ᠠᠯᠲᠠᠢ ᠭᠡᠯᠡ ᠰᠤᠳᠤᠯᠤᠯ᠎ᠤᠨ ᠡᠷᠳᠡᠮ ᠰᠢᠨᠵᠢᠯᠡᠭᠡᠨ᠎ᠤ ᠴᠢᠬᠤᠯᠠ ᠬᠤᠷᠠᠯ ᠭᠦᠭᠡᠬᠤᠳᠡ ᠳ᠋ᠦ᠍ ᠬᠤᠷᠠᠯᠳᠤᠪᠠ
2025-06-09 17:37:45
ᠵᠣᠬᠢᠶᠠᠭ᠍ᠴᠢ᠄
ᠳᠡᠯᠭᠡᠷᠭᠦᠦ ᠪᠢᠯᠢᠭᠲᠦ
ᠣᠩᠱᠢᠭ᠍ᠰᠠᠨ ᠣᠳᠠᠭ᠎ᠠ᠄
★★★☆☆

《ᠳᠤᠮᠳᠠᠳᠤ ᠤᠯᠤᠰ᠎ᠤᠨ ᠠᠯᠲᠠᠢ ᠭᠡᠯᠡ ᠰᠤᠳᠤᠯᠤᠯ᠎ᠦᠨ 2025 ᠣᠨ᠎ᠤ ᠪᠦᠭᠦ ᠤᠯᠤᠰ᠎ᠤᠨ ᠡᠷᠳᠡᠮ ᠰᠢᠨᠵᠢᠯᠡᠭᠡᠨ᠎ᠦ ᠡᠭᠡᠯᠵᠢᠲᠦ ᠬᠤᠷᠠᠯ》 6 ᠰᠠᠷ᠎ᠠ᠎ᠶᠢᠨ 7 ᠡᠴᠡ 8 ᠤ᠋ ᠡᠳᠦᠷ ᠪᠤᠯᠲᠠᠯ᠎ᠠ ᠭᠦᠭᠡᠬᠤᠳᠡ᠎ᠳᠤ ᠶᠠᠪᠤᠭᠳᠠᠪᠠ᠃ ᠲᠣᠰ ᠤᠳᠠᠭᠠᠨ᠎ᠤ ᠬᠤᠷᠠᠯ᠎ᠢ ᠳᠤᠮᠳᠠᠳᠤ ᠤᠯᠤᠰ᠎ᠤᠨ ᠦᠨᠳᠦᠰᠦᠲᠡᠨ᠎ᠦ ᠭᠡᠯᠡ ᠰᠢᠨᠵᠢᠯᠡᠯ᠎ᠤᠨ ᠨᠡᠢᠭᠡᠮᠯᠢᠭ ᠤ᠋ᠨ ᠠᠯᠲᠠᠢ ᠬᠡᠯᠡᠨ᠎ᠦ ᠰᠤᠳᠤᠯᠤᠯ᠎ᠤᠨ ᠲᠤᠰᠬᠠᠢ ᠵᠥᠪᠯᠡᠯ ᠪᠣᠯᠣᠨ ᠥᠪᠥᠷ ᠮᠣᠩᠭᠣᠯ᠎ᠤᠨ ᠪᠠᠭ᠍ᠰᠢ᠎ᠶᠢᠨ ᠶᠡᠬᠡ ᠰᠤᠷᠭᠠᠭᠤᠯᠢ᠎ᠶᠢᠨ ᠮᠣᠩᠭᠣᠯ ᠰᠤᠳᠤᠯᠤᠯ᠎ᠤᠨ ᠳᠡᠭᠡᠳᠦ ᠰᠤᠷᠭᠠᠭᠤᠯᠢ ᠬᠠᠮᠲᠤᠷᠠᠨ ᠭᠣᠣᠯᠯᠠᠨ ᠡᠷᠭᠢᠯᠡᠵᠠᠢ᠃

