ᠮᠠᠨ ᠤ᠋ ᠤᠷᠤᠨ ᠪᠤᠯ ᠪᠦᠬᠦ ᠤᠯᠤᠰ ᠤ᠋ᠨ ᠮᠢᠬᠠᠨ ᠤ᠋ ᠬᠤᠨᠢ ᠵᠢᠨ ᠬᠠᠮᠤᠭ ᠤ᠋ᠨ ᠲᠤᠮᠤ ᠤᠷᠤᠨ ᠪᠠᠢᠵᠤ ᠂ ᠮᠢᠬᠠᠨ ᠤ᠋ ᠬᠤᠨᠢ ᠵᠢᠨ ᠲᠤᠭ᠎ᠠ᠂ ᠬᠤᠨᠢᠨ ᠮᠢᠬ᠎ᠠ ᠵᠢᠨ ᠭᠠᠷᠤᠯᠲᠠ᠂ ᠡᠳ᠋ᠰᠢᠬᠦᠯᠦᠨ ᠪᠤᠯᠪᠠᠰᠤᠷᠠᠭᠤᠯᠬᠤ ᠴᠢᠳᠠᠪᠤᠷᠢ ᠪᠡᠷ ᠴᠦᠮ ᠪᠦᠬᠦ ᠤᠯᠤᠰ ᠲᠦ᠍ ᠲᠦᠷᠦᠭᠦᠯᠡᠵᠦ ᠪᠤᠢ᠃ 2021 ᠤᠨ ᠳ᠋ᠤ ᠪᠦᠬᠦ ᠤᠷᠤᠨ ᠤ᠋ ᠬᠤᠨᠢᠨ ᠮᠢᠬ᠎ᠠ ᠵᠢᠨ ᠭᠠᠷᠤᠯᠲᠠ 113.7 ᠲᠦᠮᠡᠨ ᠲᠤᠨ ᠬᠦᠷᠴᠦ᠂ ᠮᠢᠬᠠᠨ ᠤ᠋ ᠬᠤᠨᠢ ᠵᠢᠨ ᠠᠵᠤ ᠦᠢᠯᠡᠰ ᠤ᠋ᠨ ᠬᠦᠭᠵᠢᠯᠳᠡ ᠵᠢᠨ 《ᠠᠷᠪᠠᠨ ᠳᠦᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ ᠤ᠋ ᠰᠠᠢᠨ ᠡᠬᠢᠯᠡᠯᠲᠡ ᠵᠢ ᠪᠡᠶᠡᠯᠡᠭᠦᠯᠦᠭᠰᠡᠨ ᠪᠠᠢᠨ᠎ᠠ᠃

ᠦᠢᠯᠡᠳᠪᠤᠷᠢᠯᠡᠯ ᠤ᠋ᠨ ᠲᠠᠰᠤᠭ
ᠮᠠᠨ ᠤ᠋ ᠤᠷᠤᠨ ᠬᠥᠯᠥᠨ ᠪᠣᠢᠷ ᠬᠤᠲᠠ᠂ ᠱᠢᠯᠢᠶ᠋ᠢᠨ ᠭᠤᠤᠯ ᠠᠢᠮᠠᠭ᠂ ᠤᠯᠠᠭᠠᠨᠬᠠᠳᠠ ᠬᠤᠲᠠ᠂ ᠤᠯᠠᠭᠠᠨᠴᠠᠪ ᠬᠤᠲᠠ᠂ ᠪᠠᠶᠠᠨᠨᠠᠭᠤᠷ ᠬᠤᠲᠠ ᠪᠡᠷ ᠭᠤᠤᠯ ᠪᠣᠯᠭᠠᠭ᠍ᠰᠠᠨ ᠮᠠᠯᠵᠢᠬᠤ ᠣᠷᠣᠨ ᠂ ᠬᠠᠭᠠᠰ ᠮᠠᠯᠵᠢᠬᠤ ᠬᠠᠭᠠᠰ ᠲᠠᠷᠢᠶᠠᠯᠠᠬᠤ ᠤᠷᠤᠨ ᠪᠤᠯᠤᠨ ᠲᠠᠷᠢᠶᠠᠯᠠᠬᠤ ᠣᠷᠣᠨ ᠤ᠋ ᠭᠤᠷᠪᠠᠨ ᠶᠡᠬᠡ ᠮᠢᠬᠠᠨ ᠤ᠋ ᠬᠣᠨᠢ ᠲᠡᠵᠢᠭᠡᠬᠦ ᠪᠦᠰᠡ ᠵᠢᠨ ᠲᠤᠭᠤᠷᠢᠨ ᠳ᠋ᠤ ᠤᠯᠤᠰ ᠤ᠋ᠨ ᠲᠤᠳᠤᠭᠠᠳᠤ ᠵᠢᠨ ᠬᠡᠪᠴᠢᠶ᠎ᠠ ᠪᠡᠷ ᠬᠠᠮᠤᠭ ᠤ᠋ᠨ ᠶᠡᠬᠡ ᠂ ᠬᠢᠷᠢ ᠲᠦᠪᠰᠢᠨ ᠵᠢᠡᠷ ᠬᠠᠮᠤᠭ ᠤ᠋ᠨ ᠦᠨᠳᠤᠷ ᠂ ᠲᠦᠷᠦᠯ ᠲᠡᠮᠳᠡᠭ ᠤ᠋ᠨ ᠨᠦᠯᠦᠬᠡᠯᠡᠬᠦ ᠬᠦᠴᠦᠨ ᠪᠠ ᠵᠠᠬ᠎ᠠ ᠲᠠᠯᠬᠡᠬᠦᠷ ᠤ᠋ᠨ ᠦᠷᠢᠰᠦᠯᠳᠦᠬᠦ ᠬᠦᠴᠦᠨ ᠵᠢᠡᠷ ᠬᠠᠮᠤᠭ ᠤ᠋ᠨ ᠴᠢᠩᠭ᠎ᠠ ᠮᠢᠬᠠᠨ ᠤ᠋ ᠬᠤᠨᠢ ᠵᠢᠨ ᠦᠢᠯᠡᠳᠪᠤᠷᠢᠯᠡᠯ ᠤ᠋ᠨ ᠰᠠᠭᠤᠷᠢᠨ ᠢ᠋ ᠪᠠᠢᠭᠤᠯᠵᠤ᠂ 2025 ᠣᠨ ᠪᠣᠯᠬᠤ ᠳ᠋ᠤ ᠮᠢᠬᠠᠨ ᠤ᠋ ᠬᠤᠨᠢ ᠵᠢᠨ ᠪᠥᠬᠥ᠌ ᠠᠵᠤ ᠦᠶ᠋ᠯᠡᠰ ᠤ᠋ᠨ ᠬᠡᠯᠬᠢᠶ᠎ᠡ ᠶ᠋ᠢᠨ ᠦᠶ᠋ᠯᠡᠳᠬᠦᠨ ᠤ᠋ ᠥᠷᠲᠡᠭ ᠢ᠋ 1000 ᠳ᠋ᠦᠩᠱᠢᠭᠤᠷ ᠲᠥᠭᠥᠷᠢᠭ ᠲᠦ᠍ ᠬᠦᠷᠭᠡᠨ ᠂ ᠱᠢᠯᠢ ᠶ᠋ᠢᠨ ᠭᠤᠤᠯ ᠠᠢᠮᠠᠭ ᠪᠤᠯᠤᠨ ᠬᠥᠯᠥᠨ ᠪᠣᠢᠷ ᠬᠣᠲᠠ ᠵᠢᠨ ᠬᠣᠶᠠᠷ ᠶᠡᠬᠡ ᠪᠡᠯᠴᠢᠭᠡᠷ ᠤ᠋ᠨ ᠮᠢᠬᠠᠨ ᠤ᠋ ᠬᠤᠨᠢ ᠵᠢᠨ ᠠᠵᠤ ᠦᠶ᠋ᠯᠡᠰ ᠤ᠋ᠨ ᠪᠦᠯᠦᠭᠵᠢᠯ ᠤ᠋ᠨ ᠪᠥᠬᠥ᠌ ᠠᠵᠤ ᠦᠶ᠋ᠯᠡᠰ ᠤ᠋ᠨ ᠬᠡᠯᠬᠢᠶ᠎ᠡ ᠶ᠋ᠢᠨ ᠦᠶ᠋ᠯᠡᠳᠬᠦᠨ ᠤ᠋ ᠥᠷᠲᠡᠭ ᠢ᠋ 150 ᠳ᠋ᠦᠩᠱᠢᠭᠤᠷ ᠲᠥᠭᠥᠷᠢᠭ ᠲᠦ᠍ ᠬᠦᠷᠭᠡᠬᠦ ᠪᠡᠷ ᠵᠢᠯᠤᠭᠤ ᠰᠤᠨᠭᠭᠠᠨ ᠤᠷᠤᠬᠰᠢᠯᠠᠨ᠎ᠠ ᠃
ᠮᠢᠬᠠᠨ ᠤ᠋ ᠬᠤᠨᠢ ᠵᠢᠨ ᠦᠷ᠎ᠡ ᠶ᠋ᠢᠨ ᠦᠢᠯᠡᠰ ᠤ᠋ᠨ ᠬᠦᠭᠵᠢᠯᠳᠡ ᠵᠢᠨ ᠲᠦᠪᠰᠢᠨ ᠢ᠋ ᠲᠠᠬᠡᠭᠰᠢᠯᠡᠬᠦᠯᠤᠨ᠎ᠠ
ᠰᠢᠯᠢᠨᠭᠬᠤᠲᠠ ᠶ᠋ᠢᠨ ᠦᠷ᠎ᠠ ᠵᠢᠨ ᠮᠠᠯ ᠪᠣᠢᠵᠢᠭᠤᠯᠬᠤ ᠲᠥᠪ ᠤ᠋ᠨ ᠬᠢᠨ ᠢᠵᠢᠯᠢ ᠬᠤᠭᠤᠴᠠᠭᠠᠨ ᠳ᠋ᠤ ᠤᠷᠤᠭ᠎ᠠ ᠤᠷᠤᠭᠤᠯᠬᠤ᠂ ᠭᠠᠷ ᠬᠡᠬᠡᠯᠳᠦᠭᠦᠯᠬᠡ ᠬᠢᠬᠦ ᠵᠡᠷᠬᠡ ᠠᠷᠭ᠎ᠠ ᠪᠡᠷ ᠤᠷᠤᠨ ᠨᠤᠳᠤᠭ ᠤ᠋ᠨ ᠱᠢᠯᠢᠳᠡᠭ ᠡᠭᠦᠯᠳᠡᠷ ᠤ᠋ᠨ ᠬᠤᠨᠢ ᠪᠤᠯᠬᠤ ᠦᠵᠦᠮᠦᠴᠢᠨ ᠬᠣᠨᠢ ᠵᠢ ᠰᠤᠩᠭᠤᠨ ᠪᠣᠢᠵᠢᠭᠤᠯᠵᠤ ᠪᠠᠢᠨ᠎ᠠ᠃ 《ᠲᠠᠷᠠᠭᠠᠴᠢ ᠪᠡᠷ ᠪᠢᠳᠡ ᠬᠦᠪᠦᠷᠡᠯ ᠱᠢᠯᠵᠢᠭᠦᠯᠬᠦ᠌ ᠪᠡᠷ ᠳᠡᠮᠵᠢᠨ ᠢᠬᠡᠷ᠎ᠡ ᠲᠥᠯ ᠤ᠋ᠨ ᠭᠧᠨ ᠲᠡᠶ ᠦᠵᠦᠮᠦᠴᠢᠨ ᠡᠮ᠎ᠡ ᠬᠣᠨᠢ ᠶ᠋ᠢ ᠦᠷᠬᠡᠳᠬᠡᠨ ᠦᠷᠡᠵᠢᠭᠦᠯᠵᠦ᠍ ᠂ ᠨᠤᠲᠤᠭ ᠪᠡᠯᠴᠢᠭᠡᠷ ᠤ᠋ᠨ ᠳᠠᠷᠤᠭᠠᠰᠤ ᠶ᠋ᠢ ᠬᠥᠩᠭᠡᠷᠡᠭᠦᠯᠬᠦ᠌ ᠂ ᠴᠥᠭᠡᠨ ᠮᠠᠯᠵᠢᠵᠤ ᠨᠠᠷᠢᠯᠢᠭ ᠲᠠᠵᠢᠬᠡᠬᠦ᠂ ᠮᠠᠯᠴᠢᠳ ᠤ᠋ᠨ ᠣᠷᠣᠯᠭ᠎ᠠ ᠶ᠋ᠢ ᠨᠡᠮᠡᠭ᠌ᠳᠡᠭᠦᠯᠬᠦ᠌ ᠂ ᠨᠤᠳᠤᠭ ᠪᠡᠯᠴᠢᠬᠡᠷ ᠤ᠋ᠨ ᠠᠮᠢ ᠠᠬᠤᠶ ᠵᠢ ᠬᠠᠮᠠᠭᠠᠯᠠᠬᠤ ᠵᠣᠷᠢᠯᠭ᠎ᠠ ᠳ᠋ᠠᠭᠠᠨ ᠬᠦᠷᠤᠨ᠎ᠠ》 ᠭᠡᠵᠦ ᠱᠢᠯᠢᠨᠭᠬᠤᠲᠠ ᠶ᠋ᠢᠨ ᠲᠠᠷᠢᠶᠠᠯᠠᠩ ᠮᠠᠯ ᠠᠵᠤ ᠠᠬᠤᠶ ᠶ᠋ᠢᠨ ᠮᠡᠷᠭᠡᠵᠢᠯ ᠢ᠋ ᠳᠡᠯᠭᠡᠷᠡᠭᠦᠯᠬᠦ᠌ ᠲᠥᠪ ᠤ᠋ᠨ ᠳᠡᠳ᠋ ᠡᠷᠬᠢᠯᠡᠭ᠌ᠴᠢ᠂ ᠦᠷ᠎ᠡ ᠵᠢᠨ ᠮᠠᠯ ᠪᠣᠢᠵᠢᠭᠤᠯᠬᠤ ᠲᠥᠪ ᠤ᠋ᠨ ᠮᠡᠷᠭᠡᠵᠢᠯᠲᠡᠨ ᠴᠣᠯᠮᠣᠨ ᠲᠠᠨᠢᠯᠴᠠᠭᠤᠯᠤᠨ᠎ᠠ ᠃ ᠣᠢᠷ᠎ᠠ ᠶ᠋ᠢᠨ ᠵᠢᠯ ᠡᠴᠡ ᠨᠠᠭᠠᠰᠢ᠂ ᠱᠢᠯᠢ ᠶ᠋ᠢᠨ ᠭᠤᠤᠯ ᠠᠢᠮᠠᠭ ᠦᠷ᠎ᠡ ᠶ᠋ᠢᠨ ᠦᠢᠯᠡᠰ ᠤ᠋ᠨ ᠬᠦᠭᠵᠢᠯᠳᠡ ᠵᠢᠨ ᠲᠦᠪᠰᠢᠨ ᠢ᠋ ᠲᠠᠬᠡᠭᠰᠢᠯᠡᠬᠦᠯᠬᠦ ᠠᠵᠢᠯᠯᠠᠭᠠᠨ ᠤ᠋ ᠲᠣᠭᠣᠷᠢᠨ ᠳ᠋ᠤ ᠮᠢᠬᠠᠨ ᠤ᠋ ᠬᠤᠨᠢ ᠵᠢᠨ ᠠᠵᠤ ᠦᠶ᠋ᠯᠡᠰ ᠤ᠋ᠨ ᠴᠢᠨᠠᠷ ᠰᠠᠢᠲᠠᠶ ᠬᠥᠭ᠌ᠵᠢᠯᠲᠡ ᠵᠢ ᠲᠦᠷᠭᠡᠳᠭᠡᠨ ᠠᠬᠢᠭᠤᠯᠵᠤ᠂ ᠤᠳᠤ ᠪᠦᠬᠦ ᠠᠢᠮᠠᠭ ᠤ᠋ᠨ ᠮᠢᠬᠠᠨ ᠤ᠋ ᠬᠤᠨᠢ ᠵᠢᠨ ᠡᠭᠦᠯᠳᠡᠷ ᠰᠠᠢᠵᠢᠷᠠᠭᠤᠯᠤᠭᠰᠠᠨ ᠨᠤᠷᠮ᠎ᠠ 98% ᠣᠷᠴᠢᠮ ᠳ᠋ᠤ ᠬᠦᠷᠴᠠᠢ᠃

ᠲᠠᠪᠠᠳᠠᠢ ᠪᠡᠯᠴᠢᠨᠠ
