ᠰᠤᠷᠤᠯᠴᠠᠨ ᠪᠠᠢᠴᠠᠭᠠᠵᠤ ᠴᠡᠭᠴᠡᠯᠡᠨ ᠰᠠᠢᠵᠢᠷᠠᠭᠤᠯᠬᠤ ᠎ᠶ᠋ᠢ ᠨᠢᠭᠡ ᠴᠤᠭ᠍ᠴᠠᠵᠢᠭᠤᠯᠤᠨ ᠠᠬᠢᠭᠤᠯᠵᠤ ᠤᠷᠳᠤ ᠬᠤᠭᠤᠴᠠᠭ᠎ᠠ ᠪᠡᠷ ᠵᠢᠳᠭᠦᠨ ᠴᠢᠷᠮᠠᠢᠵᠤ ᠰᠤᠷᠲᠠᠯ ᠎ᠢ ᠴᠢᠩᠭᠠᠷᠠᠭᠤᠯᠤᠨ᠎ᠠ
2025-05-18 12:52:27
ᠵᠣᠬᠢᠶᠠᠭ᠍ᠴᠢ᠄
ᠯᠢᠦ ᠬᠣᠩ ᠵᠠᠩ ᠬᠤᠤ ᠪᠢᠶᠤᠤ ᠱᠢᠤᠸᠠᠢ ᠯᠠᠢ ᠮᠤᠤ ᠺᠠᠢ ᠶᠠᠨ ᠱᠢᠤᠢ ᠶᠤᠸᠠᠢ
ᠣᠩᠱᠢᠭ᠍ᠰᠠᠨ ᠣᠳᠠᠭ᠎ᠠ᠄
★★★☆☆

ᠲᠥᠪ᠎ᠦᠨ ᠨᠠᠢ᠍ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠬᠤ ᠰᠤᠷᠤᠯᠴᠠᠯᠭ᠎ᠠ ᠬᠥᠮᠦᠵᠢᠯ ᠳᠤᠮᠳᠠ᠂ ᠠᠯᠠᠱᠠ ᠠᠢᠮᠠᠭ᠂ ᠦᠬᠠᠢ ᠬᠤᠳᠠ᠂ ᠪᠠᠶᠠᠨᠨᠠᠭᠤᠷ ᠬᠤᠳᠠ᠂ ᠤᠷᠳᠤᠰ ᠬᠤᠳᠠ᠎ᠶ᠋ᠢᠨ ᠬᠢᠨ ᠤᠬᠠᠮᠰᠠᠷ᠎ᠡᠴᠡ᠎ᠪᠠᠨ ᠬᠠᠷᠢᠭᠤᠴᠠᠯᠭᠠᠲᠤ ᠰᠡᠳᠭᠢᠯᠭᠡ᠂ ᠲᠤᠯᠭᠠᠮ ᠰᠡᠳᠭᠢᠯᠭᠡ ᠪᠠᠨ ᠴᠢᠩᠭᠠᠳᠭᠠᠵᠤ᠂ ᠰᠤᠷᠤᠯᠴᠠᠨ ᠪᠠᠢᠴᠠᠭᠠᠵᠤ ᠴᠡᠭᠴᠡᠯᠡᠨ ᠰᠠᠢᠵᠢᠷᠠᠭᠤᠯᠬᠤ ᠡᠯ᠎ᠡ ᠵᠦᠢᠯ᠎ᠦᠨ ᠭᠣᠣᠯᠳᠠᠯᠭ᠎ᠠ᠎ᠲᠠᠶ ᠡᠭᠦᠷᠭᠡ᠎ᠶ᠋ᠢ ᠨᠢᠭᠡ ᠴᠤᠬ᠍ᠴᠠᠵᠢᠭᠤᠯᠤᠨ ᠠᠬᠢᠭᠤᠯᠬᠤ ᠵᠢ ᠢᠮᠠᠭ᠍ᠲᠠ ᠪᠠᠷᠢᠮᠲᠠᠯᠠᠵᠤ᠂ ᠰᠤᠷᠤᠯᠴᠠᠵᠤ ᠪᠠᠢᠴᠠᠭᠠᠨ ᠴᠡᠭᠴᠡᠯᠡᠨ ᠰᠠᠢᠵᠢᠷᠠᠭᠤᠯᠬᠤ ᠳᠤᠮᠳᠠ ᠲᠥᠪ᠎ᠦᠨ ᠨᠠᠢ᠍ᠮᠠᠨ ᠲᠣᠭ᠍ᠲᠠᠭᠠᠯ ᠎ᠤᠨ ᠵᠣᠷᠢᠭ ᠰᠠᠨᠠᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠰᠤᠷᠲᠠᠯ᠎ᠤᠨ ᠪᠠᠢᠭᠤᠯᠤᠯᠲᠠ ᠎ᠶ᠋ᠢ ᠪᠠᠢᠩᠭᠤᠵᠢᠭᠤᠯᠤᠨ ᠤᠷᠳᠤ ᠬᠤᠭᠤᠴᠠᠭ᠎ᠠ ᠪᠦᠲᠦᠮᠵᠢᠲᠡᠢ ᠪᠣᠯᠭᠠᠬᠤ᠎ᠶ᠋ᠢ ᠠᠬᠢᠭᠤᠯᠪᠠ᠃

ᠠᠯᠠᠱᠠ ᠠᠢᠮᠠᠭ ᠤ᠋ᠨ ᠬᠢᠨ ᠭᠤᠤᠯ ᠰᠡᠳᠦᠪ᠎ᠲᠦ ᠠᠩᠬᠠᠷᠤᠯ᠎ᠢᠶᠠᠨ ᠲᠥᠪᠯᠡᠷᠡᠭᠦᠯᠬᠦ᠌᠂ ᠳᠥᠭᠥᠮ ᠠᠪᠰᠠᠷ ᠪᠣᠳᠠᠲᠠᠶ᠎ᠶ᠋ᠢ ᠡᠷᠬᠢᠮᠯᠡᠬᠦ᠌᠂ ᠥᠨᠳᠥᠷ ᠪᠠᠷᠢᠮᠵᠢᠶ᠎ᠠ᠎ᠪᠠᠷ ᠰᠤᠷᠤᠯᠴᠠᠵᠤ ᠰᠤᠳᠤᠯᠤᠨ ᠶᠠᠷᠢᠯᠴᠠᠬᠤ᠎ᠶ᠋ᠢ ᠰᠠᠢᠲᠤᠷ ᠠᠳᠭᠤᠵᠤ᠂ ᠠᠢᠮᠠᠭ᠎ᠤᠨ ᠨᠠᠮ᠎ᠤᠨ ᠬᠣᠷᠢᠶ᠎ᠠ ᠵᠢᠨ ᠤᠳᠤᠷᠢᠳᠭᠤ ᠪᠠᠭ ᠨᠣᠮ ᠤᠩᠱᠢᠬᠤ ᠠᠩᠭᠢ ᠡᠷᠭᠢᠯᠡᠬᠦ᠌᠂ ᠪᠥᠬᠥ᠌ ᠠᠢᠮᠠᠭ᠎ᠤᠨ ᠱᠢᠶᠠᠨ ᠭᠠᠵᠠᠷ᠎ᠤᠨ ᠲᠠᠰ᠎ᠤᠨ ᠺᠠᠳ᠋ᠷ᠎ᠢ ᠵᠣᠬᠢᠶᠠᠨ ᠪᠠᠢᠭᠤᠯᠵᠤ ᠬᠠᠮᠲᠤ᠎ᠪᠠᠷ ᠨᠢᠭᠡ ᠬᠢᠴᠢᠶᠡᠯ ᠣᠷᠣᠬᠤ ᠵᠡᠷᠭᠡ ᠠᠷᠭ᠎ᠠ ᠬᠡᠯᠪᠡᠷᠢ᠎ᠪᠡᠷ ᠳᠠᠮᠵᠢᠨ ᠤᠷᠢᠳ᠎ᠢᠶᠠᠷ ᠰᠤᠷᠤᠯᠴᠠᠵᠤ᠂ ᠭᠦᠨᠵᠡᠭᠡᠶ ᠰᠤᠷᠤᠯᠴᠠᠪᠠ᠃ ᠡᠯ᠎ᠡ ᠱᠠᠲᠤᠨ᠎ᠤ ᠨᠠᠮ᠎ᠤᠨ ᠬᠣᠷᠢᠶ᠎ᠠ (ᠨᠠᠮ᠎ᠤᠨ ᠤᠳᠤᠷᠢᠳᠭᠤ ᠳᠤᠭᠤᠢᠯᠠᠩ) ᠢᠵᠢᠯ ᠳᠠᠪᠳᠠᠮᠵᠢ ᠪᠡᠷ ᠠᠬᠢᠭᠤᠯᠵᠤ᠂ ᠢᠵᠢᠯ ᠠᠯᠬᠤᠮ ᠵᠢᠡᠷ ᠨᠠᠢᠳᠠᠪᠤᠷᠢᠵᠢᠭᠤᠯᠪᠠ᠃ ᠵᠠᠯᠠᠭᠤ ᠺᠠᠳ᠋ᠷᠴᠤᠳ ᠎ᠤᠨ ᠰᠤᠷᠤᠯᠴᠠᠯᠭ᠎ᠠ ᠬᠥᠮᠦᠵᠢᠯ᠎ᠢ ᠭᠣᠣᠯᠳᠠᠯᠭ᠎ᠠ᠎ᠲᠠᠶ ᠰᠠᠢᠲᠤᠷ ᠠᠳᠭᠤᠵᠤ᠂ ᠨᠠᠮ᠎ᠤᠨ ᠭᠡᠱᠢᠭᠦᠨ ᠎ᠦ ᠰᠤᠷᠤᠯᠴᠠᠯᠭ᠎ᠠ ᠬᠥᠮᠦᠵᠢᠯ᠎ᠢ ᠨᠢᠭᠡᠳᠦᠯᠲᠡᠢ ᠲᠥᠯᠥᠪᠵᠢᠭᠦᠯᠦᠨ ᠰᠠᠢᠲᠤᠷ ᠠᠳᠭᠤᠵᠤ᠂ ᠨᠢᠭᠡ ᠬᠥᠮᠦᠨ᠎ᠢ ᠴᠦ᠍ ᠬᠣᠴᠣᠷᠤᠭᠤᠯᠬᠤ ᠦᠭᠡᠢ ᠪᠠᠢᠬᠤ᠎ᠶ᠋ᠢ ᠪᠠᠲᠤᠯᠠᠪᠠ᠃ ᠠᠰᠠᠭᠤᠳᠠᠯ᠎ᠢ ᠪᠠᠢᠴᠠᠭᠠᠨ ᠳᠡᠯᠭᠡᠬᠦ᠌᠎ᠶ᠋ᠢ ᠴᠢᠨᠠᠷ ᠰᠠᠢᠲᠠᠶ ᠰᠠᠢᠲᠤᠷ ᠠᠳᠭᠤᠵᠤ᠂ 《7 + 3 》 ᠎ᠶ᠋ᠢᠨ ᠠᠷᠭ᠎ᠠ ᠵᠠᠮ ᠪᠠ ᠡᠯ᠎ᠡ ᠲᠥᠷᠥᠯ᠎ᠦᠨ ᠬᠢᠨᠠᠯᠲᠠ ᠲᠠᠯᠪᠢᠬᠤ ᠲᠠᠪᠴᠠᠩ᠎ᠢ ᠭᠦᠶ᠋ᠴᠡᠳ ᠬᠡᠷᠡᠭ᠌ᠯᠡᠵᠦ᠍᠂ ᠣᠢᠷ᠎ᠠ᠎ᠶ᠋ᠢᠨ ᠵᠢᠯ᠎ᠡᠴᠡ ᠨᠠᠭᠠᠱᠢᠬᠢ ᠳᠡᠭᠡᠷ᠎ᠠ ᠱᠠᠲᠤᠨ᠎ᠤ ᠬᠠᠷᠢᠭᠤ ᠲᠤᠰᠭᠠᠭ᠍ᠰᠠᠨ᠂ ᠬᠢᠨᠠᠯᠲᠠ ᠲᠠᠯᠪᠢᠵᠤ ᠢᠯᠡᠷᠡᠭᠦᠯᠦᠭ᠌ᠰᠡᠨ ᠠᠰᠠᠭᠤᠳᠠᠯ ᠵᠢᠴᠢ ᠪᠠᠢᠴᠠᠭᠠᠨ ᠱᠢᠶ᠋ᠳᠪᠦᠷᠢᠯᠡᠭ᠌ᠰᠡᠨ ᠲᠥᠪ᠎ᠦᠨ ᠨᠠᠶ᠋ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠵᠥᠷᠢᠴᠡᠭ᠌ᠰᠡᠨ ᠬᠡᠷᠡᠭ᠎ᠢ ᠪᠥᠬᠥ᠌ ᠲᠠᠯ᠎ᠠ᠎ᠪᠠᠷ ᠲᠤᠢᠯᠪᠤᠷᠢᠳᠠᠢ ᠪᠠᠢᠴᠠᠭᠠᠵᠤ᠂ ᠡᠳᠦᠷ ᠲᠤᠲᠤᠮ᠎ᠤᠨ ᠪᠠᠢᠴᠠᠭᠠᠨ ᠰᠤᠳᠤᠯᠬᠤ ᠂ ᠶᠠᠷᠢᠯᠴᠠᠨ ᠰᠣᠯᠢᠯᠴᠠᠬᠤ ᠵᠡᠷᠭᠡ ᠠᠷᠭ᠎ᠠ ᠬᠡᠯᠪᠡᠷᠢ᠎ᠲᠡᠶ ᠤᠶᠠᠯᠳᠤᠭᠤᠯᠤᠨ ᠰᠠᠨᠠᠭᠠᠴᠢᠯᠠᠭ᠎ᠠ᠎ᠡᠴᠡ᠎ᠪᠠᠨ ᠰᠠᠨᠠᠯ ᠰᠠᠨᠠᠭᠤᠯᠭ᠎ᠠ ᠬᠤᠷᠢᠶᠠᠵᠤ᠂ ᠡᠯ᠎ᠡ ᠱᠠᠲᠤᠨ᠎ᠤ ᠤᠳᠤᠷᠢᠳᠭᠤ ᠪᠠᠭ ᠨᠡᠢᠲᠡ 428 ᠠᠰᠠᠭᠤᠳᠠᠯ ᠎ᠢ ᠪᠠᠢᠴᠠᠭᠠᠨ ᠳᠡᠯᠭᠡᠪᠡ᠃ ᠠᠰᠠᠭᠤᠳᠠᠯ ᠎ᠢ ᠥᠨᠳᠥᠷ ᠱᠠᠭᠠᠷᠳᠠᠯᠭ᠎ᠠ᠎ᠪᠠᠷ ᠴᠡᠭ᠌ᠴᠡᠯᠡᠨ ᠰᠠᠢᠵᠢᠷᠠᠭᠤᠯᠬᠤ ᠎ᠶ᠋ᠢ ᠰᠠᠢᠲᠤᠷ ᠠᠳᠭᠤᠵᠤ᠂ ᠰᠤᠷᠤᠯᠴᠠᠯᠭ᠎ᠠ ᠬᠥᠮᠦᠵᠢᠯ᠎ᠦᠨ ᠳᠤᠮᠳᠠ 《ᠲᠠᠪᠤᠨ ᠲᠤᠪᠤᠢ᠌ᠮ᠎ᠠ》 ᠠᠵᠢᠯᠯᠠᠭ᠎ᠠ ᠵᠢ ᠱᠢᠨ᠎ᠡ᠎ᠶ᠋ᠢ ᠡᠭᠦᠳᠦᠨ ᠦᠷᠨᠢᠭᠦᠯᠵᠤ᠂ ᠲᠡᠭᠦᠨ᠎ᠢ ᠰᠤᠷᠤᠯᠴᠠᠯᠭ᠎ᠠ ᠬᠥᠮᠦᠵᠢᠯ ᠎ᠢ ᠨᠠᠷᠢᠯᠢᠭ ᠪᠣᠳᠠᠲᠠᠢ ᠠᠳᠭᠤᠬᠤ ᠬᠦᠴᠦᠲᠡᠢ ᠭᠠᠷᠳᠡᠴᠡ ᠪᠣᠯᠭᠠᠪᠠ᠃ ᠠᠢᠮᠠᠭ᠎ᠤᠨ ᠨᠠᠮ᠎ᠤᠨ ᠬᠣᠷᠢᠶ᠎ᠠ ᠵᠢᠨ ᠰᠤᠷᠤᠯᠴᠠᠯᠭ᠎ᠠ ᠬᠥᠮᠦᠵᠢᠯ᠎ᠦᠨ ᠠᠵᠢᠯ᠎ᠤᠨ ᠲᠤᠰᠭᠠᠶ ᠠᠩᠭᠢ ᠪᠠᠢᠴᠠᠭᠠᠨ ᠰᠤᠳᠤᠯᠬᠤ ᠳᠤᠭᠤᠢᠯᠠᠩ ᠪᠠᠢᠭᠤᠯᠵᠤ᠂ ᠠᠢᠮᠠᠭ ᠬᠣᠱᠢᠭᠤ ᠲᠣᠭᠣᠷᠢᠭ᠎ᠤᠨ 100 ᠭᠠᠷᠤᠶ ᠰᠠᠯᠠᠭ᠎ᠠ ᠮᠥᠴᠢᠷ ᠨᠢᠭᠡᠴᠢ᠎ᠶ᠋ᠢᠨ ᠨᠠᠮ᠎ᠤᠨ ᠵᠣᠬᠢᠶᠠᠨ ᠪᠠᠢᠭᠤᠯᠤᠯᠲᠠ᠎ᠳᠤ ᠭᠦᠨᠵᠡᠭᠡᠢᠷᠡᠨ ᠪᠠᠢᠴᠠᠭᠠᠨ ᠰᠤᠳᠤᠯᠤᠯᠲᠠ ᠥᠷᠨᠢᠭᠦᠯᠵᠦ᠍᠂ ᠨᠠᠢᠳᠠᠪᠤᠷᠢᠵᠢᠭᠤᠯᠤᠯᠲᠠ᠎ᠶ᠋ᠢᠨ ᠵᠥᠷᠢᠶ᠎ᠡ ᠵᠢ ᠴᠠᠭ ᠲᠤᠬᠠᠶ᠎ᠳᠤᠨᠢ ᠵᠠᠯᠠᠷᠠᠭᠤᠯᠪᠠ᠃

ᠦᠬᠠᠶ ᠬᠣᠲᠠ ᠡᠯ᠎ᠡ ᠱᠠᠲᠤᠨ᠎ᠤ ᠨᠠᠮ᠎ᠤᠨ ᠬᠣᠷᠢᠶ᠎ᠠ (ᠨᠠᠮ᠎ᠤᠨ ᠤᠳᠤᠷᠢᠳᠭᠤ ᠳᠤᠭᠤᠢᠯᠠᠩ) ᠭᠤᠤᠯᠳᠠᠯᠭ᠎ᠠ᠎ᠲᠠᠶ ᠰᠤᠷᠤᠯᠴᠠᠬᠤ᠂ ᠱᠢᠰᠲ᠋ᠧᠮ᠎ᠲᠡᠶ ᠰᠤᠷᠤᠯᠴᠠᠬᠤ᠂ ᠳᠠᠭᠠᠵᠤ ᠰᠤᠷᠤᠯᠴᠠᠬᠤ ᠱᠠᠭᠠᠷᠳᠠᠯᠭ᠎ᠠ᠎ᠶ᠋ᠢ ᠡᠵᠡᠮᠱᠢᠬᠦ᠌᠎ᠶ᠋ᠢ ᠠᠬᠢᠭᠤᠯᠪᠠ᠃ ᠣᠳᠣᠬᠠᠨ ᠪᠣᠯᠲᠠᠯ᠎ᠠ ᠨᠣᠮ ᠤᠩᠱᠢᠬᠤ ᠠᠩᠭᠢ᠎ᠶ᠋ᠢ 300 ᠭᠠᠷᠤᠶ ᠬᠤᠭᠤᠴᠠᠭ᠎ᠠ ᠡᠷᠭᠢᠯᠡᠵᠦ᠍᠂ 330 ᠭᠠᠷᠤᠶ ᠲᠠᠯᠠᠪᠠᠶ ᠰᠤᠷᠤᠯᠴᠠᠵᠤ ᠰᠤᠳᠤᠯᠤᠨ ᠶᠠᠷᠢᠯᠴᠠᠪᠠ; ᠡᠯ᠎ᠡ ᠱᠠᠲᠤᠨ᠎ᠤ ᠨᠠᠮ ᠎ᠤᠨ ᠵᠣᠬᠢᠶᠠᠨ ᠪᠠᠢᠭᠤᠯᠤᠯᠲᠠ《ᠭᠤᠷᠪᠠᠨ ᠬᠤᠷᠠᠯ ᠨᠢᠭᠡ ᠬᠢᠴᠢᠶᠡᠯ》 ᠢ᠋ 1180 ᠭᠠᠷᠤᠢ ᠤᠳᠠᠭ᠎ᠠ᠂ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ 350 ᠭᠠᠷᠤᠢ ᠤᠳᠠᠭ᠎ᠠ ᠥᠷᠨᠢᠭᠦᠯᠵᠦ᠍᠂ ᠰᠤᠷᠤᠯᠴᠠᠯᠭ᠎ᠠ ᠵᠢ ᠭᠡᠷ᠎ᠲᠦᠨᠢ ᠬᠦᠷᠭᠡᠬᠦ᠌ ᠂ ᠬᠠᠷᠢᠯᠴᠠᠵᠤ ᠬᠠᠪᠰᠤᠷᠤᠨ ᠲᠡᠳᠬᠦᠬᠦ᠌ ᠵᠡᠷᠭᠡ ᠠᠵᠢᠯᠯᠠᠭ᠎ᠠ᠎ᠶ᠋ᠢ 350 ᠭᠠᠷᠤᠢ ᠤᠳᠠᠭ᠎ᠠ ᠥᠷᠨᠢᠭᠦᠯᠪᠡ᠃ ᠵᠠᠯᠠᠭᠤ ᠺᠠᠳ᠋ᠷᠴᠤᠳ᠎ᠤᠨ ᠰᠤᠷᠤᠯᠴᠠᠯᠭ᠎ᠠ ᠬᠥᠮᠦᠵᠢᠯ ᠎ᠢ ᠰᠠᠢᠲᠤᠷ ᠠᠳᠭᠤᠵᠤ᠂ 2 ᠬᠤᠭᠤᠴᠠᠭᠠᠨ᠎ᠤ ᠲᠤᠰᠭᠠᠢ ᠰᠡᠳᠦᠪᠲᠦ ᠵᠢᠱ᠌ᠢᠶ᠎ᠡ ᠦᠵᠡᠭᠦᠯᠬᠦ᠌ ᠨᠣᠮ ᠤᠩᠱᠢᠬᠤ ᠠᠩᠭᠢ᠎ᠡᠷᠬᠢᠯᠡᠪᠡ᠃ ᠦᠬᠠᠶ ᠬᠣᠲᠠ᠎ᠶ᠋ᠢᠨ ᠨᠠᠮ᠎ᠤᠨ ᠬᠣᠷᠢᠶ᠎ᠠ ᠵᠢᠨ ᠰᠤᠷᠤᠯᠴᠠᠯᠭ᠎ᠠ ᠬᠥᠮᠦᠵᠢᠯ᠎ᠦᠨ ᠠᠵᠢᠯ᠎ᠤᠨ ᠲᠤᠰᠭᠠᠶ ᠠᠩᠭᠢ ᠴᠠᠭ ᠲᠤᠬᠠᠶ᠎ᠳᠤᠨᠢ ᠲᠤᠰᠭᠠᠶ ᠰᠡᠳᠦᠪᠲᠦ ᠵᠣᠬᠢᠴᠠᠭᠤᠯᠬᠤ ᠬᠤᠷᠠᠯ ᠬᠤᠷᠠᠯᠳᠤᠭᠤᠯᠵᠤ᠂ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ᠂ ᠲᠣᠭᠣᠷᠢᠨ ᠪᠠᠢᠴᠠᠭᠠᠬᠤ᠂ ᠬᠢᠨᠠᠨ ᠪᠤᠳᠤᠬᠤ᠂ ᠡᠳ᠋᠎ᠦᠨ ᠵᠠᠰᠠᠭ᠂ ᠵᠠᠬᠢᠳᠠᠯ ᠰᠤᠷᠪᠤᠯᠵᠢᠯᠠᠯ ᠵᠡᠷᠭᠡ ᠰᠠᠯᠠᠭ᠎ᠠ ᠮᠥᠴᠢᠷ ᠨᠢᠭᠡᠴᠢ᠎ᠯᠤᠭᠡ ᠬᠠᠮᠲᠤᠷᠠᠨ ᠡᠯ᠎ᠡ ᠵᠦᠶ᠋ᠯ᠎ᠦᠨ ᠠᠷᠭ᠎ᠠ ᠵᠠᠮ᠎ᠵᠢᠡᠷ ᠢᠯᠡᠷᠡᠭᠦᠯᠦᠭ᠌ᠰᠡᠨ ᠠᠰᠠᠭᠤᠳᠠᠯ ᠢ᠋ ᠡᠮᠬᠢᠯᠡᠪᠡ᠃ ᠪᠠᠢᠭᠤᠯᠭ᠎ᠠ᠂ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠤᠯᠤᠰ᠎ᠤᠨ ᠥᠮᠴᠢᠯᠡᠯ᠎ᠦᠨ ᠠᠵᠤ ᠠᠬᠤᠢᠯᠠᠯ᠂ 《ᠬᠣᠶᠠᠷ ᠱᠢᠨ᠎ᠡ》 ᠵᠡᠷᠭᠡ ᠠᠵᠢᠯ ᠲᠥᠷᠥᠯ ᠎ᠦᠨ ᠱᠢᠰᠲ᠋ᠧᠮ᠎ᠦᠨ ᠣᠨᠴᠠᠯᠢᠭ᠎ᠲᠠᠶ ᠤᠶᠠᠯᠳᠤᠭᠤᠯᠤᠨ ᠨᠠᠮ ᠎ᠤᠨ ᠭᠡᠱᠢᠭᠦᠨ᠎ᠦ ᠭᠤᠤᠯᠳᠠᠯᠭ᠎ᠠ᠎ᠲᠠᠶ ᠪᠠᠢᠴᠠᠭᠠᠨ ᠳᠡᠯᠭᠡᠬᠦ᠌ ᠠᠰᠠᠭᠤᠳᠠᠯ᠎ᠢ 50 ᠭᠠᠷᠤᠶ ᠵᠤᠷᠪᠤᠰ ᠡᠮᠬᠢᠯᠡᠨ ᠪᠦᠷᠢᠯᠳᠦᠭᠦᠯᠵᠦ᠍᠂ ᠥᠷᠭᠡᠨ ᠣᠯᠠᠨ ᠨᠠᠮ᠎ᠤᠨ ᠭᠡᠱᠢᠭᠦᠨ᠎ᠢ ᠬᠥᠲᠥᠯᠥᠨ ᠵᠢᠯᠣᠭᠣᠳᠴᠤ᠌ ᠪᠠᠢᠭᠠᠳ ᠠᠵᠢᠯ᠎ᠤᠨ ᠪᠠᠢᠷᠢ᠎ᠶ᠋ᠢᠨ ᠪᠣᠳᠠᠲᠤ ᠪᠠᠢᠳᠠᠯ᠎ᠳᠤ᠎ᠪᠠᠨ ᠰᠠᠭᠤᠷᠢᠯᠠᠨ ᠠᠰᠠᠭᠤᠳᠠᠯ᠎ᠢ ᠪᠠᠢᠴᠠᠭᠠᠨ ᠳᠡᠯᠭᠡᠬᠦ᠌ ᠠᠵᠢᠯ᠎ᠢ ᠰᠠᠢᠲᠤᠷ ᠬᠢᠪᠠ᠃ ᠲᠥᠪᠯᠡᠷᠡᠭᠦᠯᠦᠨ ᠴᠡᠭ᠌ᠴᠡᠯᠡᠨ ᠵᠠᠰᠠᠬᠤ ᠡᠬᠡ ᠲᠠᠩᠰᠠ᠎ᠶ᠋ᠢ ᠪᠠᠢᠭᠤᠯᠵᠤ᠂ ᠡᠯ᠎ᠡ ᠲᠣᠭᠣᠷᠢᠭ ᠡᠯ᠎ᠡ ᠰᠠᠯᠠᠭ᠎ᠠ ᠮᠥᠴᠢᠷ ᠨᠢᠭᠡᠴᠢ᠎ᠶ᠋ᠢᠨ᠎ᠬᠢᠨ ᠠᠰᠠᠭᠤᠳᠠᠯ᠎ᠢ ᠪᠠᠢᠴᠠᠭᠠᠨ ᠳᠡᠯᠭᠡᠭ᠌ᠰᠡᠨ ᠰᠠᠭᠤᠷᠢᠨ ᠳᠡᠭᠡᠷ᠎ᠡ ᠲᠤᠰᠭᠠᠶ ᠰᠡᠳᠦᠪᠲᠦ ᠰᠡᠷᠡᠮᠵᠢᠯᠡᠭᠦᠯᠬᠦ᠌ ᠬᠥᠮᠦᠵᠢᠯ᠎ᠦᠨ ᠶᠡᠬᠡ ᠬᠤᠷᠠᠯ ᠬᠤᠷᠠᠯᠳᠤᠭᠤᠯᠬᠤ᠂ ᠵᠠᠰᠠᠪᠤᠷᠢ ᠣᠷᠣᠭᠤᠯᠤᠭ᠍ᠰᠠᠨ ᠳᠣᠲᠣᠭᠠᠳᠤ ᠡᠵᠡᠮᠳᠡᠯ᠎ᠦᠨ ᠲᠦᠷᠢᠮ ᠎ᠢ ᠲᠣᠭ᠍ᠲᠠᠭᠠᠬᠤ ᠵᠡᠷᠭᠡ ᠬᠡᠯᠪᠡᠷᠢ᠎ᠪᠡᠷ ᠳᠠᠮᠵᠢᠨ ᠨᠢᠭᠡ ᠪᠦᠯᠦᠭ ᠲᠣᠪᠣᠢᠮ᠎ᠠ ᠠᠰᠠᠭᠤᠳᠠᠯ᠎ᠢ ᠪᠠᠷᠢᠨ ᠬᠡᠷᠡᠭ᠌ᠵᠢᠭᠦᠯᠵᠦ᠍ ᠪᠠᠷᠢᠨ ᠰᠠᠢᠵᠢᠷᠠᠭᠤᠯᠵᠤ ᠱᠢᠶ᠋ᠳᠪᠦᠷᠢᠯᠡᠪᠡ᠃ ᠠᠰᠠᠭᠤᠳᠠᠯ ᠎ᠢ ᠴᠡᠭ᠌ᠴᠡᠯᠡᠨ ᠰᠠᠢᠵᠢᠷᠠᠭᠤᠯᠵᠤ ᠴᠡᠭ᠌ᠴᠡᠯᠡᠨ ᠵᠠᠰᠠᠬᠤ᠎ᠶ᠋ᠢ ᠪᠦᠬᠦ᠌ ᠬᠤᠳᠠ᠎ᠶ᠋ᠢᠨ ᠭᠣᠣᠯᠳᠠᠯᠭ᠎ᠠ᠎ᠲᠠᠶ ᠡᠭᠦᠷᠭᠡ᠎ᠶ᠋ᠢ ᠠᠬᠢᠭᠤᠯᠬᠤ᠎ᠲᠠᠶ ᠤᠶᠠᠯᠳᠤᠭᠤᠯᠵᠤ᠂ ᠥᠷᠭᠡᠨ ᠤᠯᠠᠨ ᠨᠠᠮ᠎ᠤᠨ ᠭᠡᠱᠢᠭᠦᠨ ᠺᠠᠳ᠋ᠷ ᠨᠠᠮ᠎ᠤᠨ ᠭᠡᠱᠢᠭᠦᠨ᠎ᠦ ᠪᠣᠭᠣᠮᠲᠠ ᠱᠢᠪᠲᠤᠯᠬᠤ ᠠᠩᠬᠢ᠂ ᠬᠤᠪᠢᠰᠭᠠᠯᠲᠤ ᠦᠢᠯᠡᠴᠢᠯᠡᠭᠡᠨ᠎ᠦ ᠪᠦᠯᠬᠦᠮ ᠵᠡᠷᠭᠡ ᠠᠴᠢᠶᠠᠯᠠᠪᠤᠷᠢ᠎ᠳᠤ ᠲᠦᠱᠢᠭ᠌ᠯᠡᠨ ᠠᠵᠢᠯ᠎ᠤᠨ ᠪᠠᠢᠷᠢ᠎ᠳᠠᠭᠠᠨ ᠰᠠᠭᠤᠷᠢᠯᠠᠨ ᠬᠦᠴᠢᠷ ᠠᠰᠠᠭᠤᠳᠠᠯ᠎ᠢ ᠱᠢᠢᠳᠪᠦᠷᠢᠯᠡᠬᠦ᠌᠎ᠶ᠋ᠢ ᠠᠬᠢᠭᠤᠯᠪᠠ᠃

ᠪᠠᠶᠠᠨᠨᠠᠭᠤᠷ ᠬᠣᠲᠠ ᠨᠠᠷᠢᠨ ᠨᠢᠮᠪᠠᠶ ᠤᠬᠠᠭᠠᠯᠠᠨ ᠲᠦᠯᠦᠪᠯᠡᠬᠦ᠂ ᠨᠠᠷᠢᠨ ᠨᠢᠮᠪᠠᠶ ᠵᠢᠭᠠᠨ ᠵᠢᠯᠣᠭᠣᠳᠭᠤ᠎ᠶ᠋ᠢ ᠪᠠᠷᠢᠮᠲᠠᠯᠠᠵᠤ᠂ ᠬᠣᠲᠠ᠎ᠶ᠋ᠢᠨ ᠨᠠᠮ᠎ᠤᠨ ᠬᠣᠷᠢᠶ᠎ᠠ ᠵᠢᠨ ᠪᠠᠢᠩᠭᠤ᠎ᠶ᠋ᠢᠨ ᠬᠣᠷᠢᠶ᠎ᠠ ᠨᠣᠮ ᠤᠩᠱᠢᠬᠤ ᠠᠩᠭᠢ᠎ᠶ᠋ᠢ ᠴᠢᠨᠠᠷ ᠰᠠᠢᠲᠠᠶ ᠡᠷᠭᠢᠯᠡᠭ᠌ᠰᠡᠨ ᠪᠥᠭᠡᠳ ᠲᠤᠰᠭᠠᠶ ᠰᠡᠳᠦᠪ᠎ᠢᠶᠡᠷ ᠰᠣᠯᠢᠯᠴᠠᠵᠤ ᠰᠤᠳᠤᠯᠤᠨ ᠶᠠᠷᠢᠯᠴᠠᠵᠤ᠂ ᠪᠥᠬᠥ᠌ ᠬᠣᠲᠠ᠎ᠶ᠋ᠢᠨ ᠡᠯ᠎ᠡ ᠱᠠᠲᠤᠨ᠎ᠤ ᠨᠠᠮ᠎ᠤᠨ ᠬᠣᠷᠢᠶ᠎ᠠ (ᠨᠠᠮ᠎ᠤᠨ ᠤᠳᠤᠷᠢᠳᠭᠤ ᠳᠤᠭᠤᠢᠯᠠᠩ) ᠶ᠋ᠢᠨ 834 ᠬᠤᠭᠤᠴᠠᠭ᠎ᠠ ᠨᠣᠮ ᠤᠩᠱᠢᠬᠤ ᠠᠩᠭᠢ ᠡᠷᠭᠢᠯᠡᠬᠦ᠌᠎ᠶ᠋ᠢ ᠵᠢᠱ᠌ᠢᠶ᠎ᠡ ᠦᠵᠡᠭᠦᠯᠦᠨ ᠳᠠᠢᠴᠢᠯᠠᠵᠤ᠂ 1029 ᠤᠳᠠᠭ᠎ᠠ ᠲᠤᠰᠭᠠᠶ ᠰᠡᠳᠦᠪ᠎ᠢᠶᠡᠷ ᠰᠤᠳᠤᠯᠤᠨ ᠶᠠᠷᠢᠯᠴᠠᠵᠤ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ 《ᠭᠤᠷᠪᠠᠨ ᠬᠤᠷᠠᠯ ᠨᠢᠭᠡ ᠬᠢᠴᠢᠶᠡᠯ 》 ᠵᠡᠷᠭᠡ᠎ᠪᠡᠷ ᠳᠠᠮᠵᠢᠭᠤᠯᠤᠨ 2845 ᠤᠳᠠᠭ᠎ᠠ ᠲᠥᠪᠯᠡᠷᠡᠭᠦᠯᠦᠨ ᠰᠤᠷᠤᠯᠴᠠᠵᠤ᠂ ᠱᠢᠨ᠎ᠡ᠎ᠪᠡᠷ ᠳᠡᠪᠱᠢᠭᠦᠯᠦᠭ᠌ᠰᠡᠨ ᠺᠠᠳ᠋ᠷ᠂ ᠵᠠᠯᠠᠭᠤ ᠺᠠᠳ᠋ᠷ᠂ ᠵᠠᠩᠭᠢᠯᠠᠭ᠎ᠠ᠎ᠶ᠋ᠢᠨ ᠠᠵᠢᠯ᠎ᠤᠨ ᠪᠠᠢᠷᠢ᠎ᠶ᠋ᠢᠨ ᠺᠠᠳ᠋ᠷ᠎ᠲᠤ ᠴᠢᠭ᠌ᠯᠡᠭᠦᠯᠦᠨ ᠲᠤᠰᠭᠠᠶ ᠰᠡᠳᠦᠪ᠎ᠢᠶᠡᠷ ᠬᠠᠪᠰᠤᠷᠤᠨ ᠵᠢᠯᠣᠭᠣᠳᠴᠤ᠌ ᠰᠤᠷᠤᠯᠴᠠᠭᠤᠯᠬᠤ᠂ ᠬᠡᠷᠡᠭ᠎ᠦᠨ ᠵᠢᠱ᠌ᠢᠶ᠎ᠡ᠎ᠶ᠋ᠢ ᠲᠠᠨᠢᠯᠴᠠᠭᠤᠯᠤᠨ ᠰᠤᠷᠤᠯᠴᠠᠭᠤᠯᠬᠤ ᠠᠵᠢᠯᠯᠠᠭ᠎ᠠ ᠥᠷᠨᠢᠭᠦᠯᠵᠦ᠍᠂ ᠡᠳᠦᠷ ᠲᠤᠲᠤᠮ᠎ᠤᠨ ᠰᠤᠷᠤᠯᠴᠠᠬᠤ 《ᠭᠤᠷᠪᠠᠨ ᠰᠤᠷᠤᠯᠴᠠᠯᠭ᠎ᠠ᠎ᠶ᠋ᠢ ᠬᠣᠯᠪᠣᠯᠳᠤᠭᠤᠯᠬᠤ》 ᠵᠠᠭ᠍ᠪᠤᠷ᠎ᠲᠤ ᠠᠭᠤᠰᠤᠯᠴᠠᠪᠠ᠃ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ᠂ ᠲᠣᠭᠣᠷᠢᠨ ᠪᠠᠢᠴᠠᠭᠠᠬᠤ ᠴᠠᠭ᠍ᠳᠠᠨ ᠪᠠᠢᠴᠠᠭᠠᠬᠤ᠂ ᠵᠠᠬᠢᠳᠠᠯ ᠰᠤᠷᠪᠤᠯᠵᠢᠯᠠᠯ᠎ᠢᠶᠡᠷ ᠲᠤᠰᠭᠠᠬᠤ ᠵᠡᠷᠭᠡ ᠠᠷᠭ᠎ᠠ ᠵᠠᠮ᠎ᠢ ᠭᠦᠶ᠋ᠴᠡᠳ ᠠᠱᠢᠭ᠍ᠯᠠᠨ ᠣᠷᠣᠱᠢᠵᠤ ᠪᠠᠢᠭ᠎ᠠ ᠠᠰᠠᠭᠤᠳᠠᠯ᠎ᠢ ᠴᠤᠭ᠍ᠯᠠᠭᠤᠯᠵᠤ᠂ ᠠᠷᠠᠳ᠎ᠤᠨ ᠪᠠᠢᠳᠠᠯ᠎ᠢ ᠦᠨᠡᠨᠴᠢ᠎ᠪᠡᠷ ᠶᠠᠷᠢᠯᠴᠠᠬᠤ᠂ ᠤᠳᠤᠷᠢᠳᠤᠯᠭ᠎ᠠ ᠳ᠋ᠦ ᠦᠭᠡ ᠦᠯᠡᠳᠡᠭᠡᠬᠦ᠌ ᠰᠠᠮᠪᠠᠷ᠎ᠠ ᠵᠡᠷᠭᠡ ᠠᠷᠭ᠎ᠠ ᠵᠠᠮ᠎ᠢ ᠰᠠᠢᠲᠤᠷ ᠠᠱᠢᠭ᠍ᠯᠠᠨ ᠰᠠᠨᠠᠯ ᠰᠠᠨᠠᠭᠤᠯᠭ᠎ᠠ ᠬᠤᠷᠢᠶᠠᠵᠤ᠂ ᠨᠠᠮ᠎ᠤᠨ ᠭᠡᠱᠢᠭᠦᠨ᠎ᠦ ᠠᠰᠠᠭᠤᠳᠠᠯ᠎ᠢ ᠡᠷᠢᠵᠤ ᠵᠠᠯᠠᠷᠠᠭᠤᠯᠬᠤ᠌᠎ᠶ᠋ᠢ ᠵᠢᠯᠣᠭᠣᠳᠭᠤ ᠨᠠᠷᠢᠨ ᠲᠠᠩᠰᠠ᠎ᠶ᠋ᠢ ᠬᠦᠷᠢᠶ᠎ᠡ ᠬᠤᠪᠢᠶᠠᠨ ᠰᠤᠳᠤᠯᠤᠨ ᠲᠣᠭ᠍ᠲᠠᠭᠠᠵᠤ᠂ ᠠᠰᠠᠭᠤᠳᠠᠯ ᠪᠠ ᠬᠦᠷᠦᠯᠴᠡᠬᠦ᠌ ᠥᠬᠡᠶ ᠲᠠᠯ᠎ᠠ᠎ᠶ᠋ᠢ ᠪᠥᠬᠥ᠌ ᠲᠠᠯ᠎ᠠ᠎ᠪᠠᠷ ᠣᠨᠣᠪᠴᠢᠲᠠᠶ ᠡᠷᠢᠵᠦ᠍ ᠪᠠᠢᠴᠠᠭᠠᠨ ᠳᠣᠲᠣᠯᠠᠵᠤ᠂ ᠠᠰᠠᠭᠤᠳᠠᠯ᠎ᠤᠨ ᠨᠠᠷᠢᠨ ᠲᠠᠩᠰᠠ᠎ᠶ᠋ᠢ ᠦᠨᠡᠨ᠎ᠡᠴᠡ ᠵᠦᠪ᠎ᠢ ᠡᠷᠢᠨ ᠵᠢᠭ᠍ᠰᠠᠭᠠᠪᠠ᠃ ᠪᠠᠢᠴᠠᠭᠠᠬᠤ᠎ᠶ᠋ᠢᠨ ᠳᠠᠭᠠᠤ ᠴᠡᠭ᠌ᠴᠡᠯᠡᠨ ᠰᠠᠢᠵᠢᠷᠠᠭᠤᠯᠤᠨ ᠳᠦᠷᠢᠮ ᠲᠣᠭ᠍ᠲᠠᠭᠠᠯ ᠲᠣᠭ᠍ᠲᠠᠭᠠᠬᠤ᠎ᠶ᠋ᠢ ᠪᠠᠷᠢᠮᠲᠠᠯᠠᠵᠤ᠂ ᠪᠠᠢᠴᠠᠭᠠᠨ ᠡᠷᠢᠵᠦ ᠢᠯᠡᠷᠡᠭᠦᠯᠦᠭ᠌ᠰᠡᠨ ᠠᠰᠠᠭᠤᠳᠠᠯ᠎ᠳᠤ᠂ ᠣᠳᠣᠬᠠᠨ᠎ᠳᠤ ᠴᠡᠭ᠌ᠴᠡᠯᠡᠨ ᠰᠠᠢᠵᠢᠷᠠᠭᠤᠯᠵᠤ ᠳᠡᠢᠯᠬᠦ᠌᠎ᠶ᠋ᠢ ᠨᠢ ᠳᠠᠷᠤᠢᠬᠠᠨ ᠴᠡᠭ᠌ᠴᠡᠯᠡᠨ ᠰᠠᠢᠵᠢᠷᠠᠭᠤᠯᠵᠤ᠂ ᠦᠷ᠎ᠡ ᠪᠦᠲᠦᠮᠵᠢ ᠭᠠᠷᠭᠠᠵᠤ᠂ 《ᠪᠠᠷᠢᠮᠵᠢᠶᠠᠯᠠᠨ ᠵᠥᠷᠢᠶ᠎ᠡ᠎ᠪᠡᠨ ᠡᠷᠢᠬᠦ᠌᠂ ᠲᠡᠷᠢᠭᠦᠨ᠎ᠦ ᠬᠢ᠎ᠶ᠋ᠢ ᠡᠭᠦᠳᠬᠦ᠌᠎ᠪᠡᠷ ᠴᠢᠷᠮᠠᠢᠬᠤ》᠂ 《ᠲᠤᠨᠭᠬᠠᠭ ᠨᠡᠢᠲᠡᠯᠡᠨ ᠮᠠᠩᠯᠠᠢᠯᠠᠭᠴᠢ ᠡᠯᠰᠡᠬᠦ》 ᠵᠡᠷᠭᠡ ᠠᠵᠢᠯᠯᠠᠭ᠎ᠠ᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍ ᠪᠠᠢᠭᠠᠳ ᠺᠠᠳ᠋ᠷ ᠎ᠤᠨ ᠬᠠᠷᠢᠭᠤᠴᠠᠯᠭ᠎ᠠ ᠡᠭᠦᠷᠭᠡᠯᠡᠨ ᠪᠣᠳᠠᠲᠠᠢ ᠠᠵᠢᠯᠯᠠᠬᠤ᠂ ᠥᠭᠡᠷᠡᠴᠢᠯᠡᠯᠲᠡ ᠬᠢᠵᠦ᠍ ᠱᠢᠨ᠎ᠡ ᠶ᠋ᠢ ᠡᠭᠦᠳᠬᠦ᠌᠎ᠶ᠋ᠢ ᠠᠬᠢᠭᠤᠯᠵᠤ᠂《ᠬᠦᠲᠦᠯᠦᠨ ᠳᠠᠭᠠᠭᠤᠯᠵᠤ ᠬᠠᠮᠲᠤ᠎ᠪᠠᠷ ᠪᠠᠢᠭᠤᠯᠬᠤ》ᠵᠡᠷᠭᠡ ᠠᠴᠢᠶᠠᠯᠠᠪᠤᠷᠢ᠎ᠲᠠᠶ ᠤᠶᠠᠯᠳᠤᠭᠤᠯᠤᠨ ᠦᠨᠳᠦᠰᠦᠨ ᠱᠠᠳᠤ ᠪᠣᠯᠤᠨ ᠤᠯᠠᠨ ᠲᠦᠮᠡᠨ᠎ᠦ ᠪᠠᠴᠢᠮᠳᠠᠵᠤ ᠲᠦᠪᠡᠭᠳᠡᠵᠦ ᠵᠤᠪᠠᠨᠢᠵᠤ ᠬᠦᠰᠡᠵᠦ ᠪᠠᠢᠭ᠎ᠠ ᠠᠰᠠᠭᠤᠳᠠᠯ᠎ᠢ ᠬᠠᠨᠳᠤᠯᠭᠠᠲᠤ ᠴᠢᠨᠠᠷᠲᠠᠢ᠎ᠪᠠᠷ ᠱᠢᠢᠳᠪᠦᠷᠢᠯᠡᠵᠦ᠍᠂ ᠰᠤᠷᠲᠠᠯ᠎ᠢ ᠠᠳᠭᠤᠨ ᠠᠵᠢᠯ᠎ᠢᠶᠠᠨ ᠠᠬᠢᠭᠤᠯᠬᠤ᠂ ᠠᠵᠢᠯ᠎ᠢ ᠠᠳᠭᠤᠨ ᠰᠤᠷᠲᠠᠯ᠎ᠢᠶᠠᠨ ᠴᠢᠨᠭᠭᠠᠳᠭᠠᠬᠤ᠌ ᠰᠠᠢ᠌ᠨ ᠣᠷᠴᠢᠯ᠎ᠢ ᠪᠦᠷᠢᠯᠳᠦᠭᠦᠯᠪᠠ᠃

ᠣᠷᠳᠣᠰ ᠬᠣᠲᠠ ᠡᠯ᠎ᠡ ᠱᠠᠲᠤᠨ᠎ᠤ ᠤᠳᠤᠷᠢᠳᠭᠤ ᠺᠠᠳ᠋ᠷ᠎ᠤᠨ ᠳᠠᠭᠠᠭᠤᠯᠤᠨ ᠰᠤᠷᠤᠯᠴᠠᠬᠤ᠎ᠶ᠋ᠢ ᠠᠬᠢᠭᠤᠯᠬᠤ ᠦᠶ᠋ᠯᠡᠳᠦᠯ᠎ᠢ ᠭᠦᠶ᠋ᠴᠡᠳ ᠪᠠᠳᠠᠷᠠᠭᠤᠯᠵᠤ᠂ ᠬᠣᠲᠠ᠎ᠶ᠋ᠢᠨ ᠨᠠᠮ᠎ᠤᠨ ᠬᠣᠷᠢᠶ᠎ᠠ᠎ᠶᠢᠨ ᠰᠤᠷᠤᠯᠴᠠᠯᠭ᠎ᠠ ᠬᠥᠮᠦᠵᠢᠯ᠎ᠦᠨ ᠨᠣᠮ ᠤᠩᠱᠢᠬᠤ ᠠᠩᠭᠢ᠎ᠶ᠋ᠢ ᠡᠷᠬᠢᠯᠡᠪᠡ᠃ ᠰᠤᠷᠤᠯᠴᠠᠯᠭ᠎ᠠ ᠬᠥᠮᠦᠵᠢᠯ ᠎ᠦᠨ ᠬᠣᠯᠪᠣᠭ᠍ᠳᠠᠯ ᠪᠥᠬᠥᠶ ᠠᠭᠤᠯᠭ᠎ᠠ᠎ᠶ᠋ᠢ ᠵᠠᠪᠠᠯ ᠰᠤᠷᠬᠤ ᠬᠢᠴᠢᠶᠡᠯ ᠪᠣᠯᠭᠠᠵᠤ᠂ ᠡᠯ᠎ᠡ ᠱᠠᠲᠤᠨ ᠎ᠤ ᠨᠠᠮ ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)ᠶ᠋ᠢᠨ ᠭᠤᠤᠯ ᠴᠣᠭ᠍ᠴᠠ᠎ᠶ᠋ᠢᠨ ᠠᠩᠭᠢ᠎ᠶ᠋ᠢᠨ ᠪᠣᠯᠪᠠᠰᠤᠷᠠᠯ᠎ᠤᠨ ᠬᠢᠴᠢᠶᠡᠯ᠎ᠳᠦ ᠣᠷᠣᠭᠤᠯᠪᠠ᠃ ᠬᠣᠲᠠ᠎ᠶ᠋ᠢᠨ ᠤᠳᠤᠷᠢᠳᠤᠯᠭ᠎ᠠ᠎ᠶ᠋ᠢ ᠵᠣᠬᠢᠶᠠᠨ ᠪᠠᠢᠭᠤᠯᠵᠤ ᠭᠣᠣᠯ ᠠᠵᠢᠯ᠎ᠲᠠᠶ ᠤᠶᠠᠯᠳᠤᠭᠤᠯᠤᠨ᠂ ᠪᠣᠳᠠᠲᠠᠢ ᠭᠠᠵᠠᠷ᠎ᠲᠤ ᠳᠥᠷᠪᠡ ᠵᠢ ᠦᠨᠳᠦᠰᠦᠨ ᠱᠠᠲᠤᠨ᠎ᠳᠤ ᠪᠠᠭᠤᠯᠭᠠᠬᠤ᠂ ᠬᠡᠷᠡᠭ᠎ᠢ ᠳᠠᠭᠠᠭᠠᠴᠢᠯᠠᠨ ᠵᠠᠬᠢᠳᠠᠯ ᠰᠤᠷᠪᠤᠯᠵᠢᠯᠠᠯ᠎ᠢ ᠬᠦᠯᠢᠶᠡᠨ ᠠᠪᠬᠤ᠂ 12345 ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠦ ᠠᠷᠠᠳ᠎ᠲᠤ ᠳᠥᠭᠥᠮ ᠦᠵᠡᠭᠦᠯᠬᠦ᠌ ᠬᠠᠯᠠᠮᠱᠢᠯ ᠤᠲᠠᠰᠤ᠂ 12371 ᠨᠠᠮ᠎ᠤᠨ ᠭᠡᠱᠢᠭᠦᠨ᠎ᠦ ᠦᠢᠯᠡᠴᠢᠯᠡᠭᠡᠨ᠎ᠦ ᠬᠠᠯᠠᠮᠱᠢᠯ ᠤᠲᠠᠰᠤ᠂ 《ᠬᠣᠶᠠᠷ ᠲᠥᠯᠥᠭᠡᠯᠡᠭ᠌ᠴᠢ ᠨᠢᠭᠡ ᠭᠡᠱᠢᠭᠦᠨ》᠂ ᠠᠷᠠᠳ᠎ᠤᠨ ᠪᠠᠢᠳᠠᠯ ᠎ᠢ ᠦᠨᠡᠨᠴᠢ᠎ᠪᠡᠷ ᠶᠠᠷᠢᠯᠴᠠᠬᠤ᠂ ᠵᠠᠬᠢᠳᠠᠯ᠎ᠤᠨ ᠬᠠᠢᠷᠴᠠᠭ᠂ ᠪᠠᠢᠴᠠᠭᠠᠯᠲᠠ᠎ᠶ᠋ᠢᠨ ᠠᠰᠠᠭᠤᠯᠲᠠ᠎ᠶ᠋ᠢᠨ ᠬᠠᠭᠤᠳᠠᠰᠤ ᠵᠡᠷᠭᠡ ᠠᠷᠭ᠎ᠠ ᠵᠠᠮ᠎ᠢᠶᠠᠷ ᠳᠠᠮᠵᠢᠭᠤᠯᠤᠨ ᠣᠯᠠᠨ ᠲᠦᠮᠡᠨ᠎ᠦ ᠰᠠᠨᠠᠯ ᠰᠠᠨᠠᠭᠤᠯᠭ᠎ᠠ᠎ᠶ᠋ᠢ ᠥᠷᠭᠡᠨ᠎ᠢᠶᠡᠷ ᠬᠤᠷᠢᠶᠠᠪᠠ᠃ 《7 + 3》 ᠎ᠶ᠋ᠢᠨ ᠠᠷᠭ᠎ᠠ ᠵᠠᠮ᠎ᠢ ᠶᠡᠷᠦᠩᠬᠡᠢᠯᠡᠨ ᠬᠡᠷᠡᠭ᠌ᠯᠡᠵᠦ᠍᠂ ᠶᠡᠷᠦᠩᠬᠡᠶ ᠱᠦᠵᠢ ᠰᠢ ᠵᠢᠨ ᠫᠢᠩ᠎ᠦᠨ ᠰᠤᠷᠲᠠᠯ᠎ᠤᠨ ᠪᠠᠢᠭᠤᠯᠤᠯᠲᠠ᠎ᠶ᠋ᠢᠨ ᠲᠤᠬᠠᠶ ᠴᠢᠬᠤᠯᠠ ᠥᠭᠦᠯᠡᠯᠲᠡ᠎ᠶ᠋ᠢᠨ ᠵᠣᠷᠢᠭ ᠰᠠᠨᠠᠭ᠎ᠠ᠎ᠲᠠᠶ ᠴᠢᠩᠭ᠎ᠠ ᠪᠠᠷᠢᠮᠵᠢᠶᠠᠯᠠᠵᠤ᠂ ᠲᠥᠪ᠎ᠦᠨ ᠨᠠᠶ᠋ᠮᠠᠨ ᠲᠣᠭ᠍ᠲᠠᠭᠠᠯ ᠵᠢᠴᠢ ᠲᠡᠭᠦᠨ᠎ᠦ ᠬᠡᠷᠡᠭ᠌ᠵᠢᠭᠦᠯᠬᠦ᠌ ᠨᠠᠷᠢᠨ ᠲᠦᠷᠢᠮ᠎ᠦᠨ ᠵᠣᠷᠢᠭ ᠰᠠᠨᠠᠭ᠎ᠠ᠎ᠲᠠᠶ ᠣᠨᠣᠪᠴᠢᠲᠠᠶ ᠬᠠᠷᠭᠤᠭᠤᠯᠪᠠ᠃ ᠲᠥᠪ᠎ᠦᠨ ᠳᠠᠪᠬᠤᠷᠭ᠎ᠠ᠎ᠶ᠋ᠢᠨ ᠠᠰᠠᠭᠤᠳᠠᠯ᠎ᠤᠨ ᠨᠠᠷᠢᠨ ᠲᠠᠩᠰᠠ᠂ ᠡᠯ᠎ᠡ ᠱᠠᠲᠤᠨ ᠎ᠤ ᠡᠰᠡᠷᠭᠦ᠌ ᠲᠠᠯ᠎ᠠ᠎ᠶ᠋ᠢᠨ ᠨᠡᠢᠲᠡᠯᠢᠭ ᠬᠡᠷᠡᠭ᠎ᠦᠨ ᠵᠢᠱ᠌ᠢᠶ᠎ᠡ᠎ᠲᠡᠶ ᠬᠠᠷᠭᠤᠭᠤᠯᠵᠤ᠂ ᠠᠵᠢᠯ ᠎ᠤᠨ ᠪᠣᠳᠠᠲᠤ ᠪᠠᠢᠳᠠᠯ᠎ᠲᠠᠶ᠎ᠪᠠᠨ ᠤᠶᠠᠯᠳᠤᠭᠤᠯᠤᠨ᠂ ᠠᠰᠠᠭᠤᠳᠠᠯ᠎ᠢ ᠭᠦᠨᠵᠡᠭᠡᠶ ᠡᠷᠢᠵᠦ ᠵᠠᠯᠠᠷᠠᠭᠤᠯᠤᠨ᠂ ᠠᠰᠠᠭᠤᠳᠠᠯ᠎ᠢ ᠡᠷᠢᠵᠦ ᠵᠠᠯᠠᠷᠠᠭᠤᠯᠬᠤ᠎ᠳᠦ ᠦᠨᠡᠨ ᠪᠤᠳᠠᠳᠠᠢ ᠶᠠᠷᠢᠬᠤ᠌᠎ᠶ᠋ᠢ ᠦᠨᠡᠨ ᠬᠦ᠌ ᠪᠠᠲᠤᠯᠠᠪᠠ᠃ ᠠᠭᠤᠰᠤᠯᠴᠠᠭᠤᠯᠤᠨ ᠨᠡᠪᠲᠡᠷᠡᠯᠴᠡᠭᠦᠯᠬᠦ᠌᠎ᠶ᠋ᠢ ᠰᠠᠢᠲᠤᠷ ᠠᠳᠭᠤᠵᠤ᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠭᠣᠣᠯ ᠰᠡᠳᠦᠪ᠎ᠢ ᠪᠠᠲᠤ ᠡᠵᠡᠮᠳᠡᠵᠦ᠍᠂ ᠬᠡᠯᠪᠡᠷᠢᠴᠢ ᠦᠵᠡᠯ᠎ᠢ ᠴᠡᠭ᠌ᠴᠡᠯᠡᠨ ᠵᠠᠰᠠᠵᠤ ᠦᠨᠳᠦᠰᠦᠨ ᠱᠠᠲᠤᠨ᠎ᠤ ᠳᠠᠷᠤᠭᠠᠰᠤ᠎ᠶ᠋ᠢ ᠬᠥᠩᠭᠡᠷᠡᠭᠦᠯᠬᠦ᠌᠂ 《ᠭᠤᠷᠪᠠᠨ ᠤᠯᠠᠨ ᠭᠤᠷᠪᠠᠨ ᠴᠥᠭᠡᠨ ᠭᠤᠷᠪᠠᠨ ᠤᠳᠠᠭᠠᠨ》 ᠵᠡᠷᠭᠡ ᠭᠣᠣᠯᠳᠠᠯᠭ᠎ᠠ᠎ᠲᠠᠶ ᠠᠵᠢᠯ᠎ᠢ ᠴᠡᠭ᠌ᠴᠡᠯᠡᠨ ᠵᠠᠰᠠᠬᠤ᠎ᠲᠠᠶ ᠰᠠᠢᠨ ᠰᠠᠢᠬᠠᠨ᠎ᠢᠶᠡᠷ ᠬᠠᠷᠢᠯᠴᠠᠨ ᠠᠬᠢᠭᠤᠯᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号