ᠲᠤᠰ ᠤᠳᠠᠭᠠᠨ᠎ᠤ ᠬᠤᠷᠠᠯ ᠨᠢ《ᠠᠯᠲᠠᠢ ᠭᠡᠯᠡ ᠰᠤᠳᠤᠯᠤᠯ᠎ᠤᠨ ᠬᠣᠰᠢᠭᠤᠷᠠᠯ ᠰᠤᠳᠤᠯᠭᠠᠨ᠎ᠢ ᠠᠬᠢᠭᠤᠯᠤᠨ ᠤᠮᠠᠷᠠᠲᠤ ᠬᠢᠯᠢ᠎ᠶᠢᠨ ᠰᠣᠶᠣᠯ᠎ᠤᠨ ᠪᠠᠢᠭᠤᠯᠤᠯᠲᠠ᠎ᠶᠢᠨ ᠦᠢᠯᠡᠰ᠎ᠲᠦ ᠦᠢᠯᠡᠴᠢᠯᠡᠬᠦ》 ᠪᠡᠷ ᠭᠣᠣᠯ ᠰᠡᠳᠦᠪ ᠪᠣᠯᠭᠠᠨ᠂ ᠠᠯᠲᠠᠢ ᠢᠵᠠᠭᠤᠷ ᠬᠡᠯᠡᠨ᠎ᠤ ᠰᠤᠳᠤᠯᠤᠯ᠎ᠤᠨ ᠬᠣᠰᠢᠭᠤᠷᠠᠯ ᠰᠤᠳᠤᠯᠭᠠᠨ᠎ᠢ ᠭᠦᠨᠵᠡᠭᠡᠢᠷᠡᠭᠦᠯᠵᠦ᠂ ᠤᠯᠤᠰ᠎ᠤᠨ ᠬᠢᠯᠢ ᠬᠢᠵᠠᠭᠠᠷ᠎ᠤᠨ ᠰᠣᠶᠣᠯ᠎ᠤᠨ ᠪᠠᠢᠯᠳᠤᠬᠤ ᠪᠣᠳᠣᠯᠭ᠎ᠠ᠎ᠳᠤ ᠦᠢᠯᠡᠴᠢᠯᠡᠬᠦ᠎ᠪᠡᠷ ᠵᠣᠷᠢᠯᠲᠠ᠎ᠪᠠᠨ ᠪᠣᠯᠭᠠᠵᠠᠢ᠃

ᠲᠤᠰ ᠤᠳᠠᠭᠠᠨ᠎ᠤ ᠬᠤᠷᠠᠯ᠎ᠳᠤ ᠳᠤᠮᠳᠠᠳᠤ ᠤᠯᠤᠰ᠎ᠤᠨ ᠨᠡᠢᠭᠡᠮ᠎ᠦᠨ ᠰᠢᠨᠵᠢᠯᠡᠬᠦ ᠤᠬᠠᠭᠠᠨ᠎ᠤ ᠬᠦᠷᠢᠶᠡᠯᠡᠩ᠂ ᠪᠡᠭᠡᠵᠢᠩ ᠶᠡᠬᠡ ᠰᠤᠷᠭᠠᠭᠤᠯᠢ᠂ ᠯᠠᠨᠵᠧᠦ ᠶᠡᠬᠡ ᠰᠤᠷᠭᠠᠭᠤᠯᠢ᠂ ᠲᠥᠪ᠎ᠦᠨ ᠦᠨᠳᠦᠰᠦᠲᠡᠨ᠎ᠦ ᠶᠡᠬᠡ ᠰᠤᠷᠭᠠᠭᠤᠯᠢ᠂ ᠬᠠᠷᠠᠮᠥ᠋ᠷᠡᠨ ᠶᠡᠬᠡ ᠰᠤᠷᠭᠠᠭᠤᠯᠢ᠂ ᠰᠢᠨᠵᠢᠶᠠᠩ ᠶᠡᠬᠡ ᠰᠤᠷᠭᠠᠭᠤᠯᠢ ᠵᠡᠷᠭᠡ 30 ᠭᠠᠷᠤᠢ ᠶᠡᠬᠡ ᠳᠡᠭᠡᠳᠦ ᠰᠤᠷᠭᠠᠭᠤᠯᠢ ᠵᠢᠴᠢ ᠰᠢᠨᠵᠢᠯᠡᠬᠦ ᠤᠬᠠᠭᠠᠨ᠎ᠤ ᠰᠤᠳᠤᠯᠭᠠᠨ᠎ᠤ ᠪᠠᠢᠭᠤᠯᠤᠮᠵᠢ ᠵᠢᠨ ᠵᠠᠭᠤ ᠰᠢᠬᠠᠮ ᠲᠤᠰᠬᠠᠢ ᠮᠡᠷᠭᠡᠵᠢᠯᠲᠡᠨ ᠪᠠ ᠡᠷᠳᠡᠮᠲᠡᠳ ᠣᠷᠣᠯᠴᠠᠵᠠᠢ᠃

《ᠲᠤᠰ ᠤᠳᠠᠭ᠎ᠠ᠎ᠶᠢᠨ ᠬᠤᠷᠠᠯ᠎ᠢᠶᠠᠷ ᠳᠠᠮᠵᠢᠭᠤᠯᠤᠨ᠂ ᠠᠯᠲᠠᠢ ᠢᠵᠠᠭᠤᠷ ᠬᠡᠯᠡᠨ᠎ᠦ ᠡᠯ᠎ᠡ ᠭᠡᠯᠡ ᠪᠣᠯᠣᠨ ᠳᠤᠮᠳᠠᠳᠤ᠎ᠶᠢᠨ ᠪᠣᠯᠪᠠᠰᠤᠨ᠎ᠤ ᠤᠯᠠᠨ ᠡᠰᠢᠵᠢᠭᠰᠡᠨ ᠨᠢᠭᠡ ᠴᠣᠭᠴᠠ᠎ᠶᠢᠨ ᠪᠠᠢᠷᠢᠰᠢᠯ᠎ᠤᠨ ᠬᠣᠭᠣᠷᠣᠨᠳᠣᠭᠢ ᠬᠠᠷᠢᠯᠴᠠᠭ᠎ᠠ᠎ᠶᠢᠨ ᠰᠤᠳᠤᠯᠭᠠᠨ᠎ᠢ ᠤᠯᠠᠮ ᠴᠢᠨᠠᠭᠰᠢᠳᠠ ᠭᠦᠨᠵᠡᠭᠡᠢᠷᠡᠭᠦᠯᠵᠦ᠂ ᠲᠡᠭᠦᠨ᠎ᠦ ᠤᠮᠠᠷᠠᠲᠤ ᠬᠢᠯᠢ᠎ᠶᠢᠨ ᠰᠣᠶᠣᠯ᠎ᠢ ᠤᠯᠠᠮᠵᠢᠯᠠᠨ ᠵᠠᠯᠭᠠᠮᠵᠢᠯᠠᠬᠤ᠂ ᠬᠢᠯᠢ ᠬᠢᠵᠠᠭᠠᠷ᠎ᠤᠨ ᠵᠠᠰᠠᠯᠲᠠ᠂ ᠤᠯᠠᠨ ᠤᠯᠤᠰ᠎ᠤᠨ ᠳᠠᠮᠵᠢᠭᠤᠯᠭ᠎ᠠ ᠵᠡᠷᠭᠡ ᠲᠠᠯ᠎ᠠ᠎ᠶᠢᠨ ᠪᠠᠢᠯᠳᠤᠬᠤ ᠪᠣᠳᠣᠯᠭ᠎ᠠ᠎ᠶᠢᠨ ᠦᠨ᠎ᠡ ᠦᠷᠳᠡᠭ᠎ᠢ ᠥᠷᠭᠡᠳᠬᠡᠵᠦ ᠪᠠᠢᠨ᠎ᠠ᠃ ᠡᠭᠦᠨ᠎ᠦ ᠬᠠᠮᠲᠤ᠂ ᠡᠯ᠎ᠡ ᠠᠬ᠎ᠠ ᠳᠡᠭᠦᠦ ᠶᠡᠬᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ᠎ᠤ ᠰᠤᠳᠤᠯᠭᠠᠨ᠎ᠤ ᠪᠠᠢᠭᠤᠯᠤᠮᠵᠢ ᠯᠤᠭ᠎ᠠ᠎ᠶᠢᠨ ᠬᠠᠮᠲᠤᠷᠠᠯᠴᠠᠭᠠᠨ᠎ᠤ ᠲᠣᠭᠲᠠᠴᠠ ᠪᠠᠨ ᠤᠯᠠᠮ ᠴᠢᠨᠠᠭᠰᠢᠳᠠ ᠭᠦᠨᠵᠡᠭᠡᠢᠷᠡᠭᠦᠯᠵᠦ᠂ ᠠᠯᠲᠠᠢ ᠬᠡᠯᠡᠨ᠎ᠦ ᠰᠢᠨᠵᠢᠯᠡᠭᠡᠨ᠎ᠦ ᠰᠢᠰᠲᠧᠮ᠂ ᠴᠢᠳᠠᠪᠤᠷᠢᠲᠠᠨ᠎ᠢ ᠬᠥᠮᠥᠵᠢᠭᠦᠯᠬᠦ ᠰᠢᠰᠲᠧᠮ᠂ ᠬᠡᠯᠡᠨ᠎ᠦ ᠡᠬᠢ ᠪᠠᠶᠠᠯᠢᠭ᠋᠎ᠢ ᠨᠡᠭᠡᠭᠡᠨ ᠬᠥᠭᠵᠢᠭᠦᠯᠬᠦ ᠪᠠ ᠬᠠᠮᠲᠤ᠎ᠪᠠᠷ ᠡᠳ᠋ᠯᠡᠬᠦ ᠲᠣᠭᠲᠠᠴᠠ᠎ᠶᠢᠨ ᠬᠠᠮᠵᠢᠯᠴᠠᠨ ᠬᠥᠭᠵᠢᠬᠦ᠎ᠶᠢ ᠠᠬᠢᠭᠤᠯᠵᠤ᠂ ᠮᠠᠨ᠎ᠤ ᠤᠯᠤᠰ᠎ᠤᠨ ᠬᠡᠯᠡᠨ᠎ᠦ ᠰᠤᠳᠤᠯᠤᠯ᠎ᠤᠨ ᠦᠢᠯᠡᠰ᠎ᠦᠨ ᠬᠥᠭᠵᠢᠯᠲᠡ᠎ᠳᠦ ᠰᠢᠨ᠎ᠡ ᠠᠮᠢᠵᠢᠷᠠᠯ᠎ᠤᠨ ᠬᠦᠴᠦᠨ ᠪᠠ ᠬᠥᠳᠡᠯᠭᠡᠬᠦ ᠬᠦᠴᠦᠨ ᠨᠡᠮᠡᠷᠢᠯᠡᠪᠡ》 ᠭᠡᠵᠦ ᠥᠪᠥᠷ ᠮᠣᠩᠭᠣᠯ᠎ᠤᠨ ᠪᠠᠭ᠍ᠰᠢ᠎ᠶᠢᠨ ᠶᠡᠬᠡ ᠰᠤᠷᠭᠠᠭᠤᠯᠢ᠎ᠶᠢᠨ ᠮᠣᠩᠭᠣᠯ ᠰᠤᠳᠤᠯᠤᠯ᠎ᠤᠨ ᠳᠡᠭᠡᠳᠦ ᠰᠤᠷᠭᠠᠭᠤᠯᠢ᠎ᠶᠢᠨ ᠵᠠᠬᠢᠷᠤᠯ ᠳᠣᠷᠣᠨᠠᠲ᠋ᠡᠭᠷᠢ ᠬᠡᠯᠡᠪᠡ᠃

