ᠪᠥᠬᠥ᠌ ᠨᠠᠮ ᠤᠨ ᠳᠣᠲᠣᠷ᠎ᠠ ᠲᠥᠪ ᠦᠨ ᠨᠠᠶ᠋ᠮᠠᠨ ᠲᠣᠭ᠍ᠲᠠᠭᠠᠯ ᠤᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠦᠷᠨᠢᠭᠦᠯᠬᠦ ᠨᠠᠮ ᠤ᠋ᠨ ᠲᠦᠪ ᠬᠤᠷᠢᠶ᠎ᠠ ᠵᠢᠨ ᠨᠢᠭᠡᠳᠦᠯᠲᠡᠶ ᠪᠠᠢᠷᠢᠯᠠᠭᠤᠯᠤᠯᠲᠠ᠎ᠶ᠋ᠢ ᠦᠨᠳᠦᠰᠦᠯᠡᠨ᠂ 5 ᠰᠠᠷ᠎ᠠ᠎ᠶ᠋ᠢᠨ 10 ᠤ᠋ ᠡᠳᠦᠷ ᠪᠣᠯᠲᠠᠯ᠎ᠠ᠂ ᠲᠥᠪ᠎ᠦᠨ 8 ᠵᠢᠯᠣᠭᠣᠳᠭᠤ ᠳᠤᠭᠤᠢᠯᠠᠩ 21 ᠣᠷᠣᠨ ᠨᠤᠲᠤᠭ ᠪᠠ ᠨᠢᠭᠡᠴᠢ᠎ᠳᠦ ᠲᠤᠭᠤᠷᠢᠨ ᠪᠠᠢᠴᠠᠭᠠᠬᠤ ᠪᠡᠷ ᠣᠷᠣᠵᠤ ᠰᠠᠭᠤᠪᠠ᠃
ᠲᠤᠭᠤᠷᠢᠨ ᠪᠠᠢᠴᠠᠭᠠᠬᠤ ᠪᠡᠷ ᠤᠷᠤᠵᠤ ᠰᠠᠭᠤᠬᠤ ᠠᠭᠤᠯᠵᠠᠯᠲᠠ᠎ᠶ᠋ᠢᠨ ᠬᠤᠷᠠᠯ ᠳᠡᠭᠡᠷ᠎ᠡ᠂ ᠲᠥᠪ ᠦᠨ ᠵᠢᠯᠣᠭᠣᠳᠭᠤ ᠳᠤᠭᠤᠢᠯᠠᠩ ᠤᠨ ᠳᠠᠷᠤᠭᠠᠨᠠᠷ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ ᠪᠣᠯᠤᠨ ᠴᠢᠬᠤᠯᠠ ᠵᠢᠭᠠᠪᠤᠷᠢ ᠴᠣᠬᠣᠯᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠬᠤ ᠲᠤᠬᠠᠢ ᠱᠠᠭᠠᠷᠳᠠᠯᠭ᠎ᠠ ᠳᠤᠷᠠᠳᠴᠤ᠌᠂ ᠲᠥᠪ ᠦᠨ ᠵᠢᠯᠣᠭᠣᠳᠭᠤ ᠳᠤᠭᠤᠢᠯᠠᠩ ᠤᠨ ᠡᠭᠦᠷᠭᠡ ᠬᠠᠷᠢᠭᠤᠴᠠᠯᠭ᠎ᠠ᠂ ᠠᠵᠢᠯ ᠤᠨ ᠲᠤᠬᠢᠷᠠᠭᠤᠯᠤᠯᠳᠠ ᠪᠣᠯᠤᠨ ᠪᠣᠳᠠᠲᠠᠢ ᠱᠠᠭᠠᠷᠳᠠᠯᠭ᠎ᠠ ᠶ᠋ᠢ ᠮᠡᠳᠡᠭ᠌ᠳᠡᠵᠦ᠍᠂ ᠰᠤᠷᠤᠯᠴᠠᠯᠭ᠎ᠠ ᠬᠥᠮᠦᠵᠢᠯ᠎ᠦᠨ ᠠᠬᠢᠴᠠ᠎ᠶ᠋ᠢᠨ ᠪᠠᠢᠳᠠᠯ ᠢ ᠰᠣᠨᠣᠰᠴᠤ᠌᠂ ᠱᠠᠯᠠᠪᠳᠠᠭᠤᠯᠤᠨ ᠵᠢᠯᠣᠭᠣᠳᠭᠤ ᠠᠵᠢᠯ᠎ᠢ ᠰᠤᠳᠤᠯᠤᠨ ᠪᠠᠢᠷᠢᠯᠠᠭᠤᠯᠪᠠ᠃
ᠲᠥᠪ ᠦᠨ ᠡᠯ᠎ᠡ ᠵᠢᠯᠣᠭᠣᠳᠭᠤ ᠳᠤᠭᠤᠢᠯᠠᠩ᠎ᠤᠨ ᠳᠠᠷᠤᠭ᠎ᠠ᠂ ᠪᠦᠬᠦ᠌ ᠨᠠᠮ᠎ᠤᠨ ᠳᠣᠲᠣᠷ᠎ᠠ ᠲᠥᠪ ᠦᠨ ᠨᠠᠢ᠍ᠮᠠᠨ ᠲᠣᠭ᠍ᠲᠠᠭᠠᠯ ᠤᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠬᠦ᠌ ᠪᠣᠯ ᠡᠨᠡ ᠵᠢᠯ ᠦᠨ ᠨᠠᠮ ᠤᠨ ᠪᠠᠢᠭᠤᠯᠤᠯᠲᠠ᠎ᠶ᠋ᠢᠨ ᠠᠵᠢᠯ ᠤᠨ ᠭᠣᠣᠯᠳᠠᠯᠭ᠎ᠠ᠎ᠲᠠᠶ ᠡᠭᠦᠷᠭᠡ ᠮᠥᠨ᠃ ᠲᠥᠪ ᠦᠨ ᠵᠢᠯᠣᠭᠣᠳᠭᠤ ᠳᠤᠭᠤᠢᠯᠠᠩ᠎ᠢ ᠲᠣᠮᠢᠯᠠᠵᠤ᠂ ᠬᠣᠯᠪᠣᠭ᠍ᠳᠠᠯ ᠪᠦᠬᠦᠢ ᠣᠷᠣᠨ ᠨᠤᠲᠤᠭ ᠪᠣᠯᠤᠨ ᠨᠢᠭᠡᠴᠢ᠎ᠶ᠋ᠢᠨ ᠰᠤᠷᠤᠯᠴᠠᠯᠭ᠎ᠠ ᠬᠥᠮᠦᠵᠢᠯ᠎ᠢ ᠰᠠᠢᠲᠤᠷ ᠠᠳᠭᠤᠬᠤ᠎ᠶ᠋ᠢ ᠬᠠᠨᠳᠤᠯᠭᠠᠲᠤ ᠴᠢᠨᠠᠷᠲᠠᠢ᠎ᠪᠠᠷ ᠱᠠᠯᠠᠪᠳᠠᠭᠤᠯᠤᠨ ᠵᠢᠯᠣᠭᠣᠳᠭᠤ ᠪᠣᠯ ᠰᠤᠷᠤᠯᠴᠠᠯᠭ᠎ᠠ ᠬᠥᠮᠦᠵᠢᠯ ᠦᠨ ᠡᠯ᠎ᠡ ᠵᠦᠢᠯ ᠦᠨ ᠡᠭᠦᠷᠭᠡ ᠶ᠋ᠢ ᠪᠣᠳᠠᠲᠠᠢ᠎ᠳᠤ ᠨᠠᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ᠎ᠶ᠋ᠢ ᠠᠬᠢᠭᠤᠯᠬᠤ᠂ ᠲᠤᠪᠤᠢ᠌ᠮ᠎ᠠ ᠠᠰᠠᠭᠤᠳᠠᠯ᠎ᠢ ᠨᠡᠩ ᠰᠠᠢᠲᠤᠷ ᠱᠢᠢᠳᠪᠦᠷᠢᠯᠡᠬᠦ᠌ ᠴᠢᠬᠤᠯᠠ ᠠᠷᠭ᠎ᠠ ᠬᠡᠮᠵᠢᠶ᠎ᠡ ᠮᠥᠨ᠂ ᠡᠨᠡ ᠨᠢ ᠨᠠᠮ᠎ᠤᠨ ᠲᠥᠪ ᠬᠤᠷᠢᠶ᠎ᠠ ᠡᠴᠡ ᠬᠣᠯᠪᠣᠭ᠍ᠳᠠᠯ ᠪᠦᠬᠦᠢ ᠣᠷᠣᠨ ᠨᠤᠲᠤᠭ ᠪᠣᠯᠤᠨ ᠨᠢᠭᠡᠴᠢ᠎ᠶ᠋ᠢ ᠬᠠᠯᠠᠮᠵᠢᠯᠠᠵᠤ ᠪᠠᠢᠬᠤ᠎ᠶ᠋ᠢ ᠬᠠᠷᠠᠭᠤᠯᠵᠤ ᠪᠠᠢᠨ᠎ᠠ ᠭᠡᠵᠤ ᠵᠢᠭᠠᠵᠤ ᠭᠠᠷᠭᠠᠪᠠ᠃
ᠲᠥᠪ ᠦᠨ ᠵᠢᠯᠣᠭᠣᠳᠭᠤ ᠳᠤᠭᠤᠢᠯᠠᠩ ᠤᠨ ᠳᠠᠷᠤᠭᠠᠨᠠᠷ᠂ ᠱᠠᠯᠠᠪᠳᠠᠭᠤᠯᠤᠨ ᠵᠢᠯᠣᠭᠣᠳᠭᠤ ᠠᠵᠢᠯ᠎ᠳᠤ ᠠᠰᠠᠭᠤᠳᠠᠯ ᠵᠢᠡᠷ ᠤᠳᠤᠷᠢᠳᠤᠮᠵᠢ ᠪᠣᠯᠭᠠᠬᠤ᠎ᠶ᠋ᠢ ᠪᠠᠷᠢᠮᠲᠠᠯᠠᠵᠤ᠂ ᠡᠭᠦᠷᠭᠡ ᠬᠠᠷᠢᠭᠤᠴᠠᠯᠭ᠎ᠠ᠎ᠪᠠᠨ ᠴᠢᠩᠭ᠎ᠠ ᠪᠣᠳᠠᠲᠠᠶ ᠭᠦᠢᠴᠡᠳᠭᠡᠵᠤ᠂ ᠶᠡᠷᠦᠩᠬᠡᠶ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ ᠪᠣᠯᠤᠨ ᠴᠢᠬᠤᠯᠠ ᠵᠢᠭᠠᠪᠤᠷᠢ ᠴᠣᠬᠣᠯᠠᠪᠤᠷᠢ ᠶ᠋ᠢᠨ ᠵᠣᠷᠢᠭ ᠰᠠᠨᠠᠭ᠎ᠠ᠂ ᠨᠠᠮ᠎ᠤᠨ ᠲᠥᠪ ᠬᠣᠷᠢᠶ᠎ᠠ ᠵᠢᠨ ᠰᠤᠷᠤᠯᠴᠠᠯᠭ᠎ᠠ ᠬᠥᠮᠦᠵᠢᠯ᠎ᠦᠨ ᠪᠠᠢᠷᠢᠯᠠᠭᠤᠯᠤᠯᠲᠠ᠎ᠶ᠋ᠢᠨ ᠱᠠᠭᠠᠷᠳᠠᠯᠭ᠎ᠠ ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠤᠭᠰᠠᠨ ᠲᠤᠬᠠᠶ ᠪᠠᠢᠳᠠᠯ᠎ᠢ ᠱᠠᠯᠠᠪᠳᠠᠭᠤᠯᠤᠨ ᠪᠠᠢᠴᠠᠭᠠᠵᠤ᠂ ᠬᠠᠮᠢᠶ᠎ᠠ ᠪᠦᠬᠦᠢ ᠭᠠᠵᠠᠷ ᠣᠷᠣᠨ ᠪᠣᠯᠤᠨ ᠨᠢᠭᠡᠴᠢ᠎ᠶ᠋ᠢᠨ ᠬᠢᠨ ᠲᠥᠪ ᠤ᠋ᠨ ᠨᠠᠢ᠍ᠮᠠᠨ ᠲᠣᠭ᠍ᠲᠠᠭᠠᠯ ᠵᠢᠴᠢ ᠲᠡᠭᠦᠨ᠎ᠢ ᠬᠡᠷᠡᠭ᠌ᠵᠢᠭᠦᠯᠬᠦ᠌ ᠨᠠᠷᠢᠨ ᠲᠦᠷᠢᠮ᠎ᠦᠨ ᠵᠣᠷᠢᠭ ᠰᠠᠨᠠᠭ᠎ᠠ᠎ᠶ᠋ᠢ ᠵᠥᠷᠢᠴᠡᠭ᠌ᠰᠡᠨ ᠲᠤᠪᠤᠢ᠌ᠮ᠎ᠠ ᠠᠰᠠᠭᠤᠳᠠᠯ ᠢ ᠬᠠᠲᠠᠭᠤ᠎ᠲᠠᠶ ᠨᠢ ᠬᠠᠯᠳᠠᠵᠤ᠂ ᠦᠨᠡᠨ ᠪᠤᠳᠠᠳᠠᠢ ᠱᠢᠢᠳᠪᠦᠷᠢᠯᠡᠬᠦ ᠵᠢ ᠱᠠᠯᠠᠪᠳᠠᠭᠤᠯᠤᠨ ᠵᠢᠯᠤᠭᠤᠳᠴᠤ᠂ ᠲᠣᠭ᠍ᠲᠠᠭᠠᠯ ᠡᠴᠡ ᠵᠥᠷᠢᠴᠡᠨ ᠢᠳᠡᠵᠦ᠍ ᠤᠤᠭᠤᠬᠤ᠂ ᠲᠣᠭ᠍ᠲᠠᠭᠠᠯ ᠡᠴᠡ ᠵᠥᠷᠢᠴᠡᠨ ᠪᠡᠯᠡᠭ ᠰᠡᠯᠲᠡ ᠪᠡᠯᠡᠭ ᠦᠨ ᠵᠣᠭᠣᠰ ᠠᠪᠬᠤ ᠪᠤᠶᠤ ᠬᠦᠷᠭᠡᠬᠦ᠂ ᠣᠯᠠᠨ ᠲᠦᠮᠡᠨ᠎ᠦ ᠠᠱᠢᠭ ᠲᠤᠰᠠ᠎ᠶ᠋ᠢ ᠬᠣᠬᠢᠷᠠᠭᠤᠯᠬᠤ᠂ ᠬᠠᠷᠢᠭᠤᠴᠠᠯᠭ᠎ᠠ ᠡᠭᠦᠷᠭᠡᠯᠡᠬᠦ᠌ ᠦᠭᠡᠢ ᠠᠵᠢᠯ ᠬᠢᠬᠦ ᠦᠭᠡᠢ ᠵᠡᠷᠭᠡ ᠳᠤᠪᠤᠢ᠌ᠮ᠎ᠠ ᠠᠰᠠᠭᠤᠳᠠᠯ ᠢ᠋ ᠴᠠᠭ ᠲᠤᠬᠠᠶ ᠳᠤᠨᠢ ᠢᠯᠡᠷᠡᠭᠦᠯᠬᠦ᠌᠎ᠶ᠋ᠢᠨ ᠬᠠᠮᠲᠤ ᠱᠢᠶ᠋ᠳᠪᠦᠷᠢᠯᠡᠵᠤ᠂ ᠨᠢᠭᠡ ᠰᠡᠳᠦᠪ ᠢ᠋ ᠬᠠᠮᠲᠤ᠎ᠪᠠᠷ ᠬᠠᠷᠢᠭᠤᠯᠬᠤ᠎ᠶ᠋ᠢ ᠪᠠᠷᠢᠮᠲᠠᠯᠠᠵᠤ᠂ ᠵᠢᠯᠣᠭᠣᠳᠤᠨ ᠱᠠᠯᠠᠪᠳᠠᠭᠤᠯᠬᠤ ᠠᠵᠢᠯ ᠢ ᠬᠦᠴᠦᠲᠡᠶ ᠪᠥᠭᠡᠳ ᠡᠮᠬᠢ ᠵᠢᠷᠤᠮ᠎ᠲᠠᠶ ᠥᠷᠨᠢᠭᠦᠯᠵᠤ᠂ ᠴᠡᠭ ᠢᠶᠡᠷ ᠨᠡᠢᠳᠡᠮ ᠢ ᠠᠬᠢᠭᠤᠯᠬᠤ ᠪᠠᠷ ᠳᠠᠮᠵᠢᠭᠤᠯᠤᠨ ᠪᠦᠬᠦ᠌ ᠨᠠᠮ᠎ᠤᠨ ᠰᠤᠷᠤᠯᠴᠠᠯᠭ᠎ᠠ ᠬᠥᠮᠦᠵᠢᠯ᠎ᠦᠨ ᠯᠠᠪᠳᠠᠭᠤᠨ ᠪᠠᠲᠤᠲᠠᠢ ᠦᠷ᠎ᠡ ᠪᠦᠲᠦᠮᠵᠢ ᠤᠯᠬᠤ᠎ᠶ᠋ᠢ ᠠᠬᠢᠭᠤᠯᠬᠤ ᠬᠡᠷᠡᠭ᠌ᠲᠡᠢ ᠭᠡᠵᠤ ᠴᠢᠬᠤᠯᠠᠴᠢᠯᠠᠵᠠᠢ᠃
ᠬᠣᠯᠪᠣᠭ᠍ᠳᠠᠯ ᠪᠥᠬᠥᠶ ᠣᠷᠣᠨ ᠨᠤᠲᠤᠭ ᠪᠠ ᠨᠢᠭᠡᠴᠢ᠎ᠶ᠋ᠢᠨ ᠨᠠᠮ᠎ᠤᠨ ᠬᠣᠷᠢᠶ᠎ᠠ (ᠨᠠᠮ᠎ᠤᠨ ᠤᠳᠤᠷᠢᠳᠭᠤ ᠳᠤᠭᠤᠢᠯᠠᠩ) ᠶ᠋ᠢᠨ ᠭᠤᠤᠯ ᠬᠠᠷᠢᠭᠤᠴᠠᠯᠭᠠᠲᠠᠳ᠂ ᠶᠡᠷᠦᠩᠬᠡᠢ ᠱᠦᠵᠢ ᠰᠢ ᠵᠢᠨ ᠫᠢᠩ ᠦᠨ ᠴᠢᠬᠤᠯᠠ ᠶᠠᠷᠢᠶ᠎ᠠ ᠪᠣᠯᠤᠨ ᠴᠢᠬᠤᠯᠠ ᠵᠢᠭᠠᠪᠤᠷᠢ ᠴᠣᠬᠣᠯᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠨᠠᠮ᠎ᠤᠨ ᠲᠥᠪ ᠬᠣᠷᠢᠶ᠎ᠠ ᠵᠢᠨ ᠰᠤᠷᠤᠯᠴᠠᠯᠭ᠎ᠠ ᠬᠥᠮᠦᠵᠢᠯ᠎ᠦᠨ ᠲᠤᠬᠠᠢ ᠪᠠᠢᠷᠢᠯᠠᠭᠤᠯᠤᠯᠲᠠ᠎ᠶ᠋ᠢᠨ ᠱᠠᠭᠠᠷᠳᠠᠯᠭ᠎ᠠ ᠶᠣᠰᠣᠭᠠᠷ᠂ ᠤᠯᠤᠰ ᠲᠥᠷᠥ᠎ᠶ᠋ᠢᠨ ᠵᠣᠭ᠍ᠰᠣᠴᠠ᠎ᠪᠠᠨ ᠳᠡᠭᠡᠭ᠌ᠰᠢᠯᠡᠭᠦᠯᠵᠤ᠂ ᠡᠨᠡ ᠤᠳᠠᠭ᠎ᠠ᠎ᠶ᠋ᠢᠨ ᠰᠤᠷᠤᠯᠴᠠᠯᠭ᠎ᠠ ᠬᠥᠮᠦᠵᠢᠯ ᠦᠨ ᠴᠢᠬᠤᠯᠠ ᠠᠴᠢ ᠬᠣᠯᠪᠣᠭ᠍ᠳᠠᠯ ᠪᠣᠯᠤᠨ ᠨᠠᠮ᠎ᠤᠨ ᠲᠥᠪ ᠬᠣᠷᠢᠶ᠎ᠠ ᠡᠴᠡ ᠲᠥᠪ ᠦᠨ ᠵᠢᠯᠣᠭᠣᠳᠭᠤ ᠳᠤᠭᠤᠢᠯᠠᠩᠲᠣᠮᠢᠯᠠᠭ᠍ᠰᠠᠨ ᠤᠯᠤᠰ ᠲᠦᠷᠦ᠍᠎ᠶ᠋ᠢᠨ ᠪᠣᠳᠣᠯᠬᠢᠯᠠᠯ ᠢ ᠭᠦᠨᠵᠡᠭᠡᠢ ᠲᠠᠨᠢᠵᠤ᠂ ᠡᠭᠦᠨ᠎ᠢᠶᠡᠷ ᠠᠵᠠ ᠲᠣᠬᠢᠶᠠᠯ ᠪᠣᠯᠭᠠᠬᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ᠎ᠪᠠᠨ ᠨᠠᠮ᠎ᠤᠨ ᠲᠥᠪ ᠬᠣᠷᠢᠶ᠎ᠠ ᠵᠢᠨ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠳᠡᠭᠡᠷ᠎ᠡ ᠦᠨᠡᠨ ᠬᠦ᠌ ᠨᠢᠭᠡᠳᠭᠡᠵᠤ᠂ ᠰᠤᠷᠤᠯᠴᠠᠯᠭ᠎ᠠ ᠬᠥᠮᠦᠵᠢᠯ᠎ᠦᠨ ᠭᠤᠤᠯ ᠴᠣᠭ᠍ᠴᠠ᠎ᠶ᠋ᠢᠨ ᠬᠠᠷᠢᠭᠤᠴᠠᠯᠭ᠎ᠠ᠎ᠶ᠋ᠢ ᠡᠭᠦᠷᠭᠡᠯᠡᠵᠤ᠂ ᠵᠢᠯᠣᠭᠣᠳᠭᠤ ᠳᠤᠭᠤᠢᠯᠠᠩ᠎ᠤᠨ ᠠᠵᠢᠯ ᠢ ᠪᠦᠬᠦ᠌ ᠬᠦᠴᠦᠨ᠎ᠢᠶᠡᠷ᠎ᠢᠶᠡᠨ ᠬᠠᠮᠵᠢᠯᠴᠠᠨ ᠳᠡᠮᠵᠢᠵᠤ᠂ ᠠᠰᠠᠭᠤᠳᠠᠯ ᠢ ᠦᠨᠡᠨ ᠬᠦ᠌ ᠱᠢᠶ᠋ᠳᠪᠦᠷᠢᠯᠡᠵᠤ᠂ ᠰᠤᠷᠤᠯᠴᠠᠯᠭ᠎ᠠ ᠬᠥᠮᠦᠵᠢᠯ ᠢ ᠲᠠᠰᠤᠷᠠᠯᠲᠠ ᠥᠬᠡᠶ ᠭᠦᠨᠵᠡᠭᠡᠢᠷᠡᠭᠦᠯᠦᠨ ᠪᠣᠳᠠᠲᠠᠢᠵᠢᠭᠤᠯᠵᠤ᠂ ᠪᠣᠳᠠᠲᠤ ᠠᠵᠢᠯᠯᠠᠭ᠎ᠠ᠎ᠪᠠᠷ᠎ᠢᠶᠠᠨ 《ᠬᠣᠶᠠᠷ ᠢ ᠲᠣᠭ᠍ᠲᠠᠭᠠᠭᠰᠠᠨ》 ᠢ ᠡᠷᠡᠰ ᠬᠦᠷᠢᠶᠡᠯᠡᠵᠤ᠂ 《ᠬᠣᠶᠠᠷ ᠢ ᠬᠠᠮᠠᠭᠠᠯᠠᠬᠤ 》 ᠶ᠋ᠢ ᠡᠷᠡᠰ ᠪᠡᠶᠡᠯᠡᠭᠦᠯᠦᠨ᠎ᠠ ᠭᠡᠵᠤ ᠢᠯᠡᠳᠭᠡᠵᠡᠭᠡᠪᠡ᠃
(ᠱᠢᠨᠬᠤᠸᠠ ᠬᠣᠷᠢᠶ᠎ᠠ ᠵᠢᠨ ᠪᠡᠭᠡᠵᠢᠩ᠎ᠦᠨ 5 ᠰᠠᠷ᠎ᠠ ᠵᠢᠨ 11 ᠤ᠋ ᠴᠠᠬᠢᠯᠭᠠᠨ ᠮᠡᠳᠡᠭᠡ)