《ᠪᠤᠭᠤᠲᠤ ᠬᠣᠲᠠ᠎ᠶ᠋ᠢᠨ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠶ᠎ᠶ᠋ᠢᠨ ᠬᠥᠭ᠌ᠵᠢᠯᠲᠡ᠎ᠶ᠋ᠢᠨ ᠦᠶ᠋ᠯᠡᠴᠢᠯᠡᠭᠡᠨ᠎ᠦ ᠲᠥᠪ᠂ ᠪᠤᠭᠤᠲᠤ ᠬᠣᠲᠠ᠎ᠶ᠋ᠢᠨ ᠴᠠᠬᠢᠯᠭᠠᠨ ᠬᠠᠩᠭᠠᠬᠤ ᠺᠣᠮᠫᠠᠨᠢ᠂ ᠲᠡᠮᠦᠷ ᠵᠠᠮ᠎ᠤᠨ ᠰᠠᠯᠠᠭ᠎ᠠ ᠮᠥᠴᠢᠷ ᠵᠡᠷᠭᠡ᠎ᠶ᠋ᠢᠨ ᠬᠠᠮᠲᠤ᠎ᠶ᠋ᠢᠨ ᠬᠠᠪᠰᠤᠷᠤᠯᠭ᠎ᠠ ᠳᠤᠤᠷ᠎ᠠ ᠪᠢᠳᠡ ᠴᠠᠬᠢᠯᠭᠠᠨ ᠬᠡᠷᠡᠭ᠌ᠯᠡᠬᠦ᠌ ᠪᠠᠭ᠍ᠲᠠᠭᠠᠮᠵᠢ᠎ᠶ᠋ᠢ ᠨᠡᠮᠡᠭ᠌ᠳᠡᠭᠦᠯᠬᠦ᠌᠎ᠶ᠋ᠢ ᠪᠡᠶᠡᠯᠡᠭᠦᠯᠵᠠᠢ᠃ ᠣᠳᠣᠬᠠᠨ᠎ᠳᠤ᠂ ᠠᠵᠤ ᠠᠬᠤᠢᠯᠠᠯ ᠨᠢᠭᠡᠨᠲᠡ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠦᠶ᠋ᠯᠡᠳᠪᠦᠷᠢᠯᠡᠯ᠎ᠦᠨ ᠱᠤᠭᠤᠮ᠎ᠢ ᠬᠡᠷᠡᠭ᠌ᠯᠡᠨ ᠬᠣᠶᠠᠷ ᠰᠠᠷ᠎ᠠ ᠭᠠᠷᠤᠶ ᠲᠣᠭ᠍ᠲᠠᠭᠤᠨ᠎ᠢᠶᠠᠷ ᠠᠵᠢᠯᠯᠠᠵᠤ ᠪᠠᠢᠨ᠎ᠠ》 ᠭᠡᠵᠦ 10 ᠰᠠᠷ᠎ᠠ᠎ᠶ᠋ᠢᠨ 25᠎ᠤ᠋ ᠡᠳᠦᠷ ᠪᠤᠭᠤᠲᠤ ᠬᠣᠲᠠ᠎ᠶ᠋ᠢᠨ ᠰᠸᠨ ᠳ᠋ᠦ᠋ ᠨᠡᠭᠦᠷᠡᠰᠦᠲᠥ᠋ᠷᠥᠭ᠌ᠴᠢ ᠵᠢᠨ ᠬᠢᠵᠠᠭᠠᠷᠲᠤ ᠺᠣᠮᠫᠠᠨᠢ᠎ᠶ᠋ᠢᠨ ᠬᠣᠯᠪᠣᠭ᠍ᠳᠠᠯ ᠪᠥᠬᠥᠶ ᠬᠠᠷᠢᠭᠤᠴᠠᠯᠭᠠᠲᠠᠨ ᠪᠠᠶᠠᠷ ᠲᠠᠢ ᠬᠡᠯᠡᠯ᠎ᠠ᠃
ᠣᠷᠴᠢᠨ ᠲᠣᠭᠣᠷᠢᠨ᠎ᠤ ᠬᠠᠮᠠᠭᠠᠯᠠᠯᠲᠠ᠂ ᠨᠡᠭᠦᠷᠡᠰᠦᠲᠥ᠋ᠷᠥᠭ᠌ᠴᠢ ᠭᠠᠳᠠᠭ᠍ᠰᠢᠯᠠᠭᠤᠯᠬᠤ ᠪᠠᠷᠢᠮᠵᠢᠶ᠎ᠠ᠎ᠶ᠋ᠢᠨ ᠱᠠᠭᠠᠷᠳᠠᠯᠭ᠎ᠠ᠎ᠶ᠋ᠢ ᠬᠠᠩᠭᠠᠬᠤ᠎ᠶ᠋ᠢᠨ ᠲᠥᠯᠥᠭᠡ ᠡᠨᠡ ᠵᠢᠯ ᠪᠤᠭᠤᠲᠤ ᠬᠣᠲᠠ᠎ᠶ᠋ᠢᠨ ᠰᠸᠨ ᠳ᠋ᠦ᠋ ᠨᠡᠭᠦᠷᠡᠰᠦᠲᠥ᠋ᠷᠥᠭ᠌ᠴᠢ᠎ᠵᠢᠨ ᠬᠢᠵᠠᠭᠠᠷᠲᠤ ᠺᠣᠮᠫᠠᠨᠢ ᠦᠶ᠋ᠯᠡᠳᠪᠦᠷᠢᠯᠡᠯ᠎ᠦᠨ ᠱᠤᠭᠤᠮ᠎ᠤᠨ ᠬᠦᠬᠦᠷ ᠥᠬᠡᠢᠳᠡᠭᠦᠯᠬᠦ᠌ ᠱᠢᠰᠲ᠋ᠧᠮ᠎ᠢ ᠪᠥᠬᠥ᠌ ᠲᠠᠯ᠎ᠠ ᠪᠠᠷ ᠲᠠᠰ ᠳᠡᠪᠱᠢᠭᠦᠯᠦᠨ ᠥᠭᠡᠷᠡᠴᠢᠯᠡᠬᠦ᠌ ᠪᠡᠷ ᠲᠥᠯᠥᠪᠯᠡᠪᠡ᠃ ᠭᠡᠪᠡᠴᠦ᠍ ᠲᠥᠷᠥᠯ ᠵᠦᠶ᠋ᠯ᠎ᠦᠨ ᠪᠠᠷᠢᠯᠭ᠎ᠠ ᠳᠠᠭᠤᠰᠤᠭ᠍ᠰᠠᠨ᠎ᠤ ᠳᠠᠷᠠᠭ᠎ᠠ᠂ ᠪᠠᠭ᠍ᠲᠠᠭᠠᠮᠵᠢ᠎ᠵᠢ ᠨᠡᠮᠡᠭᠳᠡᠭᠦᠯᠦᠨ ᠴᠠᠬᠢᠯᠭᠠᠨ ᠬᠡᠷᠡᠭᠯᠡᠬᠦ ᠨᠢ 4300 KW ᠣᠷᠴᠢᠮ ᠪᠠᠢᠵᠤ᠂ ᠱᠢᠨ᠎ᠡ᠎ᠪᠡᠷ ᠨᠡᠮᠡᠭ᠌ᠳᠡᠬᠦ᠌ ᠴᠠᠬᠢᠯᠭᠠᠨ ᠬᠡᠷᠡᠭ᠌ᠯᠡᠬᠦ᠌ ᠱᠤᠭᠤᠮ᠎ᠨᠢ ᠬᠥᠬᠡᠬᠣᠲᠠ ᠪᠤᠭᠤᠲᠤ᠎ᠶ᠋ᠢᠨ ᠲᠡᠮᠦᠷ ᠵᠠᠮ᠎ᠤᠨ ᠱᠤᠭᠤᠮ᠎ᠢ ᠰᠤᠨᠳᠠᠯᠠᠵᠤ᠂ ᠪᠠᠭ᠍ᠲᠠᠭᠠᠮᠵᠢ᠎ᠶ᠋ᠢ ᠨᠡᠮᠡᠭ᠌ᠳᠡᠭᠦᠯᠬᠦ᠌ ᠶᠠᠪᠤᠳᠠᠯ᠎ᠢ ᠲᠦᠷᠭᠡᠬᠡᠨ ᠵᠣᠬᠢᠴᠠᠭᠤᠯᠤᠨ ᠱᠢᠶ᠋ᠳᠪᠦᠷᠢᠯᠡᠬᠦ᠌ ᠴᠢᠬᠤᠯᠠᠲᠠᠶ ᠪᠠᠢᠪᠠ᠃ ᠪᠤᠭᠤᠲᠤ ᠬᠣᠲᠠ᠎ᠶ᠋ᠢᠨ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠶ᠎ᠶ᠋ᠢᠨ ᠬᠥᠭ᠌ᠵᠢᠯᠲᠡ᠎ᠶ᠋ᠢᠨ ᠦᠶ᠋ᠯᠡᠴᠢᠯᠡᠭᠡᠨ᠎ᠦ ᠲᠥᠪ᠎ᠦᠨ ᠬᠣᠯᠪᠣᠭ᠍ᠳᠠᠯ ᠪᠥᠬᠥᠶ ᠬᠠᠷᠢᠭᠤᠴᠠᠯᠭᠠᠲᠠᠨ ᠲᠣᠭᠣᠷᠢᠨ ᠦᠵᠡᠵᠦ᠍ ᠪᠠᠢᠴᠠᠭᠠᠨ ᠰᠤᠳᠤᠯᠤᠯᠲᠠ ᠬᠢᠬᠦ᠌᠎ᠳᠡᠭᠡᠨ ᠲᠣᠰ ᠪᠠᠢᠳᠠᠯ᠎ᠢ ᠣᠢᠯᠠᠭᠠᠭ᠍ᠰᠠᠨ᠎ᠤ ᠳᠠᠷᠠᠭ᠎ᠠ᠂ ᠲᠡᠷᠡ ᠳᠠᠷᠤᠶᠳᠤᠨᠢ ᠠᠵᠤ ᠠᠬᠤᠢᠯᠠᠯ ᠵᠢᠴᠢ ᠬᠠᠮᠢᠶ᠎ᠠ ᠪᠥᠬᠥᠶ ᠰᠠᠯᠠᠭ᠎ᠠ ᠮᠥᠴᠢᠷ ᠲᠡᠶ ᠪᠠᠢᠳᠠᠯ᠎ᠢ ᠬᠢᠨᠠᠨ ᠬᠠᠷᠭᠤᠭᠤᠯᠵᠤ᠂ ᠲᠤᠰᠭᠠᠶ ᠮᠡᠳᠡᠭᠦᠯᠬᠦ᠌ ᠬᠡᠯᠪᠡᠷᠢ᠎ᠪᠡᠷ ᠪᠤᠭᠤᠲᠤ ᠬᠣᠲᠠ᠎ᠶ᠋ᠢᠨ ᠨᠠᠮ᠎ᠤᠨ ᠬᠤᠷᠢᠶ᠎ᠠ ᠵᠢᠨ ᠤᠳᠤᠷᠢᠳᠤᠯᠭ᠎ᠠ᠎ᠳᠤ ᠮᠡᠳᠡᠭᠦᠯᠪᠡ᠃ ᠪᠤᠭᠤᠲᠤ ᠬᠣᠲᠠ᠎ᠶ᠋ᠢᠨ ᠨᠠᠮ᠎ᠤᠨ ᠬᠣᠷᠢᠶ᠎ᠠ ᠨᠢᠭᠡᠳᠦᠯᠲᠡᠶ ᠲᠥᠯᠥᠪᠵᠢᠭᠦᠯᠵᠦ᠍᠂ ᠪᠤᠭᠤᠲᠤ᠎ᠶ᠋ᠢᠨ ᠴᠠᠬᠢᠯᠭᠠᠨ ᠬᠠᠩᠭᠠᠬᠤ ᠺᠣᠮᠫᠠᠨᠢ᠂ ᠪᠤᠭᠤᠲᠤ᠎ᠶ᠋ᠢᠨ ᠬᠥᠩᠭᠡᠨᠴᠠᠭᠠᠨ᠎ᠤ ᠦᠶ᠋ᠯᠡᠰ᠎ᠦᠨ ᠬᠦᠷᠢᠶᠡᠯᠡᠩ ᠲᠣᠭᠣᠷᠢᠭ ᠬᠢᠬᠡᠳ ᠲᠡᠮᠦᠷ ᠵᠠᠮ᠎ᠤᠨ ᠰᠠᠯᠠᠭ᠎ᠠ ᠮᠥᠴᠢᠷ ᠵᠡᠷᠬᠡ ᠨᠢᠬᠡᠴᠢ ᠲᠠᠢ ᠨᠢᠭ᠍ᠲᠠ ᠬᠠᠮᠵᠢᠯᠴᠠᠨ᠂ ᠠᠵᠤ ᠠᠬᠤᠢᠯᠠᠯ᠎ᠤᠨ ᠴᠠᠬᠢᠯᠭᠠᠨ ᠬᠡᠷᠡᠭ᠌ᠯᠡᠬᠦ᠌ ᠪᠠᠭ᠍ᠲᠠᠭᠠᠮᠵᠢ᠎ᠶ᠋ᠢ ᠨᠡᠮᠡᠭ᠌ᠳᠡᠭᠦᠯᠬᠦ᠌᠎ᠶ᠋ᠢ ᠤᠷᠤᠭ᠍ᠰᠢᠲᠠᠶ ᠪᠡᠶᠡᠯᠡᠭᠦᠯᠪᠡ᠃
ᠠᠵᠤ ᠠᠬᠤᠢᠯᠠᠯ᠎ᠤᠨ ᠲᠥᠯᠥᠭᠡ ᠪᠣᠳᠣᠯᠬᠢᠯᠠᠵᠤ᠂ ᠠᠵᠤ ᠠᠬᠤᠢᠯᠠᠯ᠎ᠤᠨ ᠲᠥᠯᠥᠭᠡ ᠰᠠᠨᠠᠭᠠᠱᠢᠷᠠᠵᠤ᠂ ᠠᠵᠤ ᠠᠬᠤᠢᠯᠠᠯ᠎ᠤᠨ ᠬᠦᠴᠢᠷᠳᠡᠯ᠎ᠢ ᠱᠢᠶ᠋ᠳᠪᠦᠷᠢᠯᠡᠨ᠎ᠡ᠃ ᠡᠨᠡ ᠵᠢᠯ ᠥᠪᠥᠷ ᠮᠣᠩᠭᠣᠯ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠶ᠎ᠶ᠋ᠢᠨ ᠬᠥᠭ᠌ᠵᠢᠯᠲᠡ᠎ᠶ᠋ᠢ ᠵᠣᠷᠢᠭ᠍ᠵᠢᠭᠤᠯᠬᠤ᠂ ᠳᠡᠮᠵᠢᠬᠦ᠌᠂ ᠬᠥᠲᠥᠯᠥᠨ ᠵᠢᠯᠣᠭᠣᠳᠭᠤ᠎ᠶ᠋ᠢ ᠴᠢᠬᠤᠯᠠ ᠥᠭᠡᠷᠡᠴᠢᠯᠡᠯᠲᠡ᠎ᠶ᠋ᠢᠨ ᠡᠭᠦᠷᠭᠡ᠎ᠶ᠋ᠢᠨ ᠨᠢᠭᠡ ᠪᠣᠯᠭᠠᠵᠤ᠂ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠳᠦ ᠬᠣᠯᠪᠣᠭ᠍ᠳᠠᠬᠤ ᠠᠯᠢ ᠣᠯᠠᠨ ᠥᠭᠡᠷᠡᠴᠢᠯᠡᠯᠲᠡ ᠠᠯᠬᠤᠮ ᠠᠯᠬᠤᠮ᠎ᠢᠶᠠᠷ ᠥᠷᠨᠢᠨ ᠬᠥᠭ᠌ᠵᠢᠪᠡ᠃
ᠡᠨᠡ ᠵᠢᠯ᠎ᠦᠨ 5 ᠰᠠᠷ᠎ᠠ᠎ᠳᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠣᠣᠯᠳᠠᠯᠭ᠎ᠠ ᠲᠠᠶ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯ᠎ᠤᠨ ᠵᠥᠪᠯᠡᠯ ᠪᠣᠯᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢ᠎ᠶ᠋ᠢᠨ ᠬᠥᠭ᠌ᠵᠢᠯᠲᠡ᠎ᠶ᠋ᠢᠨ ᠦᠢᠯᠡᠴᠢᠯᠡᠭᠡᠨ᠎ᠦ ᠲᠣᠪᠴᠢᠢ᠎ᠠ ᠫᠠᠢᠰᠠ ᠡᠯᠭᠦᠨ ᠪᠠᠢᠭᠤᠯᠤᠭ᠍ᠳᠠᠪᠠ᠃ ᠬᠣᠶᠠᠷ ᠪᠠᠢᠭᠤᠯᠤᠮᠵᠢ ᠨᠢ ᠠᠵᠤ ᠠᠬᠤᠢᠯᠠᠯ᠎ᠢ ᠳᠡᠮᠵᠢᠬᠦ᠌ ᠠᠵᠤ ᠠᠬᠤᠢᠯᠠᠯ᠎ᠳᠤ ᠠᠰᠢᠭ ᠬᠦᠷᠲᠡᠭᠡᠬᠦ ᠬᠥᠴᠥᠲᠡᠢ ᠠᠷᠭ᠎ᠠ ᠬᠡᠮᠵᠢᠶ᠎ᠡ ᠲᠣᠭ᠍ᠲᠠᠭᠠᠵᠤ᠂ ᠵᠠᠰᠠᠭ ᠬᠢᠬᠡᠳ ᠠᠵᠤ ᠠᠬᠤᠢᠯᠠᠯ᠎ᠤᠨ 《ᠰᠡᠳᠭᠢᠯ᠎ᠦᠨ ᠬᠤᠯᠪᠤᠭᠠᠰᠤ》 ᠵᠢ ᠪᠠᠢᠭᠤᠯᠵᠤ᠂ ᠠᠷᠭ᠎ᠠ ᠪᠦᠬᠦᠨ᠎ᠢ ᠰᠦᠪᠡᠭ᠌ᠴᠢᠯᠡᠵᠦ᠍ ᠪᠠᠢᠭᠠᠳ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯ᠎ᠢ ᠬᠠᠪᠰᠤᠷᠤᠨ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠂ ᠪᠡᠯᠡ ᠴᠤᠭ᠍ᠯᠠᠭᠤᠯᠵᠤ ᠪᠡᠯᠡ ᠬᠤᠷᠠᠮᠳᠤᠭᠤᠯᠬᠤ᠂ ᠴᠢᠬᠤᠯᠠ ᠡᠯᠧᠮᠧᠨ᠋ᠲ᠎ᠦᠨ ᠪᠠᠲᠤᠯᠠᠭ᠎ᠠ ᠵᠡᠷᠭᠡ ᠲᠤᠪᠤᠢ᠌ᠮ᠎ᠠ ᠠᠰᠠᠭᠤᠳᠠᠯ᠎ᠢ ᠰᠠᠢᠲᠤᠷ ᠱᠢᠢᠳᠪᠦᠷᠢᠯᠡᠵᠦ᠍᠂ ᠠᠵᠤ ᠠᠬᠤᠢᠯᠠᠯᠲᠠᠨ᠎ᠤ ᠰᠡᠳᠭᠢᠯ᠎ᠢ ᠠᠮᠤᠷᠵᠢᠭᠤᠯᠵᠤ᠂ ᠠᠵᠤ ᠠᠬᠤᠢᠯᠠᠯᠲᠠᠨ᠎ᠢ 《ᠬᠦᠨᠳᠦᠲᠦ ᠵᠣᠴᠢᠨ》 ᠪᠣᠯᠭᠠᠵᠤ᠂ ᠠᠰᠢᠬ ᠤᠷᠤᠯᠭ᠎ᠠ ᠲᠠᠢ ᠪᠤᠯᠭᠠᠪᠠ᠃
ᠡᠨᠡ ᠵᠢᠯ᠎ᠦᠨ 6 ᠰᠠᠷ᠎ᠠ᠎ᠶ᠋ᠢᠨ 28᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ 《ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠳᠡᠮᠵᠢᠬᠦ᠌ ᠲᠤᠬᠠᠶ ᠰᠠᠨᠠᠯ》 (ᠳᠣᠷᠣᠭ᠍ᠰᠢ 《ᠰᠠᠨᠠᠯ》 ᠭᠡᠵᠦ᠍ ᠲᠣᠪᠴᠢᠯᠠᠨ᠎ᠠ) ᠢ᠋ ᠵᠢᠩᠬᠢᠨᠢ᠎ᠪᠡᠷ ᠳᠠᠷᠤᠮᠠᠯᠯᠠᠨ ᠲᠠᠷᠬᠠᠭᠠᠵᠤ᠂ 《ᠰᠠᠨᠠᠯ》 ᠳ᠋ᠤ 8 ᠲᠥᠷᠥᠯ᠎ᠦᠨ 20 ᠵᠤᠷᠪᠤᠰ ᠪᠣᠳᠠᠲᠠᠶ ᠠᠷᠭ᠎ᠠ ᠬᠡᠮᠵᠢᠶ᠎ᠡ᠎ᠶ᠋ᠢ ᠳᠤᠷᠠᠳᠴᠤ᠌᠂ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠦᠨᠡᠨ ᠪᠤᠲᠠᠲᠠᠢ ᠳᠡᠮᠵᠢᠪᠡ᠃
ᠡᠨᠡ ᠵᠢᠯ᠎ᠦᠨ 6 ᠰᠠᠷ᠎ᠠ᠎ᠳᠤ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠎ᠦᠨ ᠤᠳᠤᠷᠢᠳᠭᠤ ᠪᠠᠭ᠎ᠤᠨ ᠪᠦᠷᠢᠯᠳᠦᠬᠦᠨ ᠭᠤᠤᠯᠳᠠᠯᠭ᠎ᠠ᠎ᠲᠠᠶ ᠠᠷᠠᠳ᠎ᠤᠨ ᠡᠵᠡᠩᠨᠡᠯᠲᠡ᠎ᠵᠢᠨ ᠠᠵᠤ ᠠᠬᠤᠢᠯᠠᠯ᠎ᠲᠠᠶ ᠬᠠᠷᠢᠯᠴᠠᠵᠤ ᠦᠶ᠋ᠯᠡᠴᠢᠯᠡᠬᠦ᠌ ᠠᠵᠢᠯ᠎ᠤᠨ ᠲᠥᠰᠦᠯ》 ᠢ᠋ ᠲᠣᠭ᠍ᠲᠠᠭᠠᠨ ᠨᠡᠢᠲᠡᠯᠡᠵᠦ᠍᠂ ᠥᠪᠡᠷᠲᠡᠭᠡᠨ ᠵᠠᠰᠠᠬᠤ ᠣᠷᠣᠨ᠎ᠤ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠎ᠦᠨ ᠤᠳᠤᠷᠢᠳᠭᠤ ᠪᠠᠭ᠎ᠤᠨ ᠪᠦᠷᠢᠯᠳᠦᠬᠦᠨ᠎ᠦ ᠳᠠᠭᠠᠭᠠᠴᠢᠯᠠᠨ ᠬᠠᠷᠢᠯᠴᠠᠬᠤ ᠦᠶ᠋ᠯᠡᠴᠢᠯᠡᠭᠡᠨ᠎ᠦ ᠲᠦᠷᠢᠮ᠎ᠢ ᠪᠠᠢᠭᠤᠯᠬᠤ᠎ᠶ᠋ᠢᠨ ᠬᠠᠮᠲᠤ 《ᠠᠷᠪᠠᠨ ᠥᠯᠥ᠍ ᠵᠦᠪᠰᠢᠶᠡᠷᠡᠬᠦ》 ᠲᠣᠭ᠍ᠲᠠᠭᠠᠯ᠎ᠢ ᠲᠣᠭ᠍ᠲᠠᠭᠠᠵᠤ᠂ ᠵᠠᠰᠠᠭᠬᠤᠳᠠᠯᠳᠤᠭᠠᠴᠢᠨᠤ ᠳᠣᠲᠣᠨᠣᠰᠤᠭ ᠪᠦᠭᠡᠳ ᠴᠢᠬᠡᠴᠢ ᠬᠠᠷᠢᠴᠠᠭ᠎ᠠ᠎ᠶ᠋ᠢ ᠲᠦᠷᠦᠭᠦᠯᠡᠨ ᠪᠠᠢᠭᠤᠯᠪᠠ᠃
ᠡᠨᠡ ᠵᠢᠯ᠎ᠦᠨ 7 ᠰᠠᠷ᠎ᠠ᠎ᠶ᠋ᠢᠨ 29᠎ᠡᠴᠡ 31 ᠤ᠋ ᠡᠳᠦᠷ ᠪᠣᠯᠲᠠᠯ᠎ᠠ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠬᠣᠷᠢᠶ᠎ᠠ᠎ᠵᠢᠨ ᠨᠠᠶ᠋ᠮᠠᠳᠤᠭᠠᠷ ᠪᠥᠬᠥᠳᠡ ᠬᠤᠷᠠᠯ ᠬᠥᠬᠡᠬᠣᠲᠠ᠎ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ᠎ᠤ ᠭᠤᠤᠯᠳᠠᠯᠭ᠎ᠠ᠎ᠲᠠᠶ ᠠᠷᠠᠳ᠎ᠤᠨ ᠡᠵᠡᠩᠨᠡᠯᠲᠡ᠎ᠶ᠋ᠢᠨ 24 ᠠᠵᠤ ᠠᠬᠤᠢᠯᠠᠯ᠎ᠤᠨ ᠬᠠᠷᠢᠭᠤᠴᠠᠯᠭᠠᠲᠠᠨ ᠤᠷᠢᠯᠭ᠎ᠠ᠎ᠪᠠᠷ ᠰᠤᠯᠠ ᠣᠷᠣᠯᠴᠠᠵᠤ᠂ ᠪᠥᠬᠥᠳᠡ ᠬᠤᠷᠠᠯ ᠳᠡᠭᠡᠷᠡᠬᠢ ᠣᠨᠴᠠᠭᠠᠶ ᠨᠢᠬᠡᠨ ᠦᠵᠡᠮᠵᠢ ᠪᠣᠯᠵᠠᠶ᠃
