠯ᠎ᠢᠶᠠᠨ ᠪᠦᠲᠦᠭᠡᠵᠦ᠍ ᠴᠢᠳᠠᠬᠤ ᠶᠤᠮ!
ᠱᠢᠨ᠎ᠡ ᠱᠢᠯᠭᠠᠯᠲᠠ ᠵᠢᠨ ᠠᠶᠠᠨ ᠵᠠᠮ ᠳᠡᠭᠡᠷ᠎ᠡ᠂ ᠪᠢᠳᠡ ᠦᠷᠭᠦᠯᠵᠢᠯᠡᠨ ᠱᠢᠯᠢᠳᠡᠭ ᠬᠠᠷᠢᠭᠤᠯᠲᠠ᠎ᠶ᠋ᠢᠨ ᠬᠠᠭᠤᠳᠠᠰᠤ ᠲᠤᠱᠢᠶᠠᠵᠤ ᠳᠡᠢᠯᠬᠦ᠌ ᠡᠰᠡᠬᠦ᠌᠎ᠶ᠋ᠢᠨ ᠵᠠᠩᠭᠢᠯᠠᠭ᠎ᠠ ᠨᠢ ᠲᠡᠦᠬᠡ᠎ᠶ᠋ᠢᠨ ᠡᠷᠡᠰ ᠪᠠᠲᠤ ᠢᠲᠡᠭᠡᠯ ᠪᠠᠢᠬᠤ ᠡᠰᠡᠬᠦ᠌᠎ᠳᠦ ᠪᠠᠢᠨ᠎ᠠ᠃ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠲᠡᠦᠬᠡ᠎ᠶ᠋ᠢᠨ ᠢᠲᠡᠭᠡᠯ ᠪᠣᠯ ᠲᠡᠮᠡᠴᠡᠯ᠎ᠦᠨ ᠠᠮᠵᠢᠯᠲᠠ᠎ᠶ᠋ᠢᠨ ᠲᠤᠬᠠᠢ ᠢᠲᠡᠭᠡᠯ ᠮᠥᠨ᠂ ᠪᠠᠰᠠ ᠴᠤ᠌ ᠲᠡᠮᠡᠴᠡᠯ᠎ᠦᠨ ᠵᠣᠷᠢᠭ ᠰᠠᠨᠠᠭᠠᠨ᠎ᠤ ᠲᠤᠬᠠᠢ ᠢᠲᠡᠭᠡᠯ ᠮᠥᠨ᠃ ᠰᠡᠳᠭᠢᠯ᠎ᠳᠡᠭᠡᠨ ᠠᠷᠠᠳ ᠲᠦᠮᠡᠨ᠎ᠢ ᠪᠤᠳᠤᠵᠤ᠂ ᠭᠠᠷ᠎ᠲᠠᠭᠠᠨ ᠦᠨᠡᠨ ᠶᠣᠰᠣ᠎ᠶ᠋ᠢ ᠪᠠᠷᠢᠵᠤ᠂ ᠬᠥᠮᠦᠨ᠎ᠦ ᠶᠢᠷᠲᠢᠨᠴᠦ᠍᠎ᠶ᠋ᠢᠨ ᠵᠥᠪ ᠵᠠᠮ᠎ᠢᠶᠠᠷ ᠵᠠᠮᠨᠠᠪᠠᠯ᠂ ᠪᠢᠳᠡ ᠢᠲᠡᠭᠡᠯ ᠵᠣᠷᠢᠭ ᠲᠡᠭᠦᠯᠳᠡᠷ᠂ ᠬᠦᠴᠦᠨ ᠴᠢᠳᠠᠯ ᠲᠡᠭᠦᠯᠳᠡᠷ ᠪᠣᠯᠤᠨ᠎ᠠ᠃ ᠪᠢᠳᠠ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶᠠᠨ᠎ᠤ ᠲᠣᠭᠣᠷᠢᠨ᠎ᠳᠤ ᠨᠡᠩ ᠨᠢᠭ᠍ᠲᠠᠷᠠᠨ ᠪᠦᠯᠬᠦᠮᠳᠡᠵᠦ᠍᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠬᠤ᠎ᠶ᠋ᠢ ᠪᠠᠷᠢᠮᠲᠠᠯᠠᠵᠤ᠂ ᠲᠡᠦᠬᠡ᠎ᠶ᠋ᠢᠨ ᠢᠲᠡᠭᠡᠯ᠎ᠢᠶᠡᠨ ᠪᠠᠲᠤᠳᠭᠠᠵᠤ᠂ ᠲᠡᠦᠬᠡ᠎ᠶ᠋ᠢᠨ ᠰᠠᠨᠠᠭᠠᠴᠢᠯᠠᠭᠠᠲᠤ ᠴᠢᠨᠠᠷ᠎ᠢ ᠪᠠᠲᠤᠯᠠᠵᠤ᠂ ᠡᠷᠡᠮᠡᠬᠡᠢᠯᠡᠨ ᠤᠷᠤᠭ᠍ᠰᠢᠯᠠᠵᠤ᠂ ᠵᠣᠷᠢᠭ᠍ᠲᠠᠢ ᠤᠷᠤᠭ᠍ᠰᠢᠯᠠᠵᠤ᠂ ᠪᠣᠳᠠᠲᠤ ᠠᠵᠢᠯᠯᠠᠭ᠎ᠠ᠎ᠪᠠᠷ᠎ᠢᠶᠠᠨ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠢᠯᠠᠯᠳᠠ᠎ᠲᠠᠶ ᠬᠤᠷᠠᠯᠳᠤᠬᠤ᠎ᠶ᠋ᠢ ᠤᠭ᠍ᠲᠤᠵᠤ᠂ ᠨᠡᠢᠭᠡᠮ ᠵᠢᠷᠤᠮᠳᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠡ ᠠᠶᠠᠨ᠎ᠳᠤ ᠱᠢᠨ᠎ᠡ ᠴᠠᠭ ᠦᠶ᠎ᠡ᠎ᠶ᠋ᠢᠨ ᠭᠡᠷᠡᠯ ᠰᠠᠴᠤᠷᠠᠩᠭᠤᠢ ᠠᠮᠵᠢᠯᠲᠠ᠎ᠶ᠋ᠢ ᠡᠭᠦᠳᠴᠦ᠍᠂ ᠱᠢᠨ᠎ᠡ ᠲᠡᠦᠬᠡ᠎ᠶ᠋ᠢᠨ ᠠᠭᠤᠤ ᠦᠢᠯᠡᠰ᠎ᠢ ᠴᠣᠭ᠍ᠴᠠᠯᠠᠰᠤᠭᠠᠢ!
(ᠰᠢᠨᠬᠤᠸᠠ ᠬᠤᠷᠢᠶᠠᠨ᠎ᠤ ᠪᠡᠬᠡᠵᠢᠩ᠎ᠤᠨ 7 ᠰᠠᠷ᠎ᠠ ᠵᠢᠨ 31 ᠤ᠋ ᠴᠠᠬᠢᠯᠭᠠᠨ ᠮᠡᠳᠡᠬᠡ)