《ᠨᠡᠢᠭᠡᠮ ᠲᠣᠭᠣᠷᠢᠭ᠎ᠤᠨ ᠠᠵᠢᠯᠲᠠᠨ᠎ᠤ ᠴᠢᠳᠠᠪᠤᠷᠢ ᠪᠤᠯᠤᠨ ᠲᠦᠪᠱᠢᠨ ᠨᠢ ᠨᠡᠢᠭᠡᠮ ᠲᠣᠭᠣᠷᠢᠭ᠎ᠤᠨ ᠵᠠᠰᠠᠯᠲᠠ ᠶ᠋ᠢᠨ ᠶᠠᠰᠤ ᠴᠢᠨᠠᠷ ᠪᠤᠯᠤᠨ ᠦᠶ᠋ᠯᠡᠴᠢᠯᠡᠭᠡᠨ᠎ᠦ ᠦᠷ᠎ᠡ ᠪᠦᠲᠦᠮᠵᠢ ᠶ᠋ᠢ ᠱᠢᠭᠤᠳ ᠨᠥᠯᠥᠭᠡᠯᠡᠳᠡᠭ》᠃ ᠡᠨᠡ ᠵᠢᠯ᠎ᠡᠴᠡ ᠨᠠᠭᠠᠰᠢ ᠡᠯ᠎ᠡ ᠭᠠᠵᠠᠷ᠎ᠤᠨ᠎ᠬᠢᠨ ᠦᠨᠳᠦᠰᠦᠨ ᠱᠠᠲᠤᠨ᠎ᠤ ᠵᠠᠰᠠᠯᠲᠠ ᠶ᠋ᠢᠨ ᠱᠢᠨᠵᠢᠯᠡᠬᠦ᠌ ᠤᠬᠠᠭᠠᠨᠴᠢᠯᠠᠬᠤ ᠲᠦᠪᠱᠢᠨ᠎ᠢ ᠲᠠᠰᠤᠷᠠᠯᠲᠠ ᠥᠬᠡᠶ ᠳᠡᠭᠡᠭ᠌ᠰᠢᠯᠡᠭᠦᠯᠵᠦ᠍᠂ ᠨᠠᠮ᠎ᠤᠨ ᠪᠠᠢᠭᠤᠯᠤᠯᠲᠠ᠎ᠪᠠᠷ ᠦᠨᠳᠦᠰᠦᠨ ᠱᠠᠲᠤᠨ᠎ᠤ ᠵᠠᠰᠠᠯᠲᠠ᠎ᠶ᠋ᠢ ᠬᠥᠲᠥᠯᠥᠨ ᠳᠠᠭᠠᠭᠤᠯᠬᠤ᠎ᠳᠤ ᠴᠢᠳᠠᠪᠤᠷᠢᠲᠠᠨ᠎ᠤ ᠲᠤᠯᠭᠠᠭᠤᠷᠢᠯᠠᠯ ᠪᠤᠯᠤᠨ ᠦᠶ᠋ᠯᠡᠴᠢᠯᠡᠭᠡᠨ᠎ᠦ ᠪᠠᠲᠤᠯᠠᠭ᠎ᠠ ᠬᠠᠩᠭᠠᠵᠠᠢ ᠭᠡᠵᠦ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠨᠡᠢᠭᠡᠮ᠎ᠦᠨ ᠠᠵᠢᠯ᠎ᠤᠨ ᠬᠡᠯᠲᠡᠰ᠎ᠦᠨ ᠬᠠᠮᠢᠶ᠎ᠠ ᠪᠥᠬᠥᠶ ᠬᠠᠷᠢᠭᠤᠴᠠᠯᠭᠠᠲᠠᠨ ᠢᠯᠡᠷᠬᠡᠢᠯᠡᠵᠤ ᠪᠠᠢᠪᠠ᠃
ᠡᠨᠡ ᠵᠢᠯ᠎ᠦᠨ 8 ᠰᠠᠷ᠎ᠠ᠎ᠳᠤ ᠮᠤᠵᠢ ᠶ᠋ᠢᠨ ᠱᠠᠲᠤᠨ᠎ᠤ ᠲᠠᠰ ᠳᠠᠪᠬᠤᠷᠭ᠎ᠠ᠎ᠳᠤ 《 ᠨᠡᠢᠭᠡᠮ ᠲᠣᠭᠣᠷᠢᠭ᠎ᠤᠨ ᠠᠵᠢᠯᠲᠠᠨ᠎ᠤ ᠬᠠᠮᠢᠶᠠᠷᠤᠯᠲᠠ᠎ᠶ᠋ᠢᠨ ᠠᠷᠭ᠎ᠠ (ᠲᠤᠷᠱᠢᠨ ᠬᠡᠷᠡᠭ᠌ᠵᠢᠭᠦᠯᠬᠦ᠌)》 (ᠳᠣᠷᠣᠭ᠍ᠰᠢ 《 ᠬᠠᠮᠢᠶᠠᠷᠤᠯᠲᠠ ᠶ᠋ᠢᠨ ᠠᠷᠭ᠎ᠠ 》 ᠭᠡᠵᠦ᠍ ᠲᠣᠪᠴᠢᠯᠠᠨ᠎ᠠ) ᠶ᠋ᠢ ᠲᠦᠷᠦᠭᠦᠯᠡᠨ ᠨᠡᠢᠲᠡᠯᠡᠵᠦ᠍᠂ 