ᠪᠥᠬᠥᠳᠡ ᠬᠤᠷᠠᠯ ᠳᠡᠭᠡᠷ᠎ᠡ ᠥᠪᠥᠷ ᠮᠣᠩᠭᠣᠯ᠎ᠤᠨ ᠢᠲᠡᠶ ᠪᠦᠯᠦᠭ᠌ᠯᠡᠯ᠎ᠦᠨ ᠬᠢᠵᠠᠭᠠᠷᠲᠤ ᠺᠣᠮᠫᠠᠨᠢ᠎ᠶ᠋ᠢᠨ ᠬᠡᠷᠡᠭ ᠮᠡᠳᠡᠭ᠌ᠴᠢᠳ᠎ᠦᠨ ᠳᠠᠷᠤᠭ᠎ᠠ᠂ ᠶᠡᠷᠦᠩᠬᠡᠶ ᠳᠠᠭᠠᠭᠠᠮᠠᠯ ᠯᠢᠦ ᠴᠦᠨ ᠯᠢᠨ ᠲᠡᠮᠳᠡᠭ᠌ᠯᠡᠯ᠎ᠦᠨ ᠳᠡᠪᠲᠡᠷ ᠳᠡᠭᠡᠷ᠎ᠡ᠎ᠪᠡᠨ ᠡᠷᠬᠡ ᠲᠡᠭ᠌ᠰᠢ ᠲᠥᠪ ᠭᠤᠤᠯᠴᠢ᠂ ᠴᠢᠨᠠᠷ ᠰᠠᠢᠲᠠᠶ ᠬᠥᠭ᠌ᠵᠢᠯᠲᠡ ᠁ ᠭᠡᠬᠦ᠌ ᠬᠡᠳᠦᠨ ᠵᠠᠩᠭᠢᠯᠠᠭ᠎ᠠ᠎ᠶ᠋ᠢᠨ ᠦᠭᠡ᠎ᠶ᠋ᠢ ᠲᠡᠮᠳᠡᠭ᠌ᠯᠡᠪᠡ᠃
ᠡᠨᠡ ᠵᠢᠯ᠎ᠦᠨ 9 ᠰᠠᠷ᠎ᠠ᠎ᠳᠤ᠂ ᠥᠪᠥᠷ ᠮᠣᠩᠭᠣᠯ ᠮᠤᠵᠢ᠎ᠶ᠋ᠢᠨ ᠱᠠᠲᠤᠨ᠎ᠤ ᠤᠳᠤᠷᠢᠳᠭᠤ ᠺᠠᠳ᠋ᠷ᠎ᠤᠨ ᠭᠤᠤᠯᠳᠠᠯᠭ᠎ᠠ᠎ᠲᠠᠶ ᠠᠷᠠᠳ᠎ᠤᠨ ᠡᠵᠡᠩᠨᠡᠯᠲᠡ᠎ᠵᠢᠨ ᠠᠵᠤ ᠠᠬᠤᠢᠯᠠᠯ ᠲᠠᠶ ᠬᠠᠷᠢᠯᠴᠠᠵᠤ ᠦᠶ᠋ᠯᠡᠴᠢᠯᠡᠬᠦ᠌ ᠲᠦᠷᠢᠮ᠎ᠢ ᠤᠯᠠᠮ ᠨᠢᠭᠡ ᠠᠯᠬᠤᠮ ᠪᠠᠢᠭᠤᠯᠵᠤ᠂ 《ᠮᠤᠵᠢ᠎ᠶ᠋ᠢᠨ ᠱᠠᠲᠤᠨ᠎ᠤ ᠤᠳᠤᠷᠢᠳᠭᠤ ᠺᠠᠳ᠋ᠷ᠎ᠤᠨ ᠭᠤᠤᠯᠳᠠᠯᠭ᠎ᠠ᠎ᠲᠠᠶ ᠠᠷᠠᠳ᠎ᠤᠨ ᠡᠵᠡᠩᠨᠡᠯᠲᠡ᠎ᠵᠢᠨ ᠠᠵᠤ ᠠᠬᠤᠢᠯᠠᠯ᠎ᠲᠠᠶ ᠬᠠᠷᠢᠯᠴᠠᠵᠤ ᠦᠶ᠋ᠯᠡᠴᠢᠯᠡᠬᠦ᠌ ᠠᠵᠢᠯ᠎ᠤᠨ ᠲᠥᠰᠦᠯ》 ᠢ᠋ ᠲᠣᠭ᠍ᠲᠠᠭᠠᠵᠤ᠂ 17 ᠮᠤᠵᠢ᠎ᠶ᠋ᠢᠨ ᠱᠠᠲᠤᠨ᠎ᠤ ᠤᠳᠤᠷᠢᠳᠭᠤ ᠺᠠᠳ᠋ᠷ ᠲᠤᠰᠭᠠᠶ ᠰᠡᠳᠦᠪᠲᠦ ᠪᠠᠢᠴᠠᠭᠠᠨ ᠰᠤᠳᠤᠯᠤᠯᠲᠠ ᠬᠢᠬᠦ᠌᠂ ᠰᠤᠷᠪᠤᠯᠵᠢᠯᠠᠨ ᠰᠣᠯᠢᠯᠴᠠᠬᠤ ᠵᠡᠷᠭᠡ ᠬᠡᠯᠪᠡᠷᠢ ᠪᠡᠷ ᠳᠠᠮᠵᠢᠭᠤᠯᠤᠨ ᠠᠵᠤ ᠠᠬᠤᠢᠯᠠᠯ᠎ᠢ ᠬᠠᠪᠰᠤᠷᠤᠨ ᠠᠰᠠᠭᠤᠳᠠᠯ᠎ᠢ ᠨᠢ ᠱᠢᠶ᠋ᠳᠪᠦᠷᠢᠯᠡᠵᠦ᠍᠂ ᠠᠵᠤ ᠠᠬᠤᠢᠯᠠᠯ᠎ᠳᠤ ᠬᠣᠯᠪᠣᠭ᠍ᠳᠠᠬᠤ ᠲᠥᠷᠥ᠎ᠶ᠋ᠢᠨ ᠪᠣᠳᠣᠯᠭ᠎ᠠ᠎ᠶ᠋ᠢ ᠨᠠᠢᠳᠠᠪᠤᠷᠢᠵᠢᠭᠤᠯᠬᠤ᠎ᠶ᠋ᠢ ᠠᠬᠢᠭᠤᠯᠪᠠ᠃
ᠥᠨᠳᠥᠷ᠎ᠲᠦ ᠵᠣᠭ᠍ᠰᠣᠨ ᠪᠠᠢᠳᠠᠯ᠎ᠢ ᠠᠵᠢᠵᠤ᠂ ᠪᠣᠳᠠᠲᠠᠶ ᠭᠠᠵᠠᠷ᠎ᠲᠤ ᠨᠠᠢᠳᠠᠪᠤᠷᠢᠵᠢᠭᠤᠯᠤᠨ᠎ᠠ᠃ ᠡᠨᠡ ᠵᠢᠯ᠎ᠦᠨ 9 ᠰᠠᠷ᠎ᠠ᠎ᠶ᠋ᠢᠨ 10 ᠡᠴᠡ 30᠎ᠤ᠋ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠎ᠦᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠡᠷᠬᠢᠯᠡᠭ᠌ᠴᠢ᠂ ᠥᠪᠡᠷᠲᠡᠭᠡᠨ ᠵᠠᠰᠠᠬᠤ ᠣᠷᠣᠨ᠎ᠤ ᠭᠤᠤᠯᠳᠠᠯᠭ᠎ᠠ᠎ᠲᠠᠶ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯ᠎ᠤᠨ ᠨᠠᠮ᠎ᠤᠨ ᠬᠤᠷᠢᠶ᠎ᠠ ᠵᠢᠨ ᠱᠦᠵᠢ ᠬᠥᠩ ᠮᠢᠩ ᠵᠤ᠌ ᠤᠷᠢᠳ ᠬᠣᠵᠢᠳ ᠣᠷᠳᠣᠰ ᠬᠣᠲᠠ᠂ ᠪᠤᠭᠤᠲᠤ ᠬᠣᠲᠠ᠂ ᠬᠥᠬᠡᠬᠣᠲᠠ᠂ ᠲᠦᠩᠯᠢᠶᠣᠤ ᠬᠣᠲᠠ᠂ ᠦᠬᠠᠶ ᠬᠣᠲᠠ᠎ᠳᠤ ᠬᠦᠷᠴᠦ᠍ ᠥᠪᠡᠷᠲᠡᠭᠡᠨ ᠵᠠᠰᠠᠬᠤ ᠣᠷᠣᠨ᠎ᠤ ᠭᠤᠤᠯᠳᠠᠯᠭ᠎ᠠ᠎ᠲᠠᠶ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯ᠎ᠢ ᠲᠣᠭᠣᠷᠢᠨ ᠦᠵᠡᠪᠡ᠃
