ᠰᠤᠷᠲᠠᠯ᠎ᠤᠨ ᠪᠠᠢᠭᠤᠯᠤᠯᠲᠠ ᠬᠡᠵᠢᠶᠡᠳᠡ ᠳᠠᠭᠤᠰᠤᠰᠢ ᠦᠭᠡᠢ᠂ ᠡᠷᠬᠡᠪᠰᠢ ᠴᠥᠬᠥᠷᠡᠰᠢ ᠦᠭᠡᠢ ᠪᠠᠢᠩᠭᠤ ᠠᠳᠭᠤᠬᠤ ᠬᠡᠷᠡᠭ᠌ᠲᠡᠢ᠃ ᠪᠥᠬᠥ᠌ ᠨᠠᠮ᠎ᠢᠶᠠᠷ᠎ᠢᠶᠠᠨ ᠲᠥᠪ᠎ᠦᠨ ᠨᠠᠶ᠋ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠥᠷᠨᠢᠭᠦᠯᠦᠭ᠌ᠰᠡᠨ᠎ᠡᠴᠡ ᠨᠠᠭᠠᠰᠢ᠂ ᠥᠪᠥᠷ ᠮᠣᠩᠭᠣᠯ᠎ᠤᠨ ᠡᠯ᠎ᠡ ᠱᠠᠲᠤ ᠡᠯ᠎ᠡ ᠭᠠᠵᠠᠷ᠎ᠤᠨ᠎ᠬᠢᠨ ᠶᠡᠷᠦᠩᠬᠡᠶ ᠱᠦᠵᠢ ᠰᠢ ᠵᠢᠨ ᠫᠢᠩ᠎ᠦᠨ ᠲᠥᠪ᠎ᠦᠨ ᠨᠠᠶ᠋ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠬᠤ ᠲᠤᠬᠠᠶ ᠴᠢᠬᠤᠯᠠ ᠶᠠᠷᠢᠶ᠎ᠠ ᠪᠣᠯᠤᠨ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ᠌᠎ᠶ᠋ᠢ ᠴᠢᠬᠤᠯᠠ ᠤᠯᠤᠰ ᠲᠥᠷᠥ᠎ᠶ᠋ᠢᠨ ᠡᠭᠦᠷᠭᠡ ᠪᠣᠯᠭᠠᠵᠤ᠂ ᠰᠤᠷᠤᠯᠴᠠᠬᠤ ᠪᠠᠢᠴᠠᠭᠠᠬᠤ ᠴᠡᠭᠴᠡᠯᠡᠨ ᠰᠠᠢᠵᠢᠷᠠᠭᠤᠯᠬᠤ ᠶ᠋ᠢ ᠨᠢᠭᠡ ᠴᠣᠭ᠍ᠴᠠᠵᠢᠭᠤᠯᠤᠨ ᠠᠬᠢᠭᠤᠯᠬᠤ᠎ᠶ᠋ᠢ ᠪᠠᠷᠢᠮᠲᠠᠯᠠᠵᠤ᠂ ᠰᠤᠷᠤᠯᠴᠠᠯᠭ᠎ᠠ ᠶᠠᠰᠤ ᠴᠢᠨᠠᠷᠲᠠᠶ᠂ ᠪᠠᠢᠴᠠᠭᠠᠯᠳᠠ ᠡᠷᠴᠢᠮᠲᠡᠶ᠂ ᠴᠡᠭᠴᠡᠯᠡᠨ ᠰᠠᠢᠵᠢᠷᠠᠭᠤᠯᠤᠯᠳᠠ ᠦᠷ᠎ᠡ ᠪᠦᠲᠦᠮᠵᠢᠲᠡᠶ ᠪᠠᠢᠬᠤ᠎ᠶ᠋ᠢ ᠦᠨᠡᠨ ᠬᠦ᠌ ᠪᠠᠲᠤᠯᠠᠵᠤ᠂ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ᠎ᠢ ᠥᠪᠥᠷ ᠮᠣᠩᠭᠣᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠳᠣᠲᠣᠭᠠᠳᠤ ᠬᠥᠳᠡᠯᠭᠡᠬᠦ᠌ ᠬᠦᠴᠦᠨ ᠪᠣᠯᠭᠠᠨ ᠬᠤᠪᠢᠷᠠᠭᠤᠯᠬᠤ ᠪᠠᠷ ᠴᠢᠷᠮᠠᠢᠵᠤ ᠪᠤᠢ᠃
ᠴᠡᠭ᠌ᠴᠡᠯᠡᠨ ᠰᠠᠢᠵᠢᠷᠠᠭᠤᠯᠬᠤ ᠵᠢ ᠰᠠᠢᠳᠤᠷ ᠠᠳᠬᠤᠵᠤ ᠪᠤᠳᠠᠳᠠᠢ ᠳ᠋ᠤ ᠨᠠᠢᠳᠠᠪᠤᠷᠢᠵᠢᠭᠤᠯᠬᠤ ᠪᠣᠯ ᠰᠤᠷᠤᠯᠴᠠᠯᠭ᠎ᠠ ᠬᠥᠮᠦᠵᠢᠯ᠎ᠦᠨ ᠦᠨᠳᠦᠰᠦᠨ ᠱᠠᠭᠠᠷᠳᠠᠯᠭ᠎ᠠ ᠪᠣᠯᠬᠤ ᠪᠥᠭᠡᠳ ᠪᠠᠰᠠ ᠰᠤᠷᠤᠯᠴᠠᠯᠭ᠎ᠠ ᠬᠥᠮᠦᠵᠢ ᠯᠦᠨ ᠡᠴᠦᠰ᠎ᠦᠨ ᠵᠤᠷᠢᠯᠳᠠ ᠪᠣᠯᠤᠨ᠎ᠠ᠃ ᠪᠥᠬᠥ᠌ ᠣᠷᠣᠨ᠎ᠤ ᠥᠷᠭᠡᠨ ᠣᠯᠠᠨ ᠨᠠᠮ ᠤᠨ ᠭᠡᠱᠢᠭᠦᠨ ᠺᠠᠳ᠋ᠷ ᠲᠣᠰ ᠤᠳᠠᠭ᠎ᠠ ᠶ᠋ᠢᠨ ᠰᠤᠷᠤᠯᠴᠠᠯᠭ᠎ᠠ ᠬᠥᠮᠦᠵᠢᠯ᠎ᠦᠨ ᠬᠠᠷᠠᠯᠲᠠ ᠱᠠᠭᠠᠷᠳᠠᠯᠭ᠎ᠠ᠎ᠶ᠋ᠢ ᠣᠨᠣᠪᠴᠢᠲᠠᠶ ᠡᠵᠡᠮᠳᠡᠵᠦ᠍᠂ ᠰᠤᠷᠤᠯᠴᠠᠯᠭ᠎ᠠ᠎ᠪᠠᠷ ᠰᠦᠭ ᠰᠦᠨᠡᠰᠦ᠎ᠶ᠋ᠢ ᠱᠤᠭᠤᠵᠤ᠂ ᠪᠠᠢᠴᠠᠭᠠᠯᠳᠠ ᠪᠡᠷ ᠲᠤᠯᠢ ᠪᠤᠯᠭᠠᠵᠤ᠂ ᠴᠡᠭ᠌ᠴᠡᠯᠡᠨ ᠰᠠᠢᠵᠢᠷᠠᠭᠤᠯᠬᠤ ᠪᠡᠷ ᠦᠨᠳᠤᠰᠤ ᠪᠤᠯᠭᠠᠵᠤ᠂ 《ᠬᠠᠯᠠᠨ ᠰᠠᠢᠵᠢᠷᠠᠭᠤᠯᠬᠤ》᠎ᠶ᠋ᠢ ᠰᠤᠷᠤᠯᠴᠠᠯᠭ᠎ᠠ ᠬᠥᠮᠦᠵᠢᠯᠳ᠋ᠤ ᠢᠮᠠᠭ᠍ᠲᠠ ᠲᠤᠭᠤᠱᠢᠯᠠᠭᠤᠯᠵᠤ᠂ ᠲᠥᠪ᠎ᠦᠨ ᠨᠠᠶ᠋ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠵᠢᠷᠤᠮᠯᠠᠨ ᠰᠠᠬᠢᠬᠤ᠎ᠶ᠋ᠢ ᠡᠳᠦᠷ ᠲᠤᠲᠤᠮ᠎ᠤᠨ ᠳᠠᠳᠭᠠᠯ ᠪᠣᠯᠭᠠᠵᠤ᠂ ᠤᠯᠤᠰ ᠲᠥᠷᠥ᠎ᠶ᠋ᠢᠨ ᠲᠣᠭ᠍ᠲᠠᠯ ᠬᠦᠴᠦᠨ᠂ ᠰᠠᠬᠢᠯᠭ᠎ᠠ ᠪᠠᠲᠤ᠎ᠶ᠋ᠢᠨ ᠲᠣᠭ᠍ᠲᠠᠯ ᠬᠦᠴᠦᠨ᠂ ᠶᠣᠰᠣ ᠰᠤᠷᠲᠠᠬᠤᠨ᠎ᠤ ᠲᠣᠭ᠍ᠲᠠᠯ ᠬᠦᠴᠦᠨ᠂ ᠢᠯᠵᠠᠷᠡᠯ᠎ᠢ ᠡᠰᠡᠷᠭᠦᠴᠡᠬᠦ᠌ ᠲᠣᠭ᠍ᠲᠠᠯ ᠬᠦᠴᠦᠨ᠎ᠢ ᠦᠨᠡᠨ ᠬᠦ᠌ ᠴᠢᠩᠭᠠᠳᠭᠠᠵᠤ᠂ ᠰᠠᠢᠨ ᠰᠤᠷᠲᠠᠯ ᠰᠠᠢᠨ ᠳᠦᠷᠢ ᠲᠥᠷᠬᠦ᠌᠎ᠪᠡᠷ ᠬᠥᠮᠦᠰ᠎ᠦᠨ ᠰᠡᠳᠭᠢᠯ᠎ᠢ ᠨᠢᠭ᠍ᠲᠠᠷᠠᠭᠤᠯᠵᠤ᠂ ᠬᠥᠭ᠌ᠵᠢᠯᠲᠡ᠎ᠶ᠋ᠢ ᠠᠬᠢᠭᠤᠯᠵᠤ᠂ ᠬᠣᠶᠠᠷ ᠶᠡᠬᠡ ᠶᠠᠪᠤᠳᠠᠯ ᠢ ᠰᠠᠢᠲᠤᠷ ᠬᠢᠬᠦ᠌᠂ 《ᠲᠠᠪᠤᠨ ᠶᠡᠬᠡ ᠡᠭᠦᠷᠭᠡ》 ᠶ᠋ᠢ ᠪᠡᠶᠡᠯᠡᠭᠦᠯᠬᠦ᠌᠂ 《ᠵᠢᠷᠭᠤᠭᠠᠨ ᠢᠨᠵᠧᠨᠧᠷᠢᠩ》 ᠢ᠋ ᠬᠡᠷᠡᠭ᠌ᠵᠢᠭᠦᠯᠬᠦ᠌᠂ 《ᠵᠢᠷᠭᠤᠭᠠᠨ ᠠᠵᠢᠯᠯᠠᠭ᠎ᠠ》 ᠶ᠋ᠢ ᠠᠬᠢᠭᠤᠯᠬᠤ᠎ᠳᠤ ᠬᠦᠴᠦᠷᠭᠡᠭ ᠶᠡᠭᠡ ᠨᠡᠢᠯᠡᠯ ᠬᠦᠴᠦᠨ᠎ᠢ ᠨᠢᠬᠳᠠᠷᠠᠭᠤᠯᠬᠤ ᠬᠡᠷᠡᠭᠳᠡᠢ᠃
ᠲᠡᠮᠦᠷ ᠢ ᠳᠠᠪᠲᠠᠬᠤ ᠳᠤ ᠬᠠᠯᠠᠭᠤᠨ ᠳᠡᠭᠡᠷ᠎ᠡ ᠨᠢ ᠭᠡᠳᠡᠭᠴᠢᠯᠡᠨ ᠴᠡᠭ᠌ᠴᠡᠯᠡᠨ ᠰᠠᠢᠵᠢᠷᠠᠭᠤᠯᠬᠤ ᠵᠢ ᠪᠡᠷᠢᠨ ᠲᠤᠤᠷ᠎ᠠ ᠨᠢ ᠬᠦᠢᠴᠡᠳᠭᠡᠬᠦ ᠬᠡᠷᠡᠭᠳᠠᠢ᠃ ᠲᠥᠪ᠎ᠦᠨ ᠨᠠᠢ᠍ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠬᠤ ᠰᠤᠷᠤᠯᠴᠠᠯᠭ᠎ᠠ ᠬᠥᠮᠦᠵᠢᠯ᠎ᠦᠨ ᠴᠠᠭ ᠪᠠᠴᠢᠮ᠂ ᠡᠭᠦᠷᠭᠡ ᠬᠦᠨᠳᠦ᠂ ᠱᠠᠭᠠᠷᠳᠠᠯᠭ᠎ᠠ ᠥᠨᠳᠥᠷ᠂ ᠪᠦᠬᠦ᠌ ᠣᠷᠣᠨ᠎ᠤ ᠡᠯ᠎ᠡ ᠱᠠᠲᠤᠨ᠎ᠤ ᠨᠠᠮ᠎ᠤᠨ ᠭᠡᠱᠢᠭᠦᠨ ᠺᠠᠳ᠋ᠷ ᠰᠤᠷᠤᠯᠴᠠᠬᠤ᠎ᠶ᠋ᠢᠨ ᠳᠠᠭᠠᠤ ᠪᠠᠢᠴᠠᠭᠠᠨ ᠭᠠᠷᠭᠠᠵᠤ ᠴᠡᠭ᠌ᠴᠡᠯᠡᠨ ᠰᠠᠢᠵᠢᠷᠠᠭᠤᠯᠬᠤ ᠬᠡᠷᠡᠭ᠌ᠲᠡᠢ᠂ ᠪᠠᠢᠴᠠᠭᠠᠨ ᠭᠠᠷᠭᠠᠭᠰᠠᠨ ᠠᠰᠠᠭᠤᠳᠠᠯ᠎ᠳᠤ ᠱᠢᠭᠤᠷᠬᠠᠢ ᠠᠵᠢᠯᠯᠠᠭ᠎ᠠ ᠠᠪᠴᠤ᠌᠂ ᠪᠠᠷᠢᠨ ᠬᠡᠷᠡᠭ᠌ᠵᠢᠭᠦᠯᠵᠦ᠍ ᠪᠠᠷᠢᠨ ᠰᠠᠢᠵᠢᠷᠠᠭᠤᠯᠵᠤ᠂ ᠮᠡᠳᠡᠭ᠌ᠰᠡᠨ ᠳᠠᠷᠤᠢ᠎ᠳᠠᠭᠠᠨ ᠴᠡᠭ᠌ᠴᠡᠯᠡᠨ ᠰᠠᠢᠵᠢᠷᠠᠭᠤᠯᠵᠤ᠂ ᠪᠠᠭ᠎ᠠ ᠶᠠᠪᠤᠳᠠᠯ᠎ᠠᠴᠠ ᠡᠬᠢᠯᠡᠨ ᠴᠡᠭ᠌ᠴᠡᠯᠡᠨ ᠰᠠᠢᠵᠢᠷᠠᠭᠤᠯᠵᠤ᠂ ᠤᠳᠤ᠎ᠠᠴᠠ ᠡᠬᠢᠯᠡᠨ ᠴᠡᠭ᠌ᠴᠡᠯᠡᠨ ᠰᠠᠢᠵᠢᠷᠠᠭᠤᠯᠵᠤ᠂ ᠥᠪᠡᠷ᠎ᠦᠨ ᠪᠡᠶ᠎ᠡ᠎ᠡᠴᠡ᠎ᠪᠡᠨ ᠡᠬᠢᠯᠡᠨ ᠴᠡᠭ᠌ᠴᠡᠯᠡᠨ ᠰᠠᠢᠵᠢᠷᠠᠭᠤᠯᠵᠤ᠂ ᠠᠰᠠᠭᠤᠳᠠᠯ᠎ᠢ ᠴᠡᠭ᠌ᠴᠡᠯᠡᠨ ᠰᠠᠢᠵᠢᠷᠠᠭᠤᠯᠬᠤ᠎ᠶ᠋ᠢ ᠨᠢᠭᠡ ᠤᠳᠠᠭ᠎ᠠ᠎ᠶ᠋ᠢᠨ ᠴᠠᠭ᠎ᠤᠨ ᠬᠢᠵᠠᠭᠠᠷ ᠲᠠᠢ ᠱᠢᠯᠭᠠᠯᠲᠠ ᠪᠣᠯᠭᠠᠵᠤ᠂ ᠶᠠᠭᠠᠬᠢᠭ᠍ᠰᠠᠨ ᠴᠤ᠌ ᠤᠨᠵᠢᠷᠠᠭᠤᠯᠤᠨ ᠰᠤᠨᠵᠢᠷᠠᠭᠤᠯᠵᠤ ᠪᠣᠯᠬᠤ ᠦᠭᠡᠢ᠂ ᠬᠠᠮᠤᠭ ᠤᠨ ᠣᠬᠣᠷᠬᠠᠨ ᠬᠤᠭᠤᠴᠠᠭᠠᠨ᠎ᠳᠤ᠂ ᠬᠠᠮᠤᠭ᠎ᠤᠨ ᠱᠢᠯᠢᠳᠡᠭ ᠬᠠᠷᠢᠭᠤᠯᠲᠠ᠎ᠪᠠᠷ ᠥᠨᠳᠥᠷ ᠬᠤᠪᠢ ᠪᠦᠬᠦᠢ ᠬᠠᠷᠢᠭᠤᠯᠲᠠ᠎ᠶ᠋ᠢᠨ ᠬᠠᠭᠤᠳᠠᠰᠤ ᠲᠤᠱᠢᠶᠠᠵᠤ᠂ ᠠᠷᠠᠳ ᠤᠯᠠᠨ᠎ᠳᠤ ᠰᠤᠷᠤᠯᠴᠠᠯᠭ᠎ᠠ ᠬᠥᠮᠦᠵᠢᠯ᠎ᠦᠨ ᠱᠢᠨ᠎ᠡ ᠬᠤᠪᠢᠷᠠᠯᠲᠠ ᠪᠠ ᠱᠢᠨ᠎ᠡ ᠦᠷ᠎ᠡ ᠪᠦᠲᠦᠮᠵᠢ᠎ᠶ᠋ᠢ ᠦᠵᠡᠭᠦᠯᠬᠦ᠌ ᠬᠡᠷᠡᠭ᠌ᠲᠡᠢ᠃
ᠴᠡᠭᠴᠡᠯᠡᠨ ᠰᠠᠢᠵᠢᠷᠠᠭᠤᠯᠬᠤ ᠳ᠋ᠤ ᠡᠷᠬᠡᠪᠰᠢ ᠬᠠᠲᠠᠭᠤ ᠲᠠᠢ ᠨᠢ ᠬᠠᠯᠳᠠᠵᠤ᠂ ᠴᠢᠩᠭ᠎ᠠ ᠠᠳᠬᠤᠵᠤ᠂ ᠡᠴᠦᠰ ᠲᠦ᠍ᠨᠢ ᠲᠤᠯᠲᠠᠯ᠎ᠠ ᠠᠳᠬᠤᠬᠤ ᠬᠡᠷᠡᠭᠲᠡᠢ᠃ ᠴᠢᠭᠯᠡᠬᠦᠯᠦᠯᠳᠤ ᠴᠢᠨᠠᠷ ᠲᠠᠢ᠂ ᠬᠡᠷᠡᠭᠵᠢᠭᠦᠯᠵᠦ ᠪᠣᠯᠬᠤᠢᠴᠠ ᠬᠠᠲᠠᠭᠤ ᠠᠷᠭ᠎ᠠ ᠬᠡᠮᠵᠢᠶ᠎ᠡ ᠠᠪᠴᠤ᠂ ᠰᠤᠷᠲᠠᠯ᠎ᠤᠨ ᠠᠰᠠᠭᠤᠳᠠᠯ᠎ᠤᠨ ᠵᠠᠩᠭᠢᠯᠠᠭ᠎ᠠ᠎ᠶᠢᠨ ᠬᠡᠮ ᠢ ᠣᠨᠢᠯᠠᠨ ᠬᠦᠴᠦᠯᠡᠵᠦ᠂ ᠰᠢᠪᠲᠤᠯᠤᠯᠳᠠ ᠭᠠᠷᠭᠠᠬᠤ ᠬᠡᠷᠡᠭᠲᠡᠢ᠃ ᠬᠠᠲᠠᠭᠤ᠎ᠲᠠᠢ ᠨᠢ ᠬᠠᠯᠳᠠᠵᠤ᠂ ᠥᠴᠥᠬᠡᠨ ᠴᠦ᠍ ᠬᠠᠭᠤᠮᠠᠭᠠᠢ ᠪᠠᠢᠵᠤ ᠪᠤᠯᠬᠤ ᠦᠭᠡᠢ ᠣᠪᠣᠷ᠎ᠢᠶᠠᠷ ᠥᠪᠡᠷ᠎ᠢ᠎ᠪᠡᠨ ᠪᠠᠢᠴᠠᠭᠠᠵᠤ᠂ ᠠᠵᠢᠯ ᠢᠶᠠᠨ ᠪᠠᠢᠴᠠᠭᠠᠵᠤ᠂ ᠡᠭᠦᠷᠭᠡ ᠬᠠᠷᠢᠭᠤᠴᠠᠯᠭ᠎ᠠ᠎ᠪᠠᠨ ᠪᠠᠢᠴᠠᠭᠠᠵᠤ᠂ ᠬᠢᠲᠤᠭᠠᠨ᠎ᠤ ᠢᠷ ᠢ ᠳᠣᠲᠣᠭ᠍ᠰᠢ ᠬᠠᠨᠳᠤᠭᠤᠯᠬᠤ ᠰᠥᠰᠥ ᠵᠣᠷᠢᠭ᠋᠎ᠢᠶᠠᠷ ᠠᠷᠬᠠᠭ ᠬᠡᠮ᠎ᠳᠦ ᠮᠡᠰᠡ ᠵᠠᠰᠠᠯ ᠬᠢᠵᠦ᠂ ᠴᠢᠨᠠᠷ ᠰᠠᠢᠲᠠᠢ ᠬᠥᠭᠵᠢᠯᠲᠡ᠎ᠶᠢ ᠨᠥᠯᠥᠭᠡᠯᠡᠵᠦ ᠪᠠᠢᠭ᠎ᠠ ᠠᠰᠠᠭᠤᠳᠠᠯ᠂ ᠣᠯᠠᠨ ᠲᠦᠮᠡᠨ ᠦ ᠲᠤᠰᠬᠠᠯ ᠴᠢᠩᠭ᠎ᠠ ᠪᠠᠢᠭ᠎ᠠ ᠠᠰᠠᠭᠤᠳᠠᠯ ᠢ ᠪᠦᠲᠦᠮᠵᠢᠲᠡᠢ ᠰᠠᠢᠵᠢᠷᠠᠭᠤᠯᠵᠤ᠂ ᠲᠤᠢᠯᠪᠤᠷᠢᠲᠠᠢ ᠰᠠᠢᠵᠢᠷᠠᠭᠤᠯᠬᠤ ᠬᠡᠷᠡᠭᠲᠡᠢ᠃ ᠦᠷ᠎ᠡ ᠳ᠋ᠦᠩ᠎ᠢ ᠴᠢᠬᠤᠯᠠᠴᠢᠯᠠᠨ ᠦᠷ᠎ᠡ ᠪᠦᠲᠦᠮᠵᠢ ᠵᠢ ᠴᠢᠬᠤᠯᠠᠴᠢᠯᠠᠵᠤ᠂ ᠠᠰᠠᠭᠤᠳᠠᠯ᠎ᠢ ᠰᠢᠢᠳᠪᠦᠷᠢᠯᠡᠬᠦ ᠦᠭᠡᠢ ᠪᠣᠯ ᠬᠠᠶᠠᠬᠤ ᠦᠭᠡᠢ᠂ ᠴᠡᠭᠴᠡᠯᠡᠨ ᠰᠠᠢᠵᠢᠷᠠᠭᠤᠯᠬᠤ ᠶᠢ ᠪᠤᠳᠠᠲᠠᠢ ᠨᠠᠢᠳᠠᠪᠤᠷᠢᠵᠢᠭᠤᠯᠬᠤ ᠦᠭᠡᠢ ᠪᠣᠯ ᠵᠤᠭᠰᠤᠬᠤ ᠦᠭᠡᠢ᠂ ᠦᠨᠡᠨ ᠪᠣᠳᠠᠲᠠᠢ ᠬᠤᠪᠢᠷᠠᠯᠲᠠ ᠪᠠᠷ ᠣᠯᠠᠨ ᠲᠦᠮᠡᠨ ᠦ ᠰᠡᠳᠬᠢᠯ᠎ᠢ ᠣᠯᠵᠤ᠂ ᠥᠪᠥᠷ ᠮᠣᠩᠭᠣᠯ᠎ᠤᠨ ᠰᠢᠨ᠎ᠡ ᠵᠠᠮ ᠨᠡᠭᠡᠭᠡᠵᠦ ᠳᠤᠮᠳᠠ ᠲᠦᠪᠰᠢᠨ ᠳᠤ ᠣᠷᠣᠬᠤ ᠬᠠᠷᠠᠯᠲᠠ᠎ᠶᠢ ᠪᠡᠶᠡᠯᠡᠭᠦᠯᠬᠦ᠎ᠳᠦ ᠪᠠᠲᠤ ᠴᠢᠩᠭ᠎ᠠ ᠰᠤᠷᠲᠠᠯ᠎ᠤᠨ ᠪᠠᠲᠤᠯᠠᠭ᠎ᠠ ᠬᠠᠩᠭᠠᠬᠤ ᠬᠡᠷᠡᠭᠲᠡᠢ᠃
ᠰᠤᠷᠲᠠᠯ᠎ᠤᠨ ᠪᠠᠢᠭᠤᠯᠤᠯᠲᠠ ᠪᠣᠯ ᠤᠷᠤᠰᠬᠠᠯ ᠰᠥᠷᠴᠦ ᠣᠩᠭᠣᠴᠠ ᠰᠡᠯᠢᠬᠦ᠎ᠲᠠᠢ ᠠᠳᠠᠯᠢ᠂ ᠰᠡᠯᠢᠬᠦ ᠪᠠᠨ ᠵᠤᠭᠰᠤᠮᠠᠭᠴᠠ ᠲᠦᠯᠬᠢᠭᠳᠡᠨ ᠤᠬᠤᠷᠢᠵᠦ ᠪᠦᠬᠦ ᠶᠠᠭᠤᠮ᠎ᠠ ᠲᠠᠯᠠᠭᠠᠷ ᠪᠤᠯᠤᠨ᠎ᠠ᠃ ᠡᠷᠬᠡᠪᠰᠢ ᠰᠤᠷᠤᠯᠴᠠᠯᠭ᠎ᠠ ᠬᠥᠮᠦᠵᠢᠯ᠎ᠢ ᠡᠳᠦᠷ ᠳᠤᠳᠤᠮ᠎ᠤᠨ ᠠᠵᠢᠯ᠎ᠳᠠᠭᠠᠨ ᠠᠭᠤᠰᠤᠯᠴᠠᠭᠤᠯᠵᠤ᠂ ᠪᠠᠢᠩᠭᠤ ᠠᠳᠬᠤᠵᠤ᠂ ᠤᠳᠠᠭᠠᠨ ᠳᠠᠭᠠᠭᠠᠮᠠᠭᠠᠢ ᠪᠠᠷᠢᠮᠲᠠᠯᠠᠵᠤ᠂ ᠲᠥᠪ ᠦᠨ ᠨᠠᠢ᠍ᠮᠠᠨ ᠲᠣᠭᠲᠠᠭᠠᠯ᠎ᠤᠨ ᠵᠣᠷᠢᠭ᠋ ᠰᠠᠨᠠᠭ᠎ᠠ᠎ᠶᠢ ᠦᠨᠡᠨ ᠬᠦ᠌ ᠨᠠᠮ᠎ᠤᠨ ᠭᠡᠰᠢᠭᠦᠨ ᠺᠠᠳ᠋ᠷ ᠪᠦᠷᠢ᠎ᠶᠢᠨ ᠡᠳᠦᠷ ᠳᠤᠳᠤᠮ ᠤᠨ ᠦᠢᠯᠡ ᠠᠵᠢᠯᠯᠠᠭ᠎ᠠ᠎ᠶᠢᠨ ᠪᠠᠷᠢᠮᠵᠢᠶ᠎ᠠ ᠪᠣᠯᠭᠠᠬᠤ᠎ᠶᠢ ᠠᠬᠢᠭᠤᠯᠬᠤ ᠬᠡᠷᠡᠭᠲᠡᠢ᠃ 《 ᠣᠳᠣᠬᠠᠨ ᠤ ᠴᠡᠭᠴᠡᠯᠡᠨ ᠰᠠᠢᠵᠢᠷᠠᠭᠤᠯᠬᠤ》 ᠳ᠋ᠤ ᠰᠠᠭᠤᠷᠢᠯᠠᠵᠤ᠂《ᠣᠷᠳᠣ᠌ ᠬᠤᠭᠤᠴᠠᠭ᠎ᠠ᠎ᠪᠠᠷ ᠪᠠᠶ᠋ᠢᠭᠤᠯᠬᠤ》 ᠵᠢ ᠠᠩᠬᠠᠷᠴᠤ᠂ ᠪᠠᠢᠩᠭᠤ ᠠᠳᠬᠤᠬᠤ᠂ ᠨᠠᠷᠢᠯᠢᠭ᠋ ᠠᠳᠬᠤᠬᠤ᠂ ᠣᠷᠳᠣ᠌ ᠬᠤᠭᠤᠴᠠᠭᠠᠠᠳᠬᠤᠬᠤ ᠠᠵᠢᠯ᠎ᠤᠨ ᠲᠣᠭᠲᠠᠴᠠ ᠶᠢ ᠪᠠᠢᠭᠤᠯᠵᠤ᠂ ᠡᠬᠢ ᠡᠬᠦᠰᠦᠯ ᠡᠴᠡ ᠨᠢ ᠮᠠᠯᠳᠠᠬᠤ᠂ ᠳᠤᠲᠠᠭᠤᠳᠠᠯ᠎ᠢ ᠨᠥᠬᠥᠪᠦᠷᠢᠯᠡᠬᠦ᠂ ᠳᠠᠬᠢᠨ ᠡᠭᠦᠰᠬᠦ ᠶᠢ ᠰᠡᠷᠭᠡᠢᠯᠡᠬᠦ᠎ᠶᠢ ᠴᠢᠬᠤᠯᠠᠴᠢᠯᠠᠵᠤ᠂ ᠲᠣᠭᠲᠠᠴᠠ᠎ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠠᠯᠳᠠᠭ᠎ᠠ ᠲᠤᠳᠠᠭᠳᠠᠯ ᠵᠢᠡᠨ ᠨᠥᠬᠥᠪᠦᠷᠢᠯᠡᠵᠦ᠂ ᠴᠡᠭᠴᠡᠯᠡᠨ ᠰᠠᠢᠵᠢᠷᠠᠭᠤᠯᠤᠭᠰᠠᠨ ᠦᠷ᠎ᠡ ᠪᠦᠲᠦᠮᠵᠢ᠎ᠶᠢ ᠲᠣᠭᠲᠠᠪᠤᠷᠢᠵᠢᠭᠤᠯᠵᠤ᠂ ᠰᠤᠷᠤᠯᠴᠠᠯᠭ᠎ᠠ ᠬᠥᠮᠦᠵᠢᠯ᠎ᠤᠨ ᠦᠷ᠎ᠠ ᠪᠦᠳᠦᠭᠡᠯ᠎ᠤᠨ ᠦᠨᠡᠨ ᠪᠤᠳᠠᠳᠠᠢ ᠂ ᠤᠷᠳᠤ ᠬᠤᠭᠤᠴᠠᠭ᠎ᠠ ᠦᠢᠯᠡᠳᠦᠯ ᠭᠠᠷᠭᠠᠬᠤ ᠵᠢ ᠪᠠᠲᠤᠯᠠᠬᠤ ᠬᠡᠷᠡᠭᠲᠡᠢ᠃
