ᠮᠠᠨ ᠤ᠋ ᠤᠷᠤᠨ 《ᠤᠮᠠᠷᠠᠲᠤ ᠵᠢᠨ ᠭᠤᠷᠪᠠᠨ ᠤᠷᠤᠨ》 ᠤ᠋ ᠢᠨᠵᠧᠨᠧᠷᠢᠩ ᠤ᠋ᠨ ᠪᠤᠭᠤᠮᠲᠠ ᠱᠢᠪᠲᠤᠯᠬᠤ ᠳᠠᠢᠯᠠᠯᠳᠤᠭᠠᠨ ᠳ᠋ᠤ 3700 ᠲᠦᠮᠡ ᠭᠠᠷᠤᠶ ᠮᠥ᠍ ᠡᠯᠡᠰᠤ ᠵᠢ ᠵᠠᠰᠠᠪᠠ
2025-06-29 12:19:40
ᠵᠣᠬᠢᠶᠠᠭ᠍ᠴᠢ᠄
ᠨᠠᠮᠤᠭ
ᠣᠩᠱᠢᠭ᠍ᠰᠠᠨ ᠣᠳᠠᠭ᠎ᠠ᠄
★★★☆☆

ᠥᠪᠡᠷᠲᠡᠭᠡᠨ ᠵᠠᠰᠠᠬᠤ ᠣᠷᠣᠨ ᠤ᠋ ᠣᠶ ᠱᠢᠭᠤᠶ ᠪᠠ ᠨᠤᠲᠤᠭ ᠪᠡᠯᠴᠢᠭᠡᠷ ᠤ᠋ᠨ ᠲᠣᠪᠴᠢᠶ᠎ᠠ ᠡᠴᠡ ᠣᠢᠯᠠᠭᠠᠭ᠍ᠰᠠᠨ ᠵᠢᠡᠷ᠂ 2023 ᠣᠨ ᠤ᠋ 6 ᠰᠠᠷ᠎ᠠ ᠳ᠋ᠤ 《ᠤᠮᠠᠷᠠᠲᠤ ᠵᠢᠨ ᠭᠤᠷᠪᠠᠨ ᠤᠷᠤᠨ》 ᠤ᠋ ᠢᠨᠵᠧᠨᠧᠷᠢᠩ ᠤ᠋ᠨ ᠪᠣᠭᠣᠮᠲᠠ ᠱᠢᠪᠲᠤᠯᠬᠤ ᠳᠠᠢᠯᠠᠯᠳᠤᠭᠠᠨ ᠢ᠋ ᠥᠷᠨᠢᠭᠦᠯᠦᠭ᠌ᠰᠡᠨ ᠡᠴᠡ ᠨᠠᠭᠠᠰᠢᠬᠢ 2 ᠵᠢᠯ ᠤ᠋ᠨ ᠬᠤᠭᠤᠴᠠᠭᠠᠨ ᠳ᠋ᠤ ᠮᠠᠨ ᠤ᠋ ᠤᠷᠤᠨ ᠨᠡᠢᠲᠡ 3700 ᠲᠦᠮᠡ ᠭᠠᠷᠤᠶ ᠮᠥ᠍ ᠡᠯᠡᠰᠦ ᠵᠢ ᠵᠠᠰᠠᠵᠤ᠂ ᠮᠠᠨ ᠤ᠋ ᠤᠯᠤᠰ ᠤ᠋ᠨ ᠤᠮᠠᠷᠠᠲᠤ ᠵᠢᠨ ᠴᠢᠬᠤᠯᠠ ᠠᠮᠢ ᠠᠬᠤᠶ ᠵᠢᠨ ᠠᠮᠤᠷ ᠲᠦᠪᠱᠢᠨ ᠤ᠋ ᠬᠠᠯᠬᠠᠪᠴᠢ ᠵᠢᠨ ᠰᠠᠭᠤᠷᠢ ᠶ᠋ᠢ ᠤᠯᠠᠮ ᠪᠡᠬᠢᠵᠢᠭᠦᠯᠪᠠ᠃

《ᠤᠮᠠᠷᠠᠲᠤ ᠵᠢᠨ ᠭᠤᠷᠪᠠᠨ ᠤᠷᠤᠨ》 ᠤ᠋ ᠢᠨᠵᠧᠨᠧᠷᠢᠩ ᠤ᠋ᠨ ᠪᠣᠭᠣᠮᠲᠠ ᠱᠢᠪᠲᠤᠯᠬᠤ ᠳᠠᠢᠯᠠᠯᠳᠤᠭᠠᠨ ᠳ᠋ᠤ ᠬᠠᠲᠤᠨ ᠭᠤᠤᠯ ᠤ᠋ᠨ ᠶᠡᠬᠡ ᠲᠤᠬᠤᠢ ᠶ᠋ᠢᠨ ᠪᠣᠭᠣᠮᠲᠠ ᠱᠢᠪᠲᠤᠯᠬᠤ ᠳᠠᠢᠯᠠᠯᠳᠤᠭᠠᠨ᠂ ᠬᠣᠷᠴᠢᠨ ᠪᠠ ᠬᠤᠯᠠᠨ ᠱᠢᠷᠭ᠎ᠠ ᠲᠠᠭ᠎ᠠ ᠵᠢᠨ ᠡᠯᠡᠰᠦᠷᠬᠡᠭ ᠭᠠᠵᠠᠷ ᠤ᠋ᠨ ᠰᠦᠨᠦᠭᠡᠯᠲᠡ ᠵᠢᠨ ᠳᠠᠢᠯᠠᠯᠳᠤᠭᠠᠨ᠂ ᠾᠸ ᠰᠢ ᠵᠢᠨ ᠬᠣᠩᠭᠢᠯ — ᠲᠠᠺᠯᠢᠮᠠᠺᠠᠨ ᠡᠯᠡᠰᠦᠨ ᠴᠥᠯ ᠤ᠋ᠨ ᠬᠥᠪᠡᠭᠡ ᠵᠠᠬ᠎ᠠ ᠵᠢᠨ᠎ᠬᠤᠷᠢᠭᠯᠠᠯᠲᠠ ᠵᠢᠨ ᠳᠠᠢᠯᠠᠯᠳᠤᠭᠠᠨ ᠬᠡᠬᠦ ᠭᠤᠷᠪᠠᠨ ᠶᠡᠬᠡ ᠪᠡᠯᠭᠡ ᠲᠡᠮᠳᠡᠭ ᠤ᠋ᠨ ᠴᠢᠨᠠᠷᠲᠠᠶ ᠳᠠᠢᠯᠠᠯᠳᠤᠭᠠᠨ ᠪᠠᠭ᠍ᠲᠠᠨ᠎ᠠ᠃ ᠮᠠᠨ ᠤ᠋ ᠤᠷᠤᠨ 《ᠤᠮᠠᠷᠠᠲᠤ ᠵᠢᠨ ᠭᠤᠷᠪᠠᠨ ᠣᠷᠣᠨ》 ᠢ᠋ ᠰᠤᠨᠳᠠᠯᠠᠨ᠂ ᠪᠥᠬᠥ᠌ ᠤᠯᠤᠰ ᠤ᠋ᠨ ᠴᠦᠯᠯᠡᠷᠭᠡᠭ᠌ᠵᠢᠭ᠌ᠰᠡᠨ ᠪᠠ ᠡᠯᠡᠰᠦᠷᠬᠡᠭ᠌ᠵᠢᠭ᠌ᠰᠡᠨ ᠭᠠᠵᠠᠷ ᠨᠤᠳᠤᠭ ᠬᠠᠮᠤᠭ ᠤ᠋ᠨ ᠲᠥᠪᠯᠡᠷᠡᠭ᠌ᠰᠡᠨ᠂ ᠬᠤᠤᠷ ᠬᠥᠨᠥᠭᠡᠯ ᠵᠢᠡᠷ ᠬᠠᠮᠤᠭ ᠤ᠋ᠨ ᠬᠦᠨᠳᠦ ᠨᠣᠴᠢᠲᠠᠶ ᠮᠤᠵᠢ ᠣᠷᠣᠨ ᠤ᠋ ᠨᠢᠭᠡ ᠪᠠᠢᠵᠤ᠂ ᠪᠦᠬᠦ ᠤᠯᠤᠰ ᠤ᠋ᠨ ᠴᠦᠯᠯᠡᠷᠭᠡᠭ᠌ᠵᠢᠯ ᠢ᠋ ᠵᠠᠰᠠᠬᠤ ᠭᠤᠤᠯ ᠲᠡᠢᠯᠠᠯᠳᠤᠭᠠᠨ ᠤ᠋ ᠲᠠᠯᠠᠪᠤᠷ᠂ ᠡᠯᠡᠰᠦᠨ ᠱᠢᠭᠤᠷᠭ᠎ᠠ ᠶ᠋ᠢ ᠰᠡᠷᠭᠡᠢᠯᠡᠬᠦ᠌ ᠭᠤᠤᠯ ᠰᠡᠷᠭᠡᠢᠯᠡᠯᠲᠡ ᠵᠢᠨ ᠱᠤᠭᠤᠮ ᠪᠣᠯᠤᠨ᠎ᠠ᠃ 《ᠤᠮᠠᠷᠠᠲᠤ ᠵᠢᠨ ᠭᠤᠷᠪᠠᠨ ᠤᠷᠤᠨ》 ᠤ᠋ ᠢᠨᠵᠧᠨᠧᠷᠢᠩ ᠤ᠋ᠨ ᠪᠤᠭᠤᠮᠲᠠ ᠱᠢᠪᠲᠤᠯᠬᠤ ᠳᠠᠢᠯᠠᠯᠳᠤᠭᠠᠨ ᠤ᠋ ᠬᠠᠲᠤᠨ ᠭᠤᠤᠯ ᠤ᠋ᠨ ᠶᠡᠬᠡ ᠲᠤᠬᠤᠢ ᠶ᠋ᠢᠨ ᠪᠣᠭᠣᠮᠲᠠ ᠱᠢᠪᠲᠤᠯᠬᠤ ᠳᠠᠢᠯᠠᠯᠳᠤᠭᠠᠨ ᠪᠤᠯᠤᠨ ᠬᠣᠷᠴᠢᠨ ᠪᠠ ᠬᠤᠯᠠᠨ ᠱᠢᠷᠭ᠎ᠠ ᠲᠠᠭ᠎ᠠ ᠵᠢᠨ ᠡᠯᠡᠰᠦᠷᠬᠡᠭ ᠭᠠᠵᠠᠷ ᠤ᠋ᠨ ᠰᠦᠨᠦᠭᠡᠯᠲᠡ ᠵᠢᠨ ᠳᠠᠢᠯᠠᠯᠳᠤᠭᠠᠨ ᠤ᠋ ᠭᠤᠤᠯ ᠲᠠᠯᠠᠪᠤᠷ ᠦᠪᠤᠷ ᠮᠤᠩᠭᠤᠯ ᠳ᠋ᠤ ᠪᠠᠢᠵᠤ᠂ ᠾᠸ ᠰᠢ ᠵᠢᠨ ᠬᠣᠩᠭᠢᠯ — ᠲᠠᠺᠯᠢᠮᠠᠺᠠᠨ ᠡᠯᠡᠰᠦᠨ ᠴᠥᠯ ᠤ᠋ᠨ ᠬᠥᠪᠡᠭᠡ ᠵᠠᠬ᠎ᠠ ᠵᠢᠨ᠎ᠬᠤᠷᠢᠭᠯᠠᠯᠲᠠ ᠵᠢᠨ ᠳᠠᠢᠯᠠᠯᠳᠤᠭᠠᠨ ᠤ᠋ ᠲᠠᠯᠠᠪᠤᠷ ᠤ᠋ᠨ ᠬᠠᠭᠠᠰ ᠨᠢ ᠦᠪᠤᠷ ᠮᠤᠩᠭᠤᠯ ᠳ᠋ᠤ ᠪᠠᠢᠵᠤ᠂ ᠡᠯᠡᠰᠦᠷᠬᠡᠭ᠌ᠵᠢᠭ᠌ᠰᠡᠨ ᠭᠠᠵᠠᠷ ᠱᠢᠷᠣᠶ ᠶ᠋ᠢ ᠶᠡᠷᠦᠩᠬᠡᠢᠯᠡᠨ ᠵᠠᠰᠠᠬᠤ ᠡᠬᠦᠷᠬᠡ ᠵᠢᠨ 60% ᠨᠢ ᠦᠪᠤᠷ ᠮᠤᠩᠭᠤᠯ ᠳ᠋ᠤ ᠪᠤᠢ᠃

