ᠨᠠᠢᠷᠠᠭᠤᠯᠤᠭ᠍ᠴᠢ᠎ᠶ᠋ᠢᠨ ᠦᠭᠡ
ᠪᠦᠬᠦ ᠤᠯᠤᠰ᠎ᠤᠨ 33 ᠮᠤᠵᠢ ᠬᠤᠳᠠ ᠵᠢᠨ 100 ᠲᠦᠮᠡ ᠭᠠᠷᠤᠢ ᠲᠠᠮᠢᠷᠴᠢᠳ ᠤᠷᠤᠯᠴᠠᠭᠰᠠᠨ ᠬᠦᠬᠡᠬᠤᠳᠠ ᠵᠢᠨ ᠬᠠᠭᠠᠰ ᠵᠠᠢ ᠵᠢᠨ ᠮᠠᠷᠠᠽᠤᠨ ᠤᠷᠤᠯᠳᠤᠭᠠ᠂ 2025 ᠤᠨ᠎ᠤ CFA ᠣᠯᠠᠨ ᠤᠯᠤᠰ᠎ᠤᠨ ᠬᠥᠯ ᠪᠥᠮᠪᠥᠭᠡ᠎ᠶ᠋ᠢᠨ ᠮᠠᠩᠯᠠᠶ ᠱᠢᠯᠭᠠᠷᠠᠭᠤᠯᠬᠤ ᠤᠷᠤᠯᠳᠤᠭᠠᠨ(ᠬᠦᠬᠡᠬᠤᠳᠠ)᠂ 2025 ᠣᠨ᠎ᠤ ᠪᠥᠬᠥ᠌ ᠤᠯᠤᠰ᠎ᠤᠨ ᠡᠷᠡᠭ᠌ᠲᠡᠶ᠎ᠶ᠋ᠢᠨ ᠪᠤᠢᠺᠤ ᠪᠥᠮᠪᠥᠭᠡ᠎ᠶ᠋ᠢᠨ ᠮᠠᠩᠯᠠᠶ ᠱᠢᠯᠭᠠᠷᠠᠭᠤᠯᠬᠤ ᠤᠷᠤᠯᠳᠤᠭᠠᠨ ᠪᠠ 2025 ᠣᠨ᠎ᠤ ᠬᠥᠯᠥᠨ ᠪᠣᠢᠷ (ᠮᠣᠷᠢᠨᠳᠠᠪᠠᠭ᠎ᠠ) ᠤ᠋ᠨ ᠠᠩᠬᠠᠳᠤᠭᠠᠷ ᠬᠤᠭᠤᠴᠠᠭᠠᠨ᠎ᠤ ᠡᠷᠡᠭ᠌ᠲᠡᠶ᠎ᠶ᠋ᠢᠨ ᠪᠤᠢᠺᠤ ᠪᠥᠮᠪᠥᠭᠡ᠎ᠶ᠋ᠢᠨ ᠣᠯᠠᠨ ᠤᠯᠤᠰ᠎ᠤᠨ ᠤᠷᠢᠯᠭ᠎ᠠ᠎ᠶ᠋ᠢᠨ ᠤᠷᠤᠯᠳᠤᠭᠠᠨ ᠁ ᠲᠡᠯᠭᠡᠷ ᠵᠤᠨ᠎ᠤ ᠤᠯᠠᠷᠢᠯ ᠪᠤᠯᠬᠤ ᠵᠢ ᠲᠠᠭᠠᠯᠳᠤᠨ ᠡᠯ᠎ᠡ ᠵᠦᠢᠯ᠎ᠤᠨ ᠲᠤᠮᠤ ᠬᠡᠯᠪᠡᠷᠢ ᠵᠢᠨ ᠪᠡᠶ᠎ᠡ ᠵᠢᠨ ᠲᠠᠮᠢᠷ᠎ᠤᠨ ᠤᠷᠤᠯᠳᠤᠭᠠᠨ᠎ᠤ ᠠᠵᠢᠯᠯᠠᠭ᠎ᠠ ᠮᠠᠨ᠎ᠤ ᠤᠷᠤᠨ ᠳ᠋ᠤ ᠵᠠᠯᠭᠠᠭ᠎ᠠ ᠪᠡᠷ ᠶᠠᠪᠤᠭᠳᠠᠨ᠎ᠠ᠃ ᠪᠡᠶ᠎ᠡ ᠵᠢᠨ ᠲᠠᠮᠢᠷ᠎ᠤᠨ ᠤᠷᠤᠯᠳᠤᠭᠠᠨ᠎ᠤ ᠠᠵᠢᠯᠯᠠᠭ᠎ᠠ ᠵᠢ ᠰᠠᠢᠳᠤᠷ ᠡᠷᠬᠢᠯᠡᠬᠦ ᠨᠢ ᠤᠷᠤᠨ ᠨᠤᠳᠤᠭ᠎ᠤᠨ ᠠᠵᠤ ᠠᠬᠤᠢ ᠨᠡᠢᠭᠡᠮ ᠰᠤᠶᠤᠯ ᠪᠤᠯᠪᠠᠰᠤᠨ᠎ᠤ ᠶᠡᠷᠦᠩᠭᠡᠢᠯᠡᠭᠰᠡᠨ ᠬᠢᠷᠢ ᠲᠦᠪᠰᠢᠨ᠎ᠢ ᠬᠠᠷᠠᠭᠤᠯᠤᠨ᠎ᠠ᠃ ᠪᠢᠳᠡ 《ᠤᠷᠤᠯᠳᠤᠭᠠᠨ᠎ᠢ ᠳᠠᠭᠠᠵᠤ ᠥᠪᠥᠷ ᠮᠣᠩᠭᠣᠯ᠎ᠢ ᠤᠢᠯᠠᠭᠠᠬᠤᠢ》 ᠪᠤᠯᠤᠩ ᠢ ᠨᠡᠭᠡᠭᠡᠵᠦ᠂ ᠤᠷᠤᠯᠳᠤᠭᠠᠨ᠎ᠤ ᠲᠤᠬᠠᠢ ᠰᠢᠷᠢᠰ ᠮᠡᠳᠡᠭᠡᠯᠡᠯ ᠵᠢᠡᠷ ᠳᠠᠮᠵᠢᠭᠤᠯᠤᠨ᠂ ᠮᠠᠨ᠎ᠤ ᠤᠷᠤᠨ᠎ᠤ ᠪᠠᠢᠭᠠᠯᠢ᠎ᠶ᠋ᠢᠨ ᠥᠩᠭᠡ ᠦᠵᠡᠮᠵᠢ᠂ ᠬᠥᠮᠦᠨ ᠨᠡᠢᠭᠡᠮ ᠵᠠᠩ ᠦᠢᠯᠡ᠂ ᠦᠨᠳᠦᠰᠦᠲᠡᠨ᠎ᠦ ᠣᠨᠴᠠᠯᠢᠭ ᠵᠢᠴᠢ ᠰᠤᠶᠤᠯ ᠵᠢᠭᠤᠯᠴᠢᠯᠠᠯ ᠪᠡᠶ᠎ᠡ᠎ᠶ᠋ᠢᠨ ᠲᠠᠮᠢᠷ᠎ᠤᠨ ᠦᠢᠯᠡᠰ᠎ᠦᠨ ᠬᠥᠭ᠌ᠵᠢᠯᠲᠡ᠎ᠶ᠋ᠢᠨ ᠠᠮᠵᠢᠯᠲᠠ ᠪᠦᠲᠦᠮᠵᠢ᠎ᠶ᠋ᠢ ᠳᠡᠯᠭᠡᠨ ᠦᠵᠡᠭᠦᠯᠬᠦ ᠪᠤᠯᠤᠨ᠎ᠠ᠃ ᠤᠷᠤᠯᠳᠤᠭᠠᠨ᠎ᠢ ᠲᠠᠭᠠᠵᠤ ᠦᠪᠦᠷ ᠮᠤᠩᠭᠤᠯ᠎ᠢ ᠤᠢᠯᠠᠭᠠᠭᠠᠷᠠᠢ!
