ᠰᠤᠷᠪᠤᠯᠵᠢᠯᠠᠭ᠍ᠴᠢ ᠥᠪᠡᠷᠲᠡᠭᠡᠨ ᠵᠠᠰᠠᠬᠤ ᠣᠷᠣᠨ᠎ᠤ ᠤᠢ ᠱᠢᠭᠤᠢ ᠨᠤᠲᠤᠭ ᠪᠡᠯᠴᠢᠭᠡᠷ᠎ᠦᠨ ᠲᠣᠪᠴᠢᠶ᠎ᠠ᠎ᠡᠴᠡ ᠤᠢ᠍ᠢᠯᠠᠭᠠᠭ᠍ᠰᠠᠨ ᠵᠢᠡᠷ᠂ 《ᠤᠮᠠᠷᠠᠲᠤ᠎ᠶ᠋ᠢᠨ ᠭᠤᠷᠪᠠᠨ ᠣᠷᠣᠨ》 ᠤ᠋ ᠢᠨᠵᠧᠨᠧᠷᠢᠩ᠎ᠦᠨ ᠪᠣᠭᠣᠮᠲᠠ ᠱᠢᠪᠲᠤᠯᠬᠤ ᠳᠠᠢᠯᠠᠯᠳᠤᠭᠠᠨ ᠡᠬᠢᠯᠡᠭ᠌ᠰᠡᠨ᠎ᠡᠴᠡ ᠨᠠᠭᠠᠰᠢ᠂ ᠥᠪᠥᠷ ᠮᠣᠩᠭᠣᠯ᠎ᠤᠨ ᠳᠡᠭᠡᠷ᠎ᠠ ᠲᠤᠤᠷ᠎ᠠ ᠱᠠᠳᠤ᠎ᠪᠠᠷ᠎ᠢᠶᠠᠨ ᠵᠠᠷᠯᠢᠭ᠎ᠢ ᠰᠣᠨᠣᠰᠤᠮᠠᠭ᠍ᠴᠠ ᠬᠥᠳᠡᠯᠦᠯᠴᠡᠵᠦ᠍᠂ ᠭᠠᠪᠱᠢᠭᠠᠢᠯᠠᠨ ᠪᠠᠢᠯᠳᠤᠵᠤ᠂ ᠬᠣᠶᠠᠷ ᠵᠢᠯ᠎ᠦᠨ ᠲᠤᠷᠰᠢ ᠤᠯᠠᠨ ᠡᠰᠢᠳᠤ ᠪᠡᠯᠡ ᠣᠷᠣᠭᠤᠯᠤᠯᠲᠠ᠂ ᠤᠯᠠᠨ ᠲᠠᠯ᠎ᠠ᠎ᠶ᠋ᠢᠨ ᠣᠷᠣᠯᠴᠠᠭ᠎ᠠ᠂ ᠭᠡᠷᠡᠯᠴᠢ ᠴᠡᠨᠡᠭ᠎ᠢᠶᠡᠷ ᠡᠯᠡᠰᠦ᠎ᠶ᠋ᠢ ᠵᠠᠰᠠᠬᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠢᠶᠡᠷ ᠡᠯᠡᠰᠦ᠎ᠶ᠋ᠢ ᠵᠠᠰᠠᠬᠤ ᠵᠡᠷᠭᠡ ᠠᠯᠢ ᠤᠯᠠᠨ ᠱᠢᠨ᠎ᠡ ᠲᠣᠭ᠍ᠲᠠᠴᠠ ᠱᠢᠨ᠎ᠡ ᠠᠷᠭ᠎ᠠ ᠬᠡᠮᠵᠢᠶ᠎ᠡ ᠵᠢ ᠬᠡᠷᠡᠭᠵᠢᠭᠦᠯᠬᠦ ᠪᠡᠷ ᠲᠠᠮᠵᠢᠨ 《ᠤᠮᠠᠷᠠᠲᠤ᠎ᠶ᠋ᠢᠨ ᠭᠤᠷᠪᠠᠨ ᠣᠷᠣᠨ》 ᠤ᠋ ᠢᠨᠵᠧᠨᠧᠷᠢᠩ᠎ᠦᠨ ᠪᠣᠭᠣᠮᠲᠠ ᠱᠢᠪᠲᠤᠯᠬᠤ ᠳᠠᠢᠯᠠᠯᠳᠤᠭᠠᠨ᠎ᠤ ᠭᠤᠷᠪᠠᠨ ᠶᠡᠬᠡ ᠪᠡᠯᠭᠡ ᠲᠡᠮᠳᠡᠭ᠎ᠦᠨ ᠴᠢᠨᠠᠷᠲᠠᠢ ᠳᠠᠢᠯᠠᠯᠳᠤᠭᠠᠨ ᠴᠢᠬᠤᠯᠠ ᠶᠡᠬᠡ ᠦᠷ᠎ᠡ ᠪᠦᠲᠦᠭᠡᠯ ᠣᠯᠵᠠᠢ᠃
ᠬᠠᠲᠤᠨ ᠭᠤᠤᠯ᠎ᠤᠨ 《ᠶᠡᠬᠡ ᠲᠤᠬᠤᠢ ᠤᠷᠤᠨ》 ᠤ᠋ ᠪᠣᠭᠣᠮᠲᠠ ᠱᠢᠪᠲᠤᠯᠬᠤ ᠳᠠᠢᠯᠠᠯᠳᠤᠭᠠᠨ᠎ᠤ ᠣᠷᠣᠨ᠎ᠳᠤ᠂ ᠥᠪᠥᠷ ᠮᠣᠩᠭᠣᠯ ᠰᠠᠯᠬᠢ᠎ᠶ᠋ᠢ ᠬᠠᠯᠬᠠᠯᠠᠵᠤ ᠡᠯᠡᠰᠦ᠎ᠶ᠋ᠢ ᠲᠣᠭ᠍ᠲᠠᠪᠤᠷᠢᠵᠢᠭᠤᠯᠬᠤ ᠪᠠ ᠬᠠᠲᠤᠨ ᠭᠤᠤᠯ᠎ᠳᠤ ᠬᠡᠢᠰᠴᠤ ᠤᠷᠤᠬᠤ ᠡᠯᠡᠰᠦ᠎ᠶ᠋ᠢ ᠪᠠᠭᠠᠰᠭᠠᠬᠤ᠎ᠪᠠᠷ ᠪᠣᠭᠣᠮᠲᠠ ᠱᠢᠪᠲᠤᠯᠬᠤ ᠭᠤᠤᠯᠳᠠᠯᠭ᠎ᠠ ᠪᠣᠯᠭᠠᠵᠤ᠂ ᠬᠠᠲᠤᠨ ᠭᠤᠤᠯ᠎ᠤᠨ 《ᠶᠡᠬᠡ ᠲᠤᠬᠤᠢ ᠤᠷᠤᠨ》᠎ᠤ᠋ ᠡᠷᠭᠢ ᠳᠠᠭᠠᠤ᠎ᠶ᠋ᠢᠨ ᠡᠯᠡᠰᠦᠷᠬᠡᠭ᠌ᠵᠢᠯ᠎ᠢ ᠰᠡᠷᠭᠡᠢᠯᠡᠵᠦ᠍ ᠡᠯᠡᠰᠦ᠎ᠶ᠋ᠢ ᠵᠠᠰᠠᠬᠤ ᠣᠶ ᠱᠢᠭᠤᠶ ᠡᠪᠡᠰᠦ ᠪᠡᠯᠴᠢᠭᠡᠷ᠎ᠦᠨ ᠪᠦᠰᠡ᠎ᠶ᠋ᠢ ᠪᠥᠬᠥ᠌ ᠱᠤᠭᠤᠮ᠎ᠢᠶᠠᠷ ᠨᠡᠪᠲᠡᠷᠡᠭᠦᠯᠬᠦ᠌᠎ᠶ᠋ᠢ ᠠᠬᠢᠭᠤᠯᠪᠠ᠃ ᠬᠣᠶᠠᠷ ᠵᠢᠯ᠎ᠦᠨ ᠲᠤᠷᠰᠢ ᠨᠡᠢᠲᠡ 1489 ᠲᠦᠮᠡᠨ ᠮᠥ᠍ ᠡᠯᠡᠰᠦ᠎ᠶ᠋ᠢ ᠵᠠᠰᠠᠵᠤ᠂ ᠬᠠᠲᠤᠨ ᠭᠤᠤᠯ᠎ᠳᠤ ᠬᠡᠢᠰᠴᠤ ᠤᠷᠤᠬᠤ ᠡᠯᠡᠰᠦᠨ ᠤ᠋ ᠬᠡᠮᠵᠢᠶ᠎ᠡ ᠵᠢ 400 ᠲᠦᠮᠡᠨ ᠲᠤᠨ ᠪᠤᠯᠭᠠᠨ ᠪᠠᠭᠤᠷᠠᠭᠤᠯᠵᠤ᠂ ᠬᠠᠲᠤᠨ ᠭᠤᠤᠯ᠎ᠤᠨ ᠰᠠᠪᠠ ᠭᠠᠵᠠᠷ᠎ᠤᠨ ᠠᠮᠢ ᠠᠬᠤᠶ᠎ᠶ᠋ᠢᠨ ᠠᠮᠤᠷ ᠲᠦᠪᠱᠢᠨ᠎ᠢ ᠪᠦᠲᠦᠮᠵᠢᠲᠡᠶ ᠬᠠᠮᠠᠭᠠᠯᠠᠪᠠ᠃ ᠬᠣᠷᠴᠢᠨ ᠪᠣᠯᠤᠨ ᠬᠤᠯᠠᠨ ᠱᠢᠷᠭ᠎ᠠ ᠲᠠᠭ᠎ᠠ᠎ᠶ᠋ᠢᠨ ᠬᠣᠶᠠᠷ ᠶᠡᠬᠡ ᠡᠯᠡᠰᠦᠷᠬᠡᠭ ᠭᠠᠵᠠᠷ᠎ᠤᠨ ᠰᠥᠨᠥᠭᠡᠯᠳᠡ ᠵᠢᠨ ᠳᠠᠢᠯᠠᠯᠳᠤᠭᠠᠨ ᠤ᠋ ᠲᠣᠭᠣᠷᠢᠭ᠎ᠲᠤ᠂ ᠡᠯᠡᠰᠦᠨ ᠱᠢᠭᠤᠷᠭ᠎ᠠ ᠵᠢᠨ ᠪᠡᠭᠡᠵᠢᠩ᠎ᠳᠦ ᠣᠷᠣᠬᠤ᠎ᠶ᠋ᠢ ᠬᠣᠷᠢᠭ᠍ᠯᠠᠬᠤ ᠪᠠ ᠡᠯᠡᠰᠦᠨ ᠱᠢᠭᠤᠷᠭ᠎ᠠ᠎ᠶ᠋ᠢᠨ ᠬᠥᠨᠥᠭᠡᠯ᠎ᠢ ᠰᠡᠷᠭᠡᠢᠯᠡᠨ ᠵᠠᠰᠠᠬᠤ᠎ᠪᠠᠷ ᠭᠣᠣᠯ ᠱᠢᠪᠲᠤᠯᠤᠯᠲᠠ᠎ᠶ᠋ᠢᠨ ᠴᠢᠭ᠌ᠯᠡᠯ ᠪᠣᠯᠭᠠᠵᠤ᠂ ᠨᠡᠢᠰᠯᠡᠯ᠎ᠦᠨ ᠡᠯᠡᠰᠦᠨ᠎ᠦ ᠡᠬᠢ᠎ᠶ᠋ᠢᠨ ᠰᠥᠨᠥᠭᠡᠯᠳᠡ ᠵᠢᠨ ᠳᠠᠢᠯᠠᠯᠳᠤᠭᠠᠨ᠂ ᠡᠯᠡᠰᠦᠨ᠎ᠦ ᠡᠬᠢ᠎ᠶ᠋ᠢ ᠬᠡᠰᠡᠭ᠌ᠯᠡᠨ ᠪᠦᠰᠡᠯᠡᠬᠦ᠌ ᠳᠠᠢᠯᠠᠯᠳᠤᠭᠠᠨ᠂ ᠨᠣᠭᠣᠭᠠᠷᠠᠭᠤᠯᠤᠯᠲᠠ᠎ᠶ᠋ᠢ ᠨᠡᠮᠡᠭ᠌ᠳᠡᠭᠦᠯᠵᠦ᠍ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠬᠠᠮᠠᠭᠠᠯᠠᠯᠲᠠ᠎ᠶ᠋ᠢᠨ ᠳᠠᠢᠯᠠᠯᠳᠤᠭᠠᠨ ᠵᠡᠷᠭᠡ 3 ᠳᠠᠢᠯᠠᠯᠳᠤᠭᠠᠨ᠎ᠢ ᠱᠢᠨᠵᠢᠯᠡᠬᠦ᠌ ᠤᠬᠠᠭᠠᠨᠴᠢ᠎ᠪᠠᠷ ᠪᠠᠢᠷᠢᠯᠠᠭᠤᠯᠵᠤ᠂ 1065 ᠲᠦᠮᠡᠨ ᠮᠦ᠍ ᠡᠯᠡᠰᠦᠷᠬᠡᠭᠵᠢᠯ ᠢ᠋ ᠰᠡᠷᠭᠡᠢᠯᠡᠨ ᠡᠯᠡᠰᠦ ᠵᠢ ᠵᠠᠰᠠᠬᠤ ᠠᠵᠢᠯ᠎ᠢ ᠪᠡᠶᠡᠯᠡᠭᠦᠯᠪᠡ᠃ ᠾᠧ ᠰᠢ᠎ᠶ᠋ᠢᠨ ᠬᠣᠩᠭᠢᠯ — ᠲᠠᠺᠯᠢᠮᠠᠺᠠᠨ ᠡᠯᠡᠰᠦᠨ ᠴᠥᠯ᠎ᠦᠨ ᠬᠥᠪᠡᠭᠡ ᠵᠠᠬ᠎ᠠ᠎ᠶ᠋ᠢᠨ ᠬᠤᠷᠢᠬ᠍ᠯᠠᠯᠳᠠ᠎ᠶ᠋ᠢᠨ ᠲᠠᠢ᠌ᠯᠠᠯᠳᠤᠭᠠᠨᠤ ᠲᠣᠭᠣᠷᠢᠭ᠎ᠲᠤ᠂ ᠪᠠᠳᠠᠢ᠎ᠶ᠋ᠢᠨ ᠵᠢᠷᠠᠨ ᠡᠯᠡᠰᠦᠨ ᠴᠥᠯ᠂ ᠲᠩᠷᠢ ᠡᠯᠡᠰᠦᠨ ᠴᠥᠯ᠎ᠦᠨ ᠵᠠᠯᠭᠠᠯᠳᠤᠬᠤ᠎ᠶ᠋ᠢ ᠬᠣᠷᠢᠭ᠍ᠯᠠᠵᠤ᠂ ᠡᠯᠡᠰᠦᠨ ᠴᠥᠯ ᠤ᠋ᠨ ᠾᠧ ᠰᠢ᠎ᠶ᠋ᠢᠨ ᠬᠣᠩᠭᠢᠯ ᠪᠠ ᠠᠯᠠᠱᠠ ᠠᠭᠤᠯᠠ᠎ᠶ᠋ᠢᠨ ᠠᠮᠢ ᠠᠬᠤᠶ᠎ᠶ᠋ᠢᠨ ᠬᠣᠩᠭᠢᠯ᠎ᠳᠤ ᠳᠦᠷᠢᠨ ᠣᠷᠣᠬᠤ᠎ᠶ᠋ᠢ ᠵᠣᠭ᠍ᠰᠣᠭᠠᠵᠤ᠂ ᠥᠪᠥᠷ ᠮᠣᠩᠭᠣᠯ ᠭᠠᠨᠰᠦ ᠥᠪᠥᠷ ᠮᠣᠩᠭᠣᠯ ᠨᠢᠩᠱᠢᠶᠠ᠎ᠶ᠋ᠢᠨ ᠬᠢᠯᠢ ᠬᠢᠵᠠᠭᠠᠷ᠎ᠤᠨ ᠡᠯᠡᠰᠦᠨ ᠴᠥᠯ᠎ᠦᠨ ᠬᠥᠪᠡᠭᠡ ᠵᠠᠬ᠎ᠠ᠎ᠶ᠋ᠢ ᠪᠢᠲᠡᠭᠦᠮᠵᠢᠯᠡᠬᠦ᠌ ᠣᠶ ᠱᠢᠭᠤᠶ ᠡᠪᠡᠰᠦ ᠪᠡᠯᠴᠢᠭᠡᠷ᠎ᠦᠨ ᠪᠦᠰᠡ᠎ᠶ᠋ᠢ ᠪᠥᠬᠥ᠌ ᠱᠤᠭᠤᠮ᠎ᠢᠶᠠᠷ ᠨᠢ ᠨᠡᠪᠲᠡᠷᠡᠭᠦᠯᠬᠦ᠌᠎ᠶ᠋ᠢ ᠠᠬᠢᠭᠤᠯᠵᠤ᠂ 280 ᠲᠦᠮᠡᠨ ᠮᠥ᠍ ᠵᠢᠨ ᠡᠯᠡᠰᠦᠷᠬᠡᠭᠵᠢᠯ ᠢ᠋ ᠰᠡᠷᠭᠡᠢᠯᠡᠨ ᠡᠯᠡᠰᠦ ᠵᠢ ᠵᠠᠰᠠᠬᠤ ᠵᠢ ᠪᠡᠶᠡᠯᠡᠭᠦᠯᠵᠦ᠂ ᠲᠩᠷᠢ ᠡᠯᠡᠰᠦᠨ᠎ᠦ ᠬᠥᠪᠡᠭᠡ ᠵᠠᠬ᠎ᠠ ᠵᠢ 25 ᠺᠢᠯᠣᠮᠧᠲ᠋ᠷ ᠤᠬᠤᠷᠢᠭᠤᠯᠪᠠ᠃ ᠥᠪᠥᠷ ᠮᠣᠩᠭᠣᠯ 《 ᠤᠮᠠᠷᠠᠲᠤ᠎ᠶ᠋ᠢᠨ ᠭᠤᠷᠪᠠᠨ ᠣᠷᠣᠨ》 ᠢ᠋ ᠰᠤᠨᠳᠠᠯᠠᠵᠤ᠂ ᠪᠥᠬᠥ᠌ ᠤᠯᠤᠰ᠎ᠤᠨ ᠡᠯᠡᠰᠦᠷᠬᠡᠭ᠌ᠵᠢᠵᠤ ᠴᠦᠯᠯᠡᠷᠭᠡᠭ᠌ᠵᠢᠭ᠌ᠰᠡᠨ ᠭᠠᠵᠠᠷ ᠱᠢᠷᠣᠶ ᠬᠠᠮᠤᠭ᠎ᠤᠨ ᠲᠥᠪᠯᠡᠷᠡᠭ᠌ᠰᠡᠨ᠂ ᠬᠤᠤᠷ ᠬᠥᠨᠥᠭᠡᠯ ᠬᠠᠮᠤᠭ᠎ᠤᠨ ᠬᠦᠨᠳᠦ ᠨᠣᠴᠢᠲᠠᠶ ᠮᠤᠵᠢ ᠣᠷᠣᠨ᠎ᠤ ᠨᠢᠭᠡ ᠪᠣᠯᠤᠨ᠎ᠠ᠂ ᠮᠠᠨ᠎ᠤ ᠤᠯᠤᠰ᠎ᠤᠨ ᠴᠦᠯᠯᠡᠷᠭᠡᠭ᠌ᠵᠢᠯ᠎ᠢ ᠵᠠᠰᠠᠬᠤ ᠭᠤᠤᠯ ᠲᠡᠢᠨ᠎ᠦ ᠲᠠᠯᠠᠪᠤᠷ᠂ ᠡᠯᠡᠰᠦᠨ ᠱᠢᠭᠤᠷᠭ᠎ᠠ᠎ᠶ᠋ᠢ ᠰᠡᠷᠭᠡᠢᠯᠡᠬᠦ᠌ ᠭᠤᠤᠯ ᠰᠡᠷᠭᠡᠢᠯᠡᠯᠲᠡ᠎ᠶ᠋ᠢᠨ ᠱᠤᠭᠤᠮ ᠪᠣᠯᠤᠨ᠎ᠠ᠃ 《ᠤᠮᠠᠷᠠᠲᠤ᠎ᠶ᠋ᠢᠨ ᠭᠤᠷᠪᠠᠨ ᠣᠷᠣᠨ》 ᠤ᠋ ᠢᠨᠵᠧᠨᠧᠷᠢᠩ᠎ᠦᠨ ᠪᠤᠭᠤᠮᠳᠠ ᠱᠢᠪᠳᠤᠯᠬᠤ ᠲᠠᠢ᠌ᠯᠠᠯᠳᠤᠭᠠᠨᠤ ᠭᠤᠷᠪᠠᠨ ᠶᠡᠬᠡ ᠪᠡᠯᠭᠡ ᠲᠡᠮᠳᠡᠭ᠎ᠦᠨ ᠴᠢᠨᠠᠷᠲᠠᠶ ᠳᠠᠢᠯᠠᠯᠳᠤᠭᠠᠨ᠎ᠤ 《ᠬᠣᠶᠠᠷ ᠬᠠᠭᠠᠰ》 ᠨᠢ ᠥᠪᠥᠷ ᠮᠣᠩᠭᠣᠯ᠎ᠳᠤ ᠪᠠᠢᠵᠤ᠂ ᠡᠯᠡᠰᠦᠷᠬᠡᠭ᠌ᠵᠢᠭ᠌ᠰᠡᠨ ᠭᠠᠵᠠᠷ ᠱᠢᠷᠣᠶ᠎ᠶ᠋ᠢ ᠶᠡᠷᠦᠩᠬᠡᠢᠯᠡᠨ ᠵᠠᠰᠠᠬᠤ 60% ᠶ᠋ᠢᠨ ᠡᠭᠦᠷᠭᠡ᠎ᠶ᠋ᠢᠨ ᠬᠡᠮᠵᠢᠶ᠎ᠡ᠎ᠨᠢ ᠴᠦ᠍ ᠥᠪᠥᠷ ᠮᠣᠩᠭᠣᠯ᠎ᠳᠤ ᠪᠠᠢᠨ᠎ᠠ᠃ ᠬᠣᠶᠠᠷ ᠵᠢᠯ᠎ᠦᠨ ᠲᠤᠷᠰᠢ᠂ ᠥᠪᠥᠷ ᠮᠣᠩᠭᠣᠯ ᠭᠤᠤᠯ ᠲᠠᠭᠠᠷᠢᠯᠲᠠ ᠬᠢᠬᠦ᠌᠂ ᠬᠣᠱᠢᠭᠤᠴᠢ ᠪᠣᠯᠬᠤ ᠪᠣᠳᠠᠲᠤ ᠠᠵᠢᠯᠯᠠᠭ᠎ᠠ᠎ᠪᠠᠷ᠎ᠢᠶᠠᠨ 《ᠤᠮᠠᠷᠠᠲᠤ᠎ᠶ᠋ᠢᠨ ᠭᠤᠷᠪᠠᠨ ᠣᠷᠣᠨ》 ᠤ᠋ ᠢᠨᠵᠧᠨᠧᠷᠢᠩ᠎ᠦᠨ ᠪᠣᠭᠣᠮᠲᠠ ᠱᠢᠪᠲᠤᠯᠬᠤ ᠳᠠᠢᠯᠠᠯᠳᠤᠭᠠᠨ᠎ᠢ ᠰᠠᠢᠲᠤᠷ ᠬᠢᠬᠦ᠌ ᠴᠢᠬᠤᠯᠠ ᠶᠡᠬᠡ ᠤᠯᠤᠰ ᠲᠥᠷᠥ᠎ᠶ᠋ᠢᠨ ᠬᠠᠷᠢᠭᠤᠴᠠᠯᠭ᠎ᠠ᠎ᠶ᠋ᠢ ᠤᠬᠠᠮᠰᠠᠷ᠎ᠡᠴᠡ᠎ᠪᠠᠨ ᠡᠭᠦᠷᠭᠡᠯᠡᠵᠦ᠍᠂ ᠡᠯᠡᠰᠦᠷᠬᠡᠭ᠌ᠵᠢᠯ᠎ᠢ ᠰᠡᠷᠭᠡᠢᠯᠡᠨ ᠡᠯᠡᠰᠦ ᠵᠢ ᠵᠠᠰᠠᠬᠤ ᠠᠵᠢᠯ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠱᠠᠲᠤᠨ᠎ᠳᠤ ᠣᠷᠣᠬᠤ᠎ᠶ᠋ᠢ ᠠᠬᠢᠭᠤᠯᠵᠤ᠂ 2023 ᠣᠨ ᠪᠠ 2024 ᠣᠨ᠎ᠳᠤ ᠡᠯᠡᠰᠦᠷᠬᠡᠭ᠌ᠵᠢᠯ᠎ᠢ ᠰᠡᠷᠭᠡᠢᠯᠡᠨ ᠡᠯᠡᠰᠦ ᠵᠢ ᠵᠠᠰᠠᠬᠤ ᠡᠭᠦᠷᠭᠡ᠎ᠶ᠋ᠢ ᠪᠡᠶᠡᠯᠡᠭᠦᠯᠦᠭ᠌ᠰᠡᠨ ᠬᠡᠮᠵᠢᠶ᠎ᠡ᠎ᠪᠡᠷ ᠵᠢᠡᠨ ᠦᠷᠭᠦᠯᠵᠢᠯᠡᠨ ᠪᠥᠬᠥ᠌ ᠤᠯᠤᠰ᠎ᠲᠤ ᠲᠦᠷᠦᠭᠦᠯᠡᠪᠡ᠃
