《ᠭᠤᠷᠪᠠᠨ ᠹᠦ᠋》 ᠵᠢᠨ ᠬᠤᠭᠤᠴᠠᠭᠠᠨ᠎ᠳᠤ ᠪᠥᠬᠥ᠌ ᠤᠯᠤᠰ᠎ᠤᠨ ᠣᠯᠠᠨ ᠭᠠᠵᠠᠷ᠎ᠲᠤ ᠥᠨᠳᠥᠷ ᠬᠠᠯᠠᠭᠤᠨ ᠴᠠᠭ ᠠᠭᠤᠷ ᠢᠯᠡᠷᠡᠵᠦ᠍᠂ ᠨᠠᠷᠠᠱᠢᠬᠤ᠂ ᠬᠣᠳᠣᠭᠣᠳᠣ ᠭᠡᠳᠡᠰᠦᠨ᠎ᠦ ᠡᠪᠡᠳᠴᠢᠨ ᠵᠡᠷᠭᠡ ᠥᠨᠳᠥᠷ ᠬᠠᠯᠠᠭᠤᠨ ᠡᠴᠡ ᠪᠤᠯᠤᠬᠰᠡᠨ ᠡᠪᠡᠳᠴᠢᠨ ᠪᠠᠢᠨ ᠳᠠᠬᠢᠨ ᠳᠡᠯᠭᠡᠷᠡᠵᠦ᠍ ᠪᠠᠢᠨ᠎ᠠ᠃ ᠲᠤᠰᠭᠠᠶ ᠮᠡᠷᠭᠡᠵᠢᠯᠲᠡᠨ᠂ ᠨᠠᠰᠤᠲᠠᠢᠴᠤᠳ᠂ ᠬᠡᠷ᠎ᠦᠨ ᠭᠠᠳᠠᠨ᠎ᠠ ᠠᠵᠢᠯᠯᠠᠵᠤ ᠪᠠᠢᠭ᠎ᠠ ᠠᠵᠢᠯᠲᠠᠳ᠂ ᠬᠡᠦᠬᠡᠳ ᠪᠠᠭᠠᠴᠤᠳ ᠦᠨᠳᠤᠷ ᠬᠠᠯᠠᠭᠤᠨ ᠴᠠᠭ ᠠᠭᠤᠷ᠎ᠤᠨ ᠪᠠᠢᠳᠠᠯ ᠳᠤᠤᠷ᠎ᠠ ᠣᠨᠴᠠᠭᠠᠶ ᠠᠩᠬᠠᠷᠴᠤ᠌᠂ ᠵᠦᠶ ᠵᠣᠬᠢᠰᠲᠠᠶ᠎ᠪᠠᠷ ᠬᠠᠯᠠᠭᠤᠨ᠎ᠢ ᠪᠠᠭᠤᠷᠠᠭᠤᠯᠵᠤ᠂ ᠬᠤᠭᠤᠯᠠ ᠤᠮᠳᠠ ᠪᠡᠨ ᠵᠤᠬᠢᠴᠠᠭᠤᠯᠵᠤ᠂ ᠴᠠᠭ ᠲᠤᠬᠠᠢ ᠳ᠋ᠤᠨᠢ ᠤᠰᠤ ᠨᠦᠬᠦᠪᠤᠷᠢᠯᠡᠵᠤ᠂ ᠥᠨᠳᠥᠷ ᠬᠠᠯᠠᠭᠤᠨ ᠡᠴᠡ ᠪᠤᠯᠤᠬᠰᠡᠨ ᠡᠪᠡᠳᠴᠢᠨ ᠡᠭᠦᠰᠭᠦ᠎ᠡᠴᠡ ᠵᠠᠢᠯᠠᠰᠭᠢᠬᠦ᠌ ᠬᠡᠷᠡᠭ᠌ᠲᠡᠶ ᠭᠡᠵᠤ ᠰᠠᠨᠠᠭᠤᠯᠪᠠ᠃
