《ᠭᠠᠢᠯᠢ ᠲᠤᠱᠢᠶᠠᠬᠤ ᠢᠲᠡᠭᠡᠮᠵᠢ ᠶ᠋ᠢᠨ ᠬᠠᠮᠲᠤᠷᠠᠬᠰᠠᠨ ᠤᠷᠮᠠᠱᠢᠭᠤᠯᠤᠯ᠎ᠤᠨ ᠺᠠᠷᠲ》᠎ᠤ᠋ᠨ ᠠᠵᠢᠯ᠎ᠤᠨ ᠲᠣᠭ᠍ᠲᠠᠴᠠ᠎ᠶ᠋ᠢ ᠠᠬᠢᠭᠤᠯᠵᠦ ᠮᠠᠨ᠎ᠤ ᠣᠷᠣᠨ᠎ᠤ 4 ᠲᠦᠮᠡ ᠭᠠᠷᠤᠶ ᠡᠵᠡᠩᠨᠡᠯᠲᠡ᠎ᠶ᠋ᠢᠨ ᠭᠤᠤᠯ ᠴᠣᠭ᠍ᠴᠠ ᠢᠲᠡᠭᠡᠮᠵᠢ᠎ᠶ᠋ᠢᠨ ᠬᠠᠷᠠᠭᠠᠯᠵᠠᠯ ᠭᠥᠷᠳᠡᠪᠡ
2024-11-03 12:08:17
ᠵᠣᠬᠢᠶᠠᠭ᠍ᠴᠢ᠄
​ ᠯᠢ ᠶᠦᠩ ᠲᠤᠤ
ᠣᠩᠱᠢᠭ᠍ᠰᠠᠨ ᠣᠳᠠᠭ᠎ᠠ᠄
★★★☆☆

10 ᠰᠠᠷ᠎ᠠ᠎ᠶᠢᠨ 30 ᠤ᠋ ᠡᠳᠦᠷ᠂ 《 ᠮᠠᠨ᠎ᠤ ᠺᠣᠮᠫᠠᠨᠢ 〈 ᠭᠠᠢᠯᠢ ᠲᠤᠱᠢᠶᠠᠬᠤ ᠢᠲᠡᠭᠡᠮᠵᠢ᠎ᠶ᠋ᠢᠨ ᠬᠠᠮᠲᠤᠷᠠᠭ᠍ᠰᠠᠨ ᠤᠷᠮᠠᠱᠢᠭᠤᠯᠤᠯ᠎ᠤᠨ ᠺᠠᠷᠲ 〉 ᠲᠠᠢ ᠪᠣᠯᠬᠣᠷ ᠭᠠᠢᠯᠢ ᠶ᠋ᠢᠨ ᠶᠠᠪᠤᠳᠠᠯ᠎ᠤᠨ ᠰᠠᠯᠠᠭ᠎ᠠ ᠮᠥᠴᠢᠷ᠎ᠲᠦ 〈 ᠣᠨᠴᠠᠭᠠᠶ ᠬᠠᠷᠠᠭᠠᠯᠵᠠᠯ 〉 ᠡᠳ᠋ᠯᠡᠵᠦ᠍ ᠪᠣᠯᠬᠤ᠎ᠪᠠᠷ ᠪᠠᠷᠠᠬᠤ ᠥᠬᠡᠶ ᠂ ᠪᠠᠰᠠ ᠨᠡᠢᠭᠡᠮ᠎ᠦᠨ ᠪᠠᠲᠤᠯᠠᠭ᠎ᠠ ᠶ᠋ᠢᠨ ᠲᠤᠬᠠᠢᠯᠠᠭ᠍ᠰᠠᠨ ᠠᠵᠢᠯ᠎ᠢ ᠭᠦᠶ᠋ᠴᠡᠳᠭᠡᠬᠦ᠌ ᠦᠶ᠎ᠡ᠎ᠳᠦ ᠤᠷᠢᠳ᠎ᠢᠶᠡᠷ ᠭᠦᠶ᠋ᠴᠡᠳᠭᠡᠬᠦ᠌ ᠂ ᠲᠦᠷᠭᠡᠨ ᠭᠦᠶ᠋ᠴᠡᠳᠭᠡᠵᠦ᠍ ᠳᠠᠭᠤᠰᠭᠠᠬᠤ 〈 ᠲᠤᠰᠭᠠᠶ ᠦᠶ᠋ᠯᠡᠴᠢᠯᠡᠭᠡ 〉 ᠶ᠋ᠢ ᠭᠥᠷᠳᠡᠵᠦ᠍ ᠂ ᠭᠠᠢᠯᠢ ᠲᠤᠱᠢᠶᠠᠬᠤ ᠢᠲᠡᠭᠡᠮᠵᠢ ᠶ᠋ᠢᠨ ᠰᠠᠢᠨᠳᠠᠢ ᠲᠠᠯ᠎ᠠ ᠶ᠋ᠢ ᠪᠢᠳᠡᠨ᠎ᠳᠦ ᠦᠨᠡᠨ ᠬᠦ᠌ ᠮᠡᠳᠡᠷᠡᠭᠦᠯᠪᠡ 》ᠭᠡᠵᠦ ᠳᠤᠮᠳᠠᠳᠤ ᠤᠯᠤᠰ᠎ᠤᠨ ᠴᠢᠯᠠᠭᠤᠨ ᠲᠤᠰᠤᠨ᠎ᠤ ᠥᠪᠥᠷ ᠮᠣᠩᠭᠣᠯ᠎ᠤᠨ ᠪᠣᠷᠣᠯᠠᠭᠤᠯᠭ᠎ᠠ ᠶ᠋ᠢᠨ ᠬᠤᠪᠢᠶᠠᠷᠢ ᠺᠣᠮᠫᠠᠨᠢ ᠶ᠋ᠢᠨ ᠡᠳ᠋᠎ᠦᠨ ᠶᠠᠪᠤᠳᠠᠯ᠎ᠤᠨ ᠬᠠᠷᠢᠭᠤᠴᠠᠯᠭᠠᠲᠠᠨ ᠬᠠᠨ ᠸᠸᠨ ᠨᠢᠩ ᠬᠡᠯᠡᠪᠡ᠃

ᠡᠨᠡ ᠵᠢᠯ᠎ᠡᠴᠡ ᠨᠠᠭᠠᠰᠢ᠂ ᠮᠠᠨ᠎ᠤ ᠤᠷᠤᠨ《 ᠦᠨᠡᠨᠴᠢ ᠢᠲᠡᠭᠡᠮᠵᠢ ᠶ᠋ᠢᠨ ᠪᠥᠲᠥᠭᠡᠨ ᠪᠠᠢᠭᠤᠯᠤᠯᠲᠠ ᠶ᠋ᠢᠨ ᠢᠨᠵᠧᠨᠧᠷᠢᠩ 》 ᠎ᠢ᠋ᠶ᠋ᠠᠷ ᠭᠠᠷᠳᠠᠴᠠ ᠪᠣᠯᠭᠠᠨ᠂ ᠡᠵᠡᠩᠨᠡᠯᠲᠡ ᠶ᠋ᠢᠨ ᠭᠤᠤᠯ ᠴᠣᠭ᠍ᠴᠠ ᠶ᠋ᠢ ᠵᠥᠪ ᠴᠢᠭ᠌ᠯᠡᠯ᠎ᠢᠶᠡᠷ ᠤᠷᠮᠠᠱᠢᠭᠤᠯᠬᠤ᠎ᠪᠠᠷ ᠤᠳᠤᠷᠢᠳᠤᠮᠵᠢ ᠪᠣᠯᠭᠠᠵᠤ᠂ ᠪᠥᠬᠥ᠌ ᠣᠷᠣᠨ᠎ᠤ 25 ᠰᠠᠯᠠᠭ᠎ᠠ ᠮᠥᠴᠢᠷ ᠬᠦᠴᠦ᠍᠎ᠪᠡᠨ ᠬᠠᠮᠲᠤᠳᠭᠠᠨ 《ᠭᠠᠢᠯᠢ ᠲᠤᠱᠢᠶᠠᠬᠤ ᠢᠲᠡᠭᠡᠮᠵᠢ ᠶ᠋ᠢᠨ ᠬᠠᠮᠲᠤᠷᠠᠬᠰᠠᠨ ᠤᠷᠮᠠᠱᠢᠭᠤᠯᠤᠯ᠎ᠤᠨ ᠺᠠᠷᠲ》 ᠎ᠤ᠋ᠨ ᠠᠵᠢᠯ᠎ᠤᠨ ᠲᠣᠭ᠍ᠲᠠᠴᠠ᠎ᠶ᠋ᠢ ᠠᠬᠢᠭᠤᠯᠵᠤ᠂ ᠵᠠᠬ᠎ᠠ ᠳᠡᠯᠭᠡᠭᠦᠷᠴᠢᠯᠡᠭ᠌ᠰᠡᠨ ᠥᠭᠡᠷᠡᠴᠢᠯᠡᠯᠲᠡ ᠶ᠋ᠢᠨ ᠱᠢᠨ᠎ᠡ ᠬᠠᠷᠢᠭᠤᠯᠲᠠ ᠶ᠋ᠢᠨ ᠬᠠᠭᠤᠳᠠᠰᠤ᠎ᠶ᠋ᠢ ᠬᠦᠴᠦᠯᠡᠨ ᠪᠢᠴᠢᠭ᠌ᠯᠡᠪᠡ᠃

ᠡᠨᠡ ᠵᠢᠯ᠎ᠦᠨ 1 ᠰᠠᠷ᠎ᠠ ᠶ᠋ᠢᠨ 1᠎ᠤ᠋ ᠡᠳᠦᠷ᠎ᠡᠴᠡ ᠡᠬᠢᠯᠡᠨ ᠬᠡᠷᠡᠭ᠌ᠵᠢᠭᠦᠯᠦᠭ᠌ᠰᠡᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈 ᠭᠠᠢᠯᠢ ᠲᠤᠱᠢᠶᠠᠬᠤ ᠢᠲᠡᠭᠡᠮᠵᠢ ᠶ᠋ᠢᠨ ᠬᠠᠮᠲᠤᠷᠠᠬᠰᠠᠨ ᠤᠷᠮᠠᠱᠢᠭᠤᠯᠬᠤ ᠺᠠᠷᠲ〉 ᠎ᠤ᠋ᠨ ᠲᠦᠷ ᠬᠡᠷᠡᠭ᠌ᠵᠢᠭᠦᠯᠬᠦ᠌ ᠠᠷᠭ᠎ᠠ》 (ᠳᠣᠷᠣᠭ᠍ᠰᠢ 《 ᠠᠷᠭ᠎ᠠ 》 ᠭᠡᠵᠦ᠍ ᠲᠣᠪᠴᠢᠯᠠᠨ᠎ᠠ ) ᠎ᠳ᠋ᠤ ᠤᠯᠤᠰ᠎ᠤᠨ ᠭᠠᠢᠯᠢ ᠶ᠋ᠢᠨ ᠶᠠᠪᠤᠳᠠᠯ᠎ᠤᠨ ᠶᠡᠷᠦᠩᠬᠡᠶ ᠲᠣᠪᠴᠢᠶ᠎ᠠ᠎ᠶ᠋ᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠠᠢᠯᠢ᠎ᠶ᠋ᠢᠨ ᠶᠠᠪᠤᠳᠠᠯ᠎ᠤᠨ ᠲᠣᠪᠴᠢᠶ᠎ᠠ ᠥᠪᠡᠷᠲᠡᠭᠡᠨ ᠵᠠᠰᠠᠬᠤ ᠣᠷᠣᠨ᠎ᠤ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠎ᠪᠠ ᠪᠤᠰᠤᠳ 23 ᠬᠠᠮᠢᠶ᠎ᠠ ᠪᠥᠬᠥᠶ ᠰᠠᠯᠠᠭ᠎ᠠ ᠮᠥᠴᠢᠷ᠎ᠲᠡᠶ ᠬᠠᠮᠲᠤᠷᠠᠨ ᠥᠪᠡᠷᠲᠡᠭᠡᠨ ᠵᠠᠰᠠᠬᠤ ᠣᠷᠣᠨ᠎ᠤ 〈ᠭᠠᠢᠯᠢ ᠲᠤᠱᠢᠶᠠᠬᠤ ᠢᠲᠡᠭᠡᠮᠵᠢ ᠶ᠋ᠢᠨ ᠬᠠᠮᠲᠤᠷᠠᠬᠰᠠᠨ ᠤᠷᠮᠠᠱᠢᠭᠤᠯᠬᠤ ᠺᠠᠷᠲ〉 ᠎ᠤ᠋ᠨ ᠠᠵᠢᠯ᠎ᠤᠨ ᠲᠣᠭ᠍ᠲᠠᠴᠠ᠎ᠶ᠋ᠢ ᠪᠠᠢᠭᠤᠯᠤᠨ᠎ᠠ ᠭᠡᠵᠦ ᠲᠤᠭᠳᠠᠭᠠᠵᠠᠢ᠃ 《ᠠᠷᠭ᠎ᠠ》 ᠎ᠳ᠋ᠤ ᠤᠷᠮᠠᠱᠢᠭᠤᠯᠬᠤ ᠡᠲᠡᠭᠡᠳ ᠨᠢ A ᠲᠠᠰ᠎ᠤᠨ ᠭᠠᠢᠯᠢ ᠲᠤᠱᠢᠶᠠᠭ᠍ᠴᠢ᠎ᠪᠠᠷ ᠰᠠᠭᠤᠷᠢ ᠪᠣᠯᠭᠠᠵᠤ ᠂ ᠡᠯ᠎ᠡ ᠰᠠᠯᠠᠭ᠎ᠠ ᠮᠥᠴᠢᠷ ᠨᠢᠭᠡᠴᠢ᠎ᠶ᠋ᠢᠨ ᠬᠠᠩᠭᠠᠭ᠍ᠰᠠᠨ ᠬᠦᠨᠳᠦ ᠨᠣᠴᠢᠲᠠᠶ ᠢᠲᠡᠭᠡᠮᠵᠢ ᠠᠯᠳᠠᠭ᠍ᠰᠠᠨ ᠮᠡᠳᠡᠭᠡ ᠵᠠᠩᠭᠢ᠎ᠶ᠋ᠢ ᠬᠠᠷᠢᠴᠠᠭᠤᠯᠤᠨ ᠭᠠᠷᠭᠠᠵᠤ᠂ ᠬᠠᠮᠤᠭ ᠰᠡᠭᠦᠯ᠎ᠳᠤ ᠤᠷᠮᠠᠱᠢᠭᠤᠯᠬᠤ ᠭᠤᠤᠯ ᠴᠣᠭ᠍ᠴᠠ᠎ᠶ᠋ᠢᠨ ᠨᠡᠷᠡᠰ᠎ᠢ ᠲᠣᠭ᠍ᠲᠠᠭᠠᠬᠤ ᠶ᠋ᠢᠨ ᠬᠠᠮᠲᠤ ᠨᠡᠢᠭᠡᠮ᠎ᠳᠦ ᠨᠡᠢᠲᠡᠯᠡᠨ᠎ᠡ᠃ ᠨᠡᠷᠡᠰ᠎ᠢ ᠵᠢᠯ ᠪᠦᠷᠢ ᠨᠢᠭᠡ ᠤᠳᠠᠭ᠎ᠠ ᠬᠢᠨᠠᠨ ᠬᠠᠷᠭᠤᠭᠤᠯᠵᠤ᠂ ᠵᠢᠯ ᠪᠦᠷᠢ ᠲᠣᠭ᠍ᠲᠠᠮᠠᠯ ᠬᠤᠭᠤᠴᠠᠭ᠎ᠠ᠎ᠲᠠᠶ᠎ᠪᠠᠷ ᠨᠡᠢᠲᠡᠯᠡᠵᠦ᠍᠂ ᠬᠥᠳᠡᠯᠦᠩᠭᠦᠶ ᠬᠠᠮᠢᠶᠠᠷᠤᠯᠲᠠ ᠶ᠋ᠢ ᠬᠡᠷᠡᠭ᠌ᠵᠢᠭᠦᠯᠦᠨ᠎ᠡ ᠬᠡᠵᠦ ᠳᠤᠲᠤᠷᠬᠠᠢᠯᠠᠵᠠᠢ᠃ 《ᠠᠷᠭ᠎ᠠ》 ᠎ᠳ᠋ᠤ ᠪᠠᠰᠠ ᠤᠷᠮᠠᠱᠢᠭᠤᠯᠬᠤ ᠡᠲᠡᠭᠡᠳ᠎ᠲᠦ ᠪᠠᠯᠠ ᠲᠣᠬᠢᠷᠠᠭᠤᠯᠭ᠎ᠠ ᠶ᠋ᠢᠨ ᠢᠲᠡᠭᠡᠮᠵᠢ ᠣᠯᠭᠣᠬᠤ᠂ ᠲᠥᠷᠥᠯ ᠵᠦᠶ᠋ᠯ ᠭᠤᠶᠤᠴᠢᠯᠠᠨ ᠮᠡᠳᠡᠭᠦᠯᠬᠦ᠌᠂ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡ᠂ ᠢᠷᠠᠭᠤ ᠠᠯᠳᠠᠷ᠎ᠤᠨ ᠱᠢᠯᠭᠠᠷᠠᠭᠤᠯᠤᠯᠲᠠ ᠵᠡᠷᠭᠡ ᠲᠠᠯ᠎ᠠ᠎ᠪᠠᠷ ᠨᠡᠢᠲᠡ 47 ᠵᠦᠶ᠋ᠯ᠎ᠦᠨ ᠤᠷᠮᠠᠱᠢᠭᠤᠯᠬᠤ ᠠᠷᠭ᠎ᠠ ᠬᠡᠮᠵᠢᠶ᠎ᠡ᠎ᠶ᠋ᠢ ᠲᠣᠳᠣᠷᠬᠠᠶ ᠬᠠᠩᠭᠠᠪᠠ᠃

ᠠᠵᠤ ᠠᠬᠤᠢᠯᠠᠯ᠎ᠳᠤ ᠠᠪᠴᠤ᠌ ᠬᠡᠯᠡᠪᠡᠯ᠂ ᠢᠲᠡᠭᠡᠮᠵᠢ ᠪᠣᠯ ᠱᠢᠵᠢᠷ ᠠᠯᠲᠠᠨ᠎ᠡᠳ᠋ ᠬᠥᠷᠥᠩᠭᠡ ᠮᠦᠨ᠃ ᠵᠠᠬ᠎ᠠ ᠳᠡᠯᠭᠡᠭᠦᠷ᠎ᠦᠨ ᠠᠵᠤ ᠠᠬᠤᠢ ᠪᠣᠯ ᠢᠲᠡᠭᠡᠮᠵᠢ᠎ᠶ᠋ᠢᠨ ᠠᠵᠤ ᠠᠬᠤᠢ᠂ ᠭᠡᠷ᠎ᠡ ᠶ᠋ᠢᠨ ᠠᠵᠤ ᠠᠬᠤᠢ ᠮᠥᠨ᠂ ᠠᠵᠤ ᠠᠬᠤᠢᠯᠠᠯ  ᠵᠠᠬ᠎ᠠ ᠳᠡᠯᠭᠡᠭᠦᠷ᠎ᠦᠨ ᠠᠵᠤ ᠠᠬᠤᠢ ᠶ᠋ᠢᠨ ᠭᠤᠤᠯ ᠴᠣᠭ᠍ᠴᠠ ᠪᠣᠯᠤᠭ᠍ᠰᠠᠨ᠎ᠤ ᠬᠤᠪᠢ᠎ᠳᠤ᠂ ᠦᠨᠡᠨᠴᠢ ᠢᠲᠡᠭᠡᠮᠵᠢ ᠪᠣᠯ ᠲᠡᠭᠦᠨ᠎ᠦ ᠣᠷᠣᠱᠢᠨ ᠲᠣᠭ᠍ᠲᠠᠨᠢᠵᠤ ᠬᠥᠭ᠌ᠵᠢᠬᠦ᠌᠎ᠶ᠋ᠢᠨ 《 ᠨᠡᠪᠲᠡᠷᠡᠬᠦ᠌ ᠦᠨᠡᠮᠯᠡᠯ 》 ᠪᠠᠢᠵᠤ  ᠲᠤᠢᠯ᠎ᠤᠨ ᠴᠢᠬᠤᠯᠠ ᠳᠠᠯᠳᠠ ᠬᠦᠷᠦᠨᠭ᠌ᠭᠡ ᠮᠥᠨ᠃ 《 ᠡᠨᠡ ᠵᠢᠯ᠎ᠦᠨ ᠡᠬᠢᠨ᠎ᠳᠦ᠂ ᠪᠥᠬᠥ᠌ ᠣᠷᠣᠨ᠎ᠤ 〈 ᠭᠠᠢᠯᠢ ᠲᠤᠱᠢᠶᠠᠬᠤ ᠢᠲᠡᠭᠡᠮᠵᠢ᠎ᠶ᠋ᠢᠨ ᠬᠠᠮᠲᠤᠷᠠᠭ᠍ᠰᠠᠨ ᠤᠷᠮᠠᠱᠢᠭᠤᠯᠤᠯ᠎ᠤᠨ ᠺᠠᠷᠲ 〉 ᠎ᠢ᠋ ᠨᠢᠭᠡᠨᠲᠡ ᠪᠦᠬᠦᠨ᠎ᠢ ᠦᠶ᠋ᠯᠡᠳᠦᠨ ᠲᠠᠷᠬᠠᠭᠠᠭ᠍ᠰᠠᠨ ᠪᠥᠭᠡᠳ ᠡᠵᠡᠩᠨᠡᠯᠲᠡ ᠶ᠋ᠢᠨ ᠭᠤᠤᠯ ᠴᠣᠭ᠍ᠴᠠ᠎ᠶ᠋ᠢᠨ ᠢᠲᠡᠭᠡᠮᠵᠢ᠎ᠶᠢᠨ ᠪᠠᠢᠳᠠᠯ᠎ᠢ ᠦᠨᠳᠦᠰᠦᠯᠡᠨ ᠬᠥᠳᠡᠯᠦᠩᠭᠦᠶ ᠬᠠᠮᠢᠶᠠᠷᠤᠯᠲᠠ ᠶ᠋ᠢ ᠭᠡᠷᠡᠭᠵᠢᠬᠦᠯᠪᠡ ᠃ ᠲᠥᠷᠥ᠎ᠶ᠋ᠢᠨ ᠪᠣᠳᠣᠯᠭ᠎ᠠ ᠶ᠋ᠢ ᠬᠡᠷᠡᠭ᠌ᠵᠢᠭᠦᠯᠬᠦ᠌ ᠶᠠᠪᠤᠴᠠ᠎ᠳᠤ᠂ ᠪᠢᠳᠡ ᠵᠠᠬ᠎ᠠ ᠳᠡᠯᠭᠡᠭᠦᠷ᠎ᠦᠨ ᠭᠤᠤᠯ ᠴᠣᠭ᠍ᠴᠠ ᠶ᠋ᠢᠨ ᠬᠡᠷᠡᠭ᠌ᠴᠡᠭᠡ ᠱᠠᠭᠠᠷᠳᠠᠯᠭ᠎ᠠ᠎ᠳᠤ ᠴᠠᠭ ᠲᠤᠬᠠᠶ᠎ᠳᠤᠨᠢ ᠬᠠᠷᠢᠭᠤᠯᠲᠠ ᠥᠭ᠌ᠬᠦ ᠶ᠋ᠢᠨ ᠬᠠᠮᠲᠤ᠂ 〈 ᠡᠯᠧᠺᠲ᠋ᠷᠣᠨ ᠭᠠᠢᠯᠢ ᠶ᠋ᠢᠨ ᠶᠠᠪᠤᠳᠠᠯ᠎ᠤᠨ ᠲᠣᠪᠴᠢᠶ᠎ᠠ〉᠂ 〈 ᠢᠲᠡᠭᠡᠮᠵᠢᠲᠦ ᠳᠤᠮᠳᠠᠳᠤ ᠤᠯᠤᠰ 〉 ᠰᠦᠯᠵᠢᠶ᠎ᠡ ᠵᠡᠷᠭᠡ ᠠᠷᠭ᠎ᠠ ᠵᠠᠮ᠎ᠢᠶᠠᠷ ᠳᠠᠮᠵᠢᠭᠤᠯᠤᠨ ᠬᠠᠮᠲᠤᠷᠠᠨ ᠤᠷᠮᠠᠱᠢᠭᠤᠯᠬᠤ ᠲᠥᠷᠥ ᠶ᠋ᠢᠨ ᠪᠣᠳᠣᠯᠭ᠎ᠠ᠎ᠶ᠋ᠢ ᠥᠷᠭᠡᠨ᠎ᠢᠶᠡᠷ ᠳᠡᠯᠭᠡᠷᠡᠭᠦᠯᠵᠦ᠍᠂ ᠣᠳᠣᠬᠠᠨ ᠪᠣᠯᠲᠠᠯ᠎ᠠ ᠪᠥᠬᠥ᠌ ᠣᠷᠣᠨ᠎ᠤ ᠨᠡᠢᠲᠡ 41634 ᠡᠵᠡᠩᠨᠡᠯᠲᠡ᠎ᠶ᠋ᠢᠨ ᠭᠤᠤᠯ ᠴᠣᠭ᠍ᠴᠠ ᠤᠷᠮᠠᠱᠢᠭᠤᠯᠬᠤ ᠬᠢᠷᠢ ᠬᠡᠮ᠎ᠢ ᠬᠦᠷᠳᠡᠵᠡᠢ》 ᠭᠡᠵᠦ᠍ ᠤᠯᠤᠰ᠎ᠤᠨ ᠭᠠᠢᠯᠢ ᠶ᠋ᠢᠨ ᠶᠠᠪᠤᠳᠠᠯ᠎ᠤᠨ ᠶᠡᠷᠦᠩᠬᠡᠶ ᠲᠣᠪᠴᠢᠶ᠎ᠠ ᠶ᠋ᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠠᠢᠯᠢ ᠶ᠋ᠢᠨ ᠶᠠᠪᠤᠳᠠᠯ᠎ᠤᠨ ᠲᠣᠪᠴᠢᠶ᠎ᠠ ᠶ᠋ᠢᠨ  ᠬᠠᠮᠢᠶ᠎ᠠ ᠪᠥᠬᠥᠶ ᠬᠠᠷᠢᠭᠤᠴᠠᠯᠭᠠᠲᠠᠨ ᠲᠠᠨᠢᠯᠴᠠᠭᠤᠯᠪᠠ᠃

《 ᠠᠷᠭ᠎ᠠ 》  ᠶ᠋ᠢ ᠲᠣᠭ᠍ᠲᠠᠭᠠᠵᠤ ᠲᠠᠷᠬᠠᠭᠠᠭ᠍ᠰᠠᠨ᠎ᠤ ᠳᠠᠷᠠᠭ᠎ᠠ᠂ ᠥᠪᠥᠷ ᠮᠣᠩᠭᠣᠯ᠎ᠤᠨ ᠭᠠᠢᠯᠢ ᠶ᠋ᠢᠨ ᠶᠠᠪᠤᠳᠠᠯ᠎ᠤᠨ ᠱᠢᠰᠲ᠋ᠧᠮ ᠭᠠᠢᠯᠢ᠎ᠶᠢᠨ ᠤᠷᠤᠯᠭ᠎ᠠ ᠶ᠋ᠢᠨ ᠤᠬᠠᠭᠤᠯᠭ᠎ᠠ ᠶ᠋ᠢᠨ ᠰᠠᠷ᠎ᠠ᠂ 《 ᠠᠷᠠᠳ᠎ᠲᠤ ᠲᠥᠬᠥᠮ ᠦᠵᠡᠭᠦᠯᠬᠦ᠌ ᠭᠠᠢᠯᠢ ᠎ᠶᠢᠨ ᠶᠠᠪᠤᠳᠠᠯ᠎ᠢ ᠭᠦᠶ᠋ᠴᠡᠳᠭᠡᠬᠦ᠌ ᠠᠵᠢᠯᠯᠠᠭ᠎ᠠ 》 ᠵᠡᠷᠭᠡ ᠠᠵᠢᠯᠯᠠᠭ᠎ᠠ᠎ᠲᠠᠶ ᠤᠶᠠᠯᠳᠤᠭᠤᠯᠤᠨ᠂ ᠨᠠᠩ ᠣᠯᠠᠨ ᠡᠵᠡᠩᠨᠡᠯᠲᠡ᠎ᠶ᠋ᠢᠨ ᠭᠤᠤᠯ ᠴᠣᠭ᠍ᠴᠠ ᠶ᠋ᠢ ᠬᠥᠲᠥᠯᠥᠨ ᠵᠢᠯᠣᠭᠣᠳᠤᠨ ᠢᠲᠡᠭᠡᠮᠵᠢ ᠶ᠋ᠢᠨ ᠵᠡᠷᠭᠡ ᠳᠡᠰ᠎ᠢ ᠨᠢ ᠳᠡᠭᠡᠭ᠌ᠰᠢᠯᠡᠭᠦᠯᠵᠦ᠍᠂ ᠪᠠᠯᠠ ᠲᠣᠬᠢᠷᠠᠭᠤᠯᠭ᠎ᠠ ᠶ᠋ᠢᠨ ᠢᠲᠡᠭᠡᠮᠵᠢᠲᠦ ᠵᠢᠭᠡᠯᠡᠯᠭᠡ᠂ ᠲᠥᠷᠥᠯ ᠵᠦᠶ᠋ᠯ ᠭᠤᠶᠤᠴᠢᠯᠠᠨ ᠮᠡᠳᠡᠭᠦᠯᠬᠦ᠌᠂ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡ᠂ ᠢᠷᠠᠭᠤ ᠠᠯᠳᠠᠷ᠎ᠤᠨ ᠱᠢᠯᠭᠠᠷᠠᠭᠤᠯᠤᠯᠲᠠ ᠵᠡᠷᠭᠡ ᠲᠠᠯ᠎ᠠ᠎ᠪᠠᠷ᠎ᠬᠢ ᠦᠨᠡᠨᠴᠢ ᠢᠲᠡᠭᠡᠮᠵᠢᠲᠡᠶ ᠭᠠᠢᠯᠢ ᠲᠤᠱᠢᠶᠠᠭ᠍ᠰᠠᠨ ᠴᠡᠪᠡᠷ ᠠᠱᠢᠭ᠎ᠢ ᠡᠳ᠋ᠯᠡᠭᠦᠯᠦᠨ᠂ ᠦᠨᠡᠨᠴᠢ ᠢᠲᠡᠭᠡᠮᠵᠢᠲᠡᠶ ᠡᠵᠡᠩᠨᠡᠯᠲᠡ ᠶ᠋ᠢᠨ ᠭᠤᠤᠯ ᠴᠣᠭ᠍ᠴᠠ᠎ᠳᠤ ᠣᠯᠠᠨ ᠲᠠᠯᠠᠲᠤ ᠵᠥᠪ ᠴᠢᠭ᠌ᠯᠡᠯ᠎ᠦᠨ ᠤᠷᠮᠠᠱᠢᠭᠤᠯᠬᠤ ᠠᠷᠭ᠎ᠠ ᠬᠡᠮᠵᠢᠶ᠎ᠡ ᠶ᠋ᠢ ᠬᠠᠩᠭᠠᠵᠤ᠂ ᠭᠠᠢᠯᠢ ᠰᠦᠶ᠋ᠳᠭᠡᠯ᠎ᠦᠨ ᠦᠶ᠋ᠯᠡᠴᠢᠯᠡᠭᠡ ᠪᠤᠯᠤᠨ ᠭᠠᠢᠯᠢ  ᠶ᠋ᠢᠨ ᠤᠷᠤᠯᠭ᠎ᠠ᠎ᠶᠢᠨ ᠬᠢᠨᠠᠯᠲᠠ ᠬᠠᠮᠢᠶᠠᠷᠤᠯᠲᠠ ᠶ᠋ᠢᠨ ᠦᠢᠯᠡᠳᠦᠯ ᠴᠢᠳᠠᠪᠤᠷᠢ ᠶ᠋ᠢ ᠬᠦᠴᠦᠲᠡᠶ ᠳᠡᠭᠡᠭ᠌ᠰᠢᠯᠡᠭᠦᠯᠦᠨ᠂ ᠡᠵᠡᠩᠨᠡᠯᠲᠡ ᠶ᠋ᠢᠨ ᠭᠤᠤᠯ ᠴᠣᠭ᠍ᠴᠠ ᠶ᠋ᠢᠨ ᠦᠨᠡᠨᠴᠢ ᠢᠲᠡᠭᠡᠮᠵᠢᠲᠡᠶ᠎ᠪᠡᠷ ᠢᠲᠡᠭᠡᠮᠵᠢ᠎ᠪᠡᠨ ᠪᠠᠳᠤᠯᠠᠬᠤ᠂ ᠬᠠᠤᠯᠢ ᠶᠣᠰᠣᠭᠠᠷ ᠭᠠᠢᠯᠢ ᠲᠤᠱᠢᠶᠠᠬᠤ ᠶ᠋ᠢ ᠵᠣᠷᠢᠭ᠍ᠵᠢᠭᠤᠯᠵᠠᠢ᠃

ᠡᠯ᠎ᠡ ᠠᠢᠮᠠᠭ ᠬᠣᠲᠠ ᠴᠤ᠌ ᠲᠣᠰ ᠭᠠᠵᠠᠷ᠎ᠤᠨ᠎ᠢᠶᠠᠨ ᠭᠠᠢᠯᠢ ᠲᠤᠱᠢᠶᠠᠬᠤ ᠢᠲᠡᠭᠡᠮᠵᠢ ᠶ᠋ᠢᠨ ᠬᠠᠮᠳᠤᠷᠠᠬᠰᠠᠨ ᠤᠷᠮᠠᠱᠢᠭᠤᠯᠬᠤ ᠲᠣᠭ᠍ᠲᠠᠴᠠ ᠶ᠋ᠢ ᠵᠠᠯᠭᠠᠭ᠎ᠠ᠎ᠪᠠᠷ ᠪᠤᠢ ᠪᠤᠯᠭᠠᠵᠠᠢ᠃ ᠱᠢᠯᠢ ᠶ᠋ᠢᠨ ᠭᠤᠤᠯ ᠠᠢᠮᠠᠭ 《ᠭᠠᠢᠯᠢ ᠲᠤᠱᠢᠶᠠᠬᠤ ᠢᠲᠡᠭᠡᠮᠵᠢ ᠶ᠋ᠢᠨ ᠬᠠᠮᠲᠤᠷᠠᠭ᠍ᠰᠠᠨ ᠤᠷᠮᠠᠱᠢᠭᠤᠯᠤᠯ᠎ᠤᠨ ᠺᠠᠷᠲ》 ᠎ᠢ᠋ᠶ᠋ᠠᠷ ᠦᠨᠡᠯᠡᠭ᠌ᠳᠡᠭ᠌ᠰᠡᠨ ᠡᠵᠡᠩᠨᠡᠯᠲᠡ᠎ᠶ᠋ᠢᠨ ᠭᠤᠤᠯ ᠴᠣᠭ᠍ᠴᠠ ᠵᠢ ᠲᠡᠷᠢᠭᠦᠨ᠎ᠦ ᠪᠠ ᠱᠢᠯᠢᠳᠡᠭ᠎ᠢ ᠱᠢᠯᠭᠠᠷᠠᠭᠤᠯᠬᠤ᠎ᠳᠤ ᠤᠷᠢᠳ᠎ᠢᠶᠡᠷ ᠪᠣᠳᠣᠯᠬᠢᠯᠠᠵᠤ᠂ 2023 ᠣᠨ᠎ᠳᠤ ᠪᠥᠬᠥ᠌ ᠤᠯᠤᠰ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠪᠤᠨ ᠰᠠᠷ᠎ᠠ᠎ᠶᠢᠨ ᠨᠢᠭᠡᠨ ᠎ᠤ᠋ ᠬᠥᠳᠡᠯᠮᠦᠷᠢ ᠶ᠋ᠢᠨ ᠱᠠᠩᠨᠠᠯ  ᠪᠤᠯᠤᠨ ᠠᠵᠢᠯᠴᠢᠨ᠎ᠤ ᠬᠣᠱᠢᠭᠤᠴᠢ ᠶ᠋ᠢᠨ ᠱᠢᠯᠭᠠᠷᠠᠭᠤᠯᠤᠯᠲᠠ᠎ᠳᠤ᠂ A ᠲᠠᠰ᠎ᠤᠨ ᠭᠠᠢᠯᠢ ᠲᠤᠱᠢᠶᠠᠭ᠍ᠴᠢ ᠵᠢᠴᠢ ᠠᠵᠢᠯᠲᠠᠨ᠎ᠤ ᠲᠠᠪᠰᠢᠬᠦᠯᠦᠭᠳᠡᠭᠰᠡᠨ ᠬᠠᠷᠢᠴᠠᠯ᠎ᠨᠢ 57% ᠶ᠋ᠢ ᠡᠵᠡᠯᠡᠵᠦ᠍᠂ 100% ᠎ᠪᠠᠷ ᠦᠨᠡᠯᠡᠭ᠌ᠳᠡᠪᠡ;ᠬᠥᠯᠥᠨ ᠪᠣᠢᠷ ᠬᠣᠲᠠ ᠲᠣᠮᠣ ᠳ᠋ᠠᠢᠲ᠋ᠠ ᠶ᠋ᠢᠨ ᠳᠠᠪᠠᠭᠤᠯᠢᠭ᠎ᠢᠶᠠᠨ ᠭᠦᠶ᠋ᠴᠡᠳ ᠪᠠᠳᠠᠷᠠᠭᠤᠯᠵᠤ᠂ ᠪᠠᠯᠠ ᠬᠤᠷᠠᠮᠳᠤᠭᠤᠯᠭ᠎ᠠ᠎ᠶᠢᠨ ᠢᠲᠡᠭᠡᠮᠵᠢ ᠣᠯᠭᠣᠬᠤ᠂ ᠢᠷᠠᠭᠤ ᠠᠯᠳᠠᠷ᠎ᠢ ᠱᠢᠯᠭᠠᠷᠠᠭᠤᠯᠬᠤ ᠵᠡᠷᠭᠡ ᠲᠠᠯ᠎ᠠ᠎ᠪᠠᠷ ᠣᠯᠠᠨ ᠲᠠᠯ᠎ᠠ᠎ᠠᠴᠠ ᠢᠲᠡᠭᠡᠮᠵᠢ᠎ᠲᠡᠶ ᠪᠠᠢᠬᠤ ᠶ᠋ᠢ ᠤᠷᠮᠠᠱᠢᠭᠤᠯᠤᠨ ᠵᠣᠷᠢᠭ᠍ᠵᠢᠭᠤᠯᠵᠤ᠂ ᠣᠳᠣᠬᠠᠨ᠎ᠳᠤ ᠦᠨᠡᠨᠴᠢ ᠢᠲᠡᠭᠡᠮᠵᠢᠲᠡᠶ ᠡᠵᠡᠩᠨᠡᠯᠲᠡ ᠶ᠋ᠢᠨ ᠭᠤᠤᠯ ᠴᠣᠭ᠍ᠴᠠ᠎ᠨᠢ 《 ᠪᠠᠩᠬᠢ ᠭᠠᠢᠯᠢ ᠬᠠᠷᠢᠯᠴᠠᠨ ᠬᠥᠳᠡᠯᠦᠯᠴᠡᠬᠦ᠌ 》 ᠲᠠᠪᠴᠠᠩ᠎ᠢᠶᠠᠷ ᠳᠡᠮᠵᠢᠨ ᠨᠢᠭᠡᠨᠲᠡ 4.8 ᠳ᠋ᠦᠩᠱᠢᠭᠤᠷ ᠲᠥᠭᠥᠷᠢᠭ᠎ᠦᠨ ᠢᠲᠡᠭᠡᠮᠵᠢ ᠣᠯᠭᠣᠬᠤ ᠲᠣᠭ᠎ᠠ ᠬᠡᠮᠵᠢᠶ᠎ᠡ ᠶ᠋ᠢ ᠣᠯᠵᠤ᠂ ᠵᠠᠬ᠎ᠠ ᠳᠡᠯᠭᠡᠭᠦᠷ᠎ᠦᠨ ᠠᠮᠢᠵᠢᠷᠠᠯ᠎ᠤᠨ ᠬᠦᠴᠦᠨ᠎ᠢ ᠬᠥᠭ᠌ᠵᠢᠭᠡᠪᠡ᠃

ᠲᠥᠷᠥ ᠶ᠋ᠢᠨ ᠪᠣᠳᠣᠯᠭ᠎ᠠ᠎ᠶ᠋ᠢᠨ ᠰᠠᠢᠨ ᠠᠰᠢᠬ᠎ᠢᠶᠠᠷ ᠡᠵᠡᠩᠨᠡᠯᠲᠡ ᠶ᠋ᠢᠨ ᠭᠤᠤᠯ ᠴᠣᠭ᠍ᠴᠠ ᠢᠲᠡᠭᠡᠮᠵᠢ ᠶ᠋ᠢᠨ ᠥᠷᠲᠡᠭ ᠨᠡᠮᠡᠭ᠌ᠳᠡᠯ᠎ᠦᠨ ᠦᠶ᠋ᠯᠡᠴᠢᠯᠡᠭᠡ᠎ᠶ᠋ᠢ ᠦᠨᠡᠨ ᠬᠦ᠌ ᠭᠥᠷᠳᠡᠪᠡ᠃

ᠥᠪᠥᠷ ᠮᠣᠩᠭᠣᠯ᠎ᠤᠨ ᠢ᠎ᠲᠡᠶ ᠨᠡᠭᠦᠷᠡᠰᠦᠨ᠎ᠦ ᠬᠤᠪᠢ ᠣᠷᠣᠭᠤᠯᠤᠭ᠍ᠰᠠᠨ ᠬᠢᠵᠠᠭᠠᠷᠲᠤ ᠺᠣᠮᠫᠠᠨᠢ ᠲᠤᠬᠠᠢᠯᠠᠭ᠍ᠰᠠᠨ ᠠᠵᠢᠯ᠎ᠤᠨ ᠬᠣᠯᠪᠣᠭ᠍ᠳᠠᠬᠤ ᠬᠡᠪᠴᠢᠶ᠎ᠡ᠎ᠪᠡᠷ ᠥᠷᠭᠡᠨ ᠪᠣᠯᠬᠣᠷ ᠶᠡᠬᠡ ᠬᠡᠮᠵᠢᠶᠡᠨ᠎ᠦ ᠪᠠᠷᠢᠮᠲᠠ ᠭᠠᠷᠭᠠᠬᠤ ᠴᠢᠬᠤᠯᠠᠲᠠᠶ ᠪᠠᠢᠳᠠᠭ᠃ ᠲᠤᠰ ᠺᠤᠮᠫᠠᠨᠢ᠎ᠨᠢ ᠭᠠᠢᠯᠢ ᠲᠤᠱᠢᠶᠠᠬᠤ ᠢᠲᠡᠭᠡᠮᠵᠢ᠎ᠶ᠋ᠢᠨ A ᠲᠠᠰ᠎ᠤᠨ ᠠᠵᠤ ᠠᠬᠤᠢᠯᠠᠯ᠎ᠳᠤ ᠬᠠᠷᠢᠶᠠᠯᠠᠭ᠍ᠳᠠᠵᠤ᠂ 《 ᠭᠠᠢᠯᠢ ᠲᠤᠱᠢᠶᠠᠬᠤ ᠢᠲᠡᠭᠡᠮᠵᠢ ᠶ᠋ᠢᠨ ᠬᠠᠮᠲᠤᠷᠠᠭ᠍ᠰᠠᠨ ᠤᠷᠮᠠᠱᠢᠭᠤᠯᠬᠤ ᠺᠠᠷᠲ 》 ᠎ᠲᠠᠢ ᠪᠣᠯᠬᠣᠷ  ᠨᠢᠭᠡ ᠤᠳᠠᠭ᠎ᠠ᠎ᠳᠤ 3 ᠰᠠᠷ᠎ᠠ ᠶ᠋ᠢᠨ ᠥᠷᠲᠡᠭ ᠨᠡᠮᠡᠭ᠌ᠳᠡᠯ᠎ᠦᠨ ᠭᠠᠢᠯᠢ ᠶ᠋ᠢᠨ ᠪᠠᠷᠢᠮᠲᠠ  ᠶ᠋ᠢ ᠠᠪᠴᠤ᠌ ᠪᠣᠯᠤᠨ᠎ᠠ᠂ ᠪᠠᠰᠠ ᠬᠡᠷᠡᠭ᠌ᠴᠡᠭᠡ ᠶᠣᠰᠣᠭᠠᠷ ᠥᠷᠲᠡᠭ ᠨᠡᠮᠡᠭ᠌ᠳᠡᠯ᠎ᠦᠨ ᠭᠠᠢᠯᠢ ᠶ᠋ᠢᠨ ᠡᠩ᠎ᠦᠨ ᠪᠠᠷᠢᠮᠲᠠ᠎ᠶ᠋ᠢ ᠠᠪᠴᠤ᠌᠂ ᠴᠠᠭ᠎ᠤᠨ ᠥᠪᠡᠷ᠎ᠦᠨ ᠥᠷᠲᠡᠭ᠎ᠢ ᠶᠡᠬᠡ᠎ᠪᠡᠷ ᠠᠷᠪᠢᠯᠠᠵᠠᠢ᠃

《 ᠡᠨᠡ ᠵᠢᠯ᠎ᠦᠨ ᠡᠬᠢᠨ᠎ᠳᠦ᠂ ᠠᠵᠤ ᠠᠬᠤᠢᠯᠠᠯ ᠶᠡᠬᠡ ᠬᠡᠮᠵᠢᠶ᠎ᠡ᠎ᠪᠡᠷ ᠲᠠᠷᠢᠶᠠᠯᠠᠩ᠎ᠤᠨ ᠮᠠᠱᠢᠨ ᠬᠤᠳᠠᠯᠳᠤᠨ ᠠᠪᠬᠤ ᠴᠢᠬᠤᠯᠠᠲᠠᠶ ᠪᠤᠯᠤᠭᠰᠠᠨ ᠪᠣᠯᠬᠣᠷ ᠪᠠᠯᠠ ᠮᠥᠩᠭᠥ᠌ ᠳᠤᠲᠠᠭ᠍ᠳᠠᠨ ᠰᠠᠨᠠᠭᠠᠱᠢᠷᠠᠵᠤ ᠪᠠᠢᠭ᠎ᠠ ᠦᠶ᠎ᠡ᠎ᠳᠦ᠂ 〈 ᠭᠠᠢᠯᠢ ᠲᠤᠱᠢᠶᠠᠬᠤ ᠢᠲᠡᠭᠡᠮᠵᠢ ᠶ᠋ᠢᠨ ᠬᠠᠮᠲᠤᠷᠠᠭ᠍ᠰᠠᠨ ᠤᠷᠮᠠᠱᠢᠭᠤᠯᠤᠯ᠎ᠤᠨ ᠺᠠᠷᠲ 〉 ᠎ᠢ᠋ ᠴᠠᠭ ᠲᠤᠬᠠᠶ᠎ᠳᠤᠨᠢ ᠬᠡᠷᠡᠭᠵᠢᠬᠦᠯᠵᠦ ᠂ ᠪᠢᠳᠡᠨ᠎ᠢ ᠬᠠᠪᠰᠤᠷᠤᠨ ᠥᠪᠥᠷ ᠮᠣᠩᠭᠣᠯ᠎ᠤᠨ ᠬᠤᠳᠠᠯᠳᠤᠭᠠᠨ᠎ᠤ ᠪᠠᠩᠬᠢ᠎ᠳᠤ 150 ᠲᠦᠮᠡᠨ ᠲᠥᠭᠥᠷᠢᠭ᠎ᠦᠨ ᠪᠠᠩᠬᠢ ᠪᠠ ᠭᠠᠢᠯᠢ᠎ᠶᠢᠨ ᠲᠥᠬᠥᠮ ᠵᠢᠭᠡᠯᠡᠯᠭᠡ ᠵᠢ ᠬᠦᠢᠴᠡᠳᠭᠡᠵᠦ ᠂ ᠠᠵᠤ ᠠᠬᠤᠢᠯᠠᠯ᠎ᠤᠨ ᠪᠠᠯᠠ ᠮᠥᠩᠭᠥ᠌ ᠳᠤᠲᠠᠭ᠍ᠳᠠᠬᠤ ᠪᠠᠴᠢᠮ ᠪᠠᠢᠳᠠᠯ᠎ᠢ ᠱᠢᠶ᠋ᠳᠪᠦᠷᠢᠯᠡᠵᠠᠢ》 ᠭᠡᠵᠦ᠍ ᠠᠷᠤᠨ ᠬᠣᠱᠢᠭᠤᠨ᠎ᠤ ᠱᠢᠨ ᠱᠧᠩ ᠱ᠌ᠢ ᠮᠠᠯ ᠠᠵᠤ ᠠᠬᠤᠶ ᠲᠠᠷᠢᠶᠠᠯᠠᠡᠭ᠎ᠤᠨ ᠮᠠᠱᠢᠨ ᠲᠣᠨᠣᠭ᠍ᠯᠠᠯ᠎ᠤᠨ ᠬᠢᠵᠠᠭᠠᠷᠲᠤ ᠺᠣᠮᠫᠠᠨᠢ ᠶ᠋ᠢᠨ ᠯᠸᠡᠭ ᠱᠢᠤᠸᠠᠢ ᠯᠢᠶᠠᠨ ᠬᠡᠯᠡᠪᠡ᠃