ᠬᠠᠲᠤᠨ ᠭᠤᠤᠯ ᠤ᠋ᠨ ᠶᠡᠬᠡ ᠲᠤᠬᠤᠢ ᠵᠢᠨ ᠡᠮᠤᠨ᠎ᠡ ᠡᠷᠭᠢ ᠳ᠋ᠤ ᠪᠠᠢᠷᠢᠯᠠᠭ᠎ᠠ ᠤᠷᠳᠤᠰ ᠬᠤᠲᠠ ᠤᠢᠷ᠎ᠠ ᠵᠢᠨ ᠬᠤᠶᠠᠷ ᠵᠢᠯ ᠳ᠋ᠤ ᠡᠯᠡᠰᠦᠷᠭᠡᠭᠵᠢᠯ ᠢ᠋ ᠰᠡᠷᠭᠡᠢᠯᠡᠨ ᠡᠯᠡᠰᠤ ᠶ᠋ᠢ ᠵᠠᠰᠠᠬᠤ ᠠᠵᠢᠯ ᠢ᠋ ᠲᠦᠷᠭᠡᠳᠭᠡᠨ ᠠᠬᠢᠭᠤᠯᠵᠤ᠂ ᠨᠢᠭᠡᠨᠲᠡ 1000 ᠲᠦᠮᠡᠨ ᠮᠤ᠌ ᠡᠯᠡᠰᠤ ᠵᠢ ᠵᠠᠰᠠᠵᠤ᠂ ᠡᠳᠦᠷ ᠳᠤᠮᠳᠠᠴᠢ ᠪᠡᠷ ᠲᠦᠮᠡ ᠭᠠᠷᠤᠢ ᠮᠤ᠌ ᠡᠯᠡᠰᠤ ᠵᠢ ᠵᠠᠰᠠᠵᠠᠢ᠃ ᠮᠠᠨ ᠤ᠋ ᠤᠷᠤᠨ ᠬᠠᠲᠤᠨ ᠭᠤᠤᠯ ᠤ᠋ᠨ ᠶᠡᠬᠡ ᠲᠤᠬᠤᠢ ᠵᠢᠨ ᠪᠣᠭᠣᠮᠲᠠ ᠱᠢᠪᠲᠤᠯᠬᠤ ᠳᠠᠢᠯᠠᠯᠳᠤᠭᠠᠨ ᠤ᠋ ᠣᠷᠣᠨ ᠳ᠋ᠤ ᠰᠠᠯᠬᠢ ᠶ᠋ᠢ ᠬᠠᠯᠬᠠᠯᠠᠵᠤ ᠡᠯᠡᠰᠦ ᠶ᠋ᠢ ᠲᠣᠭ᠍ᠲᠠᠪᠤᠷᠢᠵᠢᠭᠤᠯᠬᠤ ᠪᠠ ᠬᠠᠲᠤᠨ ᠭᠤᠤᠯ ᠳ᠋ᠤ ᠤᠷᠤᠰᠤᠨ ᠤᠷᠤᠬᠤ ᠡᠯᠡᠰᠦ ᠮᠠᠩᠬ᠎ᠠ ᠵᠢ ᠪᠠᠭᠠᠰᠭᠠᠬᠤ ᠪᠡᠷ ᠭᠤᠤᠯᠳᠠᠯᠭ᠎ᠠ ᠪᠣᠯᠭᠠᠨ ᠬᠠᠲᠤᠨ ᠭᠤᠤᠯ ᠤ᠋ᠨ ᠶᠡᠬᠡ ᠲᠤᠬᠤᠢ ᠶ᠋ᠢᠨ ᠡᠷᠭᠢ ᠳᠠᠭᠠᠤ ᠵᠢᠨ ᠡᠯᠡᠰᠦᠷᠬᠡᠭ᠌ᠵᠢᠯ ᠢ᠋ ᠰᠡᠷᠭᠡᠢᠯᠡᠨ ᠡᠯᠡᠰᠦ ᠶ᠋ᠢ ᠵᠠᠰᠠᠬᠤ ᠣᠶ ᠱᠢᠭᠤᠶ ᠨᠤᠲᠤᠭ ᠪᠡᠯᠴᠢᠭᠡᠷ ᠤ᠋ᠨ ᠪᠦᠰᠡ ᠶ᠋ᠢ ᠪᠥᠬᠥ᠌ ᠱᠤᠭᠤᠮ ᠵᠢᠡᠷ ᠨᠡᠪᠲᠡᠷᠡᠭᠦᠯᠬᠦ᠌ ᠶ᠋ᠢ ᠠᠬᠢᠭᠤᠯᠪᠠ᠃