ᠡᠯᠡᠰᠦᠷᠬᠡᠭᠵᠢᠯ᠎ᠢ ᠰᠡᠷᠭᠡᠢᠯᠡᠨ ᠡᠯᠡᠰᠦ᠎ᠵᠢ ᠵᠠᠰᠠᠬᠤ ᠪᠠ ᠰᠠᠯᠬᠢᠨ ᠬᠦᠴᠦᠨ ᠴᠠᠬᠢᠯᠭᠠᠨ ᠭᠡᠷᠡᠯᠴᠢ ᠴᠡᠨᠡᠭ᠎ᠢ ᠨᠢᠭᠡ ᠴᠣᠭ᠍ᠴᠠᠵᠢᠭᠤᠯᠬᠤ ᠢᠨᠵᠧᠨᠧᠷᠢᠩ ᠪᠣᠯ ᠥᠪᠥᠷ ᠮᠣᠩᠭᠣᠯ᠎ᠤᠨ 《ᠤᠮᠠᠷᠠᠲᠤ᠎ᠶ᠋ᠢᠨ ᠭᠤᠷᠪᠠᠨ ᠣᠷᠣᠨ》 ᠤ᠋ ᠢᠨᠵᠧᠨᠧᠷᠢᠩ᠎ᠦᠨ ᠪᠤᠭᠤᠮᠳᠠ ᠱᠢᠪᠲᠤᠯᠬᠤ ᠳᠠᠢᠯᠠᠯᠳᠤᠭᠠᠨ᠎ᠢ ᠠᠬᠢᠭᠤᠯᠬᠤ ᠨᠢᠭᠡᠨ ᠶᠡᠬᠡ ᠭᠢᠯᠠᠰ ᠴᠡᠭ ᠪᠣᠯᠤᠨ᠎ᠠ᠃ ᠰᠠᠯᠬᠢ ᠬᠡᠷᠡᠯ᠎ᠦᠨ ᠡᠬᠢ ᠪᠠᠶᠠᠯᠢᠭ ᠪᠠ 《 ᠡᠯᠡᠰᠦ ᠭᠤᠪᠢ ᠴᠦᠯ 》 ᠭᠠᠵᠠᠷ ᠱᠢᠷᠣᠶ᠎ᠶ᠋ᠢᠨ ᠡᠬᠢ ᠪᠠᠶᠠᠯᠢᠭ᠎ᠤᠨ ᠳᠠᠪᠠᠭᠤᠯᠢᠭ᠎ᠲᠤ ᠰᠠᠭᠤᠷᠢᠯᠠᠵᠤ᠂ ᠥᠪᠥᠷ ᠮᠣᠩᠭᠣᠯ 《 ᠤᠮᠠᠷᠠᠲᠤ᠎ᠶ᠋ᠢᠨ ᠭᠤᠷᠪᠠᠨ ᠣᠷᠣᠨ 》 ᠤ᠋ ᠢᠨᠵᠧᠨᠧᠷᠢᠩ᠎ᠦᠨ ᠪᠥᠲᠥᠭᠡᠨ ᠪᠠᠢᠭᠤᠯᠤᠯᠲᠠ᠎ᠶ᠋ᠢ ᠱᠢᠨ᠎ᠡ ᠡᠨᠧᠷᠭᠢ᠎ᠶ᠋ᠢᠨ ᠨᠡᠭᠡᠭᠡᠨ ᠠᠱᠢᠭ᠍ᠯᠠᠯᠲᠠᠯᠤᠭᠠ ᠣᠷᠭᠠᠨᠢᠭ᠎ᠢᠶᠠᠷ ᠠᠭᠤᠰᠤᠯᠴᠠᠭᠤᠯᠵᠤ᠂ ᠨᠢᠭᠡ ᠴᠣᠭ᠍ᠴᠠᠵᠢᠭᠤᠯᠤᠨ ᠠᠬᠢᠭᠤᠯᠵᠤ᠂ 《ᠬᠡᠷᠡᠯᠴᠢ ᠴᠡᠨᠡᠭ᠎ᠢᠶᠡᠷ ᠴᠠᠬᠢᠯᠭᠠᠨ ᠭᠠᠷᠭᠠᠬᠤ + ᠠᠮᠢ ᠠᠬᠤᠶ᠎ᠶ᠋ᠢᠨ ᠵᠠᠰᠠᠯᠲᠠ + ᠬᠠᠪᠲᠠᠰᠤᠨ ᠳᠤᠤᠷᠠᠬᠢ ᠠᠵᠤ ᠠᠬᠤᠶ 》 ᠶ᠋ᠢᠨ ᠪᠣᠰᠣᠭ᠎ᠠ ᠴᠣᠭ᠍ᠴᠠᠲᠤ ᠵᠠᠭ᠍ᠪᠤᠷ᠎ᠢᠶᠠᠷ ᠨᠣᠭᠣᠭᠠᠷᠠᠭᠤᠯᠤᠯᠲᠠ᠎ᠶ᠋ᠢ ᠨᠡᠮᠡᠭ᠌ᠳᠡᠭᠦᠯᠬᠦ᠌ ᠂ ᠡᠨᠧᠷᠭᠢ᠎ᠶ᠋ᠢ ᠨᠡᠮᠡᠭ᠌ᠳᠡᠭᠦᠯᠬᠦ᠌᠂ ᠣᠷᠣᠯᠭ᠎ᠠ᠎ᠶ᠋ᠢ ᠨᠡᠮᠡᠭ᠌ᠳᠡᠭᠦᠯᠬᠦ᠌ ᠲᠠᠯ᠎ᠠ᠎ᠪᠠᠷ ᠣᠯᠠᠨ ᠠᠮᠵᠢᠯᠲᠠ ᠤᠯᠪᠡ᠃ 2024 ᠣᠨ᠎ᠳᠤ ᠨᠢᠭᠡ ᠴᠣᠭ᠍ᠴᠠᠵᠢᠭᠤᠯᠤᠭ᠍ᠰᠠᠨ ᠢᠨᠵᠧᠨᠧᠷᠢᠩ᠎ᠢᠶᠡᠷ 238 ᠲᠦᠮᠡᠨ ᠮᠥ᠍ ᠡᠯᠡᠰᠦ᠎ᠶ᠋ᠢ ᠵᠠᠰᠠᠵᠤ᠂ ᠱᠢᠨ᠎ᠡ ᠡᠨᠧᠷᠭᠢ᠎ᠶ᠋ᠢᠨ ᠮᠠᠱᠢᠨ ᠴᠣᠭ᠍ᠴᠠᠯᠠᠪᠤᠷᠢ᠎ᠶ᠋ᠢ 2727 ᠲᠦᠮᠡᠨ ᠺᠢᠯᠦᠸᠠᠲ ᠲᠣᠬᠢᠷᠠᠭᠤᠯᠤᠨ ᠪᠠᠢᠭᠤᠯᠪᠠ᠃
ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯᠪᠠ ᠮᠧᠬᠠᠨᠢᠭ᠎ᠢ ᠬᠡᠷᠡᠭᠯᠡᠬᠦ ᠪᠣᠯ ᠥᠪᠥᠷ ᠮᠣᠩᠭᠣᠯ᠎ᠤᠨ ᠨᠠᠷᠢᠯᠢᠭ ᠣᠨᠣᠪᠴᠢᠲᠠᠢ ᠥᠨᠳᠥᠷ ᠪᠦᠲᠦᠮᠵᠢᠲᠡᠢ᠎ᠪᠡᠷ ᠡᠯᠡᠰᠦ᠎ᠶ᠋ᠢ ᠵᠠᠰᠠᠵᠤ ᠪᠠᠢᠭ᠎ᠠ ᠨᠢᠭᠡ ᠠᠨᠢᠰᠦ ᠨᠢ ᠪᠣᠯᠤᠨ᠎ᠠ᠃ ᠥᠪᠥᠷ ᠮᠣᠩᠭᠣᠯ ᠳᠤᠰᠤᠯᠭᠠᠨ ᠤᠰᠤᠯᠠᠬᠤ᠂ ᠰᠡᠪᠡᠷᠡᠭᠦᠨ ᠤᠰᠤᠯᠠᠯᠲᠠ᠂ ᠰᠠᠪᠠᠨ ᠳ᠋ᠡᠬᠢ ᠴᠢᠬᠢ ᠵᠡᠷᠭᠡ ᠥᠨᠳᠥᠷ ᠪᠦᠲᠦᠮᠵᠢᠲᠡᠶ ᠤᠰᠤ ᠠᠷᠪᠢᠯᠠᠵᠤ ᠡᠯᠡᠰᠦ᠎ᠶ᠋ᠢ ᠵᠠᠰᠠᠬᠤ ᠮᠡᠷᠭᠡᠵᠢᠯ᠎ᠢ ᠢᠳᠡᠪᠬᠢᠲᠡᠶ ᠳᠡᠯᠭᠡᠷᠡᠭᠦᠯᠵᠦ᠍᠂ ᠡᠯᠡᠰᠦᠷᠬᠡᠭᠵᠢᠯ᠎ᠢ ᠰᠡᠷᠭᠡᠢᠯᠡᠵᠦ᠍ ᠡᠯᠡᠰᠦ᠎ᠶ᠋ᠢ ᠵᠠᠰᠠᠬᠤ 15 ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠴᠢᠬᠤᠯᠠ ᠶᠡᠬᠡ ᠵᠢᠱ᠌ᠢᠶ᠎ᠡ ᠦᠵᠡᠭᠦᠯᠬᠦ᠌ ᠢᠨᠵᠧᠨᠧᠷᠢᠩ᠎ᠦᠨ ᠲᠥᠷᠥᠯ ᠵᠦᠶ᠋ᠯ᠎ᠢ ᠬᠡᠷᠡᠭ᠌ᠵᠢᠭᠦᠯᠵᠦ᠍᠂ ᠡᠯᠡᠰᠦᠷᠬᠡᠭᠵᠢᠯ᠎ᠢ ᠰᠡᠷᠭᠡᠢᠯᠡᠵᠦ᠍ ᠡᠯᠡᠰᠦ᠎ᠶ᠋ᠢ ᠵᠠᠰᠠᠬᠤ ᠮᠡᠷᠭᠡᠵᠢᠯ᠎ᠦᠨ ᠪᠣᠭᠣᠮᠢ᠎ᠶ᠋ᠢ ᠡᠪᠳᠡᠪᠡ; ᠪᠤᠲᠠᠯᠢᠭ ᠮᠣᠳᠣᠨ᠎ᠤ ᠭᠤᠤᠷᠰᠤ ᠲᠡᠭ᠌ᠰᠢᠯᠡᠬᠦ᠌ ᠮᠠᠰᠢᠨ᠂ ᠤᠶᠤᠨᠴᠢ ᠡᠯᠡᠰᠦᠨ ᠬᠠᠯᠬᠠᠪᠴᠢ ᠳᠡᠪᠢᠰᠭᠦ ᠮᠠᠱᠢᠨ᠂ ᠵᠢᠯᠣᠭᠣᠴᠢ ᠦᠭᠡᠶ ᠨᠢᠰᠭᠡᠯ᠎ᠢᠶᠡᠷ ᠲᠠᠷᠢᠬᠤ ᠵᠡᠷᠭᠡ ᠲᠡᠷᠢᠭᠦᠨ᠎ᠦ ᠬᠡᠷᠡᠭ᠌ᠯᠡᠭᠡᠨ᠎ᠦ ᠱᠢᠨ᠎ᠡ ᠮᠡᠷᠭᠡᠵᠢᠯ᠂ ᠱᠢᠨ᠎ᠡ ᠲᠣᠨᠣᠭ ᠲᠥᠬᠥᠭᠡᠷᠦᠮᠵᠢ᠎ᠶ᠋ᠢ ᠪᠦᠬᠦ᠌ ᠲᠠᠯ᠎ᠠ᠎ᠪᠠᠷ ᠳᠡᠯᠭᠡᠷᠡᠭᠦᠯᠦᠨ ᠬᠡᠷᠡᠭ᠌ᠯᠡᠵᠦ᠍᠂ ᠡᠯᠡᠰᠦᠷᠬᠡᠭ᠌ᠵᠢᠯ᠎ᠢ ᠰᠡᠷᠭᠡᠢᠯᠡᠨ ᠡᠯᠡᠰᠦ᠎ᠵᠢ ᠵᠠᠰᠠᠬᠤ᠎ᠵᠢ《 ᠬᠥᠮᠦᠨ ᠤᠯᠠᠨᠵᠢᠡᠷ ᠪᠠᠢᠯᠳᠤᠬᠤ ᠠᠷᠭ᠎ᠠ》 ᠡᠴᠡ ᠮᠧᠬᠠᠨᠢᠭ᠍ᠵᠢᠭᠤᠯᠤᠨ ᠠᠵᠢᠯᠯᠠᠬᠤ᠂ ᠤᠶᠤᠨᠴᠢᠯᠠᠭᠰᠠᠨ ᠵᠠᠰᠠᠯᠲᠠ ᠲᠡᠢᠰᠢ ᠲᠦᠷᠭᠡᠳᠭᠡᠨ ᠬᠤᠪᠢᠷᠠᠭᠤᠯᠬᠤ᠎ᠶ᠋ᠢ ᠠᠬᠢᠭᠤᠯᠪᠠ᠃