《 ᠰᠣᠩᠭᠣᠬᠤ᠂ ᠬᠦᠮᠦᠵᠢᠬᠦᠯᠬᠦ᠂ ᠬᠠᠮᠢᠶᠠᠷᠬᠤ᠂ ᠬᠡᠷᠡᠭ᠌ᠯᠡᠬᠦ᠌ 》 ᠪᠥᠬᠥ᠌ ᠬᠡᠯᠬᠢᠶ᠎ᠡ᠎ᠡᠴᠡ ᠨᠡᠢᠭᠡᠮ ᠲᠣᠭᠣᠷᠢᠭ᠎ᠤᠨ ᠠᠵᠢᠯᠲᠠᠨ᠎ᠤ ᠡᠩᠨᠡᠭᠡ ᠶ᠋ᠢᠨ ᠪᠠᠢᠭᠤᠯᠤᠯᠲᠠ᠎ᠳᠤ ᠪᠦᠬᠦᠯᠢ ᠴᠣᠭ᠍ᠴᠠᠲᠤ ᠴᠢᠨᠠᠷᠲᠠᠶ᠂ ᠱᠢᠰᠲ᠋ᠧᠮᠲᠦ ᠴᠢᠨᠠᠷᠲᠠᠶ ᠲᠦᠷᠢᠮ᠎ᠢ ᠲᠦᠰᠦᠪᠯᠡᠵᠦ᠍᠂ 6 ᠲᠠᠯ᠎ᠠ ᠶ᠋ᠢᠨ 40 ᠵᠤᠷᠪᠤᠰ ᠪᠣᠳᠠᠲᠠᠶ ᠠᠷᠭ᠎ᠠ ᠪᠤᠯᠤᠨ ᠣᠯᠠᠨ ᠵᠦᠶ᠋ᠯ᠎ᠦᠨ ᠱᠢᠨ᠎ᠡ ᠶ᠋ᠢ ᠡᠭᠦᠳᠬᠦ᠌ ᠴᠢᠨᠠᠷᠲᠠᠶ ᠠᠵᠢᠯ᠎ᠤᠨ ᠱᠠᠭᠠᠷᠳᠠᠯᠭ᠎ᠠ ᠶ᠋ᠢ ᠳᠤᠷᠠᠳᠤᠨ ᠭᠠᠷᠭᠠᠵᠠᠢ᠃
《ᠰᠣᠩᠭᠣᠬᠤ》 ᠪᠠᠷᠢᠮᠵᠢᠶ᠎ᠠ ᠳᠡᠰ ᠳᠠᠷᠠᠭᠠᠯᠠᠯ᠎ᠢ ᠲᠦᠷᠢᠮᠵᠢᠬᠦᠯᠤᠨ᠎ᠠ᠃ 《ᠬᠠᠮᠢᠶᠠᠷᠤᠯᠲᠠ ᠶ᠋ᠢᠨ ᠠᠷᠭ᠎ᠠ》 ᠶ᠋ᠢ ᠳᠠᠷᠤᠮᠠᠯᠯᠠᠨ ᠲᠠᠷᠬᠠᠭᠠᠭ᠍ᠰᠠᠨᠤ ᠳᠠᠷᠠᠭ᠎ᠠ ᠂ ᠪᠥᠬᠥ᠌ ᠣᠷᠣᠨ᠎ᠤ ᠬᠣᠲᠠ ᠪᠠᠯᠭᠠᠰᠤ ᠶ᠋ᠢᠨ ᠪᠠᠢᠩᠭᠤ ᠰᠠᠭᠤᠭ᠎ᠠ ᠲᠦᠮᠡᠨ ᠬᠥᠮᠦᠨ ᠠᠮᠠ ᠪᠦᠷᠢᠳᠦ ᠨᠡᠢᠭᠡᠮ ᠲᠣᠭᠣᠷᠢᠭ᠎ᠤᠨ 18 ᠠᠵᠢᠯᠲᠠᠨ ᠳᠣᠭᠢᠷᠠᠭᠤᠯᠬᠤ ᠪᠠᠷᠢᠮᠵᠢᠶ᠎ᠠ ᠶᠣᠰᠣᠭᠠᠷ᠂ ᠶᠡᠷᠦᠩᠬᠡᠶ ᠬᠡᠮᠵᠢᠶ᠎ᠡ ᠶ᠋ᠢ ᠡᠵᠡᠮᠳᠡᠬᠦ᠌᠂ ᠬᠥᠳᠡᠯᠦᠩᠭᠦᠶ᠎ᠪᠡᠷ ᠳᠣᠭᠢᠷᠠᠭᠤᠯᠬᠤ ᠶ᠋ᠢ ᠬᠡᠷᠡᠭ᠌ᠵᠢᠭᠦᠯᠵᠦ᠍᠂ ᠠᠢᠮᠠᠭ ᠬᠣᠲᠠ᠎ᠠᠴᠠ ᠨᠢᠭᠡᠳᠦᠯᠲᠡᠶ ᠲᠥᠯᠥᠪᠯᠡᠨ᠂ ᠬᠣᠱᠢᠭᠤ ᠱᠢᠶᠠᠨ ( ᠬᠣᠲᠠ᠂ ᠲᠣᠭᠣᠷᠢᠭ ) ᠤ᠋ ᠲᠠᠰ ᠳᠠᠪᠬᠤᠷᠭ᠎ᠠ᠎ᠠᠴᠠ ᠡᠯᠰᠡᠨ ᠬᠡᠷᠡᠭ᠌ᠯᠡᠬᠦ᠌ ᠪᠣᠳᠠᠲᠠᠶ ᠠᠷᠭ᠎ᠠ ᠶ᠋ᠢ ᠲᠣᠭ᠍ᠲᠠᠭᠠᠬᠤ ᠶ᠋ᠢᠨ ᠬᠠᠮᠲᠤ ᠵᠣᠬᠢᠶᠠᠨ ᠪᠠᠢᠭᠤᠯᠤᠨ ᠬᠡᠷᠡᠭ᠌ᠵᠢᠭᠦᠯᠵᠦ᠍᠂ ᠬᠣᠱᠢᠭᠤ ᠱᠢᠶᠠᠨ(ᠬᠣᠲᠠ᠂ ᠲᠣᠭᠣᠷᠢᠭ) ᠳ᠋ᠤ ᠨᠠᠩ ᠣᠯᠠᠨ ᠡᠵᠡᠨ ᠮᠡᠳᠡᠬᠦ᠌ ᠡᠷᠬᠡ ᠣᠯᠭᠣᠬᠤ᠎ᠶ᠋ᠢᠨ ᠬᠠᠮᠲᠤ ᠡᠯᠰᠡᠨ ᠬᠡᠷᠡᠭ᠌ᠯᠡᠬᠦ᠌ ᠡᠲᠡᠭᠡᠳ᠎ᠦᠨ ᠦᠨᠳᠦᠰᠦᠨ ᠨᠥᠬᠥᠴᠡᠯ᠎ᠳᠦ ᠲᠣᠭ᠍ᠲᠠᠭᠠᠯ ᠭᠠᠷᠭᠠᠪᠠ᠃ ᠣᠳᠣᠬᠠᠨ᠎ᠳᠤ᠂ ᠪᠥᠬᠥ᠌ ᠣᠷᠣᠨ᠎ᠤ ᠬᠣᠲᠠ ᠪᠠᠯᠭᠠᠰᠤ ᠶ᠋ᠢᠨ ᠪᠠᠢᠩᠭᠤ ᠰᠠᠭᠤᠭ᠎ᠠ ᠲᠦᠮᠡᠨ ᠬᠥᠮᠦᠨ ᠠᠮᠠ ᠪᠦᠷᠢᠳᠦ ᠨᠡᠢᠭᠡᠮ ᠲᠣᠭᠣᠷᠢᠭ᠎ᠤᠨ 18.5 ᠠᠵᠢᠯᠲᠠᠨ᠎ᠲᠠᠶ ᠪᠠᠢᠵᠤ᠂ ᠭᠠᠴᠠᠭ᠎ᠠ ᠲᠣᠰᠭᠣᠨ ᠨᠡᠢᠭᠡᠮ ᠲᠣᠭᠣᠷᠢᠭ᠎ᠤᠨ ᠨᠠᠮ᠎ᠤᠨ ᠵᠣᠬᠢᠶᠠᠨ ᠪᠠᠢᠭᠤᠯᠤᠯᠲᠠ ᠶ᠋ᠢᠨ ᠱᠦᠵᠢ ᠵᠢ 96 ᠡᠯᠰᠡᠵᠦ ᠠᠯᠪᠠᠲᠠᠨ᠎ᠤ ᠡᠩᠨᠡᠭᠡ᠎ᠳᠦ ᠣᠷᠣᠭᠤᠯᠵᠦ ᠦᠨᠳᠦᠰᠦᠨ ᠱᠠᠲᠤᠨ᠎ᠤ ᠠᠵᠢᠯ᠎ᠤᠨ ᠡᠷᠴᠢᠮ᠎ᠢ ᠬᠦᠴᠦᠲᠡᠶ ᠲᠡᠭᠦᠯᠳᠡᠷᠵᠢᠭᠦᠯᠵᠠᠢ ᠃ ᠡᠭᠦᠨ᠎ᠦ ᠬᠠᠮᠲᠤ᠂ ᠱᠢᠯᠢᠳᠡᠭ ᠭᠠᠴᠠᠭ᠎ᠠ ᠲᠣᠰᠭᠣᠨ ( ᠨᠡᠢᠭᠡᠮ ᠲᠣᠭᠣᠷᠢᠭ) ᠤ᠋ ᠨᠠᠮ᠎ᠤᠨ ᠵᠣᠬᠢᠶᠠᠨ ᠪᠠᠢᠭᠤᠯᠤᠯᠲᠠ ᠶ᠋ᠢᠨ ᠱᠦᠵᠢ᠂ ᠱᠢᠯᠢᠳᠡᠭ ᠨᠡᠢᠭᠡᠮ ᠲᠣᠭᠣᠷᠢᠭ᠎ᠤᠨ ᠠᠵᠢᠯᠲᠠᠨ᠎ᠳᠤ ᠬᠠᠨᠳᠤᠭᠤᠯᠤᠨ ᠢᠯᠡ᠎ᠪᠡᠷ ᠠᠵᠢᠯ ᠦᠶ᠋ᠯᠡᠰ᠎ᠦᠨ ᠠᠵᠢᠯᠲᠠᠨ ᠡᠯᠰᠡᠬᠦ ᠡᠷᠴᠢᠮ᠎ᠢ ᠴᠦ᠍ ᠴᠢᠩᠭᠠᠷᠠᠭᠤᠯᠵᠤ ᠂ ᠵᠥᠪᠬᠡᠨ 2025 ᠣᠨ᠎ᠳᠤ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠠᠵᠢᠯ ᠦᠶ᠋ᠯᠡᠰ᠎ᠦᠨ ᠠᠵᠢᠯᠲᠠᠨ ᠢᠯᠡ᠎ᠪᠡᠷ ᠡᠯᠰᠡᠬᠦ ᠳᠤᠮᠳᠠ ᠂ 《 ᠱᠢᠯᠢᠳᠡᠭ ᠭᠠᠴᠠᠭ᠎ᠠ ᠲᠣᠰᠭᠣᠨ( ᠨᠡᠢᠭᠡᠮ ᠲᠣᠭᠣᠷᠢᠭ) ᠤ᠋ ᠨᠠᠮ᠎ᠤᠨ ᠵᠣᠬᠢᠶᠠᠨ ᠪᠠᠢᠭᠤᠯᠤᠯᠲᠠ ᠶ᠋ᠢᠨ ᠱᠦᠵᠢ 》᠂ 《 ᠱᠢᠯᠢᠳᠡᠭ ᠨᠡᠢᠭᠡᠮ ᠲᠣᠭᠣᠷᠢᠭ᠎ᠤᠨ ᠠᠵᠢᠯᠲᠠᠨ》 ᠳ᠋ᠤ ᠬᠠᠨᠳᠤᠭᠤᠯᠤᠨ ᠨᠡᠢᠲᠡ 98 ᠠᠵᠢᠯ᠎ᠤᠨ ᠪᠠᠢᠷᠢ ᠲᠣᠬᠢᠷᠠᠭᠤᠯᠵᠤ᠂ ᠥᠩᠭᠡᠷᠡᠭ᠌ᠰᠡᠨ ᠵᠢᠯᠤᠳᠤᠨᠬᠢᠡᠴᠡ 36% ᠡᠴᠡ ᠳᠡᠭᠡᠭ᠌ᠰᠢ ᠨᠡᠮᠡᠭ᠌ᠳᠡᠵᠠᠢ᠃
《 ᠬᠦᠮᠦᠵᠢᠬᠦᠯᠬᠦ》 ᠠᠷᠭ᠎ᠠ ᠮᠠᠶᠢᠭ᠎ᠢ ᠰᠠᠢᠵᠢᠷᠠᠭᠤᠯᠤᠨ᠎ᠠ ᠃ ᠪᠦᠬᠦ᠌ ᠣᠷᠣᠨ᠎ᠢᠶᠠᠷ᠎ᠢᠶᠠᠨ 《 345 》 ᠨᠠᠮ᠎ᠤᠨ ᠭᠡᠱᠢᠭᠦᠨ᠎ᠦ ᠬᠥᠮᠦᠵᠢᠯ᠎ᠦᠨ ᠦᠨᠳᠦᠰᠦᠨ ᠪᠣᠯᠪᠠᠰᠤᠷᠠᠯ᠎ᠤᠨ ᠠᠵᠢᠯᠯᠠᠭ᠎ᠠ ᠶ᠋ᠢ ᠡᠬᠢᠯᠡᠨ ᠬᠡᠷᠡᠭ᠌ᠵᠢᠭᠦᠯᠵᠦ᠍ ᠂ ᠰᠤᠮᠤ ᠱᠢᠶᠠᠩ ᠪᠠᠯᠭᠠᠰᠤ ᠵᠡᠭᠡᠯᠢ ᠭᠤᠳᠤᠮᠵᠢ ᠂ ᠭᠠᠴᠠᠭ᠎ᠠ ᠲᠣᠰᠭᠣᠨ ᠨᠡᠢᠭᠡᠮ ᠲᠣᠭᠣᠷᠢᠭ᠎ᠤᠨ ᠨᠠᠮ᠎ᠤᠨ ᠵᠣᠬᠢᠶᠠᠨ ᠪᠠᠢᠭᠤᠯᠤᠯᠲᠠ ᠶ᠋ᠢᠨ ᠱᠦᠵᠢ ᠶ᠋ᠢᠨ 《 ᠨᠡᠢᠳᠡ ᠨᠢᠭᠡ ᠬᠢᠴᠢᠶᠡᠯ ᠣᠷᠣᠬᠤ》᠂ ᠬᠣᠱᠢᠭᠤ ᠱᠢᠶᠠᠨ( ᠬᠣᠲᠠ᠂ ᠲᠣᠭᠣᠷᠢᠭ) ᠨᠢ ᠵᠢᠯ ᠪᠦᠷᠢ ᠠᠳᠠᠭ᠎ᠲᠠᠭᠠᠨ ᠨᠡᠢᠭᠡᠮ ᠲᠣᠭᠣᠷᠢᠭ᠎ᠤᠨ ᠨᠠᠮ᠎ᠤᠨ ᠵᠣᠬᠢᠶᠠᠨ ᠪᠠᠢᠭᠤᠯᠤᠯᠲᠠ ᠶ᠋ᠢᠨ ᠱᠦᠵᠢ᠂ ᠨᠡᠢᠭᠡᠮ ᠲᠣᠭᠣᠷᠢᠭ᠎ᠤᠨ ᠰᠠᠭᠤᠭᠠᠯᠢ ᠠᠷᠠᠳ᠎ᠤᠨ ᠵᠥᠪᠯᠡᠯ᠎ᠦᠨ ᠡᠷᠬᠢᠯᠡᠭ᠌ᠴᠢ᠎ᠶ᠋ᠢ ᠨᠢᠭᠡ ᠤᠳᠠᠭ᠎ᠠ ᠪᠣᠯᠪᠠᠰᠤᠷᠠᠯ᠎ᠳᠤ ᠤᠷᠤᠯᠴᠠᠭᠤᠯᠬᠤ᠂ ᠨᠡᠢᠭᠡᠮ ᠲᠣᠭᠣᠷᠢᠭ᠎ᠤᠨ ᠪᠤᠰᠤᠳ ᠠᠵᠢᠯᠲᠠᠨ᠎ᠢ 3 ᠵᠢᠯ ᠪᠦᠷᠢ ᠨᠢᠭᠡ ᠤᠳᠠᠭ᠎ᠠ ᠡᠭᠡᠯᠵᠢᠯᠡᠨ ᠪᠣᠯᠪᠠᠰᠤᠷᠠᠯ ᠳᠤ ᠤᠷᠤᠯᠴᠠᠭᠤᠯᠵᠤ᠂ ᠨᠡᠢᠭᠡᠮ ᠲᠣᠭᠣᠷᠢᠭ᠎ᠤᠨ ᠠᠵᠢᠯᠲᠠᠨ᠎ᠤ ᠣᠯᠠᠨ ᠲᠦᠮᠡᠨ᠎ᠳᠦ ᠦᠢᠯᠡᠴᠢᠯᠡᠬᠦ᠌ ᠦᠵᠡᠯ ᠤᠬᠠᠮᠰᠠᠷ ᠪᠣᠯᠤᠨ ᠠᠰᠠᠭᠤᠳᠠᠯ᠎ᠢ ᠱᠢᠶ᠋ᠳᠪᠦᠷᠢᠯᠡᠬᠦ᠌ ᠴᠢᠳᠠᠪᠤᠷᠢ ᠶ᠋ᠢ ᠦᠨᠡᠨ ᠬᠦ᠌ ᠨᠡᠮᠡᠭ᠌ᠳᠡᠭᠦᠯᠤᠨ᠎ᠠ᠃ ᠪᠦᠷᠢᠳᠭᠡᠯ᠎ᠢ ᠦᠨᠳᠦᠰᠦᠯᠡᠪᠡᠯ᠂ ᠪᠥᠬᠥ᠌ ᠣᠷᠣᠨ᠎ᠤ ᠬᠣᠲᠠ ᠪᠠᠯᠭᠠᠰᠤᠨ᠎ᠤ ᠨᠡᠢᠭᠡᠮ ᠲᠣᠭᠣᠷᠢᠭ᠎ᠤᠨ 30853 ᠠᠵᠢᠯᠲᠠᠨ᠎ᠤ ᠳᠣᠲᠣᠷ᠎ᠠ᠂ ᠨᠡᠢᠲᠡ 4212 ᠬᠥᠮᠦᠨ ᠨᠡᠢᠭᠡᠮ᠎ᠦᠨ ᠠᠵᠢᠯᠲᠠᠨ᠎ᠤ ᠦᠨᠡᠮᠯᠡᠯ᠎ᠲᠡᠶ ᠪᠠᠢᠵᠤ᠂ ᠨᠡᠢᠭᠡᠮ ᠲᠣᠭᠣᠷᠢᠭ᠎ᠤᠨ ᠠᠵᠢᠯᠲᠠᠨ᠎ᠤ ᠶᠡᠷᠦᠩᠬᠡᠢᠯᠡᠭ᠌ᠰᠡᠨ ᠴᠢᠳᠠᠪᠤᠷᠢ ᠲᠠᠰᠤᠷᠠᠯᠲᠠ ᠥᠬᠡᠶ ᠳᠡᠭᠡᠭ᠌ᠰᠢᠯᠡᠵᠠᠢ᠃
《 ᠬᠠᠮᠢᠶᠠᠷᠬᠤ 》 ᠠᠷᠭ᠎ᠠ ᠬᠡᠮᠵᠢᠶ᠎ᠡ ᠶ᠋ᠢ ᠴᠢᠩᠭᠠᠳᠬᠠᠨ᠎ᠠ᠃ 《 ᠬᠠᠮᠢᠶᠠᠷᠤᠯᠲᠠ᠎ᠶ᠋ᠢᠨ ᠠᠷᠭ᠎ᠠ 》 ᠳ᠋ᠤ ᠡᠳᠦᠷ ᠲᠤᠲᠤᠮ᠎ᠤᠨ ᠬᠠᠮᠢᠶᠠᠷᠤᠯᠲᠠ᠂ ᠠᠵᠢᠯ᠎ᠤᠨ ᠪᠠᠢᠷᠢᠰᠤᠯᠢᠬᠤ ᠵᠢᠴᠢ ᠠᠵᠢᠯ᠎ᠤᠨ ᠠᠮᠵᠢᠯᠲᠠ ᠪᠦᠲᠦᠮᠵᠢ ᠶ᠋ᠢ ᠱᠢᠯᠭᠠᠨ ᠬᠢᠨᠠᠬᠤ ᠵᠡᠷᠭᠡ ᠲᠦᠷᠢᠮ᠎ᠦᠨ ᠱᠠᠭᠠᠷᠳᠠᠯᠭ᠎ᠠ ᠶ᠋ᠢ ᠤᠯᠠᠮ ᠲᠣᠳᠣᠷᠬᠠᠶ ᠲᠣᠭ᠍ᠲᠠᠭᠠᠵᠤ᠂ ᠠᠵᠢᠯ᠎ᠤᠨ ᠪᠠᠢᠷᠢ ᠶ᠋ᠢᠨ ᠲᠠᠰ ᠳᠠᠷᠠᠭᠠᠯᠠᠯ᠎ᠢ ᠲᠣᠭ᠍ᠲᠠᠭᠠᠨ᠂ ᠨᠡᠢᠭᠡᠮ ᠲᠣᠭᠣᠷᠢᠭ᠎ᠤᠨ ᠠᠵᠢᠯᠲᠠᠨ᠎ᠤ ᠠᠵᠢᠯ᠎ᠤᠨ ᠪᠠᠢᠷᠢ ᠬᠢᠭᠡᠳ ᠵᠡᠷᠭᠡ ᠲᠠᠰ᠎ᠢ ᠬᠠᠷᠢᠯᠴᠠᠨ ᠤᠶᠠᠯᠳᠤᠭᠤᠯᠤᠭ᠍ᠰᠠᠨ ᠠᠵᠢᠯ ᠮᠡᠷᠭᠡᠵᠢᠯ᠎ᠦᠨ ᠱᠢᠰᠲ᠋ᠧᠮ᠎ᠢ ᠪᠠᠢᠭᠤᠯᠤᠨ ᠪᠦᠷᠢᠨᠱᠢᠭᠦᠯᠵᠦ᠍᠂ ᠨᠡᠢᠭᠡᠮ ᠲᠣᠭᠣᠷᠢᠭ᠎ᠤᠨ ᠠᠵᠢᠯᠲᠠᠨ᠎ᠤ ᠡᠳᠦᠷ ᠲᠤᠲᠤᠮ᠎ᠤᠨ ᠠᠵᠢᠯ᠎ᠤᠨ ᠲᠦᠷᠢᠮ᠎ᠢ ᠲᠡᠭᠦᠯᠳᠡᠷᠵᠢᠬᠦᠯᠦᠨ᠂ ᠡᠳᠦᠷ ᠲᠤᠲᠤᠮ᠎ᠤᠨ ᠬᠠᠮᠢᠶᠠᠷᠤᠯᠲᠠ ᠶ᠋ᠢ ᠴᠢᠩᠭ᠎ᠠ ᠪᠥᠭᠡᠳ ᠪᠣᠳᠠᠲᠠᠶ ᠰᠠᠢᠲᠤᠷ ᠬᠢᠨ᠎ᠠ᠃ ᠱᠢᠯᠭᠠᠨ ᠬᠢᠨᠠᠯᠳᠡ᠎ᠳᠤ ᠤᠯᠤᠰ ᠲᠥᠷᠥ ᠶ᠋ᠢᠨ ᠬᠡᠪ ᠴᠢᠨᠠᠷ᠂ ᠠᠵᠢᠯ᠎ᠤᠨ ᠪᠣᠳᠠᠲᠤ ᠠᠮᠵᠢᠯᠲᠠ ᠪᠦᠲᠦᠮᠵᠢ ᠪᠤᠯᠤᠨ ᠰᠠᠭᠤᠭᠠᠯᠢ ᠠᠷᠠᠳ᠎ᠤᠨ ᠰᠡᠳᠭᠢᠯ ᠬᠠᠨᠤᠮᠵᠢᠲᠠᠶ ᠪᠠᠢᠬᠤ ᠬᠡᠮᠵᠢᠶ᠎ᠡ᠎ᠪᠡᠷ ᠭᠤᠤᠯᠳᠠᠯᠭ᠎ᠠ ᠪᠣᠯᠭᠠᠵᠤ᠂ ᠵᠢᠩᠬᠢᠨᠢ ᠲᠤᠱᠢᠶᠠᠯ᠂ ᠳᠡᠳ᠋ ᠲᠤᠱᠢᠶᠠᠯ᠂ ᠡᠩ᠎ᠦᠨ ᠠᠵᠢᠯᠲᠠᠨ᠎ᠢ ᠲᠥᠷᠥᠯ ᠬᠤᠪᠢᠶᠠᠨ ᠱᠢᠯᠭᠠᠨ ᠬᠢᠨᠠᠵᠤ᠂ ᠱᠢᠯᠭᠠᠨ ᠬᠢᠨᠠᠭ᠍ᠰᠠᠨ ᠦᠷ᠎ᠡ ᠳ᠋ᠦᠩᠵᠢᠡᠷ ᠠᠵᠢᠯ᠎ᠤᠨ ᠪᠠᠢᠷᠢ ᠶ᠋ᠢᠨ ᠵᠡᠷᠭᠡ ᠳᠡᠰ᠎ᠢ ᠲᠣᠬᠢᠷᠠᠭᠤᠯᠬᠤ᠂ ᠦᠷᠭᠦᠯᠵᠢᠯᠡᠨ ᠤᠷᠢᠨ ᠬᠡᠷᠡᠭ᠌ᠯᠡᠬᠦ᠌ᠪᠤᠶᠤ ᠬᠦᠴᠦᠨ ᠥᠬᠡᠶ ᠪᠣᠯᠭᠠᠬᠤ ᠂ ᠱᠠᠩᠨᠠᠵᠤ ᠲᠣᠷᠭᠠᠵᠤ ᠤᠷᠮᠠᠱᠢᠭᠤᠯᠬᠤ ᠶ᠋ᠢᠨ ᠴᠢᠬᠤᠯᠠ ᠦᠨᠳᠦᠰᠦᠯᠡᠯ ᠪᠣᠯᠭᠠᠨ᠎ᠠ᠃ ᠡᠭᠦᠨ᠎ᠦ ᠬᠠᠮᠲᠤ᠂ ᠥᠪᠡᠷᠲᠡᠭᠡᠨ ᠵᠠᠰᠠᠬᠤ ᠣᠷᠣᠨ᠎ᠤ ᠳᠡᠭᠡᠳᠦ ᠰᠤᠷᠭᠠᠭᠤᠯᠢ ᠂ ᠠᠵᠢᠯ ᠮᠡᠷᠭᠡᠵᠢᠯ᠎ᠦᠨ ᠰᠤᠷᠭᠠᠭᠤᠯᠢ᠎ᠳᠤ ᠨᠡᠢᠭᠡᠮ᠎ᠦᠨ ᠠᠵᠢᠯ᠎ᠤᠨ ᠬᠠᠮᠢᠶ᠎ᠠ ᠪᠦᠬᠦᠢ ᠱᠢᠨᠵᠢᠯᠡᠭᠡᠨ᠎ᠦ ᠲᠤᠰᠭᠠᠶ ᠮᠡᠷᠭᠡᠵᠢᠯ᠎ᠦᠨ ᠪᠠᠢᠭᠤᠯᠤᠯᠲᠠ ᠶ᠋ᠢ ᠱᠢᠯᠢᠳᠡᠭ᠌ᠵᠢᠭᠦᠯᠬᠦ᠌ ᠶ᠋ᠢ ᠤᠯᠠᠮ ᠲᠣᠳᠣᠷᠬᠠᠢᠯᠠᠵᠤ ᠂ ᠨᠡᠢᠭᠡᠮ ᠲᠣᠭᠣᠷᠢᠭ᠎ᠤᠨ ᠠᠵᠢᠯᠲᠠᠨ᠎ᠤ ᠳᠠᠳᠤᠯᠭ᠎ᠠ ᠬᠢᠵᠦ᠍ ᠦᠶ᠋ᠯᠡᠳᠦᠯᠭᠡᠵᠢᠭᠦᠯᠦᠨ ᠬᠦᠮᠦᠵᠢᠬᠦᠯᠬᠦ ᠰᠠᠭᠤᠷᠢᠨ᠎ᠤ ᠪᠦᠲᠦᠭᠡᠨ ᠪᠠᠢᠭᠤᠯᠤᠯᠲᠠ᠎ᠶ᠋ᠢᠨ ᠲᠥᠯᠥᠪᠯᠡᠭᠡ ᠶ᠋ᠢ ᠬᠡᠷᠡᠭ᠌ᠵᠢᠭᠦᠯᠤᠨ᠎ᠠ ᠃
《 ᠬᠡᠷᠡᠭ᠌ᠯᠡᠬᠦ᠌ 》 ᠠᠷᠭ᠎ᠠ ᠵᠠᠮ᠎ᠢ ᠥᠷᠭᠡᠳᠭᠡᠨ᠎ᠡ᠃ 《 ᠡᠩ᠎ᠦᠨ ᠨᠡᠢᠭᠡᠮ ᠲᠣᠭᠣᠷᠢᠭ᠎ᠤᠨ ᠠᠵᠢᠯᠲᠠᠨ — ᠨᠡᠢᠭᠡᠮ ᠲᠣᠭᠣᠷᠢᠭ᠎ᠤᠨ〈 ᠬᠣᠶᠠᠷ ᠵᠥᠪᠯᠡᠯ 〉 ᠤ᠋ᠨ ᠪᠦᠷᠢᠯᠳᠦᠬᠦᠨ— ᠨᠡᠢᠭᠡᠮ ᠲᠣᠭᠣᠷᠢᠭ᠎ᠤᠨ ᠵᠢᠩᠬᠢᠨᠢ ᠲᠤᠱᠢᠶᠠᠯᠳᠠᠨ — ᠵᠠᠰᠠᠭ ᠵᠠᠬᠢᠷᠭᠠᠨ ᠠᠵᠢᠯ ᠦᠶ᠋ᠯᠡᠰ᠎ᠦᠨ ᠠᠵᠢᠯᠲᠠᠨ — ᠰᠠᠯᠠᠭᠠᠨ ᠲᠠᠰ᠎ᠤᠨ ᠺᠠᠳ᠋ᠷ》᠎ᠤ᠋ᠨ ᠬᠦᠭᠵᠢᠯᠳᠡ᠎ᠶᠢᠨ ᠠᠷᠭ᠎ᠠ ᠵᠠᠮ᠎ᠢ ᠱᠢᠯᠢᠳᠡᠭ᠌ᠵᠢᠭᠦᠯᠵᠦ᠍ ᠂ 《ᠲᠤᠱᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠬᠦ᠌᠎ᠳᠦ ᠱᠢᠯᠭᠠᠨ ᠦᠨᠡᠯᠡᠯᠲᠡ᠎ᠲᠡᠶ ᠂ ᠬᠠᠷᠠᠭᠠᠯᠵᠠᠯ ᠬᠦᠷᠳᠡᠬᠦ ᠳ᠋ᠦ᠍ ᠪᠠᠲᠤᠯᠠᠭ᠎ᠠ᠎ᠲᠠᠶ᠂ ᠬᠥᠭ᠌ᠵᠢᠨ ᠲᠠᠪᠰᠢᠬᠤ᠎ᠳᠦ ᠣᠷᠣᠨ ᠵᠠᠶ᠎ᠲᠠᠶ 》 ᠪᠠᠢᠬᠤ ᠪᠥᠬᠥ᠌ ᠬᠡᠯᠬᠢᠶᠡᠨ᠎ᠦ ᠠᠵᠢᠯ᠎ᠤᠨ ᠱᠢᠰᠲ᠋ᠧᠮ᠎ᠢ ᠪᠠᠢᠭᠤᠯᠤᠨ᠎ᠠ᠃ ᠰᠤᠮᠤ ᠱᠢᠶᠠᠩ ᠪᠠᠯᠭᠠᠰᠤ ᠶ᠋ᠢᠨ ᠺᠠᠳ᠋ᠷᠴᠤᠳ᠎ᠢ ᠬᠠᠯᠠᠮᠵᠢᠯᠠᠨ ᠬᠠᠢᠷᠠᠯᠠᠬᠤ ᠠᠷᠭ᠎ᠠ ᠬᠡᠮᠵᠢᠶ᠎ᠡ᠎ᠨᠦᠭᠦᠳ᠎ᠢ ᠲᠣᠭ᠍ᠲᠠᠭᠠᠨ ᠳᠠᠷᠤᠮᠠᠯᠯᠠᠨ ᠲᠠᠷᠬᠠᠭᠠᠵᠤ᠂ ᠰᠤᠮᠤ ᠱᠢᠶᠠᠩ ᠪᠠᠯᠭᠠᠰᠤ ᠶ᠋ᠢᠨ ᠪᠠᠢᠭᠤᠯᠭ᠎ᠠ᠎ᠶ᠋ᠢᠨ ᠠᠵᠢᠯᠲᠠᠨ᠎ᠤ ᠣᠷᠣᠯᠭ᠎ᠠ ᠶ᠋ᠢ ᠬᠣᠱᠢᠭᠤ ᠱᠢᠶᠠᠨ( ᠬᠣᠲᠠ ᠂ ᠲᠣᠭᠣᠷᠢᠭ) ᠤ᠋ ᠱᠢᠭᠤᠳ ᠬᠠᠷᠢᠶ᠎ᠠ ᠪᠠᠢᠭᠤᠯᠭ᠎ᠠ ᠶ᠋ᠢᠨ ᠠᠳᠠᠯᠢ ᠲᠤᠱᠢᠶᠠᠯ ᠲᠠᠰ᠎ᠤᠨ ᠠᠵᠢᠯᠲᠠᠨ᠎ᠤ ᠣᠷᠣᠯᠭ᠎ᠠ᠎ᠠᠴᠠ 20% ᠡᠴᠡ ᠳᠡᠭᠡᠭ᠌ᠰᠢ᠎ᠳᠦ ᠪᠠᠢᠯᠭᠠᠬᠤ ᠶ᠋ᠢ ᠠᠬᠢᠭᠤᠯᠤᠨ᠎ᠠ᠃ 《 ᠬᠠᠮᠢᠶᠠᠷᠤᠯᠲᠠ ᠶ᠋ᠢᠨ ᠠᠷᠭ᠎ᠠ 》 ᠳ᠋ᠤ 《 ᠭᠤᠷᠪᠠᠨ ᠠᠵᠢᠯ᠎ᠤᠨ ᠪᠠᠢᠷᠢ ᠠᠷᠪᠠᠨ ᠨᠠᠶ᠋ᠮᠠᠨ ᠲᠠᠰ 》 ᠤ᠋ᠨ ᠠᠵᠢᠯ ᠮᠡᠷᠭᠡᠵᠢᠭ᠌ᠰᠡᠨ ᠴᠠᠯᠢᠩ᠎ᠤᠨ ᠱᠢᠰᠲ᠋ᠧᠮ᠎ᠢ ᠪᠥᠬᠥ᠌ ᠲᠠᠯ᠎ᠠ᠎ᠪᠠᠷ ᠬᠡᠷᠡᠭ᠌ᠵᠢᠭᠦᠯᠵᠦ᠍᠂ ᠨᠡᠢᠭᠡᠮ ᠲᠣᠭᠣᠷᠢᠭ᠎ᠤᠨ ᠠᠵᠢᠯᠲᠠᠨ᠎ᠤ ᠰᠠᠷ᠎ᠠ ᠳᠤᠮᠳᠠᠴᠢ᠎ᠶ᠋ᠢᠨ ᠬᠥᠯᠥᠰᠥ᠍ ᠣᠯᠭᠣᠮᠵᠢ ᠵᠢ 2020 ᠣᠨ᠎ᠤ᠎ᠬᠢ᠎ᠡᠴᠡ 27.6% ᠪᠠᠷ ᠨᠡᠮᠡᠭ᠌ᠳᠡᠬᠦᠯᠵᠦ᠂ ᠦᠨᠳᠦᠰᠦᠨ ᠱᠠᠲᠤᠨ᠎ᠤ ᠺᠠᠳ᠋ᠷ ᠠᠵᠢᠯᠲᠠᠨ᠎ᠤ ᠦᠨᠳᠦᠰᠦᠨ ᠱᠠᠲᠤᠨ᠎ᠤ ᠵᠠᠰᠠᠯᠲᠠ ᠶ᠋ᠢ ᠱᠢᠯᠢᠳᠡᠭ᠌ᠵᠢᠭᠦᠯᠬᠦ᠌ ᠢᠲᠡᠭᠡᠯ ᠵᠣᠷᠢᠭ᠎ᠢ ᠬᠥᠪᠴᠢᠯᠡᠵᠦ᠍᠂ ᠦᠨᠳᠦᠰᠦᠨ ᠱᠠᠲᠤᠨ᠎ᠤ ᠪᠡᠯᠡᠳᠬᠡᠯ ᠬᠦᠢᠴᠡᠳ᠎ᠢᠶᠡᠷ ᠵᠠᠰᠠᠯᠳᠡ ᠶ᠋ᠢ ᠠᠳᠭᠤᠨ᠂ ᠨᠢᠭᠡ ᠯᠡ ᠰᠡᠳᠭᠢᠯ᠎ᠢᠶᠡᠷ ᠦᠶ᠋ᠯᠡᠴᠢᠯᠡᠭᠡ ᠬᠢᠬᠦ᠌ ᠠᠮᠢᠳᠤᠯᠢᠭ ᠪᠠᠢᠳᠠᠯ᠎ᠢ ᠤᠯᠠᠮ ᠪᠡᠬᠢᠵᠢᠭᠦᠯᠪᠠ ᠃