ᠰᠦᠷ ᠳᠠᠯᠠᠢᠴᠠᠲᠠᠢ ᠲᠡᠦᠬᠡ᠎ᠶ᠋ᠢᠨ ᠤᠷᠳᠤ ᠠᠶᠠᠨ᠎ᠳᠤ᠂ ᠣᠨ ᠵᠢᠯ᠎ᠤ᠋ᠨ ᠭᠦᠨ ᠵᠤᠵᠠᠭᠠᠨ ᠬᠠᠯᠠᠮᠵᠢ᠎ᠶᠢ ᠬᠦᠷᠳᠡᠭᠰᠡᠨ ᠨᠢᠭᠡᠨ ᠭᠠᠵᠠᠷ ᠪᠤᠢ — ᠲᠠᠷᠤᠢ ᠪᠤᠭᠤᠲᠤ ᠬᠤᠳᠠ᠎ᠶ᠋ᠢᠨ ᠵᠢᠦᠶᠤᠸᠠᠨ ᠲᠣᠭᠣᠷᠢᠭ ᠪᠤᠯᠤᠨ᠎ᠠ᠃
ᠲᠡᠷᠡ ᠨᠢ ᠶᠠᠭ ᠨᠢᠭᠡᠨ ᠵᠤᠵᠠᠭᠠᠨ ᠲᠡᠦᠬᠡ᠎ᠶ᠋ᠢᠨ ᠨᠣᠮ ᠱᠢᠭ᠋ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠬᠥᠭ᠌ᠵᠢᠯ ᠪᠠᠳᠠᠷᠠᠯᠢ᠋ ᠳᠦᠭᠦᠷᠡᠩ ᠪᠢᠴᠢᠭᠯᠡᠭᠰᠡᠨ ᠪᠠᠢᠨ᠎ᠠ᠃ ᠵᠣᠣ ᠤᠯᠤᠰ᠎ᠤᠨ ᠣᠷᠳᠣ ᠴᠠᠭᠠᠨ ᠬᠡᠷᠡᠮ᠂ ᠮᠠ ᠤ᠋ᠤᠢ ᠵᠢᠨ ᠡᠷᠲᠡᠨ᠎ᠦ ᠬᠣᠲᠠ᠂ ᠵᠣᠣ ᠵᠢᠨ ᠲᠤᠬᠤᠢ ᠵᠢᠨ ᠬᠠᠨ ᠤᠯᠤᠰ᠎ᠤᠨ ᠪᠤᠯᠠᠰᠢ ᠨᠤᠭᠤᠳ᠂ ᠶᠠᠨ ᠵᠢᠶᠠ ᠯᠢᠶᠠᠩ᠎ᠤᠨ ᠪᠠᠭᠤᠷᠢ ᠁ ᠵᠡᠷᠭᠡ ᠣᠨᠴᠠᠭᠠᠶ ᠰᠣᠶᠣᠯ᠎ᠤᠨ ᠲᠡᠮᠳᠡᠭᠦᠳ ᠨᠢ ᠶᠠᠭ ᠯᠠ ᠨᠣᠮ᠎ᠤᠨ ᠬᠡᠷᠡᠯ ᠰᠠᠴᠤᠷᠠᠩᠭᠤᠶ ᠬᠠᠭᠤᠳᠠᠰᠤ ᠱᠢᠭ᠋ᠢᠶᠡᠷᠡᠨᠡ ᠬᠦ᠌ ᠨᠤᠲᠤᠭ ᠳᠡᠪᠢᠰᠭᠡᠷ᠎ᠦᠨ ᠥᠩᠭᠡᠷᠡᠭ᠌ᠰᠡᠨ᠎ᠦ ᠬᠡᠷᠡᠯ ᠰᠠᠴᠤᠷᠠᠩᠭᠤᠶ ᠲᠡᠦᠬᠡ ᠪᠠ ᠤᠯᠠᠷᠢᠯ ᠬᠤᠪᠢᠷᠠᠯ᠎ᠢ ᠲᠣᠭᠠᠴᠢᠵᠤ ᠪᠠᠢᠨ᠎ᠠ᠃
ᠵᠢᠤᠶᠤᠸᠠᠨ ᠲᠤᠭᠤᠷᠢᠭ ᠪᠤᠯ ᠪᠠᠢᠯᠳᠤᠭᠠᠨᠲᠤ ᠤᠯᠤᠰ᠎ᠤᠨ ᠦᠶ᠎ᠡ᠎ᠵᠢᠨ ᠵᠣᠣ ᠤᠯᠤᠰ ᠬᠢᠯᠢ ᠵᠢᠨ ᠲᠤᠳᠤᠷᠠᠬᠢ ᠵᠢᠤᠶᠤᠸᠠᠨ ᠰᠢᠶᠠᠨ᠎ᠳᠦ ᠵᠢᠤᠶᠤᠸᠠᠨ ᠬᠣᠲᠠ ᠵᠢ ᠪᠠᠢᠭᠤᠯᠵᠤ᠂ ᠴᠢᠨ ᠤᠯᠤᠰ ᠤ᠋ᠨ ᠦᠶ᠎ᠡ ᠳ᠋ᠤ ᠮᠥᠨ ᠬᠦ᠌ ᠦᠷᠬᠦᠯᠵᠢᠯᠡᠨ ᠬᠡᠷᠡᠭᠯᠡᠵᠦ ᠵᠢᠤᠶᠤᠸᠠᠨ ᠵᠢᠶᠦ᠋ᠨ᠎ᠢ ᠪᠠᠢᠭᠤᠯᠪᠠ᠃ ᠣᠨ ᠵᠢᠯ ᠤ᠋ᠨ ᠤᠷᠳᠤ ᠠᠶᠠᠨ ᠳ᠋ᠤ᠂ ᠲᠡᠷᠡ ᠨᠢ ᠮᠢᠩᠭᠠᠨ ᠵᠢᠯ᠎ᠦᠨ ᠡᠷᠲᠡᠨ᠎ᠦ ᠵᠢᠶᠦ᠋ᠨ᠎ᠦ ᠠᠮᠢᠨ ᠰᠤᠳᠠᠰᠤ᠎ᠶ᠋ᠢ ᠵᠠᠯᠭᠠᠮᠵᠢᠯᠠᠵᠤ᠂ ᠬᠤᠪᠢᠷᠠᠯ ᠶᠡᠬᠡᠳᠡᠢ ᠤᠨ ᠵᠢᠯ ᠤ᠋ᠳ ᠲᠤ᠌ ᠠᠯᠳᠠᠷ ᠨᠡᠷ᠎ᠡ ᠨᠢ ᠪᠠᠯᠠᠷᠠᠰᠢ ᠦᠭᠡᠢ ᠪᠡᠷ ᠲᠡᠦᠬᠡ᠎ᠶ᠋ᠢᠨ ᠳᠤᠷᠠᠰᠤᠮᠵᠢ᠎ᠶ᠋ᠢ ᠠᠴᠢᠶᠠᠯᠠᠵᠤ ᠪᠠᠢᠨ᠎ᠠ᠃
ᠡᠨᠡ ᠬᠣᠲᠠ᠎ᠳᠤ ᠠᠮᠢᠳᠣᠷᠠᠵᠤ ᠪᠠᠢᠭ᠎ᠠ ᠬᠥᠮᠦᠰ ᠢᠮᠠᠭ᠍ᠲᠠ ᠠᠵᠢᠯᠴᠢ ᠬᠥᠳᠡᠯᠮᠦᠷᠢᠴᠢ ᠬᠣᠶᠠᠷ ᠭᠠᠷ᠎ᠢᠶᠠᠷ᠎ᠢᠶᠠᠨ ᠬᠦᠰᠡᠯ ᠵᠡᠭᠦᠳᠦ᠍᠎ᠶ᠋ᠢᠨ ᠵᠢᠷᠤᠭ ᠲᠦᠰᠦᠪ ᠢ᠋ ᠵᠢᠷᠤᠭᠯᠠᠵᠤ᠂ ᠤᠯᠠᠮᠵᠢᠯᠠᠯᠲᠤ ᠰᠣᠶᠣᠯᠳ᠋ᠡᠬᠢ ᠲᠡᠷᠡ ᠬᠦ᠌ ᠳᠤᠷᠠᠰᠤᠮᠵᠢ᠎ᠪᠠᠨ ᠪᠠᠲᠤ ᠰᠠᠬᠢᠵᠤ᠂ ᠤᠷᠴᠢᠯ ᠶᠡᠬᠡᠳᠡᠢ ᠣᠨ ᠵᠢᠯᠢ᠋ ᠲᠡᠮᠳᠡᠭᠯᠡᠵᠦ ᠰᠤᠶᠤᠯ ᠤ᠋ᠨ ᠤᠯᠠᠮᠵᠢᠯᠠᠯ ᠢ᠋ ᠦᠷᠭᠦᠯᠵᠢᠯᠡᠭᠦᠯᠦᠨ᠎ᠡ᠃
ᠴᠢᠨ ᠤᠯᠤᠰ ᠬᠠᠨ ᠤᠯᠤᠰ᠎ᠤᠨ ᠦᠶ᠎ᠡ᠎ᠳᠦ ᠵᠢᠶᠦ᠋ᠨ ᠪᠠᠢᠭᠤᠯᠵᠤ ᠤᠮᠠᠷᠠᠲᠤ᠎ᠶ᠋ᠢ ᠡᠪᠯᠡᠵᠦ ᠵᠠᠰᠠᠪᠠ
ᠱᠢᠷᠣᠶ᠎ᠶ᠋ᠢᠨ ᠬᠡᠷᠡᠮ᠂ ᠡᠷᠲᠡᠨ᠎ᠦ ᠬᠣᠲᠠ᠂ ᠣᠨ ᠰᠠᠷ᠎ᠠ᠎ᠶ᠋ᠢᠨ ᠳᠤᠷᠠᠰᠤᠮᠵᠢ᠃ 2300 ᠭᠠᠷᠤᠶ ᠵᠢᠯ᠎ᠦᠨ ᠡᠮᠦᠨ᠎ᠡ᠂ ᠵᠣᠣ ᠤᠯᠤᠰ ᠤ᠋ᠨ ᠡᠸ᠋ ᠯᠢᠩ ᠸᠠᠩ ᠮᠤᠨᠢ ᠠᠭᠤᠯᠠ᠎ᠶ᠋ᠢᠨ ᠡᠮᠦᠨ᠎ᠡ ᠬᠣᠷᠮᠣᠶ᠎ᠳᠤ ᠣᠷᠳᠣ ᠴᠠᠭᠠᠨ ᠬᠡᠷᠡᠮ ᠪᠠᠷᠢᠵᠤ᠂ ᠵᠢᠦᠶᠤᠸᠠᠨ ᠣᠷᠣᠨ᠎ᠢ ᠬᠠᠮᠠᠭᠠᠯᠠᠪᠠ᠃
ᠵᠢᠦᠶᠤᠸᠠᠨ᠎ᠤ ᠬᠠᠭᠤᠴᠢᠨ ᠪᠠᠭᠤᠷᠢ ᠨᠢ ᠮᠠ ᡂᠢ᠎ᠶ᠋ᠢᠨ ᠡᠷᠲᠡᠨ᠎ᠦ ᠬᠤᠳᠠ᠎ᠳᠤ ᠪᠠᠢᠵᠤ᠂ ᠤᠳᠤ᠎ᠶ᠋ᠢᠨ ᠵᠢᠦᠶᠤᠸᠠᠨ ᠲᠣᠭᠣᠷᠢᠭ᠎ᠤᠨ ᠮᠠ ᡂᠢ ᠪᠠᠯᠭᠠᠰᠤᠨ᠎ᠤ ᠡᠷᠲᠡᠨ᠎ᠦ ᠬᠤᠳᠠ ᠲᠣᠰᠭᠣᠨ᠎ᠳᠤ ᠪᠠᠢᠷᠢᠯᠠᠵᠤ᠂ ᠪᠤᠭᠤᠲᠤ ᠣᠷᠣᠨ᠎ᠤ ᠬᠠᠮᠤᠭ᠎ᠤᠨ ᠤᠳᠠᠭᠠᠨ ᠲᠡᠦᠬᠡ᠎ᠲᠡᠶ᠂ ᠬᠡᠪᠴᠢᠶ᠎ᠡ᠎ᠪᠡᠷ ᠬᠠᠮᠤᠭ᠎ᠤᠨ ᠶᠡᠬᠡ ᠡᠷᠲᠡᠨ᠎ᠦ ᠬᠤᠳᠠ᠎ᠶ᠋ᠢᠨ ᠪᠠᠭᠤᠷᠢ ᠪᠣᠯᠤᠨ᠎ᠠ᠃
ᠰᠤᠷᠪᠤᠯᠵᠢᠯᠠᠭ᠍ᠴᠢᠳ ᠡᠷᠲᠡᠨ᠎ᠦ ᠬᠣᠲᠠ᠎ᠶ᠋ᠢᠨ ᠬᠠᠮᠠᠭᠠᠯᠠᠭ᠍ᠴᠢ ᠵᠢᠶ ᠶᠦᠩ ᠭᠤᠸᠠᠩᠢ᠋ ᠲᠠᠭᠠᠵᠤ ᠡᠷᠲᠡᠨ᠎ᠦ ᠬᠣᠲᠠ᠎ᠶ᠋ᠢᠨ ᠡᠮᠦᠨ᠎ᠡ ᠬᠡᠷᠡᠮᠳᠦ ᠬᠦᠷᠴᠦ᠍ ᠢᠷᠡᠪᠡ᠃ ᠣᠲᠣ᠎ᠡᠴᠡ 2000 ᠭᠠᠷᠤᠶ ᠵᠢᠯ᠎ᠦᠨ ᠡᠮᠦᠨᠡᠬᠢ ᠱᠢᠷᠣᠶ᠎ᠶ᠋ᠢᠨ ᠬᠣᠲᠠ᠎ᠶ᠋ᠢᠨ ᠬᠡᠷᠡᠮ ᠳᠡᠭᠡᠷ᠎ᠡ ᠵᠣᠭ᠍ᠰᠣᠵᠤ᠂ ᠵᠶ᠋ᠢ ᠶᠦᠩ ᠭᠤᠸᠠᠩ᠄ 《 ᠮᠠ ᡂᠢ᠎ᠶ᠋ᠢᠨ ᠡᠷᠲᠡᠨ᠎ᠦ ᠬᠤᠳᠠ ᠵᠢ 〈ᠯᠢᠦᠢ〉 ᠦᠰᠦᠭ᠎ᠦᠨ ᠬᠡᠯᠪᠡᠷᠢ᠎ᠪᠡᠷ ᠪᠠᠢᠷᠢᠱᠢᠭᠤᠯᠵᠤ᠂ ᠬᠣᠢᠲᠤ ᠬᠤᠳᠠ ᠪᠣᠯᠤᠨ ᠡᠮᠦᠨ᠎ᠡ ᠬᠤᠳᠠ ᠭᠡᠵᠦ᠍ ᠬᠤᠪᠢᠶᠠᠳᠠᠭ᠃ ᠬᠤᠢᠳᠤ ᠬᠣᠲᠠ᠎ᠶᠢ᠎ᠨᠢ ᠪᠠᠢᠯᠳᠤᠭᠠᠨᠲᠤ ᠤᠯᠤᠰ᠎ᠤᠨ ᠦᠶ᠎ᠡ᠎ᠳᠦ ᠵᠣᠣ ᠤᠯᠤᠰ ᠪᠠᠢᠭᠤᠯᠵᠤ᠂ ᠵᠢᠤᠶᠤᠸᠠᠨ ᠰᠢᠶᠠᠨ ᠭᠡᠵᠦ᠍᠂ ᠴᠢᠨ ᠤᠯᠤᠰ᠎ᠤᠨ ᠦᠶ᠎ᠡ᠎ᠳᠦ ᠵᠢᠤᠶᠤᠸᠠᠨ ᠵᠢᠶᠦ᠋ᠨ ᠭᠡᠵᠦ ᠨᠡᠷᠡᠢᠳᠪᠠ》 ᠭᠡᠵᠦ ᠲᠠᠨᠢᠯᠴᠠᠭᠤᠯᠪᠠ᠃
ᠴᠢᠨ ᠤᠯᠤᠰ᠎ᠤᠨ ᠡᠬᠢᠨ᠎ᠦ ᠦᠶ᠎ᠡ᠎ᠳᠦ᠂ ᠴᠢᠨ ᠱ᠌ᠢ ᠬᠤᠸᠠᠩ ᠮᠸᠡᠭ ᠲᠢᠶᠠᠨ᠎ᠳᠤ ᠵᠠᠷᠯᠢᠭ ᠪᠠᠭᠤᠯᠭᠠᠨ 30 ᠲᠦᠮᠡᠨ ᠴᠡᠷᠢᠭ ᠬᠥᠳᠡᠯᠭᠡᠨ ᠤᠮᠠᠷᠠᠰᠢ ᠾᠦᠩᠨᠦ᠍᠎ᠶ᠋ᠢ ᠴᠣᠬᠢᠪᠠ᠃ 《ᠴᠢᠨ ᠤᠯᠤᠰ᠎ᠢ ᠥᠭᠦᠯᠡᠬᠦ᠌ ᠨᠢ》 ᠳ᠋ᠦ ᠲᠡᠮᠳᠡᠭ᠌ᠯᠡᠭ᠌ᠰᠡᠨ᠎ᠢᠶᠡᠷ᠄《ᠴᠢᠨ ᠤᠯᠤᠰ᠎ᠤᠨ ᠴᠡᠷᠢᠭ ᠾᠦᠩᠨᠦ᠍᠎ᠶ᠋ᠢ ᠳᠣᠯᠣᠭᠠᠨ ᠵᠠᠭᠤ ᠭᠠᠷᠤᠶ ᠭᠠᠵᠠᠷ ᠤᠬᠤᠷᠢᠭᠤᠯᠤᠨ ᠳᠠᠢᠯᠠᠵᠤ᠂ ᠾᠦᠩᠨᠦ᠍᠎ᠶ᠋ᠢᠨ ᠴᠡᠷᠢᠭ ᠡᠮᠦᠨᠡᠰᠢᠯᠡᠵᠦ ᠴᠢᠳᠠᠬᠤ ᠦᠭᠡᠢ ᠠᠷᠭ᠎ᠠ ᠪᠤᠰᠤ ᠠᠳᠤᠭᠤ ᠬᠠᠷᠢᠭᠤᠯᠵᠤ᠂ ᠴᠡᠷᠢᠭ ᠪᠠᠢᠯᠳᠤᠭᠴᠢ ᠨᠤᠮᠤ᠎ᠪᠠᠨ ᠳᠠᠯᠡᠵᠤ ᠴᠢᠳᠠᠬᠤ ᠦᠭᠡᠢ ᠭᠣᠮᠣᠳᠠᠯ ᠲᠣᠭᠠᠴᠢᠬᠤ ᠪᠣᠯᠪᠠ》ᠭᠡᠪᠡ᠃ ᠴᠢᠨ ᠤᠯᠤᠰ ᠵᠢᠷᠭᠤᠭᠠᠨ ᠤᠯᠤᠰ᠎ᠢ ᠮᠥᠬᠥᠭᠡᠨ᠂ ᠳᠡᠯᠡᠬᠡᠶ ᠳ᠋ᠠᠬᠢᠨ᠎ᠢ ᠨᠢᠭᠡᠳᠭᠡᠵᠦ᠍᠂ ᠪᠦᠬᠦ᠌ ᠤᠯᠤᠰ᠎ᠲᠤ ᠭᠤᠴᠢᠨ ᠵᠢᠷᠭᠤᠭᠠᠨ ᠵᠢᠶᠦ᠋ᠨ ᠪᠠᠢᠭᠤᠯᠵᠤ᠂ ᠵᠢᠦᠶᠤᠸᠠᠨ ᠵᠢᠶᠦ᠋ᠨ ᠬᠠᠮᠤᠭ ᠤᠮᠠᠷᠠᠲᠤ ᠬᠢᠵᠠᠭᠠᠷᠲᠤ ᠪᠠᠢᠪᠠ᠃
ᠵᠢᠤᠶᠤᠸᠠᠨ ᠵᠢᠶᠦ᠋ᠨ ᠬᠠᠲᠤᠨ ᠭᠣᠣᠯ᠎ᠢ ᠲᠦᠱᠢᠵᠦ᠍᠂ ᠮᠤᠨᠢ ᠠᠭᠤᠯᠠ᠎ᠶ᠋ᠢ ᠬᠠᠪᠢᠳᠠᠨ᠂ ᠱᠢᠶᠠᠨᠶᠠᠩᠢ ᠪᠠᠷᠠᠯᠠᠵᠤ᠂ ᠵᠦᠩᠶᠤᠸᠠᠨ ᠣᠷᠣᠨ᠎ᠢ ᠰᠠᠬᠢᠵᠦ ᠪᠠᠢᠬᠰᠠᠨ ᠪᠣᠯᠬᠣᠷ ᠪᠠᠢᠯᠳᠤᠬᠤ ᠪᠣᠳᠣᠯᠭ᠎ᠠ᠎ᠶ᠋ᠢᠨ ᠪᠠᠢᠷᠢ ᠰᠠᠭᠤᠷᠢ ᠨᠢ ᠲᠤᠢᠯ᠎ᠤᠨ ᠴᠢᠬᠤᠯᠠ ᠪᠠᠢᠬᠰᠠᠨ ᠶᠤᠮ᠃ ᠪᠠᠢᠯᠳᠤᠬᠤ ᠪᠤᠳᠤᠯᠭ᠎ᠠ᠎ᠶ᠋ᠢᠨ ᠡᠳ᠋ ᠪᠣᠳᠠᠰ᠎ᠤᠨ ᠲᠡᠭᠡᠭᠡᠪᠦᠷᠢ᠎ᠶ᠋ᠢ ᠴᠢᠩᠭᠠᠳᠭᠠᠬᠤ᠎ᠶ᠋ᠢᠨ ᠲᠥᠯᠥᠭᠡ ᠴᠢᠨ ᠱ᠌ᠢ ᠬᠤᠸᠠᠩ ᠱᠢᠶᠠᠨᠶᠠᠩ ᠡᠴᠡ ᠵᠢᠦᠶᠤᠸᠠᠨ ᠣᠷᠣᠨ᠎ᠳᠤ ᠱᠢᠭᠤᠳ ᠨᠡᠪᠲᠡᠷᠡᠬᠦ᠌ ᠴᠢᠨ ᠤᠯᠤᠰ᠎ᠤᠨ ᠱᠢᠯᠤᠭᠤᠨ ᠵᠠᠮ᠎ᠢ ᠪᠠᠢᠭᠤᠯᠵᠤ᠂ ᠡᠷᠲᠡᠨ᠎ᠦ ᠨᠢᠭᠡᠳᠦᠭᠡᠷ 《ᠲᠦᠷᠭᠡᠨ᠎ᠦ ᠵᠠᠮ》 ᠬᠡᠮᠡᠭ᠌ᠳᠡᠪᠡ᠃ ᠵᠢᠦᠶᠤᠸᠠᠨ ᠪᠣᠯ ᠴᠢᠨ ᠤᠯᠤᠰ᠎ᠤᠨ ᠱᠢᠯᠤᠭᠤᠨ ᠵᠠᠮ ᠤ᠋ᠨ ᠬᠣᠢᠲᠤ ᠦᠵᠦᠭᠦᠷ᠎ᠦᠨ ᠲᠡᠭᠦᠰᠭᠡᠯ ᠤ᠋ᠨ ᠴᠡᠭ ᠮᠦᠨ᠃
ᠬᠠᠨ ᠤᠯᠤᠰ᠎ᠤᠨ ᠡᠬᠢᠨ᠎ᠦ ᠦᠶ᠎ᠡ᠎ᠳᠦ ᠾᠦᠩᠨᠦ᠍ ᠵᠢᠦᠶᠤᠸᠠᠨ ᠣᠷᠣᠨ᠎ᠢ ᠡᠵᠡᠯᠡᠪᠡ᠃ 70 ᠭᠠᠷᠤᠶ ᠵᠢᠯ᠎ᠦᠨ ᠳᠠᠷᠠᠭ᠎ᠠ᠂ ᠬᠠᠨ ᠡᠦ ᠳ᠋ᠢ ᠬᠠᠭᠠᠨ ᠾᠦᠩᠨᠦ᠍᠎ᠶ᠋ᠢ ᠳᠠᠬᠢᠨ ᠢᠯᠠᠵᠦ᠂ ᠵᠢᠦᠶᠤᠸᠠᠨ ᠵᠢᠶᠦ᠋ᠨ᠎ᠢ ᠦᠶᠤᠸᠠᠨ ᠵᠢᠶᠦ᠋ᠨ ᠭᠡᠵᠦ᠍ ᠬᠠᠯᠠᠭᠠᠳ᠂ ᠵᠢᠶᠦ᠋ᠨ ᠤ᠋ ᠲᠦᠪ᠎ᠢ ᠵᠢᠦᠶᠤᠸᠠᠨ᠎ᠳᠤ ᠪᠠᠢᠭᠤᠯᠵᠠᠶ᠃
ᠬᠠᠨ ᠤᠯᠤᠰ ᠬᠢᠭᠡᠳ ᠾᠦᠩᠨᠦ ᠳᠠᠢᠳᠤᠭᠰᠠᠨ 100 ᠭᠠᠷᠤᠶ ᠵᠢᠯ᠎ᠦᠨ ᠳᠠᠷᠠᠭ᠎ᠠ᠂ ᠪᠠᠷᠠᠭᠤᠨ ᠬᠠᠨ ᠤᠯᠤᠰ᠎ᠤᠨ ᠰᠡᠭᠦᠯᠴᠢ᠎ᠪᠡᠷ ᠾᠦᠩᠨᠦ᠍᠎ᠶ᠋ᠢᠨ ᠳᠣᠲᠣᠭᠠᠳᠤ ᠳ᠋ᠤ ᠵᠥᠷᠢᠴᠡᠯ ᠮᠥᠷᠭᠥᠯᠳᠦᠭᠡᠨ ᠡᠭᠦᠰᠴᠦ᠍᠂ ᠬᠠᠨ ᠤᠯᠤᠰ ᠾᠦᠩᠨᠦ᠍᠎ᠶ᠋ᠢᠨ ᠬᠠᠷᠢᠴᠠᠭ᠎ᠠ ᠬᠤᠪᠢᠷᠠᠯᠲᠠ ᠭᠠᠷᠴᠠᠶ᠃ ᠠᠯᠳᠠᠷᠲᠤ ᠲᠡᠦᠬᠡ᠎ᠶ᠋ᠢᠨ ᠤᠬᠠᠭᠠᠨᠲᠠᠨ ᠹᠠᠨ ᠸᠸᠨ ᠯᠠᠨ ᠠᠪᠤᠭᠠᠢ 《ᠳᠤᠮᠳᠠᠳᠤ ᠤᠯᠤᠰ᠎ᠤᠨ ᠨᠡᠪᠲᠡᠷᠬᠡᠢ ᠲᠡᠦᠬᠡ》 ᠳ᠋ᠤ᠄《ᠬᠠᠨ ᠤᠯᠤᠰ ᠤ᠋ᠨ ᠱᠢᠤᠸᠠᠨ ᠳ᠋ᠢ ᠬᠠᠭᠠᠨ᠎ᠤ ᠦᠶ᠎ᠡ᠎ᠳᠦ᠂ ᠾᠦᠩᠨᠦ᠍᠎ᠶ᠋ᠢᠨ ᠨᠣᠶᠠᠷᠬᠠᠭ᠍ᠴᠢ ᠠᠩᠭᠢ᠎ᠶ᠋ᠢᠨ ᠳᠣᠲᠣᠭᠠᠳᠤ᠎ᠳᠤ ᠬᠦᠨᠳᠦ ᠨᠣᠴᠢᠲᠠᠢ ᠵᠠᠭᠤᠷᠠᠯᠳᠤᠭᠠᠨ ᠭᠠᠷᠴᠤ᠌᠂ ᠲᠠᠪᠤᠨ ᠴᠠᠨ ᠢᠦᠢ ᠨᠣᠶᠠᠷᠬᠠᠬᠤ ᠡᠷᠬᠡ᠎ᠶ᠋ᠢ ᠪᠤᠯᠢᠶᠠᠯᠳᠤᠪᠠ᠃ 《ᠲᠠᠪᠤᠨ ᠴᠠᠨ ᠢᠦᠢ ᠵᠢᠨ ᠦᠷᠢᠰᠦᠯᠳᠦᠭᠡᠨ》 ᠨᠢ ᠬᠤ᠌ ᠬᠠᠨ ᠶᠧ ᠴᠠᠨ ᠢᠦᠢ᠎ᠶ᠋ᠢᠨ ᠲᠠᠮᠢᠷ ᠲᠡᠩᠬᠡᠭᠡ᠎ᠶ᠋ᠢ ᠨᠢ ᠮᠠᠭᠤᠳᠠᠭᠤᠯᠵᠤ᠂ ᠬᠠᠨ ᠤᠯᠤᠰ᠎ᠡᠴᠡ ᠲᠡᠮᠵᠢᠯᠭᠡ ᠬᠦᠰᠡᠵᠡᠢ᠃ ᠨᠡᠢᠲᠡ᠎ᠶ᠋ᠢᠨ ᠣᠨ ᠲᠣᠭᠠᠯᠠᠯ᠎ᠡᠴᠡ ᠡᠮᠦᠨ᠎ᠡ 33 ᠣᠨ᠎ᠳᠤ᠂ ᠬᠤ᠌ ᠬᠠᠨ ᠶᠧ ᠴᠠᠨ ᠢᠦᠢ ᠭᠤᠷᠪᠠᠳᠠᠬᠢ ᠤᠳᠠᠭ᠎ᠠ ᠬᠠᠭᠠᠨ ᠳ᠋ᠤ ᠪᠠᠷᠠᠳᠠᠵᠤ᠂ ᠥᠪᠡᠷ᠎ᠢᠶᠡᠨ ᠬᠠᠨ ᠤᠯᠤᠰ᠎ᠤᠨ ᠬᠦᠷᠭᠡᠨ ᠪᠤᠯᠵᠤ᠂ ᠵᠤᠤ ᠵᠢᠨ ᠲᠤᠬᠤᠢ ᠵᠢᠨ ᠬᠠᠨ ᠤᠯᠤᠰ᠎ᠤᠨ ᠤᠩᠭᠤᠨ᠎ᠡᠴᠡ ᠮᠠᠯᠲᠠᠵᠤ ᠭᠠᠷᠭᠠᠭ᠍ᠰᠠᠨ 《ᠲᠩᠷᠢ᠎ᠡᠴᠡ ᠵᠠᠶᠠᠭᠠᠭᠰᠠᠨ ᠴᠠᠨ ᠢᠦᠢ》 ᠲᠤᠰᠬᠤᠭᠤᠷ ᠸᠠᠭᠠᠷ ᠨᠢ ᠶᠠᠭ ᠡᠨᠡ ᠬᠦ᠌ ᠲᠡᠦᠬᠡ᠎ᠶ᠋ᠢᠨ ᠪᠣᠳᠠᠲᠤ ᠭᠡᠷᠡᠴᠢ ᠪᠣᠯᠤᠨ᠎ᠠ᠃
ᠪᠤᠭᠤᠲᠤ᠎ᠶ᠋ᠢᠨ ᠮᠦᠽᠧᠶ᠎ᠶ᠋ᠢᠨ ᠳᠠᠷᠤᠭ᠎ᠠ ᠵᠠᠩ ᠬᠠᠶ ᠪᠢᠨ ᠰᠤᠷᠪᠤᠯᠵᠢᠯᠠᠭ᠍ᠴᠢ᠎ᠳᠤ᠄ 《ᠵᠣᠣ ᠵᠢᠨ ᠲᠤᠬᠤᠢ ᠵᠢᠨ ᠬᠠᠨ ᠤᠯᠤᠰ᠎ᠤᠨ ᠪᠤᠯᠠᠰᠢ ᠨᠤᠭᠤᠳ ᠨᠢ ᠲᠣᠰ ᠲᠣᠰ 1954 ᠣᠨ᠂ 1981 ᠣᠨ᠂ 1983 ᠣᠨ᠂ 1984 ᠣᠨ᠂ 1993 ᠣᠨ᠎ᠳᠤ ᠮᠠᠯᠲᠠᠵᠤ ᠭᠠᠷᠭᠠᠭ᠍ᠰᠠᠨ 〈ᠲᠩᠷᠢ᠎ᠡᠴᠡ ᠵᠠᠶᠠᠭᠠᠭᠰᠠᠨ ᠴᠠᠨ ᠢᠦᠢ〉 ᠲᠤᠰᠬᠤᠭᠤᠷ ᠸᠠᠭᠠᠷ ᠪᠣᠯ ᠬᠤ᠌ ᠬᠠᠨ ᠶᠧ ᠴᠠᠨ ᠢᠦᠢ ᠵᠢᠨ ᠬᠠᠨ ᠤᠯᠤᠰ᠎ᠲᠤ ᠪᠠᠭᠤᠵᠤ ᠦᠭᠭᠦᠭᠰᠡᠨ ᠪᠣᠳᠠᠲᠤ ᠭᠡᠷᠡᠴᠢ ᠮᠥᠨ᠃ ᠡᠭᠦᠨ᠎ᠳᠦ᠂ 1954 ᠣᠨ᠂ 1981 ᠣᠨ᠎ᠳᠤ ᠪᠠᠰᠠ 〈ᠴᠠᠨ ᠢᠦᠢ ᠤᠷᠤᠭ ᠪᠤᠯᠤᠯᠴᠠᠨ ᠡᠪᠰᠡᠬᠦ〉ᠲᠤᠰᠬᠤᠭᠤᠷ ᠸᠠᠭᠠᠷᠢ ᠮᠠᠯᠲᠠᠨ ᠭᠠᠷᠭᠠᠵᠤ᠂ ᠵᠤᠤ ᠵᠢᠶᠦ᠋ᠨ ᠪᠣᠭᠣᠮᠲᠠ᠎ᠡᠴᠡ ᠭᠠᠷᠤᠭ᠍ᠰᠠᠨ᠂ ᠬᠠᠨ ᠤᠯᠤᠰ ᠾᠦᠩᠨᠦ ᠤᠷᠤᠭ ᠪᠠᠷᠢᠯᠳᠤᠭ᠍ᠰᠠᠨ ᠢ᠋ ᠲᠤᠰᠬᠠᠵᠤ᠂ ᠪᠠᠷᠠᠭᠤᠨ ᠬᠠᠨ ᠤᠯᠤᠰ᠎ᠤᠨ ᠬᠣᠢᠲᠤ ᠬᠡᠰᠡᠭ᠎ᠦᠨ ᠦᠶᠤᠸᠠᠨ ᠵᠢᠶᠦ᠋ᠨ ᠵᠡᠷᠭᠡ ᠭᠠᠵᠠᠷ᠎ᠲᠤ ᠡᠩᠬᠡ ᠲᠠᠢᠪᠤᠩ ᠴᠡᠴᠡᠭ᠌ᠯᠡᠨ ᠬᠥᠭ᠌ᠵᠢᠭ᠌ᠰᠡᠨ ᠪᠠᠢᠳᠠᠯ ᠢᠯᠡᠷᠡᠭ᠌ᠰᠡᠨ ᠲᠡᠦᠬᠡᠨ ᠪᠣᠳᠠᠲᠤ ᠪᠠᠢᠳᠠᠯ᠎ᠢ ᠲᠤᠰᠭᠠᠪᠠ》 ᠭᠡᠵᠦ ᠬᠡᠯᠡᠪᠡ᠃
ᠪᠤᠭᠤᠲᠤ᠎ᠶ᠋ᠢᠨ ᠮᠦᠽᠧᠢ᠎ᠶ᠋ᠢᠨ ᠲᠡᠦᠬᠡ᠎ᠶ᠋ᠢᠨ ᠳᠤᠷᠠᠰᠭᠠᠯᠲᠤ ᠵᠦᠢᠯᠡᠰ᠎ᠢ ᠬᠤᠷᠢᠶᠠᠨ ᠴᠤᠭ᠍ᠯᠠᠭᠤᠯᠵᠤ ᠬᠠᠳᠠᠭᠠᠯᠠᠬᠤ ᠬᠡᠯᠲᠡᠰ᠎ᠦᠨ ᠠᠵᠢᠯᠳᠠᠨ ᠳ᠋ᠢᠩ ᠵᠢᠶ᠍ᠸ᠄ 《ᠦᠶᠤᠸᠠᠨ ᠵᠢᠶᠦ᠋ᠨ ᠪᠣᠯ ᠬᠤ᠌ ᠬᠠᠨ ᠶᠧ ᠴᠠᠨ ᠢᠦᠢ᠎ᠶ᠋ᠢᠨ ᠬᠠᠨ ᠤᠯᠤᠰ᠎ᠲᠤ ᠪᠠᠭᠤᠵᠤ ᠦᠭᠴᠤ ᠬᠠᠭᠠᠨ ᠳ᠋ᠤ ᠪᠠᠷᠠᠳᠠᠭᠰᠠᠨ ᠠᠩᠬᠠᠳᠠᠭ᠍ᠴᠢ ᠬᠠᠨ ᠤᠯᠤᠰ᠎ᠤᠨ ᠵᠢᠶᠦ᠋ᠨ ᠱᠢᠶᠠᠨ ᠪᠣᠯᠤᠨ᠎ᠠ᠂ ᠮᠥᠨ ᠴᠦ᠍ ᠵᠤᠤ ᠵᠢᠶᠦ᠋ᠨ ᠪᠣᠭᠣᠮᠲᠠ᠎ᠪᠠᠷ ᠭᠠᠷᠤᠭᠰᠠᠨ ᠤ᠋ ᠲᠠᠷᠠᠭ᠎ᠠ ᠦᠩᠭᠡᠷᠡᠭᠰᠡᠨ ᠬᠠᠨ ᠤᠯᠤᠰ᠎ᠤᠨ ᠬᠠᠮᠤᠭ᠎ᠦᠨ ᠰᠡᠭᠦᠯᠴᠢ᠎ᠶ᠋ᠢᠨ ᠵᠢᠶᠦ᠋ᠨ ᠱᠢᠶᠠᠨ ᠪᠣᠯᠤᠨ᠎ᠠ》 ᠭᠡᠵᠦ ᠬᠡᠯᠡᠪᠡ᠃
ᠨᠠᠷᠢᠯᠢᠭ ᠰᠠᠢᠬᠠᠨ ᠬᠥᠬᠡ ᠬᠤᠸᠠᠷᠲᠤ ᠱᠠᠭᠠᠵᠠᠩ ᠰᠠᠪᠠ ᠨᠢ ᠬᠥᠭ᠌ᠵᠢᠯ ᠪᠠᠳᠠᠷᠠᠯ᠎ᠢ ᠭᠡᠷᠡᠴᠢᠯᠡᠪᠡ
ᠲᠡᠦᠬᠡ᠎ᠶ᠋ᠢᠨ ᠳᠤᠷᠠᠰᠭᠠᠯᠲᠤ ᠵᠦᠢᠯᠡᠰ ᠪᠣᠯ ᠲᠡᠦᠬᠡ᠎ᠶ᠋ᠢᠨ 《ᠠᠮᠢᠳᠤ ᠴᠢᠯᠠᠭᠤᠵᠢᠮᠠᠯ》ᠮᠥᠨ᠃ ᠶᠤᠸᠠᠨ ᠤᠯᠤᠰ ᠤ᠋ᠨ ᠦᠶ᠎ᠡ ᠳ᠋ᠤ᠂ ᠵᠢᠦᠶᠤᠸᠠᠨ ᠨᠢ ᠨᠢᠭᠡᠨᠲᠡ ᠬᠥᠭ᠌ᠵᠢᠶᠡᠨ ᠨᠠᠷᠭᠢᠶᠠᠨ᠎ᠲᠠᠶ ᠠᠷᠠᠯᠵᠢᠶ᠎ᠠ ᠬᠤᠳᠠᠯᠳᠤᠭᠠᠨ᠎ᠤ ᠲᠥᠪ ᠪᠣᠯᠵᠠᠶ᠃ ᠶᠠᠨ ᠵᠢᠶᠠ ᠯᠢᠶᠠᠩ᠎ᠤᠨ ᠪᠠᠭᠤᠷᠢ᠎ᠶ᠋ᠢ ᠠᠭᠤᠳᠠᠯᠤᠨ ᠢᠯᠡᠷᠡᠭᠦᠯᠦᠭ᠌ᠰᠡᠨ ᠨᠢ᠂ ᠶᠤᠸᠠᠨ ᠤᠯᠤᠰ᠎ᠤᠨ ᠵᠢᠦᠶᠤᠸᠠᠨ᠎ᠤ ᠬᠤᠳᠠᠯᠳᠤᠭᠠᠴᠢᠳ ᠬᠤᠷᠠᠨ ᠴᠤᠭ᠍ᠯᠠᠷᠠᠵᠤ᠂ ᠳᠡᠯᠭᠡᠭᠦᠷ ᠫᠦᠰᠡ ᠰᠡᠬᠦᠢᠨ ᠰᠦᠨᠳᠡᠷᠯᠡᠭ᠌ᠰᠡᠨ ᠦᠪᠡᠳᠡᠭ᠌ᠰᠢ ᠦᠵᠡᠮᠵᠢ ᠵᠢ ᠬᠦᠮᠦᠰ ᠲᠤ᠌ ᠲᠡᠯᠭᠡᠨ ᠦᠵᠡᠭᠦᠯᠵᠦ᠂ ᠤᠯᠤᠰ᠎ᠤᠨ ᠲᠠᠰ᠎ᠤᠨ ᠲᠡᠦᠬᠡ᠎ᠶ᠋ᠢᠨ ᠳᠤᠷᠠᠰᠭᠠᠯᠲᠤ ᠵᠦᠶ᠋ᠯ ᠶᠤᠸᠠᠨ ᠤᠯᠤᠰ᠎ᠤᠨ ᠬᠥᠬᠡ ᠬᠤᠸᠠᠷᠲᠠᠶ ᠵᠡᠯᠡᠯᠡᠭᠰᠡᠨ ᠮᠠᠨᠳᠠᠷᠠᠸ᠎ᠠ ᠴᠡᠴᠡᠭ᠎ᠦᠨ ᠬᠡ᠎ᠲᠡᠶ ᠱᠠᠭᠠᠵᠠᠩ ᠰᠠᠪᠠ᠎ᠶ᠋ᠢ ᠢᠯᠡᠷᠡᠭᠦᠯᠦᠭᠰᠡᠨ ᠨᠢ ᠲᠤᠬᠠᠶ᠎ᠶ᠋ᠢᠨ ᠦᠶ᠎ᠡ᠎ᠶ᠋ᠢᠨ ᠤᠮᠠᠷᠠᠲᠤ᠎ᠶ᠋ᠢᠨ ᠲᠠᠯ᠎ᠠ ᠨᠤᠲᠤᠭ ᠬᠢᠭᠡᠳ ᠵᠦᠩᠶᠤᠸᠠᠨ ᠣᠷᠣᠨ᠎ᠤ ᠬᠣᠭᠣᠷᠣᠨᠳᠣᠬᠢ ᠤᠯᠠᠨ ᠠᠷᠪᠢᠨ ᠠᠷᠠᠯᠵᠢᠶᠠᠨ᠎ᠤ ᠶᠠᠪᠤᠯᠴᠠᠭ᠎ᠠ ᠪᠠ ᠰᠣᠶᠣᠯ᠎ᠤᠨ ᠰᠣᠯᠢᠯᠴᠠᠭ᠎ᠠ᠎ᠶ᠋ᠢ ᠲᠤᠰᠭᠠᠭ᠍ᠰᠠᠨ ᠪᠠᠢᠨ᠎ᠠ᠃
