ᠮᠠᠨ᠎ᠤ ᠣᠷᠣᠨ᠎ᠤ ᠡᠯ᠎ᠡ ᠭᠠᠵᠠᠷ᠎ᠤᠨ᠎ᠬᠢᠨ ᠭᠤᠤᠯ ᠰᠡᠳᠦᠪ᠎ᠲᠦ ᠠᠩᠬᠠᠷᠤᠯ᠎ᠢᠶᠠᠨ ᠲᠥᠪᠯᠡᠷᠡᠭᠦᠯᠦᠨ ᠰᠤᠷᠤᠯᠴᠠᠬᠤ ᠪᠠᠢᠴᠠᠭᠠᠬᠤ ᠴᠡᠭᠴᠡᠯᠡᠨ ᠰᠠᠢᠵᠢᠷᠠᠭᠤᠯᠬᠤ ᠵᠢ ᠨᠢᠭᠡ ᠴᠣᠭ᠍ᠴᠠᠵᠢᠭᠤᠯᠤᠨ ᠠᠬᠢᠭᠤᠯᠵᠤ ᠪᠠᠢᠨ᠎ᠠ
2025-05-09 10:38:31
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠯᠠᠪᠳᠠᠭᠤᠨ ᠪᠠᠲᠤᠲᠠᠢ ᠥᠷᠨᠢᠭᠦᠯᠵᠦ᠍ ᠡᠳᠦᠷ ᠳᠤᠳᠤᠮ᠎ᠤᠨ ᠠᠵᠢᠯ ᠲᠤᠮᠳᠠ ᠪᠠᠨ ᠠᠭᠤᠰᠤᠯᠴᠠᠭᠤᠯᠵᠤ ᠭᠦᠨᠵᠡᠭᠡᠢᠷᠡᠭᠦᠯᠦᠨ ᠪᠣᠳᠠᠲᠠᠢᠵᠢᠭᠤᠯᠤᠨ᠎ᠠ


ᠲᠥᠪ᠎ᠦᠨ ᠨᠠᠢ᠍ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠬᠤ ᠰᠤᠷᠤᠯᠴᠠᠯᠭ᠎ᠠ ᠬᠥᠮᠦᠵᠢᠯ ᠲᠤᠮᠳᠠ ᠬᠥᠬᠡᠬᠣᠲᠠ᠂ ᠪᠤᠭᠤᠲᠤ ᠬᠤᠳᠠ᠂ ᠲᠦᠩᠯᠢᠶᠣᠤ ᠬᠤᠳᠠ᠂ ᠱᠢᠯᠢ᠎ᠶ᠋ᠢᠨ ᠭᠣᠣᠯ ᠠᠢᠮᠠᠭ᠎ᠤᠨ ᠬᠢᠨ ᠳᠡᠭᠡᠷ᠎ᠠ ᠱᠠᠳᠤ ᠨᠢ ᠳᠤᠤᠷ᠎ᠠ ᠱᠠᠳᠤ᠎ᠪᠠᠨ ᠳᠠᠭᠠᠭᠤᠯᠵᠤ᠂ ᠰᠤᠷᠤᠯᠴᠠᠯᠭ᠎ᠠ ᠬᠥᠮᠦᠵᠢᠯ᠂ ᠠᠰᠠᠭᠤᠳᠠᠯ᠎ᠢ ᠪᠠᠢᠴᠠᠭᠠᠨ ᠳᠡᠯᠭᠡᠬᠦ᠌᠂ ᠴᠡᠭ᠌ᠴᠡᠯᠡᠨ ᠰᠠᠢᠵᠢᠷᠠᠭᠤᠯᠵᠤ ᠨᠠᠢᠳᠠᠪᠤᠷᠢᠵᠢᠭᠤᠯᠬᠤ᠎ᠶ᠋ᠢ ᠨᠢᠭᠡ ᠴᠤᠬ᠍ᠴᠠᠵᠢᠭᠤᠯᠤᠨ ᠠᠬᠢᠭᠤᠯᠵᠤ᠂ ᠰᠤᠷᠤᠯᠴᠠᠬᠤ᠎ᠳᠠᠭᠠᠨ ᠶᠠᠰᠤ ᠴᠢᠨᠠᠷ᠎ᠲᠠᠶ᠂ ᠪᠠᠢᠴᠠᠭᠠᠬᠤ᠎ᠳᠠᠭᠠᠨ ᠡᠷᠴᠢᠮ᠎ᠲᠡᠶ᠂ ᠴᠡᠭᠴᠡᠯᠡᠨ ᠰᠠᠢᠵᠢᠷᠠᠭᠤᠯᠬᠤ ᠳ᠋ᠠᠭᠠᠨ ᠦᠷ᠎ᠡ ᠪᠦᠲᠦᠮᠵᠢ᠎ᠲᠡᠶ ᠪᠠᠢᠬᠤ᠎ᠶ᠋ᠢ ᠪᠠᠲᠤᠯᠠᠵᠤ᠂ ᠱᠢᠯᠢᠳᠡᠭ ᠰᠤᠷᠲᠠᠯ᠎ᠢᠶᠠᠷ ᠠᠵᠢᠯ ᠬᠢᠵᠦ᠍ ᠦᠢᠯᠡᠰ ᠪᠤᠰᠭᠠᠬᠤ ᠬᠦᠴᠦᠷᠬᠡᠭ ᠶᠡᠬᠡ ᠬᠠᠮᠲᠤᠷᠠᠯ ᠬᠦᠴᠦᠨ᠎ᠢ ᠨᠢᠭ᠍ᠲᠠᠷᠠᠭᠤᠯᠵᠤ ᠪᠤᠢ᠃

ᠬᠥᠬᠡᠬᠣᠲᠠ ᠵᠢᠨ ᠬᠢᠨ ᠡᠮᠦᠨ᠎ᠡ᠎ᠨᠢ ᠬᠤᠰᠢᠭᠤᠷᠠᠵᠤ᠂ ᠦᠯᠢᠭᠡᠷ ᠳᠠᠭᠤᠷᠢᠶᠠᠯ ᠪᠣᠯᠬᠤ᠎ᠶ᠋ᠢ ᠪᠠᠷᠢᠮᠲᠠᠯᠠᠵᠤ᠂ ᠰᠤᠷᠤᠯᠴᠠᠬᠤ ᠪᠠᠢᠴᠠᠭᠠᠬᠤ ᠴᠡᠭᠴᠡᠯᠡᠨ ᠰᠠᠢᠵᠢᠷᠠᠭᠤᠯᠬᠤ᠎ᠶ᠋ᠢ ᠨᠢᠭᠡ ᠴᠣᠭ᠍ᠴᠠᠵᠢᠭᠤᠯᠤᠨ ᠠᠬᠢᠭᠤᠯᠪᠠ᠃ ᠣᠳᠣᠬᠠᠨ ᠪᠣᠯᠲᠠᠯ᠎ᠠ ᠨᠣᠮ ᠤᠩᠱᠢᠬᠤ ᠠᠩᠭᠢ ᠵᠢ 768 ᠬᠤᠭᠤᠴᠠᠭ᠎ᠠ᠂ ᠣᠨᠣᠯ ᠰᠤᠷᠤᠯᠴᠠᠬᠤ ᠭᠤᠤᠯ ᠳᠤᠭᠤᠢᠯᠠᠩ᠎ᠤᠨ ᠰᠤᠷᠤᠯᠴᠠᠯᠭ᠎ᠠ ᠵᠢ 1102 ᠤᠳᠠᠭ᠎ᠠ ᠶᠠᠪᠤᠭᠳᠠᠭᠤᠯᠵᠤ᠂ ᠦᠨᠳᠦᠰᠦᠨ ᠱᠠᠲᠤᠨ᠎ᠤ ᠨᠠᠮ᠎ᠤᠨ ᠡᠭᠦᠷ᠎ᠦᠨ 《ᠭᠤᠷᠪᠠᠨ ᠬᠤᠷᠠᠯ ᠨᠢᠭᠡ ᠬᠢᠴᠢᠶᠡᠯ》 ᠢ᠋ 12216 ᠤᠳᠠᠭ᠎ᠠ ᠡᠷᠬᠢᠯᠡᠵᠤ᠂ ᠵᠠᠯᠠᠭᠤᠴᠤᠳ᠎ᠤᠨ ᠣᠨᠣᠯ ᠰᠤᠷᠤᠯᠴᠠᠬᠤ ᠳᠤᠭᠤᠢᠯᠠᠩ 200 ᠭᠠᠷᠤᠶ ᠤᠳᠠᠭ᠎ᠠ ᠠᠵᠢᠯᠯᠠᠭ᠎ᠠ ᠥᠷᠨᠢᠭᠦᠯᠪᠡ᠃ ᠰᠤᠷᠤᠯᠴᠠᠵᠤ ᠰᠤᠳᠤᠯᠤᠨ ᠶᠠᠷᠢᠯᠴᠠᠬᠤ ᠰᠠᠭᠤᠷᠢᠨ ᠳᠡᠭᠡᠷ᠎ᠡ ᠠᠰᠠᠭᠤᠳᠠᠯ᠎ᠢ ᠪᠦᠬᠦ᠌ ᠲᠠᠯ᠎ᠠ᠎ᠪᠠᠷ ᠲᠤᠢᠯᠪᠤᠷᠢᠳᠠᠢ ᠪᠠᠢᠴᠠᠭᠠᠵᠤ᠂ ᠶᠠᠮᠠᠷ ᠠᠰᠠᠭᠤᠳᠠᠯ ᠪᠠᠢᠪᠠᠯ ᠶᠠᠮᠠᠷ ᠠᠰᠠᠭᠤᠳᠠᠯ᠎ᠢ ᠪᠠᠢᠴᠠᠭᠠᠨ ᠳᠡᠯᠭᠡᠬᠦ᠌᠎ᠶ᠋ᠢ ᠪᠠᠷᠢᠮᠲᠠᠯᠠᠵᠤ᠂ ᠤᠳᠤᠷᠢᠳᠭᠤ ᠪᠠᠭ᠂ ᠤᠳᠤᠷᠢᠳᠭᠤ ᠺᠠᠳ᠋ᠷᠴᠤᠳ᠎ᠤᠨ ᠠᠰᠠᠭᠤᠳᠠᠯ᠎ᠢ ᠪᠠᠢᠴᠠᠭᠠᠨ ᠳᠡᠯᠭᠡᠬᠦ᠌᠎ᠶ᠋ᠢ ᠴᠢᠩᠭ᠎ᠠ ᠠᠩᠬᠠᠷᠴᠠᠢ᠃ ᠪᠦᠬᠦ᠌ ᠬᠤᠳᠠ᠎ᠶ᠋ᠢᠨ ᠱᠢᠶᠠᠨ ᠭᠠᠵᠠᠷ᠎ᠤᠨ ᠲᠡᠰ᠎ᠡᠴᠡ ᠳᠡᠭᠡᠭ᠌ᠰᠢᠬᠢ ᠤᠳᠤᠷᠢᠳᠭᠤ ᠪᠠᠭ ᠪᠣᠯᠤᠨ ᠤᠳᠤᠷᠢᠳᠭᠤ ᠺᠠᠳ᠋ᠷ ᠶᠡᠷᠦᠩᠬᠡᠢ ᠱᠦᠵᠢ ᠰᠢ ᠵᠢᠨ ᠫᠢᠩ᠎ᠦᠨ ᠨᠠᠮ᠎ᠤᠨ ᠰᠤᠷᠲᠠᠯ᠎ᠤᠨ ᠪᠠᠢᠭᠤᠯᠤᠯᠲᠠ᠎ᠶ᠋ᠢ ᠴᠢᠩᠭᠠᠳᠭᠠᠬᠤ ᠲᠤᠬᠠᠢ ᠴᠢᠬᠤᠯᠠ ᠥᠭᠦᠯᠡᠯᠲᠡ ᠪᠣᠯᠤᠨ ᠲᠥᠪ᠎ᠦᠨ ᠨᠠᠢ᠍ᠮᠠᠨ ᠲᠣᠭ᠍ᠲᠠᠭᠠᠯ ᠵᠢᠴᠢ ᠲᠡᠬᠦᠨ ᠤ᠋ ᠬᠡᠷᠡᠭ᠌ᠵᠢᠭᠦᠯᠬᠦ᠌ ᠨᠠᠷᠢᠨ ᠲᠦᠷᠢᠮ᠎ᠦᠨ ᠵᠣᠷᠢᠭ ᠰᠠᠨᠠᠭ᠎ᠠ᠎ᠶ᠋ᠢ ᠭᠦᠨᠵᠡᠭᠡᠢ ᠣᠢᠯᠠᠭᠠᠵᠤ᠂ ᠲᠥᠪ᠎ᠡᠴᠡ ᠳᠠᠷᠤᠮᠠᠯᠯᠠᠨ ᠲᠠᠷᠬᠠᠭᠠᠭ᠍ᠰᠠᠨ 《ᠬᠣᠶᠠᠷ ᠨᠠᠷᠢᠨ ᠲᠠᠩᠰᠠ》 ᠪᠣᠯᠤᠨ 《ᠨᠡᠢᠲᠡᠯᠢᠭ ᠬᠡᠷᠡᠭ᠎ᠦᠨ ᠵᠢᠱ᠌ᠢᠢ᠎ᠡ》 ᠲᠠᠢ ᠬᠠᠷᠭᠤᠭᠤᠯᠵᠤ᠂ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ᠂ ᠲᠣᠭᠣᠷᠢᠨ ᠦᠵᠡᠵᠤ ᠲᠤᠭᠤᠷᠢᠨ ᠪᠠᠢᠴᠠᠭᠠᠬᠤ ᠵᠡᠷᠭᠡ 7 ᠵᠦᠢᠯ᠎ᠦᠨ ᠠᠷᠭ᠎ᠠ ᠵᠠᠮ᠎ᠢ ᠬᠡᠷᠡᠭ᠌ᠯᠡᠵᠦ᠍᠂ 《ᠲᠠᠪᠤᠨ ᠶᠡᠬᠡ ᠡᠭᠦᠷᠭᠡ》 ᠵᠢ ᠨᠠᠢᠳᠠᠪᠤᠷᠢᠵᠢᠭᠤᠯᠬᠤ᠎ᠲᠠᠶ ᠤᠶᠠᠯᠳᠤᠭᠤᠯᠵᠤ᠂ ᠤᠯᠠᠨ ᠲᠦᠮᠡᠨ᠎ᠦ ᠰᠠᠨᠠᠯ ᠰᠠᠨᠠᠭᠤᠯᠭ᠎ᠠ᠎ᠶ᠋ᠢ ᠬᠤᠷᠢᠶᠠᠵᠤ᠂ 《ᠱᠢᠭ᠌ᠰᠢᠨ ᠪᠠᠢᠴᠠᠭᠠᠬᠤ》 ᠬᠡᠯᠪᠡᠷᠢ᠎ᠪᠡᠷ ᠠᠰᠠᠭᠤᠳᠠᠯ᠎ᠢ ᠪᠠᠢᠴᠠᠭᠠᠨ ᠳᠡᠯᠭᠡᠬᠦ᠌ ᠬᠡᠷᠡᠭ᠌ᠲᠡᠢ ᠭᠡᠵᠤ ᠱᠠᠭᠠᠷᠳᠠᠪᠠ᠃ ᠲᠥᠪᠯᠡᠷᠡᠭᠦᠯᠦᠨ ᠴᠡᠭ᠌ᠴᠡᠯᠡᠨ ᠵᠠᠰᠠᠬᠤ᠎ᠶ᠋ᠢ ᠵᠣᠬᠢᠶᠠᠨ ᠪᠠᠢᠭᠤᠯᠤᠨ ᠠᠬᠢᠭᠤᠯᠬᠤ᠎ᠶ᠋ᠢ ᠴᠢᠩᠭᠠᠳᠭᠠᠵᠤ᠂ 《ᠥᠭᠡᠷᠡᠴᠢᠯᠡᠯᠲᠡ᠎ᠶ᠋ᠢᠨ ᠵᠣᠷᠢᠭ ᠰᠠᠨᠠᠭ᠎ᠠ᠎ᠪᠠᠷ ᠲᠡᠦᠬᠡ᠎ᠶ᠋ᠢᠨ ᠦᠯᠡᠳᠡᠭ᠌ᠳᠡᠯ ᠠᠰᠠᠭᠤᠳᠠᠯ᠎ᠢ ᠱᠢᠶ᠋ᠳᠪᠦᠷᠢᠯᠡᠬᠦ᠌》 ᠲᠤᠰᠭᠠᠶ ᠠᠵᠢᠯ᠎ᠢ ᠠᠬᠢᠭᠤᠯᠬᠤ᠎ᠲᠠᠶ ᠤᠶᠠᠯᠳᠤᠭᠤᠯᠤᠨ ᠲᠥᠪᠯᠡᠷᠡᠩᠭᠦᠶ ᠨᠡᠢᠲᠡᠴᠢ ᠴᠢᠨᠠᠷ᠂ ᠠᠮᠠᠷᠬᠠᠨ ᠡᠭᠦᠰᠭᠦ ᠣᠯᠠᠨ ᠡᠭᠦᠰᠭᠦ᠂ ᠣᠯᠠᠨ ᠲᠦᠮᠡᠨ᠎ᠦ ᠲᠤᠰᠭᠠᠯ ᠴᠢᠩᠭ᠎ᠠ ᠪᠠᠢᠭ᠎ᠠ ᠲᠣᠪᠣᠢᠮ᠎ᠠ ᠠᠰᠠᠭᠤᠳᠠᠯ᠎ᠢ ᠲᠥᠪᠯᠡᠷᠡᠭᠦᠯᠦᠨ ᠴᠡᠭ᠌ᠴᠡᠯᠡᠨ ᠵᠠᠰᠠᠬᠤ᠎ᠶ᠋ᠢ ᠥᠷᠨᠢᠭᠦᠯᠬᠦ᠌᠎ᠶ᠋ᠢᠨ ᠵᠡᠷᠭᠡ ᠪᠡᠷ ᠠᠰᠠᠭᠤᠳᠠᠯ ᠎ᠢ ᠲᠥᠪᠯᠡᠷᠡᠭᠦᠯᠦᠨ ᠴᠡᠭ᠌ᠴᠡᠯᠡᠨ ᠵᠠᠰᠠᠬᠤ ᠳ᠋ᠠᠭᠠᠨ ᠰᠢᠢᠳᠪᠦᠷᠢᠯᠡᠵᠤ ᠨᠠᠷᠢᠨ ᠲᠠᠩᠰᠠᠨ ᠡᠴᠡ ᠭᠠᠷᠭᠠᠬᠤ ᠬᠠᠮᠢᠶᠠᠷᠤᠯᠲᠠ ᠵᠢ ᠬᠡᠷᠡᠭᠵᠢᠬᠦᠯᠵᠤ᠂ ᠠᠰᠠᠭᠤᠳᠠᠯ᠎ᠢ ᠱᠢᠶ᠋ᠳᠪᠦᠷᠢᠯᠡᠬᠦ᠌ ᠥᠬᠡᠶ ᠪᠣᠯ ᠲᠠᠯᠪᠢᠬᠤ ᠥᠬᠡᠶ᠂ ᠣᠯᠠᠨ ᠲᠦᠮᠡᠨ ᠬᠠᠨᠤᠮᠵᠢ ᠥᠬᠡᠶ ᠪᠣᠯ ᠲᠠᠯᠪᠢᠬᠤ ᠥᠬᠡᠶ ᠪᠠᠢᠬᠤ᠎ᠶ᠋ᠢ ᠪᠡᠶᠡᠯᠡᠭᠦᠯᠪᠠ᠃

ᠪᠤᠭᠤᠲᠤ ᠬᠣᠲᠠ᠎ᠶ᠋ᠢᠨ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠨᠣᠮ ᠤᠩᠱᠢᠬᠤ ᠠᠩᠭᠢ᠎ᠶ᠋ᠢ 683 ᠬᠤᠭᠤᠴᠠᠭ᠎ᠠ ᠡᠷᠭᠢᠯᠡᠵᠦ᠍᠂ ᠲᠤᠰᠭᠠᠶ ᠰᠡᠳᠦᠪ᠎ᠢᠶᠡᠷ ᠰᠤᠳᠤᠯᠤᠨ ᠶᠠᠷᠢᠯᠴᠠᠬᠤ᠎ᠶ᠋ᠢ 1788 ᠤᠳᠠᠭ᠎ᠠ ᠥᠷᠨᠢᠭᠦᠯᠵᠦ᠍᠂ 《ᠭᠤᠷᠪᠠᠨ ᠬᠤᠷᠠᠯ ᠨᠢᠭᠡ ᠬᠢᠴᠢᠶᠡᠯ》 ᠢ᠋ ᠥᠷᠨᠢᠭᠦᠯᠵᠦ᠍᠂ ᠭᠤᠤᠯ ᠰᠡᠳᠦᠪᠲᠦ ᠨᠠᠮ᠎ᠤᠨ ᠡᠳᠦᠷ ᠵᠡᠷᠭᠡ ᠲᠥᠪᠯᠡᠷᠡᠭᠦᠯᠦᠨ ᠰᠤᠷᠤᠯᠴᠠᠬᠤ ᠠᠩᠭᠢ᠎ᠶ᠋ᠢ 7362 ᠤᠳᠠᠭ᠎ᠠ ᠥᠷᠨᠢᠭᠦᠯᠵᠦ᠍᠂ 9200 ᠭᠠᠷᠤᠶ ᠵᠠᠯᠠᠭᠤ ᠺᠠᠳ᠋ᠷ 610 ᠭᠠᠷᠤᠶ ᠵᠠᠯᠠᠭᠤᠴᠤᠳ᠎ᠤᠨ ᠣᠨᠣᠯ ᠰᠤᠷᠤᠯᠴᠠᠬᠤ ᠳᠤᠭᠤᠢᠯᠠᠩ᠎ᠢᠶᠠᠷ ᠳᠡᠮᠵᠢᠨ ᠭᠦᠨᠵᠡᠭᠡᠶ ᠰᠤᠷᠤᠯᠴᠠᠨ ᠨᠠᠷᠢᠨ ᠰᠤᠳᠤᠯᠵᠤ᠂ 20.5 ᠲᠦᠮᠡᠨ ᠨᠠᠮ᠎ᠤᠨ ᠭᠡᠱᠢᠭᠦᠨ ᠲᠥᠪᠯᠡᠷᠡᠭᠦᠯᠦᠨ ᠲᠤᠰᠭᠠᠶ ᠰᠡᠳᠦᠪ᠎ᠢᠶᠡᠷ ᠬᠠᠪᠰᠤᠷᠤᠨ ᠵᠢᠯᠣᠭᠣᠳᠭᠤ᠂ ᠥᠪᠡᠰᠦᠪᠡᠨ ᠰᠤᠷᠤᠯᠴᠠᠵᠤ ᠮᠡᠳᠡᠯᠭᠡ ᠪᠡᠨ ᠨᠡᠮᠡᠭᠳᠡᠬᠦᠯᠬᠦ᠂ ᠰᠤᠷᠤᠯᠴᠠᠯᠭ᠎ᠠ ᠵᠢ ᠭᠡᠷ ᠲᠤᠨᠢ ᠬᠦᠷᠭᠡᠬᠦ ᠵᠡᠷᠭᠡ ᠬᠡᠯᠪᠡᠷᠢ᠎ᠪᠡᠷ ᠳᠡᠮᠵᠢᠨ ᠪᠥᠬᠥ᠌ ᠬᠥᠮᠦᠰ᠎ᠢᠶᠡᠷ᠎ᠢᠶᠡᠨ ᠣᠷᠣᠯᠴᠠᠵᠠᠶ᠃ ᠪᠠᠢᠴᠠᠭᠠᠨ ᠳᠡᠯᠭᠡᠬᠦ᠌ ᠠᠰᠠᠭᠤᠳᠠᠯ ᠳᠡᠭᠡᠷ᠎ᠡ ᠦᠷᠭᠦᠯᠵᠢᠯᠡᠨ ᠬᠦᠴᠦᠯᠡᠬᠦ᠌᠎ᠶ᠋ᠢ ᠪᠠᠷᠢᠮᠲᠠᠯᠠᠵᠤ᠂ ᠪᠥᠬᠥ᠌ ᠬᠣᠲᠠ᠎ᠶ᠋ᠢᠨ 104 ᠰᠤᠷᠤᠯᠴᠠᠯᠭ᠎ᠠ ᠳ᠋ᠤ ᠣᠷᠣᠯᠴᠠᠭ᠍ᠰᠠᠨ ᠨᠢᠭᠡᠴᠢ 200 ᠭᠠᠷᠤᠶ ᠲᠠᠯᠠᠪᠤᠷ ᠠᠷᠠᠳ᠎ᠤᠨ ᠪᠠᠢᠳᠠᠯ᠎ᠢ ᠦᠨᠡᠨᠴᠢ ᠪᠡᠷ ᠶᠠᠷᠢᠯᠴᠠᠬᠤ ᠬᠤᠷᠠᠯ ᠬᠤᠷᠠᠯᠳᠤᠭᠤᠯᠵᠤ᠂ ᠣᠯᠠᠨ ᠠᠷᠭ᠎ᠠ ᠵᠠᠮ᠎ᠢᠶᠠᠷ 2000 ᠭᠠᠷᠤᠶ ᠵᠤᠷᠪᠤᠰ ᠠᠰᠠᠭᠤᠳᠠᠯ᠎ᠤᠨ ᠰᠠᠨᠠᠭᠤᠯᠭ᠎ᠠ᠎ᠶ᠋ᠢ  ᠴᠤᠭ᠍ᠯᠠᠭᠤᠯᠵᠤ᠂ ᠱᠢᠶᠠᠨ ᠭᠠᠵᠠᠷ᠎ᠤᠨ ᠲᠠᠰ᠎ᠤᠨ ᠤᠳᠤᠷᠢᠳᠭᠤ ᠪᠠᠭ᠂ ᠺᠠᠳ᠋ᠷᠴᠤᠳ 《7 + 3》 ᠶ᠋ᠢᠨ ᠠᠷᠭ᠎ᠠ ᠮᠠᠶᠢᠭ᠎ᠢᠶᠠᠷ 8340 ᠠᠰᠠᠭᠤᠳᠠᠯ᠎ᠢ ᠪᠥᠬᠥ᠌ ᠱᠢᠰᠲ᠋ᠧᠮ᠎ᠢᠶᠡᠷ ᠨᠢ ᠪᠠᠢᠴᠠᠭᠠᠨ ᠢᠯᠡᠷᠡᠭᠦᠯᠪᠡ᠃ ᠠᠰᠠᠭᠤᠳᠠᠯ᠎ᠤᠨ ᠨᠠᠷᠢᠨ ᠲᠠᠩᠰᠠ᠎ᠶ᠋ᠢ ᠬᠢᠨᠠᠨ ᠬᠠᠷᠭᠤᠭᠤᠯᠬᠤ ᠲᠣᠭ᠍ᠲᠠᠴᠠ᠎ᠶ᠋ᠢ ᠪᠠᠢᠭᠤᠯᠵᠤ᠂ ᠬᠣᠲᠠ᠎ᠶ᠋ᠢᠨ ᠨᠠᠮ᠎ᠤᠨ ᠬᠣᠷᠢᠶ᠎ᠠ ᠵᠢᠨ ᠰᠤᠷᠤᠯᠴᠠᠯᠭ᠎ᠠ ᠬᠥᠮᠦᠵᠢᠯ᠎ᠦᠨ ᠠᠵᠢᠯ᠎ᠤᠨ ᠲᠤᠰᠭᠠᠶ ᠠᠩᠭᠢ᠂ ᠠᠵᠢᠯ ᠲᠥᠷᠥᠯ᠎ᠦᠨ ᠱᠢᠰᠲ᠋ᠧᠮ᠎ᠦᠨ ᠨᠠᠮ᠎ᠤᠨ (ᠠᠵᠢᠯ) ᠬᠣᠷᠢᠶ᠎ᠠ ᠪᠥᠬᠥ᠌ ᠬᠣᠲᠠ᠎ᠶ᠋ᠢᠨ ᠰᠤᠷᠤᠯᠴᠠᠯᠭ᠎ᠠ ᠳ᠋ᠤ ᠣᠷᠣᠯᠴᠠᠭ᠍ᠰᠠᠨ 104 ᠨᠢᠭᠡᠴᠢ᠎ᠶ᠋ᠢᠨ ᠠᠰᠠᠭᠤᠳᠠᠯ᠎ᠢ ᠪᠠᠢᠴᠠᠭᠠᠨ ᠳᠡᠯᠭᠡᠭ᠌ᠰᠡᠨ ᠪᠠᠢᠳᠠᠯ ᠳ᠋ᠤ 《ᠭᠤᠷᠪᠠ᠎ᠶ᠋ᠢ ᠬᠢᠨᠠᠨ ᠭᠤᠷᠪᠠ ᠵᠥᠪᠯᠡᠬᠦ᠌》 ᠶ᠋ᠢ ᠬᠡᠷᠡᠭᠵᠢᠬᠦᠯᠵᠤ᠂ 《ᠳᠥᠷᠪᠡᠨ ᠦᠵᠡᠬᠦ᠌》 ᠪᠠᠷᠢᠮᠵᠢᠶ᠎ᠠ᠎ᠳᠤ ᠨᠡᠢᠴᠡᠬᠦ᠌ ᠥᠬᠡᠶ ᠠᠰᠠᠭᠤᠳᠠᠯ᠎ᠤᠨ ᠨᠠᠷᠢᠨ ᠲᠠᠩᠰᠠ᠎ᠶ᠋ᠢ ᠪᠦᠬᠦᠨ᠎ᠢ ᠪᠤᠴᠠᠭᠠᠨ ᠵᠠᠰᠠᠪᠤᠷᠢ ᠣᠷᠣᠭᠤᠯᠵᠤ᠂ ᠨᠠᠷᠢᠨ ᠨᠢᠮᠪᠠᠶ ᠪᠠᠢᠴᠠᠭᠠᠨ ᠳᠡᠯᠭᠡᠵᠤ ᠨᠢᠭᠡ ᠠᠯᠬᠤᠮ ᠴᠤ᠌ ᠰᠤᠯᠠᠷᠠᠭᠤᠯᠬᠤ ᠥᠬᠡᠶ ᠪᠠᠢᠬᠤ᠎ᠶ᠋ᠢ ᠪᠡᠶᠡᠯᠡᠭᠦᠯᠪᠡ᠃ ᠪᠣᠳᠠᠲᠠᠶ ᠪᠠᠢᠬᠤ ᠱᠠᠭᠠᠷᠳᠠᠯᠭ᠎ᠠ᠎ᠶ᠋ᠢ ᠴᠡᠭ᠌ᠴᠡᠯᠡᠨ ᠰᠠᠢᠵᠢᠷᠠᠭᠤᠯᠬᠤ ᠪᠥᠬᠥ᠌ ᠶᠠᠪᠤᠴᠠ᠎ᠳᠤ ᠲᠤᠭᠤᠰᠢᠯᠠᠭᠤᠯᠬᠤ᠎ᠶ᠋ᠢ ᠪᠠᠷᠢᠮᠲᠠᠯᠠᠵᠤ᠂ ᠣᠯᠠᠨ ᠲᠦᠮᠡᠨ᠎ᠦ ᠲᠤᠰᠭᠠᠯ ᠴᠢᠩᠭ᠎ᠠ 204 ᠠᠰᠠᠭᠤᠳᠠᠯ᠎ᠢ ᠱᠠᠯᠠᠪᠳᠠᠭᠤᠯᠤᠨ ᠱᠢᠶ᠋ᠳᠪᠦᠷᠢᠯᠡᠭᠦᠯᠵᠦ᠍᠂ ᠡᠭᠦᠨ᠎ᠳᠦ 135 ᠠᠰᠠᠭᠤᠳᠠᠯ᠎ᠢ ᠪᠠᠷᠢᠨ ᠬᠡᠷᠡᠭ᠌ᠵᠢᠭᠦᠯᠵᠦ᠍ ᠪᠠᠷᠢᠨ ᠰᠠᠢᠵᠢᠷᠠᠭᠤᠯᠪᠠ᠃ 8792 ᠨᠠᠮ᠎ᠤᠨ ᠭᠡᠱᠢᠭᠦᠨ ᠺᠠᠳ᠋ᠷ ᠰᠠᠨᠠᠭᠠᠴᠢᠯᠠᠭ᠎ᠠ᠎ᠡᠴᠡ᠎ᠪᠠᠨ ᠨᠡᠢᠭᠡᠮ ᠲᠣᠭᠣᠷᠢᠭ᠂ ᠦᠨᠳᠦᠰᠦᠨ ᠱᠠᠲᠤᠨ᠎ᠳᠤ ᠭᠦᠨᠵᠡᠭᠡᠢᠷᠡᠵᠦ᠍᠂ ᠤᠯᠠᠨ ᠲᠦᠮᠡᠨ᠎ᠦ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠤ ᠪᠠᠢᠭ᠎ᠠ 3800 ᠭᠠᠷᠤᠢ ᠠᠰᠠᠭᠤᠳᠠᠯ᠎ᠢ ᠪᠣᠳᠠᠲᠠᠢ ᠱᠢᠢᠳᠪᠦᠷᠢᠯᠡᠵᠦ᠍᠂ ᠤᠯᠠᠨ ᠲᠦᠮᠡᠨ᠎ᠦ ᠠᠩᠬᠠᠷᠴᠤ᠌ ᠪᠠᠢᠭ᠎ᠠ ᠠᠰᠠᠭᠤᠳᠠᠯ᠎ᠳᠤ ᠬᠦᠴᠦᠲᠡᠢ ᠬᠠᠷᠢᠭᠤᠯᠲᠠ ᠥᠭ᠌ᠴᠦ᠂ ᠴᠡᠭ᠌ᠴᠡᠯᠡᠨ ᠰᠠᠢᠵᠢᠷᠠᠭᠤᠯᠬᠤ᠎ᠶ᠋ᠢ ᠭᠦᠨᠵᠡᠭᠡᠢᠷᠡᠭᠦᠯᠬᠦ᠌᠎ᠳᠦ ᠥᠨᠴᠥᠭ ᠪᠤᠯᠤᠩ ᠦᠯᠡᠳᠡᠭᠡᠬᠦ᠌ ᠦᠭᠡᠢ ᠪᠠᠢᠬᠤ᠎ᠶ᠋ᠢ ᠪᠡᠶᠡᠯᠡᠭᠦᠯᠪᠡ᠃

ᠲᠦᠩᠯᠢᠶᠣᠤ ᠬᠣᠲᠠ ᠭᠤᠤᠯ ᠰᠡᠳᠦᠪ᠎ᠲᠦ ᠠᠩᠬᠠᠷᠤᠯ᠎ᠢᠶᠠᠨ ᠲᠥᠪᠯᠡᠷᠡᠭᠦᠯᠬᠦ᠌᠎ᠶ᠋ᠢ ᠪᠠᠷᠢᠮᠲᠠᠯᠠᠵᠤ᠂ ᠳᠥᠭᠥᠮ ᠳᠥᠷᠭᠡᠡ ᠪᠥᠭᠡᠳ ᠪᠣᠳᠠᠲᠠᠶ᠎ᠶ᠋ᠢ ᠡᠷᠬᠢᠮᠯᠡᠬᠦ᠌᠎ᠶ᠋ᠢ ᠨᠢᠭᠡ ᠴᠣᠭ᠍ᠴᠠᠵᠢᠭᠤᠯᠤᠨ ᠰᠤᠷᠤᠯᠴᠠᠬᠤ ᠪᠠᠢᠴᠠᠭᠠᠬᠤ ᠴᠡᠭᠴᠠᠯᠠᠨ ᠰᠠᠢᠵᠢᠷᠠᠭᠤᠯᠬᠤ᠎ᠶ᠋ᠢ ᠠᠬᠢᠭᠤᠯᠪᠠ᠃ ᠣᠯᠠᠨ ᠱᠠᠲᠤ ᠬᠠᠮᠲᠤᠷᠠᠨ ᠰᠤᠷᠤᠯᠴᠠᠵᠤ᠂ ᠲᠥᠪᠯᠡᠷᠡᠭᠦᠯᠦᠨ ᠨᠣᠮ ᠤᠩᠱᠢᠬᠤ᠂ ᠰᠤᠷᠤᠯᠴᠠᠵᠤ ᠰᠤᠳᠤᠯᠤᠨ ᠶᠠᠷᠢᠯᠴᠠᠬᠤ᠂ ᠲᠤᠰᠭᠠᠶ ᠰᠡᠳᠦᠪᠲᠦ ᠨᠠᠮ᠎ᠤᠨ ᠬᠢᠴᠢᠶᠡᠯ ᠵᠡᠷᠭᠡ ᠵᠠᠩᠭᠢᠯᠠᠭ᠎ᠠ᠎ᠶ᠋ᠢᠨ ᠭᠣᠭ᠍ᠴᠣᠭ᠎ᠠ᠎ᠶ᠋ᠢ ᠭᠤᠤᠯᠳᠠᠯᠭ᠎ᠠ᠎ᠲᠠᠶ ᠰᠠᠢᠲᠤᠷ ᠠᠳᠭᠤᠵᠤ᠂ ᠡᠯ᠎ᠡ ᠱᠠᠲᠤᠨ᠎ᠤ ᠨᠠᠮ᠎ᠤᠨ ᠬᠣᠷᠢᠶ᠎ᠠ (ᠨᠠᠮ᠎ᠤᠨ ᠤᠳᠤᠷᠢᠳᠭᠤ ᠳᠤᠭᠤᠢᠯᠠᠩ) ᠨᠣᠮ ᠤᠩᠱᠢᠬᠤ ᠠᠩᠭᠢ ᠡᠷᠭᠢᠯᠡᠵᠦ᠍᠂ ᠣᠨᠣᠯ ᠰᠤᠷᠤᠯᠴᠠᠬᠤ ᠭᠤᠤᠯ ᠳᠤᠭᠤᠢᠯᠠᠩ᠎ᠤᠨ ᠬᠠᠮᠲᠤ᠎ᠶ᠋ᠢᠨ ᠰᠤᠷᠤᠯᠴᠠᠯᠭ᠎ᠠ᠎ᠶ᠋ᠢ ᠥᠷᠨᠢᠭᠦᠯᠬᠦ᠌᠎ᠶ᠋ᠢᠨ ᠬᠠᠮᠲᠤ ᠰᠣᠯᠢᠯᠴᠠᠵᠦ᠍ ᠰᠤᠳᠤᠯᠤᠨ ᠶᠠᠷᠢᠯᠴᠠᠪᠠ᠃ ᠱᠢᠨ᠎ᠡ᠎ᠪᠡᠷ ᠳᠡᠪᠱᠢᠭᠦᠯᠦᠭ᠌ᠰᠡᠨ ᠺᠠᠳ᠋ᠷ᠂ ᠵᠠᠯᠠᠭᠤ ᠺᠠᠳ᠋ᠷ᠂ ᠵᠠᠩᠭᠢᠯᠠᠭ᠎ᠠ᠎ᠶ᠋ᠢᠨ ᠠᠵᠢᠯ᠎ᠤᠨ ᠪᠠᠢᠷᠢ᠎ᠳ᠋ᠡᠬᠢ ᠺᠠᠳ᠋ᠷ᠎ᠲᠦ ᠨᠡᠢᠴᠡᠬᠦ ᠰᠤᠷᠤᠯᠴᠠᠯᠭ᠎ᠠ ᠬᠥᠮᠦᠵᠢᠯ᠎ᠦᠨ ᠲᠥᠯᠥᠪᠯᠡᠭᠡ᠎ᠶ᠋ᠢ ᠪᠡᠶ᠎ᠡ᠎ᠳᠤᠨᠢ ᠲᠠᠭᠠᠷᠠᠭᠤᠯᠤᠨ ᠲᠣᠭ᠍ᠲᠠᠭᠠᠵᠤ ᠦᠭᠬᠦᠨ᠂ ᠬᠣᠲᠠ᠎ᠶ᠋ᠢᠨ ᠱᠢᠭᠤᠳ ᠬᠠᠷᠢᠶ᠎ᠠ ᠪᠠᠢᠭᠤᠯᠭ᠎ᠠ᠎ᠶ᠋ᠢᠨ ᠵᠠᠯᠠᠭᠤᠴᠤᠳ᠎ᠤᠨ ᠣᠨᠣᠯ ᠰᠤᠷᠤᠯᠴᠠᠵᠤ ᠳᠡᠭᠡᠭ᠌ᠰᠢᠯᠡᠭᠦᠯᠬᠦ᠌ ᠢᠨᠵᠧᠨᠧᠷᠢᠩ᠎ᠢ ᠬᠡᠷᠡᠭ᠌ᠵᠢᠭᠦᠯᠪᠡ᠃ ᠳᠡᠭᠡᠷ᠎ᠠ ᠲᠤᠤᠷ᠎ᠠ ᠱᠠᠳᠤ᠎ᠪᠠᠷ᠎ᠢᠶᠠᠨ ᠬᠣᠯᠪᠣᠭᠠᠯᠠᠨ ᠪᠠᠢᠴᠠᠭᠠᠬᠤ᠎ᠶ᠋ᠢ ᠨᠠᠷᠢᠯᠢᠭ ᠠᠳᠭᠤᠵᠤ᠂ 《7 + 3》᠎ᠢ᠋ᠢᠨ ᠠᠷᠭ᠎ᠠ ᠵᠠᠮ᠎ᠢ ᠭᠦᠢᠴᠡᠳ ᠬᠡᠷᠡᠭ᠌ᠯᠡᠨ᠂ 《ᠲᠠᠪᠤᠨ ᠶᠡᠬᠡ ᠡᠭᠦᠷᠭᠡ》 ᠵᠢ ᠨᠠᠢᠳᠠᠪᠤᠷᠢᠵᠢᠭᠤᠯᠬᠤ ᠪᠠ ᠠᠵᠢᠯ᠎ᠤᠨ ᠪᠣᠳᠠᠲᠤ ᠪᠠᠢᠳᠠᠯ᠎ᠲᠠᠢ ᠤᠶᠠᠯᠳᠤᠭᠤᠯᠵᠤ᠂ ᠤᠯᠠᠨ ᠲᠦᠮᠡᠨ᠎ᠦ ᠰᠠᠨᠠᠯ᠎ᠢ ᠬᠤᠷᠢᠶᠠᠭ᠍ᠰᠠᠨ ᠪᠠᠢᠳᠠᠯ᠎ᠤᠨ ᠬᠡᠯᠪᠡᠷᠢ ᠪᠡᠷ ᠠᠰᠠᠭᠤᠳᠠᠯ᠎ᠢ ᠡᠷᠢᠵᠦ ᠵᠠᠯᠠᠷᠠᠭᠤᠯᠵᠤ᠂ 《ᠲᠦᠷᠪᠡᠨ ᠦᠨᠳᠦᠰᠦᠨ ᠱᠠᠲᠤᠨ᠎ᠳᠤ ᠪᠠᠭᠤᠬᠤ》 ᠤᠳᠤᠷᠢᠳᠤᠯᠭ᠎ᠠ᠎ᠶᠢᠨ ᠬᠠᠷᠢᠯᠴᠠᠬᠤ ᠴᠡᠭ ᠵᠡᠷᠭᠡ ᠲᠦᠷᠢᠮ᠎ᠢ ᠨᠠᠢᠳᠠᠪᠤᠷᠢᠵᠢᠭᠤᠯᠤᠨ᠂ 12371 ᠨᠠᠮ᠎ᠤᠨ ᠭᠡᠱᠢᠭᠦᠨ᠎ᠦ ᠵᠦᠪᠯᠡᠯᠬᠡ ᠥᠭ᠌ᠬᠦ ᠦᠢᠯᠡᠴᠢᠯᠡᠭᠡᠨ᠎ᠦ ᠤᠲᠠᠰᠤ᠂ 12345 ᠠᠷᠠᠳ᠎ᠲᠤ ᠲᠦᠬᠦᠮ ᠦᠵᠡᠭᠦᠯᠬᠦ᠌ ᠦᠢᠯᠡᠴᠢᠯᠡᠭᠡᠨ᠎ᠦ ᠬᠠᠯᠠᠮᠰᠢᠯ ᠤᠲᠠᠰᠤ᠎ᠶ᠋ᠢ ᠰᠠᠭᠠᠳ ᠦᠭᠡᠢ ᠨᠡᠪᠲᠡᠷᠡᠭᠦᠯᠵᠦ᠍᠂ ᠠᠷᠠᠳ᠎ᠤᠨ ᠪᠠᠢᠳᠠᠯ᠎ᠢ ᠴᠢᠩ ᠦᠨᠡᠨᠴᠢ᠎ᠪᠡᠷ ᠶᠠᠷᠢᠯᠴᠠᠬᠤ᠂ ᠵᠠᠬᠢᠳᠠᠯ ᠰᠤᠷᠪᠤᠯᠵᠢᠯᠠᠯ ᠬᠢᠬᠦ᠌᠂ ᠲᠥᠯᠥᠭᠡᠯᠡᠭ᠌ᠴᠢᠳ᠎ᠢ ᠤᠷᠢᠵᠤ ᠶᠠᠷᠢᠯᠴᠠᠬᠤ᠎ᠵᠢ ᠨᠡᠢᠳᠭᠡᠬᠦ ᠵᠡᠷᠭᠡ ᠤᠯᠠᠨ ᠵᠦᠢᠯ᠎ᠦᠨ ᠠᠷᠭ᠎ᠠ ᠮᠠᠶᠢᠭ᠎ᠢᠶᠠᠷ ᠳᠠᠮᠵᠢᠨ᠂ ᠥᠷᠭᠡᠨ᠎ᠢᠶᠡᠷ ᠰᠠᠨᠠᠯ ᠰᠠᠨᠠᠭᠤᠯᠭ᠎ᠠ ᠬᠤᠷᠢᠶᠠᠵᠤ᠂ ᠡᠯ᠎ᠡ ᠰᠠᠯᠠᠭ᠎ᠠ ᠮᠥᠴᠢᠷ ᠡᠯ᠎ᠡ ᠨᠢᠭᠡᠴᠢ᠎ᠶ᠋ᠢᠨ ᠤᠳᠤᠷᠢᠳᠭᠤ ᠪᠠᠭ 866 ᠠᠰᠠᠭᠤᠳᠠᠯ᠎ᠢ ᠡᠷᠢᠵᠦ ᠵᠠᠯᠠᠷᠠᠭᠤᠯᠤᠭᠰᠠᠨ ᠪᠥᠭᠡᠳ ᠬᠥᠳᠡᠯᠦᠩᠭᠦᠢ᠎ᠪᠡᠷ ᠱᠢᠨᠡᠳᠭᠡᠪᠡ᠃ ᠬᠠᠮᠵᠢᠯᠴᠠᠨ ᠬᠣᠯᠪᠣᠭᠠᠯᠠᠨ ᠴᠡᠭ᠌ᠴᠡᠯᠡᠨ ᠰᠠᠢᠵᠢᠷᠠᠭᠤᠯᠬᠤ᠎ᠶ᠋ᠢ ᠴᠢᠩᠭ᠎ᠠ ᠠᠳᠭᠤᠵᠤ᠂ ᠪᠠᠢᠴᠠᠭᠠᠵᠤ ᠢᠯᠡᠷᠡᠭᠦᠯᠦᠭ᠌ᠰᠡᠨ ᠠᠰᠠᠭᠤᠳᠠᠯ᠎ᠳᠤ ᠴᠢᠭ᠌ᠯᠡᠭᠦᠯᠦᠨ᠂ ᠪᠣᠳᠠᠲᠤ ᠪᠠᠢᠳᠠᠯ᠎ᠲᠠᠶ᠎ᠪᠠᠨ ᠤᠶᠠᠯᠳᠤᠭᠤᠯᠵᠤ᠂ ᠴᠡᠭ᠌ᠴᠡᠯᠡᠨ ᠵᠠᠰᠠᠬᠤ ᠲᠥᠷᠥᠯ ᠵᠦᠶ᠋ᠯ᠎ᠢ ᠰᠤᠳᠤᠯᠤᠨ ᠵᠠᠳᠠᠯᠵᠤ ᠲᠣᠭ᠍ᠲᠠᠭᠠᠪᠠ᠃ ᠡᠯ᠎ᠡ ᠭᠠᠵᠠᠷ ᠣᠷᠣᠨ ᠡᠯ᠎ᠡ ᠨᠢᠭᠡᠴᠢ᠎ᠶ᠋ᠢᠨ ᠬᠢᠨ ᠴᠡᠭ᠌ᠴᠡᠯᠡᠨ ᠰᠠᠢᠵᠢᠷᠠᠭᠤᠯᠬᠤ ᠠᠷᠭ᠎ᠠ ᠬᠡᠮᠵᠢᠶ᠎ᠡ᠎ᠶ᠋ᠢ ᠨᠠᠷᠢᠯᠢᠬ᠍ᠵᠢᠭᠤᠯᠤᠨ ᠪᠣᠳᠠᠲᠠᠢᠵᠢᠭᠤᠯᠵᠤ᠂ ᠬᠣᠯᠪᠣᠭ᠍ᠳᠠᠯ ᠪᠥᠬᠥᠶ ᠲᠦᠷᠢᠮ ᠲᠣᠭ᠍ᠲᠠᠭᠠᠯ᠎ᠢ ᠬᠠᠨᠳᠤᠯᠭᠠᠲᠤ ᠴᠢᠨᠠᠷᠲᠠᠶ᠎ᠪᠠᠷ ᠲᠡᠭᠦᠯᠳᠡᠷᠵᠢᠭᠦᠯᠵᠦ᠍᠂ ᠱᠢᠶᠠᠨ ᠭᠠᠵᠠᠷ᠎ᠤᠨ ᠲᠠᠰ᠎ᠡᠴᠡ ᠳᠡᠭᠡᠭ᠌ᠰᠢᠬᠢ ᠤᠳᠤᠷᠢᠳᠭᠤ ᠪᠠᠭ᠎ᠤᠨ 253 ᠠᠰᠠᠭᠤᠳᠠᠯ᠎ᠢ ᠨᠢᠭᠡᠨᠲᠡ ᠴᠡᠭ᠌ᠴᠡᠯᠡᠨ ᠰᠠᠢᠵᠢᠷᠠᠭᠤᠯᠪᠠ᠃

