ᠰᠤᠷᠪᠤᠯᠵᠢᠯᠠᠬ᠍ᠴᠢ ᠡᠮᠦᠨᠡᠬᠡᠨ ᠪᠤᠭᠤᠲᠤ ᠬᠤᠳᠠ ᠳ᠋ᠤ ᠬᠤᠷᠠᠯᠳᠤᠬ᠍ᠰᠠᠨ ᠬᠠᠮᠢᠶ᠎ᠠ ᠪᠦᠬᠦᠢ ᠰᠤᠨᠢᠨ ᠮᠡᠳᠡᠭᠡ ᠨᠡᠢ᠌ᠳᠡᠯᠡᠬᠦ᠌ ᠬᠤᠷᠠᠯ ᠡᠴᠡ ᠤᠢ᠍ᠢᠯᠠᠭᠠᠬ᠍ᠰᠠᠨ ᠵᠢᠡᠷ᠂ ᠶᠢᠰᠦᠳᠦᠭᠡᠷ ᠬᠤᠭᠤᠴᠠᠭᠠᠨ᠎ᠤ ᠦᠪᠦᠷ ᠮᠤᠩᠭᠤᠯ᠎ᠤᠨ ᠪᠤᠬᠢᠷᠳᠤᠯ ᠦᠭᠡᠢ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠳᠦᠭᠡᠭ᠌ᠳᠡᠭᠦᠨ᠎ᠤ ᠦᠵᠡᠰᠭᠦᠯᠡᠩ 8 ᠰᠠᠷ᠎ᠠ ᠵᠢᠨ 16 ᠡᠴᠡ 18᠎ᠤ ᠡᠳᠦᠷᠪᠤᠯᠳᠠᠯᠠ ᠪᠤᠭᠤᠲᠤ ᠵᠢᠨ ᠤᠯᠠᠨ ᠤᠯᠤᠰ᠎ᠤᠨ ᠦᠵᠡᠰᠭᠦᠯᠡᠩ᠎ᠤᠨ ᠲᠦᠪ ᠳᠦ᠍ ᠶᠠᠪᠤᠬ᠍ᠳᠠᠨ᠎ᠠ᠃ ᠡᠬᠦᠨ᠎ᠤ ᠬᠠᠮᠳᠤ᠂ ᠠᠷᠪᠠᠨ ᠨᠠᠢ᠍ᠮᠠᠳᠤᠭᠠᠷ ᠬᠤᠭᠤᠴᠠᠭᠠᠨ᠎ᠤ ᠲᠤᠮᠳᠠᠳᠤ ᠤᠯᠤᠰ᠎ᠤᠨ ᠬᠤᠨᠢᠨ᠎ᠤ ᠦᠢᠯᠡᠰ᠎ᠤᠨ ᠬᠦᠭ᠌ᠵᠢᠯᠳᠡ ᠵᠢᠨ ᠶᠡᠬᠡ ᠬᠤᠷᠠᠯ᠂ ᠲᠤᠯᠤᠳᠤᠭᠠᠷ ᠬᠤᠭᠤᠴᠠᠭᠠᠨ᠎ᠤ ᠪᠤᠭᠤᠲᠤ ᠬᠤᠳᠠ ᠵᠢᠨ ᠦᠭᠡᠷ ᠬᠤᠨᠢᠨ ᠮᠢᠬᠠᠨ᠎ᠤ ᠠᠵᠤ ᠦᠢᠯᠡᠰ᠎ᠤᠨ ᠶᠡᠬᠡ ᠬᠤᠷᠠᠯ᠂ ᠲᠦᠷᠪᠡᠳᠦᠭᠡᠷ ᠬᠤᠭᠤᠴᠠᠭᠠᠨ᠎ᠤ ᠪᠤᠭᠤᠲᠤ ᠬᠤᠳᠠ ᠵᠢᠨ ᠪᠤᠬᠢᠷᠳᠤᠯ ᠦᠭᠡᠢ ᠮᠠᠯ᠎ᠤᠨ ᠠᠰᠢᠭ ᠰᠢᠮ᠎ᠠ ᠲᠠᠷᠢᠶᠠᠯᠠᠩ᠎ᠤᠨ ᠪᠦᠳᠦᠭᠡᠭ᠌ᠳᠡᠭᠦᠨ᠎ᠤ ᠦᠵᠡᠰᠭᠦᠯᠡᠩ ᠪᠤᠯᠤᠨ ᠠᠩᠬᠠᠳᠤᠭᠠᠷ ᠬᠤᠭᠤᠴᠠᠭᠠᠨ᠎ᠤ ᠪᠤᠭᠤᠲᠤ ᠬᠤᠳᠠ ᠵᠢᠨ ᠤᠷᠢᠳᠴᠢᠯᠠᠨ ᠪᠡᠯᠡᠳᠭᠡᠭ᠌ᠰᠡᠨ ᠨᠤᠭᠤᠭ᠎ᠠ ᠵᠢᠨ ᠠᠵᠤ ᠦᠢᠯᠡᠰ᠎ᠤᠨ ᠶᠡᠬᠡ ᠬᠤᠷᠠᠯ ᠮᠦᠨ ᠠᠳᠠᠯᠢ ᠬᠤᠭᠤᠴᠠᠭᠠᠨ ᠳ᠋ᠤ ᠶᠠᠪᠤᠬ᠍ᠳᠠᠬᠤ ᠪᠤᠯᠤᠨ᠎ᠠ᠃
ᠲᠤᠰ ᠬᠤᠭᠤᠴᠠᠭᠠᠨ᠎ᠤ ᠦᠵᠡᠰᠭᠦᠯᠡᠩ ᠨᠢ《ᠪᠤᠬᠢᠷᠳᠤᠯ ᠦᠭᠡᠢ ᠲᠠᠷᠢᠶᠠᠯᠠᠩ᠎ᠢ ᠬᠦᠭᠵᠢᠬᠦᠯᠬᠦ᠂ ᠴᠢᠨᠠᠷ ᠴᠢᠨᠰᠠᠭ᠎ᠠ ᠪᠡᠷ ᠲᠠᠷᠢᠶᠠᠯᠠᠩ᠎ᠢ ᠬᠦᠭᠵᠢᠬᠦᠯᠬᠦ᠂ ᠱᠤᠰᠢᠭ᠎ᠠ ᠲᠡᠮᠳᠡᠭ ᠵᠢᠡᠷ ᠲᠠᠷᠢᠶᠠᠯᠠᠩ᠎ᠢ ᠬᠦᠴᠦᠷᠭᠡᠭ᠌ᠵᠢᠬᠦᠯᠬᠦ᠌ 》 ᠪᠡᠷ ᠭᠤᠤᠯ ᠰᠡᠳᠤᠪ ᠪᠤᠯᠭᠠᠵᠦ᠍᠂ 《 ᠦᠷ᠎ᠠ ᠪᠦᠳᠦᠭᠡᠯ᠎ᠢ ᠲᠡᠯᠭᠡᠨ ᠦᠵᠡᠬᠦᠯᠵᠦ᠍᠂ ᠬᠠᠮᠵᠢᠯᠴᠠᠭ᠎ᠠ ᠰᠤᠯᠢᠯᠴᠠᠭ᠎ᠠ᠂ ᠪᠤᠷᠤᠯᠠᠭᠤᠯᠭ᠎ᠠ ᠵᠢ ᠠᠬᠢᠭᠤᠯᠬᠤ》 ᠦᠵᠡᠰᠭᠦᠯᠡᠩ ᠡᠷᠬᠢᠯᠡᠬᠦ᠌ ᠵᠤᠷᠢᠯᠳᠠ ᠵᠢ ᠤᠯᠠᠮᠵᠢᠯᠠᠨ ᠵᠠᠯᠭᠠᠮᠵᠢᠯᠠᠵᠦ᠍᠂ ᠲᠠᠷᠢᠶᠠᠯᠠᠩ ᠮᠠᠯ ᠠᠵᠤ ᠠᠬᠤᠢ ᠵᠢᠨ ᠴᠢᠨᠠᠷ ᠰᠠᠢ᠌ᠳᠠᠢ ᠬᠦᠭ᠌ᠵᠢᠯᠳᠡ ᠵᠢ ᠠᠬᠢᠭᠤᠯᠬᠤ ᠪᠡᠷ ᠬᠠᠷᠠᠯᠳᠠ ᠪᠤᠯᠭᠠᠨ᠂ ᠮᠠᠨ᠎ᠤ ᠤᠷᠤᠨ᠎ᠤ 12 ᠠᠢ᠌ᠮᠠᠭ ᠬᠤᠳᠠ ᠵᠢᠨ ᠱᠢᠯᠢᠳᠡᠭ ᠴᠢᠨᠠᠷ ᠰᠠᠢᠲᠠᠢ ᠪᠤᠬᠢᠷᠳᠤᠯ ᠦᠭᠡᠢ ᠮᠠᠯ᠎ᠤᠨ ᠠᠰᠢᠭ ᠰᠢᠮ᠎ᠠ ᠲᠠᠷᠢᠶᠠᠯᠠᠩ᠎ᠤᠨ ᠪᠦᠳᠦᠭᠡᠭ᠌ᠳᠡᠭᠦᠨ᠎ᠤ ᠦᠢᠯᠡᠳᠪᠦᠷᠢᠯᠡᠯ ᠡᠵᠡᠩᠨᠡᠯᠳᠡ ᠵᠢᠨ ᠠᠵᠤ ᠠᠬᠤᠢ᠌ᠯᠠᠯ ᠪᠤᠯᠤᠨ ᠤᠯᠤᠰ᠎ᠤᠨ ᠲᠤᠳᠤᠭᠠᠳᠤ ᠭᠠᠳᠠᠭᠠᠳᠤ ᠵᠢᠨ ᠬᠠᠮᠢᠶ᠎ᠠ ᠪᠦᠬᠦᠢ ᠭᠠᠵᠠᠷ ᠤᠷᠤᠨ᠎ᠤ ᠦᠭᠡᠷ ᠬᠤᠨᠢᠨᠪ ᠡᠭᠦᠯᠳᠡᠷ᠂ ᠠᠷᠠᠴᠢᠯᠠᠨ ᠮᠠᠯᠵᠢᠬᠤ᠂ ᠦᠭᠡᠷ ᠬᠤᠨᠢᠨ ᠮᠢᠬ᠎ᠠ ᠵᠢᠴᠢ ᠪᠤᠰᠤᠳ ᠢᠳᠡᠭᠡᠨ᠎ᠤ ᠮᠠᠲ᠋ᠧᠷᠢᠶᠠᠯ᠎ᠤᠨ ᠡᠵᠡᠩᠨᠡᠯᠳᠡ ᠵᠢᠨ ᠠᠵᠤ ᠠᠬᠤᠢ᠌ᠯᠠᠯ ᠢ᠋ ᠲᠡᠯᠭᠡᠨ ᠦᠵᠡᠬᠦᠯᠵᠦ᠍᠂ ᠪᠦᠬᠦ᠌ ᠤᠯᠤᠰ᠎ᠤᠨ ᠴᠢᠬᠤᠯᠠ ᠪᠤᠯᠬᠤ ᠮᠠᠯ᠎ᠤᠨ ᠠᠰᠢᠭ ᠰᠢᠮ᠎ᠠ ᠲᠠᠷᠢᠶᠠᠯᠠᠩ᠎ᠤᠨ ᠪᠦᠳᠦᠭᠡᠭ᠌ᠳᠡᠭᠦᠨ᠎ᠤ ᠦᠢᠯᠡᠳᠪᠦᠷᠢᠯᠡᠯ ᠡᠳ᠋ᠰᠢᠬᠦᠯᠦᠯᠳᠡ ᠵᠢ ᠭᠠᠳᠠᠬ᠍ᠰᠢ ᠭᠠᠷᠭᠠᠬᠤ ᠰᠠᠭᠤᠷᠢᠨ᠎ᠢ ᠬᠦᠴᠦ᠍ᠯᠠᠨ ᠴᠤᠬ᠍ᠴᠠᠯᠠᠵᠦ᠍᠂ 《ᠦᠪᠦᠷ ᠮᠤᠩᠭᠤᠯ ᠲᠡᠮᠳᠡᠭᠳᠤ》 ᠱᠤᠱᠢᠭ᠎ᠠ ᠵᠢ ᠪᠦᠬᠦ᠌ ᠲᠠᠯ᠎ᠠ ᠪᠡᠷ ᠠᠯᠳᠠᠷᠱᠢᠭᠤᠯᠤᠨ᠂ ᠨᠡᠩ ᠤᠯᠠᠨ 《ᠦᠪᠦᠷ ᠮᠤᠩᠭᠤᠯ ᠲᠡᠮᠳᠡᠭᠳᠤ》 ᠪᠦᠳᠦᠭᠡᠭ᠌ᠳᠡᠭᠦᠨ᠎ᠢ ᠪᠦᠬᠦ᠌ ᠤᠯᠤᠰ ᠳᠦ᠍ ᠭᠠᠷᠭᠠᠵᠤ᠂ ᠴᠢᠨᠠᠬ᠍ᠰᠢᠯᠠᠪᠠᠯ ᠲᠡᠯᠡᠭᠡᠢ ᠳ᠋ᠤ ᠭᠠᠷᠭᠠᠬᠤ ᠪᠤᠯᠤᠨ᠎ᠠ᠃
2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635372
ᠢᠮᠧᠯ᠄tn@mgyxw.net 蒙ICP备10000005号