5 ᠰᠠᠷ᠎ᠠ ᠵᠢᠨ 28᠎ᠤ᠋ ᠤᠷᠤᠢ᠂ 2025 CFA 《ᠱᠢᠩ᠎ᠲᠠᠢ ᠬᠤᠨᠳᠠᠭᠠᠲᠤ》 ᠣᠯᠠᠨ ᠤᠯᠤᠰ᠎ᠤᠨ ᠬᠥᠯ ᠪᠥᠮᠪᠥᠭᠡ᠎ᠶ᠋ᠢᠨ ᠮᠠᠩᠯᠠᠶ ᠱᠢᠯᠭᠠᠷᠠᠭᠤᠯᠬᠤ ᠤᠷᠤᠯᠳᠤᠭᠠᠨ ᠬᠥᠬᠡᠬᠣᠲᠠ᠎ᠶ᠋ᠢᠨ ᠤᠯᠤᠰ᠎ᠤᠨ ᠤᠮᠠᠷᠠᠲᠤ᠎ᠶ᠋ᠢᠨ ᠬᠥᠯ ᠪᠥᠮᠪᠥᠭᠡ᠎ᠶ᠋ᠢᠨ ᠪᠣᠯᠪᠠᠰᠤᠷᠠᠯ᠎ᠤᠨ ᠰᠠᠭᠤᠷᠢᠨ᠎ᠳᠦ ᠦᠪᠡᠳᠡᠭᠰᠢ ᠶᠡᠭᠡ ᠪᠡᠷ ᠡᠬᠢᠯᠡᠵᠦ ᠤᠯᠠᠨ᠎ᠤ ᠠᠨᠭᠬᠠᠷᠤᠯ᠎ᠳᠦ ᠬᠦᠷᠦᠭᠰᠡᠨ ᠪᠠᠢᠯ᠎ᠠ᠃ 2025 CFA ᠣᠯᠠᠨ ᠤᠯᠤᠰ᠎ᠤᠨ ᠬᠥᠯ ᠪᠥᠮᠪᠥᠭᠡ᠎ᠶ᠋ᠢᠨ ᠮᠠᠩᠯᠠᠶ ᠱᠢᠯᠭᠠᠷᠠᠭᠤᠯᠬᠤ ᠤᠷᠤᠯᠳᠤᠭᠠᠨ ᠪᠣᠯ ᠣᠢᠷ᠎ᠠ᠎ᠶ᠋ᠢᠨ ᠵᠢᠯ᠎ᠳᠦ ᠮᠠᠨ᠎ᠤ ᠤᠷᠤᠨ᠎ᠤ ᠳᠠᠭᠠᠭᠠᠨ ᠡᠷᠭᠢᠯᠡᠭ᠌ᠰᠡᠨ ᠬᠠᠮᠤᠭ᠎ᠤᠨ ᠳᠡᠭᠡᠳᠦ ᠲᠠᠰ᠎ᠤᠨ 11 ᠬᠥᠮᠦᠨ᠎ᠦ ᠳᠦᠷᠢᠮᠲᠦ ᠬᠥᠯ ᠪᠥᠮᠪᠥᠭᠡ᠎ᠶ᠋ᠢᠨ ᠤᠷᠤᠯᠳᠤᠭᠠᠨ ᠪᠣᠯᠤᠨ᠎ᠠ᠃ ᠡᠨᠡ ᠨᠢ ᠮᠠᠨ᠎ᠤ ᠤᠷᠤᠨ᠎ᠤ ᠬᠥᠯ ᠪᠥᠮᠪᠥᠭᠡ᠎ᠶ᠋ᠢᠨ ᠦᠶ᠋ᠯᠡᠰ᠎ᠤᠨ ᠰᠢᠨ᠎ᠡ ᠨᠢᠭᠡᠨ ᠬᠦᠭᠵᠢᠯᠳᠡ ᠵᠢ ᠬᠠᠷᠠᠭᠤᠯᠵᠤ ᠪᠠᠢᠭ᠎ᠠ ᠶᠤᠮ᠃

ᠪᠥᠬᠥ᠌ ᠤᠯᠤᠰ᠎ᠤᠨ ᠠᠩᠬᠠᠳᠠᠭ᠍ᠴᠢ ᠬᠥᠯ ᠪᠥᠮᠪᠥᠭᠡ᠎ᠶ᠋ᠢᠨ ᠥᠭᠡᠷᠡᠴᠢᠯᠡᠯᠲᠡ ᠬᠥᠭ᠌ᠵᠢᠯᠲᠡ᠎ᠶ᠋ᠢᠨ ᠲᠤᠷᠱᠢᠯᠲᠠ ᠵᠢᠨ ᠴᠡᠭ
2014 ᠣᠨ᠎ᠤ 9 ᠰᠠᠷ᠎ᠠ ᠳ᠋ᠤ ᠮᠠᠨ᠎ᠤ ᠤᠷᠤᠨ ᠪᠥᠬᠥ᠌ ᠤᠯᠤᠰ᠎ᠤᠨ ᠠᠩᠬᠠᠳᠠᠭ᠍ᠴᠢ ᠬᠥᠯ ᠪᠥᠮᠪᠥᠭᠡ᠎ᠶ᠋ᠢᠨ ᠥᠭᠡᠷᠡᠴᠢᠯᠡᠯᠲᠡ ᠬᠥᠭ᠌ᠵᠢᠯᠲᠡ᠎ᠶ᠋ᠢᠨ ᠲᠤᠷᠱᠢᠯᠲᠠ᠎ᠶ᠋ᠢᠨ ᠴᠡᠭ ᠪᠤᠯᠵᠤ᠂ ᠤᠯᠤᠰ ᠡᠴᠡ ᠦᠪᠦᠷ ᠮᠤᠩᠭᠤᠯ᠎ᠤᠨ ᠬᠦᠯ ᠪᠦᠮᠪᠦᠭᠡ ᠵᠢᠨ ᠦᠢᠯᠡᠰ᠎ᠤᠨ ᠬᠦᠭᠵᠢᠯᠳᠡ ᠳ᠋ᠤ ᠬᠦᠨ ᠬᠦᠰᠡᠯ ᠨᠠᠢᠳᠠᠯᠭ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠬᠥᠯ ᠪᠥᠮᠪᠥᠭᠡ᠎ᠶ᠋ᠢᠨ ᠥᠭᠡᠷᠡᠴᠢᠯᠡᠯᠲᠡ ᠪᠡ ᠬᠥᠭ᠌ᠵᠢᠯᠲᠡ᠎ᠶ᠋ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠠᠯᠢ ᠣᠯᠠᠨ ᠲᠥᠷᠥ᠎ᠶ᠋ᠢᠨ ᠪᠣᠳᠣᠯᠭ᠎ᠠ᠎ᠶ᠋ᠢᠨ ᠪᠢᠴᠢᠭ ᠮᠠᠲ᠋ᠧᠷᠢᠶᠠᠯ᠎ᠢ ᠵᠠᠯᠭᠠᠭ᠎ᠠ᠎ᠪᠠᠷ ᠨᠡᠢᠲᠡᠯᠡᠵᠦ᠍᠂ ᠬᠥᠯ ᠪᠥᠮᠪᠥᠭᠡ᠎ᠶ᠋ᠢᠨ ᠦᠶ᠋ᠯᠡᠰ᠎ᠦᠨ ᠬᠥᠭ᠌ᠵᠢᠯᠲᠡ᠎ᠳᠦ ᠪᠠᠲᠤ ᠪᠠᠬᠢ ᠲᠥᠷᠥ᠎ᠶ᠋ᠢᠨ ᠪᠣᠳᠣᠯᠭ᠎ᠠ᠎ᠶ᠋ᠢᠨ ᠪᠠᠲᠤᠯᠠᠭ᠎ᠠ ᠬᠠᠩᠭᠠᠪᠠ᠃ 《〈ᠳᠤᠮᠳᠠᠳᠤ ᠤᠯᠤᠰ᠎ᠤᠨ ᠬᠥᠯ ᠪᠥᠮᠪᠥᠭᠡ᠎ᠶ᠋ᠢᠨ ᠥᠭᠡᠷᠡᠴᠢᠯᠡᠯᠲᠡ ᠬᠥᠭ᠌ᠵᠢᠯᠲᠡ᠎ᠶ᠋ᠢᠨ ᠶᠡᠷᠦᠩᠬᠡᠶ ᠲᠥᠰᠦᠯ〉᠎ᠢ᠋ ᠬᠡᠷᠡᠭ᠌ᠵᠢᠭᠦᠯᠬᠦ᠌ ᠲᠤᠬᠠᠶ ᠰᠠᠨᠠᠯ》 ᠳ᠋ᠤ ᠮᠠᠨ᠎ᠤ ᠤᠷᠤᠨ᠎ᠤ ᠬᠥᠯ ᠪᠥᠮᠪᠥᠭᠡ᠎ᠶ᠋ᠢᠨ ᠥᠭᠡᠷᠡᠴᠢᠯᠡᠯᠲᠡ ᠬᠥᠭ᠌ᠵᠢᠯᠲᠡ᠎ᠶ᠋ᠢᠨ ᠶᠡᠷᠦᠩᠬᠡᠶ ᠴᠢᠭ᠌ᠯᠡᠯ ᠪᠠ ᠬᠠᠷᠠᠯᠲᠠ᠎ᠶ᠋ᠢ ᠲᠣᠳᠣᠷᠬᠠᠢᠯᠠᠵᠤ᠂ ᠲᠠᠷᠠᠭᠠᠴᠢ᠎ᠶ᠋ᠢᠨ ᠠᠵᠢᠯ᠎ᠢ ᠥᠷᠨᠢᠭᠦᠯᠬᠦ᠌᠎ᠳᠦ ᠰᠠᠭᠤᠷᠢ ᠲᠠᠯᠪᠢᠪᠠ᠃ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠯ ᠪᠥᠮᠪᠥᠭᠡ᠎ᠶ᠋ᠢᠨ ᠳᠤᠮᠳᠠ ᠣᠷᠳᠣ ᠬᠤᠭᠤᠴᠠᠭᠠᠨ᠎ᠤ ᠬᠥᠭ᠌ᠵᠢᠯᠲᠡ᠎ᠶ᠋ᠢᠨ ᠲᠥᠯᠥᠪᠵᠢᠭᠦᠯᠭᠡ (2016 -2050 ᠣᠨ)》 ᠨᠢ ᠠᠯᠤᠰ ᠬᠡᠲᠦ᠍᠎ᠶ᠋ᠢᠨ ᠬᠠᠷᠠᠭᠠᠰᠤ ᠡᠴᠡ ᠬᠥᠯ ᠪᠥᠮᠪᠥᠭᠡ᠎ᠶ᠋ᠢᠨ ᠬᠥᠭ᠌ᠵᠢᠯᠲᠡ᠎ᠳᠦ ᠱᠢᠰᠲ᠋ᠧᠮ᠎ᠲᠡᠶ ᠪᠠᠢᠷᠢᠯᠠᠭᠤᠯᠤᠯᠲᠠ ᠬᠢᠵᠦ᠍᠂ ᠰᠠᠭᠤᠷᠢ ᠲᠦᠭᠦᠭᠡᠷᠦᠮᠵᠢ᠎ᠶ᠋ᠢᠨ ᠪᠥᠲᠥᠭᠡᠨ ᠪᠠᠢᠭᠤᠯᠤᠯᠲᠠ᠂ ᠴᠢᠳᠠᠪᠤᠷᠢᠲᠠᠨ ᠬᠥᠮᠦᠵᠢᠭᠦᠯᠬᠦ᠌᠎ᠡᠴᠡ ᠤᠷᠤᠯᠳᠤᠭᠠᠨ᠎ᠤ ᠶᠠᠪᠤᠳᠠᠯ᠎ᠤᠨ ᠱᠢᠰᠲ᠋ᠧᠮ᠎ᠢ ᠪᠠᠢᠭᠤᠯᠬᠤ ᠵᠡᠷᠭᠡ ᠡᠯ᠎ᠡ ᠲᠠᠯ᠎ᠠ᠎ᠳᠤ ᠬᠦᠷᠲᠡᠯ᠎ᠡ ᠴᠥᠮ ᠨᠠᠷᠢᠨ ᠲᠣᠳᠣᠷᠬᠠᠶ ᠱᠠᠲᠤ ᠦᠶ᠎ᠡ᠎ᠶ᠋ᠢᠨ ᠴᠢᠨᠠᠷᠲᠠᠶ ᠬᠠᠷᠠᠯᠲᠠ ᠪᠠ ᠬᠡᠷᠡᠭ᠌ᠵᠢᠭᠦᠯᠬᠦ᠌ ᠠᠷᠭ᠎ᠠ ᠵᠠᠮ᠎ᠢ ᠲᠣᠭ᠍ᠲᠠᠭᠠᠭ᠍ᠰᠠᠨ ᠪᠠᠢᠨ᠎ᠠ᠃ ᠣᠳᠣᠬᠠᠨ ᠪᠣᠯᠲᠠᠯ᠎ᠠ᠂ ᠪᠥᠬᠥ᠌ ᠣᠷᠣᠨ᠎ᠤ ᠡᠯ᠎ᠡ ᠱᠠᠲᠤᠨ᠎ᠤ ᠵᠠᠰᠠᠭ᠎ᠤᠨ ᠣᠷᠳᠣᠨ ᠵᠢᠴᠢ ᠨᠡᠢᠭᠡᠮ᠎ᠦᠨ ᠬᠥᠷᠥᠩᠭᠡ ᠨᠡᠢᠲᠡ ᠪᠠᠷᠤᠭ 60 ᠳ᠋ᠦᠩᠱᠢᠭᠤᠷ ᠲᠥᠭᠥᠷᠢᠭ᠎ᠦᠨ ᠪᠠᠯᠠ ᠣᠷᠣᠭᠤᠯᠵᠤ᠂ ᠬᠥᠯ ᠪᠥᠮᠪᠥᠭᠡ᠎ᠶ᠋ᠢᠨ ᠲᠠᠯᠠᠪᠤᠷ ᠭᠠᠵᠠᠷ᠎ᠤᠨ ᠪᠥᠲᠥᠭᠡᠨ ᠪᠠᠢᠭᠤᠯᠤᠯᠲᠠ᠂ ᠤᠷᠤᠯᠳᠤᠭᠠᠨ᠎ᠤ ᠵᠣᠬᠢᠶᠠᠨ ᠪᠠᠢᠭᠤᠯᠤᠯᠲᠠ᠂ ᠴᠢᠳᠠᠪᠤᠷᠢᠲᠠᠨ ᠬᠥᠮᠦᠵᠢᠭᠦᠯᠬᠦ᠌ ᠵᠡᠷᠭᠡ᠎ᠳᠦ ᠬᠦᠴᠦᠲᠡᠶ ᠪᠠᠯᠠ ᠮᠥᠩᠭᠥ᠎ᠶ᠋ᠢᠨ ᠳᠡᠮᠵᠢᠯᠭᠡ ᠬᠠᠩᠭᠠᠵᠤ᠂ ᠮᠠᠨ᠎ᠤ ᠤᠷᠤᠨ ᠬᠥᠯ ᠪᠥᠮᠪᠥᠭᠡ᠎ᠶ᠋ᠢᠨ ᠬᠥᠭ᠌ᠵᠢᠯᠲᠡ᠎ᠶ᠋ᠢᠨ ᠠᠶᠠᠨ᠎ᠳᠦ ᠯᠠᠪᠳᠠᠭᠤᠨ᠎ᠢᠶᠠᠷ ᠤᠷᠤᠭ᠍ᠰᠢᠯᠠᠬᠤ᠎ᠶ᠋ᠢ ᠠᠬᠢᠭᠤᠯᠪᠠ᠃

ᠤᠯᠤᠰ᠎ᠤᠨ ᠤᠮᠠᠷᠠᠳᠤ ᠵᠢᠨ ᠬᠦᠯ ᠪᠦᠮᠪᠦᠭᠡ ᠵᠢᠨ ᠪᠤᠯᠪᠠᠰᠤᠷᠠᠯ᠎ᠤᠨ ᠰᠠᠭᠤᠷᠢᠨ
2014 ᠣᠨ᠎ᠳ᠋ᠤ ᠮᠠᠨ᠎ᠤ ᠤᠷᠤᠨ ᠪᠥᠬᠥ᠌ ᠤᠯᠤᠰ᠎ᠤᠨ ᠠᠩᠬᠠᠳᠠᠭ᠍ᠴᠢ ᠬᠥᠯ ᠪᠥᠮᠪᠥᠭᠡ᠎ᠶ᠋ᠢᠨ ᠥᠭᠡᠷᠡᠴᠢᠯᠡᠯᠲᠡ ᠬᠥᠭ᠌ᠵᠢᠯᠲᠡ᠎ᠶ᠋ᠢᠨ ᠲᠤᠷᠱᠢᠯᠲᠠ᠎ᠶ᠋ᠢᠨ ᠴᠡᠭ ᠪᠤᠯᠤᠭᠰᠠᠨ᠎ᠤ ᠲᠠᠷᠠᠭ᠎ᠠ ᠬᠠᠮᠢᠶ᠎ᠠ ᠪᠦᠬᠦᠢ ᠲᠦᠷᠦ ᠵᠢᠨ ᠪᠤᠳᠤᠯᠭ᠎ᠠ ᠵᠢᠨ ᠲᠦᠯᠦᠪᠵᠢᠬᠦᠯᠭᠡ ᠲᠤᠤᠷ᠎ᠠ᠂ ᠤᠯᠤᠰ᠎ᠤᠨ ᠤᠮᠠᠷᠠᠲᠤ᠎ᠶ᠋ᠢᠨ ᠬᠥᠯ ᠪᠥᠮᠪᠥᠭᠡ᠎ᠶ᠋ᠢᠨ ᠪᠣᠯᠪᠠᠰᠤᠷᠠᠯ᠎ᠤᠨ ᠰᠠᠭᠤᠷᠢᠨ᠎ᠤ ᠪᠦᠳᠦᠭᠡᠨ ᠪᠠᠢᠭᠤᠯᠤᠯᠳᠠ ᠵᠢᠨ ᠠᠵᠢᠯ᠎ᠢ ᠡᠬᠢᠯᠡᠬᠦᠯᠦᠭᠰᠡᠨ ᠪᠦᠭᠡᠳ 2019 ᠣᠨ᠎ᠤ 9 ᠰᠠᠷ᠎ᠠ᠎ᠳᠤ ᠪᠠᠢᠭᠤᠯᠵᠤ ᠳᠠᠭᠤᠰᠭᠠᠨ ᠠᠰᠢᠭᠯᠠᠯᠲᠠ᠎ᠳᠦ ᠤᠷᠤᠭᠤᠯᠪᠠ᠃ ᠭᠤᠤᠯ ᠴᠣᠭ᠍ᠴᠠ᠎ᠶ᠋ᠢᠨ ᠪᠠᠷᠢᠯᠭ᠎ᠠ ᠨᠢ ᠬᠥᠬᠡᠬᠣᠲᠠ᠎ᠶ᠋ᠢᠨ ᠱᠢᠨ᠎ᠡ ᠬᠣᠲᠠ ᠲᠣᠭᠣᠷᠢᠭ᠎ᠲᠤ ᠪᠠᠢᠷᠢᠯᠠᠵᠤ ᠪᠤᠢ᠃
ᠤᠯᠤᠰ᠎ᠤᠨ ᠤᠮᠠᠷᠠᠲᠤ᠎ᠶ᠋ᠢᠨ ᠬᠥᠯ ᠪᠥᠮᠪᠥᠭᠡ᠎ᠶ᠋ᠢᠨ ᠪᠣᠯᠪᠠᠰᠤᠷᠠᠯ᠎ᠤᠨ ᠰᠠᠭᠤᠷᠢᠨ ᠨᠢ ᠪᠣᠬᠢᠷᠲᠤᠯ ᠦᠭᠡᠢ᠂ ᠡᠨᠧᠷᠭᠢ ᠠᠷᠪᠢᠯᠠᠬᠤ᠂ ᠣᠷᠴᠢᠨ ᠠᠬᠤᠢ᠎ᠶ᠋ᠢ ᠬᠠᠮᠠᠭᠠᠯᠠᠬᠤ᠂ ᠠᠮᠢ ᠠᠬᠤᠢ᠂ ᠨᠡᠭᠦᠷᠡᠰᠦᠲᠥ᠋ᠷᠥᠭ᠌ᠴᠢ ᠪᠠᠭ᠎ᠠ ᠭᠠᠳᠠᠭ᠍ᠰᠢᠯᠠᠭᠤᠯᠬᠤ ᠪᠠ ᠦᠷᠭᠦᠯᠵᠢᠯᠡᠬᠦ᠌ ᠬᠥᠭ᠌ᠵᠢᠯᠲᠡ᠎ᠪᠡᠷ ᠪᠦᠳᠦᠭᠡᠨ ᠪᠠᠢᠭᠤᠯᠤᠯᠲᠠ᠎ᠶ᠋ᠢᠨ ᠣᠢᠯᠠᠭᠠᠭ᠍ᠳᠠᠬᠤᠨ ᠪᠣᠯᠭᠠᠵᠤ᠂ ᠠᠮᠢ ᠠᠬᠤᠢ᠎ᠶ᠋ᠢᠨ ᠦᠷ᠎ᠡ ᠠᠱᠢᠭ ᠪᠠ ᠨᠡᠢᠭᠡᠮ᠎ᠦᠨ ᠦᠷ᠎ᠡ ᠠᠱᠢᠭ᠎ᠢ ᠨᠢᠭᠡ ᠴᠤᠭᠴᠠᠵᠢᠭᠤᠯᠪᠠ᠃ ᠲᠤᠰ ᠰᠠᠭᠤᠷᠢᠨ᠎ᠤ ᠶᠡᠷᠦᠩᠬᠡᠶ ᠲᠠᠯᠠᠪᠠᠶ᠎ᠨᠢ 356017.8 ᠲᠡᠭ᠌ᠰᠢ ᠳᠥᠷᠪᠡᠯᠵᠢᠨ ᠮᠧᠲ᠋ᠷ ᠪᠠᠢᠵᠤ᠂ ᠨᠢᠭᠡᠨᠲᠡ 《ᠨᠢᠭᠡ ᠲᠠᠯᠠᠪᠠᠶ ᠨᠢᠭᠡ ᠣᠷᠳᠣᠨ》 (ᠬᠥᠯ ᠪᠥᠮᠪᠥᠭᠡ᠎ᠶ᠋ᠢᠨ ᠲᠠᠯᠠᠪᠠᠶ᠂ ᠬᠥᠯ ᠪᠥᠮᠪᠥᠭᠡ᠎ᠶ᠋ᠢᠨ ᠣᠷᠳᠣᠨ) ᠪᠠ ᠬᠡᠷ᠎ᠦᠨ ᠭᠠᠳᠠᠨᠠᠬᠢ 12 ᠬᠥᠯ ᠪᠥᠮᠪᠥᠭᠡ᠎ᠶ᠋ᠢᠨ ᠲᠠᠯᠠᠪᠠᠶ᠎ᠶ᠋ᠢ ᠪᠠᠢᠭᠤᠯᠪᠠ᠃ ᠡᠭᠦᠨ᠎ᠳᠦ ᠬᠥᠯ ᠪᠥᠮᠪᠥᠭᠡ᠎ᠶ᠋ᠢᠨ ᠲᠠᠯᠠᠪᠠᠢ 89548 ᠲᠡᠭ᠌ᠰᠢ ᠳᠥᠷᠪᠡᠯᠵᠢᠨ ᠮᠧᠲ᠋ᠷ ᠪᠠᠢᠵᠤ᠂ ᠦᠵᠡᠭ᠌ᠴᠢᠳ᠎ᠦᠨ ᠰᠠᠭᠤᠳᠠᠯ᠎ᠢ 21000 ᠲᠣᠬᠢᠷᠠᠭᠤᠯᠵᠤ᠂ ᠳᠣᠲᠣᠷ᠎ᠠ ᠲᠠᠯᠠᠪᠠᠢ ᠨᠢ 400 ᠮᠧᠲ᠋ᠷ᠎ᠦᠨ ᠪᠠᠷᠢᠮᠵᠢᠶᠠᠲᠤ ᠬᠦᠨᠳᠦ ᠬᠥᠩᠭᠡᠨ ᠲᠠᠮᠢᠷ᠎ᠤᠨ ᠭᠦᠶᠦᠯᠲᠡ᠎ᠶ᠋ᠢᠨ ᠵᠠᠮ ᠪᠠ ᠬᠥᠯ ᠪᠥᠮᠪᠥᠭᠡ᠎ᠶ᠋ᠢᠨ ᠲᠠᠯᠠᠪᠠᠢ᠎ᠪᠠᠷ ᠪᠦᠷᠢᠯᠳᠦᠵᠡᠢ᠃ ᠪᠤᠢ ᠪᠦᠬᠦᠢ ᠲᠠᠯᠠᠪᠤᠷ ᠣᠷᠳᠣᠨ ᠳ᠋ᠤ 300 ᠱᠢᠬᠠᠮ ᠬᠥᠮᠦᠨ ᠵᠡᠷᠭᠡᠳᠡ ᠬᠥᠯ ᠪᠥᠮᠪᠥᠭᠡ᠎ᠶ᠋ᠢᠨ ᠪᠣᠯᠪᠠᠰᠤᠷᠠᠯ ᠪᠠ ᠤᠷᠤᠯᠳᠤᠭᠠᠨ ᠶᠠᠪᠤᠭᠤᠯᠵᠤ ᠲᠡᠢᠯᠦᠨ᠎ᠡ᠃

ᠲᠠᠯ᠎ᠠ ᠨᠤᠳᠤᠭ᠎ᠤᠨ ᠬᠦᠯ ᠪᠦᠮᠪᠦᠭᠡ ᠵᠢᠨ ᠬᠦᠭᠵᠢᠯᠳᠡ ᠵᠢᠨ ᠰᠢᠨ᠎ᠡ ᠬᠠᠭᠤᠳᠠᠰᠤ
ᠰᠤᠷᠭᠠᠭᠤᠯᠢ᠎ᠶ᠋ᠢᠨ ᠬᠦᠷᠢᠶᠡᠨ᠎ᠦ ᠬᠥᠯ ᠪᠥᠮᠪᠥᠭᠡ ᠪᠣᠯ ᠮᠠᠨ᠎ᠤ ᠤᠷᠤᠨ᠎ᠤ ᠬᠥᠯ ᠪᠥᠮᠪᠥᠭᠡ᠎ᠶ᠋ᠢᠨ ᠬᠥᠭ᠌ᠵᠢᠯᠲᠡ᠎ᠶ᠋ᠢᠨ ᠦᠨᠳᠦᠰᠦ ᠰᠠᠭᠤᠷᠢ ᠮᠥᠨ᠃ ᠮᠠᠨ᠎ᠤ ᠤᠷᠤᠨ ᠵᠠᠯᠠᠭᠤᠴᠤᠳ ᠪᠠᠭᠠᠴᠤᠳ᠎ᠤᠨ ᠰᠤᠷᠭᠠᠭᠤᠯᠢ᠎ᠶ᠋ᠢᠨ ᠬᠦᠷᠢᠶᠡᠨ᠎ᠦ ᠬᠥᠯ ᠪᠥᠮᠪᠥᠭᠡ᠎ᠶ᠋ᠢᠨ ᠠᠵᠢᠯ᠎ᠢ ᠬᠥᠯ ᠪᠥᠮᠪᠥᠭᠡ᠎ᠶ᠋ᠢᠨ ᠦᠶ᠋ᠯᠡᠰ᠎ᠤᠨ ᠴᠢᠬᠤᠯᠠ᠎ᠠᠴᠠ ᠴᠢᠬᠤᠯᠠ ᠵᠦᠶ᠋ᠯ ᠪᠣᠯᠭᠠᠵᠤ᠂ ᠪᠥᠬᠥ᠌ ᠲᠠᠯ᠎ᠠ᠎ᠶ᠋ᠢᠨ ᠬᠥᠭ᠌ᠵᠢᠯᠲᠡ᠎ᠶ᠋ᠢᠨ ᠲᠣᠭ᠍ᠲᠠᠴᠠ᠎ᠶ᠋ᠢ ᠪᠠᠢᠭᠤᠯᠪᠠ᠃ ᠥᠪᠡᠷᠲᠡᠭᠡᠨ ᠵᠠᠰᠠᠬᠤ ᠣᠷᠣᠨ᠂ ᠠᠢᠮᠠᠭ ᠬᠣᠲᠠ ᠪᠠ ᠬᠣᠱᠢᠭᠤ ᠱᠢᠶᠠᠨ (ᠲᠣᠭᠣᠷᠢᠭ)᠎ᠤ᠋ 116 ᠰᠤᠷᠭᠠᠭᠤᠯᠢ᠎ᠶ᠋ᠢᠨ ᠬᠦᠷᠢᠶᠡᠨ᠎ᠦ ᠬᠥᠯ ᠪᠥᠮᠪᠥᠭᠡ᠎ᠶ᠋ᠢᠨ ᠠᠵᠢᠯ᠎ᠤᠨ ᠤᠳᠤᠷᠢᠳᠭᠤ ᠳᠤᠭᠤᠢᠯᠠᠩ᠎ᠢ ᠪᠠᠢᠭᠤᠯᠵᠤ᠌᠂ 116 ᠰᠤᠷᠭᠠᠭᠤᠯᠢ ᠪᠠ ᠬᠥᠯ ᠪᠥᠮᠪᠥᠭᠡ᠎ᠶ᠋ᠢᠨ ᠠᠵᠢᠯ᠎ᠤᠨ ᠠᠯᠪᠠᠨ ᠬᠡᠷ᠎ᠡᠴᠡ ᠵᠣᠬᠢᠴᠠᠭᠤᠯᠤᠨ ᠠᠵᠢᠯᠯᠠᠭᠤᠯᠬᠤ᠎ᠶ᠋ᠢ ᠬᠠᠷᠢᠭᠤᠴᠠᠨ᠂ ᠥᠨᠳᠥᠷ ᠪᠦᠲᠦᠮᠵᠢᠲᠡᠶ ᠬᠠᠮᠢᠶᠠᠷᠤᠯᠲᠠ᠎ᠶ᠋ᠢᠨ ᠲᠤᠤᠷ ᠰᠦᠯᠵᠢᠶ᠎ᠡ᠎ᠶ᠋ᠢ ᠪᠣᠶ ᠪᠤᠯᠭᠠᠪᠠ᠃ ᠰᠤᠷᠭᠠᠭᠤᠯᠢ᠎ᠶ᠋ᠢᠨ ᠬᠦᠷᠢᠶᠡᠨ᠎ᠦ ᠬᠥᠯ ᠪᠥᠮᠪᠥᠭᠡ᠎ᠶ᠋ᠢᠨ ᠣᠨᠴᠠᠯᠢᠭ᠍ᠲᠤ ᠰᠤᠷᠭᠠᠭᠤᠯᠢ᠎ᠶ᠋ᠢᠨ ᠪᠦᠲᠦᠭᠡᠨ ᠪᠠᠢᠭᠤᠯᠤᠯᠲᠠ ᠢᠯᠡᠳᠲᠡ ᠦᠷ᠎ᠡ ᠪᠦᠲᠦᠮᠵᠢ ᠣᠯᠵᠤ᠂ 1650 ᠰᠤᠷᠭᠠᠭᠤᠯᠢ᠎ᠶ᠋ᠢᠨ ᠬᠦᠷᠢᠶᠡᠨ᠎ᠦ ᠬᠥᠯ ᠪᠥᠮᠪᠥᠭᠡ᠎ᠶ᠋ᠢᠨ ᠣᠨᠴᠠᠯᠢᠭ᠍ᠲᠤ ᠰᠤᠷᠭᠠᠭᠤᠯᠢ᠂ 593 ᠬᠦᠯ ᠪᠦᠮᠪᠦᠭᠡ ᠵᠢᠨ ᠣᠨᠴᠠᠯᠢᠭ᠍ᠲᠤ ᠬᠡᠦᠬᠡᠳ᠎ᠦᠨ ᠴᠡᠴᠡᠷᠯᠢᠭ᠎ᠲᠡᠶ ᠪᠣᠯᠪᠠ᠃ ᠡᠲᠡᠭᠡᠷ ᠰᠤᠷᠭᠠᠭᠤᠯᠢ ᠪᠠ ᠬᠡᠦᠬᠡᠳ᠎ᠦᠨ ᠴᠡᠴᠡᠷᠯᠢᠭ ᠨᠢ ᠬᠥᠯ ᠪᠥᠮᠪᠥᠭᠡ᠎ᠶ᠋ᠢᠨ ᠴᠢᠳᠠᠪᠤᠷᠢᠲᠠᠨ᠎ᠢ ᠬᠥᠮᠦᠵᠢᠭᠦᠯᠬᠦ᠌ ᠥᠯᠥᠭᠡᠶ ᠪᠣᠯᠵᠣ᠂ ᠬᠥᠯ ᠪᠥᠮᠪᠥᠭᠡ᠎ᠶ᠋ᠢᠨ ᠬᠢᠴᠢᠶᠡᠯ ᠨᠡᠭᠡᠭᠡᠬᠦ᠌᠂ ᠬᠥᠯ ᠪᠥᠮᠪᠥᠭᠡ᠎ᠶ᠋ᠢᠨ ᠨᠡᠢᠭᠡᠮᠯᠢᠭ᠎ᠢ ᠵᠣᠬᠢᠶᠠᠨ ᠪᠠᠢᠭᠤᠯᠬᠤ ᠵᠡᠷᠭᠡ ᠠᠷᠭ᠎ᠠ ᠮᠠᠶᠢᠭ᠎ᠢᠶᠠᠷ ᠳᠠᠮᠵᠢᠭᠤᠯᠤᠨ᠂ ᠬᠥᠯ ᠪᠥᠮᠪᠥᠭᠡ᠎ᠶ᠋ᠢᠨ ᠬᠥᠳᠡᠯᠭᠡᠭᠡᠨ᠎ᠢ ᠰᠤᠷᠭᠠᠭᠤᠯᠢ᠎ᠶ᠋ᠢᠨ ᠬᠦᠷᠢᠶᠡᠨ᠎ᠳᠦ ᠣᠷᠣᠭᠤᠯᠵᠤ᠂ ᠬᠡᠦᠬᠡᠳ᠎ᠦᠨ ᠡᠳᠦᠷ ᠲᠤᠲᠤᠮ᠎ᠤᠨ ᠰᠤᠷᠤᠯᠴᠠᠯᠭ᠎ᠠ ᠠᠮᠢᠳᠤᠷᠠᠯ᠎ᠳᠤ ᠠᠭᠤᠰᠭᠠᠵᠤ ᠪᠤᠢ᠃ ᠡᠯᠪᠡᠭ ᠪᠠᠶᠠᠯᠢᠭ ᠤᠷᠤᠯᠳᠤᠭᠠᠨ᠎ᠤ ᠵᠦᠢᠯ᠎ᠤᠳ᠎ᠨᠢ ᠬᠡᠦᠬᠡᠳ᠎ᠦᠳ᠎ᠦᠨ ᠬᠥᠯ ᠪᠥᠮᠪᠥᠭᠡ᠎ᠶ᠋ᠢᠨ ᠤᠷ᠎ᠠ ᠴᠢᠳᠠᠪᠤᠷᠢ᠎ᠶ᠋ᠢ ᠲᠠᠰᠤᠷᠠᠯᠲᠠ ᠥᠬᠡᠶ ᠳᠡᠭᠡᠭ᠌ᠰᠢᠯᠡᠭᠦᠯᠵᠦ᠍᠂ ᠮᠠᠨ᠎ᠤ ᠤᠷᠤᠨ᠎ᠤ ᠬᠥᠯ ᠪᠥᠮᠪᠥᠭᠡ᠎ᠶᠢᠨ ᠡᠨᠭᠨᠡᠭᠡ᠎ᠳᠦ ᠶᠡᠬᠡ ᠬᠡᠮᠵᠢᠶᠡᠨ᠎ᠦ ᠴᠢᠳᠠᠪᠤᠷᠢᠲᠠᠨ ᠨᠥᠭᠡᠴᠡᠯᠡᠭ᠌ᠰᠡᠨ᠎ᠢᠶᠡᠷ ᠪᠠᠷᠠᠬᠤ ᠥᠬᠡᠶ ᠪᠠᠰᠠ ᠰᠤᠷᠭᠠᠭᠤᠯᠢ᠎ᠶ᠋ᠢᠨ ᠬᠦᠷᠢᠶᠡᠨ᠎ᠤ ᠬᠥᠯ ᠪᠥᠮᠪᠥᠭᠡ᠎ᠶ᠋ᠢᠨ ᠰᠣᠶᠣᠯ᠎ᠢ ᠲᠡᠬᠦᠯᠳᠡᠷᠵᠢᠬᠦᠯᠦᠨ ᠬᠦᠭᠵᠢᠬᠦᠯᠵᠡᠢ᠃
ᠵᠠᠯᠠᠭᠤᠴᠤᠳ᠎ᠤᠨ ᠬᠦᠯ ᠪᠦᠮᠪᠦᠭᠡ ᠵᠢᠨ ᠪᠣᠯᠪᠠᠰᠤᠷᠠᠯ᠎ᠤᠨ ᠱᠢᠰᠲ᠋ᠧᠮ ᠪᠣᠯ ᠬᠥᠯ ᠪᠥᠮᠪᠥᠭᠡ᠎ᠶ᠋ᠢᠨ ᠬᠥᠭ᠌ᠵᠢᠯᠲᠡ᠎ᠶ᠋ᠢᠨ ᠭᠤᠤᠯ ᠭᠣᠭ᠍ᠴᠣᠭ᠎ᠠ ᠮᠥᠨ᠃ ᠮᠠᠨ᠎ᠤ ᠤᠷᠤᠨ ᠠᠢᠮᠠᠭ ᠬᠣᠲᠠ᠂ ᠶᠡᠬᠡ ᠳᠡᠭᠡᠳᠦ ᠰᠤᠷᠭᠠᠭᠤᠯᠢ᠎ᠪᠠᠷ ᠲᠦᠱᠢᠭ ᠪᠣᠯᠭᠠᠨ ᠵᠠᠯᠠᠭᠤᠴᠤᠳ᠎ᠤᠨ ᠬᠦᠯ ᠪᠦᠮᠪᠦᠭᠡ ᠵᠢᠨ ᠪᠣᠯᠪᠠᠰᠤᠷᠠᠯ᠎ᠤᠨ ᠲᠥᠪ᠎ᠢ ᠪᠠᠢᠭᠤᠯᠵᠤ᠂ U 7 - U 18 ᠮᠠᠩᠯᠠᠶ ᠱᠢᠯᠭᠠᠷᠠᠭᠤᠯᠬᠤ ᠤᠷᠤᠯᠳᠤᠭᠠᠨ᠂ U 13 - U 19 ᠵᠠᠯᠠᠭᠤᠴᠤᠳ ᠪᠠᠭᠠᠴᠤᠳ᠎ᠤᠨ ᠺᠯᠦᠪ᠎ᠦᠨ ᠬᠣᠯᠪᠣᠭᠠᠲᠤ ᠤᠷᠤᠯᠳᠤᠭᠠᠨ᠂ U 6 ᠡᠴᠡ ᠳᠣᠷᠣᠭ᠍ᠰᠢᠬᠢ ᠬᠡᠦᠬᠡᠳ᠎ᠦᠨ ᠬᠥᠯ ᠪᠥᠮᠪᠥᠭᠡ᠎ᠶ᠋ᠢᠨ ᠰᠣᠨᠢᠷᠬᠠᠯᠲᠤ ᠬᠥᠳᠡᠯᠭᠡᠭᠡᠨ ᠵᠡᠷᠭᠡ ᠣᠯᠠᠨ ᠵᠦᠶ᠋ᠯ᠎ᠦᠨ ᠤᠷᠤᠯᠳᠤᠭᠠᠨ᠎ᠤ ᠳᠦᠷᠢᠮ᠎ᠢ ᠬᠠᠮᠤᠷᠤᠭ᠍ᠰᠠᠨ ᠬᠣᠯᠪᠣᠭᠠᠲᠤ ᠤᠷᠤᠯᠳᠤᠭᠠᠨ᠎ᠤ ᠱᠢᠰᠲ᠋ᠧᠮ᠎ᠢ ᠪᠦᠷᠢᠯᠳᠦᠭᠦᠯᠵᠦ᠍᠂ ᠠᠳᠠᠯᠢ ᠪᠤᠰᠤ ᠨᠠᠰᠤᠨ᠎ᠤ ᠵᠠᠯᠠᠭᠤᠴᠤᠳ ᠪᠠᠭᠠᠴᠤᠳ᠎ᠲᠤ ᠤᠷ᠎ᠠ ᠴᠢᠳᠠᠪᠤᠷᠢ ᠪᠠᠨ ᠳᠡᠯᠭᠡᠨ ᠦᠵᠡᠭᠦᠯᠬᠦ᠌ ᠲᠠᠪᠴᠠᠩ ᠬᠠᠩᠭᠠᠪᠠ᠃ ᠵᠠᠯᠠᠭᠤᠴᠤᠳ᠎ᠤᠨ ᠬᠦᠯ ᠪᠦᠮᠪᠦᠭᠡ ᠵᠢᠨ ᠪᠣᠯᠪᠠᠰᠤᠷᠠᠯ᠎ᠤᠨ ᠴᠢᠳᠠᠪᠤᠷᠢᠲᠠᠨ᠎ᠢ ᠬᠥᠮᠦᠵᠢᠭᠦᠯᠬᠦ᠌ ᠶᠠᠪᠤᠴᠠ᠎ᠳᠤ᠂ ᠤᠯᠠᠨ ᠡᠱᠢᠵᠢᠭ᠌ᠰᠡᠨ ᠲᠠᠪᠴᠠᠩ ᠪᠠᠢᠭᠤᠯᠬᠤ᠎ᠶ᠋ᠢ ᠴᠢᠬᠤᠯᠠᠴᠢᠯᠠᠪᠠ᠃
ᠨᠡᠢᠭᠡᠮ᠎ᠦᠨ ᠬᠥᠯ ᠪᠥᠮᠪᠥᠭᠡ ᠪᠣᠯ ᠥᠪᠥᠷ ᠮᠣᠩᠭᠣᠯ᠎ᠤᠨ ᠬᠥᠯ ᠪᠥᠮᠪᠥᠭᠡ᠎ᠶ᠋ᠢᠨ ᠬᠥᠭ᠌ᠵᠢᠯᠲᠡ᠎ᠶ᠋ᠢᠨ ᠴᠢᠬᠤᠯᠠ ᠪᠦᠷᠢᠯᠳᠦᠬᠦᠨ ᠬᠡᠰᠡᠭ ᠪᠣᠯᠬᠤ ᠪᠥᠭᠡᠳ ᠪᠠᠰᠠ ᠬᠥᠯ ᠪᠥᠮᠪᠥᠭᠡ᠎ᠶ᠋ᠢᠨ ᠰᠣᠶᠣᠯ᠎ᠢ ᠤᠯᠠᠮᠵᠢᠯᠠᠬᠤ ᠴᠢᠬᠤᠯᠠ ᠠᠴᠢᠶᠠᠯᠠᠪᠤᠷᠢ ᠪᠣᠯᠤᠨ᠎ᠠ᠃ ᠨᠡᠢᠭᠡᠮ᠎ᠦᠨ ᠬᠥᠯ ᠪᠥᠮᠪᠥᠭᠡ᠎ᠶ᠋ᠢᠨ ᠺᠯᠦᠪ ᠥᠷᠨᠢᠨ ᠬᠥᠭ᠌ᠵᠢᠵᠦ᠍ ᠂ ᠪᠥᠬᠥ᠌ ᠣᠷᠣᠨ᠎ᠳᠤ ᠨᠡᠢᠭᠡᠮ᠎ᠦᠨ ᠬᠥᠯ ᠪᠥᠮᠪᠥᠭᠡ᠎ᠶ᠋ᠢᠨ ᠺᠯᠦᠪ 138 ᠪᠠᠢᠵᠤ᠂ ᠥᠪᠥᠷ ᠮᠣᠩᠭᠣᠯ᠎ᠤᠨ ᠬᠥᠯ ᠪᠥᠮᠪᠥᠭᠡ᠎ᠶ᠋ᠢᠨ ᠨᠡᠢᠭᠡᠮᠯᠢᠭ᠎ᠦᠨ ᠱᠢᠰᠲ᠋ᠧᠮ᠎ᠳᠦ ᠳᠠᠩᠰᠠᠯᠠᠭᠤᠯᠤᠭ᠍ᠰᠠᠨ ᠺᠯᠦᠪ 93 ᠪᠣᠶ᠃ ᠡᠳᠡᠭᠡᠷ ᠺᠯᠦᠪ ᠨᠢ ᠬᠥᠯ ᠪᠥᠮᠪᠥᠭᠡ᠎ᠳᠦ ᠪᠠᠬᠠᠲᠠᠶ ᠬᠥᠮᠦᠰ᠎ᠲᠦ ᠪᠣᠯᠪᠠᠰᠤᠷᠠᠯ ᠪᠠ ᠤᠷᠤᠯᠳᠤᠭᠠᠨ᠎ᠤ ᠲᠣᠬᠢᠶᠠᠯ ᠬᠠᠩᠭᠠᠭ᠍ᠰᠠᠨ᠎ᠢᠶᠠᠷ ᠪᠠᠷᠠᠬᠤ ᠥᠬᠡᠶ᠂ ᠬᠥᠯ ᠪᠥᠮᠪᠥᠭᠡ᠎ᠶ᠋ᠢ ᠲᠦᠭᠡᠮᠡᠯᠵᠢᠭᠦᠯᠬᠦ᠌ ᠪᠠ ᠳᠡᠯᠭᠡᠷᠡᠭᠦᠯᠬᠦ᠌ ᠲᠠᠯ᠎ᠠ᠎ᠪᠠᠷ ᠴᠤ᠌ ᠴᠢᠬᠤᠯᠠ ᠦᠢᠯᠡᠳᠦᠯ ᠦᠵᠡᠭᠦᠯᠪᠡ᠃

ᠤᠷᠤᠨ ᠨᠤᠳᠤᠭ᠎ᠤᠨ ᠤᠷᠤᠯᠳᠤᠭᠠᠨ ᠡᠴᠡ ᠤᠯᠠᠨ ᠤᠯᠤᠰ᠎ᠤᠨ ᠤᠷᠤᠯᠳᠤᠭᠠᠨ᠎ᠢ ᠡᠷᠬᠢᠯᠡᠭᠰᠡᠨ ᠰᠢᠪᠳᠤᠯᠤᠯᠳᠠ
ᠥᠪᠥᠷ ᠮᠣᠩᠭᠣᠯ᠎ᠤᠨ ᠣᠨᠴᠠᠯᠢᠭ᠎ᠲᠠᠶ ᠬᠥᠯ ᠪᠥᠮᠪᠥᠭᠡ᠎ᠶ᠋ᠢᠨ ᠥᠭᠡᠷᠡᠴᠢᠯᠡᠯᠲᠡ ᠬᠥᠭ᠌ᠵᠢᠯᠲᠡ᠎ᠶ᠋ᠢᠨ ᠱᠢᠨ᠎ᠡ ᠵᠠᠭ᠍ᠪᠤᠷ᠎ᠢ ᠴᠢᠷᠮᠠᠢᠨ ᠰᠦᠪᠡᠭ᠌ᠴᠢᠯᠡᠵᠦ᠂ ᠮᠠᠨ᠎ᠤ ᠤᠷᠤᠨ᠎ᠤ ᠬᠥᠯ ᠪᠥᠮᠪᠥᠭᠡ᠎ᠶ᠋ᠢᠨ ᠦᠶ᠋ᠯᠡᠰ ᠴᠢᠬᠤᠯᠠ ᠶᠡᠬᠡ ᠱᠢᠪᠲᠤᠯᠤᠯᠲᠠ᠎ᠶ᠋ᠢ ᠪᠡᠶᠡᠯᠡᠭᠦᠯᠪᠡ᠃ ᠲᠤᠬᠠᠢᠯᠠᠪᠠᠯ᠂ ᠲᠥᠯᠥᠪᠵᠢᠭᠦᠯᠭᠡ᠎ᠶ᠋ᠢᠨ ᠱᠢᠰᠲ᠋ᠧᠮ ᠥᠬᠡᠶ᠂ ᠬᠣᠯᠪᠣᠭᠠᠲᠤ ᠤᠷᠤᠯᠳᠤᠭᠠᠨ᠎ᠤ ᠱᠢᠰᠲ᠋ᠧᠮ ᠥᠬᠡᠶ ᠂ ᠴᠢᠳᠠᠪᠤᠷᠢᠲᠠᠨ᠎ᠤ ᠱᠢᠰᠲ᠋ᠧᠮ ᠥᠬᠡᠶ᠂ ᠠᠵᠢᠯ ᠮᠡᠷᠭᠡᠵᠢᠯ᠎ᠦᠨ ᠡᠩᠨᠡᠭᠡ ᠥᠬᠡᠶ᠂ ᠵᠠᠷᠤᠳᠠᠯ᠎ᠤᠨ ᠪᠠᠲᠤᠯᠠᠭ᠎ᠠ ᠥᠬᠡᠶ᠂ ᠬᠥᠯ ᠪᠥᠮᠪᠥᠭᠡ᠎ᠶ᠋ᠢᠨ ᠰᠣᠶᠣᠯ ᠥᠬᠡᠶ ᠵᠡᠷᠭᠡ ᠡᠬᠢᠯᠡᠯᠲᠡ᠎ᠶ᠋ᠢᠨ ᠱᠠᠲᠤ ᠦᠶ᠎ᠡ᠎ᠡᠴᠡ᠎ᠪᠡᠨ ᠵᠣᠬᠢᠶᠠᠨ ᠪᠠᠢᠭᠤᠯᠤᠯᠲᠠ᠎ᠶ᠋ᠢᠨ ᠤᠳᠤᠷᠢᠳᠭᠤ ᠱᠢᠰᠲ᠋ᠧᠮ᠎ᠲᠡᠶ᠂ ᠲᠤᠰᠭᠠᠶ ᠠᠵᠢᠯ᠎ᠤᠨ ᠪᠠᠢᠭᠤᠯᠤᠮᠵᠢ ᠲᠠᠢ᠂ ᠲᠤᠰᠭᠠᠶ ᠮᠡᠷᠭᠡᠵᠢᠯ᠎ᠦᠨ ᠴᠢᠳᠠᠪᠤᠷᠢᠲᠠᠨ᠎ᠤ ᠱᠠᠲᠤᠯᠢᠭ ᠡᠩᠨᠡᠭᠡ ᠲᠠᠢ᠂ ᠲᠤᠰᠭᠠᠶ ᠵᠠᠷᠤᠳᠠᠯ᠎ᠤᠨ ᠪᠠᠲᠤᠯᠠᠭ᠎ᠠ᠎ᠶ᠋ᠢᠨ ᠲᠣᠭ᠍ᠲᠠᠴᠠ ᠲᠠᠢ᠂ ᠬᠣᠯᠪᠣᠭᠠᠲᠤ ᠤᠷᠤᠯᠳᠤᠭᠠᠨ᠎ᠤ ᠱᠢᠰᠲ᠋ᠧᠮ ᠲᠠᠢ ᠪᠤᠯᠵᠤ ᠬᠦᠭᠵᠢᠪᠡ᠃
ᠤᠷᠤᠯᠳᠤᠭᠠᠨᠡᠷᠬᠢᠯᠡᠬᠦ ᠴᠢᠳᠠᠪᠤᠷᠢ ᠲᠠᠰᠤᠷᠠᠯᠳᠠ ᠦᠭᠡᠢ ᠲᠡᠭᠡᠭᠰᠢᠯᠡᠵᠦ ᠂ ᠤᠷᠤᠨ ᠨᠤᠳᠤᠭ᠎ᠤᠨ ᠤᠷᠤᠯᠳᠤᠭᠠᠨ ᠡᠴᠡ ᠤᠯᠠᠨ ᠤᠯᠤᠰ᠎ᠤᠨ ᠤᠷᠤᠯᠳᠤᠭᠠᠨ ᠢ ᠲᠠᠭᠠᠭᠠᠨ ᠡᠷᠬᠢᠯᠡᠬᠦ ᠪᠤᠯᠪᠠ᠃ 5 ᠰᠠᠷ᠎ᠠ ᠵᠢᠨ 28᠎ᠤ᠋ ᠡᠳᠦᠷ ᠡᠴᠡ 6 ᠰᠠᠷ᠎ᠠ ᠵᠢᠨ 1᠎ᠤ᠋ ᠡᠳᠦᠷ ᠪᠤᠯᠳᠠᠯ᠎ᠠ ᠲᠤᠮᠳᠠᠳᠤ ᠤᠯᠤᠰ᠎ᠤᠨ ᠬᠦᠯ ᠪᠦᠮᠪᠦᠭᠡ ᠵᠢᠨ ᠨᠡᠢᠭᠡᠮᠯᠢᠭ᠂ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠲᠠᠮᠢᠷ᠎ᠤᠨ ᠲᠤᠪᠴᠢᠶ᠎ᠠ ᠪᠠ ᠬᠦᠬᠡᠬᠤᠳᠠ ᠵᠨ ᠠᠷᠠᠳ᠎ᠤᠨ ᠵᠠᠰᠠᠭ᠎ᠤᠨ ᠤᠷᠳᠤᠨ ᠡᠴᠡ ᠭᠤᠤᠯᠯᠠᠨ ᠡᠷᠬᠢᠯᠡᠭᠰᠡᠨ ᠤᠯᠠᠨ ᠤᠯᠤᠰ᠎ᠤᠨ B ᠲᠡᠰ᠎ᠤᠨ ᠤᠷᠤᠯᠳᠤᠭᠠᠨ — 2025 CFA 《ᠱᠢᠩ᠎ᠲᠠᠢ ᠬᠤᠨᠳᠠᠭᠠᠲᠤ》 ᠣᠯᠠᠨ ᠤᠯᠤᠰ᠎ᠤᠨ ᠬᠥᠯ ᠪᠥᠮᠪᠥᠭᠡ᠎ᠶ᠋ᠢᠨ ᠮᠠᠩᠯᠠᠶ ᠱᠢᠯᠭᠠᠷᠠᠭᠤᠯᠬᠤ ᠤᠷᠤᠯᠳᠤᠭᠠᠨ ᠤᠯᠤᠰ᠎ᠤᠨ ᠤᠮᠠᠷᠠᠳᠤ ᠵᠢᠨ ᠬᠦᠯ ᠪᠦᠮᠪᠦᠭᠡ ᠵᠢᠨ ᠪᠤᠯᠪᠠᠰᠤᠷᠠᠯ᠎ᠤᠨ ᠰᠠᠭᠤᠷᠢᠨ ᠳ᠋ᠤ ᠠᠮᠵᠢᠯᠳᠠ ᠳᠠᠢ ᠶᠠᠪᠤᠭᠳᠠᠵᠤ᠂ ᠲᠤᠮᠳᠠᠳᠤ ᠤᠯᠤᠰ᠂ ᠰᠡᠦᠳᠢ ᠠᠷᠠᠪ᠂ ᠸᠢᠶᠸᠲ᠋ᠨᠠᠮ᠂ ᠠᠦ᠍ᠢ᠍ᠰᠲ᠋ᠷᠠᠯᠢᠶᠠ ᠵᠡᠷᠭᠡ ᠲᠦᠷᠪᠡᠨ ᠤᠯᠤᠰ᠎ᠤᠨ U16 ᠵᠢᠨ ᠰᠢᠯᠢᠳᠡᠭ ᠲᠠᠮᠢᠷᠴᠢᠳ ᠤᠷ᠎ᠠ ᠮᠡᠷᠭᠡᠵᠢᠯ ᠵᠢᠡᠨ ᠦᠷᠢᠰᠦᠯᠳᠦᠨ ᠰᠤᠯᠢᠯᠴᠠᠵᠠᠢ᠃
ᠡᠬᠦᠨ ᠡᠴᠡ ᠡᠮᠦᠨᠡᠭᠡᠨ᠂ 5 ᠰᠠᠷ᠎ᠠ ᠵᠢᠨ 17᠎ᠤ᠋ ᠡᠳᠦᠷ᠂ ᠠᠽᠢᠶ᠎ᠠ ᠵᠢᠨ ᠡᠮᠡᠭᠳᠡᠢ ᠵᠢᠨ ᠲᠠᠪᠤᠨ ᠬᠦᠮᠦᠨ᠎ᠤ ᠲᠦᠷᠢᠮ᠎ᠳᠦ ᠬᠦᠯ ᠪᠦᠮᠪᠦᠭᠡ ᠵᠢᠨ ᠠᠽᠢᠶ᠎ᠠ ᠬᠤᠨᠳᠠᠭᠠᠳᠤ ᠤᠷᠤᠯᠳᠤᠭᠠᠨ ᠪᠠᠰᠠ ᠤᠯᠤᠰ᠎ᠤᠨ ᠤᠮᠠᠷᠠᠳᠤ ᠵᠢᠨ ᠬᠦᠯ ᠪᠦᠮᠪᠦᠭᠡ ᠵᠢᠨ ᠪᠤᠯᠪᠠᠰᠤᠷᠠᠯ᠎ᠤᠨ ᠰᠠᠭᠤᠷᠢᠨ ᠳ᠋ᠤ ᠶᠠᠪᠤᠭᠳᠠᠵᠤ᠂ 《ᠬᠠᠮᠤᠭ᠎ᠤᠨ ᠰᠠᠢᠨ ᠤᠷᠤᠯᠳᠤᠭᠠᠨ᠎ᠤ ᠲᠤᠭᠤᠷᠢᠭ》᠎ᠤ᠋ᠨ ᠢᠷᠠᠭᠤ ᠠᠯᠳᠠᠷ᠎ᠢ ᠬᠦᠷᠲᠡᠵᠦ᠂ ᠲᠤᠮᠳᠠᠳᠤ ᠤᠯᠤᠰ᠎ᠤᠨ ᠡᠮᠡᠭᠳᠡᠢ ᠵᠢᠨ ᠠᠩᠬᠢ ᠲᠦᠷᠪᠡᠳᠦᠭᠡᠷ ᠲᠸ᠋ ᠤᠷᠤᠵᠤ ᠲᠡᠦᠭᠡ ᠵᠢᠨ ᠬᠠᠮᠤᠭ᠎ᠤᠨ ᠰᠠᠢᠨ ᠲᠡᠮᠳᠡᠭᠯᠡᠯ᠎ᠢ ᠡᠬᠦᠳᠦᠭᠰᠡᠨ ᠪᠠᠢᠨ᠎ᠠ᠃
ᠬᠥᠯ ᠪᠥᠮᠪᠥᠭᠡᠪᠤᠯ ᠲᠦᠭ ᠲᠦᠮᠡᠨ ᠬᠦᠮᠦᠰ᠎ᠤᠨ 《ᠬᠦᠰᠡᠯ ᠮᠦᠷᠦᠭᠡᠳᠦᠯ》 ᠮᠦᠨ᠃ ᠬᠦᠯ ᠪᠦᠮᠪᠦᠭᠡ ᠵᠢᠨ ᠦᠢᠯᠡᠰ᠎ᠤᠨ ᠦᠷᠨᠢᠬᠦᠨ ᠬᠦᠭᠵᠢᠯᠳᠡ᠂ ᠪᠦᠬᠦ ᠠᠷᠠᠳ᠎ᠤᠨ ᠬᠦᠯ ᠪᠦᠮᠪᠦᠭᠡ ᠵᠢᠨ ᠬᠠᠯᠠᠮᠰᠢᠯ᠂ ᠬᠦᠯ ᠪᠦᠮᠪᠦᠭᠡ ᠵᠢᠨ ᠪᠤᠯᠪᠠᠰᠤᠷᠠᠯ ᠰᠤᠷᠢᠯᠳᠠ ᠪᠠ ᠤᠷᠤᠯᠳᠤᠭᠠᠨ ᠨᠢ ᠰᠣᠶᠣᠯ ᠰᠤᠷᠭᠠᠨ ᠬᠦᠮᠦᠵᠢᠯ ᠵᠢᠭᠤᠯᠴᠢᠯᠠᠯ ᠪᠡᠶ᠎ᠡ᠎ᠶ᠋ᠢᠨ ᠲᠠᠮᠢᠷ᠎ᠤᠨ ᠭᠦᠨᠵᠡᠭᠡᠶ ᠠᠭᠤᠰᠤᠯᠴᠠᠯ᠎ᠢ ᠠᠬᠢᠭᠤᠯᠵᠤ᠂ ᠠᠵᠤ ᠦᠢᠯᠡᠰ᠎ᠤᠨ ᠬᠥᠭ᠌ᠵᠢᠯᠲᠡ᠂ ᠪᠡᠶ᠎ᠡ᠎ᠶ᠋ᠢᠨ ᠲᠠᠮᠢᠷ᠎ᠤᠨ ᠬᠡᠷᠡᠭ᠌ᠯᠡᠭᠡ᠎ᠶ᠋ᠢ ᠲᠠᠢᠴᠢᠯᠠᠨ᠂ ᠦᠪᠦᠷ ᠮᠤᠩᠭᠤᠯ᠎ᠤᠨ ᠨᠡᠷ᠎ᠡ ᠵᠢᠨ ᠬᠠᠭᠤᠳᠠᠰᠤ᠂ ᠲᠠᠯ᠎ᠠ ᠨᠤᠳᠤᠭ᠎ᠤᠨ ᠬᠦᠯ ᠪᠦᠮᠪᠦᠭᠡ ᠵᠢ ᠴᠢᠨᠠᠭᠰᠢᠳᠠ ᠠᠯᠳᠠᠷᠰᠢᠭᠤᠯᠤᠨ᠎ᠠ᠃