《ᠵᠣᠭᠣᠰ ᠬᠠᠮᠢᠭ᠎ᠠ᠎ᠡᠴᠡ ᠢᠷᠡᠬᠦ᠌》 ᠠᠰᠠᠭᠤᠳᠠᠯ᠎ᠢ ᠱᠢᠢᠳᠪᠦᠷᠢᠯᠡᠬᠦ᠌᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠥᠪᠥᠷ ᠮᠣᠩᠭᠣᠯ 《ᠤᠯᠤᠰ᠎ᠤᠨ ᠪᠡᠯᠡ ᠣᠷᠣᠭᠤᠯᠤᠯᠲᠠ᠎ᠪᠠᠷ ᠭᠣᠣᠯ ᠪᠣᠯᠭᠠᠵᠤ᠂ ᠣᠷᠣᠨ ᠨᠤᠲᠤᠭ᠎ᠤᠨ ᠬᠢᠨ ᠢᠵᠢ ᠪᠦᠷᠢᠳᠦᠭᠦᠯᠬᠦ᠌᠎ᠪᠡᠷ ᠬᠠᠪᠰᠤᠷᠤᠮᠵᠢ ᠪᠣᠯᠭᠠᠵᠤ᠂ ᠨᠡᠢᠭᠡᠮ᠎ᠦᠨ ᠬᠢᠨ ᠥᠷᠭᠡᠨ᠎ᠢᠶᠡᠷ ᠣᠷᠣᠯᠴᠠᠭ᠍ᠰᠠᠨ》 ᠤᠯᠠᠨ ᠡᠱᠢ᠎ᠳᠤ ᠪᠡᠯᠡ ᠣᠷᠣᠭᠤᠯᠤᠯᠲᠠ᠎ᠶ᠋ᠢᠨ ᠲᠣᠭ᠍ᠲᠠᠴᠠ᠎ᠶ᠋ᠢ ᠪᠠᠢᠭᠤᠯᠵᠤ᠂ ᠡᠯᠡᠰᠦᠷᠬᠡᠭ᠌ᠵᠢᠯ᠎ᠢ ᠰᠡᠷᠭᠡᠢᠯᠡᠵᠦ᠍ ᠡᠯᠡᠰᠦ᠎ᠵᠢ ᠵᠠᠰᠠᠬᠤ ᠰᠠᠭᠤᠷᠢ ᠮᠥᠩᠭᠥᠨ᠎ᠦ ᠨᠡᠢᠭᠡᠮᠯᠢᠭ᠎ᠢ ᠪᠠᠢᠭᠤᠯᠵᠤ᠂ ᠨᠢᠭᠡᠨᠲᠡ 9150 ᠲᠦᠮᠡᠨ ᠲᠥᠭᠥᠷᠢᠭ᠎ᠦᠨ ᠨᠡᠢᠭᠡᠮ᠎ᠦᠨ ᠬᠠᠨᠳᠢᠪᠯᠠᠭ᠍ᠰᠠᠨ ᠪᠡᠯᠡ ᠮᠥᠩᠭᠥ᠎ᠶ᠋ᠢ ᠬᠦᠯᠢᠶᠡᠨ ᠠᠪᠤᠪᠠ᠃ ᠥᠷᠭᠡᠨ ᠣᠯᠠᠨ ᠮᠠᠯᠴᠢᠨ ᠲᠠᠷᠢᠶᠠᠴᠢᠨ᠎ᠢ ᠳᠠᠢᠴᠢᠯᠠᠨ ᠡᠯᠡᠰᠦᠷᠬᠡᠭ᠌ᠵᠢᠯ᠎ᠢ ᠰᠡᠷᠭᠡᠢᠯᠡᠨ ᠡᠯᠡᠰᠦ᠎ᠵᠢ ᠵᠠᠰᠠᠬᠤ᠎ᠳᠤ ᠣᠷᠣᠯᠴᠠᠭᠤᠯᠬᠤ᠎ᠶ᠋ᠢᠨ ᠲᠥᠯᠥᠭᠡ᠂ ᠥᠪᠥᠷ ᠮᠣᠩᠭᠣᠯ 《ᠤᠮᠠᠷᠠᠲᠤ᠎ᠶ᠋ᠢᠨ ᠭᠤᠷᠪᠠᠨ ᠣᠷᠣᠨ 》 ᠤ᠋ ᠢᠨᠵᠧᠨᠧᠷᠢᠩ᠎ᠦᠨ ᠪᠥᠲᠥᠭᠡᠨ ᠪᠠᠢᠭᠤᠯᠤᠯᠲᠠ᠎ᠳᠤ ᠡᠩ ᠲᠡᠷᠢᠭᠦᠨ᠎ᠳᠦ 《ᠬᠦᠳᠡᠯᠮᠦᠷᠢᠯᠡᠬᠦ᠎ᠪᠠᠷ ᠲᠡᠳᠬᠦᠮᠵᠢ᠎ᠶ᠋ᠢ ᠣᠷᠣᠯᠠᠭᠤᠯᠬᠤ 》 ᠶ᠋ᠢ ᠳᠡᠯᠭᠡᠷᠡᠭᠦᠯᠵᠦ᠍᠂ ᠲᠤᠬᠠᠶ᠎ᠶ᠋ᠢᠨ ᠭᠠᠵᠠᠷ᠎ᠤᠨ ᠣᠯᠠᠨ ᠲᠦᠮᠡᠨ᠎ᠢ ᠵᠣᠬᠢᠶᠠᠨ ᠪᠠᠢᠭᠤᠯᠤᠨ 《 ᠬᠡᠷ᠎ᠦᠨ ᠡᠭᠦᠳᠡᠨ 》 ᠳ᠋ᠡᠭᠡᠨ ᠬᠦᠴᠦ᠍ ᠶᠠᠪᠤᠵᠤ᠂ ᠡᠯᠡᠰᠦ᠎ᠵᠢ ᠵᠠᠰᠠᠬᠤ 《ᠦᠵᠡᠭ᠌ᠴᠢ》 ᠡᠴᠡ ᠡᠯᠡᠰᠦ᠎ᠵᠢ ᠵᠠᠰᠠᠬᠤ 《 ᠭᠤᠤᠯ ᠳᠦᠷᠢ》 ᠪᠣᠯᠭᠠᠨ ᠬᠤᠪᠢᠷᠠᠭᠤᠯᠪᠠ᠃