ᠱᠢᠯᠢ᠎ᠶ᠋ᠢᠨ ᠭᠤᠤᠯ ᠠᠢᠮᠠᠭ ᠰᠤᠷᠤᠯᠴᠠᠯᠭ᠎ᠠ ᠬᠥᠮᠦᠵᠢᠯ᠎ᠢ ᠴᠢᠬᠤᠯᠠ ᠶᠡᠬᠡ ᠤᠯᠤᠰ ᠲᠥᠷᠥ᠎ᠶ᠋ᠢᠨ ᠡᠭᠦᠷᠭᠡ ᠪᠣᠯᠭᠠᠵᠤ᠂ ᠰᠤᠷᠤᠯᠴᠠᠬᠤ ᠪᠠᠢᠴᠠᠭᠠᠬᠤ ᠴᠡᠭᠴᠠᠯᠠᠨ ᠰᠠᠢᠵᠢᠷᠠᠭᠤᠯᠬᠤ᠎ᠶ᠋ᠢ ᠨᠢᠭᠡ ᠴᠣᠭ᠍ᠴᠠᠵᠢᠭᠤᠯᠤᠨ ᠠᠬᠢᠭᠤᠯᠪᠠ᠃ ᠣᠲᠣ ᠪᠣᠯᠲᠠᠯ᠎ᠠ ᠨᠣᠮ ᠤᠩᠱᠢᠬᠤ ᠠᠩᠭᠢ᠎ᠶ᠋ᠢ ᠨᠡᠢᠲᠡ 934 ᠬᠤᠭᠤᠴᠠᠭ᠎ᠠ ᠡᠷᠭᠢᠯᠡᠵᠦ᠍᠂ ᠣᠨᠣᠯ ᠰᠤᠷᠤᠯᠴᠠᠬᠤ ᠭᠤᠤᠯ ᠳᠤᠭᠤᠢᠯᠠᠩ᠎ᠤᠨ ᠰᠤᠷᠤᠯᠴᠠᠯᠭ᠎ᠠ᠎ᠶ᠋ᠢ 1165 ᠤᠳᠠᠭ᠎ᠠ᠂ ᠦᠨᠳᠦᠰᠦᠨ ᠱᠠᠲᠤᠨ᠎ᠤ ᠨᠠᠮ᠎ᠤᠨ ᠡᠭᠦᠷ᠎ᠦᠨ ᠵᠣᠬᠢᠶᠠᠨ ᠪᠠᠢᠭᠤᠯᠤᠯᠲᠠ᠎ᠶ᠋ᠢᠨ 《ᠭᠤᠷᠪᠠᠨ ᠬᠤᠷᠠᠯ ᠨᠢᠭᠡ ᠬᠢᠴᠢᠶᠡᠯ》 ᠪᠠ ᠭᠤᠤᠯ ᠰᠡᠳᠦᠪᠲᠦ ᠨᠠᠮ᠎ᠤᠨ ᠡᠳᠦᠷ᠎ᠢ 8266 ᠤᠳᠠᠭ᠎ᠠ ᠡᠷᠭᠢᠯᠡᠵᠦ᠍᠂ 1021 ᠤᠳᠠᠭ᠎ᠠ ᠰᠤᠳᠤᠯᠤᠨ ᠶᠠᠷᠢᠯᠴᠠᠵᠤ ᠰᠠᠨᠠᠯ᠎ᠢᠶᠠᠨ ᠰᠣᠯᠢᠯᠴᠠᠪᠠ᠃ ᠵᠠᠯᠠᠭᠤ ᠺᠠᠳ᠋ᠷᠴᠤᠳ᠎ᠤᠨ ᠰᠤᠷᠤᠯᠴᠠᠯᠭ᠎ᠠ ᠬᠥᠮᠦᠵᠢᠯ᠎ᠢ ᠲᠤᠪᠤᠢ᠌ᠮ᠎ᠠ ᠰᠠᠢᠲᠤᠷ ᠠᠳᠭᠤᠵᠤ᠂ ᠵᠠᠯᠠᠭᠤᠴᠤᠳ᠎ᠤᠨ ᠤᠨᠤᠯ ᠰᠤᠷᠤᠯᠴᠠᠬᠤ ᠳᠤᠭᠤᠢᠯᠠᠩ᠎ᠳᠤ ᠲᠦᠱᠢᠭ᠌ᠯᠡᠨ 1242 ᠤᠳᠠᠭ᠎ᠠ ᠵᠢᠨ ᠰᠤᠷᠤᠯᠴᠠᠯᠭ᠎ᠠ ᠥᠷᠨᠢᠭᠦᠯᠪᠡ᠃ ᠠᠢᠮᠠᠭ᠎ᠤᠨ ᠱᠠᠲᠤᠨ᠎ᠤ ᠤᠳᠤᠷᠢᠳᠭᠤ ᠺᠠᠳ᠋ᠷ ᠲᠦᠷᠦᠭᠦᠯᠡᠨ ᠦᠨᠳᠦᠰᠦᠨ ᠱᠠᠲᠤᠨ᠎ᠤ ᠡᠮᠦᠨ᠎ᠡ ᠹᠷᠣᠨᠲ᠎ᠲᠤ ᠭᠦᠨᠵᠡᠭᠡᠢᠷᠡᠨ ᠰᠠᠨᠠᠯ ᠰᠠᠨᠠᠭᠤᠯᠭ᠎ᠠ ᠰᠣᠨᠣᠰᠴᠤ᠌᠂ ᠪᠥᠬᠥ᠌ ᠠᠢᠮᠠᠭ᠎ᠤᠨ ᠱᠢᠶᠠᠨ ᠭᠠᠵᠠᠷ᠎ᠤᠨ ᠲᠠᠰ ᠵᠢᠴᠢ ᠲᠡᠭᠦᠨ᠎ᠡᠴᠡ ᠳᠡᠭᠡᠭ᠌ᠰᠢᠬᠢ ᠤᠳᠤᠷᠢᠳᠭᠤ ᠪᠠᠭ ᠪᠣᠯᠤᠨ ᠤᠳᠤᠷᠢᠳᠭᠤ ᠺᠠᠳ᠋ᠷ᠎ᠢ ᠬᠥᠲᠥᠯᠥᠨ ᠳᠠᠭᠠᠭᠤᠯᠵᠤ᠂ 7 ᠵᠦᠶ᠋ᠯ᠎ᠦᠨ ᠠᠷᠭ᠎ᠠ ᠬᠡᠮᠵᠢᠶ᠎ᠡ᠂ 3 ᠵᠦᠶ᠋ᠯ᠎ᠦᠨ ᠠᠷᠭ᠎ᠠ ᠵᠠᠮ᠎ᠢᠶᠠᠷ ᠠᠰᠠᠭᠤᠳᠠᠯ᠎ᠢ ᠴᠢᠩᠭ᠎ᠠ ᠪᠠᠢᠴᠠᠭᠠᠨ ᠳᠡᠯᠭᠡᠪᠡ᠃ ᠡᠭᠦᠳᠡ᠎ᠪᠡᠨ ᠨᠡᠭᠡᠭᠡᠵᠦ᠍ ᠰᠤᠷᠤᠯᠴᠠᠯᠭ᠎ᠠ ᠦᠷᠨᠢᠬᠦᠯᠬᠦ᠎ᠶ᠋ᠢ ᠪᠠᠷᠢᠮᠲᠠᠯᠠᠵᠤ᠂ ᠨᠠᠮ᠎ᠤᠨ ᠭᠡᠱᠢᠭᠦᠨ᠎ᠦ ᠭᠤᠤᠯᠳᠠᠯᠭᠠᠲᠤ ᠡᠷᠦᠬᠡ᠂ 《ᠤᠯᠠᠭᠠᠨ ᠪᠣᠭ᠍ᠴᠣ》᠎ᠵᠢᠨ ᠰᠤᠷᠤᠯᠴᠠᠯᠭ᠎ᠠ ᠵᠢ ᠬᠦᠷᠬᠡᠵᠤ  ᠠᠷᠠᠳ᠎ᠢ ᠲᠤᠰᠠᠯᠠᠬᠤ᠂ 《ᠬᠣᠶᠠᠷ ᠲᠦ᠍ ᠭᠦᠨᠵᠡᠭᠡᠢᠷᠡᠵᠦ ᠬᠣᠶᠠᠷ᠎ᠲᠦ ᠦᠶ᠋ᠯᠡᠴᠢᠯᠡᠬᠦ》 ᠵᠡᠷᠭᠡ ᠠᠴᠢᠶᠠᠯᠠᠪᠤᠷᠢ᠎ᠲᠠᠶ ᠤᠶᠠᠯᠳᠤᠭᠤᠯᠤᠨ᠂ ᠠᠷᠠᠳ᠎ᠤᠨ ᠪᠠᠢᠳᠠᠯ᠎ᠢ ᠥᠷᠭᠡᠨ ᠳᠡᠯᠭᠡᠷ ᠭᠦᠨᠵᠡᠭᠡᠶ ᠪᠠᠢᠴᠠᠭᠠᠵᠤ᠂ ᠠᠷᠠᠳ᠎ᠤᠨ ᠰᠠᠨᠠᠭ᠎ᠠ᠎ᠶ᠋ᠢ ᠰᠣᠨᠣᠰᠪᠠ᠃ 《ᠲᠥᠪ᠎ᠦᠨ ᠨᠠᠶ᠋ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠵᠤ ᠰᠤᠷᠤᠯᠴᠠᠯᠭ᠎ᠠ ᠬᠥᠮᠦᠵᠢᠯ᠎ᠤᠨ ᠠᠰᠠᠭᠤᠳᠠᠯ᠎ᠢ ᠴᠡᠭ᠌ᠴᠡᠯᠡᠨ ᠰᠠᠢᠵᠢᠷᠠᠭᠤᠯᠬᠤ᠂ ᠲᠥᠪᠯᠡᠷᠡᠭᠦᠯᠦᠨ ᠴᠡᠭ᠌ᠴᠡᠯᠡᠨ ᠵᠠᠰᠠᠬᠤ ᠠᠵᠢᠯ᠎ᠤᠨ ᠶᠠᠪᠤᠴᠠ ᠵᠢᠨ ᠵᠢᠷᠤᠭ》 ᠢ᠋ ᠲᠣᠭ᠍ᠲᠠᠭᠠᠵᠤ᠂ ᠲᠠᠰ ᠳᠠᠪᠬᠤᠷᠭ᠎ᠠ ᠬᠤᠪᠢᠶᠠᠨ᠂ ᠲᠥᠷᠥᠯ ᠬᠤᠪᠢᠶᠠᠨ ᠴᠡᠭ᠌ᠴᠡᠯᠡᠨ ᠰᠠᠢᠵᠢᠷᠠᠭᠤᠯᠬᠤ ᠠᠷᠭ᠎ᠠ ᠬᠡᠯᠪᠡᠷᠢ᠎ᠶ᠋ᠢ ᠲᠣᠳᠣᠷᠬᠠᠢᠯᠠᠪᠠ᠃ ᠪᠠᠷᠢᠨ ᠴᠡᠭ᠌ᠴᠡᠯᠡᠨ ᠰᠠᠢᠵᠢᠷᠠᠭᠤᠯᠵᠤ ᠳᠡᠢᠯᠬᠦ᠌ ᠠᠰᠠᠭᠤᠳᠠᠯ᠎ᠢ ᠮᠡᠳᠡᠭ᠌ᠰᠡᠨ ᠳᠠᠷᠤᠶ᠎ᠳᠤ ᠨᠢ ᠴᠡᠭ᠌ᠴᠡᠯᠡᠨ ᠰᠠᠢᠵᠢᠷᠠᠭᠤᠯᠵᠤ᠂ ᠪᠠᠷᠢᠨ ᠬᠡᠷᠡᠭ᠌ᠵᠢᠭᠦᠯᠵᠦ᠍ ᠪᠠᠷᠢᠨ ᠰᠠᠢᠵᠢᠷᠠᠭᠤᠯᠪᠠ; ᠲᠦᠷ ᠴᠠᠭ ᠱᠢᠢᠳᠪᠦᠷᠢᠯᠡᠬᠦ᠌᠎ᠳᠦ ᠪᠡᠷᠬᠡᠲᠡᠢ ᠠᠰᠠᠭᠤᠳᠠᠯ᠎ᠳᠤ ᠱᠠᠳᠤᠴᠢ ᠴᠢᠨᠠᠷᠲᠠᠢ ᠦᠷ᠎ᠡ ᠪᠦᠲᠦᠭᠡᠯ ᠤᠯᠬᠤ᠎ᠪᠠᠷ ᠬᠠᠷᠠᠯᠲᠠ ᠪᠣᠯᠭᠠᠵᠤ᠂ 《ᠨᠠᠷᠢᠨ ᠲᠠᠨᠭᠰᠠᠴᠢᠯᠠᠭ᠍ᠰᠠᠨ》 ᠬᠠᠮᠢᠶᠠᠷᠤᠯᠲᠠ᠎ᠶ᠋ᠢ ᠬᠡᠷᠡᠭ᠌ᠵᠢᠭᠦᠯᠪᠠ; ᠣᠯᠠᠨ ᠲᠦᠮᠡᠨ᠎ᠦ ᠲᠤᠰᠭᠠᠯ ᠴᠢᠩᠭ᠎ᠠ᠂ ᠳᠠᠬᠢᠨ ᠳᠠᠪᠲᠠᠨ ᠢᠯᠡᠷᠡᠬᠦ ᠲᠣᠪᠣᠢᠮ᠎ᠠ ᠠᠰᠠᠭᠤᠳᠠᠯ᠎ᠢ ᠲᠥᠪᠯᠡᠷᠡᠭᠦᠯᠦᠨ ᠴᠡᠭ᠌ᠴᠡᠯᠡᠨ ᠵᠠᠰᠠᠬᠤ ᠬᠡᠪᠴᠢᠶᠠᠨ᠎ᠳᠤ ᠣᠷᠣᠭᠤᠯᠵᠤ᠂ ᠰᠢᠢᠳᠪᠦᠷᠢᠯᠡᠵᠤ ᠲᠠᠩᠰᠠᠨ ᠡᠴᠡ ᠭᠠᠷᠭᠠᠬᠤ ᠬᠠᠮᠢᠶᠠᠷᠤᠯᠲᠠ᠎ᠶ᠋ᠢ ᠬᠡᠷᠡᠭ᠌ᠵᠢᠭᠦᠯᠪᠠ᠃

(ᠰᠤᠷᠪᠤᠯᠵᠢᠯᠠᠭ᠍ᠴᠢ ᠵᠧᠩ ᠱᠢᠤᠸᠠᠢ ᠯᠢᠶᠠᠩ  ᠪᠠᠶᠠᠰᠭᠤᠯᠠᠩ   ᠰᠦᠩ ᠠ ᠨᠠᠨ   ᠱᠢᠤᠸᠠᠢ ᠢ ᠴᠢᠶᠦ᠋ᠨ   ᠱᠢᠤᠢ ᠶᠤᠸᠠᠢ   ᠴᠢᠮᠡᠭᠡᠯᠡᠭ᠌ᠴᠢ ᠠᠷᠢᠭᠤᠨ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号