《ᠨᠠᠷᠠᠨ ᠎ᠤ ᠳᠤᠤᠷᠠᠬᠢ ᠰᠠᠬᠢᠨ ᠬᠠᠮᠠᠭᠠᠯᠠᠯᠳᠠ》 ᠭᠣᠣᠯ ᠰᠡᠳᠦᠪᠲᠦ ᠤᠬᠠᠭᠤᠯᠭ᠎ᠠ᠎ᠶᠢᠨ ᠠᠵᠢᠯᠯᠠᠭ᠎ᠠ ᠡᠬᠢᠯᠡᠯ᠎ᠡ
2025-06-27 13:27:16
ᠵᠣᠬᠢᠶᠠᠭ᠍ᠴᠢ᠄
ᠰᠢᠦᠸᠠᠢ ᠰᠢᠶᠣᠣ ᠹᠠᠩ
ᠣᠩᠱᠢᠭ᠍ᠰᠠᠨ ᠣᠳᠠᠭ᠎ᠠ᠄
★★★☆☆

6 ᠰᠠᠷ᠎ᠠ᠎ᠶᠢᠨ 25᠎ᠤ ᠡᠳᠦᠷ᠂ ᠥᠪᠥᠷ ᠮᠣᠩᠭᠣᠯ ᠎ᠤᠨ ᠳᠣᠲᠣᠭᠠᠳᠤ᠎ᠶᠢ ᠬᠠᠮᠠᠭᠠᠯᠠᠬᠤ ᠪᠠᠢᠭᠤᠯᠭ᠎ᠠ᠎ᠶᠢᠨ 《ᠨᠡᠷᠡᠨ᠎ᠤ ᠳᠤᠤᠷᠠᠬᠢ ᠰᠠᠬᠢᠨ ᠬᠠᠮᠠᠭᠠᠯᠠᠯᠳᠠ》 ᠬᠠᠤᠯᠢᠵᠢᠯ ᠵᠢᠡᠷ ᠳᠣᠲᠣᠭᠠᠳᠤ ᠎ᠶᠢ ᠬᠠᠮᠠᠭᠠᠯᠠᠬᠤ ᠭᠣᠣᠯ ᠰᠡᠳᠦᠪᠲᠦ ᠤᠬᠠᠭᠤᠯᠭ᠎ᠠ᠎ᠶᠢᠨ ᠠᠵᠢᠯᠯᠠᠭ᠎ᠠ ᠬᠥᠬᠡᠬᠣᠲᠠ᠎ᠳᠤ ᠡᠬᠢᠯᠡᠪᠡ᠃

ᠭᠣᠣᠯ ᠰᠡᠳᠦᠪᠲᠦ ᠤᠬᠠᠭᠤᠯᠭ᠎ᠠ ᠎ᠶᠢᠨ ᠠᠵᠢᠯᠯᠠᠭ᠎ᠠ᠎ᠶᠢᠨ ᠬᠤᠭᠤᠴᠠᠭᠠᠨ᠎ᠳᠤ᠂ ᠥᠪᠥᠷ ᠮᠣᠩᠭᠣᠯ᠎ᠤᠨ ᠡᠯ᠎ᠡ ᠱᠠᠲᠤᠨ ᠎ᠤ ᠳᠣᠲᠣᠭᠠᠳᠤ ᠎ᠶᠢ ᠬᠠᠮᠠᠭᠠᠯᠠᠬᠤ ᠪᠠᠢᠭᠤᠯᠭ᠎ᠠ ᠶᠠᠷᠢᠯᠴᠠᠨ ᠰᠣᠯᠢᠯᠴᠠᠬᠤ᠂ ᠬᠠᠪᠰᠤᠷᠤᠨ ᠵᠢᠯᠤᠭᠣᠳᠬᠤ ᠲᠠᠢᠯᠤᠮᠵᠢ ᠬᠢᠬᠦ᠂ ᠲᠤᠰᠬᠠᠢ ᠰᠡᠳᠦᠪ᠎ᠢᠶᠡᠷ ᠶᠠᠷᠢᠯᠴᠠᠬᠤ ᠵᠡᠷᠭᠡ ᠠᠷᠭ᠎ᠠ ᠬᠡᠯᠪᠡᠷᠢ ᠪᠡᠷ ᠳᠠᠮᠵᠢᠭᠤᠯᠤᠨ᠂ ᠬᠠᠤᠯᠢᠵᠢᠯ ᠵᠢᠡᠷ ᠳᠣᠲᠣᠭᠠᠳᠤ᠎ᠶᠢ ᠬᠠᠮᠠᠭᠠᠯᠠᠬᠤ ᠰᠤᠷᠤᠯᠴᠠᠯᠭ᠎ᠠ ᠬᠥᠮᠦᠵᠢᠯ᠎ᠢ ᠤᠯᠠᠮ ᠨᠢᠭᠡ ᠠᠯᠬᠤᠮ ᠭᠦᠨᠵᠡᠭᠡᠢᠷᠡᠭᠦᠯᠦᠨ᠎ᠡ; ᠠᠷᠠᠳ᠎ᠤᠨ ᠴᠠᠭᠳᠠᠭ᠎ᠠ᠎ᠶᠢ ᠵᠣᠬᠢᠶᠠᠨ ᠪᠠᠢᠭᠤᠯᠤᠨ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠬᠠᠮᠢᠶᠠᠷᠤᠯᠲᠠ᠎ᠶᠢᠨ ᠲᠥᠪ ᠵᠡᠷᠭᠡ ᠬᠠᠤᠯᠢ ᠬᠡᠷᠡᠭᠵᠢᠭᠦᠯᠵᠦ ᠪᠠᠢᠭ᠎ᠠ ᠲᠡᠷᠢᠭᠦᠨ᠎ᠦ ᠵᠢᠱ᠌ᠢᠶ᠎ᠡ ᠦᠵᠡᠭᠦᠯᠬᠦ ᠨᠢᠭᠡᠴᠢ ᠪᠡᠷ ᠲᠣᠭᠣᠷᠢᠨ ᠦᠵᠡᠭᠦᠯᠵᠦ᠂ ᠲᠢᠩᠬᠢᠮ᠎ᠦᠨ ᠰᠢᠭᠦᠯᠲᠡ᠎ᠶᠢ ᠰᠤᠯᠠ ᠰᠣᠨᠣᠰᠬᠤ᠎ᠳᠤ ᠣᠷᠣᠯᠴᠠᠭᠤᠯᠬᠤ ᠎ᠶᠢᠨ ᠬᠠᠮᠲᠤ ᠬᠡᠷᠡᠭ᠎ᠦᠨ ᠵᠢᠱ᠌ᠢᠶ᠎ᠡ᠎ᠶᠢ ᠰᠤᠳᠤᠯᠤᠨ ᠶᠠᠷᠢᠯᠴᠠᠬᠤ᠂ ᠬᠠᠤᠯᠢᠵᠢᠯ᠎ᠤᠨ ᠶᠡᠬᠡ ᠬᠢᠴᠢᠶᠡᠯ ᠎ᠦᠨ ᠲᠠᠩᠬᠢᠮ᠂ ᠭᠣᠣᠯ ᠰᠡᠳᠦᠪᠲᠦ ᠶᠠᠷᠢᠶ᠎ᠠ ᠢᠯᠡᠳᠬᠡᠯ᠎ᠦᠨ ᠤᠷᠤᠯᠳᠤᠭᠠᠨ ᠵᠡᠷᠭᠡ ᠬᠡᠯᠪᠡᠷᠢ ᠵᠢ ᠠᠮᠢᠳᠤᠯᠢᠭ᠋᠎ᠢᠶᠠᠷ ᠬᠡᠷᠡᠭᠯᠡᠨ᠂ ᠬᠠᠤᠯᠢᠵᠢᠯ᠎ᠤᠨ ᠦᠢᠯᠡᠳᠦᠯᠭᠡ᠎ᠶᠢᠨ ᠴᠢᠳᠠᠪᠤᠷᠢ᠎ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ; ᠲᠤᠰᠬᠠᠢ ᠰᠡᠳᠦᠪᠲᠦ ᠪᠠᠢᠴᠠᠭᠠᠨ ᠰᠤᠳᠤᠯᠤᠯᠲᠠ᠂ ᠭᠣᠣᠯ ᠰᠡᠳᠦᠪᠲᠦ ᠰᠣᠷᠪᠤᠯᠵᠢᠯᠠᠭ᠎ᠠ᠂ ᠵᠥᠪ ᠴᠢᠭᠯᠡᠯ᠎ᠦᠨ ᠤᠷᠮᠠᠰᠢᠭᠤᠯᠤᠯ᠂ ᠤᠳᠬ᠎ᠠ ᠤᠷᠠᠯᠢᠭ᠋᠎ᠤᠨ ᠵᠣᠬᠢᠶᠠᠨ ᠪᠦᠲᠦᠭᠡᠯᠭᠡ ᠵᠡᠷᠭᠡ ᠠᠷᠭ᠎ᠠ ᠬᠡᠯᠪᠡᠷᠢ᠎ᠶᠢ ᠶᠡᠷᠦᠩᠬᠡᠢᠯᠡᠨ ᠬᠡᠷᠡᠭᠯᠡᠵᠦ᠂ ᠦᠨᠳᠦᠰᠦᠨ ᠱᠠᠲᠤᠨ᠎ᠤ ᠨᠡᠢᠭᠡᠮ᠎ᠦᠨ ᠵᠠᠰᠠᠯᠲᠠ᠂ ᠬᠠᠤᠯᠢ ᠬᠡᠷᠡᠭᠵᠢᠭᠦᠯᠦᠯᠲᠡ᠎ᠶᠢᠨ ᠵᠢᠷᠦᠮᠵᠢᠯᠲᠡ᠎ᠶᠢᠨ ᠪᠠᠢᠭᠤᠯᠤᠯᠲᠠ ᠵᠡᠷᠭᠡ ᠲᠠᠯ᠎ᠠ᠎ᠶᠢᠨ ᠦᠷ᠎ᠡ ᠪᠦᠲᠦᠮᠵᠢ ᠲᠤᠷᠰᠢᠯᠭ᠎ᠠ ᠪᠣᠯᠣᠨ ᠲᠡᠷᠢᠭᠦᠨ᠎ᠦ ᠨᠡᠢᠲᠡᠯᠢᠭ ᠵᠢᠱ᠌ᠢᠶ᠎ᠡ᠎ᠶᠢ ᠭᠦᠨᠵᠡᠭᠡᠢ ᠠᠭᠤᠳᠠᠯᠦᠨ᠎ᠡ᠃

ᠣᠢᠯᠠᠭᠠᠭᠰᠠᠨ᠎ᠢᠶᠠᠷ᠂ ᠥᠪᠥᠷ ᠮᠣᠩᠭᠣᠯ ᠨᠢᠭᠡᠨᠲᠡ 122 ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠬᠠᠮᠢᠶᠠᠷᠤᠯᠲᠠ᠎ᠶᠢᠨ ᠲᠥᠪ᠂ 99 ᠬᠤᠪᠢᠶᠠᠷᠢ ᠲᠥᠪ᠂ 131 ᠣᠶᠤᠨᠲᠤ ᠬᠡᠷᠡᠭ ᠰᠢᠢᠳᠪᠦᠷᠢᠯᠡᠬᠦ ᠲᠣᠭᠣᠷᠢᠭ᠋ ᠎ᠢ ᠪᠠᠢᠭᠤᠯᠤᠨ ᠲᠠᠭᠤᠰᠬᠠᠵᠤ᠂ ᠠᠢᠮᠠᠭ ᠬᠣᠲᠠ᠎ᠪᠠᠷ ᠨᠢᠭᠡᠴᠢ ᠪᠣᠯᠭᠠᠭᠰᠠᠨ ᠣᠷᠣᠨ ᠪᠦᠰᠡ ᠎ᠶᠢᠨ ᠪᠠᠲᠤᠯᠠᠭ᠎ᠠ᠎ᠶᠢᠨ ᠰᠢᠰᠲᠧᠮ᠎ᠢ ᠪᠠᠢᠭᠤᠯᠵᠦ᠂ ᠥᠪᠥᠷ ᠮᠣᠩᠭᠣᠯ᠎ᠤᠨ ᠳᠣᠲᠣᠭᠠᠳᠤ᠎ᠶᠢ ᠬᠠᠮᠠᠭᠠᠯᠠᠬᠤ ᠠᠵᠢᠯ᠎ᠤᠨ ᠬᠠᠤᠯᠢᠵᠢᠯ᠎ᠤᠨ ᠬᠢᠷᠢ ᠲᠦᠪᠰᠢᠨ ᠪᠠ ᠬᠠᠤᠯᠢ ᠬᠡᠷᠡᠭᠵᠢᠭᠦᠯᠦᠯᠳᠡ ᠵᠢᠨ ᠢᠲᠡᠭᠡᠭᠦᠯᠬᠦ ᠬᠦᠴᠦᠨ᠎ᠢ ᠦᠷᠭᠦᠯᠵᠢᠯᠡᠨ ᠲᠡᠭᠡᠭᠰᠢᠯᠡᠭᠦᠯᠪᠡ᠃


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号