ᠲᠦᠷᠦᠭᠦᠬᠡᠨ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠶᠠᠮᠤᠨ 《ᠬᠡᠷ᠎ᠦᠨ ᠬᠥᠮᠦᠵᠢᠯ᠎ᠦᠨ ᠵᠢᠯᠣᠭᠣᠳᠣᠭ᠍ᠴᠢ ᠪᠠᠭ᠍ᠰᠢ》᠂ 《ᠰᠤᠳᠤᠯᠤᠨ ᠰᠤᠷᠤᠯᠴᠠᠬᠤ ᠵᠢᠭᠤᠯᠴᠢᠯᠠᠯ᠎ᠤᠨ ᠵᠢᠯᠣᠭᠣᠳᠣᠭ᠍ᠴᠢ ᠪᠠᠭ᠍ᠰᠢ》᠂ 《ᠮᠠᠱᠢᠨ ᠬᠥᠮᠦᠨ᠎ᠦ ᠢᠨᠵᠧᠨᠧᠷᠢᠩ᠎ᠦᠨ ᠮᠡᠷᠭᠡᠵᠢᠯᠲᠡᠨ》 ᠵᠡᠷᠭᠡ 18 ᠱᠢᠨ᠎ᠡ ᠠᠵᠢᠯ ᠮᠡᠷᠭᠡᠵᠢᠯ᠎ᠢ ᠨᠡᠢᠭᠡᠮ ᠨᠡᠢᠲᠡ᠎ᠳᠦ ᠵᠠᠷᠯᠠᠨ ᠨᠡᠢᠲᠡᠯᠡᠪᠡ᠃ ᠢᠯᠡ᠎ᠪᠡᠷ ᠰᠠᠨᠠᠯ ᠬᠤᠷᠢᠶᠡᠵᠦ ᠵᠠᠰᠠᠪᠤᠷᠢ ᠣᠷᠣᠭᠤᠯᠵᠤ ᠲᠡᠭᠦᠯᠳᠡᠷᠵᠢᠭᠦᠯᠦᠭ᠌ᠰᠡᠨᠦ ᠳᠠᠷᠠᠭ᠎ᠠ᠂ ᠡᠲᠡᠭᠡᠷ ᠱᠢᠨ᠎ᠡ ᠠᠵᠢᠯ ᠮᠡᠷᠭᠡᠵᠢᠯ᠎ᠢ ᠱᠢᠨ᠎ᠡ ᠬᠡᠪᠯᠡᠯ ᠦᠨ ᠠᠵᠢᠯ ᠮᠡᠷᠭᠡᠵᠢᠯ᠎ᠦᠨ ᠲᠥᠷᠥᠯ ᠬᠤᠪᠢᠶᠠᠭ᠍ᠰᠠᠨ ᠶᠡᠬᠡ ᠲᠣᠯᠢ᠎ᠳᠤ ᠣᠷᠣᠭᠤᠯᠬᠤ ᠪᠣᠯᠤᠨ᠎ᠠ᠃
ᠨᠢᠭᠡ ᠪᠦᠯᠦᠭ ᠱᠢᠨ᠎ᠡ ᠠᠵᠢᠯ ᠮᠡᠷᠭᠡᠵᠢᠯ᠎ᠢ ᠤᠯᠤᠰ᠎ᠤᠨ ᠠᠵᠢᠯ ᠮᠡᠷᠭᠡᠵᠢᠯ᠎ᠦᠨ ᠱᠢᠨ᠎ᠡ ᠲᠣᠯᠢ᠎ᠳᠤ ᠣᠷᠣᠭᠤᠯᠪᠠ᠂ ᠡᠨᠡ ᠨᠢ ᠴᠠᠭ ᠦᠶ᠎ᠡ᠎ᠶ᠋ᠢᠨ ᠳᠠᠪᠱᠢᠯᠲᠠ ᠬᠥᠭ᠌ᠵᠢᠯᠲᠡ᠎ᠶ᠋ᠢᠨ ᠲᠣᠯᠢ ᠪᠣᠯᠬᠤ ᠪᠥᠭᠡᠳ ᠮᠠᠨ᠎ᠤ ᠤᠯᠤᠰ᠎ᠤᠨ ᠠᠵᠤ ᠠᠬᠤᠶ ᠵᠢᠨ ᠠᠵᠦ ᠦᠢᠯᠡᠰ᠎ᠦᠨ ᠪᠦᠲᠦᠴᠡᠳᠡᠰ ᠳᠡᠪᠱᠢᠵᠦ᠍ ᠰᠣᠯᠢᠬᠳᠠᠬᠤ ᠬᠤᠷᠳᠤᠴᠠ ᠲᠦᠷᠭᠡᠳᠴᠦ ᠪᠠᠢᠬᠤ ᠶ᠋ᠢ ᠬᠠᠷᠠᠭᠤᠯᠵᠠᠶ᠃ ᠱᠢᠨ᠎ᠡ ᠠᠵᠢᠯ ᠮᠡᠷᠭᠡᠵᠢᠯ᠎ᠦᠨ 《ᠱᠢᠨ᠎ᠡ》 ᠨᠢ ᠱᠢᠨ᠎ᠡ ᠮᠡᠷᠭᠡᠵᠢᠯ᠂ ᠱᠢᠨ᠎ᠡ ᠬᠠᠨᠳᠤᠰᠢ᠂ ᠱᠢᠨ᠎ᠡ ᠬᠡᠷᠡᠭ᠌ᠴᠡᠭᠡ ᠱᠠᠭᠠᠷᠳᠠᠯᠭ᠎ᠠ᠎ᠳᠤ ᠢᠯᠡᠷᠡᠵᠦ᠍ ᠪᠠᠢᠬᠤ᠎ᠪᠠᠷ ᠪᠠᠷᠠᠬᠤ ᠥᠬᠡᠶ ᠪᠠᠰᠠ ᠱᠢᠨ᠎ᠡ ᠰᠡᠳᠭᠢᠬᠦᠶ᠎ᠳᠦ ᠢᠯᠡᠷᠡᠵᠦ ᠪᠠᠢᠨ᠎ᠠ᠃ ᠲᠠᠷᠣᠢ ᠤᠯᠠᠮᠵᠢᠯᠠᠯᠳᠤ ᠠᠵᠢᠯ ᠣᠯᠭᠤᠯᠳᠠ ᠵᠢᠨ ᠦᠵᠡᠯᠳᠡ ᠪᠠᠨ ᠬᠣᠪᠢᠷᠠᠭᠣᠯᠵᠦ ᠰᠢᠨ᠎ᠠ ᠠᠵᠢᠯ ᠮᠡᠷᠭᠡᠵᠢᠯ᠎ᠦᠨ ᠠᠵᠢᠯᠳᠠᠨᠦ ᠬᠡᠪ ᠴᠢᠨᠠᠷ ᠪᠡ ᠮᠡᠷᠭᠡᠵᠢᠯ᠎ᠢ ᠲᠡᠭᠡᠭᠰᠢᠯᠡᠬᠦᠯᠬᠦ ᠴᠢᠬᠣᠯᠠᠳᠠᠢ ᠪᠣᠯᠵᠦ ᠪᠠᠢᠨ᠎ᠠ᠃
ᠱᠢᠨ᠎ᠡ᠎ᠪᠡᠷ ᠨᠡᠢᠲᠡᠯᠡᠭ᠌ᠰᠡᠨ 18 ᠱᠢᠨ᠎ᠡ ᠠᠵᠢᠯ ᠮᠡᠷᠭᠡᠵᠢᠯ᠎ᠨᠢ ᠲᠣᠭᠠᠴᠢᠯᠠᠭ᠍ᠰᠠᠨ ᠠᠵᠤ ᠠᠬᠤᠶ᠎ᠶ᠋ᠢᠨ ᠬᠥᠭ᠌ᠵᠢᠯᠲᠡ᠎ᠶ᠋ᠢᠨ ᠬᠡᠷᠡᠭ᠌ᠴᠡᠭᠡ᠎ᠶ᠋ᠢ ᠢᠯᠡᠳᠲᠡ ᠲᠤᠰᠭᠠᠵᠤ᠂ ᠨᠡᠭᠦᠷᠡᠰᠦᠲᠥ᠋ᠷᠥᠭ᠌ᠴᠢ ᠵᠢ ᠣᠷᠭᠢᠯ ᠬᠡᠮᠵᠢᠭᠳᠡᠯ᠎ᠳᠦ ᠬᠦᠷᠭᠡᠬᠦ᠂ ᠨᠡᠭᠦᠷᠡᠰᠦᠲᠥ᠋ᠷᠥᠭ᠌ᠴᠢ᠎ᠶ᠋ᠢ ᠰᠠᠭᠠᠷᠮᠠᠭ᠍ᠵᠢᠭᠤᠯᠬᠤ ᠬᠠᠨᠳᠤᠰᠢ᠎ᠳᠤ ᠵᠣᠬᠢᠴᠠᠵᠤ᠂ ᠠᠷᠠᠳ ᠲᠦᠮᠡᠨ᠎ᠦ ᠰᠠᠢᠨ ᠰᠠᠢᠬᠠᠨ ᠠᠮᠢᠳᠤᠷᠠᠯ᠎ᠤᠨ ᠬᠡᠷᠡᠭ᠌ᠴᠡᠭᠡ᠎ᠶ᠋ᠢ ᠬᠠᠩᠭᠠᠭ᠍ᠰᠠᠨ ᠵᠡᠷᠭᠡ ᠣᠨᠴᠠᠯᠢᠭ᠎ᠲᠠᠶ ᠪᠠᠢᠵᠤ᠂ ᠣᠢᠷ᠎ᠠ᠎ᠶ᠋ᠢᠨ ᠵᠢᠯ᠎ᠦᠨ ᠲᠤᠷᠱᠢᠬᠢ ᠮᠠᠨ᠎ᠤ ᠤᠯᠤᠰ᠎ᠤᠨ ᠠᠵᠤ ᠠᠬᠤᠶ᠎ᠶ᠋ᠢᠨ ᠱᠢᠨ᠎ᠡ ᠪᠠᠢᠳᠠᠯ ᠱᠢᠨ᠎ᠡ ᠵᠠᠭ᠍ᠪᠤᠷ᠎ᠤᠨ ᠥᠷᠨᠢᠭᠦᠨ ᠬᠥᠭ᠌ᠵᠢᠯᠲᠡ᠎ᠶ᠋ᠢᠨ ᠠᠮᠢᠳᠤᠯᠢᠭ ᠲᠤᠰᠭᠠᠯ ᠪᠣᠯᠬᠤ᠎ᠨᠢ ᠳᠠᠮᠵᠢᠭ ᠥᠬᠡᠶ ᠶᠤᠮ᠃ ᠠᠷᠠᠳ᠎ᠤᠨ ᠪᠠᠭᠤᠳᠠᠯ᠎ᠦᠨ ᠠᠵᠢᠯ ᠲᠦᠷᠦᠯ ᠣᠬᠣᠷᠬᠠᠨ ᠬᠡᠳᠦᠨ ᠵᠢᠯ᠎ᠦᠨ ᠬᠤᠭᠤᠷᠤᠨᠳᠦ 《ᠠᠷᠠᠳ᠎ᠤᠨ ᠪᠠᠭᠤᠳᠠᠯ᠎ᠦᠨ ᠬᠠᠮᠢᠶᠠᠷᠤᠭ᠍ᠴᠢ》 ᠵᠢᠨ ᠠᠵᠢᠯ ᠡᠷᠬᠢᠯᠡᠭ᠌ᠰᠡᠳ ᠪᠠᠢᠬᠤ ᠦᠭᠡᠢ ᠡᠴᠡ ᠪᠠᠨ ᠵᠠᠭᠤᠨ ᠲᠦᠮᠡ ᠪᠤᠯᠵᠦ ᠬᠡᠪᠴᠢᠶᠡᠵᠢᠭᠰᠡᠨ ᠨᠢ ᠨᠢᠬᠡᠨ ᠵᠢᠱ᠌ᠢᠢ᠎ᠡ ᠪᠣᠯᠤᠨ᠎ᠠ᠃ 《ᠠᠷᠠᠳ᠎ᠤᠨ ᠪᠠᠭᠤᠳᠠᠯ᠎ᠦᠨ ᠬᠠᠮᠢᠶᠠᠷᠤᠭ᠍ᠴᠢ》᠎ᠶ᠋ᠢᠨ ᠭᠤᠤᠯ ᠡᠭᠦᠷᠭᠡ ᠬᠠᠷᠢᠭᠤᠴᠠᠯᠭ᠎ᠠ ᠪᠣᠯ ᠠᠷᠠᠳ᠎ᠤᠨ ᠪᠠᠭᠣᠳᠠᠯ᠎ᠦᠨ ᠵᠤᠴᠢᠳ᠎ᠦᠨ ᠵᠠᠬᠢᠶᠠᠯᠠᠭ᠎ᠠ ᠶ᠋ᠢ ᠬᠠᠷᠢᠭᠤᠴᠠᠵᠤ᠂ ᠠᠷᠠᠳ᠎ᠦᠨ ᠪᠠᠭᠤᠳᠠᠯ ᠪᠤᠯᠤᠨ ᠵᠤᠴᠢᠳ᠎ᠢ ᠬᠤᠭᠤᠷᠤᠨᠳᠦ ᠨᠢ ᠵᠣᠯᠭᠠᠭᠤᠯᠵᠦ ᠦᠭᠳᠡᠭ᠃ ᠨᠢᠭᠡ ᠵᠦᠢᠯ᠎ᠦᠨ ᠴᠢᠯᠦᠭᠡᠳᠡᠢ ᠠᠮᠢᠳᠤᠯᠢᠬ ᠠᠵᠢᠯ ᠣᠯᠭᠣᠯᠲᠠ᠎ᠶ᠋ᠢᠨ ᠬᠡᠯᠪᠡᠷᠢ ᠪᠣᠯᠤᠨ᠎ᠠ᠃
ᠨᠢᠭᠡ ᠪᠦᠯᠦᠭ ᠱᠢᠨ᠎ᠡ ᠠᠵᠢᠯ ᠮᠡᠷᠭᠡᠵᠢᠯ᠎ᠦᠨ ᠬᠥᠭ᠌ᠵᠢᠯᠲᠡ ᠨᠢ ᠨᠢᠭᠡ ᠪᠦᠯᠦᠭ ᠬᠠᠭᠤᠴᠢᠨ ᠠᠵᠢᠯ ᠮᠡᠷᠭᠡᠵᠢᠯ᠎ᠢ ᠲᠡᠦᠬᠡ᠎ᠶ᠋ᠢᠨ ᠲᠠᠪᠴᠠᠩ᠎ᠠᠴᠠ ᠰᠢᠬᠠᠨ ᠭᠠᠷᠭᠠᠳᠠᠭ᠃ ᠵᠠᠷᠢᠮ ᠬᠥᠮᠦᠨ ᠨᠢ ᠮᠦᠨ ᠯᠡ ᠲᠤᠭᠳᠠᠪᠣᠷᠢᠳᠠᠢ ᠨᠢᠬᠡᠨ ᠠᠵᠢᠯ ᠣᠯᠴᠢᠬᠠᠪᠠᠯ ᠬᠣᠵᠢᠮ ᠰᠠᠨᠠᠭ᠎ᠠ ᠠᠮᠤᠷ ᠭᠡᠵᠦ᠍ ᠪᠤᠳᠤᠳᠠᠭ᠃ ᠦᠨᠡᠨ᠎ᠳᠡᠭᠡᠨ ᠡᠨᠡ ᠪᠤᠳᠤᠯ ᠨᠢ ᠨᠢᠭᠡᠨᠲᠡ ᠪᠣᠳᠠᠲᠤ ᠪᠠᠢᠳᠠᠯ᠎ᠲᠠᠶ ᠨᠡᠢᠴᠡᠬᠦ᠌ ᠦᠭᠡᠢ ᠪᠣᠯᠤᠬᠰᠠᠨ ᠶᠤᠮ᠃ ᠥᠨᠥᠳᠦᠷ ᠨᠢᠭᠡ ᠬᠦᠮᠦᠨ ᠨᠢᠬᠡ ᠵᠦᠢᠯ ᠦᠨ ᠠᠵᠢᠯ ᠪᠣᠶᠣ ᠮᠡᠷᠭᠡᠵᠢᠯ ᠢ ᠨᠢᠬᠡ ᠨᠠᠰᠤ ᠪᠡᠷ ᠬᠢᠨ᠎ᠡ ᠬᠡᠳᠡᠭ ᠢ ᠪᠠᠳᠣᠯᠠᠵᠦ ᠴᠢᠳᠠᠬᠣ ᠦᠬᠡᠢ ᠶᠤᠮ᠃ ᠭᠠᠭ᠍ᠴᠠ ᠬᠦ᠌ ᠦᠵᠡᠯᠲᠡ᠎ᠪᠡᠨ ᠬᠤᠪᠢᠷᠠᠭᠤᠯᠵᠤ ᠰᠤᠷᠤᠯᠴᠠᠯᠭ᠎ᠠ᠎ᠪᠠᠨ ᠴᠢᠩᠭᠠᠳᠭᠠᠨ ᠦᠪᠡᠷ᠎ᠦᠨ ᠪᠡᠶ᠎ᠡ᠎ᠶ᠋ᠢᠨ ᠬᠡᠪ ᠴᠢᠨᠠᠷ᠎ᠢᠶᠠᠨ ᠳᠡᠭᠡᠭ᠌ᠰᠢᠯᠡᠭᠦᠯᠪᠡᠯ ᠰᠠᠶᠢ ᠱᠢᠨ᠎ᠡ ᠴᠠᠭ ᠦᠶ᠎ᠡ᠎ᠡᠴᠡ ᠠᠵᠢᠯ ᠣᠯᠤᠭ᠍ᠰᠠᠳ᠎ᠲᠤ ᠲᠠᠯᠪᠢᠭ᠍ᠰᠠᠨ ᠱᠢᠨ᠎ᠡ ᠱᠠᠭᠠᠷᠳᠠᠯᠭ᠎ᠠ᠎ᠳᠤ ᠨᠡᠢᠴᠡᠵᠦ ᠴᠢᠳᠠᠨ᠎ᠠ᠃ ᠱᠢᠨ᠎ᠡ ᠠᠵᠢᠯ ᠮᠡᠷᠭᠡᠵᠢᠯ᠎ᠦᠨ ᠬᠥᠳᠡᠯᠮᠦᠷᠢᠴᠢᠨ ᠨᠢᠭᠡᠪᠦᠷᠢ᠎ᠳᠦ ᠠᠪᠴᠤ᠌ ᠬᠡᠯᠡᠪᠡᠯ᠂ ᠠᠵᠢᠯ᠎ᠤᠨ ᠪᠠᠢᠷᠢ ᠨᠢ ᠡᠷᠬᠢᠮ ᠲᠤᠤᠷᠠᠳᠤ᠎ᠶ᠋ᠢᠨ ᠢᠯᠭᠠᠭ᠎ᠠ ᠦᠭᠡᠢ᠂ ᠵᠥᠪᠬᠡᠨ ᠠᠵᠢᠯ᠎ᠤᠨ ᠬᠤᠪᠢᠶᠠᠷᠢᠯᠠᠯ ᠨᠢ ᠠᠳᠠᠯᠢ ᠦᠭᠡᠢ᠂ ᠴᠢᠷᠮᠠᠢᠨ ᠰᠤᠷᠤᠯᠴᠠᠵᠤ᠂ ᠬᠦᠴᠢᠷ ᠪᠡᠷᠬᠡᠱᠢᠶᠡᠯ᠎ᠡᠴᠡ ᠠᠶᠤᠬᠤ ᠦᠭᠡᠢ᠂ ᠯᠠᠪᠳᠠᠭᠤᠨ ᠪᠠᠲᠤᠲᠠᠢ ᠪᠥᠭᠡᠳ ᠴᠢᠷᠮᠠᠢᠨ ᠠᠵᠢᠯᠯᠠᠪᠠᠯ ᠬᠥᠮᠦᠨ ᠪᠣᠯᠭᠠᠨ ᠴᠥᠮ ᠨᠡᠢᠭᠡᠮ᠎ᠦᠨ ᠬᠥᠭ᠌ᠵᠢᠯᠲᠡ᠎ᠳᠦ ᠵᠣᠬᠢᠴᠠᠵᠤ᠂ ᠥᠪᠡᠷ᠎ᠦᠨ ᠪᠡᠶ᠎ᠡ᠎ᠳᠡᠭᠡᠨ ᠲᠤᠬᠢᠷᠠᠭ᠍ᠰᠠᠨ ᠠᠵᠢᠯ ᠮᠡᠷᠭᠡᠵᠢᠯ᠎ᠦᠨ ᠵᠠᠮ᠎ᠢᠶᠠᠷ ᠵᠠᠮᠨᠠᠵᠤ ᠴᠢᠳᠠᠨ᠎ᠠ᠃
ᠱᠢᠨ᠎ᠡ ᠠᠵᠢᠯ ᠮᠡᠷᠭᠡᠵᠢᠯ ᠨᠢ ᠮᠠᠰᠢ ᠶᠡᠬᠡ ᠲᠠᠯᠳᠠ ᠬᠦᠴᠦᠨ ᠲᠠᠢ ᠪᠠᠢᠵᠦ᠂ ᠠᠵᠢᠯ ᠣᠯᠭᠣᠯᠲᠠ᠎ᠶ᠋ᠢ ᠥᠷᠭᠡᠳᠭᠡᠵᠦ᠍᠂ ᠠᠵᠤ ᠠᠬᠤᠶ᠎ᠶ᠋ᠢᠨ ᠬᠥᠭ᠌ᠵᠢᠯᠲᠡ᠎ᠶ᠋ᠢ ᠠᠬᠢᠭᠤᠯᠵᠤ ᠴᠢᠳᠠᠨ᠎ᠠ᠃ ᠮᠠᠰᠢ ᠣᠯᠠᠨ ᠵᠠᠯᠠᠭᠤᠴᠤᠳ ᠣᠳᠣ ᠨᠢᠭᠡᠨᠲᠡ ᠴᠠᠭ ᠦᠶ᠎ᠡ᠎ᠶ᠋ᠢᠨ ᠬᠥᠭ᠌ᠵᠢᠯᠲᠡ᠎ᠳᠦ ᠵᠣᠬᠢᠴᠠᠨ᠂ ᠥᠪᠡᠷ᠎ᠦᠨ ᠣᠨᠴᠠᠯᠢᠭ᠎ᠲᠠᠭᠠᠨ ᠳᠣᠭᠢᠷᠬᠠᠰᠠᠨ ᠠᠵᠢᠯ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠵᠠᠮ᠎ᠢᠶᠠᠷ ᠵᠠᠮᠨᠠᠵᠤ᠂ ᠠᠵᠤ ᠠᠬᠤᠶ᠎ᠶ᠋ᠢᠨ ᠱᠢᠨ᠎ᠡ ᠡᠵᠡᠩᠨᠡᠯᠲᠡ᠎ᠶ᠋ᠢᠨ ᠬᠡᠯᠪᠡᠷᠢ᠎ᠶ᠋ᠢᠨ ᠬᠥᠭ᠌ᠵᠢᠯᠲᠡ᠎ᠶ᠋ᠢᠨ ᠴᠢᠬᠤᠯᠠ ᠲᠦᠯᠬᠢᠴᠡ ᠬᠦᠴᠦᠨ ᠪᠣᠯᠤᠭ᠍ᠰᠠᠨ ᠪᠠᠢᠨ᠎ᠠ᠃
ᠠᠵᠢᠯ ᠣᠯᠭᠣᠯᠲᠠ ᠪᠣᠯ ᠠᠷᠠᠳ᠎ᠤᠨ ᠠᠮᠢᠳᠤᠷᠠᠯ᠎ᠤᠨ ᠬᠠᠮᠤᠭ᠎ᠤᠨ ᠶᠡᠬᠡ ᠢᠨᠵᠧᠨᠧᠷᠢᠩ ᠮᠥᠨ᠂ ᠠᠵᠢᠯ ᠣᠯᠭᠣᠯᠲᠠ᠎ᠶ᠋ᠢᠨ ᠠᠰᠠᠭᠤᠳᠠᠯ᠎ᠢ ᠰᠠᠢᠲᠤᠷ ᠱᠢᠢᠳᠪᠦᠷᠢᠯᠡᠬᠦ᠌᠎ᠳᠦ ᠬᠣᠯᠪᠣᠭ᠍ᠳᠠᠬᠤ ᠬᠦᠷᠢᠢ᠎ᠡ ᠬᠡᠪᠴᠢᠶ᠎ᠡ ᠪᠡ ᠬᠦᠴᠦᠨ ᠵᠦᠢᠯ ᠤᠯᠠᠨ ᠪᠠᠢᠨ᠎ᠠ᠃ ᠱᠢᠨ᠎ᠡ ᠠᠵᠢᠯ ᠮᠡᠷᠭᠡᠵᠢᠯ᠎ᠤᠨ ᠠᠷᠭ᠎ᠠ ᠵᠠᠮ᠎ᠢ ᠥᠷᠭᠡᠳᠭᠡᠬᠦ᠌᠎ᠳᠦ ᠵᠥᠪᠬᠡᠨ ᠠᠵᠢᠯ ᠣᠯᠤᠭ᠍ᠰᠠᠳᠢ ᠦᠵᠡᠯᠲᠡ᠎ᠪᠡᠨ ᠬᠤᠪᠢᠷᠠᠭᠤᠯᠬᠤ᠎ᠵᠢ ᠱᠠᠭᠠᠷᠳᠠᠭᠠᠳ ᠪᠣᠯᠬᠤ ᠪᠢᠰᠢ᠂ ᠠᠵᠢᠯᠴᠢᠨ ᠬᠡᠷᠡᠭ᠌ᠯᠡᠬᠦ᠌ ᠨᠢᠭᠡᠴᠢ ᠪᠣᠯᠤᠨ ᠬᠠᠮᠢᠶ᠎ᠠ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ᠎ᠦᠳ ᠴᠦ᠍ ᠦᠵᠡᠯᠲᠡ᠎ᠪᠡᠨ ᠬᠤᠪᠢᠷᠠᠭᠤᠯᠬᠤ ᠬᠡᠷᠡᠭ᠌ᠲᠡᠶ᠃ ᠱᠢᠨ᠎ᠡ ᠠᠵᠢᠯ ᠮᠡᠷᠭᠡᠵᠢᠯ᠎ᠦᠨ ᠠᠵᠢᠯ᠎ᠦᠨ ᠪᠠᠢᠷᠢ᠎ᠳᠦ ᠠᠵᠢᠯᠯᠠᠵᠦ ᠪᠠᠢᠭ᠎ᠠ ᠬᠦᠮᠦᠰ ᠱᠢᠨ᠎ᠡ ᠬᠡᠷᠡᠭ ᠪᠣᠳᠠᠰ᠎ᠢ ᠭᠥᠯᠢᠶᠡᠨ ᠠᠪᠴᠤ ᠪᠠᠭᠳᠠᠭᠠᠬᠤ ᠪᠦᠭᠡᠳ ᠪᠠᠰᠠ ᠬᠠᠮᠢᠶ᠎ᠠ ᠪᠥᠬᠥᠶ ᠲᠥᠷᠥ᠎ᠶ᠋ᠢᠨ ᠪᠣᠳᠣᠯᠭ᠎ᠠ᠎ᠳᠤ ᠴᠠᠭ ᠲᠤᠬᠠᠶ᠎ᠳᠤᠨᠢ ᠲᠣᠬᠢᠷᠠᠭᠤᠯᠤᠯᠲᠠ ᠬᠢᠬᠦ᠌ ᠬᠡᠷᠡᠭ᠌ᠲᠡᠶ᠂ ᠵᠢᠱ᠌ᠢᠶᠡᠯᠡᠪᠡᠯ ᠲᠦᠷᠢᠮ ᠲᠤᠭᠳᠠᠭᠠᠯ᠂ ᠬᠠᠤᠯᠢ ᠴᠠᠭᠠᠵᠠ ᠵᠡᠷᠭᠡ ᠲᠠᠯ᠎ᠠ᠎ᠠᠴᠠ ᠭᠠᠷᠲᠠᠨ᠂ ᠠᠵᠢᠯ᠎ᠤᠨ ᠣᠷᠴᠢᠨ ᠨᠥᠬᠥᠴᠡᠯ᠎ᠢ ᠢᠳᠡᠪᠬᠢᠲᠡᠶ ᠰᠠᠢᠵᠢᠷᠠᠭᠤᠯᠵᠤ ᠂ ᠬᠥᠭ᠌ᠵᠢᠯᠲᠡ᠎ᠶ᠋ᠢᠨ ᠣᠷᠣᠨ ᠵᠠᠶ᠎ᠶ᠋ᠢ ᠱᠢᠯᠢᠳᠡᠭ᠌ᠵᠢᠭᠦᠯᠦᠨ ᠂ ᠱᠢᠨ᠎ᠡ ᠠᠵᠢᠯ ᠮᠡᠷᠭᠡᠵᠢᠯ᠎ᠦᠨ ᠬᠥᠳᠡᠯᠮᠦᠷᠢᠴᠢᠳ᠎ᠦᠨ ᠬᠠᠤᠯᠢ ᠶᠣᠰᠣᠨ᠎ᠤ ᠡᠷᠬᠡ ᠠᠱᠢᠭ᠎ᠢ ᠨᠠᠩ ᠰᠠᠢᠲᠤᠷ ᠪᠠᠲᠤᠯᠠᠬᠤ ᠬᠡᠷᠡᠭ᠌ᠲᠡᠶ᠃