ᠲᠦᠩ ᠸᠧᠶ ᠳᠡᠭᠡᠳᠦ ᠴᠡᠪᠡᠷ ᠲᠠᠯᠠᠰᠲᠤ ᠴᠠᠬᠢᠭᠤᠷ᠎ᠤᠨ ᠬᠢᠵᠠᠭᠠᠷᠲᠤ ᠺᠣᠮᠫᠠᠨᠢ᠎ᠳᠤ᠂ ᠬᠥᠩ ᠮᠢᠩ ᠵᠤ᠌ ᠠᠵᠤ ᠠᠬᠤᠢᠯᠠᠯ ᠴᠠᠬᠢᠯᠭᠠᠨ᠎ᠤ ᠦᠨ᠎ᠡ᠎ᠶ᠋ᠢᠨ ᠲᠠᠯ᠎ᠠ᠎ᠪᠠᠷ ᠬᠦᠴᠢᠷᠳᠡᠯ ᠪᠠ ᠠᠰᠠᠭᠤᠳᠠᠯ᠎ᠳᠤ ᠲᠤᠯᠭᠠᠷᠠᠭ᠍ᠰᠠᠨᠢ ᠣᠢᠯᠠᠭᠠᠵᠤ ᠮᠡᠳᠡᠭᠡᠳ ᠬᠣᠯᠪᠣᠭ᠍ᠳᠠᠯ ᠪᠥᠬᠥᠶ ᠭᠠᠵᠠᠷ ᠲᠠᠰᠤᠭ᠎ᠢ ᠳᠠᠷᠤᠶ ᠲᠦᠷᠭᠡᠨ ᠰᠤᠳᠤᠯᠵᠤ᠂ ᠱᠢᠶ᠋ᠳᠪᠦᠷᠢᠯᠡᠬᠦ᠌ ᠠᠬᠢᠴᠠ᠎ᠪᠠᠨ ᠲᠦᠷᠭᠡᠳᠭᠡᠬᠦ᠌ ᠬᠡᠷᠡᠭ᠌ᠲᠡᠶ ᠭᠡᠵᠦ᠍ ᠱᠠᠭᠠᠷᠳᠠᠪᠠ᠃ ᠠᠵᠤ ᠠᠬᠤᠢᠯᠠᠯ᠎ᠤᠨ ᠬᠠᠷᠢᠭᠤᠴᠠᠯᠭᠠᠲᠠᠨ᠄《ᠥᠪᠡᠷᠲᠡᠭᠡᠨ ᠵᠠᠰᠠᠬᠤ ᠣᠷᠣᠨ᠎ᠤ ᠭᠣᠣᠯᠳᠠᠯᠭ᠎ᠠ᠎ᠲᠠᠶ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯ᠎ᠤᠨ ᠨᠠᠮ᠎ᠤᠨ ᠬᠣᠷᠢᠶᠠᠨ᠎ᠤ ᠬᠠᠪᠰᠤᠷᠤᠯᠭ᠎ᠠ ᠳᠣᠣᠷ᠎ᠠ᠂ ᠪᠢᠳᠠ ᠪᠠᠷᠢᠯᠭ᠎ᠠ᠎ᠶ᠋ᠢᠨ ᠬᠤᠭᠤᠴᠠᠭ᠎ᠠ᠎ᠶ᠋ᠢ ᠵᠠᠪᠳᠤᠨ ᠤᠷᠢᠳᠴᠢᠯᠠᠨ ᠠᠱᠢᠭ᠍ᠯᠠᠯᠲᠠ᠎ᠳᠤ ᠣᠷᠣᠭᠤᠯᠵᠤ ᠪᠣᠯᠤᠨ᠎ᠠ!》 ᠭᠡᠵᠦ ᠪᠠᠶᠠᠷᠯᠠᠨ ᠬᠡᠯᠡᠪᠡ᠃
ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠦᠨ ᠠᠬᠢᠭᠤᠯᠵᠤ᠂ ᠥᠭᠡᠷᠡᠴᠢᠯᠡᠯᠲᠡ᠎ᠶ᠋ᠢᠨ ᠦᠷ᠎ᠡ ᠪᠦᠲᠦᠭᠡᠯ᠎ᠢ ᠠᠵᠤ ᠠᠬᠤᠢᠯᠠᠯ᠎ᠳᠤ ᠨᠠᠩ ᠣᠯᠠᠨ ᠱᠢᠭᠤᠳ ᠬᠦᠷᠭᠡᠨ᠎ᠡ᠃ ᠥᠪᠥᠷ ᠮᠣᠩᠭᠣᠯ᠎ᠤᠨ ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠦᠨ ᠬᠢᠨ ᠱᠢᠨ᠎ᠡ᠎ᠶ᠋ᠢ ᠡᠭᠦᠳᠴᠦ᠂ ᠪᠣᠳᠠᠲᠠᠢ ᠠᠷᠭ᠎ᠠ ᠬᠡᠮᠵᠢᠢ᠎ᠡ ᠠᠪᠴᠤ᠌᠂ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢ᠎ᠶ᠋ᠢᠨ ᠴᠢᠨᠠᠷ ᠰᠠᠢᠲᠠᠢ ᠬᠥᠭ᠌ᠵᠢᠯᠲᠡ᠎ᠶ᠋ᠢ ᠬᠦᠴᠦᠯᠡᠨ ᠠᠬᠢᠭᠤᠯᠵᠤ ᠪᠠᠢᠨ᠎ᠠ᠃
《ᠮᠸᠩ ᠴᠢ ᠲᠥᠩ》 ᠲᠠᠪᠴᠠᠩ᠎ᠳᠤ ᠲᠦᠱᠢᠭ᠌ᠯᠡᠨ᠂ ᠥᠪᠥᠷ ᠮᠣᠩᠭᠣᠯ ᠭᠤᠤᠯᠳᠠᠯᠭ᠎ᠠ ᠲᠠᠶ ᠠᠷᠠᠳ᠎ᠤᠨ ᠡᠵᠡᠨᠭᠨᠡᠯᠲᠡ᠎ᠵᠢᠨ ᠠᠵᠤ ᠠᠬᠤᠢᠯᠠᠯ᠎ᠤᠨ ᠦᠶ᠋ᠯᠡᠴᠢᠯᠡᠭᠡᠨ᠎ᠦ ᠲᠤᠰᠭᠠᠶ ᠴᠣᠩᠬᠤᠪᠴᠢ᠎ᠶ᠋ᠢ ᠪᠠᠢᠭᠤᠯᠵᠤ᠂ ᠲᠥᠷᠥ᠎ᠶ᠋ᠢᠨ ᠪᠣᠳᠣᠯᠭ᠎ᠠ᠎ᠶ᠋ᠢᠨ ᠬᠦᠷᠭᠡᠯᠲᠡ᠂ ᠨᠠᠮ᠎ᠤᠨ ᠪᠠᠢᠭᠤᠯᠤᠯᠲᠠ᠎ᠶ᠋ᠢᠨ ᠵᠢᠯᠣᠭᠣᠳᠣᠯᠭ᠎ᠠ᠂ ᠰᠠᠨᠠᠯ ᠬᠤᠷᠢᠶᠠᠬᠤ ᠵᠡᠷᠭᠡ ᠦᠶ᠋ᠯᠡᠴᠢᠯᠡᠭᠡ᠎ᠶ᠋ᠢ ᠲᠤᠢᠯ᠎ᠤᠨ ᠣᠨᠣᠪᠴᠢᠲᠠᠶ᠎ᠪᠠᠷ ᠬᠠᠩᠭᠠᠬᠤ᠎ᠶ᠋ᠢᠨ ᠬᠠᠮᠲᠤ 《ᠲᠡᠷᠡ ᠳᠠᠷᠤᠢ ᠳ᠋ᠤᠨᠢ ᠬᠠᠷᠢᠭᠤ ᠲᠤᠰᠬᠠᠵᠤ》᠂ 《ᠤᠴᠢᠷ ᠥᠬᠡᠶ ᠪᠣᠯ ᠬᠠᠷᠱᠢᠯᠠᠬᠤ ᠥᠬᠡᠶ》 ᠵᠠᠷᠴᠢᠮ ᠶᠣᠰᠣᠭᠠᠷ ᠠᠵᠤ ᠠᠬᠤᠢᠯᠠᠯ᠎ᠤᠨ ᠬᠦᠰᠡᠯ ᠱᠠᠭᠠᠷᠳᠠᠯᠭ᠎ᠠ᠎ᠪᠠᠨ ᠳᠤᠷᠠᠳᠤᠨ ᠮᠡᠳᠡᠭᠦᠯᠬᠦ᠌᠂ ᠱᠠᠯᠠᠪᠳᠠᠭᠤᠯᠤᠨ ᠭᠦᠶ᠋ᠴᠡᠳᠭᠡᠬᠦ᠌ ᠲᠣᠭ᠍ᠲᠠᠴᠠ᠎ᠶ᠋ᠢ ᠪᠠᠢᠭᠤᠯᠪᠠ᠃ 《ᠳᠠᠷᠡ ᠳᠠᠷᠤᠢ ᠳ᠋ᠤᠨᠢ ᠬᠠᠷᠢᠭᠤ ᠲᠤᠰᠬᠠᠬᠤ》 ᠵᠦᠶ᠋ᠯ᠎ᠢ 2 ᠡᠳᠦᠷ᠎ᠦᠨ ᠳᠣᠲᠣᠷ᠎ᠠ ᠭᠦᠶ᠋ᠴᠡᠳᠭᠡᠭ᠌ᠰᠡᠨ ᠦᠷ᠎ᠡ ᠳ᠋ᠦᠩ᠎ᠢᠶᠡᠨ ᠠᠵᠤ ᠠᠬᠤᠢᠯᠠᠯ᠎ᠳᠤ ᠬᠠᠷᠢᠭᠤ ᠥᠭ᠌ᠴᠦ᠂ 《ᠴᠢᠬᠤᠯᠠ ᠶᠡᠬᠡ ᠠᠰᠠᠭᠤᠳᠠᠯ》᠎ᠤ᠋ᠨ ᠵᠦᠶ᠋ᠯ᠎ᠢ ᠭᠦᠶ᠋ᠴᠡᠳᠭᠡᠵᠦ᠍ ᠳᠠᠭᠤᠰᠬᠤ ᠪᠤᠯᠲᠠᠯ᠎ᠠ ᠭᠦᠶ᠋ᠴᠡᠳᠭᠡᠭ᠌ᠰᠡᠨ ᠠᠬᠢᠴᠠ ᠪᠠᠨ 3 ᠡᠳᠦᠷ ᠪᠦᠷᠢ ᠠᠵᠤ ᠠᠬᠤᠢᠯᠠᠯ᠎ᠳᠤ ᠮᠡᠳᠡᠭᠦᠯᠦᠨ᠎ᠡ᠃ ᠡᠨᠡ ᠵᠢᠯ᠎ᠦᠨ 1— 9 ᠰᠠᠷ᠎ᠠ᠎ᠳᠤ᠂ 《ᠮᠸᠩ ᠴᠢ ᠲᠥᠩ》 ᠲᠠᠪᠴᠠᠩ ᠠᠵᠤ ᠠᠬᠤᠢᠯᠠᠯ᠎ᠤᠨ ᠰᠠᠨᠠᠯ ᠭᠤᠶᠤᠴᠢᠯᠠᠯ᠎ᠢ 92 ᠵᠤᠷᠪᠤᠰ ᠭᠥᠯᠢᠶᠡᠨ ᠠᠪᠴᠤ᠌᠂ ᠨᠢᠭᠡᠨᠲᠡ 90 ᠵᠤᠷᠪᠤᠰ᠎ᠢ ᠱᠢᠶ᠋ᠳᠪᠦᠷᠢᠯᠡᠵᠦ᠍ ᠳᠠᠭᠤᠰᠭᠠᠨ᠂ ᠱᠢᠶ᠋ᠳᠪᠦᠷᠢᠯᠡᠵᠦ᠍ ᠳᠠᠭᠤᠰᠭᠠᠭ᠍ᠰᠠᠨ ᠨᠣᠷᠮ᠎ᠠ 97.8%᠎ᠳ᠋ᠤ ᠬᠦᠷᠴᠦ᠍᠂ ᠠᠵᠤ ᠠᠬᠤᠢᠯᠠᠯ᠎ᠤᠨ ᠬᠠᠨᠤᠮᠵᠢᠲᠠᠶ ᠪᠠᠢᠬᠤ ᠨᠣᠷᠮ᠎ᠠ 95.4%᠎ᠳ᠋ᠤ ᠬᠥᠷᠪᠡ᠃
ᠬᠥᠬᠡᠬᠣᠲᠠ ᠣᠯᠠᠨ ᠵᠦᠶ᠋ᠯ᠎ᠢ ᠪᠥᠬᠥ᠌ ᠶᠠᠪᠤᠴᠠ᠎ᠳᠤ ᠰᠦᠯᠵᠢᠶ᠎ᠡ᠎ᠪᠡᠷ ᠭᠦᠶ᠋ᠴᠡᠳᠭᠡᠬᠦ᠌᠎ᠶ᠋ᠢ ᠪᠡᠶᠡᠯᠡᠭᠦᠯᠵᠦ᠍᠂ ᠡᠯᠧᠺᠲ᠋ᠷᠣᠨ ᠦᠨᠡᠮᠯᠡᠯ᠎ᠢ ᠴᠤᠭ᠍ᠯᠠᠭᠤᠯᠤᠨ᠂ ᠦᠨᠡᠮᠯᠡᠯ ᠥᠬᠡᠶ᠎ᠪᠡᠷ ᠭᠦᠶ᠋ᠴᠡᠳᠭᠡᠬᠦ᠌ ᠵᠦᠶ᠋ᠯ᠎ᠢ ᠳᠣᠭᠢᠷᠠᠭᠤᠯᠵᠤ᠂ 《ᠮᠥᠩᠬᠡ ᠰᠤᠪᠠᠭ》 ᠤ᠋ᠨ ᠣᠨᠴᠠᠯᠢᠭ᠍ᠲᠤ ᠬᠡᠷᠡᠭ᠌ᠯᠡᠯᠲᠡ᠎ᠶ᠋ᠢ ᠥᠷᠭᠡᠳᠭᠡᠨ᠂ 《ᠣᠶᠤᠨᠴᠢ ᠬᠢᠨᠠᠨ ᠰᠢᠢᠳᠪᠦᠷᠢᠯᠡᠬᠦ》 ᠴᠢᠳᠠᠮᠵᠢ᠎ᠶ᠋ᠢᠨ ᠬᠡᠰᠡᠭ᠎ᠢ ᠨᠡᠮᠡᠭ᠌ᠳᠡᠭᠦᠯᠪᠡ᠃ ᠡᠭᠦᠨ᠎ᠦ ᠬᠠᠮᠲᠤ᠂ 《ᠣᠢᠷ᠎ᠠ ᠬᠠᠪᠢ᠎ᠳᠠᠭᠠᠨ ᠭᠦᠶ᠋ᠴᠡᠳᠭᠡᠬᠦ᠌》᠂《ᠬᠦᠷᠢᠶᠡᠯᠡᠩ ᠲᠣᠭᠣᠷᠢᠭ᠎ᠲᠤ ᠭᠦᠶ᠋ᠴᠡᠳᠭᠡᠬᠦ᠌》᠂《ᠬᠡᠷ᠎ᠦᠨ ᠡᠭᠦᠳᠡᠨ᠎ᠳᠦ ᠭᠦᠶ᠋ᠴᠡᠳᠭᠡᠬᠦ᠌》 ᠶ᠋ᠢ ᠠᠬᠢᠭᠤᠯᠵᠤ᠂ ᠬᠣᠲᠠ᠎ᠶ᠋ᠢᠨ ᠱᠠᠲᠤᠨ᠎ᠤ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠵᠦᠶ᠋ᠯ᠎ᠢ ᠴᠣᠮᠬᠠᠳᠭᠠᠵᠤ᠂ ᠶᠡᠷᠦᠩᠬᠡᠢᠯᠡᠭ᠌ᠰᠡᠨ ᠴᠣᠩᠬᠤᠪᠴᠢ᠎ᠶ᠋ᠢ ᠪᠠᠢᠭᠤᠯᠵᠤ᠂ 《ᠨᠢᠭᠡ ᠥᠷᠲᠡᠭᠡᠴᠢᠯᠡᠭᠰᠡᠨ ᠮᠠᠶᠢᠭ》 ᠤ᠋ᠨ ᠵᠠᠰᠠᠭ᠎ᠤᠨ ᠶᠠᠪᠤᠳᠠᠯ᠎ᠤᠨ ᠶᠡᠬᠡ ᠲᠢᠩᠬᠢᠮ᠎ᠦᠨ ᠦᠶ᠋ᠯᠡᠴᠢᠯᠡᠭᠡᠨ᠎ᠦ ᠶᠠᠰᠤ ᠴᠢᠨᠠᠷ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠵᠦ᠍᠂ 《ᠨᠢᠭᠡ ᠶᠠᠪᠤᠳᠠᠯ᠎ᠢ ᠥᠨᠳᠥᠷ ᠪᠦᠲᠦᠮᠵᠢᠲᠡᠶ᠎ᠪᠡᠷ ᠭᠦᠶ᠋ᠴᠡᠳᠭᠡᠬᠦ᠌》 ᠣᠯᠠᠨ ᠢᠵᠢ ᠦᠶ᠋ᠯᠡᠴᠢᠯᠡᠭᠡ᠎ᠶ᠋ᠢ ᠭᠠᠷᠭᠠᠪᠠ᠃
ᠪᠤᠭᠤᠲᠤ ᠬᠣᠲᠠ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠳᠦ ᠬᠦᠴᠦᠨ ᠨᠡᠮᠡᠷᠢᠯᠡᠬᠦ᠌ ᠬᠣᠯᠪᠣᠭ᠍ᠳᠠᠯ ᠪᠥᠬᠥᠶ ᠲᠦᠷᠢᠮ᠎ᠢ ᠢᠳᠡᠪᠬᠢᠲᠡᠶ ᠲᠡᠭᠦᠯᠳᠡᠷᠵᠢᠭᠦᠯᠵᠦ᠍᠂ ᠠᠵᠢᠯ᠎ᠤᠨ ᠴᠤᠪᠤᠷᠠᠯ᠎ᠢᠶᠠᠨ ᠱᠢᠯᠢᠳᠡᠭ᠌ᠵᠢᠭᠦᠯᠵᠦ᠍᠂ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯ᠎ᠤᠨ 《ᠭᠤᠷᠪᠠ᠎ᠶ᠋ᠢ ᠵᠠᠪᠠᠯ ᠠᠰᠠᠭᠤᠬᠤ》 — ᠬᠡᠷᠡᠭ᠌ᠴᠡᠭᠡ ᠱᠠᠭᠠᠷᠳᠠᠯᠭ᠎ᠠ᠎ᠶ᠋ᠢ ᠠᠵᠤ ᠠᠬᠤᠢᠯᠠᠯ᠎ᠠᠴᠠ ᠠᠰᠠᠭᠤᠬᠤ᠂ ᠠᠷᠭ᠎ᠠ ᠪᠣᠳᠣᠯᠭ᠎ᠠ᠎ᠶ᠋ᠢ ᠠᠵᠤ ᠠᠬᠤᠢᠯᠠᠯ᠎ᠠᠴᠠ ᠠᠰᠠᠭᠤᠬᠤ᠂ ᠦᠷ᠎ᠡ ᠪᠦᠲᠦᠮᠵᠢ᠎ᠵᠢ ᠠᠵᠤ ᠠᠬᠤᠢᠯᠠᠯ᠎ᠠᠴᠠ ᠠᠰᠠᠭᠤᠬᠤ ᠳ᠋ᠤ᠌ ᠤᠢᠯᠡᠴᠢᠯᠡᠵᠦ᠂ ᠬᠥᠭ᠌ᠵᠢᠯᠲᠡ᠎ᠶ᠋ᠢᠨ 《ᠭᠤᠷᠪᠠᠨ ᠬᠦᠴᠢᠷ ᠠᠰᠠᠭᠤᠳᠠᠯ》 — ᠠᠰᠠᠭᠤᠳᠠᠯ᠎ᠢ ᠢᠯᠡᠷᠡᠭᠦᠯᠬᠦ᠌᠎ᠳᠦ ᠬᠦᠴᠢᠷ᠂ ᠠᠰᠠᠭᠤᠳᠠᠯ᠎ᠢ ᠱᠢᠶ᠋ᠳᠪᠦᠷᠢᠯᠡᠬᠦ᠌᠎ᠳᠦ ᠬᠦᠴᠢᠷ᠂ ᠪᠤᠳᠠᠳᠠᠢ᠎ᠳᠤ ᠨᠠᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ᠎ᠳᠤ ᠬᠦᠴᠢᠷ ᠠᠰᠠᠭᠤᠳᠠᠯ ᠢ᠋ ᠱᠢᠶ᠋ᠳᠪᠦᠷᠢᠯᠡᠪᠡ᠃ ᠣᠳᠣᠬᠠᠨ ᠪᠣᠯᠲᠠᠯ᠎ᠠ᠂ ᠪᠤᠭᠤᠲᠤ ᠬᠣᠲᠠ᠎ᠶ᠋ᠢᠨ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠶ᠎ᠶ᠋ᠢᠨ ᠵᠠᠬ᠎ᠠ ᠳᠡᠯᠭᠡᠭᠦᠷ᠎ᠦᠨ ᠭᠤᠤᠯ ᠴᠣᠭ᠍ᠴᠠ 26.3 ᠲᠦᠮᠡᠨ ᠡᠷᠦᠬᠡ᠎ᠳᠦ ᠬᠦᠷᠴᠡᠶ᠃
《ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠶ᠎ᠶ᠋ᠢᠨ ᠥᠭᠡᠷᠡᠴᠢᠯᠡᠯᠲᠡ ᠪᠣᠯᠤᠨ ᠡᠯ᠎ᠡ ᠵᠦᠶ᠋ᠯ᠎ᠦᠨ ᠭᠠᠢᠯᠢ ᠰᠦᠶ᠋ᠳᠭᠡᠯ᠎ᠦᠨ ᠬᠠᠷᠠᠭᠠᠯᠵᠠᠯ᠎ᠤᠨ ᠲᠥᠷᠥ᠎ᠶ᠋ᠢᠨ ᠪᠣᠳᠣᠯᠭ᠎ᠠ᠎ᠳᠤ ᠲᠦᠱᠢᠭ᠌ᠯᠡᠨ᠂ ᠵᠢᠯ᠎ᠤᠨ ᠡᠬᠢᠨ᠎ᠡᠴᠡ ᠨᠠᠭᠠᠰᠢ ᠨᠢᠭᠡᠨᠲᠡ ᠠᠵᠤ ᠠᠬᠤᠢᠯᠠᠯ᠎ᠤᠨ 27 ᠲᠦᠮᠡ ᠭᠠᠷᠤᠶ ᠲᠥᠭᠥᠷᠢᠭ᠎ᠦᠨ ᠭᠠᠢᠯᠢ ᠰᠦᠶ᠋ᠳᠭᠡᠯ᠎ᠢ ᠬᠠᠰᠤᠨ ᠭᠡᠯᠳᠦᠷᠢᠭᠦᠯᠵᠦ᠍᠂ ᠡᠷᠬᠢᠨ ᠲᠣᠭᠣᠷᠢᠨ᠎ᠤ 40 ᠭᠠᠷᠤᠶ ᠮᠠᠯᠴᠢᠨ ᠲᠠᠷᠢᠶᠠᠴᠢᠨ᠎ᠢ ᠳᠠᠢᠴᠢᠯᠠᠨ ᠠᠵᠢᠯ ᠣᠯᠭᠣᠵᠠᠢ》 ᠭᠡᠵᠦ ᠤᠯᠠᠭᠠᠨᠬᠠᠳᠠ ᠬᠣᠲᠠ᠎ᠶ᠋ᠢᠨ ᠪᠠᠭᠠᠷᠢᠨ ᠵᠡᠭᠦᠨ ᠬᠣᠱᠢᠭᠤᠨ᠎ᠳᠤ ᠪᠠᠢᠭ᠎ᠠ ᠮᠥᠩᠬᠡ ᠴᠠᠭᠠᠨ ᠢᠳᠡᠭᠡᠨ᠎ᠦ ᠬᠢᠵᠠᠭᠠᠷᠲᠤ ᠺᠣᠮᠫᠠᠨᠢ᠎ᠶ᠋ᠢᠨ ᠬᠠᠷᠢᠭᠤᠴᠠᠯᠭᠠᠲᠠᠨ ᠰᠤᠷᠪᠤᠯᠵᠢᠯᠠᠭ᠍ᠴᠢ᠎ᠳᠤ ᠬᠡᠯᠡᠪᠡ᠃
ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠬᠦ᠌ ᠠᠵᠢᠯ ᠠᠯᠬᠤᠮ ᠠᠯᠬᠤᠮ᠎ᠢᠶᠠᠷ ᠠᠭᠢᠵᠤ᠂ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠶ ᠡᠳᠦᠷ᠎ᠡᠴᠡ ᠡᠳᠦᠷ ᠥᠭᠡᠳᠡᠯᠡᠨ ᠳᠡᠪᠱᠢᠵᠦ᠍ ᠪᠠᠢᠨ᠎ᠠ᠃ ᠲᠦᠷᠦᠭᠦᠦ ᠭᠤᠷᠪᠠᠨ ᠤᠯᠠᠷᠢᠯ᠎ᠳᠤ᠂ ᠪᠥᠬᠥ᠌ ᠣᠷᠣᠨ᠎ᠤ ᠠᠷᠠᠳ᠎ᠤᠨ ᠪᠠᠯᠠ ᠣᠷᠣᠭᠤᠯᠤᠯᠲᠠ 7.3% ᠪᠠᠷ ᠨᠡᠮᠡᠭ᠌ᠳᠡᠵᠦ᠍᠂ 1— 8 ᠰᠠᠷᠠᠶ᠋ᠢᠨᠬᠢᠡᠴᠡ ᠵᠠᠭᠤᠨ᠎ᠤ ᠬᠠᠷᠢᠴᠠᠯ᠎ᠵᠢᠡᠷ 2.3 ᠬᠤᠪᠢ ᠳᠡᠭᠡᠭ᠌ᠰᠢᠯᠡᠵᠦ᠍᠂ ᠪᠥᠬᠥ᠌ ᠪᠠᠯᠠ ᠣᠷᠣᠭᠤᠯᠤᠯᠲᠠ᠎ᠶ᠋ᠢᠨ ᠨᠡᠮᠡᠭ᠌ᠳᠡᠯ᠎ᠢ ᠵᠠᠭᠤᠨ᠎ᠤ ᠬᠠᠷᠢᠴᠠᠯ᠎ᠵᠢᠡᠷ 3.7 ᠬᠤᠪᠢ ᠳᠠᠢᠴᠢᠯᠠᠪᠠ᠃
《ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠶ᠎ᠶ᠋ᠢᠨ ᠬᠥᠭ᠌ᠵᠢᠯᠲᠡ᠎ᠶ᠋ᠢᠨ ᠦᠶ᠋ᠯᠡᠴᠢᠯᠡᠭᠡᠨ᠎ᠦ ᠲᠣᠪᠴᠢᠶ᠎ᠠ ᠪᠠᠢᠭᠤᠯᠤᠭ᠍ᠳᠠᠭ᠍ᠰᠠᠨ ᠡᠴᠡ ᠨᠠᠭᠠᠰᠢ᠂ ᠬᠣᠯᠪᠣᠭ᠍ᠳᠠᠯ ᠪᠥᠬᠥᠶ ᠰᠠᠯᠠᠭ᠎ᠠ ᠮᠥᠴᠢᠷ᠎ᠢ ᠢᠳᠡᠪᠬᠢᠲᠡᠶ ᠵᠣᠬᠢᠴᠠᠭᠤᠯᠤᠨ ᠥᠪᠡᠷᠲᠡᠭᠡᠨ ᠵᠠᠰᠠᠬᠤ ᠣᠷᠣᠨ᠎ᠤ ᠭᠤᠤᠯᠳᠠᠯᠭ᠎ᠠ᠎ᠲᠠᠶ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯ᠎ᠤᠨ ᠪᠠᠷᠢᠮᠵᠢᠶ᠎ᠠ᠎ᠶ᠋ᠢ ᠲᠣᠭ᠍ᠲᠠᠭᠠᠵᠤ᠂ ᠶᠡᠷᠦᠩᠬᠡᠶ ᠬᠡᠯᠲᠡᠰ᠎ᠦᠨ ᠬᠡᠯᠪᠡᠷᠢ᠂ ᠬᠡᠲᠦ ᠲᠣᠮᠣ ᠬᠡᠯᠪᠡᠷᠢ᠂ ᠭᠤᠤᠯᠳᠠᠯᠭ᠎ᠠ᠎ᠲᠠᠶ ᠠᠵᠤ ᠦᠶ᠋ᠯᠡᠰ᠎ᠦᠨ ᠬᠡᠯᠬᠢᠶ᠎ᠡ᠎ᠶ᠋ᠢᠨ ᠡᠵᠡᠨ᠂ ᠠᠵᠢᠯ ᠲᠥᠷᠥᠯ᠎ᠦᠨ ᠳᠠᠭᠠᠭᠤᠯᠤᠭ᠍ᠴᠢ᠂ ᠵᠠᠬ᠎ᠠ ᠳᠡᠯᠭᠡᠭᠦᠷ᠎ᠲᠦ ᠭᠠᠷᠤᠭ᠍ᠰᠠᠨ ᠵᠢᠴᠢ ᠭᠤᠤᠯᠳᠠᠯᠭ᠎ᠠ ᠲᠠᠶ ᠪᠣᠢᠵᠢᠭᠤᠯᠤᠭ᠍ᠰᠠᠨ 6 ᠲᠥᠷᠥᠯ᠎ᠦᠨ 48 ᠠᠵᠤ ᠠᠬᠤᠢᠯᠠᠯ᠎ᠢ ᠪᠠᠭᠲᠠᠭᠠᠭᠰᠠᠨ 〈ᠥᠪᠡᠷᠲᠡᠭᠡᠨ ᠵᠠᠰᠠᠬᠤ ᠣᠷᠣᠨ᠎ᠤ ᠭᠤᠤᠯᠳᠠᠯᠭ᠎ᠠ᠎ᠲᠠᠶ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯ᠎ᠤᠨ ᠨᠡᠷᠡᠰ〉᠎ᠢ᠋ ᠳᠠᠷᠤᠮᠠᠯᠯᠠᠨ ᠲᠠᠷᠬᠠᠭᠠᠵᠤ᠂ ᠦᠶ᠋ᠯᠡᠴᠢᠯᠡᠭᠡᠨ᠎ᠦ ᠠᠵᠢᠯ᠎ᠢ ᠲᠤᠢᠯ᠎ᠤᠨ ᠣᠨᠣᠪᠴᠢᠲᠠᠶ ᠪᠥᠭᠡᠳ ᠥᠨᠳᠥᠷ ᠪᠦᠲᠦᠮᠵᠢᠲᠡᠶ᠂ ᠡᠮᠬᠢ ᠵᠢᠷᠤᠮ᠎ᠲᠠᠶ ᠠᠬᠢᠭᠤᠯᠬᠤ᠎ᠶ᠋ᠢ ᠦᠨᠡᠨ ᠬᠦ᠌ ᠪᠠᠲᠤᠯᠠᠪᠠ᠃ ᠲᠠᠷᠠᠭᠠᠴᠢ᠎ᠶ᠋ᠢᠨ ᠠᠯᠬᠤᠮ᠎ᠳᠤ᠂ ᠪᠢᠳᠡ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠬᠦ᠌᠎ᠶ᠋ᠢ ᠪᠠᠷᠢᠮᠲᠠᠯᠠᠵᠤ᠂ ᠠᠵᠤ ᠠᠬᠤᠢᠯᠠᠯ᠎ᠳᠤ ᠦᠶ᠋ᠯᠡᠴᠢᠯᠡᠬᠦ᠌ ᠲᠦᠷᠢᠮ᠎ᠦᠨ ᠱᠢᠰᠲ᠋ᠧᠮ᠎ᠢ ᠲᠠᠰᠤᠷᠠᠯᠲᠠ ᠥᠬᠡᠶ ᠪᠦᠷᠢᠨᠱᠢᠭᠦᠯᠵᠦ᠍᠂ ᠪᠥᠬᠥ᠌ ᠲᠠᠯ᠎ᠠ᠎ᠶ᠋ᠢᠨ ᠣᠯᠠᠨ ᠲᠠᠰ ᠳᠠᠪᠬᠤᠷᠭ᠎ᠠ᠎ᠪᠠᠷ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯ ᠪᠣᠯᠤᠨ ᠠᠵᠤ ᠠᠬᠤᠢᠯᠠᠯᠲᠠᠨ᠎ᠳᠤ ᠲᠤᠢᠯ᠎ᠤᠨ ᠣᠨᠣᠪᠴᠢᠲᠠᠶ ᠪᠥᠭᠡᠳ ᠪᠦᠲᠦᠮᠵᠢᠲᠡᠶ ᠦᠶ᠋ᠯᠡᠴᠢᠯᠡᠭᠡ ᠬᠠᠩᠭᠠᠵᠤ᠂ ᠳᠡᠮᠵᠢᠬᠦ᠌ ᠲᠥᠷᠥ᠎ᠶ᠋ᠢᠨ ᠪᠣᠳᠣᠯᠭ᠎ᠠ᠎ᠶ᠋ᠢ 〈ᠶᠡᠬᠡ ᠤᠰᠤ ᠪᠡᠷ ᠨᠠᠯᠠᠢᠲᠠᠯᠠ ᠤᠰᠤᠯᠠᠵᠤ〉 ᠪᠠᠢᠭ᠍ᠰᠠᠨ ᠡᠴᠡ 〈ᠨᠠᠷᠢᠨ ᠣᠨᠣᠪᠴᠢᠲᠠᠶ᠎ᠪᠠᠷ ᠳᠤᠰᠤᠯᠭᠠᠨ ᠤᠰᠤᠯᠠᠬᠤ〉 ᠪᠣᠯᠭᠠᠨ ᠬᠤᠪᠢᠷᠠᠭᠤᠯᠵᠤ᠂ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠳᠦ ᠦᠵᠡᠭᠦᠯᠬᠦ᠌ ᠲᠥᠷᠥ᠎ᠶ᠋ᠢᠨ ᠪᠣᠳᠣᠯᠭ᠎ᠠ᠎ᠶ᠋ᠢᠨ ᠬᠠᠩᠭᠠᠯᠭ᠎ᠠ ᠪᠣᠯᠤᠨ ᠦᠶ᠋ᠯᠡᠴᠢᠯᠡᠭᠡᠨ᠎ᠦ ᠪᠠᠲᠤᠯᠠᠭ᠎ᠠ᠎ᠶ᠋ᠢ ᠦᠷᠭᠦᠯᠵᠢᠯᠡᠨ ᠴᠢᠩᠭᠠᠳᠭᠠᠨ᠎ᠠ》 ᠭᠡᠵᠦ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢ᠎ᠶ᠋ᠢᠨ ᠬᠥᠭ᠌ᠵᠢᠯᠲᠡ᠎ᠶ᠋ᠢᠨ ᠦᠢᠯᠡᠴᠢᠯᠡᠭᠡᠨ᠎ᠦ ᠲᠣᠪᠴᠢᠶᠠᠨ᠎ᠤ ᠳᠠᠷᠤᠭ᠎ᠠ ᠮᠠ ᠸᠸᠨ ᠬᠡᠯᠡᠪᠡ᠃