ᠬᠤᠨᠠᠨ ᠮᠤᠵᠢ᠎ᠶ᠋ᠢᠨ ᠠᠷᠠᠳ᠎ᠤᠨ ᠡᠮᠨᠡᠯᠭᠡ᠎ᠶ᠋ᠢᠨ ᠬᠣᠷᠢᠶᠠᠨ᠎ᠤ ᠲᠦᠷᠭᠡᠨ ᠡᠮᠨᠡᠯᠬᠡ ᠵᠢᠨ ᠰᠠᠯᠠᠭᠠᠨ᠎ᠤ ᠡᠷᠬᠢᠯᠡᠭ᠌ᠴᠢ ᠬᠠᠨ ᠱᠢᠶᠤᠤ ᠲᠦᠩ᠂ ᠣᠢᠷ᠎ᠠ᠎ᠳᠤ ᠡᠮᠨᠡᠯᠭᠡ᠎ᠶ᠋ᠢᠨ ᠬᠣᠷᠢᠶᠠᠨ᠎ᠤ ᠭᠥᠯᠢᠶᠡᠨ ᠠᠪᠴᠤ᠌ ᠡᠮᠨᠡᠨ ᠵᠠᠰᠠᠭ᠍ᠰᠠᠨ ᠨᠠᠷᠠᠱᠢᠭ᠍ᠰᠠᠨ ᠡᠪᠡᠳᠴᠢᠲᠡᠨ ᠨᠡᠮᠡᠭ᠌ᠳᠡᠵᠦ᠍᠂ ᠵᠠᠷᠢᠮ ᠡᠪᠡᠳᠴᠢᠲᠡᠨ᠎ᠢ ᠡᠮᠨᠡᠯᠭᠡ᠎ᠳᠦ ᠬᠦᠷᠭᠡᠬᠦ᠌ ᠦᠶ᠎ᠡ᠎ᠳᠦ ᠪᠡᠶ᠎ᠡ᠎ᠶ᠋ᠢᠨ ᠬᠠᠯᠠᠭᠤᠨ ᠨᠢ 40 ᠼᠸᠯᠰ ᠤ᠋ᠨ ᠭᠷᠠᠳᠦ᠋ᠰ ᠲᠤ᠌ ᠬᠦᠷᠴᠦ᠍᠂ ᠴᠡᠭᠡᠵᠢ ᠪᠤᠬᠢᠨᠢᠳᠤᠬᠤ᠂ ᠬᠠᠯᠠᠭᠤᠷᠠᠯ᠎ᠤᠨ ᠵᠠᠭᠤᠷᠠᠯ᠂ ᠶᠡᠬᠡ ᠬᠥᠯᠥᠷᠡᠬᠦ᠌ ᠵᠡᠷᠭᠡ ᠡᠪᠡᠳᠴᠢᠨ᠎ᠦ ᠢᠯᠡᠷᠡᠯ ᠭᠠᠷᠤᠬᠰᠠᠨ ᠪᠠᠢᠨ᠎ᠠ ᠭᠡᠵᠤ ᠲᠠᠨᠢᠯᠴᠠᠭᠤᠯᠪᠠ᠃ ᠬᠠᠨ ᠱᠢᠶᠤᠤ ᠲᠦᠩ᠂ ᠥᠨᠳᠥᠷ ᠬᠠᠯᠠᠭᠤᠨ ᠣᠷᠴᠢᠨ ᠲᠣᠭᠣᠷᠢᠨ᠎ᠳᠤ ᠬᠡᠷᠪᠡ ᠶᠡᠬᠡ ᠬᠥᠯᠥᠷᠡᠬᠦ᠌᠂ ᠠᠮᠠ ᠬᠠᠲᠠᠬᠤ᠂ ᠲᠣᠯᠣᠭᠠᠶ ᠡᠷᠭᠢᠬᠦ᠌᠂ ᠴᠡᠭᠡᠵᠢ ᠪᠢᠲᠡᠭᠦᠷᠡᠬᠦ᠌᠂ ᠳᠤᠷ᠎ᠠ ᠪᠤᠯᠭᠢᠬᠤ᠂ ᠳᠥᠷᠪᠡᠨ ᠮᠥᠴᠢ ᠬᠦᠴᠦ᠍ ᠥᠬᠡᠶ ᠵᠡᠷᠭᠡ ᠪᠠᠢᠳᠠᠯ ᠢᠯᠡᠷᠡᠪᠡᠯ ᠨᠠᠷᠠᠱᠢᠬᠰᠡᠨ ᠡᠰᠡᠬᠦ ᠵᠢ ᠪᠣᠳᠣᠯᠬᠢᠯᠠᠬᠤ ᠬᠡᠷᠡᠭ᠌ᠲᠡᠶ᠃ ᠥᠨᠳᠥᠷ ᠬᠠᠯᠠᠭᠤᠨ ᠴᠠᠭ ᠠᠭᠤᠷ ᠤ᠋ᠨ ᠤᠷᠴᠢᠨ᠎ᠳᠤ ᠬᠥᠮᠦᠰ ᠠᠯᠢ ᠴᠢᠳᠠᠬᠤ᠎ᠪᠠᠷ ᠢᠳᠡᠭᠡᠨ ᠤᠮᠳᠠᠭᠠᠨ ᠵᠢᠡᠨ ᠵᠤᠬᠢᠴᠠᠭᠤᠯᠵᠤ᠂ ᠢᠳᠡᠱᠢᠨ ᠨᠣᠭᠣᠭ᠎ᠠ ᠵᠢᠮᠢᠰ ᠢᠯᠡᠭᠦᠬᠡᠨ ᠢᠳᠡᠵᠦ᠍᠂ ᠤᠰᠤ ᠪᠠ ᠬᠤᠯᠪᠤᠬᠳᠠᠯ ᠪᠥᠬᠥᠶ ᠱᠢᠮ᠎ᠡ ᠲᠡᠵᠢᠭᠡᠯ ᠨᠥᠬᠥᠪᠥᠷᠢᠯᠡᠪᠡᠯ ᠵᠤᠬᠢᠨ᠎ᠠ ᠭᠡᠵᠤ ᠰᠠᠨᠠᠭᠤᠯᠪᠠ᠃
ᠵᠥᠩ ᠨᠠᠨ ᠶᠡᠬᠡ ᠰᠤᠷᠭᠠᠭᠤᠯᠢ᠎ᠶ᠋ᠢᠨ ᠱᠢᠶᠠᠩ ᠶᠠ ᠬᠣᠶᠠᠳᠤᠭᠠᠷ ᠡᠮᠨᠡᠯᠭᠡ᠎ᠶ᠋ᠢᠨ ᠬᠣᠷᠢᠶᠠᠨ᠎ᠤ ᠬᠦᠨᠳᠦ ᠡᠪᠡᠳᠴᠢᠨ᠎ᠦ ᠠᠨᠠᠭᠠᠬᠤ ᠤᠬᠠᠭᠠᠨ᠎ᠤ ᠰᠠᠯᠠᠭᠠᠨ᠎ᠤ ᠳᠡᠳ᠋ ᠡᠷᠬᠢᠯᠡᠭ᠌ᠴᠢ ᠦ᠋ ᠴᠧᠨ ᠹᠠᠩ᠂ ᠬᠡᠷ᠎ᠦᠨ ᠭᠠᠳᠠᠨ᠎ᠠ ᠠᠵᠢᠯᠯᠠᠵᠤ ᠪᠠᠢᠭ᠎ᠠ ᠠᠵᠢᠯᠲᠠᠳ ᠥᠨᠳᠥᠷ ᠬᠠᠯᠠᠭᠤᠨ ᠴᠠᠭ ᠠᠭᠤᠷ ᠤ᠋ᠨ ᠤᠷᠴᠢᠨ ᠳ᠋ᠤ ᠣᠷᠳᠣ ᠬᠤᠭᠤᠴᠠᠭ᠎ᠠ᠎ᠪᠠᠷ ᠠᠵᠢᠯᠯᠠᠬᠤ᠎ᠡᠴᠡ ᠵᠠᠢᠯᠠᠰᠭᠢᠪᠡᠯ ᠵᠣᠬᠢᠨ᠎ᠠ᠂ ᠨᠠᠰᠤᠲᠠᠢᠴᠤᠳ᠂ ᠬᠡᠦᠬᠡᠳ᠂ ᠵᠢᠷᠮᠦᠰᠦᠨ ᠡᠮᠡᠭ᠌ᠲᠡᠶ᠂ ᠵᠢᠷᠦᠬᠡ ᠲᠠᠷᠢᠬᠢᠨ᠎ᠤ ᠴᠢᠰᠤᠨ ᠰᠤᠳᠠᠯ᠎ᠤᠨ ᠡᠪᠡᠳᠴᠢᠲᠡᠨ ᠥᠨᠳᠥᠷ ᠬᠠᠯᠠᠭᠤᠨ ᠴᠠᠭ ᠠᠭᠤᠷ ᠤ᠋ᠨ ᠤᠷᠴᠢᠨ ᠳ᠋ᠤ ᠠᠯᠢ ᠴᠢᠳᠠᠬᠤ᠎ᠪᠠᠷ ᠣᠷᠳᠣ ᠬᠤᠭᠤᠴᠠᠭ᠎ᠠ᠎ᠪᠠᠷ ᠭᠠᠳᠠᠭ᠍ᠰᠢ ᠭᠠᠷᠬᠤ᠎ᠡᠴᠡ ᠵᠠᠢᠯᠠᠰᠭᠢᠪᠡᠯ ᠵᠣᠬᠢᠨ᠎ᠠ᠂ ᠰᠤᠷᠭᠤᠭ ᠦᠨᠦᠷᠳᠤ ᠠᠵᠠᠷᠭᠠᠨ᠎ᠠ ᠵᠢᠨ ᠰᠢᠨᠭᠭᠡᠨ᠂ ᠰᠡᠷᠢᠬᠦᠨ ᠲᠤᠰᠤ ᠪᠡᠯᠡᠳᠭᠡᠵᠦ᠍ ᠪᠣᠯᠤᠨ᠎ᠠ᠂ ᠬᠡᠷᠪᠡ ᠨᠠᠷᠠᠱᠢᠬᠤ ᠢᠯᠡᠷᠡᠯ ᠭᠠᠷᠪᠠᠯ ᠰᠤᠷᠭᠤᠭ ᠦᠨᠦᠷᠳᠤ ᠠᠵᠠᠷᠭᠠᠨ᠎ᠠ ᠵᠢᠨ ᠰᠢᠨᠭᠭᠡᠨ ᠤᠤᠭᠤᠵᠤ᠂ ᠴᠠᠭ ᠲᠤᠬᠠᠶ᠎ᠳᠤᠨᠢ ᠹᠢᠽᠢᠺ᠎ᠦᠨ ᠠᠷᠭ᠎ᠠ᠎ᠪᠠᠷ ᠬᠠᠯᠠᠭᠤᠨ ᠢ᠋ ᠪᠠᠭᠤᠷᠠᠭᠤᠯᠬᠤ᠎ᠶ᠋ᠢᠨ ᠬᠠᠮᠲᠤ ᠴᠠᠭ ᠲᠤᠬᠠᠶ᠎ᠳᠤᠨᠢ ᠤᠰᠤ ᠨᠥᠬᠥᠪᠥᠷᠢᠯᠡᠵᠦ᠍ ᠪᠣᠯᠤᠨ᠎ᠠ᠃ ᠵᠢᠷᠦᠬᠡ ᠴᠢᠰᠤᠨ ᠰᠤᠳᠠᠯ᠎ᠤᠨ ᠡᠪᠡᠳᠴᠢᠲᠡᠨ ᠥᠨᠳᠥᠷ ᠬᠠᠯᠠᠭᠤᠨ᠎ᠳᠤ ᠠᠮᠠᠷᠬᠠᠨ ᠴᠢᠰᠤᠨ ᠳᠠᠷᠤᠯᠲᠠ ᠵᠢᠨ ᠬᠡᠯᠪᠡᠯᠵᠡᠯᠳᠠ ᠡᠬᠦᠰᠤᠨ᠎ᠠ᠂ ᠡᠢᠮᠦ᠍᠎ᠡᠴᠡ ᠭᠡᠷ᠎ᠦᠨ ᠭᠠᠳᠠᠨᠠᠬᠢ ᠬᠥᠳᠡᠯᠭᠡᠭᠡᠨ᠎ᠢ ᠠᠯᠢ ᠴᠢᠳᠠᠬᠤ᠎ᠪᠠᠷ ᠪᠠᠭᠠᠰᠭᠠᠵᠤ᠂ ᠴᠢᠰᠤᠨ ᠳᠠᠷᠤᠯᠲᠠ ᠥᠨᠳᠥᠷ ᠡᠪᠡᠳᠴᠢᠲᠡᠨ ᠶᠠᠭᠠᠬᠢᠭ᠍ᠰᠠᠨ ᠴᠤ᠌ ᠬᠦᠢᠲᠡᠨ ᠤᠰᠤᠨ᠎ᠳᠤ ᠪᠡᠶ᠎ᠡ᠎ᠪᠡᠨ ᠤᠬᠢᠶᠠᠵᠤ ᠪᠣᠯᠬᠤ ᠦᠭᠡᠢ᠂ ᠴᠢᠰᠤᠨ ᠰᠤᠳᠠᠯ᠎ᠤᠨ ᠠᠪᠴᠢᠯᠲᠠ᠎ᠳᠤ ᠰᠡᠳᠦᠯᠲᠡ ᠥᠭ᠌ᠴᠦ᠂ ᠴᠢᠰᠤᠨ ᠳᠠᠷᠤᠯᠲᠠ ᠬᠡᠯᠪᠡᠯᠵᠡᠬᠦ᠌ᠶ᠋ᠢ ᠰᠡᠷᠭᠡᠢᠯᠡᠬᠦ᠌ ᠬᠡᠷᠡᠭ᠌ᠲᠡᠢ ᠭᠡᠵᠤ ᠬᠡᠯᠡᠪᠡ᠃
ᠬᠤᠨᠠᠨ ᠮᠤᠵᠢ᠎ᠶ᠋ᠢᠨ ᠡᠪᠡᠳᠴᠢᠨ ᠡᠮᠭᠡᠭ᠎ᠢ ᠰᠡᠷᠭᠡᠢᠯᠡᠨ ᠡᠵᠡᠮᠳᠡᠬᠦ᠌ ᠲᠥᠪ᠎ᠦᠨ ᠪᠠᠴᠢᠮ ᠪᠠᠢᠳᠠᠯ᠎ᠢ ᠠᠷᠭᠠᠴᠠᠭᠠᠬᠤ ᠠᠯᠪᠠᠨ ᠬᠡᠷ᠎ᠦᠨ ᠡᠷᠬᠢᠯᠡᠭ᠌ᠴᠢ ᠯᠢᠦ ᠹᠦ᠋ ᠴᠢᠶᠠᠩ ᠳ᠋ᠣᠺᠲ᠋ᠣᠷ᠂ ᠣᠢᠷ᠎ᠠ᠎ᠶ᠋ᠢᠨ ᠬᠤᠭᠤᠴᠠᠭᠠᠨ᠎ᠳᠤ ᠴᠠᠭ ᠠᠭᠤᠷ ᠠᠭᠠᠭᠢᠮ᠎ᠠ ᠬᠠᠯᠠᠭᠤᠨ᠂ ᠴᠢᠭᠢᠭ᠌ᠲᠦᠴᠡ ᠶᠡᠬᠡᠳᠴᠦ᠍᠂ ᠢᠳᠡᠭᠡᠨ ᠠᠮᠠᠷᠬᠠᠨ ᠢᠯᠵᠡᠷᠡᠵᠤ ᠴᠢᠨᠠᠷ ᠬᠤᠪᠢᠷᠠᠨ᠎ᠠ᠂ ᠬᠥᠮᠦᠰ ᠲᠦᠷᠭᠡᠨ ᠴᠢᠨᠠᠷᠲᠠᠶ ᠬᠣᠳᠣᠭᠣᠳᠣ ᠭᠡᠳᠡᠰᠦᠨ᠎ᠦ ᠦᠷᠪᠢᠰᠦᠯ᠂ ᠪᠠᠺᠲ᠋ᠧᠷᠢᠲᠤ ᠶᠣᠯᠬᠣᠳᠠᠰᠤ᠂ ᠭᠡᠳᠡᠰᠦᠨ᠎ᠦ ᠦᠷᠪᠢᠰᠦᠯ ᠵᠡᠷᠭᠡ ᠡᠪᠡᠳᠴᠢᠨ ᠡᠮᠭᠡᠭ᠎ᠢ ᠤᠷᠢᠳᠴᠢᠯᠠᠨ ᠰᠡᠷᠭᠡᠢᠯᠡᠬᠦ᠌ ᠴᠢᠬᠤᠯᠠᠲᠠᠶ᠂ ᠤᠤᠭᠤᠬᠤ ᠤᠰᠤ ᠪᠣᠯᠤᠨ ᠢᠳᠡᠭᠡᠨ᠎ᠦ ᠠᠷᠢᠭᠤᠨ ᠴᠡᠪᠡᠷ᠎ᠢ ᠠᠩᠬᠠᠷᠬᠤ ᠬᠡᠷᠡᠭ᠌ᠲᠡᠶ᠂ ᠢᠳᠡᠭᠡᠨ ᠦᠶ᠋ᠯᠡᠳᠬᠦ᠌ ᠶᠠᠪᠤᠴᠠ᠎ᠳᠤ ᠲᠦᠭᠦᠬᠡᠶ ᠪᠠ ᠪᠤᠯᠭᠤᠭ᠍ᠰᠠᠨ ᠢᠳᠡᠭᠡᠨ᠎ᠢ ᠰᠠᠯᠭᠠᠵᠤ᠂ ᠢᠯᠠᠩᠭᠤᠶ᠎ᠠ ᠲᠦᠭᠦᠬᠡᠶ ᠮᠢᠬ᠎ᠠ᠂ ᠵᠢᠭᠦᠷᠲᠡᠨ᠂ ᠲᠡᠯᠡᠶ᠎ᠶ᠋ᠢᠨ ᠭᠠᠷᠤᠯᠲᠠ ᠵᠡᠷᠭᠡ ᠵᠢ ᠪᠤᠰᠤᠳ ᠢᠳᠡᠭᠡᠨ᠎ᠡᠴᠡ ᠰᠠᠯᠭᠠᠨ ᠤᠬᠢᠶᠠᠵᠤ᠂ ᠬᠡᠷᠴᠢᠬᠦ᠌ ᠬᠡᠷᠡᠭ᠌ᠲᠡᠶ᠃ ᠨᠠᠰᠤᠲᠠᠢᠴᠤᠳ᠂ ᠬᠡᠦᠬᠡᠳ ᠪᠠᠭᠠᠴᠤᠳ ᠠᠭᠠᠷ ᠲᠣᠬᠢᠷᠠᠭᠤᠯᠤᠭ᠍ᠴᠢ᠎ᠶ᠋ᠢᠨ ᠥᠷᠥᠭᠡᠨ᠎ᠳᠦ ᠤᠳᠠᠭᠠᠨ ᠰᠠᠭᠤᠵᠤ ᠪᠣᠯᠬᠤ ᠥᠬᠡᠶ᠂ ᠬᠦᠶ᠋ᠲᠡᠨ ᠠᠭᠠᠷ ᠬᠣᠳᠣᠭᠣᠳᠣᠨ᠎ᠳᠤ ᠰᠡᠳᠦᠯᠲᠡ ᠥᠭ᠌ᠴᠦ ᠱᠢᠩᠭᠡᠭᠡᠯᠲᠡ᠎ᠶ᠋ᠢ ᠨᠥᠯᠥᠭᠡᠯᠡᠬᠦ᠌᠎ᠡᠴᠡ ᠪᠤᠯᠭᠤᠮᠵᠢᠯᠠᠵᠤ ᠬᠦᠶ᠋ᠲᠡᠨ ᠤᠮᠳᠠᠭᠠᠨ᠎ᠢ ᠬᠡᠲᠦᠷᠡᠲᠡᠯ᠎ᠡ ᠤᠤᠭᠤᠵᠤ ᠪᠣᠯᠬᠤ ᠥᠬᠡᠶ ᠭᠡᠵᠤ ᠰᠠᠨᠠᠭᠤᠯᠪᠠ᠃
(ᠱᠢᠨᠬᠤᠸᠠ ᠬᠣᠷᠢᠶᠠᠨ᠎ᠤ ᠴᠠᠩᠱᠠ᠎ᠶ᠋ᠢᠨ 8 ᠰᠠᠷ᠎ᠠ᠎ᠶ᠋ᠢᠨ 3 ᠤ᠋ ᠴᠠᠬᠢᠯᠭᠠᠨ ᠮᠡᠳᠡᠭᠡ)