ᠲᠤᠰ ᠤᠳᠠᠭᠠᠨ᠎ᠤ ᠬᠤᠷᠠᠯ ᠨᠢ ᠭᠣᠣᠯ ᠰᠡᠳᠦᠪᠲᠦ ᠬᠤᠷᠠᠯ ᠪᠣᠯᠣᠨ 6 ᠬᠤᠪᠢᠶᠠᠷᠢ ᠳᠠᠯᠠᠪᠠᠢ ᠬᠤᠷᠠᠯ ᠲᠣᠬᠢᠷᠠᠭᠤᠯᠤᠨ᠂ ᠬᠤᠷᠠᠯ᠎ᠤᠨ ᠠᠭᠤᠯᠭ᠎ᠠ ᠨᠢ ᠠᠯᠲᠠᠢ ᠢᠵᠠᠭᠤᠷ ᠬᠡᠯᠡᠨ᠎ᠦ ᠲᠡᠦᠬᠡᠨ ᠬᠠᠷᠢᠴᠠᠭᠤᠯᠤᠯ᠂ ᠤᠳᠤ ᠦᠶ᠎ᠡ᠎ᠶᠢᠨ ᠬᠡᠷᠡᠭᠯᠡᠭᠡ᠂ ᠰᠣᠶᠣᠯ᠎ᠤᠨ ᠤᠯᠠᠮᠵᠢᠯᠠᠯ ᠪᠣᠯᠣᠨ ᠨᠡᠢᠭᠡᠮ᠎ᠦᠨ ᠬᠡᠷᠡᠭᠯᠡᠭᠡ ᠵᠡᠷᠭᠡ ᠰᠡᠳᠦᠪ᠎ᠦᠨ ᠲᠣᠭᠣᠷᠢᠨ᠎ᠳᠤ ᠭᠦᠨᠵᠡᠭᠡᠢ ᠰᠤᠳᠤᠯᠤᠨ ᠶᠠᠷᠢᠯᠴᠠᠵᠤ᠂ ᠠᠭᠤᠯᠭ᠎ᠠ ᠨᠢ ᠰᠤᠷᠪᠤᠯᠵᠢ ᠪᠢᠴᠢᠭ᠎ᠦᠨ ᠭᠡᠯᠨ ᠰᠢᠨᠵᠢᠯᠡᠯ᠂ ᠲᠡᠦᠬᠡᠨ ᠭᠡᠯᠡ ᠰᠢᠨᠵᠢᠯᠡᠯ᠂ ᠰᠣᠶᠣᠯ ᠭᠡᠯᠡ ᠰᠢᠨᠵᠢᠯᠡᠯ᠂ ᠲᠠᠨᠢᠨ ᠮᠡᠳᠡᠬᠦᠢ᠎ᠶᠢᠨ ᠭᠡᠯᠡ ᠰᠢᠨᠵᠢᠯᠡᠯ᠂ ᠲᠤᠷᠰᠢᠯᠲᠠ ᠵᠢᠨ ᠭᠡᠯᠡ ᠰᠢᠨᠵᠢᠯᠡᠯ᠂ ᠬᠡᠷᠡᠭᠯᠡᠭᠡᠨ᠎ᠦ ᠭᠡᠯᠡ ᠰᠢᠨᠵᠢᠯᠡᠯ᠂ ᠬᠡᠯᠡᠨ᠎ᠦ ᠭᠡᠯᠪᠡᠷᠢ ᠰᠢᠨᠵᠢᠯᠡᠯ ᠵᠡᠷᠭᠡ ᠤᠯᠠᠨ ᠬᠦᠷᠢᠶ᠎ᠡ ᠴᠠᠷᠠᠭ᠎ᠠ᠎ᠶᠢ ᠬᠠᠮᠤᠷᠴᠠᠢ᠃ 《ᠲᠤᠰ ᠤᠳᠠᠭᠠᠨ᠎ᠤ ᠬᠤᠷᠠᠯ᠎ᠳᠤ ᠪᠦᠭᠦ ᠤᠯᠤᠰ᠎ᠤᠨ ᠡᠯ᠎ᠡ ᠭᠠᠵᠠᠷ᠎ᠤᠨ ᠡᠷᠳᠡᠮᠲᠡᠨ ᠰᠤᠳᠤᠯᠭᠠᠲᠠᠳ ᠠᠯᠲᠠᠢ ᠢᠵᠠᠭᠤᠷ ᠭᠡᠯᠡ ᠴᠢᠨᠠᠭᠰᠢᠯᠠᠨ ᠠᠯᠲᠠᠢ ᠢᠵᠠᠭᠤᠷ᠎ᠤᠨ ᠬᠡᠯᠡᠨ᠎ᠳᠤ ᠬᠣᠯᠪᠣᠭᠳᠠᠭᠰᠠᠨ ᠰᠤᠷᠪᠤᠯᠵᠢ ᠪᠢᠴᠢᠭ᠂ ᠲᠦᠷᠦᠯ ᠭᠡᠯᠨ᠂ ᠨᠤᠲᠤᠭ᠎ᠤᠨ ᠠᠶᠠᠯᠭᠤ ᠲᠠᠢ ᠰᠤᠯᠪᠢᠴᠠᠭᠤᠯᠤᠨ ᠮᠠᠰᠢ ᠥᠷᠭᠡᠨ ᠬᠡᠪᠴᠢᠶᠡᠨ᠎ᠳᠤ ᠮᠠᠰᠢ ᠭᠦᠨᠵᠡᠭᠡᠢ ᠰᠤᠳᠤᠯᠭᠠᠨ᠎ᠤ ᠲᠦᠪᠰᠢᠨ᠎ᠳᠤ ᠰᠤᠳᠤᠯᠤᠨ ᠶᠠᠷᠢᠯᠴᠠᠵᠤ᠂ ᠲᠤᠰ ᠬᠤᠷᠠᠯ ᠨᠢ ᠲᠤᠰᠬᠠᠢ ᠮᠡᠷᠭᠡᠵᠢᠯᠲᠡᠨ ᠪᠠ ᠡᠷᠳᠡᠮᠲᠡᠳ᠎ᠲᠦ ᠨᠡᠭᠡᠭᠡᠯᠲᠡᠲᠡᠢ ᠥᠨᠳᠥᠷ ᠲᠦᠪᠰᠢᠨ ᠪᠦᠬᠦᠢ ᠡᠷᠳᠡᠮ ᠰᠢᠨᠵᠢᠯᠡᠭᠡᠨ᠎ᠤ ᠲᠠᠪᠴᠠᠩ ᠬᠠᠩᠭᠠᠨ ᠥᠭᠴᠡᠢ》ᠭᠡᠵᠦ ᠥᠪᠥᠷ ᠮᠣᠩᠭᠣᠯ᠎ᠤᠨ ᠪᠠᠭ᠍ᠰᠢ᠎ᠶᠢᠨ ᠶᠡᠬᠡ ᠰᠤᠷᠭᠠᠭᠤᠯᠢ᠎ᠶᠢᠨ ᠮᠣᠩᠭᠣᠯ ᠰᠤᠳᠤᠯᠤᠯ᠎ᠤᠨ ᠳᠡᠭᠡᠳᠦ ᠰᠤᠷᠭᠠᠭᠤᠯᠢ᠎ᠶᠢᠨ ᠳᠡᠳ᠋ ᠫᠸᠷᠤᠪᠰᠰᠦᠷ ᠴᠢᠨᠳᠠᠮᠤᠨᠢ ᠰᠣᠷᠪᠤᠯᠵᠢᠯᠠᠭ᠎ᠠ ᠬᠦᠯᠢᠶᠡᠬᠦ᠎ᠳᠡᠭᠡᠨ ᠬᠡᠯᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号