ᠪᠤᠭᠤᠲᠤ ᠄ ᠰᠢᠪᠳᠤᠯᠤᠯᠳᠠ ᠬᠢᠬᠦ ᠵᠤᠷᠢᠭ ᠰᠠᠨᠠᠭ᠎ᠠ ᠪᠠᠷ ᠲᠦᠷᠦᠯ ᠵᠦᠢᠯ᠎ᠤᠨ ᠪᠦᠳᠦᠭᠡᠨ ᠪᠠᠢᠭᠤᠯᠤᠯᠳᠠ ᠵᠢ ᠠᠳᠬᠤᠵᠦ ᠪᠠᠢᠨ᠎ᠠ
2025-03-21 09:58:44
ᠵᠣᠬᠢᠶᠠᠭ᠍ᠴᠢ᠄
ᠼᠠᠢ ᠳ᠋ᠦᠩ ᠮᠧᠶ
ᠣᠩᠱᠢᠭ᠍ᠰᠠᠨ ᠣᠳᠠᠭ᠎ᠠ᠄
★★★☆☆

3 ᠰᠠᠷ᠎ᠠ᠎ᠶ᠋ᠢᠨ 17᠎ᠤ᠋ ᠡᠳᠦᠷ᠂ ᠰᠤᠷᠪᠤᠯᠵᠢᠯᠠᠭ᠍ᠴᠢ ᠲᠦᠮᠡᠳ ᠪᠠᠷᠠᠭᠤᠨ ᠬᠣᠱᠢᠭᠤᠨ᠎ᠤ ᠱᠢᠨ᠎ᠡ ᠬᠡᠯᠪᠡᠷᠢ᠎ᠶ᠋ᠢᠨ ᠠᠵᠤ ᠦᠶ᠋ᠯᠡᠳᠪᠦᠷᠢ᠎ᠶ᠋ᠢᠨ ᠬᠦᠷᠢᠶᠡᠯᠡᠩ ᠲᠣᠭᠣᠷᠢᠭ᠎ᠲᠤ ᠪᠠᠢᠭ᠎ᠠ ᠪᠤᠭᠤᠲᠤ ᠬᠣᠲᠠ᠎ᠶ᠋ᠢᠨ ᠵᠥᠩ ᠹᠦ᠋ ᠡᠨᠧᠷᠭᠢ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠬᠢᠵᠠᠭᠠᠷᠲᠤ ᠺᠣᠮᠫᠠᠨᠢ᠎ᠳᠤ ᠬᠥᠷᠪᠡ᠃ ᠴᠠᠬᠢᠯᠭᠠᠨ ᠭᠠᠷᠭᠠᠬᠤ ᠰᠠᠯᠬᠢᠨ ᠬᠦᠷᠳᠦ ᠵᠢᠨ ᠪᠠᠭᠠᠨ᠎ᠠ ᠦᠢᠯᠡᠳᠪᠦᠷᠢᠯᠡᠬᠦ᠌ ᠲᠠᠰᠤᠭ᠎ᠲᠤ ᠭᠠᠩᠨᠠᠭᠤᠷ᠎ᠤᠨ ᠤᠴᠢ ᠦᠰᠦᠷᠬᠢᠯᠡᠨ᠂ ᠨᠠᠷᠢᠨ ᠨᠢᠭ᠍ᠲᠠ ᠠᠵᠢᠯ᠎ᠤᠨ ᠳᠠᠷᠠᠭᠠᠯᠠᠯ᠎ᠢ ᠥᠩᠭᠡᠷᠡᠭᠡᠭᠰᠡᠨ᠎ᠤ ᠳᠠᠷᠠᠭ᠎ᠠ ᠬᠦᠷᠳᠦ ᠵᠢᠨ ᠪᠠᠭᠠᠨ᠎ᠠ ᠵᠢᠨ ᠲᠦᠭᠦᠬᠡᠢ ᠮᠠᠲ᠋ᠧᠷᠢᠶᠠᠯ᠎ᠤᠨ ᠪᠣᠷᠣᠭ᠍ᠵᠢᠭᠤᠨ ᠳᠦᠷᠰᠦ  ᠬᠤᠪᠢᠷᠠᠵᠦ᠂ ᠶᠠᠭ ᠯᠠ ᠨᠢᠭᠡᠨ ᠠᠪᠤᠷᠭᠤ ᠬᠥᠮᠦᠨ ᠮᠡᠲᠦ ᠪᠡᠷ ᠠᠵᠤ ᠦᠢᠯᠡᠳᠪᠦᠷᠢ᠎ᠶ᠋ᠢᠨ ᠦᠢᠯᠡᠳᠪᠦᠷᠢᠯᠡᠯ᠎ᠦᠨ ᠥᠪᠡᠷᠮᠢᠴᠡ ᠬᠠᠲᠠᠭᠤ ᠠᠭᠤᠷ ᠠᠮᠢᠰᠭᠤᠯ᠎ᠢ ᠢᠯᠡᠷᠡᠭᠦᠯᠵᠦ ᠪᠠᠢᠯ᠎ᠠ᠃

ᠲᠠᠨᠢᠯᠴᠠᠭᠤᠯᠤᠭ᠍ᠰᠠᠨ᠎ᠢᠶᠠᠷ᠂ ᠲᠣᠰ ᠲᠥᠷᠥᠯ ᠵᠦᠶ᠋ᠯ ᠪᠣᠯ ᠲᠦᠮᠡᠳ ᠪᠠᠷᠠᠭᠤᠨ ᠬᠣᠱᠢᠭᠤᠨ᠎ᠤ 2024 ᠣᠨ᠎ᠤ ᠠᠷᠠᠯᠵᠢᠶᠠᠴᠢᠨ ᠤᠷᠢᠵᠤ ᠪᠠᠯᠠ ᠮᠦᠨᠭᠭᠦ ᠣᠷᠣᠭᠤᠯᠤᠨ ᠠᠪᠴᠢᠷᠠᠭᠰᠠᠨ ᠲᠥᠷᠥᠯ ᠵᠦᠶ᠋ᠯ ᠪᠣᠯᠤᠨ᠎ᠠ᠃ ᠶᠡᠷᠦᠩᠬᠡᠶ ᠪᠠᠯᠠ ᠣᠷᠣᠭᠤᠯᠤᠯᠲᠠ᠎ᠨᠢ 3.3 ᠳ᠋ᠦᠩᠱᠢᠭᠤᠷ ᠲᠥᠭᠥᠷᠢᠭ᠎ᠲᠦ ᠬᠦᠷᠴᠦ᠍᠂ ᠵᠢᠷᠤᠭ ᠲᠥᠯᠥᠪᠯᠡᠭᠡ᠎ᠶ᠋ᠢᠨ ᠬᠡᠪᠴᠢᠶ᠎ᠡ᠎ᠨᠢ ᠭᠤᠤᠯᠳᠠᠭᠤ ᠵᠢᠯ᠎ᠳᠦ 15 