ᠮᠠᠨ ᠤ᠋ ᠤᠷᠤᠨ ᠤ᠋ ᠮᠢᠬᠠᠨ ᠤ᠋ ᠬᠤᠨᠢ ᠵᠢᠨ ᠡᠭᠦᠯᠳᠡᠷ ᠤ᠋ᠨ ᠡᠬᠢ ᠪᠠᠶᠠᠯᠢᠭ ᠡᠯᠪᠡᠭ ᠪᠠᠢᠵᠤ ᠂ ᠰᠦᠨᠢᠳ ᠬᠤᠨᠢ᠂ ᠦᠵᠦᠮᠦᠴᠢᠨ ᠬᠤᠨᠢ᠂ ᠬᠦᠯᠦᠨ ᠪᠤᠢᠷ ᠬᠤᠨᠢ᠂ ᠤᠷᠢᠶᠠᠨᠭᠬᠠᠢ ᠬᠤᠨᠢ ᠵᠡᠷᠭᠡ ᠤᠷᠤᠨ ᠨᠤᠲᠤᠭ ᠤ᠋ᠨ ᠰᠢᠯᠢᠳᠡᠭ ᠡᠭᠦᠯᠳᠡᠷ ᠤ᠋ᠨ ᠡᠬᠢ ᠪᠠᠶᠠᠯᠢᠭ ᠲᠠᠢ ᠶᠤᠮ ᠃ ᠡᠨᠡ ᠬᠦ᠌ ᠡᠬᠢ ᠪᠠᠶᠠᠯᠢᠭ ᠤ᠋ᠨ ᠵᠢᠡᠨ ᠨᠦᠬᠡᠴᠡ ᠬᠦᠴᠦᠨ ᠢ᠋ ᠭᠦᠢᠴᠡᠳ ᠪᠠᠳᠠᠷᠠᠭᠤᠯᠵᠤ ᠂ ᠮᠢᠬᠠᠨ ᠤ᠋ ᠬᠤᠨᠢ ᠵᠢᠨ ᠦᠷ᠎ᠡ ᠶ᠋ᠢᠨ ᠦᠢᠯᠡᠰ ᠤ᠋ᠨ ᠬᠦᠭᠵᠢᠯᠲᠡ ᠵᠢ ᠬᠢᠵᠠᠭᠠᠷᠯᠠᠵᠤ ᠪᠠᠢᠭ᠎ᠠ ᠵᠠᠨᠭᠭᠢᠯᠠᠭᠠ ᠶ᠋ᠢᠨ ᠭᠤᠤᠯ ᠠᠰᠠᠭᠤᠳᠠᠯ ᠤ᠋ᠨ ᠪᠤᠭᠤᠮᠲᠠ ᠰᠢᠪᠲᠤᠯᠤᠯᠳᠠ ᠵᠢ ᠪᠡᠶᠡᠯᠡᠭᠦᠯᠬᠦ ᠶ᠋ᠢᠨ ᠲᠦᠯᠦᠭᠡ ᠂ ᠦᠪᠦᠷ ᠮᠤᠨᠭᠭᠤᠯ ᠤ᠋ᠨ ᠮᠢᠬᠠᠨ ᠤ᠋ ᠬᠤᠨᠢ ᠵᠢᠨ ᠦᠷ᠎ᠡ ᠶ᠋ᠢᠨ ᠦᠢᠯᠡᠰ ᠤ᠋ᠨ ᠰᠢᠨ᠎ᠡ ᠵᠢ ᠡᠭᠦᠳᠬᠦ ᠬᠤᠯᠪᠤᠭ᠎ᠠ ᠡᠨᠡ ᠵᠢᠯ ᠡᠴᠡ 《ᠮᠢᠬᠠᠨ ᠤ᠋ ᠬᠤᠨᠢ ᠵᠢᠨ ᠰᠢᠯᠢᠳᠡᠭ ᠦᠷ᠎ᠡ ᠡᠳ᠋ ᠤᠨ ᠡᠬᠢ ᠪᠠᠶᠠᠯᠢᠭ ᠤ᠋ᠨ ᠰᠢᠨ᠎ᠡ ᠡᠭᠦᠳᠦᠯᠲᠡ ᠵᠢᠴᠢ ᠰᠠᠢᠨ ᠡᠭᠦᠯᠳᠡᠷ ᠤ᠋ᠨ ᠦᠷᠡᠵᠢᠯ ᠤ᠋ᠨ ᠰᠢᠰᠲᠸᠮ ᠤ᠋ᠨ ᠪᠠᠢᠭᠤᠯᠤᠯᠲᠠ》 ᠶ᠋ᠢᠨ ᠲᠦᠷᠦᠯ ᠵᠦᠢᠯ ᠢ᠋ ᠡᠬᠢᠯᠡᠬᠦᠯᠵᠤ᠂ ᠮᠢᠬᠠᠨ ᠤ᠋ ᠬᠤᠨᠢ ᠵᠢᠨ ᠰᠢᠯᠢᠳᠡᠭ ᠰᠠᠢᠨ ᠦᠷ᠎ᠡ ᠶ᠋ᠢᠨ ᠢᠷᠡᠯᠲᠡ ᠶ᠋ᠢ ᠪᠡᠶ᠎ᠡ ᠪᠠᠨ ᠳᠠᠭᠠᠭᠠᠵᠤ ᠡᠵᠡᠮᠳᠡᠬᠦ ᠬᠠᠷᠠᠯᠲᠠ ᠳ᠋ᠤ ᠬᠦᠷᠬᠦ ᠪᠡᠷ ᠴᠢᠷᠮᠠᠢᠵᠤ ᠪᠤᠢ ᠃
ᠮᠠᠨ ᠤ᠋ ᠤᠷᠤᠨ ᠮᠢᠬᠠᠨ ᠤ᠋ ᠬᠤᠨᠢ ᠵᠢᠨ ᠦᠷ᠎ᠠ ᠵᠢᠨ ᠦᠢᠯᠡᠰ ᠤ᠋ᠨ ᠬᠦᠭᠵᠢᠯᠲᠡ ᠶ᠋ᠢᠨ ᠲᠦᠪᠰᠢᠨ ᠢ᠋ ᠳᠡᠭᠡᠭ᠌ᠰᠢᠯᠡᠭᠦᠯᠬᠦ᠌ ᠠᠵᠢᠯᠯᠠᠭᠠᠨ ᠦᠷᠨᠢᠬᠦᠯᠵᠤ ᠂ ᠤᠯᠤᠰ ᠤ᠋ᠨ ᠲᠠᠰ ᠤ᠋ᠨ ᠮᠢᠬᠠᠨ ᠤ᠋ ᠬᠤᠨᠢ ᠵᠢᠨ ᠡᠭᠦᠯᠳᠡᠷ ᠪᠣᠢᠵᠢᠭᠤᠯᠬᠤ ᠭᠤᠤᠯᠯᠠᠬᠤ ᠲᠠᠯᠠᠪᠠᠶ ᠵᠢ 6 ᠡᠴᠡ ᠳᠡᠭᠡᠭ᠌ᠰᠢ ᠪᠠᠢᠭᠤᠯᠬᠤ ᠵᠢᠨ ᠬᠠᠮᠳᠤ᠂ ᠦᠵᠦᠮᠦᠴᠢᠨ ᠬᠣᠨᠢ ᠂ ᠰᠥᠨᠢᠳ ᠬᠣᠨᠢ ᠂ ᠬᠥᠯᠥᠨ ᠪᠤᠢᠷ ᠬᠣᠨᠢ ᠵᠡᠷᠭᠡ ᠣᠷᠣᠨ ᠨᠤᠲᠤᠭ ᠤ᠋ᠨ ᠰᠢᠯᠢᠳᠡᠭ ᠡᠭᠦᠯᠳᠡᠷ ᠤ᠋ᠨ ᠬᠣᠨᠢ ᠵᠢ ᠦᠷᠡᠵᠢᠭᠦᠯᠦᠨ ᠪᠣᠢᠵᠢᠭᠤᠯᠬᠤ ᠪᠠ ᠰᠣᠩᠭᠣᠨ ᠪᠣᠢᠵᠢᠭᠤᠯᠬᠤ ᠵᠢ ᠵᠣᠷᠢᠭ᠍ᠵᠢᠭᠤᠯᠵᠤ᠂ ᠮᠠᠯᠵᠢᠬᠤ ᠣᠷᠣᠨ᠂ ᠬᠠᠭᠠᠰ ᠮᠠᠯᠵᠢᠬᠤ ᠬᠠᠭᠠᠰ ᠲᠠᠷᠢᠶᠠᠯᠠᠬᠤ ᠤᠷᠤᠨ ᠪᠠ ᠲᠠᠷᠢᠶᠠᠯᠠᠬᠤ ᠣᠷᠣᠨ ᠳ᠋ᠤ ᠳᠣᠭᠢᠷᠠᠬᠤ ᠠᠳᠠᠯᠢ ᠪᠤᠰᠤ ᠦᠶ᠋ᠯᠡᠳᠪᠦᠷᠢᠯᠡᠯ ᠤ᠋ᠨ ᠠᠷᠭ᠎ᠠ ᠬᠡᠯᠪᠡᠷᠢ ᠵᠢᠨ ᠮᠢᠬᠠᠨ ᠤ᠋ ᠬᠤᠨᠢ ᠵᠢᠨ ᠰᠠᠢᠨ ᠡᠭᠦᠯᠳᠡᠷ ᠢ᠋ ᠪᠣᠢᠵᠢᠭᠤᠯᠬᠤ ᠱᠢᠰᠲ᠋ᠧᠮ ᠢ᠋ ᠪᠠᠢᠭᠤᠯᠵᠤ ᠂ ᠪᠥᠬᠥ᠌ ᠤᠯᠤᠰ ᠤ᠋ᠨ ᠮᠢᠬᠠᠨ ᠤ᠋ ᠬᠤᠨᠢ ᠵᠢᠨ ᠦᠷ᠎ᠡ ᠶ᠋ᠢᠨ ᠢᠷᠡᠯᠲᠡ ᠶ᠋ᠢᠨ ᠦᠶ᠋ᠯᠡᠳᠪᠦᠷᠢᠯᠡᠯ ᠪᠠ ᠭᠠᠷᠭᠠᠯᠲᠠ ᠶ᠋ᠢᠨ ᠴᠢᠬᠤᠯᠠ ᠰᠠᠭᠤᠷᠢᠨ ᠤ᠋ ᠪᠥᠲᠥᠭᠡᠨ ᠪᠠᠢᠭᠤᠯᠤᠯᠲᠠ ᠵᠢ ᠠᠬᠢᠭᠤᠯᠵᠤ ᠪᠠᠢᠨ᠎ᠠ ᠃
ᠪᠤᠢᠵᠢᠭᠤᠯᠵᠤ ᠲᠡᠵᠢᠭᠡᠬᠦ ᠠᠷᠭ᠎ᠠ ᠬᠡᠯᠪᠡᠷᠢ ᠵᠢ ᠲᠦᠷᠦᠯ ᠬᠤᠪᠢᠶᠠᠨ ᠠᠬᠢᠭᠤᠯᠤᠨ᠎ᠠ
ᠥᠨᠢᠷᠴᠡᠴᠡᠭ ᠤ᠋ᠨ ᠬᠢᠨ ᠪᠤᠯ ᠬᠦᠪᠡᠭᠡᠲᠦ ᠰᠢᠷ᠎ᠠ ᠬᠣᠱᠢᠭᠤᠨ ᠤ᠋ ᠴᠠᠬᠠᠷ ᠬᠣᠨᠢᠨ ᠤ᠋ ᠭᠤᠤᠯᠯᠠᠬᠤ ᠰᠦᠷᠦᠭ ᠢ᠋ ᠮᠠᠯᠵᠢᠵᠤ ᠪᠠᠢᠭ᠎ᠠ 205 ᠮᠠᠯᠴᠢᠨ ᠠᠢᠯ ᠤ᠋ᠨ ᠨᠢᠭᠡ ᠶᠤᠮ᠃ ᠲᠡᠳᠡᠨ ᠤ᠋ ᠬᠢᠨ ᠪᠡᠯᠴᠢᠭᠡᠷ ᠤ᠋ᠨ ᠲᠠᠭᠠᠭᠠᠴᠠ ᠪᠡᠷ ᠮᠠᠯ ᠤ᠋ᠨ ᠲᠤᠭ᠎ᠠ ᠪᠠᠨ ᠲᠣᠭ᠍ᠲᠠᠭᠠᠬᠤ ᠵᠢ ᠪᠠᠷᠢᠮᠲᠠᠯᠠᠬᠤ᠂ ᠪᠠᠷᠢᠮᠵᠢᠶ᠎ᠠ ᠶᠤᠰᠤᠭᠠᠷ ᠡᠭᠦᠯᠳᠡᠷ ᠤ᠋ᠨ ᠬᠤᠨᠢ ᠰᠣᠩᠭᠣᠨ ᠪᠣᠢᠵᠢᠭᠤᠯᠬᠤ᠂ ᠪᠠᠷᠢᠮᠵᠢᠶᠠᠵᠢᠭᠤᠯᠤᠨ ᠲᠡᠵᠢᠭᠡᠬᠦ᠌ ᠵᠢ ᠪᠠᠷᠢᠮᠲᠠᠯᠠᠵᠤ᠂ ᠤᠢ᠍ᠢᠷᠠ ᠶ᠋ᠢᠨ ᠵᠢᠯ ᠳ᠋ᠤ 3800 ᠮᠦ᠍ ᠨᠤᠲᠤᠭ ᠪᠡᠯᠴᠢᠭᠡᠷ ᠲᠠᠬᠡᠨ ᠮᠠᠯᠵᠢᠬᠤ ᠴᠠᠬᠠᠷ ᠬᠤᠨᠢ ᠵᠢᠨ ᠲᠣᠭ᠎ᠠ ᠵᠢ 200 ᠡᠴᠡ ᠳᠠᠪᠠᠭᠤᠯᠤᠬᠰᠠᠨ ᠦᠭᠡᠢ ᠪᠤᠯᠪᠠᠴᠤ ᠲᠤᠮᠳᠠᠴᠢ ᠪᠡᠷ ᠵᠢᠯ ᠪᠦᠷᠢ ᠵᠢᠨ ᠴᠡᠪᠡᠷ ᠣᠷᠣᠯᠭ᠎ᠠ ᠨᠢ 20 ᠲᠦᠮᠡᠨ ᠲᠥᠭᠥᠷᠢᠭ ᠢ᠋ ᠳᠠᠪᠠᠵᠤ ᠪᠠᠢᠨ᠎ᠠ᠃
ᠴᠠᠬᠠᠷ ᠬᠤᠨᠢ ᠵᠢᠨ ᠭᠤᠤᠯ ᠭᠠᠷᠤᠯᠲᠠ ᠶ᠋ᠢᠨ ᠣᠷᠣᠨ ᠪᠣᠯᠤᠭ᠍ᠰᠠᠨ ᠬᠥᠪᠡᠭᠡᠲᠦ ᠱᠢᠷᠠ ᠬᠣᠱᠢᠭᠤ ᠨᠤᠲᠤᠭ ᠪᠡᠯᠴᠢᠭᠡᠷ ᠴᠥᠯᠯᠡᠷᠬᠡᠭ᠌ᠵᠢᠵᠤ ᠪᠠᠢᠭ᠎ᠠ ᠪᠠᠢᠭᠠᠯᠢ ᠤᠷᠴᠢᠨ ᠪᠤᠯᠤᠨ ᠬᠥᠮᠦᠨ ᠳᠤᠮᠳᠠᠴᠢ ᠶ᠋ᠢᠨ ᠨᠤᠲᠤᠭ ᠪᠡᠯᠴᠢᠭᠡᠷ ᠤ᠋ᠨ ᠲᠠᠯᠠᠪᠠᠢ ᠨᠡᠯᠢᠶᠡᠳ ᠪᠠᠭ᠎ᠠ ᠪᠠᠢᠬᠤ ᠪᠣᠳᠠᠲᠤ ᠪᠠᠢᠳᠠᠯ ᠲᠠᠢ ᠪᠠᠨ ᠤᠶᠠᠯᠳᠤᠭᠤᠯᠤᠨ ᠴᠥᠭᠡᠨ ᠮᠠᠯᠵᠢᠵᠤ ᠨᠠᠷᠢᠯᠢᠭ ᠠᠷᠠᠴᠢᠯᠠᠬᠤ ᠵᠠᠮ ᠢ᠋ᠶ᠋ᠡᠷ ᠵᠠᠮᠨᠠᠵᠤ ᠂ ᠲᠡᠵᠢᠭᠡᠵᠤ ᠮᠠᠯᠵᠢᠬᠤ ᠲᠣᠭ᠎ᠠ ᠬᠡᠮᠵᠢᠶ᠎ᠡ ᠵᠢ ᠲᠣᠭ᠍ᠲᠠᠭᠤᠨ ᠪᠠᠢᠯᠭᠠᠬᠤ ᠶ᠋ᠢᠨ ᠬᠠᠮᠲᠤ ᠲᠡᠵᠢᠭᠡᠵᠤ ᠪᠤᠢᠵᠢᠭᠤᠯᠬᠤ ᠶᠠᠰᠤ ᠴᠢᠨᠠᠷ ᠢ᠋ ᠦᠨᠡᠨ ᠬᠦ᠌ ᠪᠠᠲᠤᠯᠠᠵᠤ᠂ ᠪᠠᠷᠢᠮᠵᠢᠶᠠᠵᠢᠭ᠍ᠰᠠᠨ᠂ ᠬᠡᠪᠴᠢᠶᠡᠵᠢᠭ᠌ᠰᠡᠨ᠂ ᠣᠶᠤᠨᠴᠢᠯᠠᠭ᠍ᠰᠠᠨ ᠣᠲᠣ ᠦᠶ᠎ᠡ ᠶ᠋ᠢᠨ ᠠᠮᠢ ᠠᠬᠤᠶ ᠶ᠋ᠢᠨ ᠮᠠᠯ ᠠᠵᠤ ᠠᠬᠤᠶ ᠶ᠋ᠢᠨ ᠬᠥᠭ᠌ᠵᠢᠯᠲᠡ ᠶ᠋ᠢᠨ ᠵᠠᠭ᠍ᠪᠤᠷ ᠢ᠋ ᠪᠠᠢᠭᠤᠯᠤᠨ ᠪᠡᠬᠢᠵᠢᠭᠦᠯᠪᠡ ᠃

ᠴᠢᠰᠤᠨ ᠴᠠᠢᠪᠠᠩ ᠠᠪᠴᠦ ᠡᠬᠦᠯᠳᠡᠷ ᠰᠠᠢᠵᠢᠷᠠᠭᠤᠯᠬᠤ ᠳ᠋ᠤ ᠪᠡᠯᠡᠳᠬᠡᠨ᠎ᠠ
ᠪᠠᠶᠠᠨᠨᠠᠭᠤᠷ ᠬᠤᠲᠠ ᠤᠢᠷ᠎ᠠ ᠶ᠋ᠢᠨ ᠵᠢᠯ ᠳ᠋ᠤ ᠳᠠᠭᠠᠭᠤᠯᠤᠭ᠍ᠴᠢ ᠠᠵᠤ ᠠᠬᠤᠢᠯᠠᠯ ᠢ᠋ᠶ᠋ᠡᠷ ᠬᠦᠲᠦᠯᠦᠨ ᠳᠠᠭᠠᠭᠤᠯᠵᠤ ᠂ 《ᠡᠬᠡ ᠬᠤᠨᠢ ᠪᠠᠨ ᠨᠠᠢᠳᠠᠨ ᠲᠡᠵᠢᠭᠡᠯᠭᠡᠵᠦ ᠬᠤᠷᠠᠭ᠎ᠠ ᠪᠠᠨ ᠬᠤᠳᠠᠯᠳᠤᠬᠤ》 ᠵᠠᠭ᠍ᠪᠤᠷ ᠢ᠋ ᠢᠳᠡᠪᠬᠢᠳᠠᠢ ᠲᠦᠬᠡᠮᠡᠯᠵᠢᠬᠦᠯᠵᠤ ᠪᠠᠢᠨ᠎ᠠ ᠃ 《ᠨᠢᠳᠤᠨᠤᠨ ᠤ᠋ 11 ᠰᠠᠷ᠎ᠠ ᠳ᠋ᠤ ᠲᠣᠰᠭᠣᠨ ᠡᠴᠡ ᠲᠦᠯᠯᠡᠬᠦ ᠨᠠᠰᠤᠨ ᠤ᠋ 1087 ᠡᠮ᠎ᠡ ᠬᠤᠨᠢ ᠵᠢ ᠵᠢᠨ ᠼᠤᠤ ᠶᠤᠸᠠᠨ ᠺᠣᠮᠫᠠᠨᠢ ᠳ᠋ᠤ ᠨᠠᠢᠳᠠᠨ ᠲᠡᠵᠢᠭᠡᠯᠭᠡᠵᠤ᠂ ᠡᠨᠡ ᠵᠢᠯ ᠤ᠋ᠨ 4 ᠰᠠᠷ᠎ᠠ ᠳ᠋ᠤ ᠠᠵᠤ ᠠᠬᠤᠢᠯᠠᠯ ᠡᠴᠡ ᠲᠤᠰᠴᠦ ᠪᠤᠢᠵᠢᠭᠤᠯᠤᠭᠰᠠᠨ 346 ᠬᠤᠷᠠᠭ᠎ᠠ ᠵᠢ 22 ᠲᠦᠮᠡᠨ ᠲᠥᠭᠥᠷᠢᠭ ᠵᠢᠡᠷ ᠵᠢᠨ ᠼᠤᠤ ᠶᠤᠸᠠᠨ ᠺᠣᠮᠫᠠᠨᠢ ᠳ᠋ᠤ ᠬᠤᠳᠠᠯᠳᠤᠯ᠎ᠠ》 ᠭᠡᠵᠦ ᠤᠷᠠᠳ ᠤ᠋ᠨ ᠬᠣᠢᠲᠤ ᠬᠣᠱᠢᠭᠤᠨ ᠤ᠋ ᠪᠠᠶᠠᠨᠪᠤᠯᠠᠭ ᠪᠠᠯᠭᠠᠰᠤ ᠵᠢᠨ ᠡᠦ ᡁᠢ ᠴᠢᠦᠢ ᠲᠣᠰᠭᠣᠨ ᠤ᠋ ᠨᠠᠮ ᠤ᠋ᠨ ᠡᠭᠦᠷ ᠤ᠋ᠨ ᠱᠦᠵᠢ ᠸᠠᠩ ᠵᠢᠶᠠᠨ ᠭᠦᠩ ᠤᠷᠮᠠᠳᠠᠢ ᠶᠠᠷᠢᠨ᠎ᠠ᠃ ᠡᠭᠦᠨ ᠡᠴᠡ ᠭᠠᠳᠠᠨ᠎ᠠ᠂ ᠪᠠᠶᠠᠨᠨᠠᠭᠤᠷ ᠬᠣᠲᠠ ᠪᠠᠰᠠ ᠠᠵᠤ ᠠᠬᠤᠢᠯᠠᠯ ᠡᠴᠡ ᠬᠡᠬᠡᠯ ᠲᠠᠢ ᠡᠬᠡ ᠬᠣᠨᠢ ᠬᠠᠩᠭᠠᠵᠤ ᠂ ᠲᠡᠵᠢᠭᠡᠪᠦᠷᠢ ᠶ᠋ᠢᠨ ᠡᠷᠦᠬᠡ ᠡᠴᠡ ᠬᠤᠷᠠᠭ᠎ᠠ ᠲᠤᠰᠴᠦ ᠪᠣᠢᠵᠢᠭᠤᠯᠬᠤ ᠵᠢ ᠵᠣᠷᠢᠭ᠍ᠵᠢᠭᠤᠯᠤᠨ ᠳᠡᠮᠵᠢᠵᠦ᠍᠂ 《ᠵᠠᠰᠠᠭ ᠤ᠋ᠨ ᠣᠷᠳᠣᠨ + ᠠᠵᠤ ᠠᠬᠤᠢᠯᠠᠯ + ᠪᠠᠩᠬᠢ + ᠲᠡᠵᠢᠭᠡᠪᠦᠷᠢ ᠶ᠋ᠢᠨ ᠡᠷᠦᠬᠡ + ᠳᠠᠭᠠᠳᠭᠠᠯ》 ᠣᠯᠠᠨ ᠲᠠᠯ᠎ᠠ ᠶ᠋ᠢᠨ ᠬᠠᠮᠲᠤᠷᠠᠯᠴᠠᠭᠠᠨ ᠤ᠋ ᠠᠱᠢᠭ ᠲᠤᠰᠠ ᠶ᠋ᠢᠨ ᠬᠣᠯᠪᠣᠭᠠᠨ ᠤ᠋ ᠲᠣᠭ᠍ᠲᠠᠴᠠ ᠵᠢ ᠪᠠᠢᠭᠤᠯᠵᠤ ᠂ ᠮᠢᠬᠠᠨ ᠤ᠋ ᠬᠤᠨᠢ ᠵᠢᠨ ᠠᠵᠤ ᠦᠶ᠋ᠯᠡᠰ ᠤ᠋ᠨ ᠬᠣᠯᠪᠣᠭᠠᠳᠤ ᠴᠤᠭᠴᠠ ᠵᠢ ᠬᠠᠢᠨ ᠬᠥᠭ᠌ᠵᠢᠭᠦᠯᠵᠤ ᠪᠤᠢ ᠃
ᠮᠠᠨ ᠤ᠋ ᠤᠷᠤᠨ ᠮᠢᠬᠠᠨ ᠤ᠋ ᠬᠤᠨᠢ ᠲᠡᠵᠢᠭᠡᠵᠤ ᠪᠤᠢᠵᠢᠭᠤᠯᠬᠤ ᠠᠷᠭ᠎ᠠ ᠬᠡᠯᠪᠡᠷᠢ ᠵᠢ ᠲᠥᠷᠥᠯ ᠬᠤᠪᠢᠶᠠᠨ ᠠᠬᠢᠭᠤᠯᠵᠤ ᠂ ᠮᠠᠯᠵᠢᠬᠤ ᠣᠷᠣᠨ ᠳ᠋ᠤ ᠪᠡᠯᠴᠢᠭᠡᠷ ᠤ᠋ᠨ ᠲᠠᠭᠠᠭᠠᠴᠠ ᠪᠡᠷ ᠮᠠᠯ ᠤ᠋ᠨ ᠲᠤᠭ᠎ᠠ ᠵᠢ ᠲᠣᠭ᠍ᠲᠠᠭᠠᠬᠤ᠂ ᠴᠦᠬᠡᠨ ᠮᠠᠯᠵᠢᠵᠤ ᠨᠠᠷᠢᠯᠢᠭ ᠠᠷᠠᠴᠢᠯᠠᠬᠤ᠂ 《ᠪᠡᠯᠴᠢᠭᠡᠷᠯᠡᠭᠦᠯᠬᠦ + ᠲᠡᠵᠢᠭᠡᠯ ᠪᠤᠷᠳᠤᠭ᠎ᠠ ᠨᠥᠬᠥᠪᠥᠷᠢᠯᠡᠬᠦ᠌》 ᠮᠡᠳᠤ ᠵᠢᠨ ᠲᠡᠵᠢᠭᠡᠵᠤ ᠪᠤᠢᠵᠢᠭᠤᠯᠬᠤ ᠠᠷᠭ᠎ᠠ ᠬᠡᠯᠪᠡᠷᠢ ᠵᠢ ᠠᠬᠢᠭᠤᠯᠵᠤ ᠂ ᠨᠤᠲᠤᠭ ᠪᠡᠯᠴᠢᠭᠡᠷ ᠤ᠋ᠨ ᠳᠠᠷᠤᠯᠲᠠ ᠵᠢ ᠪᠠᠭᠠᠰᠭᠠᠨ ᠂ ᠰᠦᠷᠦᠭ ᠤ᠋ᠨ ᠡᠷᠭᠢᠯᠲᠡ ᠵᠢ ᠲᠦᠷᠭᠡᠳᠭᠡᠵᠦ ᠪᠠᠢᠨ᠎ᠠ ; ᠬᠠᠭᠠᠰ ᠮᠠᠯᠵᠢᠬᠤ ᠬᠠᠭᠠᠰ ᠲᠠᠷᠢᠶᠠᠯᠠᠬᠤ ᠤᠷᠤᠨ ᠪᠤᠯᠤᠨ ᠲᠠᠷᠢᠶᠠᠯᠠᠬᠤ ᠣᠷᠣᠨ ᠳ᠋ᠤ ᠥᠪᠡᠰᠦᠪᠡᠨ ᠦᠷᠡᠵᠢᠭᠦᠯᠵᠦ᠍ ᠥᠪᠡᠰᠦᠪᠡᠨ ᠪᠣᠢᠵᠢᠭᠤᠯᠬᠤ ᠪᠠ ᠪᠠᠷᠢᠮᠵᠢᠶᠠᠵᠢᠭᠤᠯᠤᠨ ᠪᠣᠷᠳᠣᠵᠤ ᠲᠠᠷᠭᠤᠯᠠᠭᠤᠯᠬᠤ ᠵᠢ ᠬᠠᠷᠢᠯᠴᠠᠨ ᠤᠶᠠᠯᠳᠤᠭᠤᠯᠬᠤ ᠂ ᠲᠠᠷᠢᠵᠤ ᠲᠡᠵᠢᠭᠡᠬᠦ᠌ ᠵᠢ ᠤᠶᠠᠯᠳᠤᠭᠤᠯᠬᠤ᠂ ᠮᠠᠯᠵᠢᠬᠤ ᠤᠷᠤᠨ ᠳ᠋ᠤ ᠪᠤᠢᠵᠢᠭᠤᠯᠵᠤ ᠲᠠᠷᠢᠶᠠᠯᠠᠬᠤ ᠤᠷᠤᠨ ᠳ᠋ᠤ ᠪᠤᠷᠳᠤᠵᠤ ᠲᠠᠷᠭᠤᠯᠠᠭᠤᠯᠬᠤ᠂ ᠲᠡᠵᠢᠭᠡᠪᠦᠷᠢ ᠶ᠋ᠢᠨ ᠡᠷᠦᠬᠡ ᠪᠤᠢᠵᠢᠭᠤᠯᠵᠤ ᠠᠵᠤ ᠠᠬᠤᠢᠯᠠᠯ ᠡᠴᠡ ᠪᠤᠷᠳᠤᠵᠤ ᠲᠠᠷᠭᠤᠯᠠᠭᠤᠯᠬᠤ ᠵᠡᠷᠭᠡ ᠵᠠᠭ᠍ᠪᠤᠷ ᠢ᠋ ᠬᠡᠷᠡᠭᠵᠢᠭᠦᠯᠵᠦ ᠂ ᠬᠤᠶᠠᠷ ᠵᠢᠯ ᠳ᠋ᠤ ᠭᠤᠷᠪᠠ ᠤᠳᠠᠭ᠎ᠠ ᠲᠦᠯ ᠲᠤᠰᠬᠤ ᠂ ᠨᠢᠬᠡ ᠤᠳᠠᠭ᠎ᠠ ᠳ᠋ᠤ ᠤᠯᠠᠨ ᠲᠦᠯ ᠲᠤᠰᠬᠤ ᠵᠡᠷᠬᠡ ᠵᠢ ᠲᠠᠯᠬᠡᠷᠡᠬᠦᠯᠵᠤ᠂ ᠮᠢᠬᠠᠨ ᠤ᠋ ᠬᠤᠨᠢ ᠵᠢᠨ ᠰᠦᠷᠦᠭ ᠢ᠋ ᠥᠷᠭᠡᠳᠭᠡᠨ ᠬᠡᠮᠵᠢᠶ᠎ᠡ ᠵᠢ ᠨᠡᠮᠡᠭ᠌ᠳᠡᠭᠦᠯᠬᠦ᠌ ᠪᠠ ᠪᠠᠷᠢᠮᠵᠢᠶᠠᠵᠢᠭᠤᠯᠵᠤ ᠬᠡᠪᠴᠢᠶᠡᠵᠢᠭᠦᠯᠦᠨ ᠲᠡᠵᠢᠭᠡᠬᠦ ᠵᠢ ᠠᠬᠢᠭᠤᠯᠵᠤ ᠪᠠᠢᠨ᠎ᠠ᠃
ᠪᠡᠯᠴᠢᠬᠡᠷ ᠤ᠋ᠨ ᠮᠢᠬᠠᠨ ᠤ᠋ ᠬᠤᠨᠢ ᠵᠢᠨ ᠦᠷ᠎ᠠ ᠠᠰᠢᠭ ᠢ᠋ ᠲᠠᠬᠡᠭᠰᠢᠯᠡᠬᠦᠯᠦᠨᠠ