ᠰᠤᠷᠲᠠᠯ ᠴᠢᠭᠡᠴᠢ ᠪᠤᠯ ᠤᠪᠤᠷ ᠲᠦᠪ᠂ ᠤᠪᠤᠷ ᠲᠦᠪ ᠪᠤᠯ ᠰᠡᠳᠬᠢᠯ ᠨᠢᠭᠡᠳᠦᠨ᠎ᠡ᠂ ᠰᠡᠳᠬᠢᠯ ᠨᠢᠭᠡᠳᠪᠡᠯ ᠠᠵᠢᠯ ᠶᠠᠪᠤᠳᠠᠯ ᠪᠦᠲᠦᠨ᠎ᠡ᠃ ᠡᠨᠡ ᠵᠢᠯ ᠪᠣᠯ《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠦᠪᠵᠢᠭᠦᠯᠭᠡ᠎ᠶᠢᠨ ᠰᠡᠭᠦᠯ ᠬᠤᠷᠢᠶᠠᠬᠤ ᠵᠢᠯ ᠪᠠ ᠥᠭᠡᠷᠡᠴᠢᠯᠡᠯᠲᠡ᠎ᠶᠢ ᠤᠯᠠᠮ ᠨᠢᠭᠡ ᠠᠯᠬᠤᠮ ᠪᠦᠬᠦ ᠲᠠᠯ᠎ᠠ᠎ᠪᠠᠷ ᠭᠦᠨᠵᠡᠭᠡᠢᠷᠡᠭᠦᠯᠬᠦ ᠴᠢᠬᠤᠯᠠ ᠨᠢᠭᠡ ᠵᠢᠯ ᠪᠣᠯᠣᠨ᠎ᠠ᠃ ᠪᠦᠬᠦ ᠣᠷᠣᠨ᠎ᠤ ᠥᠷᠭᠡᠨ ᠤᠯᠠᠨ ᠨᠠᠮ᠎ᠤᠨ ᠭᠡᠰᠢᠭᠦᠨ ᠺᠠᠳ᠋ᠷ ᠬᠠᠳᠠᠭᠠᠰᠤ ᠬᠠᠳᠠᠬᠤ ᠵᠣᠷᠢᠭ᠋ ᠰᠠᠨᠠᠭ᠎ᠠ᠎ᠶᠢ ᠪᠠᠳᠠᠷᠠᠭᠤᠯᠵᠤ᠂ ᠨᠡᠩ ᠥᠨᠳᠥᠷ ᠪᠠᠷᠢᠮᠵᠢᠶ᠎ᠠ᠂ ᠨᠡᠩ ᠴᠢᠩᠭ᠎ᠠ ᠱᠠᠭᠠᠷᠳᠠᠯᠭ᠎ᠠ᠎ᠪᠠᠷ ᠥᠪᠡᠷ᠎ᠢ᠎ᠪᠡᠨ ᠬᠢᠵᠠᠭᠠᠷᠯᠠᠵᠤ᠂ ᠰᠤᠷᠲᠠᠯ᠎ᠢ ᠴᠡᠭᠴᠡᠯᠡᠨ ᠰᠠᠬᠢᠯᠭ᠎ᠠ ᠪᠠᠲᠤ᠎ᠶᠢ ᠴᠢᠩᠳᠠᠯᠠᠬᠤ᠎ᠶᠢ ᠴᠥᠬᠥᠷᠡᠰᠢ ᠦᠭᠡᠢ ᠪᠠᠷᠢᠮᠲᠠᠯᠠᠵᠤ᠂ ᠰᠢᠯᠢᠳᠡᠭ ᠰᠤᠷᠲᠠᠯ᠎ᠢᠶᠠᠷ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ ᠵᠢᠨ ᠥᠪᠥᠷ ᠮᠣᠩᠭᠣᠯ᠎ᠤᠨ ᠦᠢᠯᠡᠳᠦᠯᠭᠡ᠎ᠳᠦ ᠨᠡᠩ ᠰᠦᠷ ᠳᠠᠯᠠᠢᠴᠠᠲᠠᠢ ᠬᠦᠴᠦᠨ᠎ᠢ ᠨᠢᠭ᠍ᠲᠠᠷᠠᠭᠤᠯᠬᠤ ᠬᠡᠷᠡᠭᠲᠡᠢ᠃