ᠲᠦᠮᠡᠨ ᠲᠣᠨ ᠬᠡᠷᠡᠯᠴᠢ ᠴᠡᠨᠡᠭ᠎ᠦᠨ ᠲᠤᠯᠭᠠᠭᠤᠷᠢ ᠦᠶ᠋ᠯᠡᠳᠪᠦᠷᠢᠯᠡᠵᠦ᠍᠂ ᠵᠢᠯ᠎ᠳᠦ 10 ᠲᠦᠮᠡᠨ ᠲᠣᠨ ᠴᠠᠬᠢᠯᠭᠠᠨ ᠭᠠᠷᠭᠠᠬᠤ ᠰᠠᠯᠬᠢᠨ ᠬᠦᠷᠳᠦ ᠵᠢᠨ ᠪᠠᠭᠠᠨ᠎ᠠ ᠦᠶ᠋ᠯᠡᠳᠪᠦᠷᠢᠯᠡᠵᠦ᠍᠂ ᠠᠵᠤ ᠠᠬᠤᠢᠯᠠᠯ᠎ᠤᠨ ᠲᠦᠮᠡᠳ ᠪᠠᠷᠠᠭᠤᠨ ᠬᠣᠱᠢᠭᠤᠨ᠎ᠳ᠋ᠤ ᠲᠦᠷᠦᠭᠦᠦ ᠪᠦᠯᠦᠭ ᠡᠬᠢᠯᠡᠭᠦᠯᠦᠭᠰᠡᠨ ᠬᠠᠮᠵᠢᠯᠴᠠᠬᠤ ᠠᠵᠤ ᠦᠶ᠋ᠯᠡᠰ᠎ᠦᠨ ᠲᠥᠷᠥᠯ ᠵᠦᠶ᠋ᠯ ᠪᠣᠯᠤᠨ᠎ᠠ᠃ ᠦᠶ᠋ᠯᠡᠳᠬᠦᠨ᠎ᠨᠢ ᠬᠥᠬᠡᠬᠣᠲᠠ ᠪᠤᠭᠤᠲᠤ ᠣᠷᠳᠣᠰ ᠢᠷᠭᠠᠶ ᠲᠡᠮᠡᠭᠡᠲᠦ ᠵᠡᠷᠭᠡ ᠭᠠᠵᠠᠷ ᠣᠷᠣᠨ᠎ᠤ ᠬᠡᠷᠡᠯᠴᠢ ᠴᠡᠨᠡᠭ ᠰᠠᠯᠬᠢᠨ ᠬᠦᠴᠦᠨ᠎ᠤ ᠴᠠᠬᠢᠯᠭᠠᠨ ᠵᠡᠷᠭᠡ ᠱᠢᠨ᠎ᠡ ᠡᠨᠧᠷᠭᠢ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠬᠦᠷᠢᠶ᠎ᠡ᠎ᠶ᠋ᠢ ᠨᠥᠯᠥᠭᠡᠯᠡᠵᠦ᠍ ᠳᠡᠢᠯᠬᠦ ᠮᠦᠷᠲᠡᠭᠡᠨ ᠮᠣᠩᠭᠣᠯ᠂ ᠣᠷᠣᠰ ᠵᠡᠷᠭᠡ ᠤᠯᠤᠰ᠎ᠲᠤ ᠨᠡᠪᠲᠡᠷᠡᠵᠦ᠍ ᠳᠡᠢᠯᠦᠨ᠎ᠡ᠃

ᠥᠪᠥᠷ ᠮᠣᠩᠭᠣᠯ᠎ᠤᠨ ᠼᠸ ᠴᠧᠩ ᠠᠭᠤᠷᠬᠠᠢ᠎ᠶ᠋ᠢᠨ ᠦᠢᠯᠡᠰ᠎ᠦᠨ ᠨᠡᠭᠡᠭᠡᠨ ᠬᠥᠭ᠌ᠵᠢᠭᠦᠯᠦᠯᠲᠡ᠎ᠶ᠋ᠢᠨ ᠬᠢᠵᠠᠭᠠᠷᠲᠤ ᠺᠣᠮᠫᠠᠨᠢ᠎ᠶ᠋ᠢᠨ ᠳᠠᠷᠬᠠᠨ ᠮᠤᠤᠮᠢᠩᠭᠠᠨ ᠬᠣᠯᠪᠣᠭᠠᠲᠤ ᠬᠣᠱᠢᠭᠤᠨ᠎ᠤ ᠤᠯᠠᠭᠠᠨ ᠲᠣᠯᠣᠭᠠᠢ ᠵᠡᠰ ᠨᠢᠺᠧᠯ᠎ᠦᠨ ᠠᠭᠤᠷᠬᠠᠢ᠎ᠶ᠋ᠢᠨ  ᠵᠢᠯ᠎ᠳ᠋ᠦ 45 ᠲᠦᠮᠡᠨ ᠲᠣᠨ ᠮᠠᠯᠲᠠᠵᠤ ᠰᠣᠩᠭᠣᠬᠤ ᠲᠦᠷᠦᠯ ᠵᠦᠢᠯ᠎ᠦᠨ ᠲᠤᠬᠠᠢ᠎ᠶ᠋ᠢᠨ ᠲᠠᠯᠠᠪᠠᠢ᠎ᠳᠤ ᠬᠡᠳᠦᠨ ᠠᠷᠠᠩᠭ᠎ᠠ ᠰᠦᠨᠳᠡᠷᠯᠡᠵᠦ᠍᠂ ᠬᠤᠳᠳᠤᠭ᠎ᠤᠨ ᠠᠮᠠᠰᠠᠷ᠎ᠡᠴᠡ 200 ᠭᠠᠷᠤᠢ ᠮᠸᠲᠷ ᠡᠭ᠌ᠴᠡ ᠳᠣᠭᠣᠭ᠍ᠰᠢᠯᠠᠵᠤ᠂ ᠮᠠᠱᠢᠨ ᠲᠣᠨᠣᠭ᠍ᠯᠠᠯ ᠨᠢ ᠤᠷᠳᠤ ᠭᠠᠷ᠎ᠢᠶᠠᠨ ᠬᠤᠷᠤᠢᠯᠠᠨ ᠬᠠᠲᠠᠭᠤ ᠪᠡᠬᠢ ᠬᠠᠳᠠᠨ ᠬᠠᠨ᠎ᠠ ᠳᠡᠭᠡᠷ᠎ᠡ ᠠᠵᠢᠯᠯᠠᠵᠤ ᠪᠠᠢᠯ᠎ᠠ᠁ ᠠᠳᠠᠯᠢ ᠪᠤᠰᠤ ᠠᠵᠢᠯ᠎ᠤᠨ ᠲᠦᠷᠦᠯ ᠵᠦᠢᠯ᠎ᠤᠨ ᠠᠵᠢᠯᠲᠠᠳ ᠡᠭᠡᠯᠵᠢᠯᠡᠨ ᠠᠵᠢᠯ᠎ᠤᠨ ᠪᠠᠢᠷᠢ ᠪᠠᠨ ᠰᠠᠬᠢᠵᠤ᠂ 《ᠡᠭᠡᠯᠵᠢᠯᠡᠨ ᠠᠵᠢᠯᠯᠠᠬᠤ ᠲᠦᠷᠢᠮ》 ᠨᠢ ᠦᠢᠯᠡᠳᠪᠦᠷᠢᠯᠡᠯ᠎ᠦᠨ  ᠴᠢᠳᠠᠪᠤᠷᠢ ᠪᠣᠯᠤᠨ ᠦᠢᠯᠡᠳᠪᠦᠷᠢᠯᠡᠯ᠎ᠦᠨ ᠦᠷ᠎ᠡ ᠪᠦᠲᠦᠮᠵᠢ᠎ᠶ᠋ᠢ ᠶᠡᠬᠡ᠎ᠪᠡᠷ ᠳᠡᠭᠡᠭ᠌ᠰᠢᠯᠡᠭᠦᠯᠪᠡ᠃