ᠱᠢᠯᠢ ᠶ᠋ᠢᠨ ᠭᠤᠤᠯ ᠤ᠋ᠨ ᠶᠠᠩ ᠶᠠᠩ ᠮᠠᠯᠵᠢᠯ ᠤ᠋ᠨ ᠺᠣᠮᠫᠠᠨᠢ ᠮᠢᠬᠠᠨ ᠤ᠋ ᠬᠤᠨᠢ ᠡᠴᠡ 200 ᠭᠠᠷᠤᠶ ᠵᠦᠶ᠋ᠯ ᠤ᠋ᠨ ᠪᠦᠳᠦᠬᠡᠭᠳᠡᠬᠦᠨ ᠪᠤᠯᠪᠠᠰᠤᠷᠠᠭᠤᠯᠵᠤ᠂ ᠪᠦᠳᠦᠬᠡᠭᠳᠡᠬᠦᠨ ᠪᠤᠯᠭᠠᠨ ᠳ᠋ᠤ ᠪᠦᠷ ᠠᠳᠠᠯᠢ ᠪᠤᠰᠤ ᠵᠢᠨ ᠵᠤᠭᠤᠭᠯᠠᠬᠤ ᠠᠷᠭ᠎ᠠ ᠲᠠᠢ ᠪᠠᠢᠵᠤ᠂ ᠬᠡᠷᠡᠭ᠌ᠯᠡᠭ᠌ᠴᠢᠳ ᠤ᠋ᠨ ᠬᠦᠷᠢᠶᠡᠯᠡᠯ ᠲᠠᠭᠠᠰᠢᠶᠠᠯ ᠢ᠋ ᠬᠦᠷᠲᠡᠵᠦ ᠪᠠᠢᠨ᠎ᠠ᠃ 《ᠪᠢᠳᠡᠨ ᠤ᠋ ᠡᠷᠪᠡᠬᠡᠶ ᠬᠠᠪᠢᠷᠭ᠎ᠠ᠂ ᠰᠡᠬᠡᠷ ᠤ᠋ᠨ ᠶᠠᠰᠤ ᠮᠡᠳᠤ ᠵᠢᠨ ᠵᠢᠵᠢᠭ ᠪᠣᠭᠣᠳᠠᠯ ᠲᠠᠢ ᠪᠦᠲᠦᠭᠡᠭ᠌ᠳᠡᠬᠦᠨ ᠤ᠋ ᠪᠣᠷᠣᠯᠠᠭᠤᠯᠭ᠎ᠠ ᠮᠠᠰᠢ ᠰᠠᠢᠨ᠂ ᠠᠳᠠᠯᠢ ᠪᠤᠰᠤ ᠬᠡᠷᠡᠭ᠌ᠯᠡᠭ᠌ᠴᠢᠳ ᠤ᠋ᠨ ᠬᠡᠷᠡᠭ᠌ᠴᠡᠭᠡ ᠱᠠᠭᠠᠷᠳᠠᠯᠭ᠎ᠠ ᠵᠢ ᠪᠦᠳᠦᠮᠵᠢᠳᠠᠢ ᠬᠠᠩᠭᠠᠯ᠎ᠠ》 ᠭᠡᠵᠦ ᠶᠠᠩ ᠶᠠᠩ ᠮᠠᠯᠵᠢᠯ ᠤ᠋ᠨ ᠺᠣᠮᠫᠠᠨᠢ ᠶ᠋ᠢᠨ ᠳᠡᠳ᠋ ᠶᠡᠷᠦᠩᠬᠡᠶ ᠳᠠᠭᠠᠭᠠᠮᠠᠯ ᠴᠢᠶᠣᠤ ᠱᠢᠤᠸᠠᠢ ᠶᠦᠨ ᠲᠠᠨᠢᠯᠴᠠᠭᠤᠯᠤᠨ᠎ᠠ ᠃
ᠣᠢᠷ᠎ᠠ ᠶ᠋ᠢᠨ ᠵᠢᠯ ᠡᠴᠡ ᠨᠠᠭᠠᠰᠢ᠂ ᠰᠢᠯᠢ ᠶ᠋ᠢᠨ ᠭᠤᠤᠯ ᠠᠢᠮᠠᠭ ᠳ᠋ᠠ ᠵᠤᠸᠠᠩ ᠶᠤᠸᠠᠨ ᠺᠤᠮᠫᠠᠨᠢ ᠂ ᠡᠷᠳᠡᠨᠢ ᠮᠢᠬᠠᠨ ᠤ᠋ ᠦᠶ᠋ᠯᠡᠰ ᠤ᠋ᠨ ᠺᠤᠮᠫᠠᠨᠢ ᠂ ᠶᠠᠩ ᠶᠠᠩ ᠮᠠᠯᠵᠢᠯ ᠤ᠋ᠨ ᠺᠤᠮᠫᠠᠨᠢ ᠵᠡᠷᠭᠡ ᠨᠢᠭᠡ ᠪᠦᠯᠦᠭ ᠳᠠᠢᠴᠢᠯᠠᠬᠤ ᠴᠢᠳᠠᠪᠤᠷᠢ ᠪᠡᠷ ᠨᠡᠯᠢᠶᠡᠳ ᠴᠢᠩᠭ᠎ᠠ ᠤᠯᠠᠭᠠᠨ ᠢᠳᠡᠭᠡᠨ ᠪᠤᠯᠪᠠᠰᠤᠷᠠᠭᠤᠯᠬᠤ᠌ ᠳᠠᠭᠠᠭᠤᠯᠤᠬᠴᠢ ᠠᠵᠤ ᠠᠬᠤᠢᠯᠠᠯ ᠢ᠋ ᠣᠷᠣᠭᠤᠯᠤᠨ ᠠᠪᠴᠢᠷᠠᠭ᠍ᠰᠠᠨ ᠪᠠ ᠪᠣᠢᠵᠢᠭᠤᠯᠤᠨ ᠬᠦᠭᠵᠢᠬᠦᠯᠵᠤ᠂ ᠮᠢᠬᠠᠨ ᠤ᠋ ᠬᠤᠨᠢ ᠡᠳ᠋ᠱᠢᠭᠦᠯᠬᠦ ᠠᠵᠢᠯ ᠲᠥᠷᠥᠯ ᠢ᠋ ᠨᠡᠢᠳᠭᠡᠨ ᠳᠡᠰ ᠳᠡᠪᠰᠢᠭᠦᠯᠵᠦ ᠂ ᠮᠢᠬᠠᠨ ᠤ᠋ ᠬᠤᠨᠢ ᠵᠢᠨ ᠠᠵᠤ ᠦᠶ᠋ᠯᠡᠰ ᠤ᠋ᠨ ᠬᠡᠯᠬᠢᠶ᠎ᠡ ᠵᠢ ᠤᠷᠲᠤᠳᠭᠠᠨ᠂ ᠦᠢᠯᠡᠳᠬᠦᠨ ᠤ᠋ ᠨᠡᠮᠡᠯᠲᠡ ᠥᠷᠲᠡᠭ ᠢ᠋ ᠳᠡᠭᠡᠭ᠌ᠰᠢᠯᠡᠭᠦᠯᠪᠡ᠃ ᠡᠭᠦᠨ ᠤ᠋ ᠵᠡᠷᠭᠡ ᠪᠡᠷ ᠱᠢᠯᠢ ᠶ᠋ᠢᠨ ᠭᠤᠤᠯ ᠤ᠋ᠨ ᠬᠤᠨᠢ ᠵᠢᠨ ᠣᠷᠣᠨ ᠪᠦᠰᠡ ᠶ᠋ᠢᠨ ᠨᠡᠢᠲᠡ ᠶ᠋ᠢᠨ ᠬᠡᠷᠡᠭ᠌ᠯᠡᠭᠡᠨ ᠤ᠋ ᠲᠥᠷᠥᠯ ᠲᠡᠮᠳᠡᠭ ᠤ᠋ᠨ ᠪᠠᠢᠭᠤᠯᠤᠯᠲᠠ ᠵᠢ ᠠᠬᠢᠭᠤᠯᠵᠤ᠂ 《ᠱᠢᠯᠢ ᠶ᠋ᠢᠨ ᠭᠤᠤᠯ ᠤ᠋ᠨ ᠬᠣᠨᠢᠨ ᠮᠢᠬ᠎ᠠ》 ᠳᠤᠮᠳᠠᠳᠤ ᠤᠯᠤᠰ ᠤ᠋ᠨ ᠨᠠᠷᠠᠲᠤ ᠲᠠᠸᠠᠷ ᠤ᠋ᠨ ᠲᠡᠮᠳᠡᠭ ᠢ᠋ᠶ᠋ᠡᠷ ᠪᠦᠷᠢᠳᠬᠡᠬᠦᠯᠵᠤ᠂ ᠱᠢᠯᠢ ᠶ᠋ᠢᠨ ᠭᠤᠤᠯ ᠠᠢᠮᠠᠭ 《ᠳᠤᠮᠳᠠᠳᠤ ᠤᠯᠤᠰ ᠤ᠋ᠨ ᠠᠮᠢ ᠠᠬᠤᠶ ᠶ᠋ᠢᠨ ᠬᠣᠨᠢᠨ ᠤ᠋ ᠠᠵᠤ ᠦᠢᠯᠡᠰ ᠤ᠋ᠨ ᠬᠤᠲᠠ》 ᠪᠡᠷ ᠨᠡᠷᠡᠢᠳᠦᠬᠳᠡᠪᠡ ᠃

ᠬᠤᠨᠢᠨ ᠰᠦᠷᠦᠭ
