ᠲᠥᠪ᠎ᠦᠨ ᠨᠠᠢ᠍ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠥᠷᠨᠢᠭᠦᠯᠦᠭ᠌ᠰᠡᠨ᠎ᠡᠴᠡ ᠨᠠᠭᠠᠰᠢ ᠪᠦᠬᠦ᠌ ᠣᠷᠣᠨ᠎ᠤ ᠡᠯ᠎ᠡ ᠰᠠᠯᠠᠭ᠎ᠠ ᠮᠥᠴᠢᠷ ᠡᠯ᠎ᠡ ᠨᠢᠭᠡᠴᠢ᠎ᠶ᠋ᠢᠨ ᠬᠢᠨ ᠭᠣᠣᠯ ᠰᠡᠳᠦᠪᠲᠦ ᠠᠩᠬᠠᠷᠤᠯ᠎ᠢᠶᠠᠨ ᠲᠥᠪᠯᠡᠷᠡᠭᠦᠯᠦᠨ᠂ ᠵᠠᠩᠭᠢᠯᠠᠭ᠎ᠠ᠎ᠶ᠋ᠢ ᠡᠵᠡᠮᠳᠡᠵᠦ᠍᠂ ᠰᠤᠷᠤᠯᠴᠠᠬᠤ ᠪᠠᠢᠴᠠᠭᠠᠬᠤ ᠴᠡᠭ᠌ᠴᠡᠯᠡᠨ ᠰᠠᠢ᠌ᠵᠢᠷᠠᠭᠤᠯᠬᠤ᠎ᠶ᠋ᠢ ᠨᠢᠭᠡ ᠴᠤᠬ᠍ᠴᠠᠵᠢᠭᠤᠯᠤᠨ ᠠᠬᠢᠭᠤᠯᠵᠤ᠂ ᠰᠤᠷᠤᠯᠴᠠᠯᠭ᠎ᠠ ᠴᠢᠨᠠᠷ ᠰᠠᠢᠲᠠᠢ᠂ ᠪᠠᠢᠴᠠᠭᠠᠯᠳᠠ ᠡᠷᠴᠢᠮᠲᠡᠶ᠂ ᠴᠡᠭ᠌ᠴᠡᠯᠡᠨ ᠰᠠᠢ᠌ᠵᠢᠷᠠᠭᠤᠯᠬᠤ ᠦᠷ᠎ᠡ ᠪᠦᠲᠦᠮᠵᠢ ᠲᠡᠢ ᠪᠠᠢᠬᠤ᠎ᠶ᠋ᠢ ᠴᠢᠷᠮᠠᠢᠨ ᠪᠠᠲᠤᠯᠠᠵᠤ᠂ ᠰᠤᠷᠤᠯᠴᠠᠯᠭ᠎ᠠ ᠬᠥᠮᠦᠵᠢᠯ᠎ᠢ ᠲᠠᠰᠤᠷᠠᠯᠳᠠ ᠦᠭᠡᠢ ᠭᠦᠨᠵᠡᠭᠡᠢᠷᠡᠭᠦᠯᠪᠡ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢᠭᠤᠯᠤᠮᠵᠢ ᠣᠷᠣᠨ ᠲᠣᠭ᠎ᠠ᠎ᠶ᠋ᠢᠨ ᠬᠣᠷᠢᠶ᠎ᠠ ᠵᠢᠨ ᠠᠯᠪᠠᠨ ᠬᠡᠷ᠎ᠡᠴᠡ ᠪᠠᠢᠭᠤᠯᠭ᠎ᠠ ᠵᠢᠴᠢ ᠬᠠᠷᠢᠶ᠎ᠠ ᠨᠢᠭᠡᠴᠢ᠎ᠶ᠋ᠢᠨ ᠪᠥᠬᠥ᠌ ᠨᠠᠮ᠎ᠤᠨ ᠭᠡᠱᠢᠭᠦᠨ᠂ ᠺᠠᠳ᠋ᠷ ᠠᠵᠢᠯᠲᠠᠨ ᠠᠵᠢᠯᠴᠢᠨ ᠰᠤᠷᠤᠯᠴᠠᠬᠤ ᠪᠠᠢᠴᠠᠭᠠᠬᠤ ᠴᠡᠭ᠌ᠴᠡᠯᠡᠨ ᠰᠠᠢ᠌ᠵᠢᠷᠠᠭᠤᠯᠬᠤ᠎ᠶ᠋ᠢ ᠨᠢᠭᠡ ᠴᠤᠭ᠍ᠴᠠᠵᠢᠭᠤᠯᠤᠨ ᠠᠬᠢᠭᠤᠯᠵᠤ᠂ ᠰᠤᠷᠲᠠᠯ᠎ᠤᠨ ᠪᠠᠢᠭᠤᠯᠤᠯᠲᠠ᠎ᠶ᠋ᠢ ᠪᠠᠢᠩᠭᠤ ᠠᠳᠭᠤᠨ ᠨᠠᠷᠢᠯᠢᠭ ᠠᠳᠭᠤᠵᠤ ᠣᠷᠳᠣ ᠬᠤᠭᠤᠴᠠᠭ᠎ᠠ᠎ᠪᠠᠷ ᠠᠳᠭᠤᠬᠤ ᠬᠡᠷᠡᠭ᠌ᠲᠡᠶ᠃ ᠥᠷᠭᠡᠨ ᠣᠯᠠᠨ ᠨᠠᠮ᠎ᠤᠨ ᠭᠡᠱᠢᠭᠦᠨ ᠺᠠᠳ᠋ᠷ ᠶᠡᠷᠦᠩᠬᠡᠶ ᠱᠦᠵᠢ ᠰᠢ ᠵᠢᠨ ᠫᠢᠩ᠎ᠦᠨ ᠨᠠᠮ᠎ᠤᠨ ᠰᠤᠷᠲᠠᠯ᠎ᠤᠨ ᠪᠠᠢᠭᠤᠯᠤᠯᠲᠠ᠎ᠶ᠋ᠢ ᠴᠢᠩᠭᠠᠳᠭᠠᠬᠤ ᠲᠤᠬᠠᠶ ᠴᠢᠬᠤᠯᠠ ᠥᠭᠦᠯᠡᠯᠲᠡ᠎ᠶ᠋ᠢᠨ ᠪᠠᠶᠠᠯᠢᠭ ᠠᠭᠤᠯᠬᠤᠨ᠂ ᠭᠤᠤᠯ ᠠᠭᠤᠯᠭ᠎ᠠ ᠪᠠ ᠦᠶ᠋ᠯᠡᠳᠦᠯᠭᠡ᠎ᠶ᠋ᠢᠨ ᠱᠠᠭᠠᠷᠳᠠᠯᠭ᠎ᠠ᠎ᠶ᠋ᠢ ᠭᠦᠨᠵᠡᠭᠡᠶ ᠣᠢᠯᠠᠭᠠᠵᠤ᠂ 《ᠲᠠᠪᠤᠨ ᠶᠡᠬᠡ ᠡᠭᠦᠷᠭᠡ》 ᠪᠠ ᠪᠠᠢᠭᠤᠯᠤᠮᠵᠢ ᠣᠷᠣᠨ ᠲᠣᠭ᠎ᠠ᠎ᠶ᠋ᠢᠨ ᠠᠵᠢᠯ᠎ᠤᠨ ᠪᠣᠳᠠᠲᠤ ᠪᠠᠢᠳᠠᠯ᠎ᠲᠠᠶ ᠤᠶᠠᠯᠳᠤᠭᠤᠯᠤᠨ ᠰᠤᠷᠤᠯᠴᠠᠬᠤ᠎ᠶ᠋ᠢᠨ ᠳᠠᠭᠠᠤ ᠪᠠᠢᠴᠠᠭᠠᠵᠤ᠂ ᠦᠵᠡᠯ ᠰᠠᠨᠠᠭ᠎ᠠ ᠲᠠᠨᠢᠯᠲᠠ ᠬᠦᠷᠦᠯᠴᠡᠬᠦ᠌ ᠥᠬᠡᠶ ᠲᠠᠯ᠎ᠠ᠎ᠪᠠᠨ ᠡᠷᠢᠵᠦ᠍᠂ ᠨᠠᠮᠴᠢ ᠴᠢᠨᠠᠷ ᠰᠤᠷᠲᠠᠯ᠎ᠤᠨ ᠵᠥᠷᠢᠶ᠎ᠡ᠎ᠪᠡᠨ ᠡᠷᠢᠵᠦ᠍᠂ ᠴᠢᠳᠠᠪᠤᠷᠢ ᠬᠡᠪ ᠴᠢᠨᠠᠷ᠎ᠤᠨ ᠳᠤᠲᠠᠭᠤᠳᠠᠯ᠎ᠢᠶᠠᠨ ᠡᠷᠢᠵᠦ᠍᠂ ᠪᠠᠢᠭᠤᠯᠤᠯ ᠲᠣᠭ᠍ᠲᠠᠴᠠ᠎ᠶ᠋ᠢᠨ ᠬᠠᠷᠰᠢ ᠰᠠᠭᠠᠳ᠎ᠢ ᠡᠷᠢᠵᠦ᠍᠂ ᠦᠨᠡᠨ ᠬᠦ᠌ ᠠᠰᠠᠭᠤᠳᠠᠯ᠎ᠢ ᠡᠷᠢᠵᠦ᠍᠂ ᠦᠨᠡᠨ ᠤᠷᠤᠰᠢᠵᠤ ᠪᠠᠢᠭ᠎ᠠ ᠠᠰᠠᠭᠤᠳᠠᠯ᠎ᠢ ᠡᠷᠢᠬᠦ᠌ ᠬᠡᠷᠡᠭ᠌ᠲᠡᠶ᠃ ᠡᠭᠦᠨ᠎ᠦ ᠬᠠᠮᠲᠤ ᠬᠢᠳᠤᠭᠠᠨ ᠢᠷ᠎ᠢ ᠳᠣᠲᠣᠭ᠍ᠰᠢ ᠬᠠᠨᠳᠤᠭᠤᠯᠵᠤ ᠥᠪᠡᠷ᠎ᠦᠨ ᠪᠡᠶ᠎ᠡ᠎ᠳᠡᠭᠡᠨ ᠬᠤᠪᠢᠰᠭᠠᠯ ᠬᠢᠬᠦ᠌ ᠵᠣᠷᠢᠭ ᠰᠠᠨᠠᠭ᠎ᠠ᠎ᠪᠠᠷ ᠴᠡᠭ᠌ᠴᠡᠯᠡᠨ ᠰᠠᠢᠵᠢᠷᠠᠭᠤᠯᠵᠤ ᠳᠡᠭᠡᠭ᠌ᠰᠢᠯᠡᠭᠦᠯᠬᠦ᠌᠎ᠶ᠋ᠢ ᠰᠠᠢᠲᠤᠷ ᠠᠳᠭᠤᠬᠤ ᠬᠡᠷᠡᠭ᠌ᠲᠡᠢ ᠭᠡᠵᠦ᠍ ᠱᠠᠭᠠᠷᠳᠠᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢᠭᠤᠯᠤᠮᠵᠢ ᠣᠷᠣᠨ ᠲᠣᠭ᠎ᠠ᠎ᠶ᠋ᠢᠨ ᠬᠣᠷᠢᠶ᠎ᠠ ᠵᠢᠨ ᠠᠯᠪᠠᠨ ᠬᠡᠷ ᠪᠠᠰᠠ ᠣᠯᠠᠨ ᠲᠦᠮᠡᠨ᠎ᠢ ᠬᠠᠪᠰᠤᠷᠤᠨ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠢᠭ᠎ᠠ ᠠᠰᠠᠭᠤᠳᠠᠯ᠎ᠢ ᠱᠢᠶ᠋ᠳᠪᠦᠷᠢᠯᠡᠵᠦ᠍ ᠥᠭ᠌ᠬᠦ᠎ᠶ᠋ᠢ ᠰᠤᠷᠤᠯᠴᠠᠯᠭ᠎ᠠ ᠬᠥᠮᠦᠵᠢᠯ᠎ᠦᠨ ᠴᠢᠬᠤᠯᠠ ᠠᠭᠤᠯᠭ᠎ᠠ᠎ᠪᠠᠨ ᠪᠣᠯᠭᠠᠵᠤ᠂ ᠰᠠᠨᠠᠭᠠᠴᠢᠯᠠᠭ᠎ᠠ᠎ᠡᠴᠡ ᠪᠠᠨ ᠬᠡᠷ᠎ᠲᠦᠨᠢ ᠬᠦᠷᠴᠦ᠍ ᠦᠶ᠋ᠯᠡᠴᠢᠯᠡᠨ᠂ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠢ ᠰᠠᠢᠲᠤᠷ ᠬᠢᠵᠦ᠍᠂ ᠣᠯᠠᠨ ᠲᠦᠮᠡᠨ᠎ᠳᠦ ᠲᠠᠭᠠᠱᠢᠶᠠᠭ᠍ᠳᠠᠵᠤ᠂ ᠠᠱᠢᠭ ᠬᠦᠷᠲᠡᠭᠡᠪᠡ᠃
ᠥᠪᠡᠷᠲᠡᠭᠡᠨ ᠵᠠᠰᠠᠬᠤ ᠣᠷᠣᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠲᠢᠩᠬᠢᠮ ᠱᠠᠲᠤ ᠬᠤᠪᠢᠶᠠᠨ ᠬᠠᠮᠲᠤ᠎ᠶ᠋ᠢᠨ ᠰᠤᠷᠤᠯᠴᠠᠯᠭ᠎ᠠ᠎ᠶ᠋ᠢ ᠵᠣᠬᠢᠶᠠᠨ ᠪᠠᠢᠭᠤᠯᠵᠤ᠂ ᠲᠢᠩᠬᠢᠮ᠎ᠦᠨ ᠨᠠᠮ᠎ᠤᠨ ᠤᠳᠤᠷᠢᠳᠭᠤ ᠳᠤᠭᠤᠢᠯᠠᠩ᠎ᠤᠨ ᠣᠨᠣᠯ ᠰᠤᠷᠤᠯᠴᠠᠬᠤ ᠭᠤᠤᠯ ᠳᠤᠭᠤᠢᠯᠠᠩ ᠨᠣᠮ ᠤᠩᠱᠢᠬᠤ ᠠᠩᠭᠢ᠎ᠶ᠋ᠢ 1 ᠬᠤᠭᠤᠴᠠᠭ᠎ᠠ ᠡᠷᠭᠢᠯᠡᠵᠦ᠍᠂ 1 ᠤᠳᠠᠭ᠎ᠠ ᠰᠤᠷᠤᠯᠴᠠᠨ ᠰᠤᠳᠤᠯᠤᠨ ᠶᠠᠷᠢᠯᠴᠠᠵᠦ᠍᠂ ᠲᠢᠩᠬᠢᠮ᠎ᠦᠨ ᠬᠠᠷᠢᠶ᠎ᠠ ᠡᠯ᠎ᠡ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ 159 ᠤᠳᠠᠭ᠎ᠠ ᠲᠥᠪᠯᠡᠷᠡᠭᠦᠯᠦᠨ ᠰᠤᠷᠤᠯᠴᠠᠵᠤ᠂ 65 ᠤᠳᠠᠭ᠎ᠠ ᠰᠤᠳᠤᠯᠤᠨ ᠶᠠᠷᠢᠯᠴᠠᠵᠤ ᠰᠣᠯᠢᠯᠴᠠᠬᠤ ᠵᠢᠴᠢ ᠭᠤᠤᠯ ᠰᠡᠳᠦᠪᠲᠦ ᠨᠠᠮ᠎ᠤᠨ ᠡᠳᠦᠷ᠎ᠦᠨ ᠠᠵᠢᠯᠯᠠᠭ᠎ᠠ᠎ᠶ᠋ᠢ 41 ᠤᠳᠠᠭ᠎ᠠ ᠥᠷᠨᠢᠭᠦᠯᠦᠭ᠌ᠰᠡᠨ ᠪᠥᠭᠡᠳ ᠵᠠᠯᠠᠭᠤ ᠺᠠᠳ᠋ᠷᠴᠤᠳ᠎ᠤᠨ ᠰᠤᠷᠤᠯᠴᠠᠯᠭ᠎ᠠ ᠬᠥᠮᠦᠵᠢᠯ᠎ᠢ ᠭᠤᠤᠯᠳᠠᠯᠭ᠎ᠠ᠎ᠲᠠᠶ ᠴᠢᠩᠭᠠᠳᠭᠠᠵᠤ᠂ ᠵᠠᠯᠠᠭᠤ ᠺᠠᠳ᠋ᠷᠴᠤᠳ᠎ᠤᠨ ᠲᠤᠰᠭᠠᠶ ᠰᠡᠳᠦᠪᠲᠦ ᠨᠣᠮ ᠤᠩᠱᠢᠬᠤ ᠠᠩᠭᠢ᠂ ᠵᠠᠯᠠᠭᠤᠴᠤᠳ᠎ᠤᠨ ᠣᠨᠣᠯ ᠰᠤᠷᠤᠯᠴᠠᠬᠤ ᠳᠤᠭᠤᠢᠯᠠᠩ᠎ᠢ ᠲᠥᠪᠯᠡᠷᠡᠭᠦᠯᠦᠨ ᠰᠤᠷᠤᠯᠴᠠᠬᠤ ᠪᠠ ᠭᠦᠨᠵᠡᠭᠡᠶ ᠰᠤᠳᠤᠯᠤᠨ ᠶᠠᠷᠢᠯᠴᠠᠵᠤ᠂ ᠰᠤᠷᠤᠯᠴᠠᠯᠭ᠎ᠠ ᠴᠢᠨᠠᠷ ᠰᠠᠢᠲᠠᠢ ᠪᠠᠢᠬᠤ᠎ᠶ᠋ᠢ ᠦᠨᠡᠨ ᠬᠦ᠌ ᠪᠠᠲᠤᠯᠠᠪᠠ; ᠲᠢᠩᠬᠢᠮ᠎ᠦᠨ ᠨᠠᠮ᠎ᠤᠨ ᠤᠳᠤᠷᠢᠳᠭᠤ ᠳᠤᠭᠤᠢᠯᠠᠩ ᠵᠢᠴᠢ ᠤᠳᠤᠷᠢᠳᠭᠤ ᠪᠠᠭ᠎ᠤᠨ ᠪᠦᠷᠢᠯᠳᠦᠬᠦᠨ ᠪᠡᠶ᠎ᠡ᠎ᠪᠡᠷ᠎ᠢᠶᠡᠨ ᠬᠡᠪ ᠲᠦᠷᠢᠮ ᠪᠣᠯᠵᠣ᠂ ᠪᠣᠳᠠᠲᠤ ᠪᠠᠢᠳᠠᠯ᠎ᠲᠠᠶ᠎ᠪᠠᠨ ᠨᠢᠭ᠍ᠲᠠ ᠤᠶᠠᠯᠳᠤᠭᠤᠯᠤᠨ ᠲᠦᠷᠦᠭᠦᠯᠡᠨ ᠠᠰᠠᠭᠤᠳᠠᠯ᠎ᠢ ᠪᠠᠢᠴᠠᠭᠠᠨ ᠳᠡᠯᠭᠡᠵᠦ᠍᠂ ᠡᠯ᠎ᠡ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠂ ᠤᠳᠤᠷᠢᠳᠭᠤ ᠺᠠᠳ᠋ᠷ᠂ ᠨᠠᠮ᠎ᠤᠨ ᠭᠡᠱᠢᠭᠦᠨ᠎ᠢ ᠬᠥᠲᠥᠯᠥᠨ ᠳᠠᠭᠠᠭᠤᠯᠵᠤ ᠪᠠᠢᠭᠠᠳ 《ᠱᠢᠭ᠌ᠰᠢᠨ ᠪᠠᠢᠴᠠᠭᠠᠬᠤ》 ᠮᠠᠶᠢᠭ᠎ᠤᠨ ᠠᠰᠠᠭᠤᠳᠠᠯ᠎ᠢ ᠪᠠᠢᠴᠠᠭᠠᠨ ᠳᠡᠯᠭᠡᠵᠦ᠍᠂ ᠪᠠᠢᠴᠠᠭᠠᠯᠲᠠ᠎ᠶ᠋ᠢᠨ ᠡᠷᠴᠢᠮᠲᠡᠶ ᠪᠠᠢᠬᠤ᠎ᠶ᠋ᠢ ᠦᠨᠡᠨ ᠬᠦ᠌ ᠪᠠᠲᠤᠯᠠᠪᠠ; ᠲᠣᠰ ᠲᠢᠩᠬᠢᠮ ᠰᠤᠷᠤᠯᠴᠠᠯᠭ᠎ᠠ ᠬᠥᠮᠦᠵᠢᠯ ᠥᠷᠨᠢᠭᠦᠯᠬᠦ᠌᠎ᠶ᠋ᠢ ᠬᠡᠯᠪᠡᠷᠢᠴᠢ ᠦᠵᠡᠯ᠎ᠢ ᠴᠡᠭ᠌ᠴᠡᠯᠡᠨ ᠵᠠᠰᠠᠵᠤ ᠦᠨᠳᠦᠰᠦᠨ ᠱᠠᠲᠤᠨ᠎ᠤ ᠳᠠᠷᠤᠭᠠᠰᠤ᠎ᠶ᠋ᠢ ᠬᠥᠩᠭᠡᠷᠡᠭᠦᠯᠬᠦ᠌᠂ ᠣᠯᠠᠨ ᠲᠦᠮᠡᠨ᠎ᠦ ᠳᠡᠷᠭᠡᠳᠡᠬᠢ ᠲᠥᠪ ᠪᠤᠰᠤ ᠰᠤᠷᠲᠠᠯ ᠪᠠ ᠢᠯᠵᠢᠷᠠᠯ᠎ᠤᠨ ᠠᠰᠠᠭᠤᠳᠠᠯ᠎ᠢ ᠴᠡᠭ᠌ᠴᠡᠯᠡᠨ ᠵᠠᠰᠠᠬᠤ ᠵᠡᠷᠭᠡ᠎ᠲᠡᠶ ᠨᠢᠭᠡᠳᠦᠯᠲᠡᠶ ᠲᠥᠯᠥᠪᠵᠢᠭᠦᠯᠵᠦ᠍᠂ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠬᠦᠷᠢᠶᠡᠨ᠎ᠳᠡᠬᠢ ᠣᠯᠠᠨ ᠲᠦᠮᠡᠨ᠎ᠦ ᠲᠤᠰᠭᠠᠯ ᠶᠡᠬᠡᠲᠡᠶ ᠲᠣᠪᠣᠢᠮ᠎ᠠ ᠠᠰᠠᠭᠤᠳᠠᠯ᠎ᠢ ᠲᠥᠪᠯᠡᠷᠡᠭᠦᠯᠦᠨ ᠴᠡᠭ᠌ᠴᠡᠯᠡᠨ ᠵᠠᠰᠠᠬᠤ ᠬᠡᠪᠴᠢᠶᠡᠨ᠎ᠳᠦ ᠣᠷᠣᠭᠤᠯᠵᠤ᠂ ᠴᠡᠭ᠌ᠴᠡᠯᠡᠨ ᠵᠠᠰᠠᠬᠤ ᠠᠷᠭ᠎ᠠ ᠬᠡᠮᠵᠢᠶ᠎ᠡ᠎ᠶ᠋ᠢ ᠵᠦᠶ᠋ᠯ ᠵᠤᠷᠪᠤᠰ ᠳᠠᠷᠠᠭᠠᠯᠠᠨ ᠲᠣᠳᠣᠷᠬᠠᠢᠯᠠᠵᠤ᠂ ᠴᠡᠭ᠌ᠴᠡᠯᠡᠨ ᠵᠠᠰᠠᠬᠤ ᠠᠵᠢᠯ᠎ᠤᠨ ᠪᠣᠳᠠᠲᠤ ᠦᠷ᠎ᠡ ᠪᠦᠲᠦᠮᠵᠢ ᠤᠯᠬᠤ᠎ᠶ᠋ᠢ ᠦᠨᠡᠨ ᠬᠦ᠌ ᠪᠠᠲᠤᠯᠠᠪᠠ᠃
ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠲᠢᠩᠬᠢᠮ ᠰᠤᠷᠤᠯᠴᠠᠬᠤ ᠲᠤᠮᠳᠠ ᠤᠬᠠᠭᠠᠷᠠᠬᠤ᠎ᠶ᠋ᠢ ᠪᠠᠷᠢᠮᠲᠠᠯᠠᠵᠤ᠂ ᠪᠠᠢᠴᠠᠭᠠᠬᠤ᠎ᠵᠢ ᠪᠣᠳᠠᠲᠠᠶ ᠨᠠᠢᠳᠠᠪᠤᠷᠢᠵᠢᠭᠤᠯᠵᠤ᠂ ᠴᠡᠭᠴᠡᠯᠡᠨ ᠰᠠᠢᠵᠢᠷᠠᠭᠤᠯᠬᠤ ᠳ᠋ᠤ ᠦᠨᠡᠨ ᠬᠦ᠌ ᠠᠷᠭ᠎ᠠ ᠬᠡᠮᠵᠢᠶ᠎ᠡ ᠠᠪᠴᠤ᠌᠂ ᠠᠵᠢᠯᠯᠠᠬᠤ᠎ᠳᠤ ᠪᠣᠳᠠᠲᠤ ᠦᠷ᠎ᠡ ᠪᠦᠲᠦᠮᠵᠢ ᠣᠯᠵᠤ᠂ ᠰᠤᠷᠤᠯᠴᠠᠬᠤ ᠪᠠᠢᠴᠠᠭᠠᠬᠤ ᠴᠡᠭ᠌ᠴᠡᠯᠡᠨ ᠰᠠᠢ᠌ᠵᠢᠷᠠᠭᠤᠯᠬᠤ ᠶ᠋ᠢ ᠨᠢᠭᠡ ᠴᠣᠭ᠍ᠴᠠᠵᠢᠭᠤᠯᠤᠨ ᠠᠬᠢᠭᠤᠯᠬᠤ ᠵᠢ ᠪᠠᠷᠢᠮᠳᠠᠯᠠᠪᠠ᠃ ᠲᠤᠰ ᠲᠢᠩᠬᠢᠮ᠎ᠦᠨ ᠡᠯ᠎ᠡ ᠨᠠᠮ᠎ᠤᠨ ᠡᠭᠦᠷ 《ᠰᠢ ᠵᠢᠨ ᠫᠢᠩ᠎ᠦᠨ ᠨᠠᠮ᠎ᠤᠨ ᠰᠤᠷᠲᠠᠯ᠎ᠤᠨ ᠪᠠᠢᠭᠤᠯᠤᠯᠲᠠ᠎ᠶ᠋ᠢ ᠴᠢᠩᠭᠠᠳᠭᠠᠬᠤ ᠲᠤᠬᠠᠢ ᠥᠭᠦᠯᠡᠯᠲᠡ᠎ᠶ᠋ᠢᠨ ᠲᠣᠪᠴᠢᠯᠠᠯ》 ᠤ᠋ᠨ ᠲᠤᠰᠭᠠᠢ ᠰᠡᠳᠦᠪᠲᠦ ᠰᠤᠷᠤᠯᠴᠠᠯᠭ᠎ᠠ ᠰᠤᠳᠤᠯᠤᠨ ᠶᠠᠷᠢᠯᠴᠠᠭ᠎ᠠ᠎ᠶ᠋ᠢ ᠭᠦᠨᠵᠡᠭᠡᠢ ᠥᠷᠨᠢᠭᠦᠯᠵᠦ᠍᠂ ᠪᠦᠯᠦᠭ ᠳᠠᠷᠠᠭᠠᠯᠠᠨ ᠭᠦᠨᠵᠡᠭᠡᠢ ᠰᠤᠳᠤᠯᠤᠨ ᠤᠩᠱᠢᠵᠤ᠂ ᠤᠭ ᠵᠣᠬᠢᠶᠠᠯ᠎ᠢ ᠨᠠᠷᠢᠯᠢᠭ ᠰᠤᠳᠤᠯᠤᠨ ᠲᠠᠨᠢᠯᠲᠠ᠎ᠪᠠᠨ ᠭᠦᠨᠵᠡᠭᠡᠢᠷᠡᠭᠦᠯᠵᠦ᠍᠂ ᠰᠡᠳᠭᠢᠯ᠎ᠢᠶᠡᠨ ᠠᠭᠤᠵᠢᠷᠠᠲᠠᠯ᠎ᠠ ᠶᠠᠷᠢᠯᠴᠠᠬᠤ ᠳᠤᠮᠳᠠ ᠬᠠᠮᠲᠤ᠎ᠶ᠋ᠢᠨ ᠲᠠᠨᠢᠯᠲᠠ᠎ᠪᠠᠨ ᠨᠡᠮᠡᠭ᠌ᠳᠡᠭᠦᠯᠪᠡ᠃ ᠡᠭᠦᠨ᠎ᠦ ᠬᠠᠮᠲᠤ᠂ ᠲᠢᠩᠬᠢᠮ᠎ᠦᠨ ᠨᠠᠮ᠎ᠤᠨ ᠬᠣᠷᠢᠶ᠎ᠠ ᠲᠦᠷᠦᠭᠦᠯᠡᠨ ᠥᠪᠡᠷ᠎ᠦᠨ ᠪᠡᠶ᠎ᠡ᠎ᠳᠡᠭᠡᠨ ᠲᠤᠢᠯᠪᠤᠷᠢᠲᠠᠶ ᠬᠤᠪᠢᠰᠭᠠᠯ ᠬᠢᠬᠦ᠌ ᠵᠣᠷᠢᠭ ᠰᠠᠨᠠᠭ᠎ᠠ᠎ᠶ᠋ᠢ ᠪᠠᠳᠠᠷᠠᠭᠤᠯᠵᠤ᠂ ᠠᠰᠠᠭᠤᠳᠠᠯ᠎ᠢ ᠪᠠᠢᠴᠠᠭᠠᠨ ᠳᠡᠯᠭᠡᠬᠦ᠌ ᠦᠶ᠎ᠡ᠎ᠳᠦ ᠥᠪᠡᠷ᠎ᠢ᠎ᠪᠡᠨ ᠵᠢᠭ᠍ᠰᠠᠭᠠᠨ ᠣᠷᠣᠭᠤᠯᠵᠤ᠂ ᠭᠦᠨᠵᠡᠭᠡᠶ ᠪᠠᠢᠴᠠᠭᠠᠨ ᠦᠵᠡᠵᠦ᠍᠂ ᠬᠦᠷᠦᠯᠴᠡᠬᠦ᠌ ᠥᠬᠡᠶ ᠲᠠᠯ᠎ᠠ᠎ᠪᠠᠨ ᠡᠷᠢᠵᠦ᠍᠂ ᠡᠷᠲᠡ ᠵᠠᠯᠠᠷᠠᠭᠤᠯᠵᠤ᠂ ᠣᠨᠣᠪᠴᠢᠲᠠᠶ ᠰᠠᠢᠵᠢᠷᠠᠭᠤᠯᠵᠤ᠂ ᠪᠣᠳᠠᠲᠠᠶ᠎ᠳᠤ ᠨᠠᠢᠳᠠᠪᠤᠷᠢᠵᠢᠭᠤᠯᠬᠤ᠎ᠶ᠋ᠢ ᠦᠨᠡᠨ ᠬᠦ᠌ ᠪᠠᠲᠤᠯᠠᠪᠠ᠃ ᠪᠠᠢᠴᠠᠭᠠᠬᠤ ᠪᠠ ᠴᠡᠭ᠌ᠴᠡᠯᠡᠨ ᠰᠠᠢᠵᠢᠷᠠᠭᠤᠯᠬᠤ᠎ᠶ᠋ᠢ ᠭᠦᠨᠵᠡᠭᠡᠶ ᠠᠭᠤᠰᠤᠯᠴᠠᠭᠤᠯᠵᠤ᠂ ᠨᠢᠭᠡ ᠴᠣᠭ᠍ᠴᠠᠵᠢᠭᠤᠯᠤᠨ ᠨᠡᠪᠲᠡᠷᠡᠯᠴᠡᠭᠦᠯᠵᠦ᠍᠂ ᠶᠠᠮᠠᠷ ᠠᠰᠠᠭᠤᠳᠠᠯ ᠪᠠᠢᠪᠠᠯ ᠲᠡᠷᠡ ᠠᠰᠠᠭᠤᠳᠠᠯ᠎ᠢ ᠱᠢᠶ᠋ᠳᠪᠦᠷᠢᠯᠡᠵᠦ᠍᠂ ᠶᠠᠮᠠᠷ ᠠᠰᠠᠭᠤᠳᠠᠯ ᠲᠣᠪᠣᠢᠮ᠎ᠠ ᠪᠠᠢᠪᠠᠯ ᠲᠡᠷᠡ ᠠᠰᠠᠭᠤᠳᠠᠯ᠎ᠢ ᠭᠤᠤᠯᠳᠠᠯᠭ᠎ᠠ᠎ᠲᠠᠶ ᠱᠢᠶ᠋ᠳᠪᠦᠷᠢᠯᠡᠵᠦ᠍᠂ ᠠᠰᠠᠭᠤᠳᠠᠯ᠎ᠢ ᠪᠢᠲᠡᠭᠦᠮᠵᠢᠯᠡᠭ᠌ᠰᠡᠨ ᠮᠠᠶᠢᠭ᠎ᠢᠶᠠᠷ᠂ ᠨᠠᠷᠢᠨ ᠲᠠᠩᠰᠠᠴᠢᠯᠠᠨ ᠴᠡᠭ᠌ᠴᠡᠯᠡᠨ ᠰᠠᠢᠵᠢᠷᠠᠭᠤᠯᠬᠤ᠎ᠶ᠋ᠢ ᠪᠠᠷᠢᠮᠲᠠᠯᠠᠪᠠ᠃ ᠲᠤᠰ ᠲᠢᠩᠬᠢᠮ ᠪᠠᠰᠠ ᠰᠤᠷᠤᠯᠴᠠᠯᠭ᠎ᠠ ᠬᠥᠮᠦᠵᠢᠯ ᠥᠷᠨᠢᠭᠦᠯᠬᠦ᠌᠎ᠶ᠋ᠢ 《ᠳᠠᠷᠤᠭᠠᠰᠤ᠎ᠶ᠋ᠢ ᠬᠥᠩᠭᠡᠷᠡᠭᠦᠯᠬᠦ᠌᠂ ᠬᠦᠴᠦᠨ ᠣᠯᠭᠣᠬᠤ᠂ ᠬᠦᠴᠢᠷᠳᠡᠯ᠎ᠢ ᠱᠢᠢᠳᠪᠦᠷᠢᠯᠡᠬᠦ᠌᠂ ᠴᠡᠭ᠌ᠴᠡᠯᠡᠨ ᠰᠠᠢᠵᠢᠷᠠᠭᠤᠯᠬᠤ᠂ ᠱᠠᠯᠠᠪᠳᠠᠭᠤᠯᠬᠤ》 ᠵᠡᠷᠭᠡ ᠠᠵᠢᠯ᠎ᠲᠠᠶ ᠨᠢᠭᠡᠳᠦᠯᠲᠡᠢ ᠲᠥᠯᠥᠪᠵᠢᠭᠦᠯᠵᠦ᠍᠂ ᠪᠠᠲᠤ ᠴᠢᠩᠭ᠎ᠠ ᠰᠤᠷᠲᠠᠯ᠎ᠢᠶᠠᠷ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠡᠯ᠎ᠡ ᠵᠦᠢᠯ᠎ᠦᠨ ᠠᠵᠢᠯ᠎ᠤᠨ ᠱᠢᠨ᠎ᠡ ᠪᠠᠢᠳᠠᠯ᠎ᠢ ᠡᠭᠦᠳᠴᠡᠢ᠃
ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠎ᠨᠢ ᠦᠨᠳᠦᠷ ᠪᠠᠷᠢᠮᠵᠢᠶ᠎ᠠ᠎ᠪᠠᠷ ᠠᠬᠢᠭᠤᠯᠬᠤ᠎ᠶ᠋ᠢ ᠪᠠᠷᠢᠮᠲᠠᠯᠠᠵᠤ᠂ ᠰᠤᠷᠤᠯᠴᠠᠬᠤ ᠪᠠᠢᠴᠠᠭᠠᠬᠤ ᠴᠡᠭ᠌ᠴᠡᠯᠡᠨ ᠰᠠᠢ᠌ᠵᠢᠷᠠᠭᠤᠯᠬᠤ᠎ᠶ᠋ᠢ ᠨᠢᠭᠡ ᠴᠣᠠᠠᠴᠠᠵᠢᠭᠤᠯᠥᠨ ᠠᠬᠢᠭᠤᠯᠵᠤ᠂ ᠰᠤᠷᠤᠯᠴᠠᠯᠭ᠎ᠠ ᠬᠥᠮᠦᠵᠢᠯ᠎ᠢ ᠲᠠᠷᠢᠬᠢᠨ᠎ᠳᠠᠭᠠᠨ ᠰᠠᠭᠤᠬᠳᠠᠭᠤᠯᠵᠤ ᠰᠡᠳᠭᠢᠯ᠎ᠳᠡᠭᠡᠨ ᠬᠠᠳᠠᠩᠱᠢᠭᠤᠯᠵᠤ᠂ ᠪᠣᠳᠠᠲᠤ ᠦᠷ᠎ᠡ ᠪᠦᠲᠦᠮᠵᠢ ᠤᠯᠬᠤ᠎ᠶ᠋ᠢ ᠠᠬᠢᠭᠤᠯᠪᠠ᠃ ᠰᠤᠷᠤᠯᠴᠠᠯᠭ᠎ᠠ᠎ᠶ᠋ᠢ ᠠᠳᠭᠤᠬᠤ᠎ᠶ᠋ᠢ ᠢᠮᠠᠭ᠍ᠲᠠ ᠪᠠᠷᠢᠮᠲᠠᠯᠠᠵᠤ᠂ 《ᠨᠠᠷᠢᠨ ᠲᠠᠩᠰᠠ ᠭᠠᠷᠭᠠᠬᠤ》 ᠬᠡᠯᠪᠡᠷᠢ᠎ᠪᠡᠷ᠂ ᠰᠠᠷ᠎ᠠ᠎ᠪᠠᠷ ᠨᠠᠷᠢᠨ ᠨᠢᠮᠪᠠᠢ ᠰᠤᠷᠤᠯᠴᠠᠬᠤ ᠲᠥᠯᠥᠪᠯᠡᠭᠡ ᠲᠣᠭ᠍ᠲᠠᠭᠠᠵᠤ᠂ ᠡᠯ᠎ᠡ ᠨᠠᠮ᠎ᠤᠨ ᠡᠭᠦᠷ᠎ᠦᠨ ᠤᠨᠤᠯ᠎ᠤᠨ ᠰᠤᠷᠤᠯᠴᠠᠯᠭ᠎ᠠ ᠥᠷᠨᠢᠭᠦᠯᠬᠦ᠌᠎ᠵᠢ ᠵᠢᠯᠤᠭᠤᠳᠤᠨ᠂ ᠲᠤᠰᠭᠠᠢ ᠮᠡᠷᠭᠡᠵᠢᠯᠲᠡᠨ᠎ᠦ ᠬᠠᠪᠰᠤᠷᠤᠨ ᠵᠢᠯᠣᠭᠣᠳᠭᠤ ᠲᠠᠢᠯᠤᠮᠵᠢ ᠬᠢᠬᠦ᠌ ᠵᠡᠷᠭᠡ ᠬᠡᠯᠪᠡᠷᠢ᠎ᠪᠡᠷ ᠳᠠᠮᠵᠢᠨ᠂ ᠨᠠᠮ᠎ᠤᠨ ᠭᠡᠱᠢᠭᠦᠨ ᠺᠠᠳ᠋ᠷ᠎ᠢ ᠵᠣᠬᠢᠶᠠᠨ ᠪᠠᠢᠭᠤᠯᠵᠤ ᠶᠡᠷᠦᠩᠬᠡᠢ ᠱᠦᠵᠢ ᠰᠢ ᠵᠢᠨ ᠫᠢᠩ᠎ᠦᠨ ᠨᠠᠮ᠎ᠤᠨ ᠰᠤᠷᠲᠠᠯ᠎ᠤᠨ ᠪᠠᠢᠭᠤᠯᠤᠯᠲᠠ᠎ᠶ᠋ᠢ ᠴᠢᠩᠭᠠᠳᠭᠠᠬᠤ ᠲᠤᠬᠠᠢ ᠴᠢᠬᠤᠯᠠ ᠥᠭᠦᠯᠡᠯᠲᠡ ᠪᠣᠯᠤᠨ ᠲᠥᠪ᠎ᠦᠨ ᠨᠠᠢ᠍ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠨᠠᠷᠢᠨ ᠣᠢᠯᠠᠭᠠᠪᠠ᠃ ᠴᠡᠭ᠌ᠴᠡᠯᠡᠨ ᠰᠠᠢᠵᠢᠷᠠᠭᠤᠯᠬᠤ᠎ᠶ᠋ᠢ ᠥᠴᠦᠬᠡᠨ ᠴᠦ᠍ ᠣᠰᠣᠯᠳᠠᠬᠤ ᠥᠬᠡᠶ ᠠᠳᠭᠤᠵᠤ᠂ ᠠᠯᠪᠠᠨ᠎ᠤ ᠰᠦᠯᠵᠢᠶᠡᠨ ᠦᠷᠲᠡᠭᠡ ᠳᠡᠭᠡᠷ᠎ᠡ ᠡᠯ᠎ᠡ ᠠᠢᠮᠠᠭ ᠬᠣᠲᠠ᠎ᠶ᠋ᠢᠨ ᠬᠤᠳᠠᠯᠳᠤᠭᠠᠨ᠎ᠤ ᠶᠠᠪᠤᠳᠠᠯ᠎ᠤᠨ ᠰᠠᠯᠠᠭ᠎ᠠ ᠮᠥᠴᠢᠷ᠂ ᠨᠡᠢᠭᠡᠮ᠎ᠦᠨ ᠡᠯ᠎ᠡ ᠡᠲᠡᠭᠡᠳ᠎ᠡᠴᠡ ᠰᠠᠨᠠᠯ ᠰᠠᠨᠠᠭᠤᠯᠭ᠎ᠠ ᠬᠤᠷᠢᠶᠠᠵᠤ᠂ ᠲᠢᠩᠬᠢᠮ᠎ᠦᠨ ᠭᠤᠤᠯ ᠤᠳᠤᠷᠢᠳᠤᠯᠭ᠎ᠠ ᠲᠦᠷᠦᠭᠦᠯᠡᠨ᠂ 《ᠬᠣᠶᠠᠷ ᠨᠠᠷᠢᠨ ᠲᠠᠩᠰᠠ》 ᠪᠠᠷ ᠪᠠᠷᠢᠮᠵᠢᠶᠠᠯᠠᠨ ᠬᠠᠷᠭᠤᠭᠤᠯᠵᠤ ᠠᠰᠠᠭᠤᠳᠠᠯ᠎ᠢ ᠪᠠᠢᠴᠠᠭᠠᠨ ᠳᠡᠯᠭᠡᠵᠦ᠍᠂ ᠠᠵᠢᠯ᠎ᠤᠨ ᠠᠷᠭ᠎ᠠ ᠬᠡᠮᠵᠢᠶ᠎ᠡ᠎ᠪᠡᠨ ᠲᠣᠳᠣᠷᠬᠠᠢᠯᠠᠨ᠂ ᠠᠰᠠᠭᠤᠳᠠᠯ᠎ᠢ ᠱᠢᠶ᠋ᠳᠪᠦᠷᠢᠯᠡᠬᠦ᠌᠎ᠶ᠋ᠢ ᠠᠬᠢᠭᠤᠯᠪᠠ᠃ ᠰᠤᠷᠲᠠᠯ᠎ᠢ ᠴᠢᠩᠭ᠎ᠠ ᠠᠳᠭᠤᠵᠤ᠂ ᠪᠤᠲᠠᠲᠠᠢ᠎ᠵᠢ ᠡᠷᠬᠢᠮᠯᠡᠬᠦ ᠲᠦᠪ ᠴᠢᠨᠭᠭ᠎ᠠ ᠰᠤᠷᠲᠠᠯ᠎ᠢᠶᠠᠷ ᠬᠤᠳᠠᠯᠳᠤᠭᠠᠨ᠎ᠤ ᠶᠠᠪᠤᠳᠠᠯ᠎ᠤᠨ ᠠᠵᠢᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠪᠠ᠃ ᠰᠤᠷᠤᠯᠴᠠᠯᠭ᠎ᠠ ᠬᠥᠮᠦᠵᠢᠯ ᠥᠷᠨᠢᠭᠦᠯᠬᠦ᠌᠎ᠶ᠋ᠢ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠶ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠲᠤᠭᠤᠱᠢᠯᠠᠭᠤᠯᠬᠤ ᠲᠠᠶ ᠤᠶᠠᠯᠳᠤᠭᠤᠯᠵᠤ᠂ ᠬᠤᠳᠠᠯᠳᠤᠭᠠᠨ᠎ᠤ ᠶᠠᠪᠤᠳᠠᠯ᠎ᠤᠨ ᠠᠵᠢᠯ᠎ᠲᠠᠢ ᠵᠡᠷᠭᠡ᠎ᠪᠡᠷ ᠠᠳᠭᠤᠬᠤ᠂ ᠬᠣᠶᠠᠷ᠎ᠢ ᠥᠯᠥ᠍ ᠰᠠᠭᠠᠲᠠᠭᠠᠬᠤ᠂ ᠬᠣᠶᠠᠷ᠎ᠢ ᠠᠬᠢᠭᠤᠯᠬᠤ᠎ᠶ᠋ᠢ ᠪᠡᠶᠡᠯᠡᠭᠦᠯᠵᠦ᠍᠂ ᠰᠤᠷᠲᠠᠯ᠎ᠢ ᠠᠳᠭᠤᠨ ᠠᠵᠢᠯ᠎ᠢ ᠠᠬᠢᠭᠤᠯᠬᠤ᠂ ᠠᠵᠢᠯ᠎ᠢ ᠠᠳᠭᠤᠨ ᠰᠤᠷᠲᠠᠯ᠎ᠢ ᠴᠢᠩᠭᠠᠷᠠᠭᠤᠯᠬᠤ ᠰᠠᠢᠨ ᠣᠷᠴᠢᠯ᠎ᠢ ᠪᠦᠷᠢᠯᠳᠦᠭᠦᠯᠪᠡ᠃
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ᠎ᠶ᠋ᠢᠨ ᠱᠢᠭᠦᠬᠦ᠌ ᠬᠣᠷᠢᠶ᠎ᠠ ᠰᠤᠷᠤᠯᠴᠠᠬᠤ ᠪᠠᠢᠴᠠᠭᠠᠬᠤ ᠴᠡᠭ᠌ᠴᠡᠯᠡᠨ ᠰᠠᠢ᠌ᠵᠢᠷᠠᠭᠤᠯᠬᠤ᠎ᠶ᠋ᠢ ᠨᠢᠭᠡ ᠴᠣᠭ᠍ᠴᠠᠵᠢᠭᠤᠯᠤᠨ ᠠᠬᠢᠭᠤᠯᠵᠤ᠂ ᠣᠯᠠᠨ ᠵᠦᠶ᠋ᠯ᠎ᠦᠨ ᠪᠣᠳᠠᠲᠠᠶ᠎ᠶ᠋ᠢ ᠡᠷᠬᠢᠮᠯᠡᠭ᠌ᠰᠡᠨ ᠠᠷᠭ᠎ᠠ ᠬᠡᠮᠵᠢᠶ᠎ᠡ᠎ᠪᠡᠷ ᠳᠠᠮᠵᠢᠨ ᠰᠤᠷᠤᠯᠴᠠᠬᠤ ᠪᠠᠢᠴᠠᠭᠠᠬᠤ ᠴᠡᠭ᠌ᠴᠡᠯᠡᠨ ᠰᠠᠢ᠌ᠵᠢᠷᠠᠭᠤᠯᠬᠤ᠎ᠵᠢᠨ ᠭᠣᠭ᠍ᠴᠣᠭ᠎ᠠ ᠨᠢᠭᠡᠪᠦᠷᠢ᠎ᠶ᠋ᠢ ᠴᠥᠮ ᠨᠠᠮᠴᠢ ᠴᠢᠨᠠᠷ᠎ᠢ ᠪᠣᠯᠪᠠᠰᠤᠷᠠᠭᠤᠯᠬᠤ᠂ ᠰᠤᠷᠲᠠᠯ᠎ᠢ ᠪᠣᠯᠪᠠᠰᠤᠷᠠᠭᠤᠯᠬᠤ ᠦᠶ᠋ᠯᠡᠳᠦᠯᠭᠡ᠎ᠶ᠋ᠢᠨ ᠬᠢᠴᠢᠶᠡᠯ᠎ᠦᠨ ᠲᠠᠩᠬᠢᠮ ᠪᠣᠯᠭᠠᠪᠠ᠃ ᠲᠣᠰ ᠬᠤᠷᠢᠶ᠎ᠠ ᠣᠨᠣᠯ ᠰᠤᠷᠤᠯᠴᠠᠬᠤ ᠭᠤᠤᠯ ᠳᠤᠭᠤᠢᠯᠠᠩ᠎ᠤᠨ ᠳᠠᠭᠠᠭᠤᠯᠤᠨ ᠰᠤᠷᠤᠯᠴᠠᠬᠤ᠂ ᠨᠠᠮ᠎ᠤᠨ ᠡᠭᠦᠷ᠎ᠦᠨ ᠠᠬᠢᠭᠤᠯᠤᠨ ᠰᠤᠷᠤᠯᠴᠠᠬᠤ᠂ ᠲᠤᠰᠭᠠᠶ ᠮᠡᠷᠭᠡᠵᠢᠯᠲᠡᠨ ᠬᠠᠪᠰᠤᠷᠤᠨ ᠵᠢᠯᠣᠭᠣᠳᠴᠤ᠌ ᠰᠤᠳᠤᠯᠤᠨ ᠰᠤᠷᠤᠯᠴᠠᠬᠤ᠂ ᠰᠡᠷᠡᠮᠵᠢᠯᠡᠭᠦᠯᠬᠦ᠌ ᠬᠥᠮᠦᠵᠢᠯ᠎ᠦᠨ ᠭᠦᠨᠵᠡᠭᠡᠶ ᠰᠤᠷᠤᠯᠴᠠᠬᠤ᠂ ᠬᠤᠪᠢ ᠬᠥᠮᠦᠨ ᠰᠠᠨᠠᠭᠠᠴᠢᠯᠠᠭ᠎ᠠ᠎ᠡᠴᠡ᠎ᠪᠠᠨ ᠥᠪᠡᠰᠦᠪᠡᠨ ᠰᠤᠷᠤᠯᠴᠠᠬᠤ 《ᠲᠠᠪᠤᠨ ᠲᠠᠯ᠎ᠠ ᠪᠡᠷ ᠰᠤᠷᠤᠯᠴᠠᠵᠤ ᠬᠣᠯᠪᠣᠭᠠᠯᠠᠨ ᠬᠥᠳᠡᠯᠦᠯᠴᠡᠬᠦ》 ᠲᠣᠭ᠍ᠲᠠᠴᠠ᠎ᠶ᠋ᠢ ᠪᠠᠢᠭᠤᠯᠪᠠ᠃ ᠣᠳᠣᠬᠠᠨ ᠪᠣᠯᠲᠠᠯ᠎ᠠ᠂ ᠨᠣᠮ ᠤᠩᠱᠢᠬᠤ ᠠᠩᠭᠢ᠎ᠶ᠋ᠢ 1 ᠬᠤᠭᠤᠴᠠᠭ᠎ᠠ᠂ ᠲᠤᠰᠭᠠᠶ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠢ 2 ᠤᠳᠠᠭ᠎ᠠ ᠡᠷᠬᠢᠯᠡᠵᠦ᠍᠂ ᠰᠡᠷᠡᠮᠵᠢᠯᠡᠭᠦᠯᠬᠦ᠌ ᠬᠥᠮᠦᠵᠢᠯ᠎ᠢ 2 ᠤᠳᠠᠭ᠎ᠠ ᠥᠷᠨᠢᠭᠦᠯᠪᠡ᠃ ᠵᠢᠷᠬᠢᠶᠡᠨᠡᠢᠲᠡᠶ᠋ᠢᠨ ᠲᠠᠪᠴᠠᠩ ᠳ᠋ᠤ ᠰᠠᠨᠠᠯ ᠬᠤᠷᠢᠶᠠᠬᠤ ᠲᠤᠰᠭᠠᠶ ᠪᠤᠯᠤᠩ ᠭᠠᠷᠭᠠᠬᠤ᠎ᠶ᠋ᠢᠨ ᠬᠠᠮᠲᠤ ᠣᠯᠠᠨ ᠵᠦᠶ᠋ᠯ᠎ᠦᠨ ᠠᠷᠭ᠎ᠠ ᠵᠠᠮ᠎ᠢ ᠭᠦᠶ᠋ᠴᠡᠳ ᠠᠱᠢᠭ᠍ᠯᠠᠨ ᠰᠠᠨᠠᠯ ᠰᠠᠨᠠᠭᠤᠯᠭ᠎ᠠ ᠬᠤᠷᠢᠶᠠᠵᠤ᠂ 《ᠡᠭᠦᠳᠡ᠎ᠪᠡᠨ ᠨᠡᠭᠡᠭᠡᠵᠦ᠍ ᠬᠥᠮᠦᠵᠢᠯ ᠬᠢᠬᠦ᠌》 ᠪᠠᠷ ᠳᠠᠮᠵᠢᠨ ᠦᠯᠡᠳᠡᠭᠳᠡᠯ ᠠᠰᠠᠭᠤᠳᠠᠯ᠎ᠢ ᠦᠨᠡᠨ ᠬᠦ᠌ ᠳᠡᠯᠭᠡᠵᠦ᠍᠂ ᠱᠢᠨ᠎ᠡ᠎ᠪᠡᠷ ᠢᠯᠡᠷᠡᠭᠦᠯᠦᠭ᠌ᠰᠡᠨ ᠠᠰᠠᠭᠤᠳᠠᠯ᠎ᠢ ᠪᠠᠢᠴᠠᠭᠠᠨ ᠭᠠᠷᠭᠠᠪᠠ᠃ ᠪᠠᠢᠴᠠᠭᠠᠨ ᠢᠯᠡᠷᠡᠭᠦᠯᠦᠭ᠌ᠰᠡᠨ ᠠᠰᠠᠭᠤᠳᠠᠯ᠎ᠳᠤ ᠨᠠᠷᠢᠨ ᠬᠢᠨᠠᠮᠠᠭᠠᠢ ᠵᠠᠳᠠᠯᠤᠯᠲᠠ ᠬᠢᠵᠦ᠍ ᠰᠤᠳᠤᠯᠤᠨ ᠮᠠᠭᠠᠳᠯᠠᠵᠤ᠂ ᠲᠣᠳᠣᠷᠬᠠᠢ ᠨᠠᠷᠢᠨ ᠳᠠᠨᠭᠰᠠ ᠵᠢᠭ᠍ᠰᠠᠭᠠᠵᠤ᠂ ᠴᠡᠭ᠌ᠴᠡᠯᠡᠨ ᠰᠠᠢᠵᠢᠷᠠᠭᠤᠯᠬᠤ ᠠᠷᠭ᠎ᠠ ᠬᠡᠮᠵᠢᠢ᠎ᠡ᠎ᠶ᠋ᠢ ᠵᠦᠢᠯ ᠵᠤᠷᠪᠤᠰ ᠳᠠᠷᠠᠭᠠᠯᠠᠨ ᠲᠣᠭ᠍ᠲᠠᠭᠠᠵᠤ᠂ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠮᠵᠢ᠎ᠪᠡᠷ ᠬᠠᠤᠯᠢ ᠴᠠᠭᠠᠵᠠ᠎ᠶ᠋ᠢᠨ ᠱᠢᠭᠦᠨ ᠲᠠᠰᠤᠯᠬᠤ ᠠᠵᠢᠯ᠎ᠢ ᠲᠠᠬᠢᠨ ᠳᠡᠭᠡᠭ᠌ᠰᠢᠯᠡᠭᠦᠯᠬᠦ᠌᠎ᠶ᠋ᠢ ᠦᠷᠭᠦᠯᠵᠢᠯᠡᠨ ᠠᠬᠢᠭᠤᠯᠪᠠ᠃
ᠥᠪᠥᠷ ᠮᠣᠩᠭᠣᠯ᠎ᠤᠨ ᠮᠦᠽᠧᠶ᠎ᠶ᠋ᠢᠨ ᠬᠢᠨ ᠰᠤᠷᠤᠯᠴᠠᠬᠤ ᠪᠠᠢᠴᠠᠭᠠᠬᠤ ᠴᠡᠭ᠌ᠴᠡᠯᠡᠨ ᠰᠠᠢ᠌ᠵᠢᠷᠠᠭᠤᠯᠬᠤ᠎ᠶ᠋ᠢ ᠨᠡᠪᠲᠡᠷᠡᠯᠴᠡᠭᠦᠯᠦᠨ ᠬᠦᠴᠦᠯᠡᠬᠦ᠌᠎ᠶ᠋ᠢ ᠪᠠᠷᠢᠮᠲᠠᠯᠠᠵᠤ᠂ 《ᠲᠠᠪᠤᠨ ᠲᠠᠯ᠎ᠠ ᠪᠡᠷ ᠰᠤᠷᠤᠯᠴᠠᠵᠤ ᠬᠣᠯᠪᠣᠭᠠᠯᠠᠨ ᠬᠥᠳᠡᠯᠦᠯᠴᠡᠬᠦ》 ᠲᠣᠭ᠍ᠲᠠᠴᠠ᠎ᠶ᠋ᠢ ᠭᠦᠨᠵᠡᠭᠡᠶ ᠬᠡᠷᠡᠭ᠌ᠯᠡᠨ᠂ ᠨᠠᠮ᠎ᠤᠨ ᠭᠡᠱᠢᠭᠦᠨ ᠺᠠᠳ᠋ᠷᠴᠤᠳ᠎ᠢ ᠵᠣᠬᠢᠶᠠᠨ ᠪᠠᠢᠭᠤᠯᠤᠨ ᠦᠵᠡᠯ ᠰᠠᠨᠠᠭᠠᠨ᠎ᠤ ᠲᠠᠯ᠎ᠠ᠎ᠪᠠᠷ ᠤᠭ ᠦᠨᠳᠦᠰᠦ᠎ᠶ᠋ᠢ ᠪᠡᠬᠢᠵᠢᠭᠦᠯᠦᠨ ᠬᠦᠮᠦᠵᠢᠭᠦᠯᠵᠦ᠍᠂ ᠨᠠᠮᠴᠢ ᠴᠢᠨᠠᠷ᠎ᠤᠨ ᠤᠬᠠᠮᠰᠠᠷ᠎ᠢ ᠨᠢ ᠳᠡᠭᠡᠭ᠌ᠰᠢᠯᠡᠭᠦᠯᠪᠡ᠃ ᠲᠣᠰ ᠨᠢᠭᠡᠴᠢ᠎ᠨᠢ ᠠᠰᠠᠭᠤᠳᠠᠯ᠎ᠢ ᠪᠠᠢᠴᠠᠭᠠᠨ ᠡᠪᠡᠳᠴᠢᠨ᠎ᠦ ᠦᠨᠳᠦᠰᠦ᠎ᠶ᠋ᠢ ᠢᠯᠡᠷᠡᠭᠦᠯᠵᠦ᠍᠂ 4 ᠲᠥᠷᠥᠯ᠎ᠦᠨ 10 ᠵᠦᠶ᠋ᠯ᠎ᠦᠨ ᠨᠡᠢᠲᠡᠯᠢᠭ ᠴᠢᠨᠠᠷᠲᠠᠶ ᠠᠰᠠᠭᠤᠳᠠᠯ᠎ᠢ ᠱᠢᠰᠲ᠋ᠧᠮ᠎ᠲᠡᠶ ᠡᠮᠬᠢᠯᠡᠨ ᠭᠠᠷᠭᠠᠵᠤ᠂ 《ᠠᠰᠠᠭᠤᠳᠠᠯ᠎ᠢ ᠲᠡᠯᠬᠡᠬᠦ — ᠱᠢᠯᠲᠠᠭᠠᠨ᠎ᠢ ᠵᠠᠳᠠᠯᠬᠤ — ᠴᠡᠭ᠌ᠴᠡᠯᠡᠨ ᠰᠠᠢᠵᠢᠷᠠᠭᠤᠯᠬᠤ ᠠᠷᠭ᠎ᠠ ᠬᠡᠮᠵᠢᠶ᠎ᠡ》 ᠶ᠋ᠢᠨ ᠪᠥᠬᠥ᠌ ᠬᠡᠯᠬᠢᠶᠡᠨ᠎ᠦ ᠴᠡᠭ᠌ᠴᠡᠯᠡᠨ ᠰᠠᠢᠵᠢᠷᠠᠭᠤᠯᠬᠤ ᠰᠣᠯᠪᠢᠴᠠᠯ᠎ᠤᠨ ᠱᠢᠰᠲ᠋ᠧᠮ᠎ᠢ ᠪᠠᠢᠭᠤᠯᠵᠤ᠂ ᠥᠩᠭᠡᠨ ᠲᠠᠯ᠎ᠠ ᠪᠠ ᠦᠨᠳᠦᠰᠦ ᠡᠴᠡ ᠨᠢ ᠵᠡᠷᠭᠡ᠎ᠪᠡᠷ ᠵᠠᠰᠠᠬᠤ᠎ᠶ᠋ᠢ ᠭᠦᠨᠵᠡᠭᠡᠢᠷᠡᠭᠦᠯᠬᠦ᠌᠎ᠳᠦ ᠪᠠᠲᠤ ᠪᠠᠬᠢ ᠰᠠᠭᠤᠷᠢ᠎ᠶ᠋ᠢ ᠲᠠᠯᠪᠢᠵᠤ ᠥᠭ᠌ᠴᠡᠶ᠃ ᠡᠭᠦᠨ᠎ᠦ ᠬᠠᠮᠲᠤ᠂ ᠠᠰᠠᠭᠤᠳᠠᠯ᠎ᠤᠨ ᠡᠬᠡ ᠲᠠᠩᠰᠠ ᠪᠠᠢᠭᠤᠯᠬᠤ᠎ᠪᠠᠷ ᠳᠡᠮᠵᠢᠨ᠂ ᠭᠤᠤᠯᠳᠠᠯᠭ᠎ᠠ᠎ᠲᠠᠶ ᠬᠦᠴᠢᠷ ᠠᠰᠠᠭᠤᠳᠠᠯ᠎ᠢ ᠲᠣᠳᠣᠷᠬᠠᠢᠯᠠᠵᠤ᠂ 《ᠨᠢᠭᠡ ᠠᠰᠠᠭᠤᠳᠠᠯ᠎ᠢ ᠱᠢᠶ᠋ᠳᠪᠦᠷᠢᠯᠡᠬᠦ᠌》 ᠡᠴᠡ 《ᠨᠢᠭᠡ ᠲᠥᠷᠥᠯ᠎ᠦᠨ ᠠᠰᠠᠭᠤᠳᠠᠯ᠎ᠢ ᠱᠢᠶ᠋ᠳᠪᠦᠷᠢᠯᠡᠬᠦ᠌》 ᠲᠡᠢᠰᠢ ᠬᠤᠪᠢᠷᠠᠭᠤᠯᠬᠤ᠎ᠶ᠋ᠢ ᠪᠡᠶᠡᠯᠡᠭᠦᠯᠪᠡ᠃ 《ᠲᠦᠷᠭᠡᠨ ᠨᠠᠷᠢᠯᠢᠭ ᠪᠣᠳᠠᠲᠠᠶ ᠱᠢᠨ᠎ᠡ》 ᠲᠤᠰᠭᠠᠶ ᠠᠵᠢᠯᠯᠠᠭ᠎ᠠ᠎ᠲᠠᠶ ᠤᠶᠠᠯᠳᠤᠭᠤᠯᠤᠨ᠂ ᠦᠷ᠎ᠡ ᠪᠦᠲᠦᠮᠵᠢ᠎ᠶ᠋ᠢᠨ ᠤᠬᠠᠮᠰᠠᠷ᠂ ᠰᠣᠳᠣᠨ ᠪᠦᠲᠦᠭᠡᠯ᠎ᠦᠨ ᠤᠬᠠᠮᠰᠠᠷ᠂ ᠪᠣᠳᠠᠲᠠᠶ ᠠᠵᠢᠯᠯᠠᠬᠤ ᠤᠬᠠᠮᠰᠠᠷ ᠪᠠ ᠱᠢᠨ᠎ᠡ᠎ᠶ᠋ᠢ ᠡᠭᠦᠳᠬᠦ᠌ ᠤᠬᠠᠮᠰᠠᠷ᠎ᠢᠶᠠᠨ ᠤᠯᠠᠮ ᠨᠢᠭᠡ ᠠᠯᠬᠤᠮ ᠴᠢᠩᠭᠠᠳᠭᠠᠵᠤ᠂ ᠰᠤᠷᠤᠯᠴᠠᠯᠭ᠎ᠠ᠎ᠶ᠋ᠢᠨ ᠦᠷ᠎ᠡ ᠪᠦᠲᠦᠮᠵᠢ᠎ᠶ᠋ᠢ ᠦᠨᠡᠨ ᠬᠦ᠌ ᠨᠠᠮᠴᠢ ᠴᠢᠨᠠᠷ᠎ᠢ ᠳᠠᠪᠲᠠᠨ ᠪᠣᠯᠪᠠᠰᠤᠷᠠᠭᠤᠯᠬᠤ᠂ ᠠᠵᠢᠯ᠎ᠤᠨ ᠰᠤᠷᠲᠠᠯ᠎ᠢᠶᠠᠨ ᠰᠠᠢᠵᠢᠷᠠᠭᠤᠯᠬᠤ ᠳᠡᠭᠡᠳᠦ ᠬᠡᠮᠵᠢᠶᠡᠨ᠎ᠦ ᠤᠬᠠᠮᠰᠠᠷ ᠪᠣᠯᠭᠠᠨ ᠬᠤᠪᠢᠷᠠᠭᠤᠯᠵᠤ᠂ ᠲᠤᠬᠠᠢᠯᠠᠭ᠍ᠰᠠᠨ ᠠᠵᠢᠯ᠎ᠢᠶᠠᠨ ᠰᠠᠢᠲᠤᠷ ᠬᠢᠬᠦ᠌᠂ ᠮᠦᠽᠧᠶ᠎ᠶ᠋ᠢᠨ ᠡᠯ᠎ᠡ ᠵᠦᠶ᠋ᠯ᠎ᠦᠨ ᠠᠵᠢᠯ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠠᠮᠢᠳᠤᠯᠢᠭ ᠦᠶ᠋ᠯᠡᠳᠦᠯᠭᠡ ᠪᠣᠯᠭᠠᠨ ᠬᠤᠪᠢᠷᠠᠭᠤᠯᠪᠠ᠃