ᠥᠪᠥᠷ ᠮᠣᠩᠭᠣᠯ᠎ᠤᠨ ᠢ ᠹᠸᠢ ᠠᠭᠠᠷ᠎ᠤᠨ ᠠᠶᠠᠯᠠᠯ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ ᠪᠣᠯ  ᠨᠢᠭᠡᠨ ᠵᠢᠯᠣᠭᠣᠴᠢ ᠥᠬᠡᠶ ᠨᠢᠰᠭᠡᠯ᠎ᠢ ᠰᠤᠳᠤᠯᠤᠨ ᠨᠡᠭᠡᠭᠡᠬᠦ᠌ ᠂ ᠦᠶ᠋ᠯᠡᠳᠪᠦᠷᠢᠯᠡᠬᠦ᠌ ᠂ ᠪᠣᠷᠣᠯᠠᠭᠤᠯᠬᠤ᠂ ᠬᠡᠷᠡᠭ᠌ᠯᠡᠬᠦ᠌ ᠂ ᠵᠢᠯᠣᠭᠣᠴᠢ ᠥᠬᠡᠶ ᠨᠢᠰᠭᠡᠯ᠎ᠦᠨ ᠦᠨᠡᠮᠯᠡᠯ᠎ᠦᠨ ᠪᠣᠯᠪᠠᠰᠤᠷᠠᠭᠤᠯᠤᠯ᠎ᠢ ᠨᠢᠭᠡ ᠴᠣᠭ᠍ᠴᠠᠵᠢᠭᠤᠯᠤᠭ᠍ᠰᠠᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠡᠯᠪᠡᠷᠢ ᠶ᠋ᠢᠨ ᠺᠣᠮᠫᠠᠨᠢ ᠪᠣᠯᠤᠨ᠎ᠠ᠃ 《 5 ᠵᠢᠯ ᠳᠠᠷᠠᠭᠠᠯᠠᠨ ᠭᠠᠢᠯᠢ ᠲᠤᠱᠢᠶᠠᠬᠤ ᠢᠲᠡᠭᠡᠮᠵᠢ ᠶ᠋ᠢᠨ A ᠲᠠᠰ᠎ᠤᠨ ᠭᠠᠢᠯᠢ ᠲᠤᠱᠢᠶᠠᠭ᠍ᠴᠢ ᠪᠣᠯᠤᠭ᠍ᠰᠠᠨ᠎ᠤ ᠬᠤᠪᠢ᠎ᠳᠤ᠂ ᠡᠨᠡ ᠵᠢᠯ᠎ᠦᠨ ᠡᠬᠢ᠎ᠪᠡᠷ ᠪᠢᠳᠡ 〈ᠭᠠᠢᠯᠢ ᠲᠤᠱᠢᠶᠠᠬᠤ ᠢᠲᠡᠭᠡᠮᠵᠢ ᠶ᠋ᠢᠨ ᠬᠠᠮᠲᠤᠷᠠᠭ᠍ᠰᠠᠨ ᠤᠷᠮᠠᠱᠢᠭᠤᠯᠬᠤ ᠺᠠᠷᠲ〉 ᠎ᠢ᠋ ᠣᠯᠵᠠᠶ᠃ ᠤᠷᠮᠠᠱᠢᠭᠤᠯᠬᠤ ᠺᠠᠷᠲ ᠣᠯᠤᠭ᠍ᠰᠠᠨ᠎ᠠᠴᠠ ᠣᠲᠣ ᠪᠣᠯᠲᠠᠯ᠎ᠠ᠂ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡ ᠶ᠋ᠢ ᠤᠷᠢᠳ᠎ᠢᠶᠠᠷ ᠭᠦᠶ᠋ᠴᠡᠳᠭᠡᠬᠦ᠌᠂ ᠢᠷᠠᠭᠤ ᠠᠯᠳᠠᠷ᠎ᠤᠨ ᠱᠢᠯᠭᠠᠷᠠᠭᠤᠯᠤᠯᠲᠠ ᠶ᠋ᠢ ᠤᠷᠢᠳ᠎ᠢᠶᠠᠷ ᠲᠠᠨᠢᠯᠴᠠᠭᠤᠯᠬᠤ ᠵᠡᠷᠭᠡ ᠢᠲᠡᠭᠡᠮᠵᠢ ᠶ᠋ᠢᠨ ᠥᠷᠲᠡᠭ ᠨᠡᠮᠡᠭ᠌ᠳᠡᠯ᠎ᠦᠨ ᠦᠶ᠋ᠯᠡᠴᠢᠯᠡᠭᠡ ᠶ᠋ᠢ ᠭᠥᠷᠳᠡᠵᠦ᠍ ᠂ ᠡᠨᠡ ᠬᠦ᠌ ᠺᠠᠷᠲ᠎ᠤᠨ 〈 ᠦᠨ᠎ᠡ ᠥᠷᠲᠡᠭ 〉 ᠎ᠢ᠋ ᠭᠦᠨᠵᠡᠭᠡᠶ ᠣᠢᠯᠠᠭᠠᠪᠠ 》 ᠭᠡᠵᠦ᠍ ᠥᠪᠥᠷ ᠮᠣᠩᠭᠣᠯ᠎ᠤᠨ ᠢ ᠹᠸᠢ ᠠᠭᠠᠷ᠎ᠤᠨ ᠠᠶᠠᠯᠠᠯ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ ᠶ᠋ᠢᠨ ᠬᠡᠷᠡᠭ ᠮᠡᠳᠡᠭ᠌ᠴᠢᠳ᠎ᠦᠨ ᠳᠠᠷᠤᠭ᠎ᠠ ᠯᠢ ᠹᠸᠩ ᠬᠡᠯᠡᠵᠡᠶ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号