2024 ᠣᠨ᠎ᠳᠤ ᠪᠥᠬᠥ᠌ ᠣᠷᠣᠨ᠎ᠤ 6.3 ᠲᠦᠮᠡᠨ ᠮᠠᠯᠴᠢᠨ ᠲᠠᠷᠢᠶᠠᠴᠢᠨ᠎ᠢ ᠳᠠᠢᠴᠢᠯᠠᠨ ᠬᠦᠴᠦ᠍ ᠬᠥᠳᠡᠯᠮᠦᠷᠢ ᠣᠷᠣᠭᠤᠯᠵᠤ᠂ ᠬᠥᠳᠡᠯᠮᠦᠷᠢ ᠬᠦᠴᠦᠨ᠎ᠦ ᠬᠥᠯᠥᠰᠥ᠍ ᠣᠯᠭᠣᠮᠵᠢ᠎ᠵᠢ 8.5 ᠳ᠋ᠦᠩᠱᠢᠭᠤᠷ ᠲᠥᠭᠥᠷᠢᠭ ᠲᠠᠷᠬᠠᠭᠠᠵᠤ᠂ ᠬᠥᠮᠦᠨ ᠳᠤᠮᠳᠠᠴᠢ᠎ᠶ᠋ᠢᠨ ᠣᠷᠣᠯᠭ᠎ᠠ᠎ᠨᠢ 1.3 ᠲᠦᠮᠡᠨ ᠲᠥᠭᠥᠷᠢᠭ᠎ᠡᠴᠡ ᠳᠡᠭᠡᠭ᠌ᠰᠢ ᠨᠡᠮᠡᠭ᠌ᠳᠡᠪᠡ᠃ ᠨᠣᠭᠣᠭᠠᠷᠠᠭᠤᠯᠬᠤ᠎ᠵᠢᠨ ᠬᠠᠮᠲᠤ ᠪᠠᠶᠠᠵᠢᠬᠤ ᠪᠣᠯ ᠥᠪᠥᠷ ᠮᠣᠩᠭᠣᠯ᠎ᠤᠨ ᠡᠯᠡᠰᠦᠷᠬᠡᠭ᠌ᠵᠢᠯ᠎ᠢ ᠰᠡᠷᠭᠡᠢᠯᠡᠨ ᠡᠯᠡᠰᠦ᠎ᠵᠢ ᠵᠠᠰᠠᠬᠤ ᠦᠷᠭᠦᠯᠵᠢᠯᠡᠬᠦ᠌ ᠬᠥᠭ᠌ᠵᠢᠯᠲᠡ᠎ᠶ᠋ᠢᠨ ᠣᠶᠤᠨᠴᠢ ᠰᠦᠪᠡᠭ᠌ᠴᠢᠯᠡᠯ ᠪᠣᠯᠤᠨ᠎ᠠ᠃ ᠡᠯᠡᠰᠦᠷᠬᠡᠭ᠌ᠵᠢᠯ᠎ᠢ ᠰᠡᠷᠭᠡᠢᠯᠡᠨ ᠡᠯᠡᠰᠦ᠎ᠵᠢ ᠵᠠᠰᠠᠬᠤ ᠦᠶ᠋ᠯᠡᠳᠦᠯᠭᠡ ᠳᠤᠮᠳᠠ᠂ ᠥᠪᠥᠷ ᠮᠣᠩᠭᠣᠯ 《ᠠᠮᠢ ᠠᠬᠤᠶ᠎ᠶ᠋ᠢ ᠠᠵᠤ ᠦᠢᠯᠡᠰᠵᠢᠭᠦᠯᠬᠦ᠌᠂ ᠠᠵᠤ ᠦᠶ᠋ᠯᠡᠰ᠎ᠢ ᠠᠮᠢ ᠠᠬᠤᠢᠵᠢᠭᠤᠯᠬᠤ 》 ᠬᠥᠭ᠌ᠵᠢᠯᠲᠡ᠎ᠶ᠋ᠢᠨ ᠰᠡᠳᠭᠢᠴᠡ ᠶᠣᠰᠣᠭᠠᠷ᠂ ᠤᠨᠴᠠᠯᠢᠭ᠍ᠳᠤ ᠬᠡᠷᠡᠭᠰᠡᠯ᠎ᠤᠨ ᠮᠤᠳᠤ ᠵᠢᠮᠢᠰ᠎ᠤᠨ ᠮᠤᠳᠤ᠂ ᠡᠯᠡᠰᠦᠨ᠎ᠳᠦ ᠤᠷᠭᠤᠬᠤ ᠬᠢᠲᠠᠳ ᠡᠮ᠎ᠦᠨ ᠮᠠᠲ᠋ᠧᠷᠢᠶᠠᠯ᠂ ᠪᠣᠳᠠ ᠰᠥᠭᠡᠭ ᠪᠣᠷᠳᠣᠭ᠎ᠠ᠂ ᠡᠯᠡᠰᠦᠨ ᠴᠥᠯ᠎ᠦᠨ ᠵᠢᠭᠤᠯᠴᠢᠯᠠᠯ ᠵᠡᠷᠭᠡ ᠤᠨᠴᠠᠯᠢᠭ᠍ᠳᠤ ᠠᠵᠤ ᠦᠶ᠋ᠯᠡᠰ᠎ᠢ ᠶᠡᠬᠡᠪᠡᠷ ᠬᠥᠭ᠌ᠵᠢᠭᠦᠯᠵᠦ᠍᠂ 2024 ᠣᠨ᠎ᠳᠤ ᠪᠥᠬᠥ᠌ ᠣᠷᠣᠨ᠎ᠤ ᠣᠶ ᠱᠢᠭᠤᠶ ᠡᠪᠡᠰᠦᠨ᠎ᠦ ᠠᠵᠤ ᠦᠶ᠋ᠯᠡᠰ᠎ᠦᠨ ᠶᠡᠷᠦᠩᠬᠡᠶ ᠦᠶ᠋ᠯᠡᠳᠬᠦᠨ᠎ᠦ ᠥᠷᠲᠡᠭ 1000 ᠳ᠋ᠦᠩᠱᠢᠭᠤᠷ ᠲᠥᠭᠥᠷᠢᠭ᠎ᠢ ᠳᠠᠪᠠᠵᠤ᠂ ᠡᠯᠡᠰᠦ᠎ᠶ᠋ᠢ ᠵᠠᠰᠠᠬᠤ ᠪᠠ ᠪᠠᠶᠠᠵᠢᠬᠤ ᠬᠤᠤᠰ ᠠᠮᠵᠢᠯᠲᠠ᠎ᠶ᠋ᠢ ᠪᠡᠶᠡᠯᠡᠭᠦᠯᠪᠡ᠃