ᠦᠰᠪᠦᠷᠢ ᠵᠢᠨ ᠭᠡᠦᠭᠡᠳ ᠲᠡᠭᠡᠨ ᠤᠮᠠᠷᠠᠳᠤ ᠬᠢᠯᠢ ᠵᠢᠨ ᠰᠤᠶᠤᠯ ᠵᠢᠠᠨ ᠲᠠᠨᠢᠭᠤᠯᠤᠨ᠎ᠠ
2025-06-27 11:33:35
ᠵᠣᠬᠢᠶᠠᠭ᠍ᠴᠢ᠄
ᠪᠢᠯᠢᠭᠪᠡᠭᠠᠳᠤᠷ
ᠣᠩᠱᠢᠭ᠍ᠰᠠᠨ ᠣᠳᠠᠭ᠎ᠠ᠄
★★★☆☆

ᠤᠮᠠᠷᠠᠲᠤ ᠬᠢᠯᠢ᠎ᠶ᠋ᠢᠨ ᠰᠣᠶᠣᠯ᠎ᠤᠨ ᠦᠷ᠎ᠡ ᠰᠢᠮ᠎ᠡ ᠵᠢ ᠰᠤᠷᠤᠭᠴᠢᠳ᠎ᠲᠦ ᠲᠠᠨᠢᠭᠤᠯᠬᠤ᠎ᠶ᠋ᠢᠨ ᠲᠥᠯᠥᠭᠡ᠂ ᠤᠢᠷ᠎ᠠ᠎ᠳᠤ᠂ ᠱᠢᠯᠢ᠎ᠶ᠋ᠢᠨ ᠭᠤᠤᠯ ᠠᠢᠮᠠᠭ ᠰᠤᠷᠤᠭᠴᠢᠳ᠎ᠤᠨ ᠲᠤᠮᠳᠠ 《ᠤᠮᠠᠷᠠᠲᠤ ᠬᠢᠯᠢ ᠵᠢᠨ ᠨᠣᠮ ᠪᠢᠴᠢᠭ᠎ᠤᠨ ᠤᠶᠠᠡᠭᠭ᠎ᠠ》 ᠭᠤᠤᠯ ᠰᠡᠳᠦᠪᠲᠦ ᠨᠤᠮ ᠤᠡᠭᠰᠢᠨ ᠰᠡᠳᠬᠢᠭᠳᠡᠯ ᠵᠢᠡᠨ ᠬᠤᠪᠢᠶᠠᠯᠴᠠᠬᠤ ᠬᠤᠷᠠᠯ ᠡᠷᠬᠢᠯᠡᠵᠠᠢ᠃

《ᠰᠤᠷᠤᠭᠴᠢ ᠨᠦᠬᠦᠳ ᠡ᠂ ᠮᠡᠳᠡᠭᠡᠵᠢ ᠪᠡᠷ ᠤᠯᠠᠨ ᠬᠦᠮᠦᠰ ᠲᠤᠭᠤᠵᠢᠰ᠎ᠤᠨ ᠵᠤᠬᠢᠶᠠᠯ ᠤᠡᠭᠰᠢᠬᠤ ᠲᠤᠷᠠᠳᠠᠢ ᠪᠠᠢᠳᠠᠭ᠂ ᠲᠡᠭᠡᠪᠡᠯ ᠲᠤᠭᠤᠵᠢᠰ᠎ᠤᠨ ᠵᠤᠬᠢᠶᠠᠯ᠎ᠢ ᠬᠡᠷᠬᠢᠨ ᠵᠤᠬᠢᠶᠠᠮᠵᠢᠯᠠᠨ ᠪᠦᠲᠦᠭᠡᠭᠰᠡᠨ ᠪᠤᠢ?》 ᠱᠢᠯᠢ᠎ᠶ᠋ᠢᠨ ᠭᠣᠣᠯ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ ᠵᠢᠨ ᠶᠤᠰᠤᠯᠠᠯ᠎ᠤᠨ ᠲᠠᠡᠭᠭᠢᠮ᠎ᠳᠤ᠂ ᠳᠤᠮᠳᠠᠳᠤ ᠤᠯᠤᠰ᠎ᠤᠨ ᠵᠣᠬᠢᠶᠠᠯᠴᠢᠳ᠎ᠤᠨ ᠡᠪᠯᠡᠯ᠎ᠦᠨ ᠭᠡᠱᠢᠭᠦᠨ᠂ ᠥᠪᠥᠷ ᠮᠣᠩᠭᠣᠯ᠎ᠤᠨ ᠵᠣᠬᠢᠶᠠᠯᠴᠢᠳ᠎ᠤᠨ ᠡᠪᠯᠡᠯ᠎ᠦᠨ ᠶᠢᠰᠦᠳᠦᠭᠡᠷ ᠬᠤᠭᠤᠴᠠᠭᠠᠨ᠎ᠤ ᠵᠦᠪᠯᠡᠯ᠎ᠤᠨ ᠬᠡᠰᠢᠭᠦᠨ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠵᠢᠷᠭᠤᠳᠤᠭᠠᠷ ᠬᠤᠭᠤᠴᠠᠭᠠᠨ᠎ᠤ ᠤᠶᠤᠨ᠎ᠤ ᠪᠣᠯᠪᠠᠰᠤᠨ᠎ᠤ ᠪᠠᠢᠭᠤᠯᠤᠯᠲᠠ᠎ᠶ᠋ᠢᠨ《ᠲᠠᠪᠤᠨ ᠨᠢᠭᠡ᠎ᠶ᠋ᠢᠨ ᠢᠨᠵᠧᠨᠧᠷᠢᠩ》ᠤ᠋ᠨ ᠱᠠᠩᠨᠠᠯ ᠬᠦᠷᠳᠡᠭ᠌ᠴᠢ ᠰᠦᠨ ᠶᠦᠩ ᠪᠢᠨ ᠡᠢᠨᠬᠦ ᠲᠤᠭᠤᠵᠢᠰ᠎ᠤᠨ ᠵᠤᠬᠢᠶᠠᠯ᠎ᠤᠨ ᠲᠤᠬᠠᠢ ᠲᠡᠭᠡᠳᠤ ᠰᠤᠷᠭᠠᠭᠤᠯᠢ ᠵᠢᠨ ᠦᠷᠭᠡᠨ ᠤᠯᠠᠨ ᠤᠶᠤᠳᠠᠳ ᠯᠤᠭ᠎ᠠ ᠦᠵᠡᠯ ᠪᠤᠳᠤᠯ ᠵᠢᠠᠨ ᠰᠤᠯᠢᠯᠴᠠᠵᠦ ᠭᠠᠷᠤᠯ᠎ᠠ᠃

ᠲᠡᠷᠡ ᠦᠪᠡᠷ᠎ᠤᠨ ᠵᠣᠬᠢᠶᠠᠨ ᠪᠦᠲᠦᠭᠡᠭ᠌ᠰᠡᠨ ᠬᠡᠦᠬᠡᠳ᠎ᠦᠨ ᠦᠭᠦᠯᠡᠯᠭᠡ 《ᠴᠠᠭᠠᠨ ᠠᠳᠤᠭᠤ ᠪᠤᠯᠤᠨ ᠱᠢᠯᠢ᠎ᠶ᠋ᠢᠨ ᠭᠣᠣᠯ᠎ᠤᠨ ᠲᠠᠯ᠎ᠠ ᠨᠤᠲᠤᠭ᠎ᠤᠨ ᠦᠯᠢᠭᠡᠷ》 ᠯᠤᠭᠡ ᠪᠡᠨ ᠤᠶᠠᠯᠳᠤᠭᠤᠯᠤᠨ ᠪᠠᠭ᠍ᠰᠢ ᠰᠤᠷᠤᠭ᠍ᠴᠢᠳ᠎ᠲᠠᠶ ᠭᠦᠨᠵᠡᠭᠡᠢ ᠰᠣᠯᠢᠯᠴᠠᠵᠤ᠂ ᠤᠳᠭ᠎ᠠ ᠵᠣᠬᠢᠶᠠᠯ ᠵᠢᠡᠷ ᠵᠠᠭᠤᠴᠢ ᠪᠣᠯᠭᠠᠨ᠂ ᠤᠮᠠᠷᠠᠲᠤ ᠬᠢᠯᠢ᠎ᠶ᠋ᠢᠨ ᠰᠣᠶᠣᠯ᠎ᠢ ᠵᠠᠯᠠᠭᠤᠴᠤᠳ᠎ᠲᠦ ᠲᠠᠨᠢᠭᠤᠯᠵᠦ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠳᠤ ᠬᠦᠴᠦᠨ ᠨᠡᠮᠡᠷᠢᠯᠡᠵᠠᠢ᠃

ᠲᠣᠰ ᠪᠦᠲᠦᠭᠡᠯ᠎ᠳᠦ ᠪᠢᠴᠢᠬᠠᠨ ᠴᠠᠭᠠᠨ ᠤᠨᠠᠭ᠎ᠠ ᠴᠠᠭᠠᠨ ᠪᠣᠯᠤᠨ ᠲᠠᠯ᠎ᠠ ᠨᠤᠲᠤᠭ᠎ᠤᠨ《ᠨᠠᠢᠵᠠ᠎ᠨᠠᠷ》ᠤ᠋ᠨ ᠦᠰᠦᠨ ᠪᠣᠢᠵᠢᠭ᠍ᠰᠠᠨ ᠥᠯᠢᠭᠡᠷ᠎ᠢ ᠬᠦᠦᠷᠨᠢᠵᠦ᠍᠂ ᠲᠠᠯ᠎ᠠ ᠨᠤᠲᠤᠭ᠎ᠤᠨ ᠮᠠᠯᠴᠢᠳ᠎ᠤᠨ ᠰᠠᠬᠢᠨ ᠪᠡᠷᠡᠯᠡᠵᠦ᠍ ᠬᠠᠷᠢᠯᠴᠠᠨ ᠬᠠᠪᠰᠤᠷᠤᠯᠴᠠᠵᠤ᠂ ᠵᠠᠮ ᠨᠡᠭᠡᠭᠡᠨ ᠤᠷᠤᠭ᠍ᠰᠢᠯᠠᠭᠰᠠᠨ ᠮᠣᠩᠭᠣᠯ ᠮᠣᠷᠢᠨ᠎ᠤ ᠵᠣᠷᠢᠭ ᠰᠠᠨᠠᠭ᠎ᠠ ᠵᠢ ᠲᠤᠰᠬᠠᠵᠦ᠂ ᠤᠩᠱᠢᠭ᠍ᠴᠢᠳ᠎ᠲᠤ ᠦᠨᠳᠦᠰᠦᠲᠡᠨ᠎ᠦ ᠪᠦᠯᠬᠦᠮᠳᠡᠯ᠎ᠦᠨ ᠴᠢᠬᠤᠯᠠ ᠴᠢᠨᠠᠷ᠎ᠢ ᠮᠡᠳᠡᠷᠡᠭᠦᠯᠵᠦ᠂ ᠱᠢᠯᠢ᠎ᠶ᠋ᠢᠨ ᠭᠤᠤᠯ᠎ᠤᠨ ᠲᠠᠯ᠎ᠠ ᠨᠤᠲᠤᠭ᠎ᠤᠨ ᠬᠦᠮᠦᠨ ᠠᠷᠠᠳ᠎ᠤᠨ ᠵᠠᠡᠭ ᠵᠠᠡᠭᠰᠢᠯ ᠪᠣᠯᠤᠨ ᠣᠶᠤᠨ ᠰᠠᠨᠠᠭᠠᠨ᠎ᠤ ᠲᠦᠷᠢ ᠲᠦᠷᠬᠦ᠎ᠶ᠋ᠢ ᠠᠮᠢᠳᠤᠯᠢᠭ᠎ᠢᠶᠠᠷ ᠳᠡᠯᠭᠡᠨ ᠦᠵᠡᠭᠦᠯᠵᠡᠶ᠃

《ᠪᠢ ᠶᠡᠷᠦ ᠡᠴᠡ ᠨᠣᠮ ᠤᠩᠱᠢᠬᠤ ᠳᠤᠷᠠᠲᠠᠶ᠂ ᠥᠨᠥᠳᠦᠷ ᠵᠣᠬᠢᠶᠠᠯᠴᠢ᠎ᠵᠢᠨ ᠵᠣᠬᠢᠶᠠᠨ ᠪᠦᠲᠦᠭᠡᠯᠭᠡ ᠵᠢᠨ ᠶᠠᠪᠤᠴᠠ ᠵᠢ ᠰᠤᠨᠤᠰᠤᠭᠠᠳ ᠵᠤᠬᠢᠶᠠᠨ ᠪᠦᠲᠦᠭᠡᠯᠭᠡ ᠵᠢᠨ ᠲᠤᠬᠠᠢ ᠰᠢᠨ᠎ᠡ ᠰᠡᠷᠡᠭᠳᠡᠯ ᠲᠠᠢ ᠪᠤᠯᠪᠠ᠂ ᠬᠣᠢᠱᠢᠳᠠ ᠪᠢ ᠵᠤᠬᠢᠶᠠᠨ ᠪᠦᠲᠦᠭᠡᠯᠭᠡ ᠵᠢᠨ ᠲᠤᠬᠠᠢ ᠨᠡᠡᠭ ᠤᠯᠠᠨ ᠰᠢᠨ᠎ᠡ ᠮᠡᠳᠡᠯᠭᠡ ᠵᠢ ᠰᠤᠷᠤᠯᠴᠠᠨ ᠤᠢᠯᠠᠭᠠᠵᠦ᠂ ᠤᠮᠠᠷᠠᠳᠤ ᠬᠢᠯᠢ ᠵᠢᠨ ᠰᠤᠶᠤᠯ᠎ᠤᠨ ᠭᠡᠷᠡᠯ ᠬᠢᠯᠪᠠᠭ᠎ᠠ ᠵᠢ ᠨᠡᠡᠭ ᠤᠯᠠᠨ ᠬᠦᠮᠦᠨ᠎ᠳᠦ ᠲᠠᠨᠢᠭᠤᠯᠬᠤ ᠪᠡᠷ ᠴᠢᠷᠮᠠᠢᠨ᠎ᠠ》 ᠭᠡᠵᠦ᠍ ᠱᠢᠯᠢ᠎ᠶ᠋ᠢᠨ ᠭᠣᠣᠯ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠶ᠋ᠢᠨ ᠮᠠᠯ ᠠᠵᠤ ᠠᠬᠤᠢ ᠮᠠᠯ ᠡᠮᠴᠢ᠎ᠶ᠋ᠢᠨ ᠲᠤᠰᠭᠠᠢ ᠮᠡᠷᠭᠡᠵᠢᠯ᠎ᠦᠨ ᠰᠤᠷᠭᠠᠭᠤᠯᠢ᠎ᠶ᠋ᠢᠨ ᠬᠣᠶᠠᠳᠤᠭᠠᠷ ᠣᠨ᠎ᠤ ᠣᠶᠤᠲᠠᠨ ᠵᠢᠶ᠍ᠸ ᠹᠸᠢ ᠶᠠᠷᠢᠯ᠎ᠠ᠃

ᠲᠤᠬᠠᠶ᠎ᠶ᠋ᠢᠨ ᠲᠠᠯᠠᠪᠠᠶ᠎ᠳᠤ ᠪᠠᠰᠠ ᠰᠤᠷᠤᠭᠴᠢᠳ᠎ᠤᠨ ᠠᠰᠠᠭᠤᠯᠲᠠ᠎ᠳᠤ ᠬᠠᠷᠢᠭᠤᠯᠵᠦ᠂ ᠵᠣᠬᠢᠶᠠᠨ ᠪᠦᠲᠦᠭᠡᠯᠭᠡ᠂ ᠲᠠᠯ᠎ᠠ ᠨᠤᠲᠤᠭ᠎ᠤᠨ ᠰᠣᠶᠣᠯ᠎ᠤᠨ ᠬᠠᠮᠠᠭᠠᠯᠠᠯᠲᠠ ᠵᠡᠷᠭᠡ ᠶᠠᠷᠢᠶᠠᠨ᠎ᠤ ᠰᠡᠳᠦᠪ᠎ᠦᠨ ᠲᠣᠭᠣᠷᠢᠨ᠎ᠳᠤ ᠭᠦᠨᠵᠡᠭᠡᠶ ᠶᠠᠷᠢᠯᠴᠠᠪᠠ᠃

ᠤᠢ᠍ᠢᠷ᠎ᠠ᠎ᠶ᠋ᠢᠨ ᠵᠢᠯ᠎ᠡᠴᠡ ᠨᠠᠭᠠᠰᠢ᠂ ᠱᠢᠯᠢ᠎ᠶ᠋ᠢᠨ ᠭᠣᠣᠯ ᠠᠢᠮᠠᠭ ᠤᠳᠭ᠎ᠠ ᠵᠣᠬᠢᠶᠠᠯ᠎ᠢᠶᠠᠷ ᠵᠠᠯᠠᠭᠤᠴᠤᠳ᠎ᠤᠨ ᠰᠡᠳᠭᠢᠯ᠎ᠢ ᠤᠮᠳᠠᠯᠠᠵᠤ᠂ ᠤᠮᠠᠷᠠᠲᠤ ᠬᠢᠯᠢ᠎ᠶ᠋ᠢᠨ ᠰᠣᠶᠣᠯ᠎ᠢ ᠦᠰᠪᠦᠷᠢ ᠵᠠᠯᠠᠭᠤᠰ᠎ᠲᠦ ᠰᠤᠷᠳᠠᠯᠴᠢᠯᠠᠨ ᠲᠠᠨᠢᠭᠤᠯᠵᠦ᠂ ᠰᠤᠷᠤᠭ᠍ᠴᠢᠳ᠎ᠤᠨ ᠨᠤᠲᠤᠭ ᠤᠰᠤ᠎ᠪᠠᠨ ᠬᠠᠢᠷᠠᠯᠠᠬᠤ ᠪᠠ ᠳᠤᠮᠳᠠᠳᠤ᠎ᠶ᠋ᠢᠨ ᠰᠣᠶᠣᠯ᠎ᠢᠶᠠᠨ ᠮᠡᠳᠡᠷᠡᠬᠦ᠌ ᠰᠡᠳᠭᠢᠯᠭᠡ᠎ᠶ᠋ᠢ ᠬᠥᠭ᠌ᠵᠢᠭᠡᠪᠠ᠃ ᠲᠣᠰ ᠤᠳᠠᠭᠠᠨ᠎ᠤ ᠬᠤᠷᠠᠯ ᠨᠢ 《ᠤᠮᠠᠷᠠᠲᠤ ᠬᠢᠯᠢ ᠵᠢᠨ ᠨᠣᠮ ᠪᠢᠴᠢᠭ᠎ᠤᠨ ᠤᠶᠠᠡᠭᠭ᠎ᠠ》ᠱᠢᠷᠢᠰ ᠠᠵᠢᠯᠯᠠᠭ᠎ᠠ᠎ᠶ᠋ᠢᠨ ᠴᠢᠬᠤᠯᠠ ᠠᠭᠤᠯᠭ᠎ᠠ ᠪᠠᠢᠵᠦ᠂ ᠪᠠᠰᠠᠴᠤ᠌ ᠱᠢᠯᠢᠳᠡᠭ ᠣᠷᠣᠨ ᠨᠤᠲᠤᠭ᠎ᠤᠨ ᠰᠣᠶᠣᠯ᠎ᠢ ᠰᠤᠷᠤᠭᠴᠢᠳ᠎ᠲᠦ ᠲᠠᠨᠢᠭᠤᠯᠬᠤ ᠪᠣᠳᠠᠲᠠᠶ ᠠᠷᠭ᠎ᠠ ᠬᠡᠮᠵᠢᠶ᠎ᠡ ᠪᠣᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号