ᠶᠠᠨ ᠵᠢᠶᠠ ᠯᠢᠶᠠᠩ᠎ᠤᠨ ᠪᠠᠭᠤᠷᠢ ᠨᠢ ᠵᠢᠦᠶᠤᠸᠠᠨ ᠲᠣᠭᠣᠷᠢᠭ᠎ᠤᠨ ᠮᠠ ᠤ᠋ᠤᠢ ᠪᠠᠯᠭᠠᠰᠤᠨ᠎ᠤ ᠶᠠᠨ ᠵᠢᠶᠠ ᠯᠢᠶᠠᠩ ᠲᠣᠰᠭᠣᠨ᠎ᠤ ᠡᠮᠦᠨ᠎ᠡ ᠲᠠᠯ᠎ᠠ᠎ᠶ᠋ᠢᠨ ᠲᠠᠢᠰᠠ ᠵᠢᠨ ᠲᠡᠨᠳᠡ ᠪᠠᠢᠷᠢᠯᠠᠵᠤ᠂ ᠣᠲᠣ ᠲᠠᠷᠢᠶᠠᠨ ᠭᠠᠵᠠᠷ ᠪᠣᠯᠪᠠ᠃ ᠪᠤᠭᠤᠲᠤ᠎ᠶ᠋ᠢᠨ ᠮᠦᠽᠧᠶ᠎ᠶ᠋ᠢᠨ ᠳᠡᠳ᠋ ᠳᠠᠷᠤᠭ᠎ᠠ ᠶᠧ ᠶᠦᠩ ᠱᠧᠩ ᠲᠠᠨᠢᠯᠴᠠᠭᠤᠯᠬᠤ᠎ᠳᠠᠭᠠᠨ᠂ ᠶᠠᠨ ᠵᠢᠶᠠ ᠯᠢᠶᠠᠩ᠎ᠤᠨ ᠪᠠᠭᠤᠷᠢ᠎ᠶ᠋ᠢᠨ ᠶᠡᠷᠦᠩᠬᠡᠶ ᠲᠠᠯᠠᠪᠠᠶ ᠨᠢ ᠪᠠᠷᠤᠭ 40 ᠲᠦᠮᠡᠨ ᠲᠡᠭ᠌ᠰᠢ ᠳᠥᠷᠪᠡᠯᠵᠢᠨ ᠮᠧᠲ᠋ᠷ ᠪᠠᠢᠵᠤ᠂ 2006 ᠣᠨ᠎ᠳᠤ᠂ ᠬᠠᠭᠤᠴᠢ ᠰᠤᠳᠤᠯᠤᠭ᠍ᠴᠢᠳ ᠪᠠᠭᠤᠷᠢ᠎ᠶ᠋ᠢ 2 ᠲᠦᠮᠡ ᠭᠠᠷᠤᠶ ᠲᠡᠭ᠌ᠰᠢ ᠳᠥᠷᠪᠡᠯᠵᠢᠨ ᠮᠧᠲ᠋ᠷ ᠮᠠᠯᠲᠠᠨ ᠠᠭᠤᠳᠠᠯᠵᠤ᠂ ᠱᠠᠭᠠᠵᠠᠩ᠂ ᠸᠠᠭᠠᠷ᠂ ᠵᠡᠰ᠂ ᠲᠡᠮᠦᠷ᠂ ᠶᠠᠰᠤ᠂ ᠴᠢᠯᠠᠭᠤ᠂ ᠬᠠᠰ᠂ ᠪᠣᠯᠣᠷ᠂ ᠱᠢᠯ᠂ ᠮᠠᠨ᠎ᠤ ᠵᠡᠷᠭᠡ ᠠᠳᠠᠯᠢ ᠪᠤᠰᠤ ᠶᠠᠰᠤ ᠴᠢᠨᠠᠷ᠎ᠤ᠋ᠨ ᠡᠯ᠎ᠡ ᠵᠦᠶ᠋ᠯ᠎ᠦᠨ ᠪᠠᠭᠠᠵᠢ ᠬᠡᠷᠡᠭ᠌ᠰᠡᠯ ᠢ᠋ ᠲᠦᠮᠡ ᠭᠠᠷᠤᠶ ᠵᠦᠶ᠋ᠯ ᠢᠯᠡᠷᠡᠭᠦᠯᠪᠡ᠃
《ᠶᠤᠸᠠᠨ ᠤᠯᠤᠰ ᠤ᠋ᠨ ᠦᠶ᠎ᠡ ᠳ᠋ᠤ᠂ ᠶᠠᠨ ᠵᠢᠶᠠ ᠯᠢᠶᠠᠩ ᠪᠣᠯ ᠳᠣᠷᠣᠨᠠᠳᠠᠬᠢᠨ ᠥᠷᠥᠨᠡᠳᠠᠬᠢᠨ ᠢ᠋ ᠨᠡᠪᠳᠡᠷᠡᠯᠴᠡᠬᠦᠯᠵᠦ᠂ ᠵᠦᠩᠶᠤᠸᠠᠨ ᠣᠷᠣᠨ ᠪᠣᠯᠤᠨ ᠭᠣᠪᠢ᠎ᠶ᠋ᠢᠨ ᠠᠷᠤ᠎ᠶ᠋ᠢᠨ ᠭᠠᠵᠠᠷ ᠣᠷᠣᠨ᠎ᠢ ᠨᠡᠪᠲᠡᠷᠡᠭᠦᠯᠬᠦ᠌ ᠴᠢᠬᠤᠯᠠ ᠵᠠᠮ ᠪᠠᠢᠵᠤ᠂ ᠬᠤᠳᠠᠯᠳᠤᠭᠠᠴᠢᠳ ᠬᠤᠷᠠᠨ ᠴᠤᠭ᠍ᠯᠠᠷᠠᠵᠤ᠂ ᠲᠡᠮᠡᠭᠡᠨ ᠵᠢᠩ ᠰᠦᠯᠵᠢᠯᠳᠦᠨ᠂ ᠡᠮᠦᠨᠡᠰᠢ ᠤᠮᠠᠷᠠᠰᠢ ᠬᠦᠷᠭᠡᠬᠦ ᠬᠥᠪᠥᠩ ᠣᠯᠣᠰᠣ ᠲᠣᠷᠭ᠎ᠠ ᠳᠤᠷᠳᠤᠩ᠂ ᠠᠷᠠᠰᠤ ᠨᠣᠣᠰᠣ ᠠᠮᠤ ᠪᠤᠳᠠᠭ᠎ᠠ᠂ ᠱᠠᠭᠠᠵᠠᠩ ᠰᠠᠪᠠ ᠴᠠᠶ ᠱᠢᠬᠢᠷ ᠵᠡᠷᠭᠡ ᠶᠡᠬᠡ ᠬᠡᠮᠵᠢᠶᠡᠨ᠎ᠦ ᠲᠠᠸᠠᠷ᠎ᠢ ᠪᠦᠷ ᠡᠨᠳᠡ ᠳᠠᠮᠵᠢᠭᠤᠯᠤᠨ ᠵᠥᠭᠡᠭᠡᠪᠦᠷᠢᠯᠡᠵᠦ᠍ ᠠᠷᠠᠯᠵᠢᠶᠠᠯᠠᠳᠠᠭ᠂ ᠢᠯᠠᠩᠭᠤᠶ᠎ᠠ ᠬᠥᠬᠡ ᠬᠤᠸᠠᠷᠲᠤ ᠱᠠᠭᠠᠵᠠᠩ ᠰᠠᠪᠠ ᠨᠢ ᠭᠠᠳᠠᠭᠠᠳᠤ᠎ᠳᠤ ᠪᠣᠷᠣᠯᠠᠭᠤᠯᠭ᠎ᠠ ᠰᠠᠢᠲᠠᠶ ᠪᠠᠢᠵᠤ᠂ ᠶᠤᠸᠠᠨ ᠤᠯᠤᠰ᠎ᠤᠨ ᠭᠠᠳᠠᠭᠠᠳᠤ ᠠᠷᠠᠯᠵᠢᠶᠠᠨ᠎ᠤ ᠲᠤᠯᠭᠠᠭᠤᠷᠢ ᠲᠠᠸᠠᠷ ᠪᠣᠯᠵᠦ ᠪᠠᠢᠪᠠ》 ᠭᠡᠵᠦ᠍ ᠶᠧ ᠶᠦᠩ ᠱᠧᠩ ᠬᠡᠯᠡᠪᠡ᠃
ᠶᠤᠸᠠᠨ ᠤᠯᠤᠰ᠎ᠤᠨ ᠰᠡᠭᠦᠯᠴᠢ᠎ᠪᠡᠷ᠂ ᠳᠠᠢᠨ ᠳᠠᠵᠢᠨ ᠪᠠ ᠪᠠᠢᠭᠠᠯᠢ᠎ᠶ᠋ᠢᠨ ᠭᠠᠶ ᠭᠠᠮᠱᠢᠭ ᠵᠡᠷᠭᠡ᠎ᠶ᠋ᠢᠨ ᠨᠥᠯᠥᠭᠡ᠎ᠪᠡᠷ ᠲᠤᠬᠠᠶ᠎ᠶ᠋ᠢᠨ ᠭᠠᠵᠠᠷ᠎ᠤᠨ ᠪᠠᠶᠠᠨ ᠬᠤᠳᠠᠯᠳᠤᠭᠠᠴᠢᠳ ᠰᠢᠯᠵᠢᠵᠦ ᠶᠠᠪᠤᠬᠤᠡᠴᠡᠪᠠᠨ ᠡᠮᠦᠨ᠎ᠡ ᠠᠪᠴᠤ᠌ ᠶᠠᠪᠤᠵᠤ ᠲᠡᠢᠯᠬᠦ ᠦᠭᠡᠶ ᠨᠠᠷᠢᠯᠢᠭ ᠰᠠᠢᠬᠠᠨ ᠡᠳ᠋ ᠬᠡᠷᠡᠭ᠌ᠰᠡᠯ᠎ᠢᠶᠡᠨ ᠲᠤᠰ ᠭᠠᠵᠠᠷ ᠲᠠᠭᠠᠨ ᠪᠤᠯᠠᠵᠤ᠂ ᠬᠣᠵᠢᠮ ᠭᠡᠷ ᠣᠷᠣᠨ᠎ᠳᠠᠭᠠᠨ ᠲᠠᠬᠢᠨ ᠪᠤᠴᠠᠬᠤ᠎ᠪᠠᠷ ᠪᠡᠯᠡᠳᠭᠡᠪᠡ᠃
1972 ᠣᠨ᠎ᠤ ᠨᠠᠮᠤᠷ᠎ᠤᠨ ᠰᠡᠭᠦᠯᠴᠢ᠎ᠪᠡᠷ᠂ ᠶᠠᠨ ᠵᠢᠶᠠ ᠯᠢᠶᠠᠩ ᠲᠣᠰᠭᠣᠨ᠎ᠤ ᠲᠠᠷᠢᠶᠠᠴᠢᠨ ᠶᠠᠨ ᠱᠢᠶᠤᠤ ᠷᠦᠩ ᠲᠠᠷᠢᠶᠠᠨ ᠭᠠᠵᠠᠷ᠎ᠢᠶᠠᠨ ᠲᠡᠭ᠌ᠰᠢᠯᠡᠵᠦ᠍ ᠪᠠᠢᠬᠤ ᠳ᠋ᠠᠭᠠᠨ ᠲᠡᠮᠤᠷ ᠬᠦᠷᠵᠡ ᠳ᠋ᠤᠨᠢ ᠨᠢᠭᠡᠨ ᠬᠠᠲᠠᠭᠤ ᠪᠣᠳᠠᠰ ᠮᠦᠷᠭᠦᠪᠡ᠃ ᠲᠡᠷᠡ ᠱᠢᠷ᠎ᠠ ᠱᠢᠷᠣᠶ᠎ᠶ᠋ᠢ ᠮᠠᠯᠳᠠᠭᠰᠠᠨ ᠳ᠋ᠤ ᠨᠢᠭᠡᠨ ᠴᠠᠭᠠᠨ ᠦᠩᠭᠡ ᠵᠢᠨ ᠬᠥᠬᠡ ᠬᠤᠸᠠᠷᠲᠠᠶ ᠲᠣᠮᠣ ᠱᠠᠭᠠᠵᠠᠩ ᠯᠣᠩᠬᠣ ᠢᠯᠡᠷᠡᠭᠦᠯᠪᠡ᠃ ᠰᠡᠭᠦᠯᠡᠷ ᠨᠢ ᠲᠡᠦᠬᠡ᠎ᠶ᠋ᠢᠨ ᠳᠤᠷᠠᠰᠭᠠᠯᠲᠤ ᠵᠦᠢᠯᠡᠰ᠎ᠦᠨ ᠲᠤᠰᠭᠠᠢ ᠮᠡᠷᠭᠡᠵᠢᠯᠲᠡᠨ᠎ᠦ ᠬᠢᠨᠠᠨ ᠲᠣᠭ᠍ᠲᠠᠭᠠᠭ᠍ᠰᠠᠨ᠎ᠢᠶᠠᠷ᠂ ᠡᠨᠡ ᠬᠦ᠌ ᠱᠠᠭᠠᠵᠠᠩ ᠰᠠᠪᠠ ᠪᠣᠯ ᠥᠪᠥᠷ ᠮᠣᠩᠭᠣᠯ ᠳ᠋ᠤ ᠢᠯᠡᠷᠡᠭᠦᠯᠦᠭ᠌ᠰᠡᠨ ᠰᠠᠪᠠ᠎ᠶ᠋ᠢᠨ ᠬᠡᠯᠪᠡᠷᠢ ᠨᠢ ᠬᠠᠮᠤᠭ᠎ᠤᠨ ᠪᠦᠷᠢᠨ ᠪᠦᠲᠦᠨ᠂ ᠣᠨᠴᠠᠯᠢᠭ ᠨᠢ ᠬᠠᠮᠤᠭ᠎ᠤᠨ ᠢᠯᠡᠷᠬᠡᠢ ᠶᠤᠸᠠᠨ ᠤᠯᠤᠰ᠎ᠤᠨ ᠦᠶ᠎ᠡ᠎ᠶ᠋ᠢᠨ ᠬᠦᠬᠡ ᠬᠤᠸᠠᠷᠲᠤ ᠱᠠᠭᠠᠵᠠᠩ ᠰᠠᠪᠠ ᠪᠣᠯᠬᠤ ᠪᠥᠭᠡᠳ ᠮᠠᠨ᠎ᠤ ᠤᠯᠤᠰ᠎ᠲᠤ ᠬᠣᠪᠣᠷᠬᠠᠨ ᠪᠠᠢᠳᠠᠭ ᠶᠤᠸᠠᠨ ᠤᠯᠤᠰ᠎ᠤᠨ ᠬᠦᠬᠡ ᠬᠤᠸᠠᠷᠲᠤ ᠲᠤᠮᠤ ᠬᠡᠯᠪᠡᠷᠢ᠎ᠶ᠋ᠢᠨ ᠰᠠᠪᠠ ᠬᠡᠷᠡᠭ᠌ᠰᠡᠯ ᠪᠣᠯᠤᠨ᠎ᠠ᠃ ᠢᠩᠭᠢᠭᠡᠳ ᠲᠣᠮᠣ ᠱᠠᠭᠠᠵᠠᠩ ᠰᠠᠪᠠ ᠨᠢ ᠳᠡᠯᠡᠬᠡᠶ ᠳ᠋ᠠᠬᠢᠨ᠎ᠳᠤ ᠠᠯᠳᠠᠷᠱᠢᠵᠤ᠂ ᠶᠤᠸᠠᠨ ᠤᠯᠤᠰ᠎ᠤᠨ ᠦᠶ᠎ᠡ᠎ᠶ᠋ᠢᠨ ᠬᠥᠬᠡ ᠬᠤᠸᠠᠷᠲᠠᠶ ᠵᠡᠯᠡᠯᠡᠭᠰᠡᠨ ᠮᠠᠨᠳᠠᠷᠠᠸ᠎ᠠ ᠴᠡᠴᠡᠭ᠎ᠦᠨ ᠬᠡ᠎ᠲᠡᠶ ᠱᠠᠭᠠᠵᠠᠩ ᠰᠠᠪᠠ ᠭᠡᠬᠦ ᠵᠢᠩᠬᠢᠨᠢ ᠨᠡᠷ᠎ᠡ ᠲᠠᠢ ᠪᠤᠯᠵᠤ᠂ ᠪᠤᠭᠤᠲᠤ᠎ᠶ᠋ᠢᠨ ᠮᠦᠽᠧᠶ᠎ᠶ᠋ᠢᠨ ᠴᠤᠬᠠᠭ ᠡᠷᠳᠡᠨᠢ ᠪᠣᠯᠵᠠᠶ᠃
ᠪᠤᠭᠤᠲᠤ᠎ᠶ᠋ᠢᠨ ᠮᠦᠽᠧᠢ᠎ᠶ᠋ᠢᠨ ᠬᠤᠷᠢᠶᠠᠨ ᠴᠤᠭ᠍ᠯᠠᠭᠤᠯᠵᠤ ᠬᠠᠳᠠᠭᠠᠯᠠᠬᠤ ᠬᠡᠯᠲᠡᠰ᠎ᠦᠨ ᠯᠢᠦ ᠸᠧᠢ᠄ 《ᠶᠤᠸᠠᠨ ᠤᠯᠤᠰ᠎ᠤᠨ ᠦᠶ᠎ᠡ᠎ᠶ᠋ᠢᠨ ᠬᠥᠬᠡ ᠬᠤᠸᠠᠷᠲᠠᠶ ᠵᠡᠯᠡᠯᠡᠭᠰᠡᠨ ᠮᠠᠨᠳᠠᠷᠠᠸ᠎ᠠ ᠴᠡᠴᠡᠭ᠎ᠦᠨ ᠬᠡ᠎ᠲᠡᠶ ᠱᠠᠭᠠᠵᠠᠩ ᠰᠠᠪᠠ ᠨᠢ ᠬᠡᠳᠦᠨ ᠵᠠᠭᠤᠨ ᠵᠢᠯ᠎ᠦᠨ ᠤᠬᠢᠶᠠᠯᠢ ᠥᠩᠭᠡᠷᠡᠭᠦᠯᠵᠦ᠍᠂ ᠤᠳᠤ ᠪᠣᠯᠲᠠᠯ᠎ᠠ ᠮᠥᠨ ᠪᠦᠷᠢᠨ ᠪᠦᠲᠦᠨ ᠴᠢᠨᠠᠷ᠎ᠢᠶᠠᠨ ᠪᠠᠲᠤᠯᠠᠵᠤ ᠪᠤᠢ᠂ ᠲᠡᠭᠦᠨ᠎ᠦ ᠥᠪᠡᠷᠮᠢᠴᠡ ᠤᠷᠠᠯᠢᠭ᠎ᠤᠨ ᠬᠡᠪ ᠨᠠᠮᠪᠠ᠂ ᠨᠠᠷᠢᠯᠢᠭ ᠬᠢᠴᠡᠪᠦᠬᠦᠢ ᠤᠷ᠎ᠠ ᠮᠡᠷᠭᠡᠱᠢᠯ ᠪᠣᠯᠤᠨ ᠭᠦᠨ ᠵᠤᠵᠠᠭᠠᠨ ᠲᠡᠦᠬᠡ᠎ᠶ᠋ᠢᠨ ᠠᠭᠤᠯᠤᠭ᠍ᠳᠠᠬᠤᠨ ᠨᠢ ᠪᠢᠳᠡᠨ᠎ᠳᠦ ᠶᠤᠸᠠᠨ ᠤᠯᠤᠰ᠎ᠤᠨ ᠸᠠᠭᠠᠷ ᠱᠠᠭᠠᠵᠠᠩ᠎ᠤᠨ ᠤᠷᠠᠯᠢᠭ᠎ᠢ ᠰᠤᠳᠤᠯᠬᠤ ᠴᠢᠬᠤᠯᠠ ᠮᠠᠲ᠋ᠧᠷᠢᠶᠠᠯ ᠬᠠᠩᠭᠠᠭ᠍ᠰᠠᠨ᠎ᠢᠶᠠᠷ ᠪᠠᠷᠠᠬᠤ ᠦᠭᠡᠢ ᠨᠡᠩ ᠴᠤ᠌ ᠶᠠᠨ ᠵᠢᠶᠠ ᠯᠢᠶᠠᠩ᠎ᠤᠨ ᠶᠤᠸᠠᠨ ᠤᠯᠤᠰ᠎ᠤᠨ ᠦᠶ᠎ᠡ᠎ᠶ᠋ᠢᠨ ᠬᠥᠭ᠌ᠵᠢᠯ ᠪᠠᠳᠠᠷᠠᠯᠳᠤ ᠪᠠᠢᠳᠠᠯ᠎ᠢ ᠲᠤᠰᠭᠠᠵᠠᠢ》 ᠭᠡᠪᠡ᠃
ᠠᠮᠢᠳᠤᠯᠢᠭ᠎ᠢᠶᠡᠷ ᠤᠯᠠᠮᠵᠢᠯᠠᠵᠤ ᠰᠣᠶᠣᠯ ᠵᠢᠭᠤᠯᠴᠢᠯᠠᠯ ᠳ᠋ᠤ ᠬᠦᠴᠦᠨ ᠨᠡᠮᠡᠷᠢᠯᠡᠨ᠎ᠡ
ᠵᠢᠤᠶᠤᠸᠠᠠ ᠲᠣᠭᠣᠷᠢᠭ ᠲᠤ᠌ ᠬᠦᠨᠳᠡᠯᠡᠨ ᠭᠤᠯᠳᠤ ᠵᠡᠭᠡᠯᠢ ᠭᠡᠵᠦ ᠪᠤᠢ᠂ ᠬᠥᠨᠳᠡᠯᠡᠨ ᠵᠡᠭᠡᠯᠢ᠎ᠶ᠋ᠢᠨ ᠤᠷᠲᠤ ᠨᠢ 857 ᠮᠧᠲ᠋ᠷ᠂ 210 ᠳᠡᠯᠭᠡᠭᠦᠷ ᠲᠠᠢ ᠭᠤᠯᠳᠤ ᠵᠡᠭᠡᠯᠢ᠎ᠶ᠋ᠢᠨ ᠣᠷᠳᠣ ᠨᠢ 215 ᠮᠧᠲ᠋ᠷ᠂ 60 ᠳᠡᠯᠭᠡᠭᠦᠷ᠎ᠲᠡᠶ᠃ ᠡᠨᠳᠡᠬᠢ ᠨᠢ ᠵᠢᠦᠶᠤᠸᠠᠨ ᠲᠣᠭᠣᠷᠢᠭ᠎ᠤᠨ ᠬᠠᠭᠤᠴᠢᠨ ᠵᠡᠭᠡᠯᠢ ᠭᠤᠳᠤᠮᠵᠢ ᠪᠣᠯᠬᠤ ᠪᠥᠭᠡᠳ ᠬᠥᠭ᠌ᠵᠢᠶᠡᠨ ᠨᠠᠷᠭᠢᠶᠠᠨ᠎ᠲᠠᠶ ᠬᠤᠳᠠᠯᠳᠤᠭᠠᠨ᠎ᠤ ᠲᠥᠪ ᠪᠠᠢᠵᠤ᠂ ᠴᠠᠭ ᠦᠶ᠎ᠡ᠎ᠶ᠋ᠢᠨ ᠰᠣᠯᠢᠭ᠍ᠳᠠᠯ᠎ᠤᠨ ᠳᠤᠮᠳᠠ ᠬᠥᠮᠦᠰ᠎ᠦᠨ ᠳᠤᠷᠠᠰᠤᠮᠵᠢ᠎ᠶ᠋ᠢ ᠠᠴᠢᠶᠠᠯᠠᠵᠤ ᠪᠠᠢᠳᠠᠭ᠃
2015 ᠣᠨ᠎ᠡᠴᠡ ᠡᠮᠦᠨ᠎ᠡ᠂ ᠲᠤᠬᠠᠢ᠎ᠶ᠋ᠢᠨ ᠭᠠᠵᠠᠷ᠎ᠤᠨ ᠰᠠᠭᠤᠭᠠᠯᠢ ᠠᠷᠠᠳ ᠡᠨᠳᠡᠬᠢ᠎ᠶ᠋ᠢ 《ᠶᠠᠪᠠᠭᠠᠨ ᠵᠡᠭᠡᠯᠢ》 ᠭᠡᠵᠦ ᠨᠡᠷᠡᠯᠡᠨ᠎ᠡ᠂ ᠵᠡᠭᠡᠯᠢ ᠳᠡᠭᠡᠷ᠎ᠡ ᠨᠢᠭᠡ ᠪᠦᠯᠦᠭ ᠵᠢᠵᠢᠭ ᠬᠣᠭᠣᠯᠠᠨ ᠭᠡᠷ᠂ ᠲᠡᠮᠦᠷᠯᠢᠭ ᠪᠦᠷᠢᠨ ᠪᠠᠷᠠᠭ᠎ᠠ ᠵᠡᠷᠭᠡ ᠬᠤᠳᠠᠯᠳᠤᠭ᠎ᠠ ᠳᠡᠯᠭᠡᠭᠦᠷ ᠲᠠᠷᠬᠠᠵᠤ ᠪᠠᠢᠪᠠ᠃
2015 ᠣᠨ᠎ᠳᠤ ᠂ ᠵᠢᠦᠶᠤᠸᠠᠨ ᠲᠣᠭᠣᠷᠢᠭ᠎ᠤᠨ ᠨᠠᠮ᠎ᠤᠨ ᠬᠣᠷᠢᠶ᠎ᠠ ᠂ ᠵᠠᠰᠠᠭ᠎ᠤᠨ ᠣᠷᠳᠣᠨ ᠨᠠᠨᠵᠢᠩ᠎ᠤᠨ ᠶᠡᠷᠦᠩᠬᠡᠢᠯᠡᠭ᠌ᠴᠢ᠎ᠶ᠋ᠢᠨ ᠣᠷᠳᠣᠨ᠎ᠤ ᠪᠠᠭᠤᠷᠢ᠎ᠶ᠋ᠢᠨ ᠪᠠᠷᠢᠯᠭ᠎ᠠ ᠨᠤᠭᠤᠳ᠎ᠢᠶᠡᠷ ᠯᠠᠪᠯᠠᠯᠲᠠ ᠪᠣᠯᠭᠠᠵᠤ᠂ ᠤᠨᠴᠠᠯᠢᠬ᠍ᠳᠤ ᠢᠳᠡᠭᠡᠨ ᠤᠮᠳᠠᠭᠠᠨ᠎ᠤ ᠵᠡᠭᠡᠯᠢ᠎ᠶ᠋ᠢ ᠲᠥᠯᠥᠪᠵᠢᠭᠦᠯᠦᠨ ᠪᠠᠢᠭᠤᠯᠵᠤ᠂ ᠤᠨᠴᠠᠯᠢᠬ᠍ᠳᠤ ᠠᠮᠲᠠᠲᠤ ᠢᠳᠡᠭᠡᠨ᠎ᠦ ᠵᠡᠭᠡᠯᠢ᠂ ᠬᠦᠷ ᠬᠦᠭᠵᠢᠶᠡᠨᠳᠤ ᠴᠤᠭ᠍ᠯᠠᠭ᠎ᠠ ᠮᠠᠢᠮᠠᠢ᠂ ᠴᠢᠨ ᠤᠯᠤᠰ ᠬᠠᠨ ᠤᠯᠤᠰ᠎ᠤᠨ ᠰᠣᠶᠣᠯ᠎ᠤᠨ ᠠᠬᠤᠢ ᠪᠠᠢᠳᠠᠯ᠎ᠤᠨ ᠵᠡᠭᠡᠯᠢ᠂ ᠢᠳᠡᠭᠡᠨ ᠡᠳ᠋ᠱᠢᠭᠦᠯᠬᠦ᠌ ᠵᠢᠴᠢ ᠰᠤᠳᠤᠯᠤᠨ ᠨᠡᠭᠡᠭᠡᠬᠦ᠌ ᠲᠥᠪ ᠵᠡᠷᠭᠡ᠎ᠶ᠋ᠢ ᠪᠠᠢᠭᠤᠯᠪᠠ᠃ 2022 ᠣᠨ᠎ᠳᠤ᠂ ᠬᠦᠨᠳᠡᠯᠡᠨ ᠭᠤᠯᠳᠤ ᠵᠡᠭᠡᠯᠢ᠎ᠶ᠋ᠢ ᠳᠡᠰ ᠳᠡᠪᠱᠢᠭᠦᠯᠦᠨ ᠥᠭᠡᠷᠡᠴᠢᠯᠡᠬᠦ᠌᠎ᠪᠡᠷ ᠳᠠᠮᠵᠢᠨ᠂ 《ᠵᠢᠦᠶᠤᠸᠠᠨ》 ᠤ᠋ ᠦᠨᠦᠷ ᠠᠮᠲᠠ᠎ᠶ᠋ᠢ ᠬᠠᠳᠠᠭᠠᠯᠠᠭ᠍ᠰᠠᠨ᠎ᠢᠶᠠᠷ ᠪᠠᠷᠠᠬᠤ ᠦᠭᠡᠢ ᠪᠠᠰᠠ ᠵᠢᠦᠶᠤᠸᠠᠨ᠎ᠤ ᠴᠢᠨ ᠤᠯᠤᠰ ᠬᠠᠨ ᠤᠯᠤᠰ᠎ᠤᠨ ᠡᠷᠲᠡᠨ᠎ᠦ ᠵᠢᠶᠦ᠋ᠨ᠎ᠦ ᠣᠨᠴᠠᠯᠢᠭ᠍ᠲᠤ ᠰᠣᠶᠣᠯ᠎ᠤᠨ ᠡᠯᠧᠮᠧᠨ᠋ᠲ᠎ᠢ ᠴᠢᠩᠭᠠᠳᠭᠠᠵᠠᠢ᠃
ᠬᠢᠲᠠᠳ ᠬᠤᠪᠴᠠᠰᠤ᠎ᠶ᠋ᠢᠨ ᠦᠵᠡᠭᠦᠯᠭᠡ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠦᠵᠡᠭᠦᠯᠭᠡ᠂ ᠦᠨᠳᠦᠰᠦᠲᠡᠨ᠎ᠦ ᠣᠨᠴᠠᠯᠢᠭ᠎ᠲᠠᠶ ᠵᠡᠭᠡᠯᠢ ᠭᠤᠳᠤᠮᠵᠢ᠎ᠶ᠋ᠢᠨ ᠲᠣᠭ᠍ᠯᠠᠯᠲᠠ ᠁ ᠠᠯᠢ ᠤᠯᠠᠨ ᠭᠣᠢᠳᠠ ᠰᠠᠢᠬᠠᠨ ᠠᠵᠢᠯᠯᠠᠭ᠎ᠠ ᠨᠢ ᠬᠥᠨᠳᠡᠯᠡᠨ ᠭᠤᠯᠳᠤ ᠵᠡᠭᠡᠯᠢ᠎ᠶ᠋ᠢ ᠭᠣᠣᠯ ᠬᠦᠴᠦᠨ ᠪᠣᠯᠭᠠᠵᠤ᠂ ᠬᠦᠷ ᠬᠦᠭᠵᠢᠶᠡᠨ ᠤ᠋ ᠲᠤᠮᠳᠠ ᠵᠢᠦᠶᠤᠸᠠᠨ ᠲᠤᠭᠤᠷᠢᠭ ᠤ᠋ᠨ ᠵᠢᠭᠤᠯᠴᠢᠯᠠᠯ᠎ᠤᠨ ᠠᠵᠤ ᠠᠬᠤᠢ᠎ᠶ᠋ᠢᠨ ᠠᠮᠢᠵᠢᠷᠠᠯ᠎ᠤᠨ ᠬᠦᠴᠦᠨ᠎ᠢ ᠪᠠᠳᠠᠷᠠᠭᠤᠯᠪᠠ᠃
ᠦᠵᠡᠮᠵᠢ᠎ᠶ᠋ᠢᠨ ᠣᠷᠣᠨ ᠦᠵᠡᠮᠵᠢ᠎ᠶ᠋ᠢᠨ ᠴᠡᠭ᠂ ᠬᠥᠳᠡᠭᠡ ᠲᠣᠰᠭᠣᠨ᠎ᠤ ᠭᠥᠯᠢᠶᠡᠨ ᠠᠪᠬᠤ ᠡᠷᠦᠬᠡ᠂ ᠡᠷᠲᠡᠨ᠎ᠦ ᠬᠣᠲᠠ᠂ ᠰᠥᠨᠢ᠎ᠶ᠋ᠢᠨ ᠬᠣᠲᠠ ᠵᠡᠭᠡᠯᠢ ᠲᠣᠭᠣᠷᠢᠭ ᠵᠡᠷᠭᠡ ᠰᠣᠶᠣᠯ ᠵᠢᠭᠤᠯᠴᠢᠯᠠᠯ᠎ᠤᠨ ᠡᠬᠢ ᠪᠠᠶᠠᠯᠢᠭ᠎ᠢ ᠨᠡᠢᠳᠭᠡᠵᠦ᠍᠂ ᠵᠢᠦᠶᠤᠸᠠᠨ ᠲᠣᠭᠣᠷᠢᠭ᠎ᠨᠢ ᠵᠢᠭᠤᠯᠴᠢᠯᠠᠯ᠎ᠤᠨ ᠦᠶ᠋ᠯᠡᠳᠬᠦᠨ᠎ᠦ ᠪᠥᠲᠥᠭᠡᠨ ᠪᠠᠢᠭᠤᠯᠤᠯᠲᠠ᠎ᠶ᠋ᠢ ᠦᠷᠭᠦᠯᠵᠢᠯᠡᠨ ᠠᠬᠢᠭᠤᠯᠵᠤ᠂ 《ᠬᠣᠲᠠ᠎ᠶ᠋ᠢᠨ ᠲᠡᠭᠦᠷᠭᠡ᠎ᠶ᠋ᠢ ᠨᠢᠭᠡ ᠴᠣᠭ᠍ᠴᠠᠵᠢᠭᠤᠯᠬᠤ᠂ ᠡᠳᠦᠷ ᠰᠥᠨᠢ᠎ᠦᠭᠡᠢ ᠡᠵᠡᠩᠨᠡᠬᠦ᠌᠂ ᠣᠯᠠᠨ ᠦᠶ᠋ᠯᠡᠰ᠎ᠢ ᠠᠭᠤᠰᠤᠯᠴᠠᠭᠤᠯᠬᠤ᠂ ᠪᠥᠬᠥ᠌ ᠴᠠᠭ ᠪᠥᠬᠥ᠌ ᠤᠯᠠᠷᠢᠯ》 ᠤ᠋ᠨ ᠵᠢᠭᠤᠯᠴᠢᠯᠠᠯ᠎ᠤᠨ ᠬᠥᠭ᠌ᠵᠢᠯᠲᠡ᠎ᠶ᠋ᠢᠨ ᠱᠢᠨ᠎ᠡ ᠪᠠᠢᠷᠢᠱᠢᠯ᠎ᠢ ᠪᠠᠢᠭᠤᠯᠪᠠ᠃