ᠬᠤᠯᠠᠨ ᠰᠢᠷᠭ᠎ᠠ ᠲᠠᠭ᠎ᠠ ᠵᠢᠨ ᠡᠯᠡᠰᠦᠷᠬᠡᠭ ᠭᠠᠵᠠᠷ ᠤ᠋ᠨ ᠶᠡᠷᠤᠩᠬᠡᠢ ᠲᠠᠯᠠᠪᠠᠢ ᠵᠢᠨ 83% ᠨᠢ ᠰᠢᠯᠢ ᠵᠢᠨ ᠭᠤᠤᠯ ᠠᠢᠮᠠᠭ ᠲᠦ᠍ ᠪᠠᠢᠵᠤ᠂ ᠲᠤᠰ ᠠᠢᠮᠠᠭ ᠨᠢᠳᠤᠨᠤᠨ 378.55 ᠲᠦᠮᠡᠨ ᠮᠦ᠍ ᠡᠯᠡᠰᠤ ᠵᠠᠰᠠᠬᠤ ᠬᠠᠷᠠᠯᠳᠠ ᠡᠬᠦᠷᠬᠡ ᠪᠠᠨ ᠲᠠᠪᠠᠭᠤᠯᠤᠨ ᠪᠡᠶᠡᠯᠡᠬᠦᠯᠵᠤ᠂ ᠡᠨᠡ ᠵᠢᠯ 566 ᠲᠦᠮᠡᠨ ᠮᠦ᠍ ᠡᠯᠡᠰᠤ ᠵᠢ ᠵᠠᠰᠠᠬᠤ ᠪᠡᠷ ᠡᠷᠡᠮᠡᠬᠡᠢᠯᠡᠨ ᠴᠢᠷᠮᠠᠢᠵᠤ ᠪᠠᠢᠨ᠎ᠠ ᠃ ᠮᠠᠨ ᠤ᠋ ᠤᠷᠤᠨ ᠬᠣᠷᠴᠢᠨ ᠪᠠ ᠬᠤᠯᠠᠨ ᠱᠢᠷᠭ᠎ᠠ ᠲᠠᠭ᠎ᠠ ᠵᠢᠨ ᠡᠯᠡᠰᠦᠷᠬᠡᠭ ᠭᠠᠵᠠᠷ ᠤ᠋ᠨ ᠰᠦᠨᠦᠭᠡᠯᠲᠡ ᠵᠢᠨ ᠳᠠᠢᠯᠠᠯᠳᠤᠭᠠᠨ ᠳ᠋ᠤ ᠡᠯᠡᠰᠦᠨ ᠱᠢᠭᠤᠷᠭ᠎ᠠ ᠵᠢᠨ ᠪᠡᠭᠡᠵᠢᠩ ᠳ᠋ᠤ ᠣᠷᠣᠬᠤ ᠶ᠋ᠢ ᠬᠣᠷᠢᠭ᠍ᠯᠠᠬᠤ ᠪᠠ ᠡᠯᠡᠰᠦᠨ ᠱᠢᠭᠤᠷᠭ᠎ᠠ ᠵᠢᠨ ᠬᠥᠨᠥᠭᠡᠯ ᠢ᠋ ᠰᠡᠷᠭᠡᠢᠯᠡᠨ ᠵᠠᠰᠠᠬᠤ ᠪᠡᠷ ᠭᠣᠣᠯ ᠱᠢᠪᠲᠤᠯᠤᠯᠲᠠ ᠵᠢᠨ ᠴᠢᠭ᠌ᠯᠡᠯ ᠪᠣᠯᠭᠠᠨ᠂ ᠨᠡᠢᠰᠯᠡᠯ ᠤ᠋ᠨ ᠡᠯᠡᠰᠦᠨ ᠤ᠋ ᠡᠬᠢ ᠵᠢᠨ ᠰᠦᠨᠦᠭᠡᠯᠲᠡ ᠵᠢᠨ ᠳᠠᠢᠯᠠᠯᠳᠤᠭᠠᠨ᠂ ᠡᠯᠡᠰᠦᠨ ᠤ᠋ ᠡᠬᠢ ᠶ᠋ᠢ ᠬᠡᠰᠡᠭ᠌ᠯᠡᠨ ᠪᠦᠰᠡᠯᠡᠬᠦ᠌ ᠳᠠᠢᠯᠠᠯᠳᠤᠭᠠᠨ᠂ ᠨᠣᠭᠣᠭᠠᠷᠠᠭᠤᠯᠤᠯᠲᠠ ᠶ᠋ᠢ ᠨᠡᠮᠡᠭ᠌ᠳᠡᠭᠦᠯᠵᠦ᠍ ᠶᠠᠰᠤ ᠴᠢᠨᠠᠷ ᠢ᠋ ᠳᠡᠭᠡᠭ᠌ᠰᠢᠯᠡᠭᠦᠯᠬᠦ᠌ ᠬᠠᠮᠠᠭᠠᠯᠠᠯᠲᠠ ᠵᠢᠨ ᠳᠠᠢᠯᠠᠯᠳᠤᠭᠠᠨ ᠵᠡᠷᠭᠡ 3 ᠳᠠᠢᠯᠠᠯᠳᠤᠭᠠᠨ ᠢ᠋ ᠱᠢᠨᠵᠢᠯᠡᠬᠦ᠌ ᠤᠬᠠᠭᠠᠨᠴᠢ ᠪᠡᠷ ᠪᠠᠢᠷᠢᠯᠠᠭᠤᠯᠵᠤ ᠡᠮᠬᠢ ᠴᠡᠭᠴᠡ ᠲᠠᠢ ᠠᠬᠢᠭᠤᠯᠪᠠ᠃ ᠡᠬᠦᠨ ᠤ᠋ ᠬᠠᠮᠳᠤ ᠾᠧ ᠰᠢ ᠵᠢᠨ ᠬᠣᠩᠭᠢᠯ — ᠲᠠᠺᠯᠢᠮᠠᠺᠠᠨ ᠡᠯᠡᠰᠦᠨ ᠴᠥᠯ ᠤ᠋ᠨ ᠬᠥᠪᠡᠭᠡ ᠵᠠᠬ᠎ᠠ ᠵᠢᠨ ᠬᠤᠷᠢᠭᠯᠠᠯᠲᠠ ᠵᠢᠨ ᠳᠠᠢᠯᠠᠯᠳᠤᠭᠠᠨ ᠳ᠋ᠤ ᠪᠠᠳᠠᠢ ᠵᠢᠨ ᠵᠢᠷᠠᠨ ᠤ᠋ ᠡᠯᠡᠰᠦ ᠪᠤᠯᠤᠨ ᠲᠩᠷᠢ ᠡᠯᠡᠰᠤ ᠵᠢᠨ ᠵᠠᠯᠭᠠᠯᠳᠤᠬᠤ ᠶ᠋ᠢ ᠬᠣᠷᠢᠭ᠍ᠯᠠᠨ᠂ ᠾᠧ ᠰᠢ ᠵᠢᠨ ᠬᠣᠩᠭᠢᠯ ᠪᠠ ᠠᠯᠠᠱᠠ ᠠᠭᠤᠯᠠ ᠵᠢᠨ ᠠᠮᠢ ᠠᠬᠤᠶ ᠵᠢᠨ ᠬᠣᠩᠭᠢᠯ ᠳ᠋ᠤ ᠡᠯᠡᠰᠤ ᠳᠦᠷᠢᠨ ᠣᠷᠣᠬᠤ ᠶ᠋ᠢ ᠬᠣᠷᠢᠭ᠍ᠯᠠᠨ ᠵᠣᠭ᠍ᠰᠣᠭᠠᠵᠤ ᠂ ᠥᠪᠥᠷ ᠮᠣᠩᠭᠣᠯ ᠭᠠᠨᠰᠦ᠂ ᠥᠪᠥᠷ ᠮᠣᠩᠭᠣᠯ ᠨᠢᠩᠱᠢᠶᠠ ᠵᠢᠨ ᠵᠠᠭᠠᠭ ᠬᠢᠵᠠᠭᠠᠷ᠎ᠤᠨ ᠡᠯᠡᠰᠦᠨ ᠴᠥᠯ ᠢ᠋ ᠡᠮᠵᠢᠶᠡᠷᠢᠯᠡᠬᠦ ᠣᠶ ᠱᠢᠭᠤᠶ ᠨᠤᠲᠤᠭ ᠪᠡᠯᠴᠢᠭᠡᠷ ᠤ᠋ᠨ ᠪᠦᠰᠡ ᠶ᠋ᠢ ᠪᠥᠬᠥ᠌ ᠱᠤᠭᠤᠮ ᠵᠢᠡᠷ ᠨᠡᠪᠲᠡᠷᠡᠭᠦᠯᠬᠦ᠌ ᠶ᠋ᠢ ᠠᠬᠢᠭᠤᠯᠤᠭᠰᠠᠨ ᠪᠠᠢᠨ᠎ᠠ ᠃

ᠤᠷᠳᠤᠰ ᠬᠤᠲᠠ ᠵᠢᠨ ᠬᠠᠩᠬᠢᠨ ᠬᠤᠰᠢᠭᠤᠨ ᠳ᠋ᠡᠬᠢ ᠱᠦᠸᠸ ᠹᠠᠩ ᠰᠢᠨ᠎ᠡ ᠡᠨ᠋ᠸᠷᠭᠢ ᠵᠢᠨ ᠰᠠᠭᠤᠷᠢᠨ ᠳ᠋ᠤ ᠭᠡᠷᠡᠯᠴᠢ ᠴᠡᠨᠡᠭ ᠤ᠋ᠨ ᠬᠠᠪᠲᠠᠰᠤ ᠨᠡᠯᠤᠭᠡᠷ ᠳᠠᠯᠠᠢ ᠮᠡᠲᠤ ᠬᠦᠪᠴᠢ ᠵᠢᠨ ᠡᠯᠡᠰᠤ ᠳ᠋ᠤ ᠴᠡᠩᠬᠡᠷᠯᠡᠨ ᠬᠠᠷᠠᠭᠳᠠᠵᠤ᠂ ᠬᠠᠪᠲᠠᠰᠤᠨ ᠤ᠋ ᠬᠤᠭᠤᠷᠤᠨᠳᠤ ᠲᠠᠷᠢᠭᠰᠠᠨ ᠪᠤᠷᠭᠠᠰᠤ ᠤᠷᠭᠤᠴᠠ ᠰᠠᠢᠲᠠᠢ ᠪᠠᠢᠵᠤ ᠰᠠᠯᠬᠢᠨ ᠤ᠋ ᠠᠶᠠᠰ ᠵᠢᠡᠷ ᠨᠠᠢᠭᠤᠨ᠎ᠠ᠃ ᠲᠤᠰ ᠰᠠᠭᠤᠷᠢᠨ ᠨᠢ ᠬᠠᠲᠤᠨ ᠭᠤᠤᠯ ᠡᠴᠡ ᠬᠠᠮᠤᠭ ᠤ᠋ᠨ ᠤᠢᠷ᠎ᠠ ᠳ᠋ᠠᠭᠠᠨ ᠲᠠᠪᠤᠬᠠᠨ ᠺᠢᠯᠤᠮᠸᠲᠷ ᠤ᠋ᠨ ᠵᠠᠢᠲᠠᠢ ᠪᠠᠢᠵᠤ᠂ ᠬᠠᠲᠤᠨ ᠭᠤᠤᠯ ᠤ᠋ᠨ ᠬᠦᠪᠡᠭᠡᠨ ᠳ᠋ᠡᠬᠢ ᠡᠯᠡᠰᠤ ᠶ᠋ᠢ ᠲᠤᠭᠲᠠᠪᠤᠷᠢᠵᠢᠭᠤᠯᠬᠤ ᠬᠠᠯᠬᠠᠪᠴᠢ ᠪᠤᠯᠵᠠᠢ ᠃ ᠤᠷᠳᠤᠰ ᠬᠤᠲᠠ ᠬᠦᠪᠴᠢ ᠵᠢᠨ ᠡᠯᠡᠰᠤᠨ ᠳ᠋ᠤ ᠨᠢᠭᠡᠨᠲᠡ 1002 ᠲᠦᠮᠡᠨ ᠺᠢᠯᠤᠸᠠᠲ ᠤ᠋ᠨ ᠰᠠᠯᠬᠢᠨ ᠬᠦᠴᠦᠨ ᠤ᠋ ᠴᠠᠬᠢᠯᠭᠠᠨ ᠭᠡᠷᠡᠯᠴᠢ ᠴᠡᠨᠡᠭ ᠢ᠋ ᠨᠢᠭᠡ ᠴᠣᠭ᠍ᠴᠠᠵᠢᠭᠤᠯᠬᠤ ᠢᠨᠵᠧᠨᠧᠷᠢᠩ ᠢ᠋ ᠪᠠᠢᠭᠤᠯᠵᠤ᠂ 60 ᠲᠦᠮᠡᠨ ᠮᠤ᠌ ᠡᠯᠡᠰᠤ ᠵᠢ ᠵᠠᠰᠠᠭᠰᠠᠨ ᠪᠦᠭᠡᠳ ᠤᠢᠷ᠎ᠠ ᠬᠠᠪᠢ ᠵᠢᠨ 5 ᠲᠦᠮᠡ ᠭᠠᠷᠤᠢ ᠠᠷᠠᠳ ᠤ᠋ᠨ ᠤᠷᠤᠯᠭ᠎ᠠ ᠶ᠋ᠢ ᠨᠡᠮᠡᠭᠳᠡᠭᠦᠯᠪᠡ᠃ ᠡᠯᠡᠰᠦᠷᠬᠡᠭᠵᠢᠯ ᠢ᠋ ᠰᠡᠷᠭᠡᠢᠯᠡᠨ ᠡᠯᠡᠰᠤ ᠶ᠋ᠢ ᠵᠠᠰᠠᠬᠤ ᠪᠠ ᠰᠠᠯᠬᠢᠨ ᠬᠦᠴᠦᠨ ᠤ᠋ ᠴᠠᠬᠢᠯᠭᠠᠨ ᠭᠡᠷᠡᠯᠴᠢ ᠴᠡᠨᠡᠭ ᠢ᠋ ᠨᠢᠭᠡ ᠴᠣᠭ᠍ᠴᠠᠵᠢᠭᠤᠯᠬᠤ ᠢᠨᠵᠧᠨᠧᠷᠢᠩ ᠪᠣᠯ ᠮᠠᠨ ᠤ᠋ ᠤᠷᠤᠨ ᠤ᠋ 《ᠤᠮᠠᠷᠠᠲᠤ ᠵᠢᠨ ᠭᠤᠷᠪᠠᠨ ᠤᠷᠤᠨ》 ᠤ᠋ ᠢᠨᠵᠧᠨᠧᠷᠢᠩ ᠤ᠋ᠨ ᠪᠤᠭᠤᠮᠲᠠ ᠱᠢᠪᠲᠤᠯᠬᠤ ᠳᠠᠢᠯᠠᠯᠳᠤᠭᠠᠨ ᠢ᠋ ᠠᠬᠢᠭᠤᠯᠤᠭᠰᠠᠨ ᠭᠢᠯᠠᠰ ᠴᠡᠭ ᠪᠤᠯᠤᠨ᠎ᠠ᠃ ᠡᠬᠦᠨ ᠳ᠋ᠤ 《ᠬᠡᠷᠡᠯᠴᠢ ᠴᠡᠨᠡᠭ ᠤ᠋ᠨ ᠴᠠᠬᠢᠯᠭᠠᠨ ᠭᠠᠷᠭᠠᠯᠳᠠ + ᠠᠮᠢ ᠠᠬᠤᠶ ᠵᠢᠨ ᠵᠠᠰᠠᠯᠲᠠ + ᠬᠠᠪᠲᠠᠰᠤᠨ ᠳᠤᠤᠷᠠᠬᠢ ᠠᠵᠤ ᠠᠬᠤᠶ》 ᠵᠢᠨ ᠪᠣᠰᠣᠭ᠎ᠠ ᠴᠣᠭ᠍ᠴᠠᠲᠤ ᠵᠠᠭ᠍ᠪᠤᠷ ᠵᠢᠡᠷ ᠨᠣᠭᠣᠭᠠᠷᠠᠭᠤᠯᠤᠯᠲᠠ ᠶ᠋ᠢ ᠨᠡᠮᠡᠭ᠌ᠳᠡᠭᠦᠯᠬᠦ᠌᠂ ᠡᠨᠧᠷᠭᠢ ᠶ᠋ᠢ ᠨᠡᠮᠡᠭ᠌ᠳᠡᠭᠦᠯᠬᠦ᠌᠂ ᠣᠷᠣᠯᠭ᠎ᠠ ᠶ᠋ᠢ ᠨᠡᠮᠡᠭ᠌ᠳᠡᠭᠦᠯᠬᠦ᠌ ᠲᠠᠯ᠎ᠠ ᠪᠡᠷ ᠣᠯᠠᠨ ᠠᠮᠵᠢᠯᠲᠠ ᠤᠯᠪᠠ᠃ 2024 ᠣᠨ ᠳ᠋ᠤ ᠪᠦᠬᠦ ᠤᠷᠤᠨ ᠵᠢᠡᠷ ᠵᠢᠡᠨ ᠨᠢᠭᠡ ᠴᠣᠭ᠍ᠴᠠᠵᠢᠭᠤᠯᠤᠭ᠍ᠰᠠᠨ ᠢᠨᠵᠧᠨᠧᠷᠢᠩ ᠵᠢᠡᠷ ᠳᠠᠮᠵᠢᠨ 238 ᠲᠦᠮᠡᠨ ᠮᠥ᠍ ᠡᠯᠡᠰᠦ ᠵᠢ ᠵᠠᠰᠠᠵᠤ᠂ ᠱᠢᠨ᠎ᠡ ᠡᠨᠧᠷᠭᠢ ᠵᠢᠨ ᠮᠠᠱᠢᠨ ᠴᠣᠭ᠍ᠴᠠᠯᠠᠪᠤᠷᠢ ᠶ᠋ᠢ 2727 ᠲᠦᠮᠡᠨ ᠺᠢᠯᠦᠸᠠᠲ ᠪᠠᠢᠭᠤᠯᠬᠤ ᠵᠢᠨ ᠬᠠᠮᠳᠤ 238 ᠲᠦᠮᠡᠨ ᠮᠦ᠍ ᠡᠯᠡᠰᠤ ᠵᠢ ᠵᠠᠰᠠᠵᠠᠢ ᠃

ᠮᠠᠨ ᠤ᠋ ᠤᠷᠤᠨ 《ᠤᠮᠠᠷᠠᠲᠤ ᠵᠢᠨ ᠭᠤᠷᠪᠠᠨ ᠤᠷᠤᠨ》 ᠤ᠋ ᠢᠨᠵᠧᠨᠧᠷᠢᠩ ᠤ᠋ᠨ ᠪᠤᠭᠤᠮᠲᠠ ᠱᠢᠪᠲᠤᠯᠬᠤ ᠳᠠᠢᠯᠠᠯᠳᠤᠭᠠᠨ ᠤ᠋ ᠪᠠᠯᠠ ᠮᠥᠩᠭᠥ ᠵᠢᠨ ᠣᠷᠣᠭᠤᠯᠤᠯᠲᠠ ᠵᠢᠨ ᠠᠷᠭ᠎ᠠ ᠬᠡᠯᠪᠡᠷᠢ ᠵᠢᠨ ᠱᠢᠨ᠎ᠡ ᠶ᠋ᠢ ᠡᠭᠦᠳᠴᠦ᠍ ᠂ ᠡᠯᠡᠰᠦᠷᠬᠡᠭ᠌ᠵᠢᠯ ᠢ᠋ ᠰᠡᠷᠭᠡᠢᠯᠡᠨ ᠡᠯᠡᠰᠦ ᠶ᠋ᠢ ᠵᠠᠰᠠᠬᠤ ᠰᠠᠭᠤᠷᠢ ᠮᠦᠩᠭᠦᠨ ᠤ᠋ ᠨᠡᠢᠭᠡᠮᠯᠢᠭ ᠪᠠᠢᠭᠤᠯᠬᠤ᠂ ᠨᠡᠢᠲᠡ ᠵᠢᠨ ᠠᠰᠠᠷᠠᠮᠵᠢ ᠵᠢᠨ ᠴᠢᠨᠠᠷᠲᠠᠶ ᠪᠡᠷ ᠡᠯᠡᠰᠦ ᠵᠠᠰᠠᠬᠤ ᠵᠡᠷᠭᠡ ᠠᠷᠭ᠎ᠠ ᠬᠡᠮᠵᠢᠶ᠎ᠡ ᠪᠡᠷ ᠳᠡᠮᠵᠢᠨ ᠥᠪᠡᠰᠦᠪᠡᠨ 100 ᠳ᠋ᠦᠩᠱᠢᠭᠤᠷ ᠭᠠᠷᠤᠶ ᠲᠥᠭᠥᠷᠢᠭ ᠤ᠋ᠨ ᠪᠠᠯᠠ ᠮᠥᠩᠭᠥ᠌ ᠴᠤᠭ᠍ᠯᠠᠭᠤᠯᠵᠤ᠂ ᠤᠯᠤᠰ ᠤ᠋ᠨ ᠲᠥᠷᠥᠯ ᠵᠦᠶ᠋ᠯ ᠤ᠋ᠨ ᠢᠵᠢ ᠪᠥᠷᠢᠳᠦᠭᠦᠯᠬᠦ ᠪᠠᠯᠠ ᠮᠥᠩᠭᠥ ᠶ᠋ᠢ ᠪᠦᠬᠦᠨ ᠢ᠋ ᠥᠪᠡᠷᠲᠡᠭᠡᠨ ᠵᠠᠰᠠᠬᠤ ᠣᠷᠣᠨ ᠡᠴᠡ ᠡᠭᠦᠷᠭᠡᠯᠡᠵᠤ᠂ ᠠᠢᠮᠠᠭ ᠬᠣᠲᠠ ᠪᠠ ᠬᠣᠱᠢᠭᠤ ᠱᠢᠶᠠᠨ ᠤ᠋ ᠵᠠᠰᠠᠭ ᠤ᠋ᠨ ᠤᠷᠳᠤᠨ ᠤ᠋ ᠬᠢᠨ ᠢ᠋ ᠶᠠᠮᠠᠷ ᠴᠦ᠍ ᠲᠠᠷᠤᠭᠠᠰᠤ ᠦᠬᠡᠢ ᠪᠡᠷ ᠨᠢᠬᠡ ᠰᠡᠳᠬᠢᠯ ᠨᠢᠬᠡ ᠵᠤᠷᠢᠭ ᠵᠢᠡᠷ ᠪᠤᠭᠤᠮᠳᠠ ᠰᠢᠪᠳᠤᠯᠬᠤ ᠲᠠᠢᠯᠠᠯᠳᠤᠭᠠᠨ ᠳ᠋ᠤ ᠤᠷᠤᠯᠴᠠᠭᠤᠯᠪᠠ᠃ ᠪᠠᠰᠠ ᠤᠯᠠᠨ ᠲᠦᠮᠡᠨ ᠤ᠋ ᠤᠷᠤᠯᠴᠠᠬᠤ ᠲᠤᠭᠳᠠᠴᠠ ᠵᠢᠨ ᠰᠢᠨ᠎ᠠ ᠵᠢ ᠡᠬᠦᠳᠴᠦ 《ᠬᠦᠳᠡᠯᠮᠦᠷᠢᠯᠡᠬᠦ ᠪᠠᠷ ᠲᠡᠳᠬᠦᠮᠵᠢ ᠶ᠋ᠢ ᠣᠷᠣᠯᠠᠭᠤᠯᠬᠤ》 ᠶ᠋ᠢ ᠳᠡᠯᠭᠡᠷᠡᠭᠦᠯᠦᠨ᠂ 《ᠤᠷᠢᠳ ᠵᠢᠡᠷ ᠪᠠᠢᠭᠤᠯᠵᠤ ᠳᠠᠷᠠᠭ᠎ᠠ ᠨᠢ ᠨᠥᠬᠥᠪᠥᠷᠢᠯᠡᠬᠦ᠌》 ᠵᠠᠭ᠍ᠪᠤᠷ ᠢ᠋ ᠬᠠᠢᠨ ᠰᠦᠪᠡᠭ᠌ᠴᠢᠯᠡᠵᠦ᠍᠂ ᠨᠡᠢᠲᠡ 10.4 ᠲᠦᠮᠡᠨ ᠮᠠᠯᠴᠢᠨ ᠲᠠᠷᠢᠶᠠᠴᠢᠨ ᠢ᠋ ᠳᠠᠢᠴᠢᠯᠠᠨ ᠪᠤᠭᠤᠮᠳᠠ ᠰᠢᠪᠳᠤᠯᠬᠤ ᠲᠠᠢᠯᠠᠯᠳᠤᠭᠠᠨ ᠳ᠋ᠤ ᠤᠷᠤᠯᠴᠠᠭᠤᠯᠵᠤ᠂ 10.2 ᠳ᠋ᠦᠩᠱᠢᠭᠤᠷ ᠲᠥᠭᠥᠷᠢᠭ ᠤ᠋ᠨ ᠬᠥᠳᠡᠯᠮᠦᠷᠢ ᠵᠢᠨ ᠬᠥᠯᠥᠰᠥ᠍ ᠣᠯᠭᠣᠮᠵᠢ ᠣᠯᠭᠣᠪᠠ᠃

ᠮᠠᠨ ᠤ᠋ ᠤᠷᠤᠨ 《ᠤᠮᠠᠷᠠᠲᠤ ᠵᠢᠨ ᠭᠤᠷᠪᠠᠨ ᠤᠷᠤᠨ》 ᠤ᠋ ᠢᠨᠵᠧᠨᠧᠷᠢᠩ ᠤ᠋ᠨ ᠪᠤᠭᠤᠮᠲᠠ ᠱᠢᠪᠲᠤᠯᠬᠤ ᠳᠠᠢᠯᠠᠯᠳᠤᠭᠠᠨ ᠳ᠋ᠤ ᠪᠥᠲᠥᠭᠡᠨ ᠪᠠᠢᠭᠤᠯᠬᠤ ᠪᠠ ᠬᠠᠮᠢᠶᠠᠷᠬᠤ ᠶ᠋ᠢ ᠵᠡᠷᠭᠡ ᠪᠡᠷ ᠴᠢᠬᠤᠯᠠᠴᠢᠯᠠᠬᠤ ᠶ᠋ᠢ ᠪᠠᠷᠢᠮᠲᠠᠯᠠᠨ᠂ ᠡᠯᠡᠰᠦ ᠶ᠋ᠢ ᠵᠠᠰᠠᠭ᠍ᠰᠠᠨ ᠦᠷ᠎ᠡ ᠪᠦᠲᠦᠭᠡᠯ ᠢ᠋ ᠦᠨᠡᠨ ᠬᠦ᠌ ᠪᠡᠬᠢᠵᠢᠭᠦᠯᠵᠦ᠍᠂ ᠲᠥᠷᠥᠯ ᠵᠦᠶ᠋ᠯ ᠲᠣᠭ᠍ᠲᠠᠭᠠᠬᠤ᠂ ᠵᠢᠷᠤᠵᠤ ᠲᠥᠯᠥᠪᠯᠡᠬᠦ᠌᠂ ᠬᠡᠷᠡᠭ᠌ᠵᠢᠭᠦᠯᠬᠦ᠌ ᠪᠠ ᠬᠠᠮᠢᠶᠠᠷᠴᠤ᠌ ᠬᠠᠮᠠᠭᠠᠯᠠᠬᠤ ᠵᠡᠷᠭᠡ ᠡᠯ᠎ᠡ ᠭᠤᠭᠴᠤᠭ᠎ᠠ ᠵᠢᠨ ᠶᠠᠰᠤ ᠴᠢᠨᠠᠷ ᠢ᠋ ᠴᠢᠩᠭ᠎ᠠ ᠡᠵᠡᠮᠳᠡᠨ᠂ ᠵᠠᠰᠠᠯᠲᠠ ᠵᠢᠨ ᠦᠷ᠎ᠡ ᠪᠦᠲᠦᠮᠵᠢ ᠵᠢᠨ 《ᠡᠷᠬᠢᠨ ᠬᠠᠷᠠᠬᠤ》 ᠠᠵᠢᠯ ᠥᠷᠨᠢᠭᠦᠯᠵᠦ᠍᠂ ᠡᠳᠡᠭᠡᠷᠡᠯᠲᠡ ᠵᠢᠨ ᠨᠣᠷᠮ᠎ᠠ ᠪᠡᠷ ᠳᠤᠤᠷ᠎ᠠ ᠪᠠᠢᠭ᠎ᠠ ᠣᠢᠵᠢᠭᠤᠯᠤᠯᠳᠠ ᠵᠢᠨ ᠭᠠᠵᠠᠷ ᠲᠦ᠍ ᠴᠠᠭ ᠲᠤᠬᠠᠶ ᠳ᠋ᠤᠨᠢ ᠨᠥᠬᠥᠨ ᠳᠠᠷᠢᠵᠤ᠂ 《ᠨᠢᠭᠡ ᠬᠡᠰᠡᠭ ᠢ᠋ ᠵᠠᠰᠠᠪᠠᠯ ᠨᠢᠭᠡ ᠬᠡᠰᠡᠭ ᠢ᠋ ᠤᠢᠵᠢᠭᠤᠯᠬᠤ》 ᠶ᠋ᠢ ᠦᠨᠡᠨ ᠬᠦ᠌ ᠪᠠᠲᠤᠯᠠᠵᠤ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号