(ᠬᠡᠷᠡᠯ ᠵᠢᠷᠤᠭ ᠤ᠋ᠳ ᠢ᠋ ᠮᠠ ᠵᠢᠶᠠᠨ ᠴᠢᠤᠸᠠᠨ᠂ ᠯᠢᠤ ᠯᠢᠶᠠᠨ ᠹᠸᠨ᠂ ᠶᠠᠩ ᠸᠸᠢ ᠳ᠋ᠦᠩ ᠰᠡᠬᠦᠳᠡᠷᠯᠡᠪᠡ)
《ᠠᠷᠪᠠᠨ ᠳᠦᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ ᠳ᠋ᠤ ᠂ ᠮᠠᠨ ᠤ᠋ ᠤᠷᠤᠨ ᠳᠠᠪᠠᠭᠤᠯᠢᠬᠲᠤ ᠭᠠᠷᠤᠯᠲᠠ ᠶ᠋ᠢᠨ ᠣᠷᠣᠨ ᠤ᠋ ᠮᠢᠬᠠᠨ ᠤ᠋ ᠬᠣᠨᠢ ᠵᠢ ᠨᠠᠷᠢᠯᠢᠭ ᠡᠳ᠋ᠱᠢᠭᠦᠯᠬᠦ᠌ ᠳᠠᠭᠠᠭᠤᠯᠤᠬᠴᠢ ᠠᠵᠤ ᠠᠬᠤᠢᠯᠠᠯ ᠢ᠋ ᠭᠣᠣᠯᠳᠠᠯᠭ᠎ᠠ ᠲᠠᠢ ᠪᠣᠢᠵᠢᠭᠤᠯᠵᠤ ᠂ ᠵᠢᠯ ᠤ᠋ᠨ ᠦᠶ᠋ᠯᠡᠳᠪᠦᠷᠢᠯᠡᠯ ᠤ᠋ᠨ ᠥᠷᠲᠡᠭ ᠨᠢ 5 ᠳ᠋ᠦᠩᠱᠢᠭᠤᠷ ᠲᠥᠭᠥᠷᠢᠭ ᠢ᠋ ᠳᠠᠪᠠᠭ᠍ᠰᠠᠨ ᠪᠡᠯᠴᠢᠭᠡᠷ ᠤ᠋ᠨ ᠮᠢᠬᠠᠨ ᠤ᠋ ᠬᠤᠨᠢ ᠵᠢᠨ ᠠᠵᠤ ᠦᠢᠯᠡᠰᠵᠢᠯᠳᠡ ᠵᠢᠨ ᠬᠣᠯᠪᠣᠭᠠᠳᠤ ᠴᠤᠭᠴᠠ ᠵᠢ 5 ᠪᠣᠢᠵᠢᠭᠤᠯᠵᠤ᠂ ᠵᠢᠯ ᠤ᠋ᠨ ᠦᠶ᠋ᠯᠡᠳᠪᠦᠷᠢᠯᠡᠯ ᠤ᠋ᠨ ᠥᠷᠲᠡᠭ ᠨᠢ 10 ᠳ᠋ᠦᠩᠱᠢᠭᠤᠷ ᠲᠥᠭᠥᠷᠢᠭ ᠢ᠋ ᠳᠠᠪᠠᠭ᠍ᠰᠠᠨ ᠪᠡᠯᠴᠢᠭᠡᠷ ᠤ᠋ᠨ ᠮᠢᠬᠠᠨ ᠤ᠋ ᠬᠤᠨᠢ ᠵᠢ ᠡᠳ᠋ᠱᠢᠭᠦᠯᠬᠦ᠌ ᠬᠦᠷᠢᠶᠡᠯᠡᠩ ᠲᠣᠭᠣᠷᠢᠭ ᠢ᠋ 5 ᠪᠠᠢᠭᠤᠯᠤᠨ᠎ᠠ ; ᠨᠠᠷᠢᠯᠢᠭ ᠬᠡᠰᠡᠭ᠌ᠯᠡᠭ᠌ᠰᠡᠠ ᠪᠠ ᠬᠦᠢᠲᠡᠨ ᠰᠣᠷᠭᠣᠭ ᠤᠯᠠᠭᠠᠨ ᠢᠳᠡᠭᠡᠨ ᠵᠢᠴᠢ ᠪᠡᠶ᠎ᠡ ᠰᠤᠪᠢᠯᠠᠬᠤ ᠂ ᠡᠷᠡᠭᠦᠯ ᠮᠡᠨᠳᠦ᠍ ᠵᠢ ᠬᠠᠮᠠᠭᠠᠯᠠᠬᠤ ᠪᠠ ᠴᠢᠳᠠᠮᠵᠢ ᠶ᠋ᠢᠨ ᠴᠢᠨᠠᠷᠲᠠᠶ ᠣᠨᠴᠠᠯᠢᠭ᠍ᠲᠤ ᠤᠯᠠᠭᠠᠨ ᠢᠳᠡᠭᠡᠨ ᠤ᠋ ᠪᠦᠲᠦᠭᠡᠭ᠌ᠳᠡᠬᠦᠨ ᠤ᠋ ᠠᠵᠤ ᠦᠢᠯᠡᠰ ᠢ᠋ ᠶᠡᠬᠡ ᠪᠡᠷ ᠬᠥᠭ᠌ᠵᠢᠭᠦᠯᠵᠦ᠍ ᠂ ᠲᠤᠰᠠᠯᠠᠬᠤ ᠪᠦᠲᠦᠭᠡᠭ᠌ᠳᠡᠬᠦᠨ ᠢ᠋ ᠡᠳ᠋ᠱᠢᠭᠦᠯᠵᠤ ᠶᠡᠷᠦᠩᠬᠡᠢᠯᠡᠨ ᠠᠱᠢᠭ᠍ᠯᠠᠬᠤ ᠲᠦᠪᠰᠢᠨ ᠢ᠋ ᠳᠡᠭᠡᠭ᠌ᠰᠢᠯᠡᠭᠦᠯᠦᠨᠡ ; ᠪᠡᠯᠴᠢᠭᠡᠷ ᠤ᠋ᠨ ᠮᠢᠬᠠᠨ ᠤ᠋ ᠬᠤᠨᠢ ᠵᠢᠨ ᠪᠣᠬᠢᠷᠲᠤᠯ ᠥᠬᠡᠶ ᠲᠥᠷᠥᠯ ᠲᠡᠮᠳᠡᠭ᠌ ᠤ᠋ᠨ ᠳᠠᠪᠠᠭᠤᠯᠢᠭ ᠢ᠋ ᠪᠠᠳᠠᠷᠠᠭᠤᠯᠵᠤ᠂ ᠱᠢᠯᠢ ᠶ᠋ᠢᠨ ᠭᠤᠤᠯ ᠂ ᠬᠥᠯᠥᠨ ᠪᠣᠢᠷ᠂ ᠠᠷᠪᠠᠰ᠂ ᠤᠷᠠᠳ ᠵᠡᠷᠭᠡ ᠪᠡᠯᠴᠢᠭᠡᠷ ᠤ᠋ᠨ ᠬᠤᠨᠢ ᠵᠢᠨ ᠲᠥ᠋ᠷᠥᠯ ᠲᠡᠮᠳᠡᠭ᠌ ᠢ᠋ ᠠᠯᠳᠠᠷᠱᠢᠭᠤᠯᠤᠨ᠂ ᠪᠡᠯᠴᠢᠭᠡᠷ ᠤ᠋ᠨ ᠬᠤᠨᠢ ᠵᠢᠨ ᠲᠥᠷᠥᠯ ᠲᠡᠮᠳᠡᠭ᠌ ᠤ᠋ᠨ ᠦᠨ᠎ᠡ ᠥᠷᠲᠡᠭ ᠪᠤᠯᠤᠨ ᠠᠰᠢᠭ ᠰᠢᠮ᠎ᠠ ᠵᠢᠨ ᠭᠠᠷᠤᠯᠲᠠ ᠵᠢᠨ ᠦᠷ᠎ᠡ ᠠᠱᠢᠭ ᠢ᠋ ᠳᠡᠭᠡᠭ᠌ᠰᠢᠯᠡᠭᠦᠯᠬᠦ ᠪᠤᠯᠤᠨ᠎ᠠ᠃