ᠬᠠᠲᠤᠨ ᠭᠤᠤᠯ᠎ᠤᠨ ᠤᠩᠰᠢᠭᠤ ᠰᠣᠶᠣᠯ᠎ᠤᠨ ᠬᠦᠷᠢᠶᠡᠯᠡᠩ ᠪᠣᠯ ᠬᠠᠲᠤᠨ ᠭᠤᠤᠯ᠎ᠤᠨ ᠰᠣᠶᠣᠯ᠎ᠳᠤ ᠲᠦᠱᠢᠭ᠌ᠯᠡᠨ ᠪᠠᠢᠭᠤᠯᠤᠭ᠍ᠰᠠᠨ ᠬᠠᠯᠠᠮᠱᠢᠯ ᠦᠵᠡᠮᠵᠢ᠎ᠶ᠋ᠢᠨ ᠭᠠᠵᠠᠷ ᠪᠣᠯᠤᠨ᠎ᠠ᠂ ᠬᠠᠲᠤᠨ ᠭᠤᠤᠯ᠎ᠤᠨ ᠬᠥᠪᠡᠭᠡᠨ᠎ᠳᠡᠬᠢ ᠬᠣᠷᠢᠨᠭᠡᠷ ᠪᠠᠯᠭᠠᠰᠤᠨ᠎ᠤ ᠱᠢᠨ ᠾᠧ ᠲᠣᠰᠭᠣᠨ᠎ᠳᠤ ᠪᠠᠢᠷᠢᠯᠠᠵᠤ ᠪᠣᠶ᠃ ᠴᠡᠴᠡᠷᠯᠢᠭ᠎ᠦᠨ ᠳᠣᠲᠣᠷ᠎ᠠ ᠬᠠᠮᠤᠭ᠎ᠡᠴᠡ ᠠᠯᠳᠠᠷᠲᠠᠶ ᠨᠢ ᠬᠠᠲᠤᠨ ᠭᠤᠤᠯ᠎ᠤᠨ ᠤᠩᠰᠢᠭᠤ ᠤᠷᠠᠨ ᠳᠠᠷᠬᠠᠨ᠎ᠤ ᠮᠦᠽᠧᠶ ᠪᠣᠯᠤᠨ᠎ᠠ᠂ ᠪᠠᠷᠤᠭ 30 ᠠᠳᠠᠯᠢ ᠪᠤᠰᠤ ᠲᠥᠷᠥᠯ᠎ᠦᠨ ᠤᠷᠠᠨ ᠳᠠᠷᠬᠠᠨ᠎ᠤ ᠦᠶ᠋ᠯᠡᠳᠭᠡᠯ ᠪᠠᠢᠵᠤ᠂ ᠴᠤᠭ᠍ᠯᠠᠭᠤᠯᠤᠭ᠍ᠰᠠᠨ ᠠᠷᠠᠳ᠎ᠤᠨ ᠵᠠᠩ ᠦᠶ᠋ᠯᠡ᠎ᠶ᠋ᠢᠨ ᠡᠳ᠋ ᠪᠣᠳᠠᠰ ᠨᠢ ᠴᠥᠮ ᠬᠥᠬᠡᠬᠣᠲᠠ ᠪᠤᠭᠤᠲᠤ ᠣᠷᠳᠣᠰ᠎ᠤᠨ ᠡᠷᠬᠢᠨ ᠲᠣᠭᠣᠷᠢᠨ᠎ᠤ ᠬᠠᠲᠤᠨ ᠭᠤᠤᠯ᠎ᠤᠨ ᠰᠣᠶᠣᠯ᠎ᠲᠠᠶ ᠬᠣᠯᠪᠣᠭ᠎ᠠ᠎ᠲᠠᠶ ᠪᠠᠢᠳᠠᠭ᠃
ᠡᠯᠳᠡᠭᠦᠷᠴᠢᠨᠤ ᠦᠢᠯᠡᠳᠭᠡᠯ᠎ᠦᠨ ᠡᠮᠦᠨ᠎ᠡ᠂ ᠯᠢ ᠱᠠ᠂ ᠬᠠᠲᠤᠨ ᠭᠤᠤᠯ᠎ᠤᠨ ᠤᠰᠤᠨ ᠲᠡᠭᠡᠭᠡᠪᠦᠷᠢ ᠨᠢ ᠪᠤᠭᠤᠲᠤ᠎ᠶ᠋ᠢᠨ ᠬᠤᠳᠠᠯᠳᠤᠭᠠᠨ᠎ᠤ ᠦᠶ᠋ᠯᠡᠰ᠎ᠦᠨ ᠬᠥᠭ᠌ᠵᠢᠯᠲᠡ᠎ᠶ᠋ᠢ ᠠᠬᠢᠭᠤᠯᠵᠠᠢ᠃ ᠠᠷᠠᠰᠤ ᠨᠤᠤᠰᠤ ᠪᠣᠯ ᠬᠠᠭᠤᠴᠢᠨ ᠪᠤᠭᠤᠲᠤ᠎ᠶ᠋ᠢᠨ ᠴᠢᠬᠤᠯᠠ ᠲᠤᠯᠭᠠᠭᠤᠷᠢ ᠠᠵᠤ ᠦᠶ᠋ᠯᠡᠰ ᠮᠥᠨ᠃ ᠪᠤᠭᠤᠲᠤ᠎ᠶ᠋ᠢᠨ ᠠᠷᠠᠰᠤ ᠨᠣᠣᠰᠣᠨᠤ ᠠᠷᠠᠯᠵᠢᠶ᠎ᠠ ᠬᠥᠭ᠌ᠵᠢᠶᠡᠨᠲᠡᠶ ᠪᠣᠯᠪᠠᠯ᠂ ᠪᠦᠬᠦᠢᠯᠡ ᠵᠠᠬ᠎ᠠ ᠳᠡᠯᠭᠡᠭᠦᠷ ᠳᠠᠷᠤᠢ ᠬᠥᠭ᠌ᠵᠢᠯ ᠪᠠᠳᠠᠷᠠᠯ᠎ᠲᠠᠶ ᠪᠣᠯᠤᠨ᠎ᠠ᠂ ᠡᠢᠮᠦ᠍᠎ᠡᠴᠡ 《ᠠᠷᠠᠰᠤ ᠨᠣᠣᠰᠣᠨᠤ ᠠᠷᠠᠯᠵᠢᠶ᠎ᠠ ᠬᠥᠭ᠌ᠵᠢᠪᠡᠯ ᠠᠯᠢᠪᠠ ᠦᠢᠯᠡᠰ ᠬᠥᠭ᠌ᠵᠢᠨ᠎ᠡ》 ᠭᠡᠳᠡᠭ ᠬᠡᠯᠡᠯᠭᠡ ᠪᠤᠢ ᠭᠡᠵᠦ ᠲᠠᠨᠢᠯᠴᠠᠭᠤᠯᠪᠠ᠃
ᠵᠢᠭᠤᠯᠴᠢᠯᠠᠯ᠎ᠤᠨ ᠬᠥᠭ᠌ᠵᠢᠶᠡᠨᠲᠡᠶ ᠤᠯᠠᠷᠢᠯ᠎ᠳᠤ᠂ ᠬᠠᠲᠤᠨ ᠭᠤᠤᠯ᠎ᠤᠨ ᠤᠩᠰᠢᠭᠤ ᠰᠣᠶᠣᠯ᠎ᠤᠨ ᠬᠦᠷᠢᠶᠡᠯᠡᠩ᠎ᠦᠨ ᠵᠢᠭᠤᠯᠴᠢᠯᠠᠬᠰᠠᠳ᠎ᠤᠨ ᠲᠣᠭ᠎ᠠ ᠳᠥᠴᠢ ᠲᠠᠪᠢᠨ ᠲᠦᠮᠡᠨ ᠬᠥᠮᠦᠨ ᠤᠳᠠᠭ᠎ᠠ᠎ᠳᠤ ᠬᠦᠷᠴᠦ᠍᠂ ᠵᠣᠨ᠎ᠤ ᠤᠯᠠᠷᠢᠯ᠎ᠤᠨ ᠢᠳᠡᠭᠡᠨ ᠤᠮᠳᠠᠭᠠᠨ᠎ᠤ ᠲᠣᠭᠣᠷᠢᠭ᠎ᠤᠨ ᠡᠳᠦᠷ᠎ᠦᠨ ᠡᠵᠡᠩᠨᠡᠯᠲᠡ᠎ᠶ᠋ᠢᠨ ᠵᠤᠭᠤᠰ᠎ᠦᠨ ᠲᠣᠭ᠎ᠠ 10 ᠭᠠᠷᠤᠶ ᠲᠦᠮᠡᠨ ᠲᠥᠭᠥᠷᠢᠭ᠎ᠲᠦ ᠬᠦᠷᠳᠡᠭ᠃ ᠪᠠᠶᠠᠷ ᠳᠤᠷᠠᠰᠭᠠᠯ ᠠᠮᠠᠷᠠᠯᠲᠠ᠎ᠶ᠋ᠢᠨ ᠡᠳᠦᠷ ᠪᠣᠯᠬᠤ ᠪᠦᠷᠢ᠂ ᠵᠢᠭᠤᠯᠴᠢᠯᠠᠭᠰᠠᠳ ᠬᠤᠷᠠᠨ ᠴᠤᠭ᠍ᠯᠠᠷᠠᠵᠤ᠂ ᠲᠣᠰᠭᠣᠨ᠎ᠤ ᠨᠠᠰᠤᠲᠠᠢᠴᠤᠳ ᠲᠣᠰᠭᠣᠨ᠎ᠤ ᠵᠠᠬ᠎ᠠ᠎ᠳᠤ ᠵᠣᠭ᠍ᠰᠣᠨ ᠬᠥᠷ ᠬᠥᠭ᠌ᠵᠢᠶᠡᠨᠢ ᠰᠣᠨᠢᠷᠬᠠᠨᠡ᠂ ᠲᠡᠳᠡᠨ᠎ᠦ ᠬᠡᠯᠡᠬᠦ᠌᠎ᠪᠡᠷ᠂ ᠲᠣᠰᠭᠣᠨ᠎ᠳᠤ ᠶᠡᠷᠦ᠍᠎ᠡᠴᠡ ᠡᠢᠮᠦ᠍ ᠬᠥᠷ ᠬᠥᠭ᠌ᠵᠢᠶᠡᠨᠲᠡᠶ ᠪᠠᠢᠵᠤ ᠥᠩᠭᠡᠷᠡᠭ᠌ᠰᠡᠨ ᠥᠬᠡᠶ ᠭᠡᠨ᠎ᠡ᠃
ᠡᠷᠲᠡᠨ᠎ᠦ ᠵᠢᠶᠦ᠋ᠨ ᠱᠢᠨ᠎ᠡ ᠬᠤᠳᠠ᠂ ᠵᠢᠦᠶᠤᠸᠠᠨ ᠲᠤᠭᠤᠷᠢᠭ ᠨᠢ ᠬᠡᠷᠡᠯᠳᠤ ᠰᠤᠪᠤᠳ ᠱᠢᠭ᠋᠎ᠢᠶᠡᠷ ᠪᠤᠭᠤᠲᠤ᠎ᠵᠢᠨ ᠳᠤᠮᠳᠠᠳᠤ ᠤᠯᠤᠰ ᠲᠡᠢᠰᠢ ᠤᠷᠤᠭ᠍ᠰᠢᠯᠠᠬᠤ᠂ ᠳᠡᠯᠡᠬᠡᠢ ᠳ᠋ᠠᠬᠢᠨ᠎ᠳᠤ ᠬᠠᠨᠳᠤᠬᠤ ᠪᠠᠰᠠ ᠨᠢᠭᠡᠨ ᠬᠤᠳᠠ᠎ᠶ᠋ᠢᠨ ᠨᠡᠷ᠎ᠡ᠎ᠶ᠋ᠢᠨ ᠬᠠᠭᠤᠳᠠᠰᠤ ᠪᠤᠯᠵᠤ ᠪᠠᠢᠨ᠎ᠠ᠃