ᠣᠢᠷ᠎ᠠ᠎ᠶ᠋ᠢᠨ ᠵᠢᠯ᠎ᠡᠴᠡ ᠨᠠᠭᠠᠰᠢ ᠳᠠᠷᠬᠠᠨ ᠮᠤᠸ᠋ᠮᠢᠩᠭᠠᠨ ᠬᠣᠯᠪᠣᠭᠠᠲᠤ ᠬᠣᠱᠢᠭᠤ ᠲᠣᠰ ᠪᠡᠶ᠎ᠡ᠎ᠶ᠋ᠢᠨ᠎ᠢᠶᠡᠨ ᠰᠠᠯᠬᠢ ᠬᠡᠷᠡᠯ᠎ᠦᠨ ᠡᠬᠢ ᠪᠠᠶᠠᠯᠢᠭ᠎ᠤᠨ ᠲᠠᠯ᠎ᠠ᠎ᠪᠠᠷ᠎ᠬᠢ ᠲᠣᠪᠣᠢᠮ᠎ᠠ ᠳᠠᠪᠠᠭᠤᠯᠢᠭ᠎ᠢᠶᠠᠨ ᠭᠦᠶ᠋ᠴᠡᠳ ᠪᠠᠳᠠᠷᠠᠭᠤᠯᠵᠤ᠂ ᠡᠨᠧᠷᠭᠢ᠎ᠶ᠋ᠢᠨ ᠬᠡᠯᠪᠡᠷᠢ᠎ᠪᠡᠨ ᠬᠤᠪᠢᠷᠠᠭᠤᠯᠬᠤ ᠡᠷᠬᠢᠮ ᠨᠠᠨᠳᠢᠨ ᠠᠵᠠ ᠲᠣᠬᠢᠶᠠᠯ᠎ᠢ ᠴᠢᠩᠭ᠎ᠠ ᠠᠳᠭᠤᠵᠤ᠂《ᠰᠠᠯᠬᠢᠨ》᠎ᠢ᠋ ᠠᠰᠢᠭᠯᠠᠵᠤ 《ᠭᠡᠷᠡᠯ》᠎ᠤ᠋ᠨ ᠦᠢᠯᠡᠳᠦᠯ᠎ᠢ ᠪᠠᠳᠠᠷᠠᠭᠤᠯᠵᠤ᠂ ᠱᠢᠨ᠎ᠡ ᠡᠨᠧᠷᠭᠢ᠎ᠶ᠋ᠢᠨ ᠠᠵᠤ ᠦᠶ᠋ᠯᠡᠰ᠎ᠦᠨ ᠲᠦᠯᠦᠪᠵᠢᠭᠦᠯᠭᠡ ᠪᠠᠢᠷᠢᠱᠢᠭᠤᠯᠤᠯᠲᠠ᠎ᠶ᠋ᠢ ᠲᠦᠷᠭᠡᠳᠭᠡᠵᠦ᠍᠂ ᠰᠠᠯᠬᠢᠨ ᠬᠦᠴᠦᠨ᠎ᠦ ᠴᠠᠬᠢᠯᠭᠠᠨ᠂ ᠬᠡᠷᠡᠯᠴᠢ ᠴᠡᠨᠡᠭ ᠵᠡᠷᠭᠡ ᠴᠡᠪᠡᠷ ᠡᠨᠧᠷᠭᠢ᠎ᠶ᠋ᠢᠨ ᠲᠥᠷᠥᠯ ᠵᠦᠶ᠋ᠯ᠎ᠦᠨ ᠥᠷᠨᠢᠭᠦᠨ ᠬᠥᠭ᠌ᠵᠢᠯᠲᠡ᠎ᠶ᠋ᠢ ᠪᠥᠬᠥ᠌ ᠬᠦᠴᠦᠨ᠎ᠢᠶᠡᠷ᠎ᠢᠶᠡᠨ ᠠᠬᠢᠭᠤᠯᠵᠤ᠂ ᠪᠣᠬᠢᠷᠲᠤᠯ ᠥᠬᠡᠶ ᠬᠥᠭ᠌ᠵᠢᠯᠲᠡ᠎ᠶ᠋ᠢ ᠠᠬᠢᠭᠤᠯᠬᠤ ᠱᠢᠨ᠎ᠡ ᠬᠥᠳᠡᠯᠭᠡᠭᠦᠷ ᠪᠣᠯᠵᠠᠶ᠃ 2025 ᠣᠨ᠎ᠳᠤ ᠳᠠᠷᠬᠠᠨ ᠮᠤᠤᠮᠢᠩᠭᠠᠨ ᠬᠤᠯᠪᠤᠭᠠᠲᠦ ᠬᠣᠰᠢᠭᠤ 68 ᠴᠢᠬᠤᠯᠠ ᠶᠡᠬᠡ ᠲᠦᠷᠦᠯ ᠵᠦᠢᠯ᠎ᠢ ᠬᠡᠷᠡᠭᠵᠢᠭᠦᠯᠬᠦ᠎ᠪᠡᠷ ᠲᠥᠯᠥᠪᠯᠡᠵᠦ᠂ ᠶᠡᠷᠦᠩᠬᠡᠢ ᠪᠡᠯᠡ ᠣᠷᠣᠭᠤᠯᠤᠯᠲᠠ ᠨᠢ 705.4 ᠳ᠋ᠦᠩᠰᠢᠭᠤᠷ ᠲᠥᠭᠥᠷᠢᠭ᠎ᠲᠦ ᠬᠦᠷᠴᠦ᠂ ᠲᠤᠰ ᠵᠢᠯ᠎ᠳᠦ 301.3 ᠳ᠋ᠦᠩᠰᠢᠭᠤᠷ ᠲᠥᠭᠥᠷᠢᠭ᠎ᠦᠨ ᠪᠡᠯᠡ ᠣᠷᠣᠭᠤᠯᠬᠤ᠎ᠪᠠᠷ ᠲᠥᠯᠥᠪᠯᠡᠵᠡᠢ᠃ ᠡᠭᠦᠨ᠎ᠳᠦ ᠰᠢᠨ᠎ᠡ᠎ᠪᠡᠷ ᠪᠠᠶ᠋ᠢᠭᠤᠯᠬᠤ ᠲᠦᠷᠦᠯ ᠵᠦᠢᠯ 58 ᠪᠠᠢᠵᠤ᠂ ᠶᠡᠷᠦᠩᠬᠡᠢ ᠪᠡᠯᠡ ᠣᠷᠣᠭᠤᠯᠤᠯᠲᠠ ᠨᠢ 521.78 ᠳ᠋ᠦᠩᠰᠢᠭᠤᠷ ᠲᠥᠭᠥᠷᠢᠭ᠎ᠲᠦ ᠬᠦᠷᠴᠦ᠂ ᠲᠤᠬᠠᠢ᠎ᠶᠢᠨ ᠵᠢᠯ᠎ᠳᠦ 251.19 ᠳ᠋ᠦᠩᠰᠢᠭᠤᠷ ᠲᠥᠭᠥᠷᠢᠭ᠎ᠦᠨ ᠪᠡᠯᠡ ᠣᠷᠣᠭᠤᠯᠬᠤ᠎ᠪᠠᠷ ᠲᠥᠯᠥᠪᠯᠡᠵᠦ ᠪᠤᠢ; ᠵᠠᠯᠭᠠᠵᠤ ᠪᠠᠢᠭᠤᠯᠬᠤ ᠲᠦᠷᠦᠯ ᠵᠦᠢᠯ10 ᠪᠠᠢᠵᠤ᠂ ᠶᠡᠷᠦᠩᠬᠡᠢ ᠪᠡᠯᠡ ᠣᠷᠣᠭᠤᠯᠤᠯᠲᠠ ᠨᠢ 183.6 ᠳ᠋ᠦᠩᠰᠢᠭᠤᠷ ᠲᠥᠭᠥᠷᠢᠭ᠎ᠲᠦ ᠬᠦᠷᠴᠦ᠂ ᠲᠤᠬᠠᠢ᠎ᠶᠢᠨ ᠵᠢᠯ᠎ᠳᠦ 50.14 ᠳ᠋ᠦᠩᠰᠢᠭᠤᠷ ᠲᠥᠭᠥᠷᠢᠭ᠎ᠦᠨ ᠪᠡᠯᠡ ᠣᠷᠣᠭᠤᠯᠬᠤ᠎ᠪᠠᠷ ᠲᠥᠯᠥᠪᠯᠡᠵᠦ ᠪᠤᠢ᠃ ᠡᠳᠡᠭᠡᠷ ᠭᠣᠣᠯᠳᠠᠯᠭ᠎ᠠ᠎ᠲᠠᠢ ᠲᠦᠷᠦᠯ ᠵᠦᠢᠯ ᠨᠢ ᠡᠬᠢᠯᠡᠨ ᠶᠠᠪᠤᠭᠳᠠᠬᠤ᠎ᠳᠦ ᠪᠡᠯᠡᠬᠡᠨ ᠪᠤᠯᠵᠤ᠂ ᠮᠠᠯ ᠠᠵᠤ ᠠᠬᠤᠢ ᠲᠠᠷᠢᠶᠠᠯᠠᠩ᠂ ᠠᠵᠤ ᠦᠢᠯᠡᠳᠪᠦᠷᠢ᠂ ᠰᠣᠶᠣᠯ ᠵᠢᠭᠤᠯᠴᠢᠯᠠᠯ᠎ᠤᠨ ᠠᠵᠤ ᠦᠢᠯᠡᠰ᠂ ᠰᠠᠭᠤᠷᠢ ᠲᠥᠬᠦᠭᠡᠷᠦᠮᠵᠢ ᠵᠡᠷᠭᠡ ᠬᠦᠷᠢᠶ᠎ᠡ᠎ᠶᠢ ᠬᠠᠮᠤᠷᠴᠤ᠂ ᠴᠢᠨᠠᠷ ᠰᠠᠢᠲᠠᠢ ᠬᠥᠭᠵᠢᠯᠲᠡ᠎ᠳᠦ ᠰᠦᠷ ᠳᠠᠯᠠᠢᠴᠠᠲᠠᠢ ᠬᠥᠳᠡᠯᠭᠡᠬᠦ ᠬᠦᠴᠦᠨ ᠨᠡᠮᠡᠷᠢᠯᠡᠪᠡ᠃

ᠠᠮᠢ ᠠᠮᠢᠵᠢᠷᠠᠯ ᠪᠢᠯᠬᠠᠵᠤ᠂ ᠲᠦᠮᠡᠨ ᠪᠣᠳᠠᠰ ᠤᠷᠭᠤᠨ ᠲᠦᠯᠵᠢᠭᠰᠡᠨ ᠬᠠᠪᠤᠷ᠎ᠤᠨ ᠤᠯᠠᠷᠢᠯ᠎ᠳᠤ ᠲᠠᠯ᠎ᠠ ᠨᠤᠲᠤᠭ᠎ᠤᠨ ᠪᠣᠯᠣᠳ᠎ᠤᠨ ᠬᠤᠳᠠ  ᠪᠤᠭᠤᠲᠤ᠎ᠶᠢᠨ ᠭᠠᠵᠠᠷ ᠪᠣᠯᠭᠠᠨ᠎ᠳᠤ ᠲᠡᠮᠡᠴᠡᠯ᠎ᠦᠨ ᠠᠭᠤᠷ ᠠᠮᠢᠰᠬᠤᠯ ᠪᠢᠯᠬᠠᠨ᠎ᠠ᠃ 3 ᠰᠠᠷ᠎ᠠ᠎ᠶᠢᠨ 12 ᠎ᠤ᠋ᠨ ᠡᠳᠦᠷ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠺᠠᠳ᠋ᠷᠴᠤᠳ᠎ᠤᠨ ᠶᠡᠬᠡ ᠬᠤᠷᠠᠯ ᠬᠤᠷᠠᠯᠳᠤᠭᠤᠯᠤᠭᠰᠠᠨ᠎ᠤ ᠳᠠᠷᠠᠭ᠎ᠠ ᠪᠤᠭᠤᠲᠤ ᠬᠣᠲᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠪᠠᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ ᠠᠵᠤ ᠠᠬᠤᠢ᠎ᠶᠢᠨ ᠠᠵᠢᠯᠯᠠᠭᠠᠨ᠂ ᠲᠥᠷᠥᠯ ᠵᠦᠢᠯ᠎ᠦᠨ ᠪᠦᠲᠦᠭᠡᠨ ᠪᠠᠢᠭᠤᠯᠤᠯᠲᠠ᠂ ᠠᠷᠠᠯᠵᠢᠶᠠᠴᠢᠨ ᠤᠷᠢᠵᠤ ᠪᠡᠯᠡ ᠮᠦᠨᠭᠭᠦ ᠣᠷᠣᠭᠤᠯᠤᠨ ᠠᠪᠴᠢᠷᠠᠬᠤ ᠵᠡᠷᠭᠡ ᠭᠣᠣᠯᠳᠠᠯᠭ᠎ᠠ᠎ᠲᠠᠢ ᠡᠭᠦᠷᠭᠡ᠎ᠶᠢ ᠰᠠᠢᠲᠤᠷ ᠠᠳᠬᠤᠵᠤ᠂ ᠠᠩᠬᠠᠨ᠎ᠤ ᠤᠯᠠᠷᠢᠯ᠎ᠤᠨ 《ᠰᠠᠢᠨ ᠡᠬᠢᠯᠡᠯᠲᠡ᠎ᠲᠠᠢ》 ᠪᠠᠢᠬᠤ᠎ᠶᠢ ᠴᠢᠷᠮᠠᠢᠨ ᠪᠡᠶᠡᠯᠡᠭᠦᠯᠬᠦ ᠪᠡᠷ ᠪᠠᠢᠨ᠎ᠠ᠃ ᠣᠢᠯᠠᠭᠠᠭᠰᠠᠨ᠎ᠢᠶᠠᠷ᠂ ᠪᠤᠭᠤᠲᠤ ᠬᠣᠲᠠ᠎ᠶᠢᠨ ᠡᠨᠡ ᠵᠢᠯ᠎ᠦᠨ ᠬᠡᠷᠡᠭᠵᠢᠭᠦᠯᠬᠦ ᠴᠢᠬᠤᠯᠠ ᠶᠡᠬᠡ ᠲᠥᠷᠥᠯ ᠵᠦᠢᠯ 650 ᠪᠠᠢᠵᠤ᠂ ᠵᠢᠱ᠌ᠢᠯᠲᠡ᠎ᠪᠡᠷ ᠬᠣᠶᠠᠳᠤᠭᠠᠷ ᠤᠯᠠᠷᠢᠯ᠎ᠳᠤ 100%᠎ᠪᠠᠷ ᠠᠵᠢᠯ᠎ᠢᠶᠠᠨ ᠰᠡᠷᠭᠦᠭᠡᠵᠤ ᠡᠬᠢᠯᠡᠭᠦᠯᠦᠨ᠎ᠡ᠃

ᠲᠦᠷᠦᠯ ᠵᠦᠢᠯ᠎ᠦᠨ ᠪᠦᠲᠦᠭᠡᠨ ᠪᠠᠢᠭᠤᠯᠤᠯᠲᠠ ᠪᠣᠯ ᠠᠵᠤ ᠠᠬᠤᠢ ᠨᠡᠢᠭᠡᠮ᠎ᠦᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠴᠢᠬᠤᠯᠠ ᠬᠥᠳᠡᠯᠭᠡᠭᠦᠷ ᠮᠥᠨ᠃ 3 ᠰᠠᠷ᠎ᠠ᠎ᠶᠢᠨ 15᠎ᠤ᠋ ᠡᠳᠦᠷ᠂ ᠳᠤᠮᠳᠠᠳᠤ ᠤᠯᠤᠰ᠎ᠤᠨ ᠬᠤᠶᠠᠳᠤᠭᠠᠷ ᠲᠡᠮᠦᠷᠯᠢᠭ ᠬᠠᠢᠯᠤᠭᠤᠯᠬᠤ ᠪᠦᠯᠦᠭᠯᠡᠯ᠎ᠤᠨ ᠪᠤᠭᠤᠲᠤ᠎ᠶᠢᠨ ᠬᠥᠩᠭᠡᠨᠴᠠᠭᠠᠨ᠎ᠤ ᠦᠢᠯᠡᠰ᠎ᠦᠨ ᠳᠠᠷᠬᠠᠨ ᠮᠤᠤᠮᠢᠩᠭᠠᠨ ᠬᠣᠯᠪᠣᠭᠠᠲᠤ ᠬᠣᠰᠢᠭᠤᠨ᠎ᠤ 120 ᠲᠦᠮᠡᠨ ᠺᠢᠯᠣᠸᠠᠲ᠎ᠤᠨ ᠴᠠᠬᠢᠯᠭᠠᠨ ᠭᠠᠷᠭᠠᠬᠤ ᠰᠠᠯᠬᠢᠨ ᠬᠦᠷᠳᠦ ᠵᠢᠨ ᠪᠠᠭᠠᠨ᠎ᠠ᠎ᠶᠢᠨ ᠲᠦᠷᠦᠯ ᠵᠦᠢᠯ᠎ᠦᠨ ᠲᠤᠬᠠᠢ᠎ᠶᠢᠨ ᠲᠠᠯᠠᠪᠠᠢ᠎ᠳᠤ ᠠᠵᠢᠯᠴᠢᠳ ᠶᠠᠭ ᠢᠳᠡ ᠬᠦᠭ ᠲᠠᠢ ᠦᠢᠯᠡᠳᠪᠦᠷᠢᠯᠡᠯ᠎ᠢᠶᠡᠨ ᠡᠬᠢᠯᠡᠭᠦᠯᠵᠦ᠂ ᠮᠠᠰᠢᠨ ᠲᠡᠷᠭᠡᠨ᠎ᠦ ᠬᠦᠩᠭᠢᠨᠡᠮ᠎ᠡ ᠲᠠᠭᠤᠨ᠂ ᠠᠵᠢᠯᠴᠢᠳ᠎ᠤᠨ ᠬᠠᠰᠬᠢᠷᠤᠯᠲᠠ᠂ ᠲᠥᠬᠦᠭᠡᠷᠦᠮᠵᠢ᠎ᠶᠢᠨ ᠡᠷᠭᠢᠬᠦ ᠲᠠᠭᠤᠨ ᠪᠠᠢᠨ ᠳᠠᠬᠢᠨ ᠰᠣᠨᠣᠰᠳᠠᠵᠤ᠂ ᠠᠵᠤ ᠠᠬᠤᠢᠯᠠᠯ᠎ᠤᠨ ᠡᠷᠴᠢ ᠵᠣᠷᠢᠭ᠋᠎ᠢᠶᠠᠨ ᠬᠥᠪᠴᠢᠯᠡᠨ ᠰᠢᠨ᠎ᠡ ᠪᠠᠢᠳᠠᠯ᠎ᠢ ᠨᠡᠭᠡᠭᠡᠭᠰᠡᠨ᠎ᠦ ᠠᠮᠢᠳᠤᠯᠢᠭ᠋ ᠵᠢᠷᠤᠭᠯᠠᠯ ᠪᠣᠯᠵᠠᠢ᠃ 《ᠳᠤᠮᠳᠠᠳᠤ ᠤᠯᠤᠰ᠎ᠤᠨ ᠬᠣᠶᠠᠳᠤᠭᠠᠷ ᠲᠡᠮᠦᠷᠯᠢᠭ ᠬᠠᠢᠯᠤᠭᠤᠯᠬᠤ ᠪᠦᠯᠦᠭᠯᠡᠯ 2025 ᠣᠨ᠎ᠤ ᠲᠦᠷᠦᠯ ᠵᠦᠢᠯ᠎ᠦᠨ ᠬᠤᠷᠳᠤᠴᠠ᠎ᠶᠢ ᠲᠦᠷᠭᠡᠳᠬᠡᠵᠤ 〈ᠰᠠᠢᠨ ᠠᠵᠢᠯᠯᠠᠬᠤ〉 ᠳ᠋ᠤ᠌ ᠨᠢᠭᠡᠨᠲᠡ ᠭᠦᠢᠴᠡᠳ ᠪᠡᠯᠡᠳᠬᠡᠯ ᠬᠢᠵᠡᠢ》 ᠭᠡᠵᠦ ᠳᠤᠮᠳᠠᠳᠤ ᠤᠯᠤᠰ᠎ᠤᠨ ᠬᠣᠶᠠᠳᠤᠭᠠᠷ ᠲᠡᠮᠦᠷᠯᠢᠭ ᠬᠠᠢᠯᠤᠭᠤᠯᠬᠤ ᠪᠦᠯᠦᠭᠯᠡᠯ᠎ᠤᠨ ᠨᠠᠮ᠎ᠤᠨ ᠬᠣᠷᠢᠶ᠎ᠡ ᠵᠢᠨ ᠱᠦᠵᠢ᠂ ᠬᠡᠷᠡᠭ ᠮᠡᠳᠡᠭᠴᠢᠳ᠎ᠦᠨ ᠳᠠᠷᠤᠭ᠎ᠠ ᠰᠢᠦᠢ ᠶᠦᠩ ᠹᠸᠩ ᠬᠡᠯᠡᠪᠡ᠃

ᠣᠳᠣᠬᠠᠨ᠎ᠳᠤ ᠪᠠᠶᠠᠨ᠌ᠣ᠋ᠪᠣᠭ᠎ᠠ ᠠᠭᠤᠷᠬᠠᠢ᠎ᠶᠢᠨ ᠣᠷᠣᠨ᠎ᠤ ᠡᠯ᠎ᠡ ᠲᠣᠮᠣ᠌ ᠠᠵᠤ ᠠᠬᠤᠢᠯᠠᠯ ᠶᠠᠭ ᠴᠠᠭ ᠮᠦᠴᠡ ᠲᠡᠢ ᠤᠷᠤᠯᠳᠤᠬᠤ ᠲᠤᠯᠭᠠᠮ ᠰᠡᠳᠬᠢᠯᠭᠡ᠎ᠪᠡᠷ ᠪᠦᠬᠦ ᠬᠦᠴᠦᠨ᠎ᠢᠶᠡᠷ᠎ᠢᠶᠡᠨ ᠦᠢᠯᠡᠳᠪᠦᠷᠢᠯᠡᠯ᠎ᠢ ᠠᠳᠬᠤᠨ᠂ ᠵᠠᠬᠢᠶᠠᠯᠠᠭ᠎ᠠ᠎ᠶᠢ ᠠᠮᠵᠢᠭᠤᠯᠵᠦ᠂ 《ᠬᠠᠪᠤᠷ᠎ᠤᠨ ᠤᠷᠤᠭᠰᠢᠯᠠᠯᠲᠠ᠎ᠶᠢᠨ ᠠᠶᠠᠰ》ᠢ᠋ ᠪᠦᠬᠦ ᠲᠠᠯ᠎ᠠ᠎ᠪᠠᠷ ᠬᠥᠭᠵᠢᠮᠳᠡᠵᠦ᠂ ᠥᠷᠨᠢᠭᠦᠨ ᠪᠠᠳᠠᠷᠠᠩᠭᠤᠢ ᠠᠵᠤ ᠠᠬᠤᠢ᠎ᠶᠢᠨ ᠠᠮᠢᠵᠢᠷᠠᠯ᠎ᠤᠨ ᠬᠦᠴᠦᠨ ᠪᠣᠯᠣᠨ ᠬᠥᠭᠵᠢᠯᠲᠡ᠎ᠶᠢᠨ ᠳᠠᠯᠳᠠ ᠬᠦᠴᠦᠨ᠎ᠢ ᠢᠯᠡᠷᠡᠭᠦᠯᠵᠤ ᠪᠠᠢᠨ᠎ᠠ᠃ 2025 ᠣᠨ᠎ᠳᠤ ᠪᠠᠶᠠᠠᠠᠤᠪᠤᠭ᠎ᠠ ᠠᠭᠤᠷᠬᠠᠢ᠎ᠶ᠋ᠢᠨ ᠲᠣᠭᠣᠷᠢᠭ 26 ᠴᠢᠬᠤᠯᠠ ᠶᠡᠬᠡ ᠲᠦᠷᠦᠯ ᠵᠦᠢᠯ᠎ᠢ ᠬᠡᠷᠡᠭ᠌ᠵᠢᠭᠦᠯᠬᠦ᠌᠎ᠪᠡᠷ ᠲᠥᠯᠥᠪᠯᠡᠵᠦ᠍᠂ ᠶᠡᠷᠦᠩᠬᠡᠢ ᠪᠡᠯᠡ ᠣᠷᠣᠭᠤᠯᠤᠯᠲᠠ ᠨᠢ 158. 5 ᠳ᠋ᠦᠩᠱᠢᠭᠤᠷ ᠲᠥᠭᠥᠷᠢᠭ᠎ᠲᠦ ᠬᠦᠷᠬᠦ᠌ ᠪᠣᠯᠤᠨ᠎ᠠ᠃ ᠲᠥᠷᠥᠯ ᠵᠦᠶ᠋ᠯ᠎ᠦᠨ ᠠᠬᠢᠴᠠ᠎ᠶ᠋ᠢ ᠲᠦᠷᠭᠡᠳᠭᠡᠬᠦ᠌᠎ᠶ᠋ᠢᠨ ᠲᠥᠯᠥᠭᠡ ᠪᠠᠶᠠᠠᠠᠤᠪᠤᠭ᠎ᠠ ᠠᠭᠤᠷᠬᠠᠶ᠎ᠶ᠋ᠢᠨ ᠲᠣᠭᠣᠷᠢᠭ᠎ᠤᠨ ᠬᠢᠨ ᠲᠥᠷᠥᠯ ᠵᠦᠶ᠋ᠯ᠎ᠦᠨ ᠡᠮᠦᠨᠡᠬᠢ ᠬᠤᠭᠤᠴᠠᠭᠠᠨ᠎ᠤ ᠡᠯ᠎ᠡ ᠵᠦᠶ᠋ᠯ᠎ᠦᠨ ᠪᠠᠲᠤᠯᠠᠭ᠎ᠠ᠎ᠶ᠋ᠢᠨ ᠠᠵᠢᠯ᠎ᠢ ᠴᠢᠩᠭᠠᠳᠭᠠᠵᠤ᠂ 3 ᠰᠠᠷ᠎ᠠ᠎ᠶ᠋ᠢᠨ ᠰᠡᠭᠦᠯᠴᠢ ᠡᠴᠡ ᠡᠮᠦᠨ᠎ᠡ ᠦᠷᠭᠦᠯᠵᠢᠯᠡᠨ ᠪᠠᠢᠭᠤᠯᠬᠤ ᠲᠥᠷᠥᠯ ᠵᠦᠶ᠋ᠯ᠎ᠢ ᠪᠦᠬᠦᠨ᠎ᠢ ᠠᠵᠢᠯ ᠡᠬᠢᠯᠡᠭᠦᠯᠵᠦ᠍᠂ 4 ᠰᠠᠷ᠎ᠠ᠎ᠶ᠋ᠢᠨ ᠰᠡᠭᠦᠯᠴᠢ ᠡᠴᠡ ᠡᠮᠦᠨ᠎ᠡ ᠱᠢᠨ᠎ᠡ᠎ᠪᠡᠷ ᠪᠠᠢᠭᠤᠯᠬᠤ ᠲᠥᠷᠥᠯ ᠵᠦᠶ᠋ᠯ᠎ᠢ ᠪᠦᠬᠦᠨ᠎ᠢ ᠠᠵᠢᠯ ᠡᠬᠢᠯᠡᠭᠦᠯᠬᠦ᠌᠎ᠪᠡᠷ ᠴᠢᠷᠮᠠᠢᠵᠤ ᠪᠠᠢᠨ᠎ᠠ᠃ ᠡᠳᠡᠭᠡᠷ ᠠᠷᠭ᠎ᠠ ᠬᠡᠮᠵᠢᠶ᠎ᠡ ᠨᠢ ᠪᠠᠶᠠᠠᠠᠤᠪᠤᠭ᠎ᠠ ᠠᠭᠤᠷᠬᠠᠢ᠎ᠶ᠋ᠢᠨ ᠣᠷᠣᠨ᠎ᠤ ᠠᠵᠤ ᠠᠬᠤᠢ᠎ᠶ᠋ᠢᠨ ᠬᠥᠭ᠌ᠵᠢᠯᠲᠡ᠎ᠳᠦ ᠬᠦᠴᠦᠷᠬᠡᠭ ᠶᠡᠬᠡ ᠬᠥᠳᠡᠯᠭᠡᠬᠦ᠌ ᠬᠦᠴᠦᠨ ᠨᠡᠮᠡᠷᠢᠯᠡᠭ᠌ᠰᠡᠨ ᠪᠠᠢᠨ᠎ᠠ᠃ 《ᠮᠠᠨ᠎ᠤ ᠵᠠᠬᠢᠶᠠᠯᠠᠭ᠎ᠠ᠎ᠶ᠋ᠢᠨ ᠬᠠᠭᠤᠳᠠᠰᠤ ᠨᠢᠭᠡᠨᠲᠡ 3 ᠰᠠᠷ᠎ᠠ᠎ᠶ᠋ᠢᠨ ᠰᠡᠭᠦᠯᠴᠢ ᠪᠣᠯᠲᠠᠯ᠎ᠠ ᠵᠢᠭ᠍ᠰᠠᠵᠤ᠂ ᠭᠤᠤᠯᠳᠠᠭᠤ ᠬᠥᠬᠡᠮᠥ᠋ᠷᠡᠨ᠎ᠦ ᠭᠤᠷᠪᠠᠯᠵᠢᠨ ᠬᠣᠢᠭ᠂ ᠵᠦᠵᠢᠶᠠᠩ ᠮᠥᠷᠡᠨ᠎ᠦ ᠭᠤᠷᠪᠠᠯᠵᠢᠨ ᠬᠣᠢᠭ ᠳᠡᠢᠰᠢ ᠪᠣᠷᠣᠯᠠᠭᠤᠯᠵᠤ᠂ ᠭᠠᠳᠠᠭᠠᠳᠤ᠎ᠶ᠋ᠢᠨ ᠵᠠᠬ᠎ᠠ ᠳᠡᠯᠭᠡᠭᠦᠷ ᠴᠦ᠍ 20% ᠣᠷᠴᠢᠮ᠎ᠢ ᠡᠵᠡᠯᠡᠵᠦ᠍ ᠪᠠᠢᠨ᠎ᠠ᠃ ᠵᠢᠱ᠌ᠢᠯᠲᠡ᠎ᠪᠡᠷ 2025 ᠣᠨ᠎ᠳᠤ ᠺᠣᠮᠫᠠᠨᠢ᠎ᠶ᠋ᠢᠨ ᠪᠣᠷᠣᠯᠠᠭᠤᠯᠭ᠎ᠠ᠎ᠶ᠋ᠢᠨ ᠬᠡᠮᠵᠢᠶ᠎ᠡ 3.5 ᠳ᠋ᠦᠩᠱᠢᠭᠤᠷ ᠡᠴᠡ 4 ᠳ᠋ᠦᠩᠱᠢᠭᠤᠷ ᠲᠥᠭᠥᠷᠢᠭ᠎ᠲᠦ ᠬᠦᠷᠦᠨ᠎ᠡ》 ᠭᠡᠵᠦ ᠪᠠᠶᠠᠠᠠᠤᠪᠤᠭ᠎ᠠ ᠠᠭᠤᠷᠬᠠᠢ᠎ᠶ᠋ᠢᠨ ᠲᠣᠭᠣᠷᠢᠭ᠎ᠤᠨ ᠺᠸ ᠺᠸ (ᠪᠤᠭᠤᠲᠤ)ᠬᠣᠪᠣᠷ ᠱᠢᠷᠣᠢ᠎ᠶ᠋ᠢᠨ ᠲᠣᠭ᠍ᠲᠠᠮᠠᠯ ᠰᠣᠷᠢᠨᠵᠢᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ᠎ᠶ᠋ᠢᠨ ᠬᠡᠷᠡᠭ ᠮᠡᠳᠡᠭ᠌ᠴᠢᠳ᠎ᠦᠨ ᠳᠠᠷᠤᠭ᠎ᠠ ᠹᠸᠩ ᠯᠢ ᠹᠸᠩ ᠰᠤᠷᠪᠤᠯᠵᠢᠯᠠᠭ᠍ᠴᠢ᠎ᠳᠤ ᠬᠡᠯᠡᠪᠡ᠃

ᠡᠷᠴᠢᠮ ᠰᠠᠢᠳᠠᠢ ᠠᠵᠢᠯᠯᠠᠬᠤ ᠪᠠᠷ᠎ᠠ ᠭᠠᠵᠠᠷ ᠪᠤᠯᠭᠠᠨ ᠳ᠋ᠦ ᠢᠯᠡᠬᠡᠨ ᠬᠠᠷᠠᠭᠳᠠᠨ᠎ᠠ᠃ ᠣᠳᠣᠬᠠᠨ᠎ᠳᠤ ᠭᠦᠶᠡᠩ ᠱᠢᠶᠠᠨ ᠦᠢᠯᠡᠳᠪᠦᠷᠢᠯᠡᠯ᠎ᠢᠶᠡᠨ ᠳᠦᠷᠭᠡᠳᠭᠡᠵᠦ᠂ ᠨᠢᠭᠡᠳᠦᠭᠡᠷ ᠤᠯᠠᠷᠢᠯ᠎ᠳᠤ 《ᠰᠠᠢ᠌ᠨ ᠡᠬᠢᠯᠡᠯᠲᠡ》 ᠣᠯᠵᠤ᠂ ᠪᠦᠬᠦ᠌ ᠵᠢᠯ᠎ᠦᠨ ᠰᠠᠢ᠌ᠨ ᠡᠬᠢᠯᠡᠯᠲᠡ᠎ᠳᠦ ᠰᠠᠢ᠌ᠨ ᠰᠠᠭᠤᠷᠢ ᠲᠠᠯᠪᠢᠵᠤ ᠥᠭ᠌ᠪᠡ᠃ ᠵᠢᠨᠱᠠᠨ ᠠᠵᠤ ᠠᠬᠤᠢ᠎ᠶ᠋ᠢᠨ ᠨᠡᠬᠡᠬᠡᠯᠳᠡ᠎ᠶ᠋ᠢᠨ ᠲᠤᠭᠤᠷᠢᠭ᠎ᠤᠨ ᠬᠣᠩ ᠶᠤᠸᠠᠨ ᠡᠨᠧᠷᠭᠢ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ (ᠪᠤᠭᠤᠲᠤ)ᠤ᠋ᠨ ᠬᠢᠵᠠᠭᠠᠷᠲᠤ ᠺᠣᠮᠫᠠᠨᠢ᠎ᠶ᠋ᠢᠨ ᠦᠢᠯᠡᠳᠪᠦᠷᠢᠯᠡᠯ᠎ᠦᠨ ᠲᠠᠰᠤᠭ ᠨᠢ ᠨᠢᠭᠡᠨᠲᠡ ᠮᠠᠰᠢ ᠶᠠᠭᠠᠷᠠᠯᠲᠠᠢ ᠪᠠᠢᠵᠤ᠂ ᠰᠠᠤᠷᠢ ᠰᠠᠤᠷᠢ ᠲᠤᠨᠤᠭ ᠲᠥᠬᠥᠭᠡᠷᠦᠮᠵᠢ ᠥᠨᠳᠥᠷ ᠪᠦᠲᠦᠮᠵᠢᠲᠡᠢ ᠠᠵᠢᠯᠯᠠᠵᠤ᠂ ᠠᠵᠢᠯᠴᠢᠳ ᠶᠠᠭ ᠪᠦᠬᠦ᠌ ᠬᠦᠴᠦ᠍᠎ᠪᠡᠷ᠎ᠢᠶᠡᠨ ᠵᠠᠬᠢᠶᠠᠯᠠᠭ᠎ᠠ ᠵᠢ ᠠᠮᠵᠢᠭᠤᠯᠵᠤ ᠪᠤᠢ᠃ ᠡᠨᠡ ᠵᠢᠯ᠎ᠦᠨ ᠨᠢᠭᠡᠳᠦᠭᠡᠷ ᠤᠯᠠᠷᠢᠯ᠎ᠤᠨ ᠵᠠᠬᠢᠶᠠᠯᠠᠭ᠎ᠠ᠎ᠶ᠋ᠢᠨ ᠬᠡᠮᠵᠢᠶ᠎ᠡ ᠨᠢᠭᠡᠨᠳᠡ ᠬᠡᠪᠴᠢᠶᠡᠨ᠎ᠳᠦ ᠳᠤᠯᠤᠭᠰᠠᠨ ᠪᠠᠢᠨ᠎ᠠ᠃

ᠦᠢᠯᠡᠳᠪᠦᠷᠢᠯᠡᠯ᠎ᠦᠨ ᠱᠤᠭᠤᠮ ᠪᠤᠯᠭᠠᠨ ᠨᠢ ᠪᠦᠬᠦ᠌ ᠬᠦᠴᠦ᠍᠎ᠪᠡᠨ ᠱᠢᠪᠬᠠᠵᠤ᠂ ᠲᠦᠷᠦᠯ ᠵᠦᠢᠯ ᠪᠤᠯᠭᠠᠨ ᠨᠢ ᠠᠵᠢᠯ᠎ᠤᠨ ᠠᠬᠢᠴᠠ᠎ᠶ᠋ᠢ ᠬᠦᠭᠡᠭᠡᠴᠡᠯᠳᠦᠵᠦ᠂ ᠡᠬᠢᠯᠡᠯᠲᠡ ᠨᠢ ᠪᠦᠬᠦ᠌ ᠲᠠᠯ᠎ᠠ᠎ᠳᠤ ᠬᠣᠯᠪᠣᠭ᠍ᠳᠠᠵᠤ᠂ ᠡᠬᠢᠯᠡᠯᠲᠡ ᠨᠢ ᠬᠣᠢᠨᠠᠬᠢ ᠪᠠᠢᠳᠠᠯ᠎ᠢ ᠲᠣᠭ᠍ᠲᠠᠭᠠᠨ᠎ᠠ᠃ ᠪᠤᠭᠤᠲᠤ ᠶᠠᠭ  《ᠠᠵᠢᠯᠯᠠᠬᠤ ᠵᠢ ᠲᠡᠷᠢᠭᠦᠨ ᠪᠠᠢᠷᠢᠨ᠎ᠳᠤ ᠲᠠᠯᠪᠢᠵᠤ᠂ ᠬᠦᠴᠦᠯᠡᠨ ᠴᠢᠷᠮᠠᠢᠵᠤ ᠵᠢᠳᠬᠦᠯ ᠴᠢᠷᠮᠠᠢᠯᠭ᠎ᠠ ᠭᠠᠷᠭᠠᠬᠤ》 ᠣᠷᠭᠢᠯᠤᠮ᠎ᠠ ᠰᠡᠳᠭᠢᠯᠭᠡ ᠪᠠ ᠡᠭᠦᠷᠭᠡᠯᠡᠯ᠎ᠢᠶᠡᠷ 《ᠡᠬᠢᠯᠡᠮᠡᠭᠴᠡ ᠳᠠᠷᠤᠢ ᠱᠢᠪᠲᠤᠯᠤᠯᠲᠠ ᠬᠢᠵᠦ᠍᠂ ᠬᠦᠳᠡᠯᠦᠮᠡᠭᠴᠡ ᠳᠠᠷᠤᠢ ᠱᠢᠢᠳᠪᠦᠷᠢᠲᠦ ᠳᠠᠢᠯᠠᠯᠳᠤᠭᠠᠨ ᠬᠢᠬᠦ᠌》 ᠡᠷᠡᠮᠡᠬᠡᠢᠯᠡᠨ ᠤᠷᠤᠭ᠍ᠰᠢᠯᠠᠬᠤ ᠪᠠᠢᠳᠠᠯ᠎ᠢᠶᠠᠷ ᠠᠵᠢᠯᠯᠠᠵᠦ᠂  ᠰᠠᠢᠨ ᠡᠬᠢᠯᠡᠯᠲᠡ ᠪᠡᠷ ᠪᠦᠬᠦ᠌ ᠵᠢᠯ᠎ᠤᠨ ᠠᠮᠵᠢᠯᠳᠠ ᠵᠢ ᠠᠬᠢᠭᠤᠯᠵᠤ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号